ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ 《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠲᠦᠷᠢᠮ (ᠲᠤᠷᠰᠢᠨ ᠬᠡᠷᠡᠭᠵᠢᠬᠦᠯᠬᠦ)》᠎ᠢ ᠲᠤᠭᠤᠰᠢᠯᠠᠭᠤᠯᠬᠤ ᠲᠤᠬᠠᠢ ᠬᠡᠷᠡᠭᠵᠢᠬᠦᠯᠬᠦ ᠨᠠᠷᠢᠨ ᠲᠦᠷᠢᠮ
ᠨᠡᠶ᠋ᠢᠲᠡᠯᠡᠭᠰᠡᠨ ᠴᠠᠭ᠄ 2018-11-21

      ᠨᠢᠭᠡᠳᠦᠭᠡᠷ ᠪᠦᠯᠦᠭ     ᠶᠡᠷᠦᠩᠭᠡᠢ ᠲᠦᠷᠢᠮ
      ᠨᠢᠭᠡᠳᠦᠭᠡᠷ ᠵᠦᠢ᠍ᠯ     《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠲᠦᠷᠢᠮ (ᠲᠤᠷᠰᠢᠨ ᠬᠡᠷᠡᠭᠵᠢᠬᠦᠯᠬᠦ)》᠎ᠢ ᠲᠤᠭᠤᠰᠢᠯᠠᠭᠤᠯᠤᠨ ᠬᠡᠷᠡᠭᠵᠢᠬᠦᠯᠵᠦ᠂ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠴᠢᠩᠭ᠋ᠠᠳᠬᠠᠨ ᠲᠦᠷᠢᠮᠵᠢᠬᠦᠯᠵᠦ᠂ ᠨᠠᠮ᠎ᠤᠨ ᠲᠤᠳᠤᠭ᠋ᠠᠳᠦ ᠵᠢᠨ ᠠᠷᠠᠳᠴᠢᠯᠠᠯ᠎ᠢ ᠭᠦᠭᠵᠢᠬᠦᠯᠵᠦ᠂ ᠨᠠᠮ᠎ᠤᠨ ᠲᠤᠳᠤᠭ᠋ᠠᠳᠦ ᠵᠢᠨ ᠬᠢᠨᠠᠯᠳᠠ ᠵᠢ ᠴᠢᠩᠭ᠋ᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠶ᠋ᠢᠷᠡᠬᠦᠯᠦᠨ ᠭᠦᠭᠵᠢᠬᠦᠯᠬᠦ ᠵᠢᠨ ᠲᠦᠯᠦᠭᠡ᠂ ᠦᠪᠡᠷᠳᠡᠭᠡᠨ ᠵᠠᠰᠠᠬᠤ ᠤᠷᠤᠨ᠎ᠤ ᠪᠤᠳᠠᠳᠤ ᠪᠠᠶ᠋ᠢᠳᠠᠯ᠎ᠲᠠᠢ ᠤᠶᠠᠯᠳᠤᠭᠤᠯᠵᠤ᠂ ᠲᠤᠰ ᠨᠠᠷᠢᠨ ᠲᠦᠷᠢᠮ᠎ᠢ ᠲᠤᠬᠳᠠᠭ᠋ᠠᠪᠠ᠃
      ᠬᠤᠶᠠᠳᠤᠭ᠋ᠠᠷ ᠵᠦᠢ᠍ᠯ     ᠪᠦᠬᠦ ᠤᠷᠤᠨ᠎ᠤ ᠡᠯ᠎ᠠ ᠱᠠᠳᠤᠨ᠎ᠤ ᠨᠠᠮ᠎ᠤᠨ ᠬᠤᠷᠢᠶ᠎ᠠ ᠵᠢᠨ ᠤᠷᠤᠨ ᠨᠤᠳᠤᠭ᠎ᠤᠨ ᠵᠤᠬᠢᠶᠠᠨ ᠪᠠᠶ᠋ᠢᠭᠤᠯᠤᠯᠳᠠ᠂ ᠦᠨᠳᠦᠰᠦᠨ ᠱᠠᠳᠤᠨ᠎ᠤ ᠵᠤᠬᠢᠶᠠᠨ ᠪᠠᠶ᠋ᠢᠭᠤᠯᠤᠯᠳᠠ᠂ ᠨᠠᠮ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠪᠠᠶ᠋ᠢᠭᠤᠯᠭ᠎ᠠ᠂ ᠠᠵᠢᠯ᠎ᠤᠨ ᠪᠠᠶ᠋ᠢᠭᠤᠯᠭ᠎ᠠ ᠵᠢᠴᠢ ᠪᠤᠰᠤᠳ ᠨᠠᠮ᠎ᠤᠨ ᠵᠤᠬᠢᠶᠠᠨ ᠪᠠᠶ᠋ᠢᠭᠤᠯᠤᠯᠳᠠ᠂ ᠲᠡᠭᠦᠨ᠎ᠤ ᠬᠡᠷᠡᠭᠵᠢᠬᠦᠯᠵᠦ ᠪᠠᠶ᠋ᠢᠭ᠎ᠠ ᠨᠠᠮ᠎ᠤᠨ ᠤᠳᠤᠷᠢᠳᠤᠯᠭ᠎ᠠ ᠵᠢᠨ ᠠᠵᠢᠯᠯᠠᠭ᠎ᠠ᠂ ᠨᠠᠮ᠎ᠤᠨ ᠪᠠᠶ᠋ᠢᠭᠤᠯᠤᠯᠳᠠ ᠵᠢ ᠴᠢᠩᠭ᠋ᠠᠳᠬᠠᠬᠤ ᠬᠠᠮᠢᠶ᠎ᠠ ᠪᠦᠬᠦᠢ ᠭᠡᠷᠡᠭ ᠶᠠᠪᠤᠳᠠᠯ᠂ ᠲᠤᠬᠳᠠᠭ᠋ᠠᠯ ᠶᠤᠰᠤᠭ᠋ᠠᠷ ᠨᠠᠮ᠎ᠤᠨ ᠲᠤᠳᠤᠭ᠋ᠠᠳᠤ ᠪᠤᠶᠤ ᠨᠠᠮ᠎ᠤᠨ ᠭᠠᠳᠠᠭ᠋ᠠᠳᠤ᠎ᠳᠤ ᠢᠯᠡ ᠪᠤᠯᠭ᠋ᠠᠬᠤ᠎ᠳᠤ ᠲᠤᠰ ᠨᠠᠷᠢᠨ ᠲᠦᠷᠢᠮ᠎ᠢ ᠲᠤᠬᠢᠷᠠᠭᠤᠯᠤᠨ ᠬᠡᠷᠡᠭᠯᠡᠨ᠎ᠠ᠃
      ᠭᠤᠷᠪᠠᠳᠤᠭ᠋ᠠᠷ ᠵᠦᠢ᠍ᠯ     ᠨᠠᠮ᠎ᠤᠨ ᠶᠠᠪᠤᠳᠠᠯ᠎ᠢ ᠢᠯᠡ ᠪᠤᠯᠭ᠋ᠠᠬᠤ᠎ᠳᠤ ᠰᠢ ᠵᠢᠨ ᠫᠢᠩ᠎ᠤᠨ ᠰᠢᠨ᠎ᠠ ᠴᠠᠬ ᠦᠶ᠎ᠡ ᠵᠢᠨ ᠳᠤᠮᠳᠠᠳᠦ   ᠤᠯᠤᠰ᠎ᠤᠨ ᠤᠨᠴᠠᠯᠢᠭ᠎ᠲᠠᠢ ᠨᠡᠶ᠋ᠢᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠬᠤ ᠴᠢᠬᠤᠯᠠ᠎ᠲᠠᠢ ᠪᠠᠶ᠋ᠢᠵᠦ᠂ 《ᠳᠦᠷᠪᠡᠨ ᠤᠬᠠᠮᠰᠠᠷ》᠎ᠢ ᠪᠠᠲᠦ ᠪᠤᠢ ᠪᠤᠯᠭ᠋ᠠᠵᠦ᠂ 《ᠲᠦᠷᠪᠡᠨ ᠢᠲᠡᠭᠡᠯ》 ᠵᠶ᠋ᠠᠨ ᠪᠠᠲᠤᠳᠬᠠᠵᠦ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠦᠪ ᠬᠤᠷᠢᠶ᠎ᠠ ᠵᠢᠨ ᠭᠤᠤᠯᠯᠠᠬ᠍ᠴᠢ ᠵᠢᠨ ᠪᠠᠶ᠋ᠢᠷᠢ ᠰᠠᠭᠤᠷᠢ᠂ ᠪᠦᠬᠦ ᠨᠠᠮ᠎ᠤᠨ ᠭᠤᠤᠯᠯᠠᠬ᠍ᠴᠢ ᠵᠢᠨ ᠪᠠᠶ᠋ᠢᠷᠢ ᠰᠠᠭᠤᠷᠢ ᠵᠢ ᠡᠷᠡᠰ ᠬᠠᠮᠠᠭ᠋ᠠᠯᠠᠵᠦ᠂ ᠨᠠᠮ᠎ᠤᠨ ᠲᠦᠪ ᠬᠤᠷᠢᠶ᠎ᠠ ᠵᠢᠨ ᠡᠷᠭᠡ ᠰᠦᠷ ᠪᠤᠯᠤᠨ ᠲᠦᠪᠯᠡᠷᠡᠩᠬᠦᠢ ᠨᠢᠭᠡᠲᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠦ᠂ ᠵᠦᠪ ᠤᠨᠤᠪᠴᠢᠲᠠᠢ ᠴᠢᠭᠯᠡᠯ᠎ᠢ ᠪᠠᠷᠢᠮᠳᠠᠯᠠᠬᠤ᠂ ᠠᠷᠠᠳᠴᠢᠯᠠᠯ᠎ᠢ ᠪᠠᠳᠠᠷᠠᠭᠤᠯᠬᠤ᠂ ᠢᠳᠡᠪᠬᠢᠲᠡᠢ ᠯᠠᠪᠳᠠᠭᠤᠨ ᠪᠠᠲᠤᠲᠠᠢ᠂ ᠬᠠᠥᠯᠢ ᠲᠤᠬᠲᠠᠭ᠋ᠠᠯ ᠬᠠᠥᠯᠢ ᠳᠦᠷᠢᠮ ᠶᠤᠰᠤᠭ᠋ᠠᠷ ᠪᠠᠶ᠋ᠢᠬᠤ ᠵᠠᠷᠴᠢᠮ᠎ᠢ ᠵᠢᠷᠤᠮᠯᠠᠬᠤ ᠬᠡᠷᠡᠭᠲᠡᠢ᠃
      ᠲᠦᠷᠪᠡᠳᠦᠬᠡᠷ ᠵᠦᠢ᠍ᠯ     ᠪᠦᠬᠦ ᠤᠷᠤᠨ᠎ᠤ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠨᠠᠮ᠎ᠤᠨ ᠲᠦᠪ ᠬᠤᠷᠢᠶ᠎ᠠ ᠵᠢᠨ ᠨᠢᠭᠡᠲᠦᠯᠲᠡᠢ ᠤᠳᠤᠷᠢᠳᠤᠯᠭ᠎ᠠ ᠲᠤᠤᠷ᠎ᠠ ᠡᠯ᠎ᠡ ᠱᠠᠲᠦᠨ᠎ᠤ ᠤᠷᠤᠨ ᠨᠤᠳᠤᠭ᠎ᠤᠨ ᠨᠠᠮ᠎ᠤᠨ ᠬᠤᠷᠢᠶ᠎ᠠ᠎ᠠᠴᠠ ᠱᠠᠲᠦ ᠬᠤᠪᠢᠶᠠᠨ ᠬᠠᠷᠢᠭᠤᠴᠠᠵᠦ᠂ ᠡᠯ᠎ᠡ ᠰᠠᠯᠠᠭ᠎ᠠ ᠮᠦᠴᠢᠷ ᠡᠯ᠎ᠡ ᠨᠢᠭᠡᠴᠡ ᠲᠤᠰ ᠲᠤᠰ᠎ᠤᠨ ᠬᠠᠷᠢᠭᠤᠴᠠᠯᠭ᠎ᠠ᠎ᠪᠠᠨ ᠡᠬᠦᠷᠭᠡᠯᠡᠬᠦ ᠤᠳᠤᠷᠢᠳᠬᠤ ᠪᠠᠶ᠋ᠢᠭᠤᠯᠤᠮᠵᠢ ᠵᠢ ᠬᠡᠷᠡᠭᠵᠢᠬᠦᠯᠦᠨ᠎ᠠ᠃
ᠡᠯ᠎ᠠ ᠱᠠᠲᠦᠨ᠎ᠤ ᠨᠠᠮ᠎ᠤᠨ ᠵᠤᠬᠢᠶᠠᠨ ᠪᠠᠶ᠋ᠢᠭᠤᠯᠤᠯᠲᠠ ᠵᠢᠨ ᠭᠤᠤᠯ ᠬᠠᠷᠢᠭᠤᠴᠠᠯᠭ᠋ᠠᠲᠠᠨ᠎ᠠᠴᠠ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠨᠢᠭᠡᠲᠦᠭᠡᠷ ᠬᠠᠷᠢᠭᠤᠴᠠᠯᠭ᠋ᠠᠲᠦ ᠬᠦᠮᠦᠨ᠎ᠤ ᠬᠠᠷᠢᠭᠤᠴᠠᠯᠭ᠎ᠠ᠎ᠪᠠᠨ ᠬᠢᠨᠠᠮᠠᠭ᠋ᠠᠢ ᠬᠦᠢ᠍ᠴᠡᠳᠭᠡᠬᠦ ᠭᠡᠷᠡᠭᠳᠡᠢ᠂ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ᠎ᠠᠴᠠ ᠬᠤᠪᠢᠳᠠᠨ ᠬᠠᠮᠢᠶᠠᠷᠬᠤ ᠬᠡᠪᠴᠢᠶᠡᠨ ᠳᠤᠲᠤᠷᠠᠬᠢ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠤᠳᠤᠷᠢᠳᠤᠯᠭ᠎ᠠ ᠵᠢᠨ ᠬᠠᠷᠢᠭᠤᠴᠠᠯᠭ᠎ᠠ᠎ᠪᠠᠨ ᠬᠦᠢ᠍ᠴᠡᠳᠭᠡᠨ᠎ᠠ᠃
      ᠲᠠᠪᠤᠳᠤᠭ᠋ᠠᠷ ᠵᠦᠢ᠍ᠯ     ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠯᠪᠠᠨ ᠲᠢᠩᠬᠢᠮ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠪᠤᠲᠠᠲᠠᠢ ᠠᠵᠢᠯ᠎ᠢ ᠬᠠᠷᠢᠭᠤᠴᠠᠵᠦ᠂ ᠪᠦᠬᠦ ᠤᠷᠤᠨ᠎ᠤ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠨᠢᠭᠡᠲᠦᠯᠲᠡᠢ ᠲᠦᠯᠦᠪᠵᠢᠬᠦᠯᠦᠨ ᠵᠤᠬᠢᠴᠠᠭᠤᠯᠬᠤ ᠪᠤᠯᠤᠨ ᠱᠠᠯᠠᠪᠳᠠᠭᠤᠯᠤᠨ ᠵᠢᠯᠤᠭᠤᠳᠬᠤ ᠠᠵᠢᠯ᠎ᠢ ᠬᠠᠷᠢᠭᠤᠴᠠᠬᠤ ᠬᠡᠷᠡᠭᠲᠡᠢ᠃ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠤᠭᠤᠷᠢᠭ)᠎ᠤ ᠨᠠᠮ᠎ᠤᠨ ᠬᠤᠷᠢᠶᠠᠨ᠎ᠤ ᠠᠯᠪᠠᠨ ᠲᠢᠩᠬᠢᠮ (ᠲᠠᠰᠤᠭ) ᠲᠤᠰ ᠱᠠᠲᠦᠨ᠎ᠤ ᠨᠠᠮ᠎ᠤᠨ ᠬᠤᠷᠢᠶᠠᠨ᠎ᠤ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠪᠤᠲᠠᠲᠠᠢ ᠠᠵᠢᠯ᠎ᠢ ᠬᠠᠷᠢᠭᠤᠴᠠᠵᠦ᠂ ᠲᠤᠬᠠᠢ ᠵᠢᠨ ᠤᠷᠤᠨ ᠨᠤᠳᠤᠭ᠎ᠤᠨ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠨᠢᠭᠡᠲᠦᠯᠲᠡᠢ ᠲᠦᠯᠦᠪᠵᠢᠬᠦᠯᠦᠨ ᠵᠤᠬᠢᠴᠠᠭᠤᠯᠬᠤ ᠪᠤᠯᠤᠨ ᠱᠠᠯᠠᠪᠳᠠᠭᠤᠯᠤᠨ ᠵᠢᠯᠤᠭᠤᠳᠬᠤ ᠠᠵᠢᠯ᠎ᠢ ᠬᠠᠷᠢᠭᠤᠴᠠᠨ᠎ᠠ᠃
      ᠵᠢᠷᠭᠤᠳᠤᠭ᠋ᠠᠷ ᠵᠦᠢ᠍ᠯ     ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠡᠯ᠎ᠡ ᠨᠢᠭᠡᠴᠡ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠪᠠᠶ᠋ᠢᠭᠤᠯᠤᠮᠵᠢ ᠪᠤᠯᠤᠨ ᠠᠵᠢᠯᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠭᠡᠷᠡᠭᠳᠡᠢ᠂ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠬᠦᠴᠦᠨ ᠴᠢᠳᠠᠯ᠎ᠢ ᠲᠤᠬᠢᠷᠠᠭᠤᠯᠵᠦ᠂ ᠠᠵᠢᠯ᠎ᠤᠨ ᠲᠤᠬᠲᠠᠴᠠ ᠵᠢ ᠪᠠᠶ᠋ᠢᠭᠤᠯᠤᠨ ᠲᠡᠬᠦᠯᠳᠡᠷᠵᠢᠬᠦᠯᠵᠦ᠂ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠤᠷᠤᠬᠰᠢᠲᠠᠢ ᠶᠠᠪᠤᠬᠳᠠᠬᠤ ᠵᠢ ᠪᠠᠲᠤᠯᠠᠨ᠎ᠠ᠃
      ᠬᠤᠶᠠᠳᠤᠭ᠋ᠠᠷ ᠪᠦᠯᠦᠭ     ᠢᠯᠡ ᠪᠤᠯᠭ᠋ᠠᠬᠤ ᠠᠭᠤᠯᠭ᠎ᠠ ᠪᠤᠯᠤᠨ ᠬᠦᠷᠢᠶ᠎ᠡ ᠬᠡᠪᠴᠢᠶ᠎ᠡ
      ᠳᠤᠯᠤᠳᠤᠭ᠋ᠠᠷ ᠵᠦᠢ᠍ᠯ ᠡᠯ᠎ᠡ ᠱᠠᠲᠦᠨ᠎ᠤ ᠨᠠᠮ᠎ᠤᠨ ᠵᠤᠬᠢᠶᠠᠨ ᠪᠠᠶ᠋ᠢᠭᠤᠯᠤᠯᠲᠠ 《ᠬᠤᠶᠠᠷ᠎ᠢ ᠡᠷᠡᠰ ᠬᠠᠮᠠᠭ᠋ᠠᠯᠠᠬᠤ》 ᠵᠢ ᠦᠢ᠍ᠯᠡᠳᠦᠯᠭᠡᠵᠢᠬᠦᠯᠵᠦ᠂ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠵᠢᠨ ᠪᠠᠶ᠋ᠢᠳᠠᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠦ᠂ ᠠᠵᠦ ᠠᠬᠤᠢ ᠨᠡᠶ᠋ᠢᠬᠡᠮ᠎ᠤᠨ ᠬᠦᠭᠵᠢᠯᠲᠡ ᠵᠢᠨ ᠪᠠᠶ᠋ᠢᠳᠠᠯ᠎ᠢ ᠵᠢᠯᠤᠭᠤᠳᠴᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠦ᠂ ᠨᠠᠮ᠎ᠤᠨ ᠪᠠᠶ᠋ᠢᠭᠤᠯᠤᠯᠲᠠ ᠵᠢᠨ ᠪᠠᠶ᠋ᠢᠳᠠᠯ᠂ ᠴᠢᠨᠠᠬᠰᠢᠯᠠᠨ ᠨᠠᠮ᠎ᠤᠨ ᠵᠤᠬᠢᠶᠠᠨ ᠪᠠᠶ᠋ᠢᠭᠤᠯᠤᠯᠲᠠ ᠵᠢᠨ ᠡᠬᠦᠷᠭᠡ ᠴᠢᠳᠠᠪᠬᠢ᠂ ᠪᠠᠶ᠋ᠢᠭᠤᠯᠤᠮᠵᠢ ᠵᠡᠷᠭᠡ ᠪᠠᠶ᠋ᠢᠳᠠᠯ᠎ᠢ ᠴᠢᠩᠭ᠋ᠠᠳᠬᠠᠵᠦ᠂ ᠨᠠᠮ ᠪᠤᠯᠤᠨ ᠤᠯᠤᠰ᠎ᠤᠨ ᠨᠢᠭᠤᠴᠠ᠎ᠳᠤ ᠬᠤᠯᠪᠤᠬᠳᠠᠬᠰᠠᠨ ᠢᠯᠡ ᠪᠤᠯᠭ᠋ᠠᠵᠦ ᠪᠤᠯᠬᠤ ᠦᠬᠡᠢ ᠡᠰᠡᠬᠦᠯ᠎ᠡ ᠬᠠᠮᠢᠶ᠎ᠠ ᠪᠦᠬᠦᠢ ᠳᠦᠷᠢᠮ ᠲᠤᠬᠲᠠᠭ᠋ᠠᠯ᠎ᠢ ᠦᠨᠳᠦᠰᠦᠯᠡᠵᠦ ᠢᠯᠡ ᠪᠤᠯᠭ᠋ᠠᠬᠤ᠎ᠳᠤ ᠵᠤᠬᠢᠰ ᠦᠬᠡᠢ ᠵᠦᠢ᠍ᠯᠡᠰ᠎ᠠᠴᠠ ᠪᠤᠰᠤᠳ᠎ᠢ ᠶᠡᠷᠦᠳᠡᠭᠡᠨ ᠢᠯᠡ ᠪᠤᠯᠭ᠋ᠠᠪᠠᠯ ᠵᠤᠬᠢᠨ᠎ᠠ᠃
ᠨᠠᠮ᠎ᠤᠨ ᠶᠠᠪᠤᠳᠠᠯ᠎ᠢ ᠢᠯᠡ ᠪᠤᠯᠭ᠋ᠠᠬᠤ᠎ᠨᠢ ᠤᠯᠤᠰ ᠲᠦᠷᠦ ᠵᠢᠨ ᠠᠮᠤᠷ ᠲᠦᠪᠰᠢᠨ   ᠤᠨᠴᠠᠭ᠋ᠠᠢ᠌ᠯᠠᠨ ᠲᠦᠷᠦ ᠵᠢᠨ ᠡᠷᠭᠡ ᠵᠢᠨ ᠠᠮᠤᠷ ᠲᠦᠪᠰᠢᠨ᠂ ᠲᠦᠷᠢᠮ᠎ᠤᠨ ᠠᠮᠤᠷ ᠲᠦᠪᠰᠢᠨ᠂ ᠴᠢᠨᠠᠬᠰᠢᠯᠠᠨ ᠠᠵᠦ ᠠᠬᠤᠢ ᠵᠢᠨ ᠠᠮᠤᠷ ᠲᠦᠪᠰᠢᠨ᠂ ᠴᠡᠷᠢᠭ᠎ᠤᠨ ᠶᠠᠪᠤᠳᠠᠯ᠎ᠤᠨ ᠠᠮᠤᠷ ᠲᠦᠪᠰᠢᠨ᠂ ᠰᠤᠶᠤᠯ᠎ᠤᠨ ᠠᠮᠤᠷ ᠲᠦᠪᠰᠢᠨ᠂ ᠨᠡᠶ᠋ᠢᠬᠡᠮ᠎ᠤᠨ ᠠᠮᠤᠷ ᠲᠦᠪᠰᠢᠨ᠂ ᠤᠯᠤᠰ᠎ᠤᠨ ᠨᠤᠲᠤᠭ ᠳᠡᠪᠢᠰᠬᠡᠷ᠎ᠤᠨ ᠠᠮᠤᠷ ᠲᠦᠪᠰᠢᠨ ᠵᠡᠷᠭᠡ ᠵᠢ ᠰᠦᠷᠳᠡᠬᠦᠯᠵᠦ ᠪᠤᠯᠬᠤ ᠦᠬᠡᠢ᠃
      ᠨᠠᠢ᠍ᠮᠠᠳᠣᠭ᠋ᠠᠷ ᠵᠦᠢ᠍ᠯ     ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠲᠤᠤᠷᠠᠬᠢ ᠮᠡᠳᠤ ᠠᠭᠤᠯᠭ᠎ᠠ ᠵᠢ ᠢᠯᠡ ᠪᠤᠯᠭ᠋ᠠᠨ᠎ᠠ᠄
     (ᠨᠢᠬᠡ) ᠰᠢ ᠵᠢᠨ ᠫᠢᠩ᠎ᠤᠨ ᠰᠢᠨ᠎ᠠ ᠴᠠᠬ ᠦᠶ᠎ᠠ ᠵᠢᠨ ᠲᠤᠮᠳᠠᠳᠤ ᠤᠯᠤᠰ᠎ᠤᠨ ᠤᠨᠴᠠᠯᠢᠬ᠎ᠲᠠᠢ ᠨᠡᠶ᠋ᠢᠬᠡᠮ ᠵᠢᠷᠤᠮ᠎ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠤᠷᠢᠬ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠦ᠂ 《ᠬᠤᠶᠠᠷ᠎ᠢ ᠡᠷᠡᠰ ᠬᠠᠮᠠᠭ᠋ᠠᠯᠠᠬᠤ》 ᠵᠢ ᠦᠢ᠍ᠯᠡᠳᠦᠯᠭᠡᠵᠢᠬᠦᠯᠦᠭᠰᠡᠨ ᠪᠠᠶ᠋ᠢᠳᠠᠯ;
     (ᠬᠤᠶᠠᠷ) ᠨᠠᠮ᠎ᠤᠨ ᠲᠦᠪ ᠬᠤᠷᠢᠶ᠎ᠠ ᠵᠢᠨ ᠰᠢᠢ᠍ᠳᠪᠦᠷᠢᠳᠤ ᠪᠤᠳᠤᠯᠭ᠎ᠠ ᠪᠠᠶ᠋ᠢᠷᠢᠯᠠᠭᠤᠯᠤᠯᠳᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠬᠰᠠᠨ ᠪᠠᠶ᠋ᠢᠳᠠᠯ;
     (ᠭᠤᠷᠪᠠ) ᠪᠦᠬᠦ ᠤᠷᠤᠨ᠎ᠤ ᠠᠵᠦ ᠠᠬᠤᠢ ᠨᠡᠶ᠋ᠢᠬᠡᠮ᠎ᠤᠨ ᠬᠦᠭᠵᠢᠯᠳᠡ ᠵᠢᠨ ᠪᠠᠶ᠋ᠢᠷᠢᠯᠠᠭᠤᠯᠤᠯᠳᠠ ᠲᠤᠬᠢᠷᠠᠭᠤᠯᠤᠯᠳᠠ᠂   ᠴᠢᠬᠤᠯᠠ ᠶᠡᠭᠡ ᠦᠬᠡᠷᠡᠴᠢᠯᠡᠯᠳᠡ ᠵᠢᠨ ᠵᠦᠢ᠍ᠯ᠂ ᠴᠢᠬᠤᠯᠠ ᠶᠡᠭᠡ ᠠᠷᠠᠳ᠎ᠤᠨ ᠠᠮᠢᠳᠤᠷᠠᠯ᠎ᠤᠨ ᠠᠷᠭ᠎ᠠ ᠠᠪᠴᠠᠯ ᠵᠡᠷᠬᠡ ᠴᠢᠬᠤᠯᠠ ᠶᠡᠭᠡ ᠰᠢᠢ᠍ᠳᠪᠦᠷᠢᠳᠤ ᠪᠤᠳᠤᠯᠭ᠎ᠠ ᠪᠠ ᠨᠠᠶ᠋ᠢᠳᠠᠪᠤᠷᠢᠵᠢᠭᠤᠯᠤᠯᠳᠠ ᠵᠢ ᠠᠬᠢᠭᠤᠯᠤᠬᠰᠠᠨ ᠪᠠᠶ᠋ᠢᠳᠠᠯ ᠵᠢᠴᠢ ᠭᠦᠨᠳᠤ ᠶᠡᠭᠡ ᠬᠡᠨᠡᠳᠳᠡ ᠵᠢᠨ ᠬᠡᠷᠡᠭ ᠶᠠᠪᠤᠳᠠᠯ᠎ᠢ ᠪᠠᠴᠢᠮ ᠠᠷᠭ᠋ᠠᠴᠠᠭ᠋ᠠᠵᠦ ᠰᠢᠢ᠍ᠳᠪᠦᠷᠢᠯᠡᠭᠰᠡᠨ ᠵᠢᠴᠢ ᠬᠤᠶ᠋ᠢᠳᠤᠬᠢ ᠶᠠᠪᠤᠳᠠᠯ᠎ᠢ ᠲᠤᠬᠢᠳᠠᠢ ᠰᠢᠢ᠍ᠳᠪᠦᠷᠢᠯᠡᠭᠰᠡᠨ ᠠᠵᠢᠯ᠎ᠤᠨ ᠪᠠᠶ᠋ᠢᠳᠠᠯ ᠵᠡᠷᠬᠡ;
     (ᠲᠦᠷᠪᠡ) ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠤᠯ ᠴᠤᠬ᠍ᠴᠠ ᠵᠢᠨ ᠬᠠᠷᠢᠭᠤᠴᠠᠯᠭ᠎ᠠ ᠵᠢ ᠬᠦᠢ᠍ᠴᠡᠳᠬᠡᠵᠦ᠂ ᠨᠠᠮ᠎ᠤᠨ ᠤᠯᠤᠰ ᠲᠦᠷᠦ ᠵᠢᠨ ᠪᠠᠶ᠋ᠢᠭᠤᠯᠤᠯᠳᠠ᠂ ᠦᠵᠡᠯ ᠰᠠᠨᠠᠭ᠋ᠠᠨ᠎ᠤ ᠪᠠᠶ᠋ᠢᠭᠤᠯᠤᠯᠳᠠ᠂ ᠵᠤᠬᠢᠶᠠᠨ ᠪᠠᠶ᠋ᠢᠭᠤᠯᠤᠯᠳᠠ ᠵᠢᠨ ᠪᠠᠶ᠋ᠢᠭᠤᠯᠤᠯᠳᠠ᠂ ᠰᠤᠷᠳᠠᠯ᠎ᠤᠨ ᠪᠠᠶ᠋ᠢᠭᠤᠯᠤᠯᠳᠠ᠂ ᠰᠠᠬᠢᠯᠭ᠎ᠠ ᠪᠠᠳᠤ ᠵᠢᠨ ᠪᠠᠶ᠋ᠢᠭᠤᠯᠤᠯᠳᠠ ᠵᠢ ᠪᠦᠬᠦ ᠲᠠᠯ᠎ᠠ᠎ᠪᠠᠷ ᠠᠬᠢᠭᠤᠯᠤᠬᠰᠠᠨ ᠪᠠᠶ᠋ᠢᠳᠠᠯ᠂ ᠠᠷᠠᠳᠴᠢᠯᠡᠯ ᠲᠦᠪᠯᠡᠷᠡᠯ᠎ᠤᠨ ᠲᠦᠷᠢᠮ᠎ᠤᠨ ᠵᠠᠷᠴᠢᠮ᠎ᠢ ᠲᠤᠭᠤᠰᠢᠯᠠᠭᠤᠯᠵᠦ᠂ ᠨᠠᠮ᠎ᠤᠨ ᠲᠤᠳᠤᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠢ ᠴᠢᠩᠳᠠᠯᠠᠵᠦ᠂ 《ᠲᠦᠷᠪᠡᠨ ᠰᠤᠷᠳᠠᠯ》᠎ᠢ ᠡᠷᠡᠰ ᠡᠰᠡᠷᠬᠦᠴᠡᠵᠦ᠂ ᠨᠠᠮ᠎ᠤᠨ ᠰᠤᠷᠳᠠᠯ ᠴᠢᠬᠡᠴᠢ ᠵᠠᠰᠠᠬ᠎ᠤᠨ ᠪᠠᠶ᠋ᠢᠭᠤᠯᠤᠯᠳᠠ ᠪᠠ ᠢᠯᠵᠡᠷᠠᠯ᠎ᠢ ᠡᠰᠡᠷᠬᠦᠴᠡᠭᠰᠡᠨ ᠪᠠᠶ᠋ᠢᠳᠠᠯ ᠵᠡᠷᠬᠡ;
     (ᠲᠠᠪᠤ) ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠲᠦᠯᠦᠭᠡᠯᠡᠭᠴᠢᠳ᠎ᠤᠨ ᠶᠡᠭᠡ ᠬᠤᠷᠠᠯ᠂ ᠨᠠᠮ᠎ᠤᠨ ᠬᠤᠷᠢᠶᠠᠨ᠎ᠤ ᠪᠦᠬᠦᠳᠡ ᠬᠤᠷᠠᠯ ᠵᠡᠷᠬᠡ ᠨᠠᠮ᠎ᠤᠨ ᠴᠢᠬᠤᠯᠠ ᠬᠤᠷᠠᠯ᠂ ᠠᠵᠢᠯᠯᠠᠭ᠎ᠠ ᠵᠢᠨ ᠪᠠᠶ᠋ᠢᠳᠠᠯ ᠵᠡᠷᠬᠡ;
     (ᠵᠢᠷᠭᠤᠭ᠎ᠠ) ᠲᠦᠪ᠎ᠤᠨ ᠲᠤᠭᠤᠷᠢᠨ ᠪᠠᠶ᠋ᠢᠴᠠᠭ᠋ᠠᠵᠦ ᠤᠴᠢᠵᠦ ᠰᠠᠭᠤᠬᠤ᠂ ᠬᠠᠷᠢᠭᠤ ᠲᠤᠰᠬᠠᠬᠤ᠂ ᠬᠠᠯᠠᠨ ᠰᠠᠶ᠋ᠢᠵᠢᠷᠠᠭᠤᠯᠤᠬᠰᠠᠨ ᠪᠠᠶ᠋ᠢᠳᠠᠯ ᠪᠠ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠲᠤᠭᠤᠷᠢᠨ ᠪᠠᠶ᠋ᠢᠴᠠᠭ᠋ᠠᠬᠤ ᠠᠵᠢᠯ᠎ᠤᠨ ᠬᠠᠮᠢᠶ᠎ᠠ ᠪᠦᠬᠦᠢ ᠪᠠᠶ᠋ᠢᠳᠠᠯ;
     (ᠲᠤᠯᠤᠭ᠎ᠠ) ᠴᠢᠬᠤᠯᠠ ᠠᠵᠢᠯᠳᠠᠨ᠎ᠤ ᠶᠠᠪᠤᠳᠠᠯ᠎ᠤᠨ ᠲᠤᠰᠢᠶᠠᠯ᠎ᠳᠤ ᠲᠤᠮᠢᠯᠠᠵᠦ ᠲᠤᠰᠢᠶᠠᠯ᠎ᠠᠴᠠ ᠤᠬ᠍ᠴᠠᠷᠠᠭᠤᠯᠬᠤ᠂ ᠨᠠᠮ᠎ᠤᠨ ᠲᠤᠳᠤᠭ᠋ᠠᠳᠤ ᠵᠢᠨ ᠬᠦᠬᠢᠬᠦᠯᠦᠨ ᠰᠠᠶ᠋ᠢᠰᠢᠶᠠᠬᠰᠠᠨ ᠪᠠᠶ᠋ᠢᠳᠠᠯ;
     (ᠨᠠᠢ᠍ᠮᠠ) ᠨᠠᠮ᠎ᠤᠨ ᠲᠤᠳᠤᠭ᠋ᠠᠳᠤ ᠵᠢᠨ ᠴᠢᠬᠤᠯᠠ ᠬᠠᠤᠯᠢ ᠲᠤᠬᠳᠠᠭ᠋ᠠᠯ ᠪᠠ ᠲᠦᠷᠢᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ᠎ᠢ ᠰᠢᠨ᠎ᠠ᠎ᠪᠠᠷ ᠲᠤᠭᠳᠠᠭ᠋ᠠᠵᠦ ᠵᠠᠰᠠᠪᠤᠷᠢ ᠤᠷᠤᠭᠤᠯᠵᠦ ᠬᠦᠴᠦᠨ ᠦᠬᠡᠢ ᠪᠤᠯᠭ᠋ᠠᠵᠦ ᠲᠠᠶ᠋ᠢᠯᠪᠤᠷᠢ ᠬᠢᠭᠰᠡᠨ ᠪᠠᠶ᠋ᠢᠳᠠᠯ;
     (ᠶᠢᠰᠦ) ᠲᠤᠰ ᠪᠡᠶ᠎ᠠ ᠵᠢᠨ ᠪᠠᠶ᠋ᠢᠭᠤᠯᠤᠯᠳᠠ᠎ᠪᠠᠨ ᠴᠢᠩᠭ᠋ᠠᠳᠬᠠᠬᠰᠠᠨ ᠪᠠᠶ᠋ᠢᠳᠠᠯ;
     (ᠠᠷᠪᠠ) ᠨᠠᠮ᠎ᠤᠨ ᠬᠤᠷᠢᠶᠠᠨ᠎ᠤ ᠤᠳᠤᠷᠢᠳᠬᠤ ᠨᠦᠬᠦᠳ ᠤᠯᠠᠨ ᠲᠦᠮᠡᠨ᠎ᠲᠠᠢ ᠰᠢᠭᠤᠳ ᠬᠠᠷᠢᠯᠴᠠᠵᠦ ᠦᠢ᠍ᠯᠡᠴᠢᠯᠡᠭᠰᠡᠨ ᠪᠠᠶ᠋ᠢᠳᠠᠯ᠂ ᠵᠠᠬᠢᠳᠠᠯ ᠰᠤᠷᠪᠤᠯᠵᠢᠯᠠᠯ᠎ᠢ ᠬᠦᠯᠢᠶᠡᠭᠰᠡᠨ ᠪᠠᠶ᠋ᠢᠳᠠᠯ;
     (ᠠᠷᠪᠠᠨ ᠨᠢᠬᠡ) ᠪᠤᠰᠤᠳ ᠢᠯᠡ ᠪᠤᠯᠭ᠋ᠠᠬᠤ ᠶᠤᠰᠤᠳᠠᠢ ᠨᠠᠮ᠎ᠤᠨ ᠶᠠᠪᠤᠳᠠᠯ᠃
      ᠶᠢᠰᠦᠳᠦᠬᠡᠷ ᠵᠦᠢ᠍ᠯ     ᠠᠶ᠋ᠢᠮᠠᠬ ᠬᠤᠳᠠ᠂ ᠬᠤᠰᠢᠭᠤ ᠰᠢᠶᠠᠨ (ᠬᠤᠳᠠ᠂ ᠲᠤᠭᠤᠷᠢᠬ)᠎ᠤ ᠨᠠᠮ᠎ᠤᠨ ᠬᠤᠷᠢᠶ᠎ᠠ 《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠨᠠᠮ᠎ᠤᠨ ᠠᠵᠢᠯ᠎ᠢ ᠢᠯᠡ ᠪᠤᠯᠭ᠋ᠠᠬᠤ ᠲᠦᠷᠢᠮ (ᠲᠤᠷᠰᠢᠨ ᠬᠡᠷᠡᠭᠵᠢᠬᠦᠯᠬᠦ)》᠎ᠢ ᠦᠨᠳᠦᠰᠦᠯᠡᠨ᠂   ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠨᠠᠮ᠎ᠤᠨ ᠠᠵᠢᠯ᠎ᠢ ᠢᠯᠡ ᠪᠤᠯᠭ᠋ᠠᠬᠤ ᠠᠭᠤᠯᠭ᠎ᠠ᠎ᠪᠠᠷ ᠯᠠᠪᠯᠠᠯᠳᠠ ᠪᠤᠯᠭ᠋ᠠᠵᠦ᠂ ᠲᠤᠰ ᠱᠠᠳᠤᠨ᠎ᠤ ᠨᠠᠮ᠎ᠤᠨ ᠬᠤᠷᠢᠶᠠᠨ᠎ᠤ ᠨᠠᠮ᠎ᠤᠨ ᠠᠵᠢᠯ᠎ᠢ ᠢᠯᠡ ᠪᠤᠯᠭ᠋ᠠᠬᠤ ᠪᠤᠳᠠᠳᠠᠢ ᠠᠭᠤᠯᠭ᠎ᠠ ᠵᠢ ᠲᠤᠳᠤᠷᠬᠠᠢ᠌ᠢ᠍ᠯᠠᠪᠠᠯ ᠵᠤᠬᠢᠨ᠎ᠠ᠃
      ᠠᠷᠪᠠᠳᠤᠭ᠋ᠠᠷ ᠵᠦᠢ᠍ᠯ     ᠨᠠᠮ᠎ᠤᠨ ᠦᠨᠳᠦᠰᠦᠨ ᠱᠠᠳᠤᠨ᠎ᠤ ᠵᠤᠬᠢᠶᠠᠨ ᠪᠠᠶ᠋ᠢᠭᠤᠯᠤᠯᠳᠠ᠎ᠨᠢ ᠲᠤᠤᠷᠠᠬᠢ ᠮᠡᠳᠤ ᠠᠭᠤᠯᠭ᠎ᠠ ᠵᠢ ᠢᠯᠡ ᠪᠤᠯᠭ᠋ᠠᠪᠠᠯ ᠵᠤᠬᠢᠨ᠎ᠠ᠄
     (ᠨᠢᠭᠡ) ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ 《ᠬᠤᠶᠠᠷ᠎ᠢ ᠡᠷᠡᠰ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠵᠦ ᠪᠠᠶ᠋ᠢᠭ᠎ᠠ ᠪᠠᠶ᠋ᠢᠳᠠᠯ;
     (ᠬᠤᠶᠠᠷ) ᠨᠠᠮ᠎ᠤᠨ ᠲᠦᠪ ᠬᠤᠷᠢᠶ᠎ᠠ ᠪᠠ ᠲᠡᠭᠡᠳᠦ ᠱᠠᠳᠤᠨ᠎ᠤ ᠵᠤᠬᠢᠶᠠᠨ ᠪᠠᠶ᠋ᠢᠭᠤᠯᠤᠯᠳᠠ ᠵᠢᠨ ᠰᠢᠢ᠍ᠳᠪᠦᠷᠢᠳᠤ ᠪᠤᠳᠤᠯᠭ᠎ᠠ ᠪᠠᠶ᠋ᠢᠷᠢᠯᠠᠭᠤᠯᠤᠯᠳᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ;
     (ᠭᠤᠷᠪᠠ) ᠲᠤᠰᠢᠶᠠᠯ᠎ᠤᠨ ᠬᠤᠭᠤᠴᠠᠭ᠋ᠠᠨ᠎ᠳᠠᠬᠢ ᠠᠵᠢᠯ᠎ᠤᠨ ᠬᠠᠷᠠᠯᠳᠠ᠂ ᠱᠠᠳᠤᠴᠢ ᠴᠢᠨᠠᠷᠳᠠᠢ ᠠᠵᠢᠯ᠎ᠤᠨ ᠪᠠᠶ᠋ᠢᠷᠢᠯᠠᠭᠤᠯᠤᠯᠳᠠ᠂ ᠭᠤᠤᠯᠳᠠᠯᠭ᠎ᠠ᠎ᠲᠠᠢ ᠠᠵᠢᠯ᠎ᠤᠨ ᠡᠭᠦᠷᠭᠡ ᠵᠢᠴᠢ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ;
     (ᠲᠦᠷᠪᠡ) ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠢ ᠴᠢᠩᠭ᠋ᠠᠳᠬᠠᠵᠤ᠂ ᠨᠠᠮ᠎ᠤᠨ ᠲᠤᠳᠤᠭ᠋ᠠᠳᠤ ᠵᠢᠨ ᠰᠤᠷᠤᠯᠴᠠᠯᠭ᠎ᠠ ᠬᠦᠮᠦᠵᠢᠯ ᠦᠷᠨᠢᠭᠦᠯᠵᠦ ᠪᠠᠶ᠋ᠢᠭ᠎ᠠ᠂ ᠨᠠᠮ᠎ᠤᠨ ᠭᠡᠰᠢᠭᠦᠳ ᠵᠶ᠋ᠠᠨ ᠵᠤᠬᠢᠶᠠᠨ ᠪᠠᠶ᠋ᠢᠭᠤᠯᠵᠤ ᠬᠦᠮᠦᠵᠢᠭᠦᠯᠤᠨ ᠪᠤᠯᠪᠠᠰᠤᠷᠠᠭᠤᠯᠵᠤ ᠪᠠᠶ᠋ᠢᠭ᠎ᠠ᠂ 《ᠭᠤᠷᠪᠠᠨ ᠬᠤᠷᠠᠯ ᠨᠢᠭᠡ ᠬᠢᠴᠢᠶᠡᠯ》᠎ᠤᠨ ᠲᠦᠷᠢᠮ᠎ᠢ ᠬᠡᠷᠡᠭᠵᠢᠭᠦᠯᠵᠦ ᠪᠠᠶ᠋ᠢᠭ᠎ᠠ᠂ ᠨᠠᠮ᠎ᠤᠨ ᠡᠭᠦᠷ᠎ᠤᠨ ᠭᠤᠤᠯ ᠰᠡᠳᠦᠪᠳᠤ ᠨᠠᠮ᠎ᠤᠨ ᠡᠳᠦᠷ᠎ᠤᠨ ᠠᠵᠢᠯᠯᠠᠭ᠎ᠠ ᠦᠷᠨᠢᠭᠦᠯᠵᠦ ᠪᠠᠶ᠋ᠢᠭ᠎ᠠ ᠵᠡᠷᠭᠡ ᠪᠠᠶ᠋ᠢᠳᠠᠯ;
     (ᠲᠠᠪᠤ) ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠦᠨᠳᠦᠰᠦᠨ ᠪᠠᠶ᠋ᠢᠳᠠᠯ᠂ ᠤᠳᠤᠷᠢᠳᠬᠤ ᠪᠠᠭ᠎ᠤᠨ ᠪᠦᠷᠢᠯᠳᠦᠭᠦᠨ᠎ᠤ ᠠᠵᠢᠯ᠎ᠤᠨ ᠬᠤᠪᠢᠶᠠᠷᠢᠯᠠᠯ᠂ ᠭᠤᠤᠯ ᠲᠤᠰᠢᠶᠠᠯ ᠬᠠᠷᠢᠭᠤᠴᠠᠯᠭ᠎ᠠ᠂ ᠬᠤᠭᠤᠴᠠᠭ᠎ᠠ ᠰᠤᠯᠢᠬᠤ ᠰᠤᠩᠭᠤᠭᠤᠯᠢ᠂ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠲᠤᠬᠢᠷᠠᠭᠤᠯᠤᠯᠳᠠ᠂ ᠨᠠᠮ᠎ᠤᠨ ᠭᠡᠰᠢᠭᠦᠨ᠎ᠢ ᠬᠦᠮᠦᠵᠢᠭᠦᠯᠬᠦ᠂ ᠠᠷᠠᠳᠴᠢᠯᠠᠯ ᠵᠶ᠋ᠠᠷ ᠵᠦᠪᠯᠡᠨ ᠲᠤᠭᠳᠠᠭ᠋ᠠᠬᠤ᠂ ᠵᠤᠬᠢᠶᠠᠨ ᠪᠠᠶ᠋ᠢᠭᠤᠯᠤᠯᠳᠠ ᠵᠢᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠬᠤ᠂ ᠨᠠᠮ᠎ᠤᠨ ᠲᠤᠳᠤᠭ᠋ᠠᠳᠤ ᠵᠢᠨ ᠬᠦᠬᠢᠬᠦᠯᠦᠨ ᠰᠠᠶ᠋ᠢᠰᠢᠶᠠᠬᠤ᠂ ᠨᠠᠮ᠎ᠤᠨ ᠭᠡᠰᠢᠭᠦᠨ᠎ᠤ ᠡᠷᠭᠡ ᠠᠰᠢᠭ᠎ᠢ ᠪᠠᠳᠤᠯᠠᠬᠤ᠂ ᠨᠠᠮ᠎ᠤᠨ ᠰᠦᠢ᠍ᠳᠭᠡᠯ᠎ᠢ ᠬᠤᠷᠢᠶᠠᠬᠤ ᠲᠤᠰᠢᠶᠠᠬᠤ ᠪᠠ ᠬᠡᠷᠡᠭᠯᠡᠬᠦ ᠵᠢ ᠬᠠᠮᠢᠶᠠᠷᠴᠤ ᠪᠠᠶ᠋ᠢᠭ᠎ᠠ ᠪᠠᠶ᠋ᠢᠳᠠᠯ;
     (ᠵᠢᠷᠭᠤᠭ᠎ᠠ) ᠨᠠᠮ᠎ᠢ ᠬᠠᠮᠢᠶᠠᠷᠬᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠲᠤᠰ ᠪᠡᠶ᠎ᠠ ᠵᠢᠨ ᠪᠠᠶ᠋ᠢᠭᠤᠯᠤᠯᠳᠠ ᠵᠢ ᠴᠢᠩᠭ᠋ᠠᠳᠬᠠᠵᠤ᠂ ᠠᠷᠠᠳᠴᠢᠯᠠᠯ ᠲᠦᠪᠯᠡᠷᠡᠯ᠎ᠤᠨ ᠲᠦᠷᠢᠮ᠂ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠬᠡᠷᠡᠭ ᠵᠦᠪᠯᠡᠬᠦ ᠲᠦᠷᠢᠮ ᠪᠤᠯᠤᠨ ᠰᠢᠢ᠍ᠳᠪᠦᠷᠢᠳᠤ ᠪᠤᠳᠤᠯᠭ᠎ᠠ ᠲᠡᠰ ᠲᠠᠷᠠᠭ᠋ᠠᠯᠠᠯ᠎ᠤᠨ ᠲᠦᠷᠢᠮ ᠵᠡᠷᠭᠡ ᠵᠢ ᠲᠤᠭᠤᠰᠢᠯᠠᠭᠤᠯᠤᠨ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ;
     (ᠲᠤᠯᠤᠭ᠎ᠠ) ᠨᠠᠮ᠎ᠤᠨ ᠰᠤᠷᠳᠠᠯ ᠴᠢᠭᠡᠴᠢ ᠵᠠᠰᠠᠭ᠎ᠤᠨ ᠪᠠᠶ᠋ᠢᠭᠤᠯᠤᠯᠳᠠ ᠵᠢ ᠴᠢᠩᠭ᠋ᠠᠳᠬᠠᠵᠤ᠂ 《ᠲᠦᠷᠪᠡᠨ ᠰᠤᠷᠳᠠᠯ》᠎ᠤᠨ ᠦᠵᠡᠭᠳᠡᠯ᠎ᠢ ᠰᠡᠷᠭᠡᠶ᠋ᠢᠯᠡᠨ ᠬᠤᠷᠢᠠᠠᠯᠠᠬᠤ ᠪᠠ ᠵᠠᠯᠠᠷᠠᠭᠤᠯᠵᠤ᠂ ᠨᠠᠮ᠎ᠤᠨ ᠭᠡᠰᠢᠭᠦᠨ᠎ᠢ ᠵᠤᠬᠢᠶᠠᠨ ᠪᠠᠶ᠋ᠢᠭᠤᠯᠤᠯᠳᠠ ᠵᠢᠨ ᠲᠠᠯ᠎ᠠ᠎ᠪᠠᠷ ᠰᠢᠢ᠍ᠳᠪᠦᠷᠢᠯᠡᠭᠰᠡᠨ ᠪᠠ ᠰᠠᠬᠢᠯᠭ᠎ᠠ ᠪᠠᠳᠤ ᠵᠢᠨ ᠲᠠᠯ᠎ᠠ᠎ᠪᠠᠷ ᠰᠢᠢ᠍ᠳᠭᠡᠯ ᠦᠭᠭᠦᠭᠰᠡᠨ ᠪᠠᠶ᠋ᠢᠳᠠᠯ;
     (ᠨᠠᠢ᠍ᠮᠠ) ᠨᠠᠮ᠎ᠤᠨ ᠭᠡᠰᠢᠭᠦᠨ ᠪᠠ ᠤᠯᠠᠨ ᠲᠦᠮᠡᠨ᠎ᠲᠠᠢ ᠬᠠᠷᠢᠯᠴᠠᠬᠤ ᠪᠠ ᠦᠢ᠍ᠯᠡᠴᠢᠯᠡᠵᠦ᠂ ᠨᠠᠮ᠎ᠤᠨ ᠭᠡᠰᠢᠭᠦᠨ᠂ ᠤᠯᠠᠨ ᠲᠦᠮᠡᠨ᠎ᠤ ᠰᠠᠨᠠᠯ ᠰᠠᠨᠠᠭᠤᠯᠭ᠎ᠠ ᠵᠢ ᠲᠤᠰᠬᠠᠬᠤ ᠪᠠ ᠬᠦᠯᠢᠶᠡᠨ ᠠᠪᠴᠤ᠂ ᠵᠠᠬᠢᠳᠠᠯ ᠰᠤᠷᠪᠤᠯᠵᠢᠯᠠᠯ᠎ᠢ ᠰᠢᠢ᠍ᠳᠪᠦᠷᠢᠯᠡᠨ᠂ ᠵᠦᠷᠢᠴᠡᠯ ᠵᠢᠭᠤᠷᠠᠭ᠋ᠠᠨ᠎ᠢ ᠪᠠᠶ᠋ᠢᠴᠠᠭ᠋ᠠᠨ ᠰᠢᠢ᠍ᠳᠪᠦᠷᠢᠯᠡᠵᠦ᠂ ᠶᠠᠳᠠᠭᠤ ᠬᠦᠴᠢᠷᠳᠡᠯᠳᠡᠢ ᠨᠠᠮ᠎ᠤᠨ ᠭᠡᠰᠢᠭᠦᠨ᠎ᠢ ᠬᠠᠯᠠᠮᠵᠢᠯᠠᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ᠎ᠢ ᠲᠤᠰᠠᠯᠠᠨ ᠲᠡᠮᠵᠢᠭᠰᠡᠨ ᠵᠡᠷᠭᠡ ᠪᠠᠶ᠋ᠢᠳᠠᠯ;
     (ᠶᠢᠰᠦ) ᠪᠤᠰᠤᠳ ᠢᠯᠡ ᠪᠤᠯᠭ᠋ᠠᠬᠤ ᠶᠤᠰᠤᠳᠠᠢ ᠨᠠᠮ᠎ᠤᠨ ᠶᠠᠪᠤᠳᠡᠯ᠃
      ᠠᠷᠪᠠᠨ ᠨᠢᠭᠡᠳᠤᠭᠡᠷ ᠵᠦᠢ᠍ᠯ     ᠨᠠᠮ᠎ᠤᠨ ᠦᠨᠳᠤᠰᠤᠨ ᠱᠠᠳᠤᠨ᠎ᠤ ᠵᠤᠬᠢᠶᠠᠨ ᠪᠠᠶ᠋ᠢᠭᠤᠯᠤᠯᠳᠠ ᠪᠠᠰᠠ ᠦᠪᠡᠷ᠎ᠤᠨ ᠬᠠᠷᠢᠭᠤᠴᠠᠯᠭ᠎ᠠ ᠡᠬᠦᠷᠭᠡ ᠪᠠ ᠤᠨᠴᠠᠯᠢᠭ᠎ᠲᠠᠢ᠎ᠪᠠᠨ ᠤᠶᠠᠯᠳᠤᠭᠤᠯᠵᠤ ᠳᠤᠤᠷᠠᠬᠢ ᠮᠡᠳᠤ ᠠᠭᠤᠯᠭ᠎ᠠ ᠵᠢ ᠢᠯᠡ ᠪᠤᠯᠭ᠋ᠠᠪᠠᠯ ᠵᠤᠬᠢᠨ᠎ᠠ᠄
     (ᠨᠢᠭᠡ) ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠨᠠᠮ᠎ᠤᠨ ᠦᠨᠳᠤᠰᠤᠨ ᠱᠠᠳᠤᠨ᠎ᠤ ᠬᠤᠷᠢᠶ᠎ᠠ ᠪᠠ ᠭᠠᠴᠠᠭ᠎ᠠ ᠳᠤᠰᠬᠤᠨ (ᠨᠡᠶ᠋ᠢᠭᠡᠮ ᠲᠤᠭᠤᠷᠢᠭ)᠎ᠤ ᠨᠠᠮ᠎ᠤᠨ ᠵᠤᠬᠢᠶᠠᠨ ᠪᠠᠶ᠋ᠢᠭᠤᠯᠤᠯᠳᠠ ᠳᠤᠬᠠᠢ ᠵᠢᠨ ᠭᠠᠵᠠᠷ᠎ᠤᠨ ᠠᠵᠢᠯ ᠪᠤᠯᠤᠨ ᠦᠨᠳᠤᠰᠤᠨ ᠱᠠᠳᠤᠨ᠎ᠤ ᠨᠠᠶ᠋ᠢᠭᠡᠮ᠎ᠤᠨ ᠵᠠᠰᠠᠯᠳᠠ ᠵᠢ ᠤᠳᠤᠷᠢᠳᠴᠤ ᠪᠠᠶ᠋ᠢᠭ᠎ᠠ ᠪᠠᠶ᠋ᠢᠳᠠᠯ ᠵᠶ᠋ᠠᠨ ᠢᠯᠡ ᠪᠤᠯᠭ᠋ᠠᠪᠠᠯ ᠵᠤᠬᠢᠨ᠎ᠠ᠂ ᠵᠠᠰᠠᠭ ᠵᠠᠬᠢᠷᠭ᠋ᠠᠨ᠎ᠤ ᠵᠤᠬᠢᠶᠠᠨ ᠪᠠᠶ᠋ᠢᠭᠤᠯᠤᠯᠳᠠ᠂ ᠨᠠᠶ᠋ᠢᠭᠡᠮ᠎ᠤᠨ ᠵᠤᠬᠢᠶᠠᠨ ᠪᠠᠶ᠋ᠢᠭᠤᠯᠤᠯᠳᠠ᠂ ᠠᠵᠤ ᠠᠬᠤᠢ ᠵᠢᠨ ᠵᠤᠬᠢᠶᠠᠨ ᠪᠠᠶ᠋ᠢᠭᠤᠯᠤᠯᠳᠠ ᠪᠠ ᠤᠯᠠᠨ ᠲᠦᠮᠡᠨ᠎ᠤ ᠦᠪᠡᠷᠳᠡᠭᠡᠨ ᠵᠠᠰᠠᠬᠤ ᠵᠤᠬᠢᠶᠠᠨ ᠪᠠᠶ᠋ᠢᠭᠤᠯᠤᠯᠳᠠ ᠡᠷᠭᠡ ᠲᠤᠰᠢᠶᠠᠯ ᠵᠶ᠋ᠠᠨ ᠬᠦᠢ᠍ᠴᠡᠳ ᠬᠡᠷᠡᠭᠵᠢᠬᠦᠯᠬᠦ ᠵᠢ ᠲᠡᠮᠵᠢᠬᠦ ᠪᠠ ᠪᠠᠳᠤᠯᠠᠬᠤ ᠵᠡᠷᠭᠡ ᠪᠠᠶ᠋ᠢᠳᠠᠯ;
     (ᠬᠤᠶᠠᠷ) ᠤᠯᠤᠰ᠎ᠤᠨ ᠦᠮᠴᠢᠯᠡᠯ᠎ᠤᠨ ᠠᠵᠤ ᠠᠬᠤᠢ᠌ᠢ᠍ᠯᠡᠯ᠎ᠳᠠᠬᠢ ᠨᠠᠮ᠎ᠤᠨ ᠦᠨᠳᠤᠰᠤᠨ ᠱᠠᠳᠤᠨ᠎ᠤ ᠵᠤᠬᠢᠶᠠᠨ ᠪᠠᠶ᠋ᠢᠭᠤᠯᠤᠯᠳᠠ ᠡᠷᠭᠡᠪᠰᠢ ᠨᠠᠮ᠎ᠤᠨ ᠱᠤᠭᠤᠮ ᠴᠢᠭᠯᠡᠯᠳᠡ ᠲᠦᠷᠦ ᠵᠢᠨ ᠪᠤᠳᠤᠯᠭ᠎ᠠ ᠵᠢ ᠳᠤᠭᠤᠰᠢᠯᠠᠭᠤᠯᠤᠨ ᠬᠡᠷᠡᠭᠵᠢᠬᠦᠯᠵᠤ ᠪᠠᠶ᠋ᠢᠭ᠎ᠠ ᠪᠠᠶ᠋ᠢᠳᠠᠯ ᠵᠶ᠋ᠠᠨ ᠢᠯᠡ ᠪᠤᠯᠭ᠋ᠠᠵᠦ᠂ ᠠᠵᠤ ᠠᠬᠤᠢ᠌ᠢ᠍ᠯᠡᠯ᠎ᠤᠨ ᠦᠢ᠍ᠯᠡᠳᠪᠤᠷᠢᠯᠡᠯ᠎ᠤᠨ ᠡᠵᠡᠩᠨᠡᠯᠳᠠ ᠵᠢᠨ ᠲᠤᠭᠤᠷᠢᠨ᠎ᠳᠤ ᠠᠵᠢᠯ ᠵᠶ᠋ᠠᠨ ᠦᠷᠨᠢᠬᠦᠯᠵᠤ᠂ ᠠᠵᠢᠯᠳᠠᠨ᠎ᠤ ᠲᠦᠯᠦᠭᠡᠯᠡᠭᠴᠢᠳ᠎ᠤᠨ ᠶᠡᠭᠡ ᠬᠤᠷᠠᠯ᠎ᠤᠨ ᠠᠵᠢᠯ ᠦᠷᠨᠢᠬᠦᠯᠬᠦ ᠵᠢ ᠲᠡᠮᠵᠢᠵᠤ᠂ ᠠᠵᠤ ᠠᠬᠤᠢ᠌ᠢ᠍ᠯᠡᠯ᠎ᠤᠨ ᠴᠢᠬᠤᠯᠠ ᠶᠡᠭᠡ ᠵᠦᠢ᠍ᠯ᠎ᠢ ᠶᠠᠷᠢᠯᠴᠠᠨ ᠳᠤᠭᠳᠠᠭ᠋ᠠᠵᠤ᠂ ᠠᠵᠤ ᠠᠬᠤᠢ᠌ᠢ᠍ᠯᠡᠯ᠎ᠤᠨ ᠴᠢᠬᠤᠯᠠ ᠶᠡᠭᠡ ᠠᠰᠠᠭᠤᠳᠠᠯ᠎ᠤᠨ ᠳᠤᠬᠠᠢ ᠰᠢᠢ᠍ᠳᠪᠤᠷᠢᠳᠤ ᠪᠤᠳᠤᠯᠭ᠎ᠠ ᠳᠤᠭᠳᠠᠭ᠋ᠠᠬᠤ᠎ᠳᠤ ᠤᠷᠤᠯᠴᠠᠬᠤ ᠵᠡᠷᠭᠡ ᠪᠠᠶ᠋ᠢᠳᠠᠯ;
     (ᠭᠤᠷᠪᠠ) ᠨᠡᠶ᠋ᠢᠳᠡ ᠵᠢᠨ ᠦᠮᠴᠢᠯᠡᠯ᠎ᠤᠨ ᠪᠤᠰᠤ ᠠᠵᠤ ᠠᠬᠤᠢ ᠵᠢᠨ ᠵᠤᠬᠢᠶᠠᠨ ᠪᠠᠶ᠋ᠢᠭᠤᠯᠤᠯᠳᠠ᠎ᠳᠠᠬᠢ ᠨᠠᠮ᠎ᠤᠨ ᠦᠨᠳᠤᠰᠤᠨ ᠱᠠᠳᠤᠨ᠎ᠤ ᠵᠤᠬᠢᠶᠠᠨ ᠪᠠᠶ᠋ᠢᠭᠤᠯᠤᠯᠳᠠ ᠡᠷᠭᠡᠪᠰᠢ ᠨᠠᠮ᠎ᠤᠨ ᠱᠤᠭᠤᠮ ᠴᠢᠭᠯᠡᠯᠳᠡ ᠲᠦᠷᠦ ᠵᠢᠨ ᠪᠤᠳᠤᠯᠭ᠎ᠠ ᠵᠢ ᠳᠤᠭᠤᠰᠢᠯᠠᠭᠤᠯᠬᠤ ᠵᠢ ᠢᠯᠡ ᠪᠤᠯᠭ᠋ᠠᠵᠦ᠂ ᠠᠵᠤ ᠠᠬᠤᠢ᠌ᠢ᠍ᠯᠡᠯ᠎ᠤᠨ ᠤᠯᠤᠰ᠎ᠤᠨ ᠬᠠᠤᠯᠢ ᠴᠠᠭ᠋ᠠᠵᠠ ᠬᠠᠤᠯᠢ ᠲᠦᠷᠢᠮ᠎ᠢ ᠵᠢᠷᠤᠮᠯᠠᠬᠤ ᠵᠢ ᠬᠦᠳᠤᠯᠤᠨ ᠵᠢᠯᠤᠭᠤᠳᠴᠤ ᠬᠢᠨᠠᠯᠳᠠ ᠲᠠᠯᠪᠢᠨ᠂ ᠠᠵᠢᠯᠴᠢᠨ᠎ᠤ ᠡᠪᠯᠡᠯ᠂ ᠡᠪ ᠬᠠᠮᠳᠤ ᠵᠠᠯᠠᠭᠤᠴᠤᠳ᠎ᠤᠨ ᠡᠪᠯᠡᠯ ᠵᠡᠷᠭᠡ ᠤᠯᠠᠨ ᠲᠦᠮᠡᠨᠴᠢ ᠪᠦᠯᠬᠦᠮ᠎ᠤᠨ ᠵᠤᠬᠢᠶᠠᠨ ᠪᠠᠶ᠋ᠢᠭᠤᠯᠤᠯᠳᠠ ᠵᠢ ᠤᠳᠤᠷᠢᠳᠴᠤ᠂ ᠠᠵᠤ ᠠᠬᠤᠢ᠌ᠢ᠍ᠯᠡᠯ᠎ᠤᠨ ᠡᠷᠡᠬᠦᠯ ᠵᠶ᠋ᠠᠷ ᠬᠦᠭᠵᠢᠬᠦ ᠵᠢ ᠠᠬᠢᠭᠤᠯᠵᠤ ᠪᠠᠶ᠋ᠢᠭ᠎ᠠ ᠵᠡᠷᠬᠡ ᠪᠠᠶ᠋ᠢᠳᠠᠯ;
     (ᠲᠦᠷᠪᠡ) ᠨᠡᠶ᠋ᠢᠭᠡᠮ᠎ᠤᠨ ᠵᠤᠬᠢᠶᠠᠨ ᠪᠠᠶ᠋ᠢᠭᠤᠯᠤᠯᠳᠠ᠎ᠳᠠᠬᠢ ᠨᠠᠮ᠎ᠤᠨ ᠦᠨᠳᠤᠰᠤᠨ ᠱᠠᠳᠤᠨ᠎ᠤ ᠵᠤᠬᠢᠶᠠᠨ ᠪᠠᠶ᠋ᠢᠭᠤᠯᠤᠯᠳᠠ ᠡᠷᠭᠡᠪᠰᠢ ᠨᠠᠮ᠎ᠤᠨ ᠱᠤᠭᠤᠮ ᠴᠢᠭᠯᠡᠯᠳᠡ ᠲᠦᠷᠦ ᠵᠢᠨ ᠪᠤᠳᠤᠯᠭ᠎ᠠ ᠵᠢ ᠤᠬᠠᠭᠤᠯᠬᠤ ᠪᠠ ᠬᠡᠷᠡᠭᠵᠢᠬᠦᠯᠵᠤ ᠪᠠᠶ᠋ᠢᠭ᠎ᠠ ᠪᠠᠶ᠋ᠢᠳᠠᠯ᠎ᠢ ᠢᠯᠡ ᠪᠤᠯᠭ᠋ᠠᠵᠦ᠂ ᠠᠵᠢᠯᠴᠢᠨ᠎ᠤ ᠡᠪᠯᠡᠯ᠂ ᠡᠪ ᠬᠠᠮᠳᠤ ᠵᠠᠯᠠᠭᠤᠴᠤᠳ᠎ᠤᠨ ᠡᠪᠯᠡᠯ ᠵᠡᠷᠭᠡ ᠤᠯᠠᠨ ᠲᠦᠮᠡᠨᠴᠢ ᠪᠦᠯᠬᠦᠮ᠎ᠢ ᠤᠳᠤᠷᠢᠳᠴᠤ᠂ ᠨᠠᠮ᠎ᠤᠨ ᠬᠡᠰᠢᠬᠦᠨ᠎ᠢ ᠬᠦᠮᠦᠵᠢᠬᠦᠯᠦᠨ ᠬᠠᠮᠢᠶᠠᠷᠴᠤ᠂ ᠤᠯᠠᠨ ᠲᠦᠮᠡᠨ᠎ᠢ ᠬᠦᠳᠦᠯᠦᠨ ᠳᠠᠭ᠋ᠠᠭᠤᠯᠵᠤ ᠦᠢ᠍ᠯᠡᠴᠢᠯᠡᠨ᠂ ᠠᠵᠢᠯ ᠲᠦᠷᠦᠯ᠎ᠤᠨ ᠦᠪᠡᠷ᠎ᠢ᠎ᠪᠠᠨ ᠱᠠᠭ᠋ᠠᠷᠳᠠᠬᠤ ᠵᠢᠴᠢ ᠦᠨᠡᠨᠴᠢ ᠢᠳᠡᠭᠡᠮᠵᠢ ᠵᠢᠨ ᠪᠠᠶ᠋ᠢᠭᠤᠯᠤᠯᠳᠠ ᠵᠢ ᠠᠬᠢᠭᠤᠯᠵᠤ᠂ ᠨᠠᠶ᠋ᠢᠭᠡᠮ᠎ᠤᠨ ᠵᠤᠬᠢᠶᠠᠨ ᠪᠠᠶ᠋ᠢᠭᠤᠯᠤᠯᠳᠠ ᠵᠢ ᠬᠦᠳᠦᠯᠦᠨ ᠳᠠᠭ᠋ᠠᠭᠤᠯᠵᠤ ᠨᠡᠶ᠋ᠢᠭᠡᠮ᠎ᠤᠨ ᠦᠢ᠍ᠯᠡᠴᠢᠯᠡᠭᠡ ᠪᠠ ᠨᠡᠶ᠋ᠢᠭᠡᠮ᠎ᠤᠨ ᠵᠠᠰᠠᠯᠳᠠ᠎ᠳᠤ ᠤᠷᠤᠯᠴᠠᠵᠤ᠂ ᠠᠵᠢᠯ ᠦᠢ᠍ᠯᠡᠰ᠎ᠤᠨ ᠬᠦᠭᠵᠢᠯᠳᠡ ᠵᠢ ᠠᠬᠢᠭᠤᠯᠵᠤ ᠪᠠᠶ᠋ᠢᠭ᠎ᠠ ᠵᠡᠷᠬᠡ ᠪᠠᠶ᠋ᠢᠳᠠᠯ;
     (ᠳᠠᠪᠤ) ᠨᠠᠮ᠎ᠤᠨ ᠬᠤᠷᠢᠶᠠᠨ᠎ᠤ ᠤᠳᠤᠷᠢᠳᠤᠯᠭ᠎ᠠ ᠳᠤᠤᠷᠠᠬᠢ ᠵᠠᠰᠠᠬ ᠵᠠᠬᠢᠷᠭ᠋ᠠᠨ᠎ᠤ ᠤᠳᠤᠷᠢᠳᠬᠤ ᠬᠦᠮᠦᠰ᠎ᠤᠨ ᠬᠠᠷᠢᠭᠤᠴᠠᠬᠤ ᠲᠦᠷᠢᠮ᠎ᠢ ᠬᠡᠷᠡᠭᠵᠢᠬᠦᠯᠵᠤ ᠪᠠᠶ᠋ᠢᠬᠤ ᠠᠵᠢᠯ ᠦᠢ᠍ᠯᠡᠰ᠎ᠤᠨ ᠪᠠᠶ᠋ᠢᠭᠤᠯᠭ᠎ᠠ ᠵᠢᠨ ᠳᠤᠳᠤᠷᠠᠬᠢ ᠨᠠᠮ᠎ᠤᠨ ᠦᠨᠳᠦᠰᠦᠨ ᠱᠠᠳᠤᠨ᠎ᠤ ᠵᠤᠬᠢᠶᠠᠨ ᠪᠠᠶ᠋ᠢᠭᠤᠯᠤᠯᠳᠠ᠂ ᠴᠢᠬᠤᠯᠠ ᠶᠡᠭᠡ ᠠᠰᠠᠭᠤᠳᠠᠯ᠎ᠢ ᠶᠠᠷᠢᠯᠴᠠᠬᠤ ᠪᠠ ᠳᠤᠭᠳᠠᠭ᠋ᠠᠵᠤ ᠪᠠᠶ᠋ᠢᠭ᠎ᠠ᠂ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠢ ᠴᠢᠩᠭ᠋ᠠᠳᠬᠠᠵᠤ ᠪᠠᠶ᠋ᠢᠭ᠎ᠠ᠂ ᠤᠯᠠᠨ ᠲᠦᠮᠡᠨ᠎ᠲᠠᠢ ᠬᠠᠷᠢᠯᠴᠠᠵᠤ ᠦᠢ᠍ᠯᠡᠴᠢᠯᠡᠵᠤ ᠪᠠᠶ᠋ᠢᠭ᠎ᠠ ᠵᠠᠷᠭᠡ ᠪᠠᠶ᠋ᠢᠳᠠᠯ᠎ᠢ ᠢᠯᠡ ᠪᠤᠯᠭ᠋ᠠᠪᠠᠯ ᠵᠤᠬᠢᠨ᠎ᠠ;
     (ᠵᠢᠷᠭᠤᠭ᠎ᠠ) ᠡᠯ᠎ᠡ ᠱᠠᠳᠤᠨ᠎ᠤ ᠨᠠᠮ ᠪᠠ ᠤᠯᠤᠰ᠎ᠤᠨ ᠠᠯᠪᠠᠨ ᠪᠠᠶ᠋ᠢᠭᠤᠯᠭ᠎ᠠ ᠳᠤᠳᠤᠷᠠᠬᠢ ᠨᠠᠮ᠎ᠤᠨ ᠦᠨᠳᠦᠰᠦᠨ ᠱᠠᠳᠤᠨ᠎ᠤ ᠵᠤᠬᠢᠶᠠᠨ ᠪᠠᠶ᠋ᠢᠭᠤᠯᠤᠯᠳᠠ ᠨᠠᠮ᠎ᠤᠨ ᠪᠠᠶ᠋ᠢᠭᠤᠯᠤᠯᠳᠠ ᠵᠢᠨ ᠠᠵᠢᠯ᠂ ᠨᠠᠮ᠎ᠤᠨ ᠬᠡᠰᠢᠬᠦᠨ᠎ᠳᠤ ᠰᠤᠷᠭ᠋ᠠᠨ ᠬᠦᠮᠦᠵᠢᠯ ᠬᠢᠨᠠᠨ ᠬᠠᠮᠢᠶᠠᠷᠤᠯᠳᠠ ᠶᠠᠪᠤᠭᠳᠠᠭᠤᠯᠵᠤ ᠪᠠᠶ᠋ᠢᠭ᠎ᠠ᠂ ᠤᠯᠠᠨ ᠲᠦᠮᠡᠨ᠎ᠲᠠᠢ ᠬᠠᠷᠢᠯᠴᠠᠵᠤ ᠦᠢ᠍ᠯᠡᠴᠢᠯᠡᠵᠤ ᠪᠠᠶ᠋ᠢᠭ᠎ᠠ ᠵᠡᠷᠭᠡ ᠪᠠᠶ᠋ᠢᠳᠠᠯ᠎ᠢ ᠢᠯᠡ ᠪᠤᠯᠭ᠋ᠠᠪᠠᠯ ᠵᠤᠬᠢᠨ᠎ᠠ᠃
      ᠠᠷᠪᠠᠨ ᠬᠤᠶᠠᠳᠤᠭ᠋ᠠᠷ ᠵᠦᠢ᠍ᠯ     ᠡᠯ᠎ᠡ ᠱᠠᠳᠤᠨ᠎ᠤ ᠨᠠᠮ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠠᠯᠪᠠᠨ ᠪᠠᠶ᠋ᠢᠭᠤᠯᠭ᠎ᠠ ᠳᠤᠤᠷᠠᠬᠢ ᠮᠡᠳᠤ ᠠᠭᠤᠯᠭ᠎ᠠ ᠵᠢ ᠢᠯᠡ ᠪᠤᠯᠭ᠋ᠠᠪᠠᠯ ᠵᠤᠬᠢᠨ᠎ᠠ᠄
     (ᠨᠢᠭᠡ) ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠡᠭ᠎ᠤᠨ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠰᠤᠷᠤᠯᠴᠠᠨ ᠳᠤᠭᠤᠰᠢᠯᠠᠭᠤᠯᠵᠤ᠂ 《ᠬᠤᠶᠠᠷ᠎ᠢ ᠡᠷᠡᠰ ᠬᠠᠮᠠᠭ᠋ᠠᠯᠠᠬᠤ》 ᠵᠢ ᠦᠢ᠍ᠯᠡᠳᠤᠯᠭᠡᠵᠢᠬᠦᠯᠵᠤ ᠪᠠᠶ᠋ᠢᠭ᠎ᠠ ᠪᠠᠶ᠋ᠢᠳᠠᠯ;
     (ᠬᠤᠶᠠᠷ) ᠨᠠᠮ᠎ᠤᠨ ᠲᠦᠪ ᠬᠤᠷᠢᠶ᠎ᠠ ᠵᠢᠨ ᠴᠢᠬᠤᠯᠡ ᠶᠡᠭᠡ ᠲᠦᠷᠦ ᠵᠢᠨ ᠪᠤᠳᠤᠯᠭ᠎ᠠ ᠴᠢᠭᠯᠡᠯᠳᠡ ᠪᠠ ᠴᠢᠬᠤᠯᠠ ᠶᠡᠭᠡ ᠰᠢᠢ᠍ᠳᠪᠦᠷᠢᠳᠤ ᠪᠤᠳᠤᠯᠭ᠎ᠠ ᠪᠠᠶ᠋ᠢᠷᠢᠯᠠᠭᠤᠯᠤᠯᠳᠠ ᠵᠢᠴᠢ ᠳᠤᠰ ᠱᠠᠳᠤᠨ᠎ᠤ ᠨᠠᠮ᠎ᠤᠨ ᠬᠤᠷᠢᠶ᠎ᠠ ᠪᠠ ᠳᠡᠭᠡᠳᠤ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠠᠯᠪᠠᠨ ᠪᠠᠶ᠋ᠢᠭᠤᠯᠭ᠎ᠠ ᠵᠢᠨ ᠠᠵᠢᠯ᠎ᠤᠨ ᠪᠠᠶ᠋ᠢᠷᠢᠯᠠᠭᠤᠯᠤᠯᠳᠠ ᠵᠢ ᠳᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ;
     (ᠭᠤᠷᠪᠠ) ᠰᠠᠬᠢᠯᠭ᠎ᠠ ᠪᠠᠳᠤ ᠵᠢᠨ ᠬᠦᠮᠦᠵᠢᠯ ᠦᠷᠨᠢᠭᠦᠯᠵᠤ ᠪᠠᠶ᠋ᠢᠭ᠎ᠠ᠂ ᠰᠠᠬᠢᠯᠭ᠎ᠠ ᠪᠠᠳᠤ ᠵᠢᠨ ᠪᠦᠳᠦᠭᠡᠨ ᠪᠠᠶ᠋ᠢᠭᠤᠯᠤᠯᠳᠠ ᠵᠢ ᠴᠢᠩᠭ᠋ᠠᠳᠬᠠᠵᠤ ᠪᠠᠶ᠋ᠢᠭ᠎ᠠ᠂ ᠨᠠᠮ᠎ᠤᠨ ᠲᠦᠷᠢᠮ ᠨᠠᠮ᠎ᠤᠨ ᠳᠤᠭᠳᠠᠭ᠋ᠠᠯ ᠨᠠᠮ᠎ᠤᠨ ᠰᠠᠬᠢᠯᠭ᠎ᠠ ᠪᠠᠳᠤ ᠵᠢ ᠬᠠᠮᠠᠭ᠋ᠠᠯᠠᠵᠤ ᠪᠠᠶ᠋ᠢᠭ᠎ᠠ ᠪᠠᠶ᠋ᠢᠳᠠᠯ;
     (ᠲᠦᠷᠪᠡ) ᠲᠦᠪ᠎ᠤᠨ ᠨᠠᠢ᠍ᠮᠠᠨ ᠵᠦᠢ᠍ᠯ᠎ᠤᠨ ᠳᠤᠭᠳᠠᠭ᠋ᠠᠯ᠎ᠢ ᠵᠦᠷᠢᠴᠡᠭᠰᠡᠨ᠎ᠢ ᠪᠠᠶ᠋ᠢᠴᠠᠭ᠋ᠠᠨ ᠰᠢᠢ᠍ᠳᠬᠡᠵᠤ ᠪᠠᠶ᠋ᠢᠭ᠎ᠠ ᠵᠢᠴᠢ ᠳᠡᠬᠦᠨ᠎ᠢ ᠬᠡᠷᠡᠭᠵᠢᠬᠦᠯᠬᠦ ᠨᠠᠷᠢᠨ ᠲᠦᠷᠢᠮ᠎ᠤᠨ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ᠎ᠤ ᠬᠡᠷᠡᠭᠵᠢᠬᠦᠯᠬᠦ ᠠᠷᠭ᠎ᠠ᠂ ᠤᠯᠠᠨ ᠲᠦᠮᠡᠨ᠎ᠤ ᠳᠡᠷᠭᠡᠳᠡ ᠡᠬᠦᠰᠴᠤ᠂ ᠨᠥᠯᠦᠭᠡ ᠮᠠᠭᠤ ᠭᠠᠵᠢᠭᠤ ᠰᠤᠷᠳᠠᠯ ᠪᠠ ᠢᠯᠵᠡᠷᠠᠯ᠎ᠤᠨ ᠠᠰᠠᠭᠤᠳᠠᠯ᠎ᠤᠨ ᠪᠠᠶ᠋ᠢᠳᠠᠯ;
     (ᠳᠠᠪᠤ) ᠨᠠᠮ᠎ᠤᠨ ᠬᠡᠰᠢᠬᠦᠨ ᠤᠳᠤᠷᠢᠳᠬᠤ ᠺᠠᠳ᠋ᠷ᠎ᠤᠨ ᠰᠠᠬᠢᠯᠭ᠎ᠠ ᠪᠠᠳᠤ ᠵᠢ ᠬᠦᠨᠳᠤ ᠨᠤᠴᠢᠳᠠᠢ ᠵᠦᠷᠢᠴᠡᠵᠤ ᠬᠠᠤᠯᠢ ᠵᠢ ᠵᠦᠷᠢᠴᠠᠵᠤ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ᠎ᠢ ᠬᠡᠷᠡᠭ ᠪᠤᠯᠭ᠋ᠠᠨ ᠳᠠᠩᠰᠠᠯᠠᠵᠤ ᠬᠢᠨᠠᠨ ᠪᠠᠶ᠋ᠢᠴᠠᠭ᠋ᠠᠵᠤ ᠪᠠᠶ᠋ᠢᠭ᠎ᠠ᠂ ᠵᠤᠬᠢᠶᠠᠨ ᠪᠠᠶ᠋ᠢᠭᠤᠯᠤᠯᠳᠠ ᠵᠢᠨ ᠬᠢᠨᠠᠨ ᠪᠠᠶ᠋ᠢᠴᠠᠭ᠋ᠠᠯᠳᠠ ᠬᠢᠵᠦ ᠪᠠᠶ᠋ᠢᠭ᠎ᠠ ᠪᠠ ᠨᠠᠮ᠎ᠠᠴᠠ ᠬᠦᠬᠡᠬᠡᠬᠦ ᠰᠢᠢ᠍ᠳᠬᠡᠯ ᠦᠭᠭᠦᠭᠰᠡᠨ ᠪᠠᠶ᠋ᠢᠳᠠᠯ;
     (ᠵᠢᠷᠭᠤᠭ᠎ᠠ) ᠨᠠᠮ᠎ᠤᠨ ᠬᠡᠰᠢᠬᠦᠨ ᠤᠳᠤᠷᠢᠳᠬᠤ ᠺᠠᠳ᠋ᠷ᠎ᠤᠨ ᠳᠤᠰᠢᠶᠠᠯ᠎ᠳᠠᠭᠠᠨ ᠬᠦᠨᠳᠤ ᠨᠤᠴᠢᠳᠠᠢ ᠤᠰᠤᠯᠳᠠᠵᠤ ᠬᠠᠷᠢᠭᠤᠴᠠᠯᠭ᠎ᠠ ᠠᠯᠳᠠᠭᠰᠠᠨ᠎ᠳᠤ ᠬᠠᠷᠢᠭᠤᠴᠠᠯᠭ᠎ᠠ ᠨᠡᠭᠡᠮᠵᠢᠯᠡᠵᠤ ᠪᠠᠶ᠋ᠢᠭ᠎ᠠ ᠪᠠᠶ᠋ᠢᠳᠠᠯ;
     (ᠳᠤᠯᠤᠭ᠎ᠠ) ᠰᠠᠬᠢᠯᠭ᠎ᠠ ᠪᠠᠳᠤ ᠪᠠᠶ᠋ᠢᠴᠠᠭ᠋ᠠᠬᠤ ᠠᠯᠪᠠᠨ ᠪᠠᠶ᠋ᠢᠭᠤᠯᠭ᠎ᠠ ᠵᠢᠨ ᠲᠤᠰ ᠪᠡᠶ᠎ᠡ ᠵᠢᠨ ᠪᠠᠶ᠋ᠢᠭᠤᠯᠤᠯᠳᠠ᠎ᠪᠠᠨ ᠴᠢᠩᠭ᠋ᠠᠳᠬᠠᠵᠤ ᠪᠠᠶ᠋ᠢᠭ᠎ᠠ ᠪᠠᠶ᠋ᠢᠳᠠᠯ;
     (ᠨᠠᠢ᠍ᠮᠠ) ᠪᠤᠰᠤᠳ ᠢᠯᠡ ᠪᠤᠯᠭ᠋ᠠᠬᠤ ᠶᠤᠰᠤᠳᠠᠢ ᠨᠠᠮ᠎ᠤᠨ ᠶᠠᠪᠤᠳᠠᠯ᠃
      ᠠᠷᠪᠠᠨ ᠭᠤᠷᠪᠠᠳᠤᠭ᠋ᠠᠷ ᠵᠦᠢ᠍ᠯ       ᠨᠠᠮ᠎ᠤᠨ ᠠᠯᠪᠠᠨ ᠪᠠᠶ᠋ᠢᠭᠤᠯᠭ᠎ᠠ᠂ ᠨᠠᠮ᠎ᠤᠨ ᠬᠤᠷᠢᠶᠡᠨ᠎ᠠᠴᠠ ᠲᠤᠮᠢᠯᠠᠭᠰᠠᠨ ᠪᠠᠶ᠋ᠢᠭᠤᠯᠭ᠎ᠠ᠂ ᠨᠠᠮ᠎ᠤᠨ ᠬᠤᠷᠢᠶᠠᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠪᠠ ᠨᠠᠮ᠎ᠤᠨ ᠤᠳᠤᠷᠢᠳᠬᠤ ᠳᠤᠭᠤᠢ᠌ᠢ᠍ᠯᠠᠩ ᠲᠤᠰ ᠨᠠᠷᠢᠨ ᠳᠦᠷᠢᠮ᠎ᠤᠨ ᠳᠤᠯᠤᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠤᠨ ᠲᠤᠭᠳᠠᠭ᠋ᠠᠯ ᠶᠤᠰᠤᠭ᠋ᠠᠷ᠂ ᠪᠤᠳᠠᠳᠠᠢ᠎ᠲᠠᠢ᠎ᠪᠠᠨ ᠤᠶᠠᠯᠳᠤᠭᠤᠯᠵᠦ ᠢᠯᠠ ᠪᠤᠯᠭ᠋ᠠᠬᠤ ᠠᠭᠤᠯᠭ᠎ᠠ᠎ᠪᠠᠨ ᠳᠤᠭᠳᠠᠭ᠋ᠠᠨ᠎ᠠ᠃
      ᠨᠠᠮ᠎ᠤᠨ ᠠᠯᠪᠠᠨ ᠪᠠᠶ᠋ᠢᠭᠤᠯᠭ᠎ᠠ ᠪᠠ ᠨᠠᠮ᠎ᠤᠨ ᠬᠤᠷᠢᠶᠠᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠡ᠎ᠠᠴᠠ ᠨᠠᠮ᠎ᠤᠨ ᠲᠦᠪ ᠬᠤᠷᠢᠶ᠎ᠠ ᠪᠠ ᠳᠡᠭᠡᠳᠦ ᠱᠠᠳᠤᠨ᠎ᠤ ᠵᠤᠬᠢᠶᠠᠨ ᠪᠠᠶ᠋ᠢᠭᠤᠯᠤᠯᠳᠠ ᠵᠢᠨ ᠰᠢᠢ᠍ᠳᠪᠦᠷᠢᠳᠦ ᠪᠤᠳᠤᠯᠭ᠎ᠠ ᠵᠢᠨ ᠪᠠᠶ᠋ᠢᠷᠢᠯᠠᠭᠤᠯᠤᠯᠳᠠ ᠵᠢ ᠨᠠᠶ᠋ᠢᠳᠠᠪᠤᠷᠢᠵᠢᠭᠤᠯᠬᠤ᠂ ᠨᠠᠮ᠎ᠤᠨ ᠠᠵᠢᠯ ᠦᠷᠨᠢᠬᠦᠯᠦᠭᠰᠡᠨ ᠪᠠᠶ᠋ᠢᠳᠠᠯ᠎ᠢ ᠭᠤᠤᠯᠳᠠᠯᠭ᠎ᠠ᠎ᠲᠠᠢ ᠢᠯᠠ ᠪᠤᠯᠭ᠋ᠠᠨ᠎ᠠ᠃
ᠨᠠᠮ᠎ᠤᠨ ᠬᠤᠷᠢᠶᠠᠨ᠎ᠠᠴᠠ ᠲᠤᠮᠢᠯᠠᠭᠰᠠᠨ ᠪᠠᠶ᠋ᠢᠭᠤᠯᠭ᠎ᠠ ᠨᠠᠮ᠎ᠤᠨ ᠬᠤᠷᠢᠶ᠎ᠠ ᠵᠢ ᠲᠦᠯᠦᠭᠡᠯᠡᠨ ᠲᠤᠬᠠᠢ ᠵᠢᠨ ᠭᠠᠵᠠᠷ ᠤᠷᠤᠨ᠂ ᠲᠤᠬᠠᠢ ᠵᠢᠨ ᠬᠦᠷᠢᠶ᠎ᠡ ᠴᠠᠷᠠᠭ᠎ᠠ᠂ ᠲᠤᠬᠠᠢ ᠵᠢᠨ ᠠᠵᠢᠯ ᠲᠦᠷᠦᠯ᠂ ᠲᠤᠬᠠᠢ ᠵᠢᠨ ᠰᠢᠰᠲ᠋ᠧᠮ᠎ᠤᠨ ᠨᠠᠮ᠎ᠤᠨ ᠠᠵᠢᠯ᠎ᠢ ᠤᠳᠤᠷᠢᠳᠤᠭᠰᠠᠨ ᠪᠠᠶ᠋ᠢᠳᠠᠯ᠎ᠢ ᠭᠤᠤᠯᠳᠠᠯᠭ᠎ᠠ᠎ᠲᠠᠢ ᠢᠯᠠ ᠪᠤᠯᠭ᠋ᠠᠨ᠎ᠠ᠃
      ᠨᠠᠮ᠎ᠤᠨ ᠤᠳᠤᠷᠢᠳᠬᠤ ᠳᠤᠭᠤᠢ᠌ᠢ᠍ᠯᠠᠩ᠎ᠠᠴᠠ ᠲᠤᠰ ᠪᠠᠶ᠋ᠢᠭᠤᠯᠭ᠎ᠠ᠎ᠳᠠᠭᠠᠨ ᠤᠳᠤᠷᠢᠳᠬᠤ ᠦᠢ᠍ᠯᠡᠳᠦᠯ ᠵᠶ᠋ᠠᠨ ᠪᠠᠳᠠᠷᠠᠭᠤᠯᠵᠦ᠂ ᠨᠠᠮ᠎ᠤᠨ ᠤᠨᠤᠯ ᠪᠠ ᠱᠤᠭᠤᠮ ᠴᠢᠭᠯᠡᠯᠳᠡ ᠲᠦᠷᠦ ᠵᠢᠨ ᠪᠤᠳᠤᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠪᠠᠲᠤᠯᠠᠨ᠂ ᠨᠠᠮ᠎ᠤᠨ ᠪᠠᠶ᠋ᠢᠭᠤᠯᠤᠯᠳᠠ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠭᠤᠤᠯᠳᠠᠯᠭ᠎ᠠ᠎ᠲᠠᠢ ᠢᠯᠠ ᠪᠤᠯᠭ᠋ᠠᠨ᠎ᠠ᠃
      ᠠᠷᠪᠠᠨ ᠳᠦᠷᠪᠡᠳᠦᠭᠡᠷ ᠵᠦᠢ᠍ᠯ     ᠨᠠᠮ᠎ᠤᠨ ᠵᠤᠬᠢᠶᠠᠨ ᠪᠠᠶ᠋ᠢᠭᠤᠯᠤᠯᠳᠠ ᠠᠵᠢᠯ᠎ᠤᠨ ᠪᠤᠳᠠᠳᠠᠢ᠎ᠲᠠᠢ᠎ᠪᠠᠨ ᠨᠢᠭᠳᠠ ᠤᠶᠠᠯᠳᠤᠭᠤᠯᠵᠦ᠂ ᠨᠠᠮ᠎ᠤᠨ ᠶᠠᠪᠤᠳᠠᠯ᠎ᠢ ᠢᠯᠠ ᠪᠤᠯᠭ᠋ᠠᠬᠤ ᠭᠠᠷᠴᠠᠭ᠎ᠢ ᠨᠠᠶ᠋ᠢᠷᠠᠭᠤᠯᠤᠨ ᠵᠤᠬᠢᠶᠠᠬᠤ ᠵᠢᠨ ᠬᠠᠮᠳᠤ᠂ ᠲᠤᠰᠢᠶᠠᠯ ᠬᠠᠷᠢᠭᠤᠴᠠᠯᠭ᠎ᠠ ᠡᠭᠦᠷᠭᠡ ᠱᠠᠭ᠋ᠠᠷᠳᠠᠯᠭ᠎ᠠ ᠵᠢ ᠦᠨᠳᠦᠰᠦᠯᠡᠵᠦ ᠬᠦᠳᠡᠯᠦᠩᠬᠦᠢ ᠵᠤᠬᠢᠴᠠᠭᠤᠯᠬᠤ ᠬᠡᠷᠡᠭᠳᠡᠢ᠃ ᠨᠠᠮ᠎ᠤᠨ ᠶᠠᠪᠤᠳᠠᠯ᠎ᠢ ᠢᠯᠠ ᠪᠤᠯᠭ᠋ᠠᠬᠤ ᠭᠠᠷᠴᠠᠭ᠎ᠢ ᠨᠠᠮ᠎ᠤᠨ ᠵᠤᠬᠢᠶᠠᠨ ᠪᠠᠶ᠋ᠢᠭᠤᠯᠤᠯᠳᠠ ᠰᠤᠳᠤᠯᠤᠨ ᠶᠠᠷᠢᠯᠴᠠᠵᠦ ᠵᠦᠪᠰᠢᠶᠡᠷᠡᠭᠰᠡᠨ᠎ᠤ ᠳᠠᠷᠠᠭ᠎ᠠ ᠨᠠᠮ᠎ᠤᠨ ᠳᠡᠭᠡᠳᠦ ᠨᠢᠭᠡ ᠱᠠᠳᠤᠨ᠎ᠤ ᠵᠤᠬᠢᠶᠠᠨ ᠪᠠᠶ᠋ᠢᠭᠤᠯᠤᠯᠳᠠ᠎ᠳᠤ ᠮᠡᠳᠡᠬᠦᠯᠵᠦ ᠳᠠᠩᠰᠠᠯᠠᠬᠤ ᠵᠢᠨ ᠵᠡᠷᠭᠡᠪᠡᠷ ᠲᠤᠭᠳᠠᠭ᠋ᠠᠯ ᠶᠤᠰᠤᠭ᠋ᠠᠷ ᠨᠠᠮ᠎ᠤᠨ ᠳᠤᠳᠤᠭ᠋ᠠᠳᠦ ᠪᠤᠶᠤ ᠨᠡᠶ᠋ᠢᠭᠡᠮ᠎ᠳᠤ ᠢᠯᠠ ᠪᠤᠯᠭ᠋ᠠᠨ᠎ᠠ᠃ ᠦᠪᠡᠷᠳᠡᠭᠡᠨ ᠵᠠᠰᠠᠬᠤ ᠤᠷᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠡᠯ᠎ᠡ ᠰᠠᠯᠠᠭ᠎ᠠ ᠮᠦᠴᠢᠷ᠎ᠠᠴᠠ ᠲᠤᠰ ᠰᠢᠰᠲ᠋ᠧᠮ ᠲᠤᠰ ᠬᠦᠷᠢᠶᠡᠨ᠎ᠤ᠎ᠪᠠᠨ ᠨᠠᠮ᠎ᠤᠨ ᠶᠠᠪᠤᠳᠠᠯ᠎ᠢ ᠢᠯᠠ ᠪᠤᠯᠭ᠋ᠠᠬᠤ ᠭᠠᠷᠴᠠᠭ᠎ᠢ ᠨᠠᠶ᠋ᠢᠷᠠᠭᠤᠯᠤᠨ ᠵᠤᠬᠢᠶᠠᠬᠤ᠎ᠳᠤ ᠬᠢᠨᠠᠯᠳᠠ ᠲᠠᠯᠪᠢᠬᠤ ᠪᠠ ᠵᠢᠯᠤᠭᠤᠳᠬᠤ ᠵᠢ ᠴᠢᠩᠭ᠋ᠠᠳᠬᠠᠨ᠎ᠠ᠃
      ᠠᠷᠪᠠᠨ ᠲᠠᠪᠤᠳᠤᠭ᠋ᠠᠷ ᠵᠦᠢ᠍ᠯ     ᠨᠠᠮ᠎ᠤᠨ ᠵᠤᠬᠢᠶᠠᠨ ᠪᠠᠶ᠋ᠢᠭᠤᠯᠤᠯᠳᠠ᠎ᠠᠴᠠ ᠨᠠᠮ᠎ᠤᠨ ᠶᠠᠪᠤᠳᠠᠯ ᠬᠢᠭᠡᠳ ᠨᠠᠮ᠎ᠤᠨ ᠭᠡᠰᠢᠬᠦᠨ ᠪᠠ ᠤᠯᠠᠨ ᠲᠦᠮᠡᠨ᠎ᠤ ᠬᠤᠭᠤᠷᠤᠨᠳᠤᠬᠢ ᠬᠤᠯᠪᠤᠭᠳᠠᠬᠤ ᠬᠡᠮᠵᠢᠶ᠎ᠡ ᠵᠢ ᠦᠨᠳᠦᠰᠦᠯᠡᠵᠦ ᠢᠯᠡ ᠪᠤᠯᠭ᠋ᠠᠬᠤ ᠬᠡᠪᠴᠢᠶ᠎ᠡ ᠵᠢ ᠵᠦᠢ ᠵᠤᠬᠢᠰᠳᠠᠢ ᠲᠤᠭᠳᠠᠭ᠋ᠠᠬᠤ ᠬᠡᠷᠡᠭᠳᠡᠢ᠄
     (ᠨᠢᠭᠡ) ᠠᠵᠦ ᠠᠬᠤᠢ ᠨᠡᠶ᠋ᠢᠭᠡᠮ᠎ᠤᠨ ᠬᠦᠭᠵᠢᠯᠳᠡ ᠵᠢ ᠤᠳᠤᠷᠢᠳᠴᠦ᠂ ᠴᠢᠬᠤᠯᠠ ᠶᠡᠭᠡ ᠠᠷᠠᠳ᠎ᠤᠨ ᠠᠮᠢᠳᠤᠷᠠᠯ᠎ᠤᠨ   ᠢᠨᠵᠧᠨᠧᠷᠢᠩ᠎ᠢ ᠠᠬᠢᠭᠤᠯᠤᠨ᠂ ᠠᠷᠠᠳ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠲᠠᠢ ᠬᠤᠯᠪᠤᠭᠳᠠᠭᠰᠠᠨ ᠨᠠᠮ᠎ᠤᠨ ᠶᠠᠪᠤᠳᠠᠯ᠎ᠢ ᠨᠡᠶ᠋ᠢᠭᠡᠮ᠎ᠳᠤ ᠢᠯᠡ ᠪᠤᠯᠭ᠋ᠠᠨ᠎ᠠ;
     (ᠬᠤᠶᠠᠷ) ᠨᠠᠮ᠎ᠤᠨ ᠪᠠᠶ᠋ᠢᠭᠤᠯᠤᠯᠳᠠ ᠵᠢᠨ ᠴᠢᠬᠤᠯᠠ ᠶᠡᠭᠡ ᠠᠰᠠᠭᠤᠳᠠᠯ᠎ᠲᠠᠢ ᠬᠤᠯᠪᠤᠭᠳᠠᠭᠰᠠᠨ ᠪᠤᠶᠤ ᠨᠠᠮ᠎ᠤᠨ ᠭᠡᠰᠢᠬᠦᠨ᠎ᠤ ᠠᠯᠪᠠᠨ ᠵᠢᠷᠦᠮ᠎ᠤᠨ ᠡᠷᠭᠡ ᠠᠰᠢᠭ᠎ᠲᠠᠢ ᠬᠤᠯᠪᠤᠭᠳᠠᠭᠰᠠᠨ᠂ ᠨᠠᠮ᠎ᠤᠨ ᠭᠡᠰᠢᠬᠦᠨ ᠨᠡᠶ᠋ᠢᠳᠡᠮ᠎ᠳᠡᠭᠡᠨ ᠤᠢ᠌ᠢ᠍ᠯᠠᠭ᠋ᠠᠵᠤ ᠮᠡᠳᠡᠬᠦ ᠪᠠ ᠵᠢᠷᠦᠮᠯᠡᠵᠦ ᠭᠡᠷᠡᠭᠵᠢᠬᠦᠯᠬᠦ ᠴᠢᠬᠤᠯᠠᠳᠠᠢ ᠨᠠᠮ᠎ᠤᠨ ᠶᠠᠪᠤᠳᠠᠯ᠎ᠢ ᠨᠠᠮ᠎ᠤᠨ ᠳᠤᠳᠤᠭ᠋ᠠᠳᠦ᠎ᠳᠤ ᠢᠯᠡ ᠪᠤᠯᠭ᠋ᠠᠨ᠎ᠠ;
     (ᠭᠤᠷᠪᠠ) ᠡᠯ᠎ᠡ ᠭᠠᠵᠠᠷ ᠤᠷᠤᠨ᠎ᠤ ᠡᠯ᠎ᠡ ᠰᠠᠯᠠᠭ᠎ᠠ ᠮᠦᠴᠢᠷ ᠡᠯ᠎ᠡ ᠨᠢᠭᠡᠴᠡ ᠵᠢᠨ ᠨᠠᠮ᠎ᠤᠨ ᠶᠠᠪᠤᠳᠠᠯ᠎ᠢ ᠲᠤᠬᠠᠢ ᠵᠢᠨ ᠭᠠᠵᠠᠷ ᠤᠷᠤᠨ ᠲᠤᠬᠠᠢ ᠵᠢᠨ ᠰᠠᠯᠠᠭ᠎ᠠ ᠮᠦᠴᠢᠷ ᠲᠤᠬᠠᠢ ᠵᠢᠨ ᠨᠢᠭᠡᠴᠢ᠎ᠳᠡᠭᠡᠨ ᠢᠯᠡ ᠪᠤᠯᠭ᠋ᠠᠨ᠎ᠠ;
     (ᠳᠦᠷᠪᠡ) ᠤᠨᠴᠠ ᠨᠢᠭᠡᠨ ᠨᠠᠮ᠎ᠤᠨ ᠵᠤᠬᠢᠶᠠᠨ ᠪᠠᠶ᠋ᠢᠭᠤᠯᠤᠯᠳᠠ᠂ ᠨᠠᠮ᠎ᠤᠨ ᠭᠡᠰᠢᠬᠦᠨ ᠪᠠ ᠤᠯᠠᠨ ᠲᠦᠮᠡᠨ᠎ᠤ ᠬᠤᠪᠢ ᠵᠢᠨ ᠠᠰᠢᠭ ᠲᠤᠰᠠ᠎ᠲᠠᠢ ᠬᠤᠯᠪᠤᠭᠳᠠᠭᠰᠠᠨ ᠨᠠᠮ᠎ᠤᠨ ᠶᠠᠪᠤᠳᠠᠯ᠂ ᠤᠨᠴᠠ ᠨᠢᠭᠡᠨ ᠨᠠᠮ᠎ᠤᠨ ᠵᠤᠬᠢᠶᠠᠨ ᠪᠠᠶ᠋ᠢᠭᠤᠯᠤᠯᠳᠠ᠂ ᠨᠠᠮ᠎ᠤᠨ ᠭᠡᠰᠢᠬᠦᠨ ᠪᠤᠯᠤᠨ ᠤᠯᠠᠨ ᠲᠦᠮᠡᠨ᠎ᠳᠤ ᠢᠯᠠ ᠪᠤᠯᠭ᠋ᠠᠨ᠎ᠠ᠃
      ᠠᠷᠪᠠᠨ ᠵᠢᠷᠭᠤᠳᠤᠭ᠋ᠠᠷ ᠵᠦᠢ᠍ᠯ     ᠨᠠᠮ᠎ᠤᠨ ᠶᠠᠪᠤᠳᠠᠯ᠎ᠢ ᠢᠯᠠ ᠪᠤᠯᠭ᠋ᠠᠬᠤ ᠬᠢᠭᠡᠳ ᠵᠠᠰᠠᠭ᠎ᠤᠨ ᠶᠠᠪᠤᠳᠠᠯ᠎ᠢ ᠢᠯᠠ ᠪᠤᠯᠭ᠋ᠠᠬᠤ ᠵᠡᠷᠭᠡ ᠵᠢ ᠵᠤᠯᠭ᠋ᠠᠭᠤᠯᠵᠦ ᠬᠤᠯᠪᠤᠭ᠋ᠠᠯᠠᠨ ᠬᠦᠳᠡᠯᠦᠯᠴᠡᠬᠦ ᠵᠢ ᠴᠢᠬᠤᠯᠠᠴᠢᠯᠠᠨ᠂ ᠡᠯ᠎ᠡ ᠱᠠᠳᠦ ᠳᠡᠰ᠂ ᠡᠯ᠎ᠡ ᠬᠦᠷᠢᠶ᠎ᠡ ᠴᠠᠷᠠᠭ᠋ᠠᠨ᠎ᠤ ᠨᠠᠮ᠎ᠤᠨ ᠶᠠᠪᠤᠳᠠᠯ᠎ᠢ ᠢᠯᠠ ᠪᠤᠯᠭ᠋ᠠᠬᠤ ᠠᠵᠢᠯ᠎ᠢ ᠨᠢᠭᠡᠳᠦᠯᠳᠠᠢ ᠲᠦᠯᠦᠪᠵᠢᠬᠦᠯᠵᠦ᠂ ᠡᠩ᠎ᠤᠨ ᠪᠠᠶ᠋ᠢᠳᠠᠯ᠎ᠳᠤ ᠤᠷᠢᠳ ᠵᠶ᠋ᠠᠷ ᠨᠠᠮ᠎ᠤᠨ ᠳᠤᠳᠤᠭ᠋ᠠᠳᠦ᠎ᠳᠤ ᠬᠤᠶ᠋ᠢᠨ᠎ᠠ᠎ᠨᠢ ᠨᠠᠮ᠎ᠤᠨ ᠭᠠᠳᠠᠨ᠎ᠠ ᠲᠦᠷᠦᠯ ᠠᠩᠬᠢᠯᠠᠨ ᠬᠡᠷᠡᠭᠵᠢᠬᠦᠯᠵᠦ᠂ ᠡᠷᠬᠡᠪᠰᠢ ᠪᠤᠳᠠᠳᠤ ᠦᠢ᠍ᠯᠡᠳᠤᠯ᠎ᠲᠠᠢ ᠪᠠᠶ᠋ᠢᠯᠭ᠋ᠠᠨ᠎ᠠ᠃
      ᠠᠷᠪᠠᠨ ᠳᠤᠯᠤᠳᠤᠭ᠋ᠠᠷ ᠵᠦᠢ᠍ᠯ     ᠨᠠᠮ᠎ᠤᠨ ᠶᠠᠪᠤᠳᠠᠯ᠎ᠢ ᠢᠯᠠ ᠪᠤᠯᠭ᠋ᠠᠬᠤ ᠴᠠᠭ᠎ᠤᠨ ᠬᠢᠵᠠᠭ᠋ᠠᠷ ᠬᠢᠭᠡᠳ ᠢᠯᠠ ᠪᠤᠯᠭ᠋ᠠᠬᠤ ᠠᠭᠤᠯᠭ᠎ᠠ᠎ᠲᠠᠢ᠎ᠪᠠᠨ ᠬᠠᠷᠢᠯᠴᠠᠨ ᠳᠤᠬᠢᠷᠠᠯᠴᠠᠭᠰᠠᠨ ᠪᠠᠶ᠋ᠢᠬᠤ ᠭᠡᠷᠡᠭᠳᠠᠢ᠃ ᠨᠠᠮ᠎ᠤᠨ ᠬᠤᠯᠪᠤᠭᠳᠠᠯ ᠪᠦᠬᠦᠢ ᠲᠦᠷᠦ ᠵᠢᠨ ᠪᠤᠳᠤᠯᠭ᠎ᠠ ᠵᠢᠨ ᠲᠤᠭᠳᠠᠭ᠋ᠠᠯ᠂ ᠠᠵᠢᠯ᠎ᠤᠨ ᠳᠦᠷᠢᠮ᠂ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠪᠠᠶ᠋ᠢᠭᠤᠯᠤᠮᠵᠢ ᠵᠢᠨ ᠳᠤᠬᠢᠷᠠᠭᠤᠯᠤᠯᠳᠠ ᠵᠡᠷᠭᠡ ᠤᠷᠳᠤ ᠬᠤᠭᠤᠴᠠᠭ᠋ᠠᠳᠦ ᠴᠢᠨᠠᠷ᠎ᠲᠠᠢ᠂ ᠲᠤᠭᠳᠠᠮᠠᠯ ᠴᠢᠨᠠᠷ᠎ᠲᠠᠢ ᠵᠦᠢ᠍ᠯᠡᠰ᠎ᠢ ᠤᠷᠳᠤ ᠬᠤᠭᠤᠴᠠᠭ᠎ᠠ᠎ᠪᠠᠷ ᠢᠯᠡ ᠪᠤᠯᠭ᠋ᠠᠵᠦ᠂ ᠵᠤᠬᠢᠬᠤ ᠬᠤᠭᠤᠴᠠᠭ᠋ᠠᠨ ᠳᠤᠳᠤᠷ᠎ᠠ ᠬᠠᠷᠢᠴᠠᠩᠭᠤᠢ ᠲᠤᠭᠳᠠᠭᠤᠨ ᠡᠩ᠎ᠤᠨ ᠴᠢᠨᠠᠷᠳᠠᠢ ᠵᠦᠢ᠍ᠯᠡᠰ᠎ᠢ ᠲᠤᠭᠳᠠᠭᠰᠠᠨ ᠬᠤᠭᠤᠴᠠᠭ᠎ᠠ᠎ᠲᠠᠢ᠎ᠪᠠᠷ ᠢᠯᠠ ᠪᠤᠯᠭ᠋ᠠᠵᠦ᠂ ᠲᠦᠷ ᠴᠠᠭ᠎ᠤᠨ ᠴᠢᠨᠠᠷ᠎ᠲᠠᠢ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠦᠢ᠍ᠯᠡᠰ᠎ᠢ ᠴᠠᠭ ᠲᠤᠬᠠᠢ᠎ᠳᠤᠨᠢ ᠢᠯᠠ ᠪᠤᠯᠭ᠋ᠠᠨ᠎ᠠ᠃
      ᠭᠤᠷᠪᠠᠳᠤᠭ᠋ᠠᠷ ᠪᠦᠯᠦᠭ     ᠢᠯᠠ ᠪᠤᠯᠭ᠋ᠠᠬᠤ ᠳᠠᠷᠠᠭ᠋ᠠᠯᠠᠯ ᠪᠠ ᠬᠡᠯᠪᠡᠷᠢ
      ᠠᠷᠪᠠᠨ ᠨᠠᠢ᠍ᠮᠠᠳᠣᠭ᠋ᠠᠷ ᠵᠤᠷᠪᠤᠰ     ᠨᠠᠮ᠎ᠤᠨ ᠶᠠᠪᠤᠳᠠᠯ᠎ᠢ ᠢᠯᠠ ᠪᠤᠯᠭ᠋ᠠᠬᠤ ᠭᠠᠷᠴᠠᠭ᠎ᠲᠤ ᠵᠢᠭᠰᠠᠭ᠋ᠠᠨ ᠤᠷᠤᠭᠤᠯᠤᠭᠰᠠᠨ ᠵᠦᠢ᠍ᠯᠡᠰ   ᠪᠦᠬᠦᠨ᠎ᠢ ᠬᠤᠯᠪᠤᠭᠳᠠᠯ ᠪᠦᠬᠦᠢ ᠨᠠᠮ᠎ᠤᠨ ᠵᠤᠬᠢᠶᠠᠨ ᠪᠠᠶ᠋ᠢᠭᠤᠯᠤᠯᠳᠠ᠎ᠠᠴᠠ ᠳᠤᠤᠷᠠᠬᠢ ᠳᠠᠷᠠᠭ᠋ᠠᠯᠠᠯ ᠶᠤᠰᠤᠭ᠋ᠠᠷ ᠴᠠᠭ ᠲᠤᠬᠠᠢ᠎ᠳᠤᠨᠢ ᠰᠠᠨᠠᠭ᠋ᠠᠴᠢᠯᠠᠭ᠎ᠠ᠎ᠲᠠᠢ᠎ᠪᠠᠷ ᠢᠯᠡ ᠪᠤᠯᠭ᠋ᠠᠨ᠎ᠠ᠃
     (ᠨᠢᠭᠡ) ᠳᠤᠷᠠᠳᠤᠨ ᠭᠠᠷᠭ᠋ᠠᠬᠤ᠃ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠬᠤᠯᠪᠤᠭᠳᠠᠯ ᠪᠦᠬᠦᠢ ᠰᠠᠯᠠᠭ᠎ᠠ ᠮᠦᠴᠢᠷ᠎ᠠᠴᠠ ᠨᠠᠮ᠎ᠤᠨ ᠶᠠᠪᠤᠳᠠᠯ᠎ᠢ ᠢᠯᠠ ᠪᠤᠯᠭ᠋ᠠᠬᠤ ᠲᠦᠰᠦᠯ᠎ᠢ ᠰᠤᠳᠤᠯᠤᠨ ᠳᠤᠷᠠᠳᠴᠦ᠂ ᠢᠯᠠ ᠪᠤᠯᠭ᠋ᠠᠬᠤ ᠠᠭᠤᠯᠭ᠎ᠠ᠂ ᠬᠡᠪᠴᠢᠶ᠎ᠡ᠂ ᠴᠠᠭ ᠬᠤᠭᠤᠴᠠᠭ᠎ᠠ᠂ ᠬᠡᠯᠪᠡᠷᠢ ᠵᠡᠷᠭᠡ ᠵᠢ ᠲᠤᠭᠳᠠᠭ᠋ᠠᠨ᠎ᠠ᠃ ᠢᠯᠠ ᠪᠤᠯᠭ᠋ᠠᠬᠤ ᠶᠤᠰᠤᠳᠠᠢ ᠴᠦ᠍ ᠢᠯᠠ ᠪᠤᠯᠭ᠋ᠠᠬᠤ᠎ᠪᠠᠷ ᠳᠤᠷᠠᠳᠤᠭᠰᠠᠨ ᠦᠭᠡᠢ ᠵᠦᠢ᠍ᠯᠡᠰ᠎ᠢ ᠨᠠᠮ᠎ᠤᠨ ᠵᠤᠬᠢᠶᠠᠨ ᠪᠠᠶ᠋ᠢᠭᠤᠯᠤᠯᠳᠠ᠎ᠠᠴᠠ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠢᠯᠠ ᠪᠤᠯᠭ᠋ᠠᠬᠤ ᠰᠠᠨᠠᠯ ᠳᠤᠷᠠᠳᠬᠤ ᠵᠢ ᠱᠠᠭ᠋ᠠᠷᠳᠠᠨ᠎ᠠ᠃
     (ᠬᠤᠶᠠᠷ) ᠬᠢᠨᠠᠨ ᠬᠠᠷᠭᠤᠭᠤᠯᠬᠤ᠃ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠬᠤᠯᠪᠤᠭᠳᠠᠯ ᠪᠦᠬᠦᠢ ᠰᠠᠯᠠᠭ᠎ᠠ ᠮᠦᠴᠢᠷ᠎ᠠᠴᠠ ᠨᠠᠮ᠎ᠤᠨ ᠶᠠᠪᠤᠳᠠᠯ᠎ᠢ ᠢᠯᠠ ᠪᠤᠯᠭ᠋ᠠᠬᠤ ᠲᠦᠰᠦᠯ᠎ᠳᠤ ᠴᠢᠬᠤᠯᠠ ᠴᠢᠨᠠᠷ᠂ ᠤᠨᠤᠪᠴᠢᠳᠤ ᠴᠢᠨᠠᠷ᠂ ᠳᠦᠷᠢᠮᠵᠢᠭᠰᠡᠨ ᠴᠢᠨᠠᠷ ᠵᠡᠷᠭᠡ ᠲᠠᠯ᠎ᠠ᠎ᠪᠠᠷ ᠬᠢᠨᠠᠨ ᠬᠠᠷᠭᠤᠭᠤᠯᠬᠤ ᠵᠢᠨ ᠬᠠᠮᠳᠤ᠂ ᠨᠢᠭᠤᠴᠠ ᠵᠢ ᠬᠠᠮᠠᠭ᠋ᠠᠯᠠᠨ ᠬᠢᠨᠠᠨ ᠪᠠᠶ᠋ᠢᠴᠠᠭ᠋ᠠᠵᠦ᠂ ᠨᠠᠮ᠎ᠤᠨ ᠶᠠᠪᠤᠳᠠᠯ᠎ᠢ ᠢᠯᠠ ᠪᠤᠯᠭ᠋ᠠᠭᠰᠠᠨ ᠵᠦᠢ᠍ᠯᠡᠰ᠎ᠨᠢ ᠨᠠᠮ ᠪᠠ ᠤᠯᠤᠰ᠎ᠤᠨ ᠨᠢᠭᠤᠴᠠ᠎ᠳᠤ ᠬᠠᠷᠢᠶᠠᠯᠠᠭᠳᠠᠬᠤ ᠡᠰᠡᠬᠦ ᠪᠤᠶᠤ ᠶᠠᠮᠠᠷ ᠵᠦᠢ᠍ᠯ᠎ᠤᠨ ᠨᠢᠭᠤᠴᠠ ᠵᠢᠨ ᠳᠡᠰ᠎ᠨᠢ ᠳᠤᠳᠤᠷᠬᠠᠢ ᠪᠤᠰᠤ ᠪᠠᠶ᠋ᠢᠪᠠᠯ ᠨᠢᠭᠤᠴᠠ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠲᠤ ᠮᠡᠳᠡᠬᠦᠯᠵᠦ ᠳᠤᠳᠤᠷᠬᠠᠢ᠌ᠢ᠍ᠯᠠᠬᠤ ᠬᠡᠷᠡᠭᠳᠡᠢ; ᠨᠢᠭᠤᠴᠠ ᠵᠢ ᠬᠠᠮᠠᠭ᠋ᠠᠯᠠᠬᠤ᠎ᠲᠠᠢ ᠬᠤᠯᠪᠤᠭᠳᠠᠭᠰᠠᠨ ᠠᠭᠤᠯᠭ᠎ᠠ᠎ᠲᠠᠢ ᠵᠢ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠨᠢᠭᠤᠴᠠ᠎ᠠᠴᠠ ᠰᠠᠯᠭ᠋ᠠᠨ ᠰᠢᠢ᠍ᠳᠪᠦᠷᠢᠯᠡᠨ᠎ᠠ᠃
     (ᠭᠤᠷᠪᠠ) ᠬᠢᠨᠠᠨ ᠵᠦᠪᠰᠢᠶᠡᠷᠡᠬᠦ᠃ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠬᠠᠮᠢᠶ᠎ᠠ ᠪᠦᠬᠦᠢ ᠰᠠᠯᠠᠭ᠎ᠠ ᠮᠦᠴᠢᠷ᠎ᠠᠴᠠ ᠨᠠᠮ᠎ᠤᠨ ᠶᠡᠪᠤᠳᠠᠯ᠎ᠢ ᠢᠯᠡ ᠪᠤᠯᠭ᠋ᠠᠬᠤ ᠲᠦᠰᠦᠯ ᠪᠠ ᠬᠢᠨᠠᠨ ᠵᠦᠪᠰᠢᠶᠡᠷᠡᠭᠦᠯᠬᠦ ᠰᠠᠨᠠᠯ ᠵᠶ᠋ᠠᠨ ᠳᠡᠰ ᠳᠠᠷᠠᠭ᠋ᠠᠯᠠᠯ ᠶᠤᠰᠤᠭ᠋ᠠᠷ ᠮᠡᠳᠡᠭᠦᠯᠦᠨ ᠵᠦᠪᠰᠢᠶᠡᠷᠡᠭᠦᠯᠵᠤ᠂ ᠴᠢᠬᠤᠯᠠ ᠵᠦᠢ᠍ᠯᠡᠰ ᠵᠶ᠋ᠠᠨ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠭᠤᠤᠯ ᠬᠠᠷᠢᠭᠤᠴᠠᠯᠭ᠋ᠠᠳᠠᠨ᠎ᠳᠤ ᠮᠡᠳᠡᠭᠦᠯᠦᠨ ᠬᠢᠨᠠᠨ ᠵᠦᠪᠰᠢᠶᠡᠷᠡᠭᠦᠯᠬᠦ ᠪᠤᠶᠤ ᠤᠳᠤᠷᠢᠳᠬᠤ ᠪᠠᠭ᠎ᠤᠨ ᠬᠠᠮᠳᠤ ᠨᠢᠭᠡᠴᠡ᠎ᠠᠴᠠ ᠰᠤᠳᠤᠯᠤᠨ ᠳᠤᠬᠳᠠᠭ᠋ᠠᠨ᠎ᠠ᠃ ᠳᠡᠭᠡᠷ᠎ᠡ ᠨᠢᠭᠡ ᠱᠠᠳᠤᠨ᠎ᠤ ᠨᠠᠮ᠎ᠤᠨ ᠵᠤᠬᠢᠶᠠᠨ ᠪᠠᠶ᠋ᠢᠭᠤᠯᠤᠯᠳᠠ᠎ᠪᠠᠷ ᠬᠢᠨᠠᠨ ᠵᠦᠪᠰᠢᠶᠡᠷᠡᠭᠦᠯᠬᠦ ᠴᠢᠬᠤᠯᠠᠳᠠᠢ ᠵᠦᠢ᠍ᠯᠡᠰ᠎ᠢ ᠳᠤᠬᠳᠠᠭ᠋ᠠᠯ ᠶᠤᠰᠤᠭ᠋ᠠᠷ ᠮᠡᠳᠡᠭᠦᠯᠦᠨ ᠵᠦᠪᠰᠢᠶᠡᠷᠡᠭᠦᠯᠬᠦ ᠭᠠᠷ ᠭᠦᠢ᠍ᠴᠡᠳᠭᠡᠯ ᠬᠢᠨ᠎ᠠ᠃
     (ᠲᠦᠷᠪᠡ) ᠬᠡᠷᠡᠭᠵᠢᠭᠦᠯᠬᠦ᠃ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠬᠠᠮᠢᠶ᠎ᠠ ᠪᠦᠬᠦᠢ ᠰᠠᠯᠠᠭ᠎ᠠ ᠮᠦᠴᠢᠷ᠎ᠠᠴᠠ ᠬᠢᠨᠠᠨ ᠵᠦᠪᠰᠢᠶᠡᠷᠡᠭᠰᠡᠨ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠲᠦᠰᠦᠯ ᠶᠤᠰᠤᠭ᠋ᠠᠷ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠵᠢ ᠬᠡᠷᠡᠭᠵᠢᠭᠦᠯᠦᠨ᠎ᠠ᠃
     (ᠳᠠᠪᠤ) ᠬᠠᠷᠢᠭᠤ ᠲᠤᠰᠬᠠᠬᠤ᠃ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠬᠠᠮᠢᠶ᠎ᠠ ᠪᠦᠬᠦᠢ ᠰᠠᠯᠠᠭ᠎ᠠ ᠮᠦᠴᠢᠷ᠎ᠠᠴᠠ ᠢᠯᠡ ᠪᠤᠯᠭ᠋ᠠᠬᠰᠠᠨ᠎ᠤ ᠳᠠᠷᠠᠭ᠋ᠠᠬᠢ ᠨᠠᠮ᠎ᠤᠨ ᠭᠡᠰᠢᠭᠦᠨ ᠪᠠ ᠤᠯᠠᠨ ᠲᠦᠮᠡᠨ᠎ᠤ ᠰᠠᠨᠠᠯ ᠰᠠᠨᠠᠭᠤᠯᠭ᠎ᠠ ᠵᠢ ᠬᠤᠷᠢᠶᠡᠨ ᠡᠮᠬᠢᠳᠭᠡᠵᠤ᠂ ᠴᠠᠭ ᠳᠤᠬᠠᠢ᠎ᠳᠤᠨᠢ ᠨᠠᠮ᠎ᠤᠨ ᠵᠤᠬᠢᠶᠠᠨ ᠪᠠᠶ᠋ᠢᠭᠤᠯᠤᠯᠳᠠ᠎ᠳᠤ ᠮᠡᠳᠡᠭᠦᠯᠬᠦ ᠵᠢᠨ ᠬᠠᠮᠳᠤ᠂ ᠪᠠᠶ᠋ᠢᠳᠠᠯ᠎ᠢ ᠦᠵᠡᠵᠤ ᠰᠢᠢ᠍ᠳᠪᠦᠷᠢᠯᠡᠭᠰᠡᠨ ᠪᠠ ᠨᠠᠶ᠋ᠢᠳᠠᠪᠤᠷᠢᠵᠢᠭᠤᠯᠤᠬᠰᠠᠨ ᠪᠠᠶ᠋ᠢᠳᠠᠯ ᠵᠶ᠋ᠠᠨ ᠢᠯᠡ ᠪᠤᠯᠭ᠋ᠠᠨ᠎ᠠ᠃
     (ᠵᠢᠷᠭᠤᠭ᠎ᠠ) ᠳᠠᠩᠰᠠᠨ᠎ᠳᠤ ᠤᠷᠤᠭᠤᠯᠬᠤ᠃ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠬᠠᠮᠢᠶ᠎ᠠ ᠪᠦᠬᠦᠢ ᠰᠠᠯᠠᠭ᠎ᠠ ᠮᠦᠴᠢᠷ᠎ᠠᠴᠠ ᠳᠠᠩᠰᠠ ᠡᠪᠬᠡᠮᠡᠯ᠎ᠤᠨ ᠬᠠᠮᠢᠶᠠᠷᠤᠯᠳᠠ ᠵᠢᠨ ᠬᠠᠮᠢᠶ᠎ᠠ ᠪᠦᠬᠦᠢ ᠳᠤᠬᠳᠠᠭ᠋ᠠᠯ ᠶᠤᠰᠤᠭ᠋ᠠᠷ ᠢᠯᠡ ᠪᠤᠯᠭ᠋ᠠᠬᠰᠠᠨ ᠬᠠᠮᠢᠶ᠎ᠠ ᠪᠦᠬᠦᠢ ᠮᠠᠲ᠋ᠧᠷᠢᠶᠠᠯ᠎ᠢ ᠡᠪᠬᠡᠮᠡᠯᠯᠡᠨ ᠳᠠᠩᠰᠠᠨ᠎ᠳᠤ ᠤᠷᠤᠭᠤᠯᠵᠤ᠂ ᠰᠠᠶ᠋ᠢᠳᠤᠷ ᠬᠠᠳᠠᠭ᠋ᠠᠯᠠᠨ᠎ᠠ᠃
      ᠠᠷᠪᠠ ᠶᠢᠰᠦᠳᠦᠭᠡᠷ ᠵᠦᠢ᠍ᠯ     ᠨᠠᠮ᠎ᠤᠨ ᠶᠠᠪᠤᠳᠠᠯ᠎ᠢ ᠢᠯᠡ ᠪᠤᠯᠭ᠋ᠠᠬᠤ ᠭᠠᠷᠴᠠᠭ᠎ᠲᠤ ᠤᠷᠤᠭᠤᠯᠤᠬᠰᠠᠨ ᠦᠭᠡᠢ ᠢᠯᠡ ᠪᠤᠯᠭ᠋ᠠᠬᠤ᠎ᠪᠠᠷ ᠲᠦᠯᠦᠪᠯᠡᠵᠤ ᠪᠠᠶ᠋ᠢᠭ᠎ᠠ ᠵᠦᠢ᠍ᠯᠡᠰ᠎ᠢ ᠨᠠᠮ᠎ᠤᠨ ᠵᠤᠬᠢᠶᠠᠨ ᠪᠠᠶ᠋ᠢᠭᠤᠯᠤᠯᠳᠠ᠎ᠠᠴᠠ ᠳᠡᠭᠡᠳᠦ ᠨᠢᠭᠡ ᠱᠠᠳᠤᠨ᠎ᠤ ᠨᠠᠮ᠎ᠤᠨ ᠵᠤᠬᠢᠶᠠᠨ ᠪᠠᠶ᠋ᠢᠭᠤᠯᠤᠯᠳᠠ᠎ᠪᠠᠷ ᠬᠢᠨᠠᠨ ᠵᠦᠪᠰᠢᠶᠡᠷᠡᠭᠦᠯᠦᠭᠰᠡᠨ᠎ᠤ ᠳᠠᠷᠠᠭ᠎ᠠ ᠳᠡᠰ ᠳᠠᠷᠠᠭ᠋ᠠᠯᠠᠯ ᠶᠤᠰᠤᠭ᠋ᠠᠷ ᠢᠯᠡ ᠪᠤᠯᠭ᠋ᠠᠨ᠎ᠠ᠃
      ᠬᠤᠷᠢᠳᠤᠭ᠋ᠠᠷ ᠵᠦᠢ᠍ᠯ     ᠨᠠᠮ᠎ᠤᠨ ᠵᠤᠬᠢᠶᠠᠨ ᠪᠠᠶ᠋ᠢᠭᠤᠯᠤᠯᠳᠠ᠎ᠠᠴᠠ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠠᠭᠤᠯᠭ᠎ᠠ ᠪᠤᠯᠤᠨ ᠬᠦᠷᠢᠶ᠎ᠡ ᠬᠡᠪᠴᠢᠶ᠎ᠡ ᠵᠢ ᠦᠨᠳᠦᠰᠦᠯᠡᠨ ᠵᠤᠬᠢᠰᠳᠠᠢ ᠢᠯᠡ ᠪᠤᠯᠭ᠋ᠠᠬᠤ ᠬᠡᠯᠪᠡᠷᠢ ᠵᠢ ᠰᠤᠩᠭᠤᠨ᠎ᠡ᠃ ᠨᠠᠮ᠎ᠤᠨ ᠳᠤᠳᠤᠭ᠋ᠠᠳᠤ᠎ᠳᠤ ᠢᠯᠡ ᠪᠤᠯᠭ᠋ᠠᠬᠤ᠎ᠳᠤ ᠶᠡᠷᠦᠳᠡᠭᠡᠨ ᠬᠤᠷᠠᠯ ᠡᠷᠬᠢᠯᠡᠬᠦ᠂ ᠪᠢᠴᠢᠭ ᠮᠠᠲᠧᠷᠢᠶᠠᠯ ᠭᠠᠷᠭ᠋ᠠᠬᠤ᠂ ᠲᠤᠪᠴᠢ ᠮᠡᠳᠡᠭᠡ ᠨᠠᠶ᠋ᠢᠷᠠᠭᠤᠯᠤᠨ ᠨᠡᠶ᠋ᠢᠳᠡᠯᠡᠬᠦ᠂ ᠭᠡᠰᠡᠭ ᠬᠡᠪᠴᠢᠶᠡᠨ᠎ᠤ ᠰᠦᠯᠵᠢᠶ᠎ᠡ᠎ᠳᠤ ᠨᠡᠶ᠋ᠢᠳᠡᠯᠡᠬᠦ ᠵᠡᠷᠭᠡ ᠬᠡᠯᠪᠡᠷᠢ ᠵᠢ ᠬᠡᠷᠡᠭᠯᠡᠳᠡᠭ᠃ ᠨᠡᠶ᠋ᠢᠭᠡᠮ᠎ᠳᠤ ᠢᠯᠡ ᠪᠤᠯᠭ᠋ᠠᠬᠤ᠎ᠳᠤ ᠶᠡᠷᠦᠳᠡᠭᠡᠨ ᠠᠯᠪᠠᠨ ᠮᠡᠳᠡᠭᠡ ᠨᠡᠶ᠋ᠢᠳᠡᠯᠡᠬᠦ᠂ ᠰᠤᠨᠢᠨ ᠮᠡᠳᠡᠭᠡ ᠨᠡᠶ᠋ᠢᠳᠡᠯᠡᠬᠦ ᠬᠤᠷᠠᠯ ᠡᠷᠬᠢᠯᠡᠬᠦ᠂ ᠰᠤᠷᠪᠤᠯᠵᠢᠯᠠᠭ᠎ᠠ ᠬᠦᠯᠢᠶᠡᠬᠦ ᠵᠢᠴᠢ ᠰᠤᠨᠢᠨ ᠰᠡᠳᠬᠦᠯ᠂ ᠷᠠᠳᠢᠣ᠋᠂ ᠲᠧᠯᠸᠢᠰ᠂ ᠢᠨᠲ᠋ᠧᠷ ᠰᠦᠯᠵᠢᠶ᠎ᠡ᠂ ᠰᠢᠨ᠎ᠡ ᠵᠠᠭᠤᠴᠢᠯᠠᠭᠤᠷ᠂ ᠢᠯᠡ ᠨᠡᠶ᠋ᠢᠳᠡᠯᠡᠬᠦ ᠰᠠᠮᠪᠠᠷ᠎ᠠ᠎ᠳᠤ ᠨᠡᠶ᠋ᠢᠳᠡᠯᠡᠬᠦ ᠵᠡᠷᠭᠡ ᠬᠡᠯᠪᠡᠷᠢ ᠵᠢ ᠬᠡᠷᠡᠭᠯᠡᠵᠤ᠂ ᠨᠠᠮ᠎ᠤᠨ ᠰᠤᠨᠢᠨ ᠨᠠᠮ᠎ᠤᠨ ᠰᠡᠳᠬᠦᠯ᠂ ᠷᠠᠳᠢᠣ᠋ ᠲᠧᠯᠸᠢᠰ ᠬᠤᠷᠢᠶ᠎ᠠ᠂ ᠭᠤᠤᠯᠳᠠᠯᠭ᠎ᠠ᠎ᠲᠠᠢ ᠰᠤᠨᠢᠨ ᠮᠡᠳᠡᠭᠡᠨ᠎ᠤ ᠰᠦᠯᠵᠢᠶ᠎ᠡ ᠵᠡᠷᠭᠡ ᠨᠠᠮ᠎ᠤᠨ ᠵᠠᠭᠤᠴᠢᠯᠠᠭᠤᠷ᠎ᠢ ᠤᠷᠢᠳᠴᠢᠯᠠᠨ ᠬᠡᠷᠡᠭᠯᠡᠵᠤ ᠨᠡᠶ᠋ᠢᠳᠡᠯᠡᠳᠡᠭ᠃
      ᠬᠤᠰᠢᠭᠤ ᠰᠢᠶᠠᠨ᠎ᠠᠴᠠ ᠳᠡᠭᠡᠭᠰᠢᠬᠢ ᠨᠠᠮ᠎ᠤᠨ ᠬᠤᠷᠢᠶ᠎ᠠ ᠵᠢᠴᠢ ᠰᠠᠬᠢᠯᠭ᠎ᠠ ᠪᠠᠳᠤ ᠪᠠᠶ᠋ᠢᠴᠠᠭ᠋ᠠᠬᠤ ᠪᠠᠶ᠋ᠢᠭᠤᠯᠭ᠎ᠠ᠂ ᠨᠠᠮ᠎ᠤᠨ ᠬᠤᠷᠢᠶ᠎ᠠ ᠵᠢᠨ ᠬᠠᠮᠢᠶ᠎ᠠ ᠪᠦᠬᠦᠢ ᠠᠵᠢᠯ᠎ᠤᠨ ᠪᠠᠶ᠋ᠢᠭᠤᠯᠭ᠎ᠠ᠎ᠠᠴᠠ ᠨᠠᠮ᠎ᠤᠨ ᠬᠤᠷᠢᠶᠠᠨ᠎ᠤ ᠰᠤᠨᠢᠨ ᠮᠡᠳᠡᠭᠡᠨ᠎ᠤ ᠦᠭᠦᠯᠡᠭᠴᠢ ᠵᠢᠨ ᠲᠦᠷᠢᠮ᠎ᠢ ᠪᠠᠶ᠋ᠢᠭᠤᠯᠬᠤ ᠪᠠ ᠲᠡᠭᠦᠯᠳᠡᠷᠵᠢᠭᠦᠯᠵᠤ᠂ ᠨᠡᠶ᠋ᠢᠳᠡᠯᠡᠬᠦ ᠶᠠᠪᠤᠴᠠ᠎ᠪᠠᠨ ᠲᠦᠷᠢᠮᠵᠢᠭᠦᠯᠵᠤ᠂ ᠨᠡᠶ᠋ᠢᠳᠡᠯᠡᠬᠦ ᠤᠳᠠᠭ᠎ᠠ᠎ᠪᠠᠨ ᠨᠡᠮᠡᠭᠳᠡᠭᠦᠯᠵᠤ᠂ ᠵᠤᠷᠰᠢᠯ ᠶᠤᠰᠤᠭ᠋ᠠᠷ ᠨᠡᠶ᠋ᠢᠳᠡᠯᠡᠬᠦ ᠲᠦᠷᠢᠮ᠎ᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠴᠢᠬᠤᠯᠠ ᠨᠠᠮ᠎ᠤᠨ ᠶᠠᠪᠤᠳᠠᠯ᠎ᠤᠨ ᠮᠡᠳᠡᠭᠡ ᠵᠠᠩᠬᠢ ᠵᠢ ᠴᠠᠭ ᠲᠤᠬᠠᠢ᠎ᠳᠤᠨᠢ ᠤᠨᠤᠪᠴᠢᠳᠠᠢ ᠨᠡᠶ᠋ᠢᠳᠡᠯᠡᠨ᠎ᠡ᠃
      ᠬᠤᠷᠢᠨ ᠨᠢᠭᠡᠳᠦᠭᠡᠷ ᠵᠦᠢ᠍ᠯ     ᠨᠠᠮ᠎ᠤᠨ ᠶᠠᠪᠤᠳᠠᠯ᠎ᠢ ᠢᠯᠡ ᠪᠤᠯᠭ᠋ᠠᠬᠤ ᠵᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ᠂ ᠦᠢ᠍ᠯᠡᠳᠪᠦᠷᠢ ᠵᠢᠨ ᠶᠠᠪᠤᠳᠠᠯ᠎ᠢ ᠢᠯᠡ ᠪᠤᠯᠭ᠋ᠠᠬᠤ᠂ ᠭᠠᠴᠠᠭ᠎ᠠ ᠲᠤᠰᠬᠤᠨ (ᠰᠠᠭᠤᠭ᠋ᠠᠯᠢ ᠠᠷᠠᠳ᠎ᠤᠨ ᠲᠤᠭᠤᠷᠢᠭ)᠎ᠤ ᠶᠠᠪᠤᠳᠠᠯ᠎ᠢ ᠢᠯᠡ ᠪᠤᠯᠭ᠋ᠠᠬᠤ᠂ ᠤᠯᠠᠨ ᠨᠡᠶ᠋ᠢᠳᠡ ᠵᠢᠨ ᠠᠵᠢᠯ ᠦᠢ᠍ᠯᠡᠰ᠎ᠤᠨ ᠨᠢᠭᠡᠴᠢ ᠵᠢᠨ ᠬᠡᠷᠡᠭ ᠡᠷᠬᠢᠯᠡᠬᠦ ᠵᠢ ᠢᠯᠡ ᠪᠤᠯᠭ᠋ᠠᠬᠤ ᠵᠡᠷᠭᠡ ᠲᠠᠯ᠎ᠠ ᠵᠢᠨ ᠠᠴᠢᠶᠠᠯᠠᠪᠤᠷᠢ ᠪᠤᠯᠤᠨ ᠳᠠᠪᠴᠠᠩ᠎ᠲᠠᠢ ᠡᠬᠢ ᠪᠠᠶᠠᠯᠢᠭ ᠵᠶ᠋ᠠᠨ ᠬᠠᠮᠳᠤ᠎ᠪᠠᠷ ᠡᠳ᠋ᠯᠡᠵᠤ ᠪᠤᠯᠬᠤ᠎ᠲᠠᠢ᠎ᠨᠢ ᠨᠢᠭᠡᠳᠦᠯᠳᠡᠢ ᠲᠦᠯᠦᠪᠵᠢᠬᠦᠯᠦᠨ ᠬᠡᠷᠡᠭᠯᠡᠵᠤ ᠪᠤᠯᠤᠨ᠎ᠠ᠃
      ᠨᠦᠬᠦᠴᠡᠯ᠎ᠲᠠᠢ ᠨᠠᠮ᠎ᠤᠨ ᠵᠤᠬᠢᠶᠠᠨ ᠪᠠᠶ᠋ᠢᠭᠤᠯᠤᠯᠳᠠ᠎ᠨᠢ ᠨᠠᠮ᠎ᠤᠨ ᠶᠠᠪᠤᠳᠠᠯ᠎ᠤᠨ ᠮᠡᠳᠡᠭᠡ ᠵᠠᠩᠬᠢ ᠵᠢ ᠢᠯᠡ ᠪᠤᠯᠭ᠋ᠠᠬᠤ ᠨᠢᠭᠡᠳᠦᠯᠳᠡᠢ ᠳᠠᠪᠴᠠᠩ ᠪᠠᠶ᠋ᠢᠭᠤᠯᠵᠤ ᠪᠤᠯᠤᠨ᠎ᠠ᠃
      ᠬᠤᠷᠢᠨ ᠬᠤᠶᠠᠳᠤᠭ᠋ᠠᠷ ᠵᠦᠢ᠍ᠯ     ᠨᠠᠮ᠎ᠤᠨ ᠵᠤᠬᠢᠶᠠᠨ ᠪᠠᠶ᠋ᠢᠭᠤᠯᠤᠯᠳᠠ᠎ᠠᠴᠠ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠰᠢᠨ᠎ᠡ ᠬᠡᠯᠪᠡᠷᠢ ᠵᠢ ᠬᠦᠭᠵᠢᠬᠦᠯᠬᠦ ᠪᠠ ᠰᠠᠶ᠋ᠢᠳᠤᠷ ᠬᠡᠷᠡᠭᠯᠡᠵᠤ᠂ ᠨᠠᠮ᠎ᠤᠨ ᠭᠡᠰᠢᠭᠦᠨ ᠪᠤᠯᠤᠨ ᠤᠯᠠᠨ ᠨᠡᠶ᠋ᠢᠳᠡ ᠵᠢᠨ ᠨᠠᠮ᠎ᠤᠨ ᠶᠠᠪᠤᠳᠠᠯ᠎ᠢ ᠢᠯᠡ ᠪᠤᠯᠭ᠋ᠠᠬᠤ᠎ᠳᠤ ᠤᠷᠤᠯᠴᠠᠬᠤ ᠦᠷᠭᠡᠴᠡ ᠪᠤᠯᠤᠨ ᠭᠦᠨᠴᠡ ᠵᠢ ᠦᠷᠭᠡᠳᠭᠡᠨ᠎ᠠ᠃
      ᠨᠠᠮ᠎ᠤᠨ ᠭᠡᠰᠢᠭᠦᠨ ᠨᠠᠮ᠎ᠤᠨ ᠬᠤᠷᠢᠶᠠᠨ᠎ᠤ ᠬᠤᠷᠠᠯ᠎ᠢ ᠰᠤᠯᠠ ᠰᠤᠨᠤᠰᠬᠤ᠂ ᠨᠠᠮ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢ᠎ᠠᠴᠠ ᠨᠠᠮ᠎ᠤᠨ ᠬᠤᠷᠢᠶᠠᠨ᠎ᠤ ᠬᠤᠷᠠᠯ᠎ᠳᠤ ᠤᠷᠤᠯᠴᠠᠬᠤ ᠲᠦᠷᠢᠮ᠎ᠢ ᠪᠠᠶ᠋ᠢᠭᠤᠯᠤᠨ ᠳᠡᠭᠦᠯᠳᠡᠷᠵᠢᠭᠦᠯᠵᠤ᠂ ᠬᠤᠰᠢᠭᠤ ᠰᠢᠶᠡᠨ᠎ᠠᠴᠠ ᠳᠡᠭᠡᠭᠰᠢᠬᠢ ᠨᠠᠮ᠎ᠤᠨ ᠬᠤᠷᠢᠶ᠎ᠠ᠎ᠠᠴᠠ ᠪᠦᠬᠦᠳᠡ ᠬᠤᠷᠠᠯ ᠬᠤᠷᠠᠯᠳᠤᠨ ᠨᠠᠮ᠎ᠤᠨ ᠲᠦᠪ ᠬᠤᠷᠢᠶ᠎ᠠ ᠪᠠ ᠳᠡᠭᠡᠳᠦ ᠱᠠᠳᠤᠨ᠎ᠤ ᠵᠤᠬᠢᠶᠠᠨ ᠪᠠᠶ᠋ᠢᠭᠤᠯᠤᠯᠳᠠ ᠵᠢᠨ ᠰᠢᠢ᠍ᠳᠪᠦᠷᠢ᠂ ᠳᠤᠬᠳᠠᠭ᠋ᠠᠬᠰᠠᠨ ᠠᠷᠭ᠎ᠠ ᠠᠪᠴᠠᠯ᠎ᠢ ᠰᠤᠳᠤᠯᠤᠨ ᠲᠤᠭᠤᠰᠢᠯᠠᠭᠤᠯᠤᠨ ᠬᠡᠷᠡᠭᠵᠢᠭᠦᠯᠵᠤ᠂ ᠰᠤᠳᠤᠯᠤᠨ ᠶᠠᠷᠢᠯᠴᠠᠬᠤ᠎ᠨᠢ ᠲᠤᠬᠠᠢ ᠵᠢᠨ ᠭᠠᠵᠠᠷ᠎ᠤᠨ ᠠᠵᠤ ᠠᠬᠤᠢ ᠵᠢᠨ ᠪᠦᠲᠦᠭᠡᠨ ᠪᠠᠶ᠋ᠢᠭᠤᠯᠤᠯᠳᠠ᠂ ᠤᠯᠤᠰ ᠲᠦᠷᠦ ᠵᠢᠨ ᠪᠠᠶ᠋ᠢᠭᠤᠯᠤᠯᠳᠠ᠂ ᠰᠤᠶᠤᠯ᠎ᠤᠨ ᠪᠠᠶ᠋ᠢᠭᠤᠯᠤᠯᠳᠠ᠂ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠳᠠ᠂ ᠠᠮᠢ ᠠᠬᠤᠢ ᠵᠢᠨ ᠪᠤᠯᠪᠠᠰᠤᠨ᠎ᠤ ᠪᠠᠶ᠋ᠢᠭᠤᠯᠤᠯᠳᠠ ᠪᠠ ᠨᠠᠮ᠎ᠤᠨ ᠪᠠᠶ᠋ᠢᠭᠤᠯᠤᠯᠳᠠ ᠵᠢᠴᠢ ᠪᠤᠰᠤᠳ ᠪᠦᠬᠦ ᠲᠠᠯ᠎ᠠ ᠵᠢᠨ ᠴᠢᠨᠠᠷᠳᠠᠢ ᠴᠢᠬᠤᠯᠠ ᠶᠡᠭᠡ ᠠᠰᠠᠭᠤᠳᠠᠯ᠎ᠢ ᠬᠠᠮᠤᠷᠴᠤ᠂ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶᠠᠨ᠎ᠤ ᠠᠵᠢᠯ᠎ᠤᠨ ᠮᠡᠳᠡᠭᠦᠯᠦᠯᠳᠡ ᠵᠢ ᠰᠤᠨᠤᠰᠬᠤ ᠪᠠ ᠬᠢᠨᠠᠨ ᠵᠦᠪᠯᠡᠵᠤ᠂ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶ᠎ᠠ ᠵᠢᠴᠢ ᠭᠡᠰᠢᠭᠦᠨ᠎ᠤ ᠠᠵᠢᠯ᠎ᠳᠤ ᠬᠢᠨᠠᠯᠳᠠ ᠳᠠᠯᠪᠢᠬᠤ ᠪᠠ ᠵᠦᠪᠯᠡᠯᠳᠡ ᠬᠢᠬᠦ ᠵᠡᠷᠭᠡ᠎ᠳᠤ ᠨᠠᠮ᠎ᠤᠨ ᠭᠡᠰᠢᠭᠦᠨ᠎ᠢ ᠤᠷᠢᠨ ᠰᠤᠯᠠ ᠰᠤᠨᠤᠰᠬᠤ᠂ ᠨᠠᠮ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠯᠦᠭᠡᠯᠡᠭᠴᠢ ᠤᠷᠤᠯᠴᠠᠵᠤ ᠪᠤᠯᠤᠨ᠎ᠠ᠃ ᠨᠠᠮ᠎ᠤᠨ ᠳᠤᠳᠤᠭ᠋ᠠᠳᠤ ᠵᠢᠨ ᠪᠠᠶ᠋ᠢᠳᠠᠯ᠎ᠢ ᠮᠡᠳᠡᠭᠳᠡᠨ ᠬᠠᠷᠢᠭᠤ ᠲᠤᠰᠬᠠᠬᠤ ᠲᠦᠷᠢᠮ᠎ᠢ ᠪᠠᠶ᠋ᠢᠭᠤᠯᠤᠨ ᠳᠡᠭᠦᠯᠳᠡᠷᠵᠢᠭᠦᠯᠵᠤ᠂ ᠨᠠᠮ᠎ᠤᠨ ᠳᠤᠳᠤᠭ᠋ᠠᠳᠤ ᠵᠢᠨ ᠪᠠᠶ᠋ᠢᠳᠠᠯ᠎ᠢ ᠲᠤᠬᠳᠠᠬᠰᠠᠨ ᠬᠤᠭᠤᠴᠠᠭ᠎ᠠ᠎ᠲᠠᠢ᠎ᠪᠠᠷ ᠮᠡᠳᠡᠭᠳᠡᠵᠤ᠂ ᠴᠢᠬᠤᠯᠠ ᠪᠠᠶ᠋ᠢᠳᠠᠯ᠎ᠢ ᠴᠠᠬ ᠳᠤᠬᠠᠢ᠎ᠳᠤᠨᠢ ᠮᠡᠳᠡᠭᠳᠡᠨ᠎ᠡ᠃ ᠨᠠᠮ᠎ᠤᠨ ᠭᠡᠰᠢᠭᠦᠨ ᠪᠠ ᠤᠯᠠᠨ ᠲᠦᠮᠡᠨ᠎ᠤ ᠰᠠᠨᠠᠯ ᠰᠠᠨᠠᠭᠤᠯᠭ᠎ᠠ᠎ᠪᠠᠨ ᠬᠠᠷᠢᠭᠤ ᠲᠤᠰᠬᠠᠬᠤ ᠠᠷᠭ᠎ᠠ ᠵᠠᠮ᠎ᠢ ᠰᠢᠯᠤᠭᠤᠳᠬᠠᠵᠤ᠂ ᠰᠠᠨᠠᠯ ᠰᠠᠨᠠᠭᠤᠯᠭ᠎ᠠ ᠴᠤᠬᠯᠠᠭᠤᠯᠤᠨ ᠡᠮᠬᠢᠳᠭᠡᠬᠦ ᠠᠵᠢᠯ᠎ᠢ ᠰᠠᠶ᠋ᠢᠳᠤᠷ ᠬᠢᠵᠤ᠂ ᠴᠠᠭ ᠳᠤᠬᠠᠢ᠎ᠳᠤᠨᠢ ᠰᠤᠳᠤᠯᠤᠨ ᠰᠢᠢ᠍ᠳᠪᠦᠷᠢᠯᠡᠨ᠎ᠡ᠃
      ᠨᠠᠮ᠎ᠤᠨ ᠳᠤᠳᠤᠭ᠋ᠠᠳᠤ ᠵᠢᠨ ᠶᠠᠪᠤᠳᠠᠯ᠎ᠤᠨ ᠵᠦᠪᠯᠡᠯᠭᠡ᠂ ᠴᠢᠬᠤᠯᠠ ᠶᠡᠭᠡ ᠰᠢᠢ᠍ᠳᠪᠦᠷᠢᠳᠦ ᠪᠤᠳᠤᠯᠭ᠎ᠠ ᠳᠤᠭᠳᠠᠭ᠋ᠠᠬᠤ ᠰᠠᠨᠠᠯ ᠬᠤᠷᠢᠶᠠᠬᠤ᠂ ᠴᠢᠬᠤᠯᠠ ᠶᠡᠭᠡ ᠵᠦᠢ᠍ᠯᠡᠰ᠎ᠢ ᠨᠡᠶ᠋ᠢᠬᠡᠮ᠎ᠳᠤ ᠢᠯᠡ ᠵᠠᠷᠯᠠᠬᠤ ᠪᠠ ᠨᠡᠶ᠋ᠢᠬᠡᠮ᠎ᠤᠨ ᠡᠳᠡᠭᠡᠳ᠎ᠤᠨ ᠰᠤᠨᠤᠰᠤᠨ ᠭᠡᠷᠡᠴᠢᠯᠡᠬᠦ ᠳᠦᠷᠢᠮ᠎ᠢ ᠪᠠᠶ᠋ᠢᠭᠤᠯᠤᠨ ᠪᠦᠷᠢᠨᠰᠢᠬᠦᠯᠦᠨ᠎ᠡ; ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠢ᠌ᠢ᠍ᠯᠠᠩ) ᠵᠢᠨ ᠬᠤᠷᠠᠯ᠎ᠠᠴᠠ ᠬᠢᠨᠠᠨ ᠵᠦᠪᠯᠡᠭᠰᠡᠨ ᠴᠢᠬᠤᠯᠠ ᠦᠬᠡᠷᠡᠴᠢᠯᠡᠯᠳᠡ ᠵᠢᠨ ᠳᠦᠰᠦᠯ ᠪᠠ ᠴᠢᠬᠤᠯᠠ ᠶᠡᠭᠡ ᠳᠦᠷᠦ ᠵᠢᠨ ᠪᠤᠳᠤᠯᠭ᠎ᠠ ᠵᠢᠨ ᠠᠷᠭ᠎ᠠ ᠠᠪᠴᠠᠯ᠎ᠢ ᠳᠡᠪᠰᠢᠬᠦᠯᠬᠦ᠎ᠳᠤ ᠬᠠᠤᠯᠢ ᠶᠤᠰᠤᠭ᠋ᠠᠷ ᠨᠢᠭᠤᠴᠠ ᠵᠢ ᠬᠠᠮᠠᠭ᠋ᠠᠯᠬᠠᠤ᠎ᠠᠴᠠ ᠭᠠᠳᠠᠨ᠎ᠠ᠂ ᠰᠢᠢ᠍ᠳᠪᠦᠷᠢᠳᠦ ᠪᠤᠳᠤᠯᠭ᠎ᠠ ᠲᠤᠭᠳᠠᠭ᠋ᠠᠬᠤ᠎ᠠᠴᠠ ᠡᠮᠦᠨ᠎ᠠ ᠨᠠᠮ᠎ᠤᠨ ᠳᠤᠳᠤᠭ᠋ᠠᠳᠤ᠎ᠳᠤ ᠰᠢᠢ᠍ᠳᠪᠦᠷᠢᠳᠤ ᠪᠤᠳᠤᠯᠭ᠎ᠠ ᠵᠢᠨ ᠳᠦᠰᠦᠯ᠂ ᠰᠢᠢ᠍ᠳᠪᠦᠷᠢᠳᠤ ᠪᠤᠳᠤᠯᠭ᠎ᠠ ᠵᠢᠨ ᠦᠨᠳᠦᠰᠦᠯᠡᠯ᠎ᠢ ᠢᠯᠡ ᠨᠡᠶ᠋ᠢᠳᠡᠯᠡᠵᠦ᠂ ᠨᠠᠮ᠎ᠤᠨ ᠭᠡᠰᠢᠬᠦᠳ᠎ᠠᠴᠠ ᠦᠷᠬᠡᠨ ᠵᠶ᠋ᠠᠷ ᠰᠠᠨᠠᠯ ᠬᠤᠷᠢᠶᠠᠨ᠎ᠠ; ᠤᠯᠠᠨ ᠨᠡᠶ᠋ᠢᠳᠡ ᠵᠢᠨ ᠠᠰᠢᠬ ᠳᠤᠰᠠ᠎ᠲᠠᠢ ᠬᠤᠯᠪᠤᠭᠳᠠᠭᠰᠠᠨ ᠴᠢᠬᠤᠯᠠ ᠶᠡᠭᠡ ᠰᠢᠢ᠍ᠳᠪᠦᠷᠢᠳᠤ ᠪᠤᠳᠤᠯᠭ᠎ᠠ ᠵᠢ ᠭᠠᠷᠭ᠋ᠠᠬᠤ᠎ᠳᠤ᠂ ᠨᠠᠮ᠎ᠤᠨ ᠳᠤᠳᠤᠭ᠋ᠠᠳᠤ ᠵᠢᠨ ᠶᠠᠪᠤᠳᠠᠯ᠎ᠤᠨ ᠵᠦᠪᠯᠡᠯᠭᠡ᠂ ᠰᠤᠨᠤᠰᠤᠨ ᠭᠡᠷᠡᠴᠢᠯᠡᠬᠦ ᠶᠠᠷᠢᠯᠴᠠᠬᠤ ᠬᠤᠷᠠᠯ ᠬᠢᠬᠦ᠎ᠪᠠᠷ ᠳᠡᠮᠵᠢᠨ ᠤᠯᠠᠨ ᠳᠦᠮᠡᠨ᠎ᠤ ᠤᠷᠤᠯᠴᠠᠭ᠎ᠠ ᠵᠢ ᠦᠷᠭᠡᠳᠭᠡᠨ᠎ᠠ᠃
      ᠳᠦᠷᠪᠡᠳᠦᠭᠡᠷ ᠪᠦᠯᠦᠭ     ᠠᠵᠢᠯ᠎ᠤᠨ ᠳᠤᠭᠳᠠᠴᠠ
      ᠬᠤᠷᠢᠨ ᠭᠤᠷᠪᠠᠳᠤᠭ᠋ᠠᠷ ᠵᠦᠢ᠍ᠯ     ᠨᠠᠮ᠎ᠤᠨ ᠵᠤᠬᠢᠶᠠᠨ ᠪᠠᠶ᠋ᠢᠭᠤᠯᠤᠯᠳᠠ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠠᠶᠦᠯ ᠳᠦᠭᠰᠢᠬᠦᠷᠢ ᠵᠢ ᠦᠨᠡᠯᠡᠨ ᠵᠢᠱ᠌ᠢᠭᠦ ᠳᠤᠭᠳᠠᠴᠠ ᠵᠢ ᠪᠠᠶ᠋ᠢᠭᠤᠯᠵᠤ᠂ ᠨᠠᠮ᠎ᠤᠨ ᠶᠠᠪᠤᠳᠠᠯ᠎ᠢ ᠢᠯᠡ ᠪᠤᠯᠭ᠋ᠠᠭᠰᠠᠨ᠎ᠠᠴᠠ ᠪᠤᠯᠵᠦ ᠡᠬᠦᠰᠴᠤ ᠮᠡᠳᠡᠬᠦ ᠤᠯᠤᠰ ᠳᠦᠷᠦ ᠵᠢᠨ ᠠᠮᠤᠷ ᠲᠦᠪᠰᠢᠨ᠎ᠤ ᠠᠶᠤᠯ ᠳᠦᠭᠰᠢᠬᠦᠷᠢ᠂ ᠨᠡᠶ᠋ᠢᠬᠡᠮ᠎ᠤᠨ ᠳᠤᠭᠳᠠᠭᠤᠨ᠎ᠤ ᠳᠦᠭᠰᠢᠬᠦᠷᠢ ᠵᠢ ᠰᠤᠳᠤᠯᠤᠨ ᠲᠦᠰᠦᠭᠡᠯᠡᠵᠤ ᠦᠨᠡᠯᠡᠨ ᠵᠢᠱ᠌ᠢᠵᠦ᠂ ᠤᠷᠢᠳᠴᠢᠯᠠᠨ ᠰᠡᠷᠭᠡᠶ᠋ᠢᠯᠡᠭᠦ ᠳᠦᠰᠦᠯ ᠭᠠᠷᠭ᠋ᠠᠨ᠎ᠠ᠃
      ᠬᠤᠷᠢᠨ ᠳᠦᠷᠪᠡᠳᠦᠭᠡᠷ ᠵᠦᠢ᠍ᠯ     ᠨᠠᠮ᠎ᠤᠨ ᠵᠤᠬᠢᠶᠠᠨ ᠪᠠᠶ᠋ᠢᠭᠤᠯᠤᠯᠳᠠ᠎ᠨᠢ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠮᠡᠳᠡᠭᠡ ᠵᠠᠩᠬᠢ ᠵᠢ ᠨᠡᠶ᠋ᠢᠳᠡᠯᠡᠭᠦ ᠳᠤᠭᠳᠠᠴᠠ ᠵᠢ ᠪᠠᠶ᠋ᠢᠭᠤᠯᠵᠦ᠂ ᠰᠤᠨᠢᠨ ᠮᠡᠳᠡᠭᠡ ᠳᠡᠮᠵᠢᠭᠤᠯᠭ᠎ᠠ ᠵᠢᠨ ᠵᠢᠮ᠎ᠠ ᠶᠤᠰᠤ ᠵᠢ ᠵᠢᠷᠤᠮᠯᠠᠵᠦ᠂ ᠳᠤᠬᠢᠷᠠᠮᠵᠢᠳᠠᠢ ᠮᠡᠳᠡᠭᠡ ᠵᠠᠩᠬᠢ ᠨᠡᠶ᠋ᠢᠳᠡᠯᠡᠬᠦ ᠠᠷᠭ᠎ᠠ ᠭᠡᠯᠪᠡᠷᠢ ᠪᠠ ᠵᠠᠭᠤᠴᠢᠯᠠᠭᠤᠷ᠎ᠢ ᠰᠤᠩᠭᠤᠵᠦ᠂ ᠴᠠᠭ ᠳᠤᠬᠠᠢ᠎ᠳᠤᠨᠢ᠂ ᠰᠠᠨᠠᠭ᠋ᠠᠴᠢᠯᠠᠭ᠎ᠠ᠎ᠲᠠᠢ᠎ᠪᠠᠷ᠂ ᠪᠦᠬᠦ ᠲᠠᠯ᠎ᠠ᠎ᠪᠠᠷ᠂ ᠤᠨᠤᠪᠴᠢᠳᠠᠢ ᠨᠡᠶ᠋ᠢᠳᠡᠯᠡᠵᠦ᠂ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠴᠠᠭ ᠬᠡᠮᠵᠢᠶ᠎ᠠ ᠠᠰᠢᠬᠯᠠᠮᠵᠢ ᠵᠢ ᠰᠠᠶ᠋ᠢᠳᠤᠷ ᠡᠵᠡᠮᠳᠡᠨ᠎ᠠ᠃
      ᠬᠤᠷᠢᠨ ᠳᠠᠪᠤᠳᠤᠭ᠋ᠠᠷ ᠵᠦᠢ᠍ᠯ     ᠨᠠᠮ᠎ᠤᠨ ᠵᠤᠬᠢᠶᠠᠨ ᠪᠠᠶ᠋ᠢᠭᠤᠯᠤᠯᠳᠠ᠎ᠨᠢ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠳᠦᠷᠦ ᠵᠢᠨ ᠪᠤᠳᠤᠯᠭ᠎ᠠ ᠵᠢᠨ ᠲᠠᠶ᠋ᠢᠯᠤᠮᠵᠢ ᠵᠢᠨ ᠳᠤᠭᠳᠠᠴᠠ ᠵᠢ ᠪᠠᠶ᠋ᠢᠭᠤᠯᠵᠦ᠂ ᠬᠠᠮᠤᠷᠬᠤ ᠭᠡᠪᠴᠢᠶ᠎ᠠ᠎ᠨᠢ ᠦᠷᠭᠡᠨ᠂ ᠨᠡᠶ᠋ᠢᠬᠡᠮ᠎ᠤᠨ ᠠᠩᠬᠠᠷᠤᠴᠠ ᠦᠨᠳᠦᠷ᠂ ᠳᠤᠰᠬᠠᠢ ᠮᠡᠷᠭᠡᠵᠢᠯ᠎ᠤᠨ ᠴᠢᠨᠠᠷ ᠴᠢᠩᠭ᠎ᠠ ᠪᠠᠶ᠋ᠢᠳᠠᠭ ᠨᠠᠮ᠎ᠤᠨ ᠳᠤᠳᠤᠭ᠋ᠠᠳᠤ ᠵᠢᠨ ᠬᠠᠦᠯᠢ ᠲᠤᠭᠳᠠᠭ᠋ᠠᠯ ᠪᠠ ᠵᠢᠷᠤᠮᠵᠢᠭᠰᠠᠨ ᠪᠢᠴᠢᠭ ᠮᠠᠲ᠋ᠧᠷᠢᠶᠠᠯ᠂ ᠴᠢᠬᠤᠯᠠ ᠪᠦᠬᠦᠢ ᠳᠦᠷᠦ ᠵᠢᠨ ᠪᠤᠳᠤᠯᠭ᠎ᠠ᠂ ᠴᠢᠬᠤᠯᠠ ᠶᠡᠭᠡ ᠠᠷᠭ᠎ᠠ ᠪᠠᠷᠢᠯ᠎ᠢ ᠰᠤᠨᠢᠨ ᠮᠡᠳᠡᠭᠡ ᠨᠡᠶ᠋ᠢᠳᠡᠯᠡᠬᠦ ᠬᠤᠷᠠᠯ᠂ ᠰᠤᠷᠪᠤᠯᠵᠢᠯᠠᠭ᠎ᠠ ᠬᠦᠯᠢᠶᠡᠬᠦ᠂ ᠵᠤᠬᠢᠶᠠᠯ ᠨᠡᠶ᠋ᠢᠳᠡᠯᠡᠬᠦ ᠵᠡᠷᠭᠡ ᠭᠡᠯᠪᠡᠷᠢ᠎ᠪᠠᠷ ᠳᠡᠮᠵᠢᠭᠤᠯᠤᠨ ᠴᠢᠬᠤᠯᠠ ᠪᠦᠬᠦᠢ ᠢᠯᠡ ᠪᠤᠯᠭ᠋ᠠᠬᠤ ᠬᠡᠷᠡᠭ ᠶᠠᠪᠤᠳᠠᠯ᠎ᠳᠤ ᠲᠤᠳᠤᠷᠬᠠᠢ ᠲᠠᠶ᠋ᠢᠯᠪᠤᠷᠢᠯᠡᠯᠳᠠ ᠪᠠ ᠲᠠᠶ᠋ᠢᠯᠤᠮᠵᠢ ᠬᠢᠨ᠎ᠠ᠃
      ᠬᠤᠷᠢᠨ ᠵᠢᠷᠭᠤᠳᠤᠭ᠋ᠠᠷ ᠵᠦᠢ᠍ᠯ     ᠨᠠᠮ᠎ᠤᠨ ᠵᠤᠬᠢᠶᠠᠨ ᠪᠠᠶ᠋ᠢᠭᠤᠯᠤᠯᠳᠠ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠢᠨ ᠳᠤᠭᠳᠠᠴᠠ ᠵᠢ ᠪᠠᠶ᠋ᠢᠭᠤᠯᠵᠦ᠂ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠬᠠᠮᠢᠶ᠎ᠠ ᠪᠦᠬᠦᠢ ᠮᠡᠳᠡᠭᠡ ᠵᠠᠩᠬᠢ᠎ᠳᠤ ᠬᠢᠨᠠᠨ ᠬᠡᠮᠵᠢᠯᠳᠡ ᠬᠢᠬᠦ᠎ᠪᠠᠨ ᠴᠢᠩᠭ᠋ᠠᠳᠬᠠᠵᠦ᠂ ᠬᠤᠳᠠᠯ ᠬᠠᠭᠤᠷᠮᠠᠭ᠂ ᠪᠦᠷᠢᠨ ᠬᠦᠢ᠍ᠴᠡᠳ ᠪᠤᠰᠤ᠂ ᠤᠨᠤᠪᠴᠢ ᠦᠬᠡᠢ ᠮᠡᠳᠡᠭᠡ ᠵᠠᠩᠬᠢ ᠵᠢ ᠴᠠᠭ ᠳᠤᠬᠠᠢ᠎ᠳᠤᠨᠢ ᠢᠯᠭ᠋ᠠᠪᠤᠷᠢᠯᠠᠬᠤ ᠪᠤᠶᠤ ᠬᠦᠳᠦᠯᠦᠨ ᠵᠢᠯᠤᠭᠤᠳᠴᠤ᠂ ᠪᠤᠷᠤᠭᠤ᠎ᠪᠠᠷ ᠤᠩᠰᠢᠵᠤ ᠪᠤᠷᠤᠭᠤ ᠲᠡᠶ᠋ᠢᠰᠢ ᠬᠦᠳᠦᠯᠵᠦ᠂ ᠬᠤᠤᠷᠳᠤ ᠴᠤᠤᠷᠬᠠᠯ ᠳᠠᠷᠬᠠᠭ᠋ᠠᠬᠤ ᠵᠢ ᠰᠡᠷᠭᠡᠶ᠋ᠢᠯᠡᠨ ᠬᠤᠷᠢᠬᠯᠠᠨ᠎ᠠ᠃ ᠴᠢᠬᠤᠯᠠ ᠶᠡᠭᠡ ᠶᠡᠷᠢᠶ᠎ᠠ ᠬᠡᠯᠡᠯᠴᠡᠭᠡᠨ᠎ᠤ ᠪᠠᠶ᠋ᠢᠳᠠᠯ ᠢᠯᠡᠷᠡᠭᠰᠡᠨ ᠪᠤᠯ ᠴᠠᠭ ᠳᠤᠬᠠᠢ᠎ᠳᠤᠨᠢ ᠮᠡᠳᠡᠬᠦᠯᠵᠦ ᠵᠤᠬᠢᠰᠳᠠᠢ ᠰᠢᠢ᠍ᠳᠪᠦᠷᠢᠯᠡᠨ᠎ᠠ᠃
      ᠬᠤᠷᠢᠨ ᠳᠤᠯᠤᠳᠤᠭ᠋ᠠᠷ ᠵᠦᠢ᠍ᠯ     ᠨᠠᠮ᠎ᠤᠨ ᠵᠤᠬᠢᠶᠠᠨ ᠪᠠᠶ᠋ᠢᠭᠤᠯᠤᠯᠳᠠ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠳᠤᠭᠳᠠᠴᠠ ᠵᠢ ᠪᠠᠶ᠋ᠢᠭᠤᠯᠵᠦ᠂ ᠴᠠᠭ ᠳᠤᠬᠠᠢ᠎ᠳᠤᠨᠢ ᠪᠠᠴᠢᠮ ᠪᠠᠶ᠋ᠢᠳᠠᠯ᠎ᠢ ᠠᠷᠭ᠋ᠠᠴᠠᠵᠦ ᠰᠢᠢ᠍ᠳᠪᠦᠷᠢᠯᠡᠬᠦ ᠠᠷᠭ᠎ᠠ ᠬᠡᠮᠵᠢᠶ᠎ᠠ ᠠᠪᠴᠤ᠂ ᠭᠡᠷᠡᠭ ᠶᠠᠪᠤᠳᠠᠯ᠎ᠤᠨ ᠦᠨᠡᠨ ᠮᠦᠨ᠎ᠢ ᠲᠤᠳᠤᠷᠬᠠᠢ᠌ᠢ᠍ᠯᠡᠵᠤ᠂ ᠶᠡᠷᠢᠶ᠎ᠠ ᠬᠡᠯᠡᠯᠴᠡᠭᠡ ᠵᠢ ᠬᠦᠳᠦᠯᠦᠨ ᠵᠢᠯᠤᠭᠤᠳᠴᠤ᠂ ᠠᠶᠤᠯ ᠳᠦᠭᠰᠢᠬᠦᠷᠢ ᠵᠢ ᠠᠷᠢᠯᠭ᠋ᠠᠨ᠎ᠠ᠃
      ᠳᠠᠪᠤᠳᠤᠭ᠋ᠠᠷ ᠪᠦᠯᠦᠭ     ᠬᠢᠨᠠᠯᠳᠠ ᠲᠠᠯᠪᠢᠬᠤ ᠪᠠ ᠬᠠᠷᠢᠭᠤᠴᠠᠯᠭ᠎ᠠ ᠨᠡᠭᠡᠮᠵᠢᠯᠡᠬᠦ
      ᠬᠤᠷᠢᠨ ᠨᠠᠢ᠍ᠮᠠᠳᠣᠭ᠋ᠠᠷ ᠵᠦᠢ᠍ᠯ     ᠨᠠᠮ᠎ᠤᠨ ᠵᠤᠬᠢᠶᠠᠨ ᠪᠠᠶ᠋ᠢᠭᠤᠯᠤᠯᠳᠠ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠪᠠᠶ᠋ᠢᠳᠠᠯ᠎ᠢ ᠳᠡᠭᠡᠳᠦ ᠨᠢᠬᠡ ᠱᠠᠳᠤᠨ᠎ᠤ ᠵᠤᠬᠢᠶᠠᠨ ᠪᠠᠶ᠋ᠢᠭᠤᠯᠤᠯᠳᠠ᠎ᠳᠤ ᠮᠡᠳᠡᠬᠦᠯᠬᠦ ᠠᠵᠢᠯ ᠪᠤᠶᠤ ᠨᠠᠮ᠎ᠤᠨ ᠪᠠᠶ᠋ᠢᠭᠤᠯᠤᠯᠳᠠ ᠵᠢᠨ ᠠᠵᠢᠯ᠎ᠤᠨ ᠳᠤᠰᠬᠠᠢ ᠰᠡᠳᠦᠪᠳᠦ ᠬᠠᠷᠢᠭᠤ ᠮᠡᠳᠡᠬᠦᠯᠦᠯᠳᠡ ᠵᠢ ᠠᠳᠬᠤᠬᠤ ᠴᠢᠬᠤᠯᠠ ᠠᠭᠤᠯᠭ᠎ᠠ᠎ᠳᠤ ᠤᠷᠤᠭᠤᠯᠤᠨ᠎ᠠ᠃
      ᠬᠤᠷᠢ ᠶᠢᠰᠦᠳᠦᠭᠡᠷ ᠵᠦᠢ᠍ᠯ     ᠨᠠᠮ᠎ᠤᠨ ᠵᠤᠬᠢᠶᠠᠨ ᠪᠠᠶ᠋ᠢᠭᠤᠯᠤᠯᠳᠠ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠪᠠᠶ᠋ᠢᠳᠠᠯ᠎ᠢ ᠳᠤᠤᠷᠠᠳᠦ ᠨᠢᠬᠡ ᠱᠠᠳᠤᠨ᠎ᠤ ᠵᠤᠬᠢᠶᠠᠨ ᠪᠠᠶ᠋ᠢᠭᠤᠯᠤᠯᠳᠠ ᠵᠢᠴᠢ ᠲᠡᠭᠦᠨ᠎ᠤ ᠭᠤᠤᠯ ᠬᠠᠷᠢᠭᠤᠴᠠᠯᠭ᠋ᠠᠳᠠᠨ᠎ᠤ ᠤᠨ᠎ᠤ ᠠᠵᠢᠯ᠎ᠢ ᠬᠢᠨᠠᠨ ᠰᠢᠯᠭ᠋ᠠᠬᠤ᠂ ᠨᠠᠮ᠎ᠤᠨ ᠪᠠᠶ᠋ᠢᠭᠤᠯᠤᠯᠳᠠ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠤᠨ ᠳᠤᠰᠢᠶᠠᠯ᠎ᠤᠨ ᠲᠤᠭ᠋ᠠᠴᠢᠯᠳᠠ ᠵᠢ ᠦᠨᠡᠯᠡᠬᠦ ᠴᠢᠬᠤᠯᠠ ᠪᠦᠬᠦᠢ ᠠᠭᠤᠯᠭ᠎ᠠ ᠪᠤᠯᠭ᠋ᠠᠨ ᠤᠷᠤᠭᠤᠯᠤᠨ᠎ᠠ᠃   ᠨᠠᠮ᠎ᠤᠨ ᠵᠤᠬᠢᠶᠠᠨ ᠪᠠᠶ᠋ᠢᠭᠤᠯᠤᠯᠳᠠ ᠵᠢᠯ ᠪᠦᠷᠢ ᠬᠠᠮᠢᠶ᠎ᠠ ᠪᠦᠬᠦᠢ ᠨᠠᠮ᠎ᠤᠨ ᠭᠡᠰᠢᠬᠦᠨ ᠪᠠ ᠤᠯᠠᠨ ᠳᠦᠮᠡᠨ᠎ᠳᠤ ᠨᠠᠮ᠎ᠤᠨ ᠶᠠᠪᠤᠳᠠᠯ᠎ᠢ ᠢᠯᠡ ᠪᠤᠯᠭ᠋ᠠᠬᠰᠡᠨ ᠪᠠᠶ᠋ᠢᠳᠠᠯ᠎ᠢ ᠢᠯᠠ ᠨᠡᠶ᠋ᠢᠳᠠᠯᠠᠭᠦ ᠵᠢᠨ ᠬᠠᠮᠳᠤ ᠨᠠᠮ᠎ᠤᠨ ᠭᠡᠰᠢᠬᠦᠨ᠎ᠤ ᠠᠷᠠᠳᠴᠢᠯᠠᠯ ᠵᠶ᠋ᠠᠷ ᠬᠢᠨᠠᠨ ᠵᠦᠪᠯᠡᠬᠦ ᠬᠦᠷᠢᠶ᠎ᠡ ᠬᠡᠪᠴᠢᠶ᠎ᠠ᠎ᠳᠤ ᠤᠷᠤᠭᠤᠯᠵᠦ᠂ ᠰᠠᠨᠠᠭ᠋ᠠᠴᠢᠯᠠᠭ᠎ᠠ᠎ᠲᠠᠢ᠎ᠪᠠᠷ ᠤᠯᠠᠨ ᠳᠦᠮᠡᠨ᠎ᠤ ᠰᠠᠨᠠᠯ᠎ᠢ ᠰᠤᠨᠤᠰᠤᠨ᠎ᠠ᠃
      ᠭᠤᠴᠢᠳᠤᠭ᠋ᠠᠷ ᠵᠦᠢ᠍ᠯ     ᠨᠠᠮ᠎ᠤᠨ ᠵᠤᠬᠢᠶᠠᠨ ᠪᠠᠶ᠋ᠢᠭᠤᠯᠤᠯᠳᠠ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠱᠠᠯᠠᠪᠳᠠᠭᠤᠯᠤᠨ ᠪᠠᠶ᠋ᠢᠴᠠᠭ᠋ᠠᠬᠤ ᠳᠤᠭᠳᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠳᠤᠭᠳᠠᠭᠰᠠᠨ ᠬᠤᠭᠤᠴᠠᠭ᠎ᠠ᠎ᠲᠠᠢ ᠪᠠᠶ᠋ᠢᠴᠠᠭ᠋ᠠᠯᠳᠠ ᠬᠢᠬᠦ ᠪᠠ ᠳᠤᠰᠬᠠᠢ ᠲᠦᠷᠦᠯ᠎ᠤᠨ ᠱᠠᠯᠠᠪᠳᠠᠭᠤᠯᠤᠨ ᠪᠠᠶ᠋ᠢᠴᠠᠭ᠋ᠠᠯᠳᠠ ᠦᠷᠨᠢᠬᠦᠯᠵᠦ᠂ ᠳᠤᠰᠬᠠᠢ ᠲᠦᠷᠦᠯ᠎ᠤᠨ ᠱᠠᠯᠠᠪᠳᠠᠭᠤᠯᠤᠨ ᠪᠠᠶ᠋ᠢᠴᠠᠭ᠋ᠠᠯᠳᠠ ᠵᠢ ᠨᠠᠮ᠎ᠤᠨ ᠰᠤᠷᠳᠠᠯ ᠴᠢᠭᠡᠴᠢ ᠵᠠᠰᠠᠭ᠎ᠤᠨ ᠪᠠᠶ᠋ᠢᠭᠤᠯᠤᠯᠳᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠬᠢᠨᠠᠨ ᠰᠢᠯᠭ᠋ᠠᠯᠳᠠ᠂ ᠨᠠᠮ᠎ᠤᠨ ᠪᠠᠶ᠋ᠢᠭᠤᠯᠤᠯᠳᠠ ᠵᠢᠨ ᠠᠵᠢᠯ᠎ᠤᠨ ᠬᠢᠨᠠᠨ ᠰᠢᠯᠭ᠋ᠠᠯᠳᠠ᠂ ᠲᠤᠭᠤᠷᠢᠨ ᠦᠵᠡᠵᠤ ᠲᠤᠭᠤᠷᠢᠨ ᠪᠠᠶ᠋ᠢᠴᠠᠭ᠋ᠠᠬᠤ ᠵᠡᠷᠭᠡ᠎ᠲᠠᠢ ᠤᠶᠠᠯᠳᠤᠭᠤᠯᠵᠤ ᠪᠤᠯᠤᠨ᠎ᠠ᠃ ᠱᠠᠯᠠᠪᠳᠠᠭᠤᠯᠤᠨ ᠪᠠᠶ᠋ᠢᠴᠠᠭ᠋ᠠᠭᠰᠠᠨ ᠪᠠᠶ᠋ᠢᠳᠠᠯ᠎ᠢ ᠳᠤᠬᠢᠷᠠᠮᠵᠢᠳᠠᠢ ᠭᠡᠪᠴᠢᠶᠡᠨ᠎ᠳᠤ ᠢᠯᠡ ᠨᠠᠶ᠋ᠢᠳᠡᠯᠡᠨ᠎ᠠ᠃
      ᠭᠤᠴᠢᠨ ᠨᠢᠭᠡᠳᠦᠬᠡᠷ ᠵᠦᠢ᠍ᠯ     ᠳᠤᠤᠷᠠᠬᠢ ᠪᠠᠶ᠋ᠢᠳᠠᠯ᠎ᠤᠨ ᠨᠢᠬᠡ᠎ᠨᠢ ᠪᠠᠶ᠋ᠢᠪᠠᠯ᠂ ᠳᠦᠷᠢᠮ ᠳᠤᠭᠳᠠᠭ᠋ᠠᠯ ᠪᠠ ᠰᠠᠬᠢᠯᠭ᠎ᠠ ᠪᠠᠳᠤ᠎ᠪᠠᠷ ᠬᠠᠮᠢᠶ᠎ᠠ ᠪᠦᠬᠦᠢ ᠨᠠᠮ᠎ᠤᠨ ᠵᠤᠬᠢᠶᠠᠨ ᠪᠠᠶ᠋ᠢᠭᠤᠯᠤᠯᠳᠠ᠂ ᠨᠠᠮ᠎ᠤᠨ ᠭᠡᠰᠢᠭᠦᠨ ᠤᠳᠤᠷᠢᠳᠬᠤ ᠺᠠᠳ᠋ᠷ ᠪᠠ ᠠᠵᠢᠯᠳᠠᠨ᠎ᠤ ᠬᠠᠷᠢᠭᠤᠴᠠᠯᠭ᠎ᠠ ᠵᠢ ᠨᠡᠬᠡᠮᠵᠢᠯᠡᠨ᠎ᠠ᠄
     (ᠨᠢᠬᠡ) ᠨᠠᠮ᠎ᠤᠨ ᠳᠦᠪ ᠬᠤᠷᠢᠶ᠎ᠠ ᠪᠠ ᠲᠡᠭᠡᠳᠦ ᠱᠠᠳᠤᠨ᠎ᠤ ᠵᠤᠬᠢᠶᠠᠨ ᠪᠠᠶ᠋ᠢᠭᠤᠯᠤᠯᠳᠠ ᠵᠢᠨ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠪᠠᠶ᠋ᠢᠷᠢᠯᠠᠭᠤᠯᠤᠯᠳᠠ ᠪᠠ ᠱᠠᠭ᠋ᠠᠷᠳᠠᠯᠭ᠎ᠠ ᠵᠢ ᠲᠡᠪᠴᠢᠵᠤ ᠦᠯᠦ ᠭᠡᠷᠡᠭᠵᠢᠬᠦᠯᠦᠭᠰᠡᠨ;
     (ᠬᠤᠶᠠᠷ) ᠳᠤᠭᠳᠠᠭ᠋ᠠᠯ ᠶᠤᠰᠤᠭ᠋ᠠᠷ ᠨᠠᠮ᠎ᠤᠨ ᠶᠠᠪᠤᠳᠠᠯ᠎ᠢ ᠢᠯᠡ ᠪᠤᠯᠭ᠋ᠠᠬᠤ ᠭᠠᠷᠴᠠᠭ ᠭᠠᠷᠭ᠋ᠠᠭᠰᠠᠨ ᠦᠬᠡᠢ ᠪᠦᠭᠡᠳ ᠬᠦᠳᠡᠯᠦᠩᠬᠦᠢ ᠳᠤᠬᠢᠷᠠᠭᠤᠯᠤᠯᠳᠠ ᠬᠢᠵᠤ᠂ ᠠᠵᠢᠯ᠎ᠢ ᠨᠠᠶ᠋ᠢᠳᠠᠪᠤᠷᠢᠵᠢᠭᠤᠯᠤᠭᠰᠠᠨ ᠵᠶ᠋ᠠᠷ ᠬᠦᠢ᠍ᠴᠡᠳ ᠦᠬᠡᠢ;
     (ᠭᠤᠷᠪᠡ) ᠳᠤᠭᠳᠠᠭ᠋ᠠᠯ᠎ᠤᠨ ᠠᠭᠤᠯᠭ᠎ᠠ᠂ ᠬᠦᠷᠢᠶ᠎ᠡ ᠭᠡᠪᠴᠢᠶ ᠎ᠠ᠂ ᠳᠡᠰ ᠲᠠᠷᠠᠭ᠋ᠠᠯᠠᠯ ᠪᠠ ᠠᠷᠭ᠎ᠠ ᠭᠡᠯᠪᠡᠷᠢ ᠶᠤᠰᠤᠭ᠋ᠠᠷ ᠨᠠᠮ᠎ᠤᠨ ᠶᠠᠪᠤᠳᠠᠯ᠎ᠢ ᠢᠯᠡ ᠪᠤᠯᠭ᠋ᠠᠬᠰᠡᠨ ᠦᠬᠡᠢ᠎ᠠᠴᠠ ᠪᠤᠯᠵᠤ᠂ ᠮᠠᠭᠤ ᠦᠷ᠎ᠠ ᠨᠦᠯᠦᠬᠡ ᠭᠠᠷᠭ᠋ᠠᠭᠰᠠᠨ;
     (ᠳᠦᠷᠪᠡ) ᠨᠠᠮ᠎ᠤᠨ ᠶᠠᠪᠤᠳᠠᠯ᠎ᠢ ᠢᠯᠡ ᠪᠤᠯᠭ᠋ᠠᠬᠰᠡᠨ ᠠᠭᠤᠯᠭ᠎ᠠ᠎ᠨᠢ ᠦᠨᠡᠨ ᠪᠤᠳᠠᠳᠠᠢ᠎ᠲᠠᠢ ᠲᠤᠩ ᠨᠡᠶ᠋ᠢᠴᠡᠭᠦ ᠦᠭᠡᠢ᠂ ᠳᠡᠭᠡᠷᠡᠬᠢ᠎ᠪᠠᠨ ᠮᠡᠭᠡᠯᠡᠵᠦ ᠳᠤᠤᠷᠠᠬᠢ᠎ᠠᠴᠠ᠎ᠪᠠᠨ ᠨᠢᠭᠤᠵᠦ᠂ ᠬᠤᠳᠠᠯ ᠬᠡᠯᠡᠵᠦ ᠬᠤᠯᠤ ᠲᠠᠷᠢᠵᠤ᠂ ᠬᠦᠨᠳᠦ ᠨᠤᠴᠢᠳᠠᠢ ᠮᠠᠭᠤ ᠦᠷ᠎ᠡ ᠨᠦᠯᠦᠬᠡ ᠭᠠᠷᠭ᠋ᠠᠭᠰᠠᠨ;
     (ᠳᠠᠪᠤ) ᠬᠠᠷᠢᠭᠤᠴᠠᠯᠭ᠎ᠠ ᠨᠡᠬᠡᠮᠵᠢᠯᠡᠬᠦ ᠵᠤᠬᠢᠰᠳᠠᠢ ᠬᠠᠷᠢᠭᠤᠴᠠᠯᠭ᠎ᠠ᠎ᠪᠠᠨ ᠠᠯᠳᠠᠵᠦ ᠳᠤᠰᠢᠶᠠᠯ ᠵᠶ᠋ᠠᠨ ᠭᠤᠳᠤᠭ᠋ᠠᠬᠰᠡᠨ ᠪᠤᠰᠤᠳ ᠪᠠᠶ᠋ᠢᠳᠠᠯ;
      ᠵᠢᠷᠭᠤᠳᠤᠭ᠋ᠠᠷ ᠪᠦᠯᠦᠭ     ᠳᠠᠭ᠋ᠠᠯᠳᠤᠭᠤᠯᠤᠯ ᠲᠦᠷᠢᠮ
      ᠭᠤᠴᠢᠨ ᠬᠤᠶᠠᠳᠤᠭ᠋ᠠᠷ ᠵᠦᠢ᠍ᠯ ᠳᠤᠰ ᠨᠠᠷᠢᠨ ᠳᠦᠷᠢᠮ᠎ᠤᠨ ᠲᠠᠶ᠋ᠢᠯᠪᠤᠷᠢᠯᠠᠬᠤ ᠠᠵᠢᠯ᠎ᠢ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠵᠤᠬᠢᠶᠠᠨ ᠪᠠᠶ᠋ᠢᠭᠤᠯᠬᠤ ᠭᠡᠯᠳᠡᠰ᠎ᠲᠠᠢ ᠬᠠᠮᠳᠤ ᠬᠠᠷᠢᠭᠤᠴᠠᠨ᠎ᠠ᠃
      ᠭᠤᠴᠢᠨ ᠭᠤᠷᠪᠠᠳᠤᠭ᠋ᠠᠷ ᠵᠦᠢ᠍ᠯ ᠳᠤᠰ ᠨᠠᠷᠢᠨ ᠳᠦᠷᠢᠮ᠎ᠢ 2018 ᠤᠨ᠎ᠤ 11 ᠰᠠᠷ᠎ᠠ ᠵᠢᠨ 14᠎ᠠᠴᠠ ᠡᠬᠢᠯᠡᠨ ᠭᠡᠷᠡᠭᠵᠢᠬᠦᠯᠦᠨ᠎ᠠ᠃ (ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ)  



ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠷᠦ ᠵᠢᠨ ᠶᠠᠪᠤᠳᠠᠯ᠎ᠤᠨ ᠬᠤᠷᠢᠶ᠎ᠠ 《ᠴᠢᠯᠥᠬᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠎ᠤ ᠦᠬᠡᠷᠡᠴᠢᠯᠡᠯᠳᠡ ᠰᠢᠨᠡᠴᠢᠯᠡᠯᠳᠡ ᠵᠢ ᠬᠦᠨᠵᠡᠬᠡᠶ᠋ᠢᠷᠡᠬᠦᠯᠬᠦ ᠠᠵᠢᠯ᠎ᠢ ᠲᠡᠮᠵᠢᠬᠦ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠮᠡᠳᠡᠭᠳᠡᠯ》᠎ᠢ ᠲᠠᠷᠤᠮᠠᠯᠯᠠᠨ ᠲᠠᠷᠬᠠᠭ᠋ᠠᠪᠠ
ᠳᠦᠷᠦ ᠵᠢᠨ ᠶᠠᠪᠤᠳᠠᠯ᠎ᠤᠨ ᠬᠤᠷᠢᠶ᠎ᠠ 《ᠤᠳᠤᠬᠠᠨ ᠪᠠ ᠬᠤᠶ᠋ᠢᠰᠢᠳᠡ ᠵᠢᠨ ᠬᠡᠰᠡᠭ ᠬᠤᠭᠤᠴᠠᠭ᠋ᠠᠨ᠎ᠳᠠᠬᠢ ᠠᠵᠢᠯ ᠤᠯᠭᠤᠯᠳᠠ ᠵᠢ ᠠᠬᠢᠭᠤᠯᠬᠤ ᠠᠵᠢᠯ᠎ᠢ ᠰᠠᠶ᠋ᠢᠳᠤᠷ ᠬᠢᠬᠦ ᠳᠤᠬᠠᠢ ᠰᠠᠨᠠᠯ᠎ᠤᠳ》᠎ᠢ ᠳᠠᠷᠤᠮᠠᠯᠯᠠᠨ ᠳᠠᠷᠬᠠᠭ᠋ᠠᠪᠠ
ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠤᠨᠢᠨ ᠮᠡᠳᠡᠭᠡᠨ᠎ᠤ ᠠᠯᠪᠡᠨ ᠭᠡᠷ 《ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ᠎ᠤᠨ ᠳᠤᠮᠳᠠᠳᠤ ᠤᠯᠤᠰ᠎ᠤᠨ ᠬᠦᠮᠦᠨ᠎ᠤ ᠡᠷᠭᠡ ᠵᠢᠨ ᠦᠢ᠍ᠯᠡᠰ᠎ᠤᠨ ᠬᠦᠭᠵᠢᠯᠳᠠ ᠲᠠᠪᠰᠢᠯᠳᠠ》 ᠭᠡᠬᠦ ᠴᠠᠭ᠋ᠠᠨ ᠭᠠᠳᠠᠷᠳᠦ ᠪᠢᠴᠢᠭ᠎ᠢ ᠨᠡᠶ᠋ᠢᠳᠡᠯᠡᠪᠡ
12 ᠰᠠᠷ᠎ᠠ᠎ᠠᠴᠠ ᠡᠬᠢᠯᠡᠨ ᠭᠡᠷᠡᠭᠵᠢᠬᠦᠯᠦᠭᠰᠡᠨ ᠰᠢᠨ᠎ᠡ ᠬᠠᠤᠯᠢ ᠲᠦᠷᠢᠮ᠎ᠤᠳ
ᠮᠠᠯ ᠠᠵᠤ ᠠᠬᠤᠢ ᠲᠠᠷᠢᠶᠠᠯᠠᠩ᠎ᠤᠨ ᠪᠤᠬᠢᠷᠳᠤᠯ ᠦᠬᠡᠢ ᠬᠦᠭᠵᠢᠯᠳᠡ ᠵᠢ ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ
 
             蒙ICP备05000248号