ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠷᠤᠨ ᠨᠤᠳᠤᠬ᠎ᠤᠨ ᠨᠡᠭᠦᠷᠡᠰᠦᠨ ᠠᠭᠤᠷᠬᠠᠢ ᠵᠢᠨ ᠬᠠᠮᠢᠶᠠᠷᠤᠯᠳᠠ ᠵᠢᠨ ᠲᠦᠷᠢᠮ》 ᠵᠡᠷᠭᠡ 7 ᠤᠷᠤᠨ ᠨᠤᠳᠤᠬ᠎ᠤᠨ ᠴᠢᠨᠠᠷᠳᠠᠢ ᠬᠠᠤᠯᠢ ᠲᠤᠭᠳᠠᠭ᠋ᠠᠯ᠎ᠢ ᠬᠦᠴᠦᠨ ᠦᠭᠡᠢ ᠪᠤᠯᠭ᠋ᠠᠬᠤ ᠲᠤᠬᠠᠢ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠲᠤᠬᠳᠠᠭ᠋ᠠᠯ
ᠨᠡᠶ᠋ᠢᠲᠡᠯᠡᠭᠰᠡᠨ ᠴᠠᠭ᠄ 2018-10-29

     (2018 ᠤᠨ᠎ᠤ 7 ᠰᠠᠷ᠎ᠠ ᠵᠢᠨ 26᠎ᠤ ᠡᠳᠦᠷ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠵᠢᠷᠭᠤᠳᠤᠭ᠋ᠠᠷ ᠬᠤᠷᠠᠯ᠎ᠠᠴᠠ ᠪᠠᠳᠤᠯᠠᠪᠠ)
      ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶ᠎ᠠ ᠵᠢᠨ ᠠᠯᠪᠠᠨ ᠵᠠᠷᠯᠠᠯ ᠳᠤᠯᠤᠳᠤᠭ᠋ᠠᠷ ᠳᠤᠭ᠋ᠠᠳᠤ 2018 ᠤᠨ᠎ᠤ 7 ᠰᠠᠷ᠎ᠠ ᠵᠢᠨ 26᠎ᠤ ᠡᠳᠦᠷ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶ᠎ᠠ ᠵᠢᠨ ᠵᠢᠷᠭᠤᠳᠤᠭ᠋ᠠᠷ ᠬᠤᠷᠠᠯ᠎ᠠᠴᠠ  《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶ᠎ᠠ ᠵᠢᠨ 〈ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠷᠤᠨ ᠨᠤᠳᠤᠬ᠎ᠤᠨ ᠨᠡᠭᠦᠷᠡᠰᠦᠨ ᠠᠭᠤᠷᠬᠠᠢ ᠵᠢᠨ ᠬᠠᠮᠢᠶᠠᠷᠤᠯᠳᠠ ᠵᠢᠨ ᠲᠦᠷᠢᠮ〉 ᠵᠡᠷᠭᠡ 7 ᠤᠷᠤᠨ ᠨᠤᠳᠤᠬ᠎ᠤᠨ ᠴᠢᠨᠠᠷᠳᠠᠢ ᠬᠠᠤᠯᠢ ᠲᠤᠭᠳᠠᠭ᠋ᠠᠯ᠎ᠢ ᠬᠦᠴᠦᠨ ᠦᠭᠡᠢ ᠪᠤᠯᠭ᠋ᠠᠬᠤ ᠰᠢᠢ᠍ᠳᠪᠦᠷᠢ》 ᠵᠢ ᠪᠠᠳᠤᠯᠠᠵᠦ᠂ ᠤᠳᠤ ᠢᠯᠡ᠎ᠪᠠᠷ ᠨᠡᠢ᠌ᠳᠡᠯᠡᠨ᠂ ᠨᠡᠢ᠌ᠳᠡᠯᠡᠭᠰᠡᠨ ᠡᠳᠦᠷ᠎ᠠᠴᠠ ᠡᠬᠢᠯᠡᠨ ᠭᠡᠷᠡᠭᠵᠢᠬᠦᠯᠦᠨ᠎ᠠ᠃
     2018 ᠤᠨ᠎ᠤ 7 ᠰᠠᠷ᠎ᠠ ᠵᠢᠨ 26᠎ᠤ ᠡᠳᠦᠷ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠵᠢᠷᠭᠤᠳᠤᠭ᠋ᠠᠷ ᠬᠤᠷᠠᠯ᠎ᠠᠴᠠ ᠲᠤᠤᠷᠠᠭᠢ ᠮᠡᠳᠤ ᠵᠢᠨ ᠤᠷᠤᠨ ᠨᠤᠳᠤᠬ᠎ᠤᠨ ᠴᠢᠨᠠᠷᠳᠠᠢ ᠬᠠᠤᠯᠢ ᠲᠤᠭᠳᠠᠭ᠋ᠠᠯ᠎ᠢ ᠬᠦᠴᠦᠨ ᠦᠭᠡᠢ ᠪᠤᠯᠭ᠋ᠠᠬᠤ᠎ᠪᠠᠷ ᠲᠤᠬᠳᠠᠪᠠ᠄
      ᠨᠢᠭᠡ᠂ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠷᠤᠨ ᠨᠤᠳᠤᠬ᠎ᠤᠨ ᠨᠡᠭᠦᠷᠡᠰᠦᠨ ᠠᠭᠤᠷᠬᠠᠢ ᠵᠢᠨ ᠬᠠᠮᠢᠶᠠᠷᠤᠯᠳᠠ ᠵᠢᠨ ᠲᠦᠷᠢᠮ》 (1994 ᠤᠨ᠎ᠤ 1 ᠰᠠᠷ᠎ᠠ ᠵᠢᠨ 14᠎ᠤ ᠡᠳᠦᠷ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠢ᠍ᠮᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠲᠠᠪᠤᠳᠤᠭ᠋ᠠᠷ ᠬᠤᠷᠠᠯ᠎ᠠᠴᠠ ᠪᠠᠳᠤᠯᠠᠪᠠ)
      ᠬᠤᠶᠠᠷ᠂ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠰᠤᠮᠤ᠂ ᠰᠢᠶᠠᠩ᠂ ᠦᠨᠳᠦᠰᠦᠳᠡᠨ᠎ᠤ ᠰᠢᠶᠠᠩ᠂ ᠪᠠᠯᠭ᠋ᠠᠰᠤ ᠵᠢᠨ ᠠᠷᠠᠳ᠎ᠤᠨ ᠵᠠᠰᠠᠬ᠎ᠤᠨ ᠤᠷᠳᠤᠨ᠎ᠤ ᠠᠵᠢᠯ᠎ᠤᠨ ᠲᠦᠷᠢᠮ》 (1991 ᠤᠨ᠎ᠤ 4 ᠰᠠᠷ᠎ᠠ ᠵᠢᠨ 20᠎ᠤ ᠡᠳᠦᠷ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠤᠯᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠬᠤᠷᠢᠳᠤᠭ᠋ᠠᠷ ᠬᠤᠷᠠᠯ᠎ᠠᠴᠠ ᠪᠠᠳᠤᠯᠠᠪᠠ)
      ᠭᠤᠷᠪᠠ᠂ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠮᠠᠯᠴᠢᠨ ᠲᠠᠷᠢᠶᠠᠴᠢᠨ᠎ᠤ ᠲᠠᠷᠤᠭ᠋ᠠᠰᠤ᠎ᠳᠤ ᠬᠢᠨᠠᠯᠳᠠ ᠲᠠᠯᠪᠢᠵᠦ ᠬᠠᠮᠢᠶᠠᠷᠬᠤ ᠲᠦᠷᠢᠮ》      (1995 ᠤᠨ᠎ᠤ 11 ᠰᠠᠷ᠎ᠠ ᠵᠢᠨ 17᠎ᠤ ᠡᠳᠦᠷ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠢ᠍ᠮᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠠᠷᠪᠠᠨ ᠲᠤᠯᠤᠳᠤᠭ᠋ᠠᠷ ᠬᠤᠷᠠᠯ᠎ᠠᠴᠠ ᠪᠠᠳᠤᠯᠠᠪᠠ 2010 ᠤᠨ᠎ᠤ 9 ᠰᠠᠷ᠎ᠠ ᠵᠢᠨ 17᠎ᠤ ᠡᠳᠦᠷ᠎ᠤᠨ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠠᠷᠪᠠᠨ ᠲᠤᠯᠤᠳᠤᠭ᠋ᠠᠷ ᠬᠤᠷᠠᠯ᠎ᠤᠨ 《ᠭᠡᠰᠡᠭ ᠤᠷᠤᠨ ᠨᠤᠳᠤᠬ᠎ᠤᠨ ᠴᠢᠨᠠᠷᠳᠠᠢ ᠬᠠᠤᠯᠢ ᠲᠤᠭᠳᠠᠭ᠋ᠠᠯ᠎ᠳᠤ ᠵᠠᠰᠠᠪᠤᠷᠢ ᠤᠷᠤᠭᠤᠯᠬᠤ ᠲᠤᠬᠠᠢ ᠲᠤᠬᠳᠠᠭ᠋ᠠᠯ (ᠬᠤᠶᠠᠷ)》᠎ᠢ ᠦᠨᠳᠦᠰᠦᠯᠡᠵᠦ ᠵᠠᠰᠠᠪᠤᠷᠢ ᠤᠷᠤᠭᠤᠯᠪᠠ)
      ᠲᠦᠷᠪᠡ᠂ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠯᠤᠰ᠎ᠤᠨ ᠦᠮᠴᠢᠯᠠᠯ᠎ᠤᠨ ᠠᠵᠦ ᠠᠬᠤᠢ᠍ᠢ᠍ᠯᠠᠯ᠎ᠤᠨ ᠦᠢ᠍ᠯᠡᠳᠪᠤᠷᠢ ᠵᠢᠨ ᠲᠠᠷᠤᠭ᠎ᠠ  (ᠲᠠᠭ᠋ᠠᠭ᠋ᠠᠮᠠᠯ) ᠵᠢᠨ ᠲᠤᠰᠢᠶᠠᠯ᠎ᠠᠴᠠ᠎ᠪᠠᠨ ᠰᠠᠯᠬᠤ ᠬᠢᠨᠠᠨ ᠪᠤᠳᠤᠯᠳᠠ ᠵᠢᠨ ᠲᠦᠷᠢᠮ》 (1997 ᠤᠨ᠎ᠤ 5 ᠰᠠᠷ᠎ᠠ ᠵᠢᠨ 31᠎ᠤ ᠡᠳᠦᠷ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠢ᠍ᠮᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠬᠤᠷᠢᠨ ᠵᠢᠷᠭᠤᠳᠤᠭ᠋ᠠᠷ ᠬᠤᠷᠠᠯ᠎ᠠᠴᠠ ᠪᠠᠳᠤᠯᠠᠪᠠ)
      ᠲᠠᠪᠤ᠂ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠷ᠎ᠠ ᠵᠢᠨ ᠮᠠᠯ ᠵᠢᠭᠦᠷᠳᠡᠨ᠎ᠤ ᠬᠠᠮᠢᠶᠠᠷᠤᠯᠳᠠ ᠵᠢᠨ ᠲᠦᠷᠢᠮ》 (1998 ᠤᠨ᠎ᠤ 5 ᠰᠠᠷ᠎ᠠ ᠵᠢᠨ 30᠎ᠤ ᠡᠳᠦᠷ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠶᠢᠰᠦᠳᠦᠭᠡᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠭᠤᠷᠪᠠᠳᠤᠭ᠋ᠠᠷ ᠬᠤᠷᠠᠯ᠎ᠠᠴᠠ ᠪᠠᠳᠤᠯᠠᠪᠠ 2010 ᠤᠨ᠎ᠤ 9 ᠰᠠᠷ᠎ᠠ ᠵᠢᠨ 17᠎ᠤ ᠡᠳᠦᠷ᠎ᠤᠨ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠠᠷᠪᠠᠨ ᠲᠤᠯᠤᠳᠤᠭ᠋ᠠᠷ ᠬᠤᠷᠠᠯ᠎ᠤᠨ 《ᠭᠡᠰᠡᠭ ᠤᠷᠤᠨ ᠨᠤᠳᠤᠬ᠎ᠤᠨ ᠴᠢᠨᠠᠷᠳᠠᠢ ᠬᠠᠤᠯᠢ ᠲᠤᠭᠳᠠᠭ᠋ᠠᠯ᠎ᠳᠤ ᠵᠠᠰᠠᠪᠤᠷᠢ ᠤᠷᠤᠭᠤᠯᠬᠤ ᠲᠤᠬᠠᠢ ᠲᠤᠬᠳᠠᠭ᠋ᠠᠯ (ᠬᠤᠶᠠᠷ)》᠎ᠢ ᠦᠨᠳᠦᠰᠦᠯᠡᠵᠦ ᠠᠩᠬᠠᠳᠤᠭ᠋ᠠᠷ ᠤᠳᠠᠭ᠎ᠠ ᠵᠠᠰᠠᠪᠤᠷᠢ ᠤᠷᠤᠭᠤᠯᠪᠠ 2016 ᠤᠨ᠎ᠤ 5 ᠰᠠᠷ᠎ᠠ ᠵᠢᠨ 30᠎ᠤ ᠡᠳᠦᠷ᠎ᠤᠨ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠬᠤᠷᠢᠨ ᠬᠤᠶᠠᠳᠤᠭ᠋ᠠᠷ ᠬᠤᠷᠠᠯ᠎ᠤᠨ 《ᠭᠡᠰᠡᠭ ᠤᠷᠤᠨ ᠨᠤᠳᠤᠬ᠎ᠤᠨ ᠴᠢᠨᠠᠷᠳᠠᠢ ᠬᠠᠤᠯᠢ ᠲᠤᠭᠳᠠᠭ᠋ᠠᠯ᠎ᠳᠤ ᠵᠠᠰᠠᠪᠤᠷᠢ ᠤᠷᠤᠭᠤᠯᠬᠤ ᠲᠤᠬᠠᠢ ᠲᠤᠬᠳᠠᠭ᠋ᠠᠯ》᠎ᠢ ᠦᠨᠳᠦᠰᠦᠯᠡᠵᠦ ᠬᠤᠶᠠᠳᠤᠭ᠋ᠠᠷ ᠤᠳᠠᠭ᠎ᠠ ᠵᠠᠰᠠᠪᠤᠷᠢ ᠤᠷᠤᠭᠤᠯᠪᠠ)
      ᠵᠢᠷᠭᠤᠭ᠎ᠠ᠂ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠠᠪᠤᠰᠤᠨ᠎ᠤ ᠦᠢ᠍ᠯᠡᠰ᠎ᠤᠨ ᠬᠠᠮᠢᠶᠠᠷᠤᠯᠳᠠ ᠵᠢᠨ ᠲᠦᠷᠢᠮ》 (1998 ᠤᠨ᠎ᠤ 9 ᠰᠠᠷ᠎ᠠ ᠵᠢᠨ 28᠎ᠤ ᠡᠳᠦᠷ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠶᠢᠰᠦᠳᠦᠭᠡᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠲᠠᠪᠤᠳᠤᠭ᠋ᠠᠷ ᠬᠤᠷᠠᠯ᠎ᠠᠴᠠ ᠪᠠᠳᠤᠯᠠᠪᠠ)
      ᠲᠤᠯᠤᠭ᠎ᠠ᠂ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠰᠢᠯᠢ ᠵᠢᠨ ᠭᠤᠤᠯ᠎ᠤᠨ ᠲᠠᠯ᠎ᠠ ᠨᠤᠳᠤᠬ᠎ᠤᠨ ᠤᠯᠤᠰ᠎ᠤᠨ ᠲᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠬᠠᠮᠢᠶᠠᠷᠤᠯᠳᠠ ᠵᠢᠨ ᠲᠦᠷᠢᠮ》 (2001 ᠤᠨ᠎ᠤ 4 ᠰᠠᠷ᠎ᠠ ᠵᠢᠨ 6᠎ᠤ ᠡᠳᠦᠷ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠶᠢᠰᠦᠳᠦᠭᠡᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠬᠤᠷᠢᠨ ᠬᠤᠶᠠᠳᠤᠭ᠋ᠠᠷ ᠬᠤᠷᠠᠯ᠎ᠠᠴᠠ ᠪᠠᠳᠤᠯᠠᠪᠠ 2010 ᠤᠨ᠎ᠤ 9 ᠰᠠᠷ᠎ᠠ ᠵᠢᠨ 17᠎ᠤ ᠡᠳᠦᠷ᠎ᠤᠨ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠠᠷᠪᠠᠨ ᠲᠤᠯᠤᠳᠤᠭ᠋ᠠᠷ ᠬᠤᠷᠠᠯ᠎ᠤᠨ 《ᠭᠡᠰᠡᠭ ᠤᠷᠤᠨ ᠨᠤᠳᠤᠬ᠎ᠤᠨ ᠴᠢᠨᠠᠷᠳᠠᠢ ᠬᠠᠤᠯᠢ ᠲᠤᠭᠳᠠᠭ᠋ᠠᠯ᠎ᠳᠤ ᠵᠠᠰᠠᠪᠤᠷᠢ ᠤᠷᠤᠭᠤᠯᠬᠤ ᠲᠤᠬᠠᠢ ᠲᠤᠬᠳᠠᠭ᠋ᠠᠯ (ᠬᠤᠶᠠᠷ)》᠎ᠢ ᠦᠨᠳᠦᠰᠦᠯᠡᠵᠦ ᠵᠠᠰᠠᠪᠤᠷᠢ ᠤᠷᠤᠭᠤᠯᠪᠠ)
      ᠲᠤᠰ ᠲᠤᠬᠳᠠᠭ᠋ᠠᠯ ᠨᠡᠢ᠌ᠳᠡᠯᠡᠭᠳᠡᠭᠰᠡᠨ ᠡᠳᠦᠷ᠎ᠠᠴᠠ᠎ᠪᠠᠨ ᠡᠭᠢᠯᠡᠵᠦ ᠬᠦᠴᠦᠨ᠎ᠲᠠᠢ ᠪᠤᠯᠤᠨ᠎ᠠ᠃ (ᠠᠷᠠᠳ᠎ᠤᠨ ᠰᠦᠯᠵᠢᠶ᠎ᠡ)  


ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠸᠢᠴᠲ᠎ᠤᠨ ᠴᠣᠭᠯᠠᠷᠠᠯ᠎ᠳᠤ ᠲᠠᠨᠢ ᠳᠣᠣᠷᠠᠬᠢ ᠴᠢᠮᠡᠭᠡ ᠵᠠᠩᠭᠢ ᠪᠠᠢ᠌ᠪᠠᠯ ᠲᠠ ᠬᠠᠣᠯᠢ ᠵᠢᠨ ᠬᠠᠷᠢᠭᠤᠴᠠᠯᠭ᠎ᠠ ᠨᠡᠬᠡᠮᠵᠢᠯᠡᠭᠳᠡᠨ᠎ᠡ
ᠲᠠᠷᠢᠶᠠᠨ ᠭᠠᠵᠠᠷ᠎ᠤᠨ ᠬᠠᠯᠬᠠᠪᠴᠢ ᠤᠢ ᠮᠣᠳᠣ ᠵᠢ ᠣᠭᠲᠣᠯᠵᠤ ᠰᠢᠨᠡᠳᠬᠡᠭᠰᠡᠨ ᠲᠤᠬᠠᠶ ᠬᠠᠮᠢᠶᠠᠷᠤᠯᠲᠠ ᠵᠢᠨ ᠠᠷᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠤᠨ ᠬᠢᠵᠢᠭ᠎ᠤᠨ ᠪᠠᠶ᠋ᠢᠴᠠᠭ᠋ᠠᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ 《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠲᠦᠷᠢᠮ (ᠲᠤᠷᠰᠢᠨ ᠬᠡᠷᠡᠭᠵᠢᠬᠦᠯᠬᠦ)》᠎ᠢ ᠲᠤᠭᠤᠰᠢᠯᠠᠭᠤᠯᠬᠤ ᠲᠤᠬᠠᠢ ᠬᠡᠷᠡᠭᠵᠢᠬᠦᠯᠬᠦ ᠨᠠᠷᠢᠨ ᠲᠦᠷᠢᠮ
ᠲᠦᠷᠦ ᠵᠢᠨ ᠶᠠᠪᠤᠳᠠᠯ᠎ᠤᠨ ᠬᠤᠷᠢᠶ᠎ᠠ 《ᠴᠢᠯᠥᠬᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠎ᠤ ᠦᠬᠡᠷᠡᠴᠢᠯᠡᠯᠳᠡ ᠰᠢᠨᠡᠴᠢᠯᠡᠯᠳᠡ ᠵᠢ ᠬᠦᠨᠵᠡᠬᠡᠶ᠋ᠢᠷᠡᠬᠦᠯᠬᠦ ᠠᠵᠢᠯ᠎ᠢ ᠲᠡᠮᠵᠢᠬᠦ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠮᠡᠳᠡᠭᠳᠡᠯ》᠎ᠢ ᠲᠠᠷᠤᠮᠠᠯᠯᠠᠨ ᠲᠠᠷᠬᠠᠭ᠋ᠠᠪᠠ
 
             蒙ICP备05000248号