ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠬᠠᠤᠯᠢ》 ᠵᠢ ᠬᠡᠷᠡᠭᠵᠢᠭᠦᠯᠬᠦ ᠠᠷᠭ᠎ᠠ
ᠨᠡᠶ᠋ᠢᠲᠡᠯᠡᠭᠰᠡᠨ ᠴᠠᠭ᠄ 2018-10-24

    (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠠᠷ 17 ᠳ᠋ᠤᠭ᠋ᠠᠷ ᠲᠤᠭ᠋ᠠᠲᠤ)
     2004 ᠤᠨ᠎ᠤ 7 ᠰᠠᠷ᠎ᠠ ᠵᠢᠨ 31᠎ᠤ ᠡᠳᠦᠷ  ᠂ ᠦᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠳᠤᠭ᠋ᠠᠷ ᠬᠤᠷᠠᠯᠳᠤᠭ᠋ᠠᠨ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠬᠠᠤᠯᠢ〉 ᠵᠢ ᠬᠡᠷᠡᠭᠵᠢᠬᠦᠯᠬᠦ ᠠᠷᠭ᠎ᠠ》 ᠵᠢ ᠪᠠᠲᠤᠯᠠᠨ᠂ ᠡᠳᠦᠭᠡ ᠨᠡᠢ᠌ᠳᠠᠯᠠᠵᠦ᠂ 2004 ᠣᠨ᠎ᠤ 9 ᠰᠠᠷ᠎ᠠ ᠵᠢᠨ ᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
      ᠨᠢᠭᠡᠳᠦᠭᠡᠷ ᠪᠦᠯᠦᠭ      ᠶᠡᠷᠦᠩᠬᠡᠶ ᠲᠤᠢ᠌ᠷᠢᠮ
      ᠨᠢᠭᠡᠳᠦᠭᠡᠷ ᠵᠤᠷᠪᠤᠰ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠬᠠᠤᠯᠢ》 ᠪᠠ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠲᠦᠷᠢᠮ ᠲᠤᠭᠳᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠤᠷᠪᠤᠰ   ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠎ᠤ ᠲᠤᠳᠤᠷ᠎ᠠ ᠭᠠᠵᠠᠷ ᠰᠢᠷᠣᠶ ᠵᠢᠨ ᠡᠯᠡᠰᠦᠷᠭᠡᠭᠵᠢᠬᠦ ᠵᠢ ᠤᠷᠢᠳᠴᠢᠯᠠᠨ ᠰᠡᠷᠭᠡᠶ᠋ᠢᠯᠡᠵᠦ᠂ ᠡᠯᠡᠰᠦᠷᠭᠡᠭᠵᠢᠭᠰᠡᠨ ᠭᠠᠵᠠᠷ ᠰᠢᠷᠣᠶ ᠵᠢ ᠬᠠᠮᠠᠭ᠋ᠠᠯᠠᠨ ᠵᠠᠰᠠᠬᠤ ᠪᠠ ᠨᠡᠭᠡᠭᠡᠨ ᠠᠰᠢᠭᠯᠠᠬᠤ ᠠᠵᠢᠯᠯᠠᠭ᠎ᠠ ᠵᠢ ᠬᠢᠬᠦ᠎ᠳᠤ᠂ ᠲᠤᠰ ᠠᠷᠭ᠎ᠠ ᠵᠢ ᠵᠢᠷᠤᠮᠯᠠᠬᠤ ᠬᠡᠷᠡᠭᠲᠡᠶ᠃
      ᠲᠤᠰ ᠠᠷᠭ᠎ᠠ᠎ᠳᠤ ᠬᠡᠯᠡᠵᠦ ᠪᠠᠶ᠋ᠢᠭ᠎ᠠ ᠡᠯᠡᠰᠦᠷᠭᠡᠭᠵᠢᠭᠰᠡᠨ ᠭᠠᠵᠠᠷ ᠰᠢᠷᠣᠶ ᠭᠡᠳᠡᠭ᠎ᠨᠢ ᠨᠢᠭᠡᠨᠲᠡ   ᠡᠯᠡᠰᠦᠷᠭᠡᠭᠵᠢᠭᠰᠡᠨ ᠭᠠᠵᠠᠷ ᠰᠢᠷᠣᠶ ᠪᠠ ᠢᠯᠡᠳᠲᠡ ᠡᠯᠡᠰᠦᠷᠭᠡᠭᠵᠢᠬᠦ ᠬᠠᠨᠳᠤᠰᠢ᠎ᠲᠠᠢ ᠭᠠᠵᠠᠷ ᠰᠢᠷᠣᠶ ᠪᠠᠭᠲᠠᠨ᠎ᠠ᠃ ᠡᠯᠡᠰᠦᠷᠭᠡᠭᠵᠢᠭᠰᠡᠨ ᠭᠠᠵᠠᠷ ᠰᠢᠷᠣᠶ ᠵᠢᠨ ᠪᠣᠳᠠᠲᠠᠶ ᠬᠦᠷᠢᠶ᠎ᠡ ᠬᠡᠪᠴᠢᠶ᠎ᠡ ᠵᠢᠴᠢ ᠡᠯᠡᠰᠦᠷᠭᠡᠭᠵᠢᠬᠦ ᠬᠡᠯᠪᠡᠷᠢᠯᠲᠤ ᠤᠷᠤᠨ ᠬᠡᠪᠴᠢᠶ᠎ᠠ ᠵᠢ ᠥᠪᠡᠷᠲᠡᠭᠡᠨ ᠵᠠᠰᠠᠬᠤ ᠣᠷᠣᠨ᠎ᠤ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠲᠥᠯᠥᠪᠵᠢᠭᠦᠯᠭᠡ᠎ᠪᠠᠷ ᠲᠣᠭᠲᠠᠭ᠋ᠠᠬᠤ ᠬᠡᠷᠡᠭᠲᠡᠶ᠃
      ᠭᠤᠷᠪᠠᠳᠤᠭ᠋ᠠᠷ ᠵᠤᠷᠪᠤᠰ  ᠡᠯᠡᠰᠦᠷᠭᠡᠭᠵᠢᠭᠰᠡᠨ ᠭᠠᠵᠠᠷ ᠰᠢᠷᠣᠶ ᠵᠢᠨ ᠣᠷᠣᠰᠢᠵᠤ ᠪᠠᠶ᠋ᠢᠭ᠎ᠠ ᠭᠠᠵᠠᠷ ᠣᠷᠣᠨ᠎ᠤ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠢ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ᠎ᠳᠤ ᠤᠷᠤᠭᠤᠯᠵᠦ᠂   ᠡᠯᠡᠰᠦᠷᠬᠡᠭᠵᠢᠬᠦ ᠵᠢ ᠰᠡᠷᠬᠡᠢ᠌ᠯᠡᠵᠦ ᠡᠯᠡᠰᠦ ᠵᠢ ᠵᠠᠰᠠᠬᠤ ᠠᠵᠢᠯ᠎ᠢ ᠦᠷᠨᠢᠬᠦᠯᠬᠦ ᠵᠢ ᠪᠠᠲᠤᠯᠠᠨ ᠳᠡᠮᠵᠢᠬᠦ ᠬᠡᠷᠡᠭᠲᠡᠶ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠣ ᠬᠠᠣᠯᠢ ᠵᠡᠷᠭᠡ 15 ᠪᠦᠯᠦᠭ ᠬᠠᠣᠯᠢ ᠵᠢᠨ ᠵᠠᠰᠠᠪᠣᠷᠢ ᠣᠷᠣᠭᠣᠯᠬᠣ ᠲᠥᠰᠦᠯ᠎ᠢ ᠠᠷᠠᠳ᠎ᠤᠨ ᠲᠥᠯᠦᠭᠡᠯᠡᠭᠴᠢᠳ᠎ᠤᠨ ᠪᠠᠢ᠌ᠩᠭᠣ ᠵᠢᠨ ᠬᠣᠷᠢᠶ᠎ᠠ᠎ᠳᠤ ᠬᠢᠨᠠᠨ ᠶᠠᠷᠢᠯᠴᠠᠭᠣᠯᠬᠣ᠎ᠪᠠᠷ ᠳᠡᠪᠰᠢᠭᠦᠯᠪᠡ
《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠷᠤᠨ ᠨᠤᠳᠤᠬ᠎ᠤᠨ ᠨᠡᠭᠦᠷᠡᠰᠦᠨ ᠠᠭᠤᠷᠬᠠᠢ ᠵᠢᠨ ᠬᠠᠮᠢᠶᠠᠷᠤᠯᠳᠠ ᠵᠢᠨ ᠲᠦᠷᠢᠮ》 ᠵᠡᠷᠭᠡ 7 ᠤᠷᠤᠨ ᠨᠤᠳᠤᠬ᠎ᠤᠨ ᠴᠢᠨᠠᠷᠳᠠᠢ ᠬᠠᠤᠯᠢ ᠲᠤᠭᠳᠠᠭ᠋ᠠᠯ᠎ᠢ ᠬᠦᠴᠦᠨ ᠦᠭᠡᠢ ᠪᠤᠯᠭ᠋ᠠᠬᠤ ᠲᠤᠬᠠᠢ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠲᠤᠬᠳᠠᠭ᠋ᠠᠯ
ᠸᠢᠴᠲ᠎ᠤᠨ ᠴᠣᠭᠯᠠᠷᠠᠯ᠎ᠳᠤ ᠲᠠᠨᠢ ᠳᠣᠣᠷᠠᠬᠢ ᠴᠢᠮᠡᠭᠡ ᠵᠠᠩᠭᠢ ᠪᠠᠢ᠌ᠪᠠᠯ ᠲᠠ ᠬᠠᠣᠯᠢ ᠵᠢᠨ ᠬᠠᠷᠢᠭᠤᠴᠠᠯᠭ᠎ᠠ ᠨᠡᠬᠡᠮᠵᠢᠯᠡᠭᠳᠡᠨ᠎ᠡ
ᠲᠠᠷᠢᠶᠠᠨ ᠭᠠᠵᠠᠷ᠎ᠤᠨ ᠬᠠᠯᠬᠠᠪᠴᠢ ᠤᠢ ᠮᠣᠳᠣ ᠵᠢ ᠣᠭᠲᠣᠯᠵᠤ ᠰᠢᠨᠡᠳᠬᠡᠭᠰᠡᠨ ᠲᠤᠬᠠᠶ ᠬᠠᠮᠢᠶᠠᠷᠤᠯᠲᠠ ᠵᠢᠨ ᠠᠷᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠤᠨ ᠬᠢᠵᠢᠭ᠎ᠤᠨ ᠪᠠᠶ᠋ᠢᠴᠠᠭ᠋ᠠᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ
 
             蒙ICP备05000248号