ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠪᠣᠯᠬᠤ ᠣᠶ᠋ᠢᠵᠢᠭᠤᠯᠬᠤ ᠮᠣᠳᠣᠨ᠎ᠤ ᠲᠦᠷᠦᠯ᠎ᠤᠨ ᠦᠷ᠎ᠡ ᠵᠢᠨ ᠶᠠᠰᠤ ᠴᠢᠨᠠᠷ᠎ᠢ ᠳᠡᠰ ᠬᠤᠪᠢᠶᠠᠬᠤ
ᠨᠡᠶ᠋ᠢᠲᠡᠯᠡᠭᠰᠡᠨ ᠴᠠᠭ᠄ 2018-10-24


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ᠎ᠠᠴᠠ 1998 ᠤᠨ᠎ᠤ 2 ᠰᠠᠷ᠎ᠠ ᠵᠢᠨ 27᠎ᠤ ᠡᠳᠦᠷ ᠬᠢᠨᠠᠨ ᠵᠦᠪᠰᠢᠶᠡᠷᠡᠵᠦ᠂ 1998 ᠤᠨ᠎ᠤ 3 ᠰᠠᠷ᠎ᠠ ᠵᠢᠨ 1᠎ᠤ ᠡᠳᠦᠷ ᠬᠡᠷᠡᠭᠵᠢᠬᠦᠯᠪᠡ᠃
      ᠨᠢᠭᠡ     ᠬᠦᠷᠢᠶ᠎ᠡ ᠬᠡᠪᠴᠢᠶ᠎ᠡ
ᠲᠤᠰ ᠪᠠᠷᠢᠮᠵᠢᠶ᠎ᠠ᠎ᠳᠤ ᠮᠠᠨ᠎ᠤ ᠣᠷᠣᠨ᠎ᠤ ᠭᠣᠣᠯ ᠪᠣᠯᠬᠤ ᠣᠶ᠋ᠢᠵᠢᠭᠤᠯᠬᠤ ᠮᠣᠳᠣᠨ᠎ᠤ ᠲᠦᠷᠦᠯ᠎ᠤᠨ ᠦᠷ᠎ᠡ᠎ᠶᠢᠨ ᠶᠠᠰᠤ ᠴᠢᠨᠠᠷ᠎ᠢ ᠲᠡᠰ ᠬᠤᠪᠢᠶᠠᠬᠤ ᠮᠡᠷᠭᠡᠵᠢᠯ᠎ᠤᠨ ᠭᠦᠢ᠍ᠴᠡᠳᠬᠡᠬᠦ ᠲᠣᠭ᠎ᠠ ᠵᠢ ᠲᠤᠭᠳᠠᠭ᠋ᠠᠪᠠ᠃
ᠲᠤᠰ ᠪᠠᠷᠢᠮᠵᠢᠶ᠎ᠠ ᠵᠢ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠤᠢ ᠮᠣᠳᠣᠨ᠎ᠤ ᠦᠷ᠎ᠡ ᠦᠢ᠍ᠯᠡᠳᠪᠦᠷᠢᠯᠡᠬᠦ᠂ ᠡᠵᠡᠩᠨᠡᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠦᠷ᠎ᠡ ᠵᠢᠨ ᠶᠠᠰᠤ ᠴᠢᠨᠠᠷ᠎ᠢ ᠲᠡᠰ ᠬᠤᠪᠢᠶᠠᠬᠤ᠎ᠳᠤ ᠬᠡᠷᠡᠭᠯᠡᠨ᠎ᠡ᠃
      ᠬᠤᠶᠠᠷ   ᠡᠰᠢ ᠪᠠᠷᠢᠮᠵᠢᠶ᠎ᠠ
      ᠳᠣᠣᠷ᠎ᠠ ᠵᠢᠭᠰᠠᠭ᠋ᠠᠭᠰᠠᠨ ᠪᠠᠷᠢᠮᠵᠢᠶ᠎ᠠ᠎ᠳᠤ ᠪᠠᠭᠲᠠᠵᠤ ᠪᠠᠶ᠋ᠢᠭ᠎ᠠ ᠵᠦᠢ᠍ᠯ ᠵᠤᠷᠪᠤᠰ᠎ᠨᠢ ᠲᠤᠰ ᠪᠠᠷᠢᠮᠵᠢᠶ᠎ᠠ᠎ᠪᠠᠷ ᠡᠰᠢ ᠲᠠᠲᠠᠭᠰᠠᠨ ᠪᠥᠭᠡᠳ ᠲᠤᠰ ᠪᠠᠷᠢᠮᠵᠢᠶ᠎ᠠ ᠵᠢᠨ ᠵᠦᠢ᠍ᠯ ᠵᠤᠷᠪᠤᠰ᠎ᠢ ᠪᠦᠷᠢᠯᠳᠦᠬᠦᠯᠪᠡ᠃ ᠲᠤᠰ ᠪᠠᠷᠢᠮᠵᠢᠶ᠎ᠠ᠎ᠨᠢ ᠬᠡᠪᠯᠡᠭᠳᠡᠪᠡᠯ᠂ ᠵᠢᠷᠤᠭ᠎ᠲᠤ ᠢᠯᠡᠷᠬᠡᠶ᠋ᠢᠯᠡᠭᠰᠡᠨ ᠮᠡᠲᠦ ᠬᠡᠪᠯᠡᠯ ᠴᠥᠮ ᠬᠦᠴᠦᠨ᠎ᠲᠠᠢ᠃ ᠪᠤᠢ ᠪᠦᠬᠦᠢ ᠪᠠᠷᠢᠮᠵᠢᠶ᠎ᠠ ᠵᠢ ᠴᠥᠮ ᠵᠠᠰᠠᠪᠤᠷᠢ ᠣᠷᠣᠭᠤᠯᠵᠤ᠂ ᠲᠤᠰ ᠪᠠᠷᠢᠮᠵᠢᠶ᠎ᠠ ᠵᠢ ᠬᠡᠷᠡᠭᠯᠡᠬᠦ ᠡᠯ᠎ᠡ ᠲᠠᠯ᠎ᠠ ᠵᠢᠨ᠎ᠬᠢᠨ ᠳᠣᠣᠷ᠎ᠠ ᠵᠢᠭᠰᠠᠭ᠋ᠠᠭᠰᠠᠨ ᠪᠠᠷᠢᠮᠵᠢᠶᠠᠨ᠎ᠤ ᠬᠠᠮᠤᠭ ᠰᠢᠨ᠎ᠡ ᠬᠡᠪᠯᠡᠯ᠎ᠢ ᠬᠡᠷᠡᠭᠯᠡᠬᠦ ᠪᠤᠯᠤᠮᠵᠢ᠎ᠪᠠᠨ ᠰᠦᠪᠡᠭᠴᠢᠯᠡᠬᠦ ᠬᠡᠷᠡᠭᠳᠡᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠮᠣᠳᠣᠨ᠎ᠤ ᠦᠷ᠎ᠡ ᠪᠠ ᠵᠤᠯᠵᠠᠭ᠎ᠠ ᠮᠣᠳᠣᠨ᠎ᠤ ᠲᠥᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠬᠠᠤᠯᠢ》 ᠵᠢ ᠬᠡᠷᠡᠭᠵᠢᠭᠦᠯᠬᠦ ᠠᠷᠭ᠎ᠠ
ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠣ ᠬᠠᠣᠯᠢ ᠵᠡᠷᠭᠡ 15 ᠪᠦᠯᠦᠭ ᠬᠠᠣᠯᠢ ᠵᠢᠨ ᠵᠠᠰᠠᠪᠣᠷᠢ ᠣᠷᠣᠭᠣᠯᠬᠣ ᠲᠥᠰᠦᠯ᠎ᠢ ᠠᠷᠠᠳ᠎ᠤᠨ ᠲᠥᠯᠦᠭᠡᠯᠡᠭᠴᠢᠳ᠎ᠤᠨ ᠪᠠᠢ᠌ᠩᠭᠣ ᠵᠢᠨ ᠬᠣᠷᠢᠶ᠎ᠠ᠎ᠳᠤ ᠬᠢᠨᠠᠨ ᠶᠠᠷᠢᠯᠴᠠᠭᠣᠯᠬᠣ᠎ᠪᠠᠷ ᠳᠡᠪᠰᠢᠭᠦᠯᠪᠡ
《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠷᠤᠨ ᠨᠤᠳᠤᠬ᠎ᠤᠨ ᠨᠡᠭᠦᠷᠡᠰᠦᠨ ᠠᠭᠤᠷᠬᠠᠢ ᠵᠢᠨ ᠬᠠᠮᠢᠶᠠᠷᠤᠯᠳᠠ ᠵᠢᠨ ᠲᠦᠷᠢᠮ》 ᠵᠡᠷᠭᠡ 7 ᠤᠷᠤᠨ ᠨᠤᠳᠤᠬ᠎ᠤᠨ ᠴᠢᠨᠠᠷᠳᠠᠢ ᠬᠠᠤᠯᠢ ᠲᠤᠭᠳᠠᠭ᠋ᠠᠯ᠎ᠢ ᠬᠦᠴᠦᠨ ᠦᠭᠡᠢ ᠪᠤᠯᠭ᠋ᠠᠬᠤ ᠲᠤᠬᠠᠢ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠲᠤᠬᠳᠠᠭ᠋ᠠᠯ
ᠸᠢᠴᠲ᠎ᠤᠨ ᠴᠣᠭᠯᠠᠷᠠᠯ᠎ᠳᠤ ᠲᠠᠨᠢ ᠳᠣᠣᠷᠠᠬᠢ ᠴᠢᠮᠡᠭᠡ ᠵᠠᠩᠭᠢ ᠪᠠᠢ᠌ᠪᠠᠯ ᠲᠠ ᠬᠠᠣᠯᠢ ᠵᠢᠨ ᠬᠠᠷᠢᠭᠤᠴᠠᠯᠭ᠎ᠠ ᠨᠡᠬᠡᠮᠵᠢᠯᠡᠭᠳᠡᠨ᠎ᠡ
 
             蒙ICP备05000248号