ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠣ ᠬᠠᠣᠯᠢ ᠵᠡᠷᠭᠡ 15 ᠪᠦᠯᠦᠭ ᠬᠠᠣᠯᠢ ᠵᠢᠨ ᠵᠠᠰᠠᠪᠣᠷᠢ ᠣᠷᠣᠭᠣᠯᠬᠣ ᠲᠥᠰᠦᠯ᠎ᠢ ᠠᠷᠠᠳ᠎ᠤᠨ ᠲᠥᠯᠦᠭᠡᠯᠡᠭᠴᠢᠳ᠎ᠤᠨ ᠪᠠᠢ᠌ᠩᠭᠣ ᠵᠢᠨ ᠬᠣᠷᠢᠶ᠎ᠠ᠎ᠳᠤ ᠬᠢᠨᠠᠨ ᠶᠠᠷᠢᠯᠴᠠᠭᠣᠯᠬᠣ᠎ᠪᠠᠷ ᠳᠡᠪᠰᠢᠭᠦᠯᠪᠡ
ᠨᠡᠶ᠋ᠢᠲᠡᠯᠡᠭᠰᠡᠨ ᠴᠠᠭ᠄ 2018-10-26

      ᠭᠡᠭᠡᠷ᠎ᠡ ᠵᠢᠨ ᠠᠮᠢᠳᠠᠨ᠎ᠤ ᠬᠠᠮᠠᠭ᠋ᠠᠯᠠᠯᠲᠠ ᠵᠢᠨ ᠬᠠᠣᠯᠢ ᠵᠡᠷᠭᠡ 15 ᠪᠦᠯᠦᠭ ᠬᠠᠣᠯᠢ ᠵᠢᠨ ᠵᠠᠰᠠᠪᠣᠷᠢ ᠣᠷᠣᠭᠣᠯᠬᠣ ᠲᠥᠰᠦᠯ᠎ᠢ 22᠎ᠳᠤ ᠪᠦᠬᠦ ᠣᠯᠣᠰ᠎ᠤᠨ ᠠᠷᠠᠳ ᠲᠥᠯᠦᠭᠡᠯᠡᠭᠴᠢᠳ᠎ᠤᠨ ᠪᠠᠢ᠌ᠩᠭᠣ ᠵᠢᠨ ᠬᠣᠷᠢᠶ᠎ᠠ᠎ᠳᠤ ᠬᠢᠨᠠᠨ ᠶᠠᠷᠢᠯᠴᠠᠭᠣᠯᠬᠣ᠎ᠪᠠᠷ ᠳᠡᠪᠰᠢᠭᠦᠯᠪᠡ᠃ ᠬᠠᠣᠯᠢ ᠴᠠᠭ᠋ᠠᠵᠠ ᠵᠢᠨ ᠶᠠᠮᠣᠨ᠎ᠤ ᠳᠡᠳ᠋ ᠰᠠᠢ᠌ᠳ ᠵᠣᠣ ᠳ᠋ᠠ ᠴᠸᠩ15 ᠪᠦᠯᠦᠭ ᠬᠠᠣᠯᠢ᠎ᠳᠤ ᠵᠠᠰᠠᠪᠣᠷᠢ ᠣᠷᠣᠭᠣᠯᠬᠣ ᠲᠦᠰᠦᠯ᠎ᠤᠨ ᠲᠤᠬᠠᠢ ᠲᠣᠳᠣᠷᠬᠠᠢ᠌ᠯᠠᠯᠲᠠ ᠬᠢᠪᠡ᠃         
      ᠬᠠᠣᠯᠢ ᠴᠠᠭ᠋ᠠᠵᠠ ᠵᠢᠨ ᠶᠠᠮᠣᠨ ᠲᠦᠷᠦ ᠵᠢᠨ ᠶᠠᠪᠣᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠦᠴᠢᠷ  ᠎ᠲᠠᠢ ᠬᠠᠮᠳᠣ᠎ᠪᠠᠷ ᠬᠡᠭᠡᠷ᠎ᠡ ᠵᠢᠨ ᠵᠡᠷᠯᠢᠭ ᠠᠮᠢᠳᠠᠨ᠎ᠤ ᠬᠠᠮᠠᠭ᠋ᠠᠯᠠᠯᠲᠠ ᠵᠢᠨ ᠬᠠᠣᠯᠢ ᠵᠡᠷᠭᠡ 15 ᠬᠠᠣᠯᠢ ᠵᠢᠨ ᠵᠠᠰᠠᠪᠣᠷᠢ   ᠤᠷᠤᠭᠤᠯᠬᠤ ᠲᠦᠰᠦᠯ᠎ᠢ ᠲᠣᠭᠣᠷᠪᠢᠪᠠ᠃ ᠵᠠᠰᠠᠪᠤᠷᠢ ᠤᠷᠤᠭᠤᠯᠬᠤ 15 ᠬᠠᠣᠯᠢ ᠪᠤᠯ ᠲᠣᠰ ᠲᠣᠰ᠄ ᠭᠡᠭᠡᠷ᠎ᠡ ᠵᠢᠨ ᠠᠮᠢᠲᠠᠨ᠎ᠤ   ᠬᠠᠮᠠᠭ᠋ᠠᠯᠠᠯᠲᠠ᠎ᠶᠢᠨ ᠬᠠᠣᠯᠢ᠂ ᠠᠭ᠋ᠠᠷ ᠮᠠᠨᠳᠠᠯ᠎ᠤᠨ ᠪᠣᠬᠢᠷᠲᠣᠯ᠎ᠢ ᠰᠡᠷᠭᠡᠢ᠌ᠯᠡᠨ ᠵᠠᠰᠠᠬᠣ ᠬᠠᠣᠯᠢ᠂ ᠵᠡᠮᠳᠡᠭᠴᠣᠳ᠎ᠤᠨ ᠪᠠᠳᠣᠯᠭ᠎ᠠ ᠵᠢᠨ ᠬᠠᠣᠯᠢ᠂ ᠡᠮᠡᠭᠲᠡᠢ᠌ᠴᠣᠳ᠎ᠤᠨ ᠡᠷᠬᠡ ᠠᠰᠢᠭ᠎ᠢ ᠬᠠᠮᠠᠭ᠋ᠠᠯᠠᠬᠣ ᠬᠠᠣᠯᠢ᠂ ᠵᠠᠷ ᠮᠡᠳᠡᠭᠡᠨ᠎ᠤ ᠬᠠᠣᠯᠢ᠂ ᠡᠨ᠋ᠸᠷᠭᠢ ᠵᠢ ᠠᠷᠪᠢᠯᠠᠬᠣ ᠬᠠᠣᠯᠢ᠂ ᠡᠯᠡᠰᠦ᠎ᠶᠢ ᠰᠡᠷᠭᠡᠢ᠌ᠯᠡᠨ ᠵᠠᠰᠠᠬᠣ ᠬᠠᠣᠯᠢ᠂ ᠲᠠᠷᠢᠶᠠᠯᠠᠩ ᠠᠵᠣ ᠠᠬᠣᠢ ᠵᠢᠨ ᠮᠸᠬᠠᠨᠢᠭᠵᠢᠯᠲᠠ ᠵᠢ ᠠᠬᠢᠭᠣᠯᠬᠣ ᠬᠠᠣᠯᠢ᠂ ᠲᠠᠷᠢᠶᠠᠯᠠᠩ  ᠎ᠤᠨ ᠪᠦᠲᠦᠭᠡᠭᠳᠡᠭᠦᠨ᠎ᠤ ᠶᠠᠰᠣ ᠴᠢᠨᠠᠷ ᠠᠮᠣᠷ ᠲᠦᠪᠰᠢᠨ᠎ᠤ ᠬᠠᠣᠯᠢ᠂ ᠣᠷᠴᠢᠯᠲᠣ ᠠᠵᠣ ᠠᠬᠣᠢ ᠵᠢ ᠠᠬᠢᠭᠣᠯᠬᠣ ᠬᠠᠣᠯᠢ᠂ ᠵᠣᠭ᠋ᠠᠴᠠᠯ᠎ᠤᠨ ᠬᠠᠣᠯᠢ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠢ᠌ᠯᠢ ᠵᠢᠨ ᠬᠠᠣᠯᠢ᠂ ᠣᠯᠠᠨ ᠨᠡᠢ᠌ᠲᠡ ᠵᠢᠨ ᠨᠣᠮ᠎ᠤᠨ   ᠰᠠᠩ  ᠎ᠤᠨ ᠬᠠᠣᠯᠢ᠂ ᠣᠩᠭᠣᠴᠠ ᠰᠠᠯ᠎ᠤᠨ ᠲᠤᠨ ᠭᠠᠢ᠌ᠯᠢ ᠵᠢᠨ ᠬᠠᠣᠯᠢ᠂ ᠬᠡᠮᠵᠢᠯᠲᠡ ᠵᠢᠨ ᠬᠠᠣᠯᠢ ᠵᠡᠷᠭᠡ ᠪᠤᠯᠤᠨ᠎ᠠ᠃      
      ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠬᠠᠣᠯᠢ ᠵᠢᠨ ᠲᠠᠪᠢᠨ ᠬᠣᠶᠠᠳᠣᠭ᠋ᠠᠷ ᠵᠣᠷᠪᠣᠰ᠎ᠲᠤ ᠲᠤᠭᠲᠠᠭ᠋ᠠᠬᠰᠠᠨ ᠵᠢᠡᠷ᠂ ᠲᠣᠰ ᠬᠠᠣᠯᠢ ᠵᠢᠨ ᠭᠣᠴᠢᠨ ᠲᠠᠪᠣᠳᠣᠭ᠋ᠠᠷ ᠵᠣᠷᠪᠣᠰ ᠳᠣᠭᠲᠠᠭ᠋ᠠᠯ᠎ᠢ ᠵᠦᠷᠢᠴᠡᠵᠦ᠂ ᠬᠡᠭᠡᠷ᠎ᠡ ᠵᠢᠨ ᠠᠮᠢᠳᠠᠨ ᠪᠣᠶᠣ ᠲᠡᠭᠦᠨ   ᠵᠶ᠋ᠠᠷ ᠬᠢᠭᠰᠡᠨ ᠪᠦᠲᠦᠭᠡᠭᠳᠡᠭᠦᠨ᠎ᠢ ᠬᠢᠯᠢ᠎ᠪᠠᠷ ᠣᠷᠣᠭᠣᠯᠵᠣ ᠭᠠᠷᠭ᠋ᠠᠪᠠᠯ᠂ ᠬᠢᠯᠢ ᠵᠢᠨ ᠪᠣᠭᠣᠮᠲᠠ᠂   ᠰᠢᠯᠭ᠋ᠠᠨ   ᠪᠠᠢ᠌ᠴᠠᠭ᠋ᠠᠬᠣ   ᠬᠢᠵᠢᠭ ᠪᠠᠢ᠌ᠴᠠᠭ᠋ᠠᠬᠣ᠂ ᠳᠣᠲᠣᠭ᠋ᠠᠳᠣ ᠵᠢ ᠬᠠᠮᠠᠭ᠋ᠠᠯᠠᠬᠣ ᠪᠠᠢ᠌ᠭᠣᠯᠣᠮᠵᠢ᠂ ᠳᠠᠯᠠᠢ ᠵᠢᠨ ᠬᠠᠣᠯᠢ ᠬᠡᠷᠡᠭᠵᠢᠬᠦᠯᠬᠦ ᠰᠠᠯᠠᠭ᠎ᠠ ᠮᠦᠴᠢᠷ ᠬᠠᠣᠯᠢ ᠴᠠᠭ᠋ᠠᠵᠠ᠂ ᠵᠠᠰᠠᠭ ᠵᠠᠬᠢᠷᠭ᠋ᠠᠨ ᠬᠠᠣᠯᠢ ᠴᠠᠭ᠋ᠠᠵᠠ ᠪᠠ ᠣᠯᠣᠰ᠎ᠤᠨ ᠬᠣᠯᠪᠣᠭᠳᠠᠯ ᠪᠦᠬᠦᠢ ᠳᠣᠭᠲᠠᠭ᠋ᠠᠯ ᠶᠣᠰᠣᠭ᠋ᠠᠷ ᠲᠣᠷᠭ᠋ᠠᠨ᠎ᠠ᠃ 《ᠲᠦᠷᠦ ᠵᠢᠨ ᠶᠠᠪᠣᠳᠠᠯ᠎ᠤᠨ ᠬᠣᠷᠢᠶᠠᠨ᠎ᠤ ᠪᠠᠢ᠌ᠭᠣᠯᠣᠮᠵᠢ ᠵᠢᠨ ᠥᠭᠡᠷᠡᠴᠢᠯᠡᠯᠲᠡ ᠵᠢᠨ ᠲᠦᠰᠦᠯ》 ᠣᠯᠣᠰ᠎ᠤᠨ   ᠶᠠᠰᠣ   ᠴᠢᠨᠠᠷ᠎ᠤᠨ ᠬᠢᠨᠠᠯᠲᠠ ᠰᠢᠯᠭ᠋ᠠᠨ ᠪᠠᠢ᠌ᠴᠠᠭ᠋ᠠᠯᠲᠠ ᠪᠠ ᠬᠢᠵᠢᠭ ᠪᠠᠢ᠌ᠴᠠᠭ᠋ᠠᠯᠲᠠ ᠵᠢᠨ ᠶᠡᠷᠥᠩᠬᠡᠢ ᠲᠣᠪᠴᠢᠶ᠎ᠠ ᠵᠢᠨ ᠬᠢᠯᠢ᠎ᠪᠠᠷ ᠣᠷᠣᠵᠣ ᠭᠠᠷᠬᠣ ᠰᠢᠯᠭ᠋ᠠᠨ ᠪᠠᠢ᠌ᠴᠠᠭ᠋ᠠᠯᠲᠠ ᠬᠢᠵᠢᠭ ᠪᠠᠢ᠌ᠴᠠᠭ᠋ᠠᠯᠲᠠ ᠵᠢᠨ ᠬᠠᠮᠢᠶᠠᠷᠣᠯᠲᠠ ᠵᠢᠨ ᠠᠵᠢᠯ᠎ᠤᠨ ᠬᠠᠷᠢᠭᠣᠴᠠᠯᠭ᠎ᠠ ᠪᠠ ᠠᠩᠭᠢ ᠡᠩᠨᠡᠭᠡ   ᠵᠢ ᠪᠣᠭᠣᠮᠲᠠ ᠵᠢᠨ ᠶᠡᠷᠥᠩᠬᠡᠢ᠌ᠯᠡᠨ ᠬᠠᠮᠢᠶᠠᠷᠣᠯᠲᠠ᠎ᠳᠤ ᠵᠢᠷᠤᠬᠯᠠᠨ ᠣᠷᠣᠭᠣᠯᠣᠨ᠎ᠠ᠃ ᠡᠬᠦᠨ᠎ᠢ ᠦᠨᠲᠦᠰᠦᠯᠡᠨ᠂   ᠲᠦᠰᠦᠯ ᠲᠠᠪᠢᠨ ᠬᠣᠶᠠᠳᠣᠭ᠋ᠠᠷ ᠵᠣᠷᠪᠣᠰ ᠳᠣᠮᠳᠠᠬᠢ 《ᠰᠢᠯᠭ᠋ᠠᠨ ᠪᠠᠢ᠌ᠴᠠᠭ᠋ᠠᠯᠲᠠ ᠬᠢᠵᠢᠭ ᠪᠠᠢ᠌ᠴᠠᠭ᠋ᠠᠯᠲᠠ》᠎ᠤᠨ ᠰᠠᠯᠠᠭ᠎ᠠ ᠮᠦᠴᠢᠷ᠎ᠢ ᠬᠠᠰᠣᠨ᠎ᠠ ᠭᠡᠵᠡᠢ᠃ (ᠠᠷᠠᠳ᠎ᠤᠨ ᠰᠦᠯᠵᠢᠶ᠎ᠡ)


ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠷᠤᠨ ᠨᠤᠳᠤᠬ᠎ᠤᠨ ᠨᠡᠭᠦᠷᠡᠰᠦᠨ ᠠᠭᠤᠷᠬᠠᠢ ᠵᠢᠨ ᠬᠠᠮᠢᠶᠠᠷᠤᠯᠳᠠ ᠵᠢᠨ ᠲᠦᠷᠢᠮ》 ᠵᠡᠷᠭᠡ 7 ᠤᠷᠤᠨ ᠨᠤᠳᠤᠬ᠎ᠤᠨ ᠴᠢᠨᠠᠷᠳᠠᠢ ᠬᠠᠤᠯᠢ ᠲᠤᠭᠳᠠᠭ᠋ᠠᠯ᠎ᠢ ᠬᠦᠴᠦᠨ ᠦᠭᠡᠢ ᠪᠤᠯᠭ᠋ᠠᠬᠤ ᠲᠤᠬᠠᠢ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠲᠤᠬᠳᠠᠭ᠋ᠠᠯ
ᠸᠢᠴᠲ᠎ᠤᠨ ᠴᠣᠭᠯᠠᠷᠠᠯ᠎ᠳᠤ ᠲᠠᠨᠢ ᠳᠣᠣᠷᠠᠬᠢ ᠴᠢᠮᠡᠭᠡ ᠵᠠᠩᠭᠢ ᠪᠠᠢ᠌ᠪᠠᠯ ᠲᠠ ᠬᠠᠣᠯᠢ ᠵᠢᠨ ᠬᠠᠷᠢᠭᠤᠴᠠᠯᠭ᠎ᠠ ᠨᠡᠬᠡᠮᠵᠢᠯᠡᠭᠳᠡᠨ᠎ᠡ
ᠲᠠᠷᠢᠶᠠᠨ ᠭᠠᠵᠠᠷ᠎ᠤᠨ ᠬᠠᠯᠬᠠᠪᠴᠢ ᠤᠢ ᠮᠣᠳᠣ ᠵᠢ ᠣᠭᠲᠣᠯᠵᠤ ᠰᠢᠨᠡᠳᠬᠡᠭᠰᠡᠨ ᠲᠤᠬᠠᠶ ᠬᠠᠮᠢᠶᠠᠷᠤᠯᠲᠠ ᠵᠢᠨ ᠠᠷᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠤᠨ ᠬᠢᠵᠢᠭ᠎ᠤᠨ ᠪᠠᠶ᠋ᠢᠴᠠᠭ᠋ᠠᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ 《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠲᠦᠷᠢᠮ (ᠲᠤᠷᠰᠢᠨ ᠬᠡᠷᠡᠭᠵᠢᠬᠦᠯᠬᠦ)》᠎ᠢ ᠲᠤᠭᠤᠰᠢᠯᠠᠭᠤᠯᠬᠤ ᠲᠤᠬᠠᠢ ᠬᠡᠷᠡᠭᠵᠢᠬᠦᠯᠬᠦ ᠨᠠᠷᠢᠨ ᠲᠦᠷᠢᠮ
 
             蒙ICP备05000248号