(ᠤᠢ ᠰᠢᠭᠤᠶ ᠵᠢᠨ ᠬᠡᠰᠡᠭ)
(1990 ᠣᠨ᠎ᠤ 1 ᠰᠠᠷ᠎ᠠ ᠵᠢᠨ 12᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 15 ᠳ᠋ᠣᠭ᠋ᠠᠷ ᠲᠣᠭ᠋ᠠᠲᠤ)
ᠨᠢᠭᠡᠳᠦᠭᠡᠷ ᠵᠤᠷᠪᠤᠰ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠤᠷᠭᠤᠮᠠᠯ᠎ᠤᠨ ᠬᠢᠵᠢᠭ᠎ᠤᠨ ᠪᠠᠶ᠋ᠢᠴᠠᠭ᠋ᠠᠯᠲᠠ ᠵᠢᠨ ᠳᠦᠷᠢᠮ》 ᠪᠠ ᠤᠢ ᠰᠢᠭᠤᠶ ᠵᠢᠨ ᠬᠡᠯᠲᠡᠰ᠎ᠤᠨ 《ᠤᠷᠭᠤᠮᠠᠯ᠎ᠤᠨ ᠬᠢᠵᠢᠭ᠎ᠤᠨ ᠪᠠᠶ᠋ᠢᠴᠠᠭ᠋ᠠᠯᠲᠠ ᠵᠢᠨ ᠳᠦᠷᠢᠮ᠎ᠢ ᠬᠡᠷᠡᠭᠵᠢᠭᠦᠯᠬᠦ ᠨᠠᠷᠢᠨ ᠲᠦᠷᠢᠮ》᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠣᠶᠠᠯᠳᠣᠭᠣᠯᠵᠣ᠂ ᠲᠣᠰ ᠬᠡᠷᠡᠭᠵᠢᠭᠦᠯᠬᠦ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠤᠷᠪᠤᠰ ᠲᠣᠰ ᠬᠡᠷᠡᠭᠵᠢᠭᠦᠯᠬᠦ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠳᠣᠳᠣᠷ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠤᠷᠭᠤᠮᠠᠯ᠂ ᠤᠢ ᠰᠢᠭᠤᠶ ᠵᠢᠨ ᠪᠦᠲᠦᠭᠡᠭᠳᠡᠬᠦᠨ᠎ᠤ ᠬᠢᠵᠢᠭ᠎ᠤᠨ ᠪᠠᠶ᠋ᠢᠴᠠᠭ᠋ᠠᠯᠲᠠ (ᠳᠣᠷᠣᠭᠰᠢ ᠤᠢ ᠰᠢᠭᠤᠶ ᠵᠢᠨ ᠪᠠᠶ᠋ᠢᠴᠠᠭ᠋ᠠᠯᠲᠠ ᠭᠡᠵᠦ ᠳᠦᠭᠦᠮᠴᠢᠯᠡᠪᠡ) ᠵᠢᠨ ᠣᠷᠣᠵᠤ ᠭᠠᠷᠬᠤ᠎ᠳᠤ ᠲᠤᠬᠢᠷᠠᠨ᠎ᠠ ᠃
ᠬᠢᠵᠢᠭ᠎ᠤᠨ ᠪᠠᠶ᠋ᠢᠴᠠᠭ᠋ᠠᠯᠲᠠ ᠵᠢ ᠬᠡᠷᠡᠭᠵᠢᠭᠦᠯᠪᠡᠰᠦ ᠵᠣᠬᠢᠬᠤ ᠣᠢ ᠰᠢᠭᠤᠶ ᠵᠢᠨ ᠤᠷᠭᠤᠮᠠᠯ᠂ ᠤᠢ ᠰᠢᠭᠤᠶ ᠵᠢᠨ ᠭᠠᠷᠤᠯᠲᠠ᠎ᠳᠤ ᠪᠠᠭᠲᠠᠬᠤ᠎ᠨᠢ᠄ ᠲᠤᠷᠤᠭ ᠮᠣᠳᠣ᠂ ᠪᠤᠳᠠ ᠮᠣᠳᠣ᠂ ᠮᠣᠳᠣᠯᠢᠭ ᠤᠷᠭᠤᠮᠠᠯ᠎ᠤᠨ ᠴᠡᠴᠡᠭ᠂ ᠬᠠᠲᠠᠭ᠋ᠠᠭᠰᠠᠨ ᠵᠢᠮᠢᠰ᠂ ᠦᠷ᠎ᠡ᠂ ᠵᠤᠯᠵᠠᠭ᠎ᠠ ᠮᠣᠳᠣ ᠪᠠ ᠪᠤᠰᠤᠳ ᠦᠷᠡᠵᠢᠯ᠎ᠤᠨ ᠮᠠᠲ᠋ᠧᠷᠢᠶᠠᠯ (ᠴᠢᠬᠢ ᠬᠠᠳᠬᠤᠨ ᠰᠠᠭᠤᠯᠭ᠋ᠠᠬᠤ᠂ ᠵᠠᠯᠭ᠋ᠠᠭ᠋ᠠᠰᠤ᠂ ᠵᠠᠯᠭ᠋ᠠᠭ᠋ᠠᠳᠠᠰᠤ᠂ ᠦᠨᠳᠦᠰᠦ ᠵᠡᠷᠭᠡ) ᠪᠠ ᠮᠣᠳᠣᠨ ᠮᠠᠲ᠋ᠧᠷᠢᠶᠠᠯ᠂ ᠲᠦᠯᠡᠰᠢᠨᠤ ᠮᠠᠲ᠋ᠧᠷᠢᠶᠠᠯ᠂ ᠮᠥᠴᠢᠷ ᠵᠡᠷᠭᠡ᠃
ᠳᠠᠭ᠋ᠠᠯᠳᠠ ᠪᠤᠯᠵᠤ ᠮᠡᠳᠡᠬᠦ ᠬᠢᠵᠢᠭ᠎ᠤᠨ ᠪᠠᠶ᠋ᠢᠴᠠᠭ᠋ᠠᠯᠲᠠ ᠵᠢᠨ ᠵᠦᠢ᠍ᠯ᠎ᠳᠤ ᠪᠣᠭᠣᠳᠠᠯ᠎ᠤᠨ ᠳᠡᠪᠢᠰᠴᠦ ᠬᠡᠷᠡᠭᠯᠡᠭᠰᠡᠨ ᠮᠠᠲ᠋ᠧᠷᠢᠶᠠᠯ᠂ ᠵᠥᠭᠡᠭᠡᠪᠦᠷᠢᠯᠡᠬᠦ ᠪᠠᠭ᠋ᠠᠵᠢ᠂ ᠲᠠᠯᠠᠪᠤᠷ᠂ ᠰᠠᠩ ᠬᠥᠮᠥᠷᠭᠡ ᠵᠡᠷᠭᠡ᠂ ᠪᠠᠰᠠ ᠬᠢᠵᠢᠭ᠎ᠤᠨ ᠪᠠᠶ᠋ᠢᠴᠠᠭ᠋ᠠᠯᠲᠠ ᠵᠢᠨ ᠠᠵᠢᠯ᠎ᠢ ᠭᠦᠢ᠍ᠴᠡᠳᠬᠡᠬᠦ ᠵᠡᠷᠭᠡ ᠵᠢ ᠪᠠᠭᠲᠠᠭ᠋ᠠᠨ᠎ᠠ᠃
ᠭᠤᠷᠪᠠᠳᠤᠭ᠋ᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠭᠠᠵᠠᠷ ᠣᠷᠣᠨ᠎ᠤ᠎ᠪᠠᠨ ᠤᠢ ᠰᠢᠭᠤᠶ ᠵᠢᠨ ᠪᠠᠶ᠋ᠢᠴᠠᠭ᠋ᠠᠬᠤ ᠠᠵᠢᠯ᠎ᠤᠨ ᠲᠤᠬᠠᠶ ᠭᠤᠤᠯ ᠬᠠᠮᠢᠶᠠᠷᠣᠨ᠎ᠠ᠃ ᠡᠯ᠎ᠡ ᠱᠠᠲᠤᠨ᠎ᠤ ᠤᠢ ᠰᠢᠭᠤᠶ ᠵᠢᠨ ᠪᠠᠶ᠋ᠢᠴᠠᠭ᠋ᠠᠬᠤ ᠠᠵᠢᠯ᠎ᠢ ᠲᠤᠰ ᠲᠤᠰ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠳᠠ᠂ ᠬᠣᠰᠢᠭᠤ ᠰᠢᠶᠠᠨ (ᠬᠤᠳᠠ)᠎ᠤ ᠤᠢ ᠰᠢᠭᠤᠶ ᠵᠢᠨ ᠡᠪᠡᠳᠴᠢᠨ᠎ᠤ ᠬᠣᠷᠣᠬᠠᠶ ᠵᠢᠨ ᠭᠠᠮᠰᠢᠭ᠎ᠢ ᠰᠡᠷᠭᠡᠶ᠋ᠢᠯᠡᠨ ᠵᠠᠰᠠᠬᠣ ᠬᠢᠵᠢᠭ᠎ᠤᠨ ᠪᠠᠶ᠋ᠢᠴᠠᠭ᠋ᠠᠯᠲᠠ ᠵᠢᠨ ᠦᠷᠲᠡᠭᠡ ᠪᠤᠶᠤ ᠵᠣᠬᠢᠴᠠᠩᠭᠤᠶ ᠪᠠᠶ᠋ᠢᠭᠤᠯᠤᠮᠵᠢ (ᠳᠣᠷᠣᠭᠰᠢ ᠤᠢ ᠰᠢᠭᠤᠶ ᠵᠢᠨ ᠪᠠᠢ᠌ᠴᠠᠭ᠋ᠠᠯᠲᠠ ᠵᠢᠨ ᠪᠠᠶ᠋ᠢᠭᠤᠯᠤᠮᠵᠢ)᠎ᠠᠴᠠ ᠬᠠᠷᠢᠭᠤᠴᠠᠨ ᠭᠦᠢ᠍ᠴᠡᠳᠬᠡᠨ᠎ᠡ᠃