ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠢᠰᠦᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠯᠪᠠᠨ ᠵᠠᠷ᠎ᠤᠨ ᠲᠠᠯ᠎ᠠ ᠶᠢᠰᠦᠳᠦᠭᠡᠷ ᠲᠤᠭ᠋ᠠᠳᠤ
2002 ᠣᠨ᠎ᠤ 8 ᠰᠠᠷ᠎ᠠ ᠵᠢᠨ 2`ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠢᠰᠦᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶᠠᠨ᠎ᠤ ᠭᠤᠴᠢᠨ ᠨᠢᠭᠡᠳᠦᠭᠡᠷ ᠬᠤᠷᠠᠯᠳᠤᠭ᠋ᠠᠨ᠎ᠠᠴᠠ ᠪᠠᠲᠤᠯᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠮᠣᠳᠣᠨ᠎ᠤ ᠦᠷ᠎ᠡ ᠪᠠ ᠵᠤᠯᠵᠠᠭ᠎ᠠ ᠮᠣᠳᠣᠨ᠎ᠤ ᠳᠦᠷᠢᠮ》᠎ᠢ 2002 ᠣᠨ᠎ᠤ 12 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
2002 ᠣᠨ᠎ᠤ 8 ᠰᠠᠷ᠎ᠠ ᠵᠠ 2᠎ᠤ ᠡᠳᠦᠷ
ᠨᠢᠭᠡᠳᠦᠭᠡᠷ ᠪᠦᠯᠦᠭ ᠶᠡᠷᠦᠩᠬᠡᠶ ᠲᠤᠢ᠌ᠷᠢᠮ
ᠨᠢᠭᠡᠳᠦᠭᠡᠷ ᠵᠤᠷᠪᠤᠰ ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠵᠦᠢ ᠵᠣᠬᠢᠰᠲᠠᠶ ᠠᠰᠢᠭᠯᠠᠵᠤ᠂ ᠤᠢ ᠮᠣᠳᠣᠨ᠎ᠤ ᠦᠷ᠎ᠡ ᠪᠠ ᠵᠤᠯᠵᠠᠭ᠎ᠠ ᠮᠣᠳᠣᠨ᠎ᠤ ᠦᠢ᠍ᠯᠡᠳᠪᠦᠷᠢᠯᠡᠯ᠂ ᠡᠵᠡᠩᠨᠡᠯᠳᠠ᠂ ᠬᠡᠷᠡᠭᠯᠡᠯᠳᠡ ᠵᠢᠨ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ ᠦᠷ᠎ᠡ ᠪᠠ ᠵᠤᠯᠵᠠᠭ᠎ᠠ ᠮᠣᠳᠣᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠡ ᠵᠢᠨ ᠬᠠᠤᠯᠢ》 ᠪᠠ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠦᠯᠢ ᠲᠦᠷᠢᠮ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠤᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠪᠦᠰᠡ ᠵᠢᠨ ᠲᠤᠳᠤᠷ᠎ᠠ ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠤᠨ ᠬᠠᠮᠠᠭ᠋ᠠᠯᠠᠯᠳᠠ᠂ ᠤᠢ ᠮᠣᠳᠣᠨ᠎ᠤ ᠡᠭᠦᠯᠳᠡᠷ᠎ᠤᠨ ᠰᠣᠩᠭᠣᠨ ᠪᠤᠢ᠌ᠵᠢᠭᠤᠯᠤᠯᠳᠠ᠂ ᠤᠷᠤᠭᠤᠯᠤᠯᠳᠠ᠂ ᠤᠢ ᠮᠣᠳᠣᠨ᠎ᠤ ᠦᠷ᠎ᠡ ᠪᠠ ᠵᠤᠯᠵᠠᠭ᠎ᠠ ᠮᠣᠳᠣᠨ᠎ᠤ ᠦᠢ᠍ᠯᠡᠳᠪᠦᠷᠢᠯᠡᠯ᠂ ᠡᠵᠡᠩᠨᠡᠯᠳᠡ᠂ ᠬᠡᠷᠡᠭᠯᠡᠯᠳᠡ ᠪᠠ ᠬᠠᠮᠢᠶᠠᠷᠤᠯᠳᠠ ᠵᠡᠷᠭᠡ ᠠᠵᠢᠯᠯᠠᠭ᠎ᠠ ᠡᠷᠬᠢᠯᠡᠵᠦ ᠪᠠᠶ᠋ᠢᠭ᠎ᠠ ᠨᠢᠭᠡᠴᠡ ᠪᠠ ᠬᠤᠪᠢ ᠬᠥᠮᠦᠨ ᠡᠷᠬᠡᠪᠰᠢ ᠲᠤᠰ ᠲᠥᠷᠢᠮ᠎ᠢ ᠵᠢᠷᠤᠮᠯᠠᠬᠤ ᠬᠡᠷᠡᠭᠲᠡᠶ᠃