ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠲᠦᠷᠦ ᠵᠢᠨ ᠶᠠᠪᠤᠳᠠᠯ᠎ᠤᠨ ᠬᠤᠷᠢᠶ᠎ᠠ 《ᠴᠢᠯᠥᠬᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠎ᠤ ᠦᠬᠡᠷᠡᠴᠢᠯᠡᠯᠳᠡ ᠰᠢᠨᠡᠴᠢᠯᠡᠯᠳᠡ ᠵᠢ ᠬᠦᠨᠵᠡᠬᠡᠶ᠋ᠢᠷᠡᠬᠦᠯᠬᠦ ᠠᠵᠢᠯ᠎ᠢ ᠲᠡᠮᠵᠢᠬᠦ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠮᠡᠳᠡᠭᠳᠡᠯ》᠎ᠢ ᠲᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2018-11-27

      ᠰᠢᠨᠬᠤᠸᠠ ᠬᠤᠷᠢᠶᠠᠨ᠎ᠤ ᠪᠡᠭᠡᠵᠢᠩ᠎ᠤᠨ 11 ᠰᠠᠷ᠎ᠠ ᠵᠢᠨ 24᠎ᠤ ᠴᠠᠬᠢᠯᠭ᠋ᠠᠨ ᠮᠡᠳᠡᠭᠡ
      ᠣᠢ᠌ᠷ᠎ᠠ ᠵᠢᠨ ᠡᠳᠤᠷ᠂ ᠲᠦᠷᠦ ᠵᠢᠨ ᠶᠠᠪᠤᠳᠠᠯ᠎ᠤᠨ ᠬᠤᠷᠢᠶ᠎ᠠ 《ᠴᠢᠯᠥᠬᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠎ᠤ ᠦᠬᠡᠷᠡᠴᠢᠯᠡᠯᠳᠡ ᠰᠢᠨᠡᠴᠢᠯᠡᠯᠳᠡ ᠵᠢ ᠬᠦᠨᠵᠡᠬᠡᠶ᠋ᠢᠷᠡᠬᠦᠯᠬᠦ ᠠᠵᠢᠯ᠎ᠢ ᠲᠡᠮᠵᠢᠬᠦ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠮᠡᠳᠡᠭᠳᠡᠯ》 (ᠲᠤᠷᠤᠭᠰᠢ 《ᠮᠡᠳᠡᠭᠳᠡᠯ》 ᠬᠡᠵᠥ ᠲᠦᠬᠦᠮᠴᠢᠯᠡᠨ᠎ᠡ)᠎ᠢ ᠲᠠᠷᠤᠮᠠᠯᠯᠠᠨ ᠲᠠᠷᠬᠠᠭ᠋ᠠᠪᠠ᠃
     《ᠮᠡᠳᠡᠭᠳᠡᠯ》᠎ᠳᠤ᠂ ᠴᠢᠯᠥᠬᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠎ᠢ ᠪᠠᠶ᠋ᠢᠭᠤᠯᠬᠤ ᠪᠤᠯ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠢᠨ᠎ᠡ ᠪᠠᠶ᠋ᠢᠳᠠᠯ ᠲᠤᠤᠷ᠎ᠡ ᠦᠭᠡᠷᠡᠴᠢᠯᠡᠯᠳᠡ ᠵᠢ ᠪᠦᠬᠦ ᠲᠡᠯ᠎ᠡ᠎ᠪᠠᠷ ᠬᠦᠨᠵᠡᠬᠡᠶ᠋ᠢᠷᠡᠬᠦᠯᠬᠦ ᠪᠡ ᠨᠡᠬᠡᠬᠡᠯᠳᠡ ᠵᠢ ᠦᠷᠬᠡᠳᠬᠡᠬᠦ ᠪᠠᠶ᠋ᠢᠯᠳᠤᠬᠤ ᠪᠤᠳᠤᠯᠭ᠎ᠠ ᠵᠢᠨ ᠠᠷᠭ᠎ᠠ ᠬᠡᠮᠵᠢᠶ᠎ᠡ ᠮᠥᠨ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠥ᠂ ᠨᠠᠮ᠎ᠤᠨ ᠠᠷᠪᠠ ᠶᠢᠰᠦᠳᠦᠬᠡᠷ ᠶᠡᠭᠡ ᠬᠤᠷᠡᠯ ᠪᠤᠯᠤᠨ ᠠᠷᠪᠠ ᠶᠢᠰᠦᠳᠦᠬᠡᠷ ᠬᠤᠭᠤᠴᠠᠭ᠋ᠠᠨ᠎ᠤ ᠲᠦᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠬᠦᠳᠡ ᠬᠤᠷᠡᠯ᠎ᠤᠨ ᠵᠤᠷᠢᠭ ᠰᠠᠨᠠᠭ᠎ᠠ ᠵᠢ ᠪᠦᠬᠦ ᠲᠡᠯ᠎ᠡ᠎ᠪᠠᠷ ᠲᠤᠭᠤᠰᠢᠯᠠᠭᠤᠯᠵᠥ᠂ ᠴᠢᠯᠥᠬᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠎ᠤ ᠦᠬᠡᠷᠡᠴᠢᠯᠡᠯᠳᠡ ᠰᠢᠨᠡᠴᠢᠯᠡᠯᠳᠡ ᠵᠢ ᠲᠡᠮᠵᠢᠬᠦ ᠴᠢᠬᠤᠯᠠ ᠠᠴᠢ ᠬᠤᠯᠪᠤᠭᠳᠠᠯ᠎ᠢ ᠬᠦᠨᠵᠡᠬᠡᠢ ᠲᠠᠨᠢᠵᠥ᠂ ᠰᠢᠨ᠎ᠡ ᠬᠦᠭᠵᠢᠯᠳᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠵᠥ᠂ ᠴᠢᠯᠥᠬᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠎ᠤ ᠦᠬᠡᠷᠡᠴᠢᠯᠡᠯᠳᠡ ᠵᠢ ᠪᠦᠬᠦ ᠲᠡᠯ᠎ᠡ᠎ᠪᠠᠷ ᠬᠦᠨᠵᠡᠬᠡᠶ᠋ᠢᠷᠡᠬᠦᠯᠬᠦ ᠪᠠ ᠨᠡᠬᠡᠬᠡᠯᠳᠡ ᠵᠢ ᠦᠷᠬᠡᠳᠬᠡᠬᠦ ᠲᠤᠷᠰᠢᠯᠳᠠ ᠵᠢᠨ ᠲᠠᠷᠢᠶ᠎ᠠ ᠵᠢᠨ ᠦᠢ᠍ᠯᠡᠳᠦᠯ᠎ᠢ ᠤᠯᠠᠮ ᠴᠢᠨᠠᠭᠰᠢᠳᠠ ᠪᠠᠳᠠᠷᠠᠭᠤᠯᠬᠤ ᠬᠡᠷᠡᠭᠳᠡᠢ ᠬᠡᠵᠥ ᠵᠢᠭ᠋ᠠᠵᠥ ᠭᠠᠷᠭ᠋ᠠᠪᠠ᠃ 《ᠮᠡᠳᠡᠭᠳᠡᠯ》᠎ᠳᠤ ᠴᠢᠯᠦᠭᠡᠲᠤ ᠠᠷᠠᠯᠵᠢᠶᠡᠨ᠎ᠤ ᠲᠤᠷᠰᠢᠯᠲᠡ ᠵᠢᠨ ᠤᠷᠤᠨ᠎ᠤ ᠪᠦᠲᠦᠭᠡᠨ ᠪᠠᠶ᠋ᠢᠭᠤᠯᠤᠯᠲᠠ ᠬᠦᠭᠵᠢᠯᠲᠡ ᠵᠢᠨ ᠬᠡᠷᠡᠭᠴᠡᠭᠡ᠎ᠪᠠᠷ ᠭᠤᠤᠯᠳᠠᠭᠤᠯᠵᠤ᠂ ᠪᠡᠯᠡ ᠤᠷᠤᠭᠤᠯᠤᠯᠲᠠ ᠵᠢᠨ ᠰᠠᠶ᠋ᠢᠨ ᠰᠠᠶ᠋ᠢᠬᠠᠨ ᠤᠷᠴᠢᠨ ᠲᠤᠭᠤᠷᠢᠨ᠎ᠢ ᠪᠤᠢ ᠪᠤᠯᠭ᠋ᠠᠬᠤ᠂ ᠠᠷᠠᠯᠵᠢᠶ᠎ᠠ ᠵᠢ ᠳᠦᠭᠦᠮᠴᠢᠯᠡᠬᠦ ᠲᠦᠪᠰᠢᠨ᠎ᠢ ᠳᠡᠭᠡᠭᠰᠢᠯᠡᠭᠦᠯᠬᠦ᠂ ᠮᠦᠩᠭᠦᠨ ᠭᠦᠢ᠍ᠯᠭᠡᠭᠡ ᠵᠢ ᠰᠢᠨᠡᠴᠢᠯᠡᠵᠤ ᠪᠤᠲᠠᠲᠤ ᠴᠤᠬ᠍ᠴᠠ ᠵᠢᠨ ᠠᠵᠤ ᠠᠬᠤᠢ᠎ᠳᠤ ᠦᠢ᠍ᠯᠡᠴᠢᠯᠡᠬᠦ ᠵᠢ ᠠᠬᠢᠭᠤᠯᠬᠤ᠂ ᠬᠦᠮᠦᠨ᠎ᠤ ᠬᠦᠴᠦᠨ᠎ᠤ ᠡᠬᠢ ᠪᠠᠶᠠᠯᠢᠬ᠎ᠤᠨ ᠬᠦᠷᠢᠶᠡᠡ᠎ᠳᠤ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠵᠢ ᠠᠬᠢᠭᠤᠯᠬᠤ ᠵᠡᠷᠭᠡ ᠲᠠᠯ᠎ᠠ᠎ᠳᠤ ᠦᠭᠡᠷᠡᠴᠢᠯᠡᠯᠲᠡ ᠵᠢᠨ ᠡᠷᠬᠡ ᠤᠯᠭᠤᠬᠤ ᠪᠠ ᠨᠡᠭᠡᠭᠡᠯᠲᠡ ᠬᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠦᠷᠦ ᠵᠢᠨ ᠪᠤᠳᠤᠯᠭ᠎ᠠ ᠵᠢᠨ ᠳᠡᠮᠵᠢᠯᠭᠡ ᠤᠯᠭᠤᠵᠤ᠂ ᠤᠨᠴᠠᠯᠢᠬᠲᠤ ᠪᠠᠶ᠋ᠢᠷᠢ ᠲᠤᠬᠲᠠᠭ᠋ᠠᠯᠲᠠ ᠵᠢ ᠢᠯᠡᠷᠡᠭᠦᠯᠵᠦ᠂ 53 ᠵᠦᠢ᠍ᠯ᠎ᠤᠨ ᠠᠵᠢᠯ᠎ᠤᠨ ᠠᠷᠭ᠎ᠠ ᠬᠡᠮᠵᠢᠶ᠎ᠡ ᠵᠢ ᠳᠤᠷᠠᠳᠴᠤ᠂ ᠬᠤᠯᠪᠤᠬᠳᠠᠯ ᠪᠦᠬᠦᠢ ᠠᠵᠢᠯ᠎ᠤᠨ 《ᠲᠦᠭᠵᠢᠷᠡᠯ》 ᠪᠤᠯᠤᠨ 《ᠬᠦᠴᠢᠷᠳᠡᠯ》᠎ᠢ ᠬᠦᠴᠦᠯᠡᠨ ᠨᠡᠪᠲᠡᠷᠡᠭᠦᠯᠤᠨ ᠰᠢᠢ᠍ᠳᠪᠦᠷᠢᠯᠡᠵᠦ᠂ ᠴᠢᠯᠦᠭᠡᠲᠤ ᠠᠷᠠᠯᠵᠢᠶᠡᠨ᠎ᠤ ᠲᠤᠷᠰᠢᠯᠲᠠ ᠵᠢᠨ ᠤᠷᠤᠨ᠎ᠤ ᠵᠢᠱ᠌ᠢᠶ᠎ᠠ ᠦᠵᠡᠭᠦᠯᠵᠦ ᠬᠦᠲᠦᠯᠦᠨ ᠲ᠋ᠠᠭ᠋ᠠᠭᠤᠯᠬᠤ ᠦᠢ᠍ᠯᠡᠳᠦᠯ᠎ᠢ ᠨᠡᠩ ᠰᠠᠶ᠋ᠢᠳᠤᠷ ᠪᠠᠳᠠᠷᠠᠭᠤᠯᠬᠤ ᠵᠢ ᠠᠬᠢᠭᠤᠯᠬᠤ᠎ᠪᠠᠷ ᠪᠤᠯᠪᠠ᠃
     《ᠮᠡᠳᠡᠭᠳᠡᠯ》᠎ᠨᠢ ᠲᠠᠪᠤᠨ ᠲᠠᠯ᠎ᠡ ᠵᠢᠨ ᠤᠨᠴᠠᠯᠢᠭ᠎ᠲᠠᠢ᠂ ᠨᠢᠭᠡ᠎ᠳᠤ᠂ ᠦᠭᠡᠷᠡᠴᠢᠯᠡᠯᠳᠠ ᠵᠢᠨ ᠡᠷᠭᠡ ᠤᠯᠭᠤᠬᠤ ᠡᠷᠴᠢᠮ᠎ᠢ ᠴᠢᠩᠭ᠋ᠠᠷᠠᠭᠤᠯᠤᠨ᠎ᠠ᠃ ᠠᠶᠤᠯ ᠲᠦᠭᠰᠢᠬᠦᠷᠢ ᠵᠢ ᠡᠵᠡᠮᠳᠡᠵᠤ ᠪᠤᠯᠬᠤ ᠤᠷᠢᠳᠠᠯ ᠲᠤᠤᠷ᠎ᠡ ᠬᠤᠯᠪᠤᠬᠳᠠᠯ ᠪᠦᠬᠦᠢ ᠡᠷᠭᠡ ᠵᠢᠨ ᠬᠢᠵᠠᠭ᠋ᠠᠷᠯᠡᠯ᠎ᠢ ᠲᠤᠷᠤᠬᠰᠢ ᠲᠠᠯᠪᠢᠬᠤ᠎ᠪᠠᠷ ᠲᠠᠮᠵᠢᠨ ᠴᠢᠯᠦᠭᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠎ᠤ ᠵᠤᠷᠢᠬᠳᠠᠢ᠎ᠪᠠᠷ ᠲᠤᠷᠰᠢᠬᠤ᠂ ᠵᠤᠷᠢᠬᠳᠠᠢ᠎ᠪᠠᠷ ᠬᠢᠬᠦ᠂ ᠪᠠᠶ᠎ᠡ᠎ᠪᠠᠨ ᠲᠠᠭ᠋ᠠᠭ᠋ᠠᠨ ᠦᠭᠡᠷᠡᠴᠢᠯᠡᠬᠦ ᠵᠢ ᠲᠠᠮᠵᠢᠨ᠎ᠡ᠃ ᠬᠤᠶᠠᠷ᠎ᠲᠤ᠂ ᠲᠤᠷᠰᠢᠯᠳᠠ ᠵᠢᠨ ᠴᠡᠭ᠎ᠤᠨ ᠬᠠᠶ᠋ᠢᠨ ᠰᠦᠪᠡᠭᠴᠢᠯᠡᠯᠳᠠ ᠵᠢ ᠦᠷᠨᠢᠬᠦᠯᠦᠨ᠎ᠡ᠃ ᠬᠤᠯᠪᠤᠬᠳᠠᠯ ᠪᠦᠬᠦᠢ ᠠᠷᠭ᠎ᠠ ᠬᠡᠮᠵᠢᠶ᠎ᠡ ᠵᠢᠨ ᠴᠢᠯᠦᠭᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠎ᠳᠤ ᠤᠷᠢᠳ ᠵᠶ᠋ᠠᠷ ᠲᠤᠷᠰᠢᠨ ᠤᠷᠢᠳ ᠵᠶ᠋ᠠᠷ ᠬᠡᠷᠡᠭᠵᠢᠬᠦᠯᠦᠭᠳᠡᠬᠦ ᠵᠢ ᠠᠬᠢᠭᠤᠯᠵᠤ᠂ ᠴᠢᠯᠦᠭᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠎ᠤ ᠬᠦᠭᠵᠢᠯᠳᠠ ᠵᠢᠨ ᠪᠠᠶ᠋ᠢᠷᠢ ᠲᠤᠬᠳᠠᠭ᠋ᠠᠯᠳᠠ᠎ᠲᠠᠢ ᠵᠤᠬᠢᠴᠠᠬᠤ ᠵᠠᠩᠭᠢᠯᠠᠭ᠎ᠠ ᠵᠢᠨ ᠬᠦᠷᠢᠶᠠᠨ᠎ᠳᠤ ᠬᠠᠶ᠋ᠢᠨ ᠰᠦᠪᠡᠭᠴᠢᠯᠡᠯᠳᠠ ᠬᠢᠵᠤ᠂ ᠴᠢᠯᠦᠭᠡᠳᠤ ᠠᠷᠠᠯᠵᠢᠶᠠᠨ᠎ᠤ ᠲᠤᠷᠰᠢᠯᠳᠠ ᠵᠢᠨ ᠤᠷᠤᠨ᠎ᠤ ᠲᠤᠷᠰᠢᠯᠳᠠ ᠵᠢᠨ ᠲᠠᠷᠢᠶᠠᠨ᠎ᠤ ᠦᠢ᠍ᠯᠡᠳᠦᠯ᠎ᠢ ᠤᠯᠠᠮ ᠴᠢᠨᠠᠬᠰᠢᠳᠠ ᠪᠠᠳᠠᠷᠠᠭᠤᠯᠤᠨ᠎ᠡ᠃ ᠭᠤᠷᠪᠡ᠎ᠳᠤ᠂ ᠭᠠᠳᠠᠭ᠋ᠠᠳᠤ ᠨᠡᠭᠡᠭᠡᠯᠳᠠ ᠵᠢ ᠤᠯᠠᠮ ᠴᠢᠨᠠᠬᠰᠢᠳᠠ ᠠᠬᠢᠭᠤᠯᠤᠨ᠎ᠡ᠃ ᠤᠳᠤ ᠪᠠᠶ᠋ᠢᠭ᠎ᠠ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠤᠷᠤᠭᠤᠯᠬᠤ ᠨᠠᠵᠠᠭ᠋ᠠᠢ ᠲᠠᠯ᠎ᠡ ᠵᠢᠨ ᠨᠠᠷᠢᠨ ᠲᠠᠩᠰᠠ ᠵᠢᠨ ᠰᠠᠭᠤᠷᠢᠨ᠎ᠳᠤ ᠬᠤᠯᠪᠤᠬᠳᠠᠯ ᠪᠦᠬᠦᠢ ᠨᠡᠭᠡᠭᠡᠯᠳᠠ ᠵᠢᠨ ᠠᠷᠭ᠎ᠠ ᠬᠡᠮᠵᠢᠶ᠎ᠡ ᠵᠢ ᠲᠤᠷᠠᠳᠴᠤ᠂ ᠵᠦᠪᠰᠢᠶᠡᠷᠡᠭᠰᠡᠨ᠎ᠤ ᠲᠠᠷᠠᠭ᠋ᠠᠬᠢ 《ᠰᠢᠯ ᠡᠬᠦᠳᠠ》 ᠵᠢ ᠡᠪᠳᠠᠨ᠎ᠡ᠃ ᠳᠦᠷᠪᠡ᠎ᠳᠤ᠂ ᠳᠦᠷᠦ ᠵᠢᠨ ᠪᠤᠳᠤᠯᠭ᠎ᠠ ᠵᠢᠨ ᠳᠡᠳᠬᠦᠮᠵᠢ ᠦᠭᠬᠦᠨ᠎ᠠ᠃ ᠴᠢᠯᠦᠬᠡᠳᠦ ᠠᠷᠠᠯᠵᠢᠶᠠᠨ᠎ᠤ ᠳᠤᠷᠰᠢᠯᠳᠠ ᠵᠢᠨ ᠤᠷᠤᠨ᠎ᠳᠤ ᠴᠢᠭᠯᠡᠬᠦᠯᠦᠯᠳᠦ ᠴᠢᠨᠠᠷᠳᠠᠢ ᠳᠡᠳᠬᠦᠮᠵᠢ ᠵᠢᠨ ᠳᠦᠷᠦ ᠵᠢᠨ ᠪᠤᠳᠤᠯᠭ᠎ᠠ ᠬᠡᠷᠡᠭᠵᠢᠭᠦᠯᠵᠤ᠂ ᠴᠢᠳᠠᠪᠤᠷᠢ ᠵᠢᠨ ᠳᠤᠳᠠᠭᠤᠳᠠᠯ᠎ᠢ ᠨᠦᠬᠦᠪᠦᠷᠢᠯᠡᠵᠦ᠂ ᠰᠢᠨ᠎ᠠ ᠠᠵᠦ ᠦᠢ᠍ᠯᠡᠰ᠂ ᠰᠢᠨ᠎ᠠ ᠡᠵᠡᠩᠨᠡᠯᠳᠡ ᠵᠢᠨ ᠬᠡᠯᠪᠡᠷᠢ᠂ ᠰᠢᠨ᠎ᠠ ᠬᠡᠪ ᠵᠠᠬ᠍ᠪᠤᠷ᠎ᠤᠨ ᠬᠦᠭᠵᠢᠯᠳᠡ ᠵᠢ ᠠᠬᠢᠭᠤᠯᠵᠦ᠂ ᠬᠦᠭᠵᠢᠯᠳᠡ ᠵᠢᠨ ᠰᠢᠨ᠎ᠠ ᠬᠦᠳᠡᠯᠬᠡᠬᠦ ᠡᠨᠧᠷᠬᠢ ᠵᠢ ᠪᠤᠶ᠋ᠢᠵᠢᠭᠤᠯᠤᠨ᠎ᠠ᠃ ᠳᠠᠪᠤ᠎ᠳᠤ᠂ ᠤᠨᠴᠠᠯᠢᠬᠳᠤ ᠪᠠᠶ᠋ᠢᠷᠢ ᠳᠤᠬᠳᠠᠭ᠋ᠠᠯᠳᠠ ᠵᠢ ᠢᠯᠡᠷᠡᠬᠦᠯᠦᠨ᠎ᠠ᠃ ᠡᠯ᠎ᠠ ᠴᠢᠯᠦᠬᠡᠳᠦ ᠠᠷᠠᠯᠵᠢᠶᠠᠨ᠎ᠤ ᠳᠤᠷᠰᠢᠯᠳᠠ ᠵᠢᠨ ᠤᠷᠤᠨ᠎ᠤ ᠤᠨᠴᠠᠯᠢᠬᠳᠤ ᠴᠢᠳᠠᠮᠵᠢ ᠵᠢᠨ ᠪᠠᠶ᠋ᠢᠷᠢ ᠳᠤᠬᠳᠠᠭ᠋ᠠᠯᠳᠠ ᠵᠢ ᠦᠨᠳᠦᠰᠦᠯᠡᠨ᠂ ᠦᠬᠡᠷᠡᠴᠢᠯᠡᠯᠳᠡ ᠵᠢ ᠬᠦᠨᠵᠡᠬᠡᠶ᠋ᠢᠷᠡᠬᠦᠯᠬᠦ ᠠᠳᠠᠯᠢ ᠪᠤᠰᠤ ᠰᠢᠨ᠎ᠠ ᠵᠢ ᠡᠬᠦᠳᠬᠦ ᠠᠷᠭ᠎ᠠ ᠬᠡᠮᠵᠢᠶ᠎ᠠ ᠵᠢ ᠳᠤᠷᠠᠳᠴᠤ᠂ ᠡᠯ᠎ᠠ ᠴᠢᠯᠦᠬᠡᠳᠦ ᠠᠷᠠᠯᠵᠢᠶᠠᠨ᠎ᠤ ᠲᠤᠷᠰᠢᠯᠳᠠ ᠵᠢᠨ ᠤᠷᠤᠨ᠎ᠤ ᠴᠢᠭᠯᠡᠬᠦᠯᠦᠯᠳᠦ ᠴᠢᠨᠠᠷᠳᠠᠢ᠎ᠪᠠᠷ ᠬᠠᠶ᠋ᠢᠨ ᠰᠦᠪᠡᠭᠴᠢᠯᠡᠯᠳᠡ ᠬᠢᠬᠦ ᠵᠢ ᠬᠦᠳᠦᠯᠦᠨ ᠵᠢᠯᠤᠭᠤᠳᠴᠤ᠂ 53 ᠵᠦᠢ᠍ᠯ᠎ᠤᠨ ᠳᠡᠮᠵᠢᠯᠬᠡ ᠦᠵᠡᠬᠦᠯᠬᠦ ᠠᠷᠭ᠎ᠠ ᠬᠡᠮᠵᠢᠶᠡᠨ᠎ᠤ ᠳᠤᠳᠤᠷᠠᠬᠢ 14 ᠵᠦᠢ᠍ᠯ᠎ᠢ᠎ᠨᠢ ᠤᠨᠴᠠᠯᠠᠨ ᠳᠤᠬᠳᠠᠭ᠋ᠠᠬᠰᠠᠨ ᠴᠢᠯᠦᠬᠡᠳᠦ ᠠᠷᠠᠯᠵᠢᠶᠠᠨ᠎ᠤ ᠳᠤᠷᠰᠢᠯᠳᠠ ᠵᠢᠨ ᠤᠷᠤᠨ᠎ᠳᠤ ᠳᠤᠬᠢᠷᠠᠭᠤᠯᠤᠨ ᠬᠡᠷᠡᠭᠯᠡᠨ᠎ᠠ᠃
     《ᠮᠡᠳᠡᠭᠳᠡᠯ》᠎ᠳᠤ᠂ ᠡᠯ᠎ᠠ ᠬᠠᠮᠢᠶ᠎ᠠ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ᠂ ᠡᠯ᠎ᠠ ᠴᠢᠯᠦᠬᠡᠳᠦ ᠠᠷᠠᠯᠵᠢᠶᠠᠨ᠎ᠤ ᠤᠷᠤᠨ ᠡᠷᠬᠡᠪᠰᠢ ᠶᠡᠷᠦᠩᠬᠡᠶ᠋ᠢᠯᠡᠭᠰᠡᠨ ᠤᠯᠤᠰ᠎ᠤᠨ ᠠᠮᠤᠷ ᠳᠦᠪᠰᠢᠨ᠎ᠤ ᠤᠬᠠᠮᠰᠠᠷ᠎ᠢ ᠪᠠᠳᠤ ᠪᠤᠢ ᠪᠤᠯᠭ᠋ᠠᠵᠦ᠂ ᠬᠤᠷᠢᠭ᠎ᠠ ᠱᠤᠭᠤᠮ᠎ᠤᠨ ᠰᠡᠳᠬᠢᠬᠦᠢ ᠪᠤᠯᠤᠨ ᠠᠶᠤᠯ ᠳᠦᠭᠰᠢᠬᠦᠷᠢ ᠵᠢᠨ ᠤᠬᠠᠮᠰᠠᠷ ᠵᠶ᠋ᠠᠨ ᠴᠢᠩᠭ᠋ᠠᠳᠬᠠᠵᠦ᠂ ᠤᠯᠤᠰ᠎ᠤᠨ ᠭᠤᠤᠯᠯᠠᠬᠤ ᠠᠰᠢᠬ ᠳᠤᠰᠠ ᠪᠤᠯᠤᠨ ᠤᠯᠤᠰ ᠳᠦᠷᠦ ᠵᠢᠨ ᠠᠮᠤᠷ ᠳᠦᠪᠰᠢᠨ᠎ᠢ ᠬᠠᠮᠠᠭ᠋ᠠᠯᠠᠵᠦ᠂ ᠶᠡᠭᠡ ᠳᠠᠯ᠎ᠠ᠎ᠳᠤ ᠰᠠᠨᠠᠭ᠋ᠠᠴᠢᠯᠠᠭ᠎ᠠ᠎ᠲᠠᠢ᠎ᠪᠠᠷ ᠦᠢ᠍ᠯᠡᠴᠢᠯᠡᠬᠦ ᠬᠡᠷᠡᠭᠳᠡᠢ᠃ ᠡᠯ᠎ᠠ ᠬᠠᠮᠢᠶ᠎ᠠ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ ᠡᠷᠬᠡᠪᠰᠢ ᠳᠡᠬᠡᠳᠦ ᠬᠡᠮᠵᠢᠶ᠎ᠠ᠎ᠪᠠᠷ ᠬᠦᠨᠳᠤᠳᠬᠡᠵᠤ᠂ ᠨᠢᠭ᠍ᠳᠡ ᠬᠠᠮᠵᠢᠯᠴᠠᠵᠦ᠂ ᠬᠠᠳᠠᠭ᠋ᠠᠰᠤ ᠬᠠᠳᠠᠬᠤ ᠵᠤᠷᠢᠬ ᠰᠠᠨᠠᠭ᠎ᠠ᠎ᠪᠠᠷ ᠦᠬᠡᠷᠡᠴᠢᠯᠡᠯᠳᠡ ᠰᠢᠨᠡᠴᠢᠯᠡᠯᠳᠡ ᠵᠢ ᠬᠦᠨᠵᠡᠬᠡᠶ᠋ᠢᠷᠡᠬᠦᠯᠬᠦ ᠠᠷᠭ᠎ᠠ ᠬᠡᠮᠵᠢᠶ᠎ᠠ ᠵᠢ ᠪᠤᠳᠠᠳᠠᠢ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠳᠤᠷ ᠠᠳᠬᠤᠵᠦ᠂ ᠴᠢᠯᠦᠬᠡᠳᠦ ᠠᠷᠠᠯᠵᠢᠶᠠᠨ᠎ᠤ ᠳᠤᠷᠰᠢᠯᠳᠠ ᠵᠢᠨ ᠤᠷᠤᠨ᠎ᠤ ᠪᠦᠳᠦᠬᠡᠨ ᠪᠠᠶ᠋ᠢᠭᠤᠯᠤᠯᠳᠠ ᠪᠤᠯᠤᠨ ᠬᠠᠮᠢᠶᠠᠷᠤᠯᠳᠠ ᠵᠢᠨ ᠳᠦᠪᠰᠢᠨ᠎ᠢ ᠳᠠᠰᠤᠷᠠᠯᠳᠠ ᠦᠬᠡᠢ ᠳᠡᠬᠡᠭᠰᠢᠯᠡᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃ (ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ)



ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠦᠷᠦ ᠵᠢᠨ ᠶᠠᠪᠤᠳᠠᠯ᠎ᠤᠨ ᠬᠤᠷᠢᠶ᠎ᠠ 《ᠤᠳᠤᠬᠠᠨ ᠪᠠ ᠬᠤᠶ᠋ᠢᠰᠢᠳᠡ ᠵᠢᠨ ᠬᠡᠰᠡᠭ ᠬᠤᠭᠤᠴᠠᠭ᠋ᠠᠨ᠎ᠳᠠᠬᠢ ᠠᠵᠢᠯ ᠤᠯᠭᠤᠯᠳᠠ ᠵᠢ ᠠᠬᠢᠭᠤᠯᠬᠤ ᠠᠵᠢᠯ᠎ᠢ ᠰᠠᠶ᠋ᠢᠳᠤᠷ ᠬᠢᠬᠦ ᠳᠤᠬᠠᠢ ᠰᠠᠨᠠᠯ᠎ᠤᠳ》᠎ᠢ ᠳᠠᠷᠤᠮᠠᠯᠯᠠᠨ ᠳᠠᠷᠬᠠᠭ᠋ᠠᠪᠠ
ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠤᠨᠢᠨ ᠮᠡᠳᠡᠭᠡᠨ᠎ᠤ ᠠᠯᠪᠡᠨ ᠭᠡᠷ 《ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ᠎ᠤᠨ ᠳᠤᠮᠳᠠᠳᠤ ᠤᠯᠤᠰ᠎ᠤᠨ ᠬᠦᠮᠦᠨ᠎ᠤ ᠡᠷᠭᠡ ᠵᠢᠨ ᠦᠢ᠍ᠯᠡᠰ᠎ᠤᠨ ᠬᠦᠭᠵᠢᠯᠳᠠ ᠲᠠᠪᠰᠢᠯᠳᠠ》 ᠭᠡᠬᠦ ᠴᠠᠭ᠋ᠠᠨ ᠭᠠᠳᠠᠷᠳᠦ ᠪᠢᠴᠢᠭ᠎ᠢ ᠨᠡᠶ᠋ᠢᠳᠡᠯᠡᠪᠡ
12 ᠰᠠᠷ᠎ᠠ᠎ᠠᠴᠠ ᠡᠬᠢᠯᠡᠨ ᠭᠡᠷᠡᠭᠵᠢᠬᠦᠯᠦᠭᠰᠡᠨ ᠰᠢᠨ᠎ᠡ ᠬᠠᠤᠯᠢ ᠲᠦᠷᠢᠮ᠎ᠤᠳ
ᠮᠠᠯ ᠠᠵᠤ ᠠᠬᠤᠢ ᠲᠠᠷᠢᠶᠠᠯᠠᠩ᠎ᠤᠨ ᠪᠤᠬᠢᠷᠳᠤᠯ ᠦᠬᠡᠢ ᠬᠦᠭᠵᠢᠯᠳᠡ ᠵᠢ ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ
ᠲᠡᠪᠰᠢᠬᠦᠯᠦᠨ ᠲᠤᠮᠢᠯᠠᠬᠤ᠎ᠪᠠᠷ ᠪᠠᠶ᠋ᠢᠭ᠎ᠠ ᠺᠠᠳ᠋ᠷ᠎ᠢ ᠢᠯᠠ ᠨᠡᠶ᠋ᠢᠳᠡᠯᠡᠬᠦ ᠲᠤᠬᠠᠢ ᠵᠠᠷᠯᠠᠯ
 
             蒙ICP备05000248号