ᠨᠢᠭᠡᠳᠦᠭᠡᠷ ᠵᠤᠷᠪᠤᠰ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠦᠡᠨᠡᠨᠬᠦ ᠴᠢᠩᠭ᠋ᠠᠳᠬᠠᠵᠤ᠂ ᠲᠠᠷᠢᠶᠠᠨ ᠭᠠᠵᠠᠷ᠎ᠢ ᠬᠠᠮᠠᠭ᠋ᠠᠯᠠᠬᠤ᠂ ᠤᠢ ᠰᠢᠭᠤᠶ ᠵᠢ ᠬᠠᠮᠠᠭ᠋ᠠᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠠᠷᠢᠶᠠᠨ ᠭᠠᠵᠠᠷ᠎ᠤᠨ ᠬᠠᠯᠬᠠᠪᠴᠢ ᠤᠢ ᠵᠢ ᠪᠣᠶ᠋ᠢᠵᠢᠭᠤᠯᠬᠤ ᠡᠵᠡᠩᠨᠡᠯᠲᠡ ᠵᠢᠨ ᠠᠵᠤ ᠠᠬᠤᠶ ᠵᠢᠨ ᠦᠷ᠎ᠡ ᠠᠰᠢᠭ᠎ᠢ ᠳᠡᠭᠡᠭᠰᠢᠯᠡᠭᠦᠯᠵᠤ᠂ ᠬᠥᠳᠡᠭᠡ ᠲᠣᠰᠬᠣᠨ᠎ᠤ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ ᠵᠢᠨ ᠲᠦᠯᠦᠭᠡ᠂ 《ᠤᠢ ᠰᠢᠭᠤᠶ ᠵᠢᠨ ᠬᠠᠤᠯᠢ》᠂ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ 〈ᠤᠢ ᠰᠢᠭᠤᠶ ᠵᠢᠨ ᠬᠠᠤᠯᠢ ᠵᠢᠨ ᠠᠷᠭ᠎ᠠ〉 ᠵᠢ ᠬᠡᠷᠡᠭᠵᠢᠬᠦᠯᠬᠦ》 ᠬᠣᠯᠪᠣᠭᠳᠠᠯ ᠪᠦᠬᠦᠢ ᠲᠣᠭᠲᠠᠭ᠋ᠠᠯ ᠪᠠ ᠤᠯᠤᠰ᠎ᠤᠨ᠂ ᠥᠪᠡᠷᠲᠡᠭᠡᠨ ᠵᠠᠰᠠᠬᠤ ᠣᠷᠣᠨ᠎ᠤ ᠬᠠᠮᠲᠤ ᠨᠡᠢ᠌ᠲᠡ ᠵᠢᠨ ᠤᠢ ᠮᠣᠳᠣᠨ᠎ᠤ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠵᠣᠷᠢᠭ ᠰᠠᠨᠠᠭ᠎ᠠ᠂ ᠲᠤᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠤᠷᠪᠤᠰ ᠲᠤᠰ ᠠᠷᠭ᠎ᠠ᠎ᠳᠤ ᠬᠡᠯᠡᠵᠦ ᠪᠠᠶ᠋ᠢᠭ᠎ᠠ ᠲᠠᠷᠢᠶᠠᠨ ᠭᠠᠵᠠᠷ᠎ᠤᠨ ᠬᠠᠯᠬᠠᠪᠴᠢ ᠤᠢ ᠭᠡᠳᠡᠭ᠎ᠨᠢ ᠲᠠᠷᠢᠶᠠᠨ ᠭᠠᠵᠠᠷ᠎ᠤᠨ ᠬᠡᠪᠴᠢᠶᠡᠨ ᠳᠣᠳᠣᠷᠠᠬᠢ ᠣᠢ ᠵᠢᠨ ᠪᠦᠰᠡ᠂ ᠤᠢ ᠰᠢᠭᠤᠶ ᠵᠢᠨ ᠲᠣᠣᠷ᠎ᠢ ᠬᠡᠯᠡᠵᠦ ᠪᠠᠢ᠌ᠨ᠎ᠠ᠃ ᠤᠢ ᠮᠣᠳᠣ ᠵᠢ ᠣᠭᠲᠣᠯᠵᠤ ᠰᠢᠨᠡᠳᠬᠡᠭᠰᠡᠨ ᠲᠤᠬᠠᠶ ᠬᠠᠮᠢᠶᠠᠷᠤᠯᠲᠠ ᠵᠢ ᠪᠠᠷᠢᠮᠲᠠᠯᠠᠵᠤ᠂ ᠭᠠᠵᠠᠷ ᠣᠷᠣᠨ᠎ᠤ ᠪᠠᠶ᠋ᠢᠳᠠᠯ᠎ᠳᠤ ᠲᠣᠬᠢᠷᠠᠭᠤᠯᠤᠨ᠂ ᠠᠩᠭᠢᠯᠠᠨ ᠬᠠᠮᠢᠶᠠᠷᠴᠤ᠂ ᠠᠮᠢ ᠠᠬᠤᠢ ᠵᠢ ᠲᠡᠷᠢᠭᠦᠨ᠎ᠳᠤ ᠲᠠᠯᠪᠢᠵᠤ᠂ ᠰᠢᠨᠵᠢᠯᠡᠬᠦ ᠤᠬᠠᠭ᠋ᠠᠨᠴᠢ᠎ᠪᠠᠷ ᠠᠰᠢᠭᠯᠠᠵᠤ᠂ ᠲᠡᠭᠦᠵᠦ ᠪᠦᠲᠦᠭᠡᠡ ᠬᠣᠯᠪᠣᠵᠤ᠂ ᠴᠠᠭ ᠲᠤᠬᠠᠶ᠎ᠳᠤᠨᠢ ᠰᠢᠨᠡᠳᠬᠡᠵᠤ᠂ ᠪᠦᠲᠦᠴᠡ ᠵᠢ ᠲᠡᠭᠦᠯᠳᠡᠷᠵᠢᠭᠦᠯᠵᠦ᠂ ᠴᠢᠳᠠᠪᠤᠷᠢ ᠵᠢ ᠳᠡᠭᠡᠭᠰᠢᠯᠡᠭᠦᠯᠵᠤ᠂ ᠰᠢᠰᠲ᠋ᠧᠮ᠎ᠤᠨ ᠤᠳᠠᠭ᠋ᠠᠨ ᠬᠤᠭᠤᠴᠠᠭ᠎ᠠ ᠣᠷᠣᠰᠢᠬᠣ ᠴᠢᠭᠯᠡᠯᠲᠡ ᠵᠢ ᠬᠡᠷᠡᠭᠵᠢᠬᠦᠯᠬᠦ ᠬᠡᠷᠡᠭᠲᠡᠢ᠃
ᠭᠤᠷᠪᠠᠳᠤᠭ᠋ᠠᠷ ᠵᠤᠷᠪᠤᠰ ᠲᠠᠷᠢᠶᠠᠨ ᠭᠠᠵᠠᠷ᠎ᠤᠨ ᠬᠠᠯᠬᠠᠪᠴᠢ ᠤᠢ ᠵᠢ ᠣᠭᠲᠣᠯᠬᠤ ᠵᠢ ᠰᠢᠨᠡᠳᠬᠡᠨ ᠣᠶ᠋ᠢᠵᠢᠭᠤᠯᠵᠤ ᠣᠭᠲᠣᠯᠬᠤ᠂ ᠠᠷᠠᠴᠢᠯᠠᠨ ᠪᠣᠶ᠋ᠢᠵᠢᠭᠤᠯᠵᠤ ᠣᠭᠲᠣᠯᠬᠤ ᠪᠠ ᠳᠣᠣᠷ᠎ᠠ ᠠᠰᠢᠭ᠎ᠲᠤ ᠤᠢ ᠵᠢ ᠥᠭᠡᠷᠡᠴᠢᠯᠡᠬᠦ ᠭᠡᠵᠦ ᠬᠤᠪᠢᠶᠠᠨ᠎ᠠ᠃ ᠠᠳᠠᠯᠢ ᠪᠤᠰᠤ ᠲᠥᠷᠥᠯ᠎ᠤᠨ ᠬᠡᠷᠡᠭᠯᠡᠬᠦ ᠳ᠋ᠦᠢᠰᠢᠶᠠᠩᠢ ᠭᠦᠢ᠍ᠴᠡᠳᠬᠡᠬᠦ᠎ᠳᠤ ᠲᠠᠷᠢᠶᠠᠨ ᠭᠠᠵᠠᠷ᠎ᠤᠨ ᠬᠠᠯᠬᠠᠪᠴᠢ ᠤᠢ ᠵᠢ ᠣᠭᠲᠣᠯᠬᠤ ᠠᠵᠢᠯ᠎ᠤᠨ ᠳᠦᠷᠢᠮ》 (LY/T1723-2008) ᠬᠣᠯᠪᠣᠭᠳᠠᠯ ᠪᠦᠬᠦᠢ ᠪᠠᠷᠢᠮᠵᠢᠶ᠎ᠠ ᠵᠢ ᠬᠡᠷᠡᠭᠵᠢᠬᠦᠯᠬᠦ ᠶᠤᠰᠣᠲᠠᠢ᠃
ᠳᠥᠷᠪᠡᠳᠦᠭᠡᠷ ᠵᠤᠷᠪᠤᠰ ᠲᠠᠷᠢᠶᠠᠯᠠᠩ᠎ᠢ ᠶᠡᠷᠦᠩᠬᠡᠶ᠋ᠢᠯᠡᠨ ᠨᠡᠭᠡᠭᠡᠨ ᠬᠥᠭᠵᠢᠭᠦᠯᠬᠦ᠂ ᠭᠠᠵᠠᠷ ᠰᠢᠷᠣᠶ ᠵᠢ ᠴᠡᠭᠴᠡᠯᠡᠨ ᠲᠡᠭᠰᠢᠯᠡᠬᠦ ᠲᠦᠰᠦᠪ ᠡᠰᠡᠬᠦᠯ᠎ᠡ ᠲᠠᠷᠢᠶᠠᠨ ᠭᠠᠵᠠᠷ᠎ᠤᠨ ᠬᠠᠯᠬᠠᠪᠴᠢ ᠤᠢ ᠵᠢᠨ ᠲᠣᠣᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠬᠡᠷᠡᠭᠴᠡᠭᠡ ᠵᠢ ᠲᠣᠬᠢᠷᠠᠭᠤᠯᠬᠤ ᠵᠢᠨ ᠲᠤᠰᠠᠲᠠ᠂ ᠪᠦᠬᠦ ᠤᠢ ᠵᠢᠨ ᠪᠦᠰᠡ ᠵᠢᠨ ᠣᠭᠲᠣᠯᠬᠤ ᠠᠷᠭ᠎ᠠ ᠮᠠᠶᠢᠭ᠎ᠢ ᠬᠡᠷᠡᠭᠯᠡᠨ᠂ ᠬᠥᠷᠰᠢ ᠵᠡᠷᠭᠡᠯᠡᠳᠡᠭᠡ ᠵᠢᠨ ᠤᠢ ᠵᠢᠨ ᠪᠦᠰᠡ᠎ᠠᠴᠠ ᠬᠤᠯᠪᠤᠭᠳᠠᠭᠣᠯᠤᠨ ᠬᠠᠮᠲᠤᠳᠤᠨᠢ ᠣᠭᠲᠣᠯᠬᠤ ᠵᠢ ᠵᠦᠪᠰᠢᠶᠡᠷᠡᠵᠦ᠂ ᠪᠤᠰᠤᠳ ᠪᠠᠶ᠋ᠢᠳᠠᠯ᠎ᠤᠨ ᠳᠣᠣᠷ᠎ᠠ ᠤᠢ ᠮᠣᠳᠣ ᠵᠢ ᠣᠭᠲᠣᠯᠬᠤ ᠳᠤ ᠡᠷᠬᠡᠪᠰᠢ ᠪᠦᠰᠡ ᠠᠯᠤᠰᠯᠠᠨ᠂ ᠲᠤᠬᠠᠶ᠋ᠢᠯᠠᠪᠠᠯ ᠠᠳᠠᠯᠢ ᠴᠢᠭᠯᠡᠯᠲᠦ ᠬᠥᠷᠰᠢ ᠵᠡᠷᠭᠡᠯᠡᠳᠡᠭᠡ ᠵᠢᠨ ᠤᠢ ᠰᠢᠭᠣᠢ ᠵᠢᠨ ᠪᠦᠰᠡ ᠵᠢ ᠲᠤᠰ ᠵᠢᠯ᠎ᠳᠤ ᠰᠢᠨᠡᠳᠬᠡᠨ ᠣᠶ᠋ᠢᠵᠢᠭᠤᠯᠵᠤ ᠤᠭᠲᠤᠯᠵᠤ ᠪᠤᠯᠬᠤ ᠦᠭᠡᠢ᠂ ᠠᠳᠠᠯᠢ ᠬᠤᠭᠤᠴᠠᠭ᠋ᠠᠨ᠎ᠳᠤ ᠣᠢ ᠵᠢ ᠣᠭᠲᠣᠯᠬᠤ ᠤᠢ ᠵᠢᠨ ᠪᠦᠰᠡ ᠵᠢ ᠪᠦᠰᠡ ᠵᠢᠨ ᠬᠣᠭᠣᠷᠣᠨᠳᠣᠬᠢ ᠵᠠᠢ ᠵᠢ ᠨᠢᠭᠡ ᠣᠢ ᠰᠢᠭᠤᠢ ᠵᠢᠨ ᠪᠦᠰᠡ᠎ᠠᠴᠠ ᠳᠤᠲᠠᠭᠤ ᠪᠠᠶ᠋ᠢᠯᠭ᠋ᠠᠵᠣ ᠪᠣᠯᠬᠤ ᠦᠭᠡᠢ᠃
ᠲᠠᠪᠤᠳᠤᠭ᠋ᠠᠷ ᠵᠤᠷᠪᠤᠰ ᠲᠠᠷᠢᠶᠠᠨ ᠭᠠᠵᠠᠷ᠎ᠤᠨ ᠬᠠᠯᠬᠠᠪᠴᠢ ᠤᠢ᠂ ᠡᠯ᠎ᠡ ᠲᠥᠷᠥᠯ᠎ᠤᠨ ᠣᠶ᠋ᠢᠵᠢᠭᠤᠯᠵᠤ ᠣᠭᠲᠣᠯᠵᠤ ᠪᠤᠯᠬᠤ ᠨᠠᠰᠣ ᠵᠢ ᠰᠢᠨᠡᠳᠬᠡᠬᠦ᠎ᠳᠤ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠤᠢ ᠮᠣᠳᠣ ᠵᠢ ᠣᠭᠲᠣᠯᠬᠤ ᠬᠣᠯᠪᠣᠭᠳᠠᠯ ᠪᠦᠬᠦᠢ ᠳᠦᠷᠢᠮ ᠲᠣᠭᠲᠠᠭ᠋ᠠᠯ ᠶᠤᠰᠣᠭ᠋ᠠᠷ ᠶᠡᠷᠦ᠎ᠳᠡᠭᠡᠨ ᠬᠡᠷᠡᠭᠯᠡᠬᠦ ᠠᠳᠠᠯᠢ ᠨᠢᠭᠡ ᠮᠣᠳᠣᠨ᠎ᠤ ᠲᠥᠷᠥᠯ᠎ᠤᠨ ᠬᠡᠷᠡᠭᠰᠡᠯ᠎ᠤᠨ ᠮᠣᠳᠣᠨ᠎ᠤ ᠤᠢ ᠵᠢ ᠭᠣᠣᠯᠴᠢᠯᠠᠨ ᠣᠭᠲᠣᠯᠬᠤ ᠵᠢᠯ᠎ᠤᠨ ᠨᠠᠰᠤ᠎ᠪᠠᠷ ᠬᠡᠷᠡᠭᠵᠢᠬᠦᠯᠦᠨ᠎ᠡ᠃ ᠤᠰᠤᠯᠠᠯᠲᠠ ᠵᠢᠨ ᠨᠥᠬᠥᠴᠡᠯ ᠠᠨᠠᠶ ᠭᠠᠵᠠᠷ ᠣᠷᠣᠨ᠎ᠤ ᠲᠠᠷᠢᠶᠠᠨ ᠭᠠᠵᠠᠷ᠎ᠤᠨ ᠬᠠᠯᠬᠠᠪᠴᠢ ᠤᠢ ᠵᠢᠨ ᠳᠡᠳ᠋ ᠤᠢ ᠵᠢᠨ ᠪᠦᠰᠡ᠂ ᠰᠢᠨᠡᠳᠬᠡᠨ ᠣᠶ᠋ᠢᠵᠢᠭᠤᠯᠵᠤ ᠣᠭᠲᠣᠯᠬᠤ ᠨᠠᠰᠤ ᠵᠢ ᠤᠢ ᠮᠣᠳᠣᠨ᠎ᠤ ᠠᠵᠤ ᠠᠬᠤᠶ ᠵᠢᠨ ᠪᠣᠯᠪᠠᠰᠤᠷᠠᠬᠤ ᠨᠠᠰᠣ ᠵᠢᠯ᠎ᠳᠤ ᠲᠣᠭᠲᠠᠭ᠋ᠠᠭᠰᠠᠨ ᠶᠣᠰᠣᠭ᠋ᠠᠷ᠂ ᠬᠠᠮᠤᠭ᠎ᠤᠨ ᠳᠣᠣᠷ᠎ᠠ ᠣᠭᠲᠣᠯᠵᠤ ᠰᠢᠨᠡᠳᠬᠡᠬᠦ ᠮᠤᠳᠣᠨᠤ ᠨᠠᠰᠤ ᠵᠢ 12 ᠵᠢᠯ᠎ᠠᠴᠠ ᠳᠣᠷᠣᠭᠰᠢ ᠪᠠᠢ᠌ᠯᠭ᠋ᠠᠵᠣ ᠪᠣᠯᠬᠤ ᠦᠭᠡᠢ᠂ ᠣᠨᠴᠠᠭ᠋ᠠᠶ ᠪᠠᠶ᠋ᠢᠳᠠᠯ᠎ᠳᠤ ᠬᠠᠮᠤᠭ ᠳᠣᠣᠷ᠎ᠠ᠎ᠳᠠᠭᠠᠨ 8 ᠵᠢᠯ᠎ᠠᠴᠠ ᠳᠣᠷᠣᠭᠰᠢ ᠪᠠᠶ᠋ᠢᠯᠭ᠋ᠠᠵᠤ ᠪᠣᠯᠬᠤ ᠦᠭᠡᠢ᠃ ᠪᠣᠳᠠᠲᠠᠶ ᠣᠭᠲᠣᠯᠬᠤ ᠵᠢᠯ ᠨᠠᠰᠤ ᠵᠢ ᠡᠯ᠎ᠡ ᠠᠶ᠋ᠢᠮᠠᠭ ᠬᠤᠳᠠ ᠵᠢᠨ ᠤᠢ ᠰᠢᠭᠤᠶ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠮᠤᠭ᠎ᠤᠨ ᠳᠣᠣᠷ᠎ᠠ ᠰᠢᠨᠡᠳᠬᠡᠨ ᠣᠶ᠋ᠢᠵᠢᠭᠤᠯᠵᠤ ᠣᠭᠲᠣᠯᠬᠤ ᠨᠠᠰᠣᠨ᠎ᠤ ᠲᠤᠬᠠᠢ ᠰᠠᠨᠠᠯ᠎ᠢ ᠲᠤᠭᠲᠠᠭ᠋ᠠᠵᠣ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠵᠦ ᠵᠥᠪᠰᠢᠶᠡᠷᠡᠭᠦᠯᠦᠭᠰᠡᠨ᠎ᠤ ᠲᠠᠷᠠᠭ᠎ᠠ ᠬᠡᠷᠡᠭᠵᠢᠭᠦᠯᠬᠦ ᠬᠡᠷᠡᠭᠲᠡᠶ᠃
ᠵᠢᠷᠭᠤᠳᠤᠭ᠋ᠠᠷ ᠵᠤᠷᠪᠤᠰ ᠲᠠᠷᠢᠶᠠᠨ ᠭᠠᠵᠠᠷ᠎ᠤᠨ ᠬᠠᠯᠬᠠᠪᠴᠢ ᠤᠢᠠᠴᠠ ᠤᠢ ᠰᠢᠭᠤᠶ ᠵᠢᠨ ᠨᠢᠭᠡᠨᠲᠡ ᠨᠠᠶ᠋ᠢᠷᠠᠭᠤᠯᠤᠨ ᠵᠣᠬᠢᠶᠠᠭᠰᠠᠨ ᠡᠵᠡᠩᠨᠡᠯᠲᠡ ᠵᠢᠨ ᠲᠥᠰᠦᠯ᠎ᠢ ᠤᠢ ᠮᠣᠳᠣᠨ᠎ᠤ ᠡᠵᠡᠩᠨᠡᠯᠲᠡ᠎ᠲᠠᠢ ᠨᠢᠭᠡᠴᠡ ᠪᠤᠶᠤ ᠬᠤᠪᠢ ᠬᠥᠮᠦᠨ᠎ᠳᠤ ᠮᠤᠳᠤ ᠵᠢ ᠣᠭᠲᠣᠯᠬᠤ ᠤᠢ ᠰᠢᠭᠤᠶ ᠵᠢᠨ ᠡᠵᠡᠩᠨᠡᠯᠲᠡ ᠵᠢᠨ ᠲᠥᠰᠦᠯ ᠶᠣᠰᠣᠭ᠋ᠠᠷ ᠲᠣᠬᠢᠷᠠᠭᠤᠯᠵᠤ᠂ ᠵᠣᠬᠢᠰᠲᠠᠶ ᠠᠰᠢᠭᠯᠠᠬᠤ ᠬᠡᠷᠡᠭᠲᠡᠶ᠃ ᠤᠢ ᠰᠢᠭᠤᠶ ᠵᠢᠨ ᠡᠵᠡᠩᠨᠡᠯᠲᠡ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠭᠰᠠᠨ ᠦᠭᠡᠢ ᠪᠠᠶ᠋ᠢᠪᠠᠯ᠂ ᠬᠣᠰᠢᠭᠤ ᠰᠢᠶᠠᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠶᠠᠨ ᠭᠠᠵᠠᠷ᠎ᠤᠨ ᠬᠠᠯᠬᠠᠪᠴᠢ ᠤᠢ ᠵᠢᠨ ᠡᠬᠢ ᠪᠠᠶᠠᠯᠢᠭ᠎ᠤᠨ ᠪᠠᠶ᠋ᠢᠳᠠᠯ᠎ᠢ ᠦᠨᠳᠦᠰᠦᠯᠡᠨ᠂ ᠲᠠᠷᠢᠶᠠᠨ ᠭᠠᠵᠠᠷ᠎ᠤᠨ ᠬᠠᠯᠬᠠᠪᠴᠢ ᠤᠢ ᠵᠢᠨ ᠰᠢᠰᠲ᠋ᠧᠮ᠎ᠤᠨ ᠪᠠᠶ᠋ᠢᠭᠤᠯᠤᠯᠲᠠ᠂ ᠮᠣᠳᠣ ᠵᠢ ᠣᠭᠲᠣᠯᠬᠤ ᠬᠢᠵᠠᠭ᠋ᠠᠷ ᠲᠣᠭ᠋ᠠᠨ᠎ᠤ ᠭᠦᠢ᠍ᠴᠡᠳᠬᠡᠯ ᠲᠣᠭ᠎ᠠ ᠵᠢ ᠵᠦᠢ ᠵᠣᠬᠢᠰᠲᠠᠶ ᠬᠤᠪᠢᠶᠠᠷᠢᠯᠠᠬᠤ ᠬᠡᠷᠡᠭᠲᠡᠶ᠃
ᠳᠣᠯᠣᠳᠤᠭ᠋ᠠᠷ ᠵᠤᠷᠪᠤᠰ ᠲᠠᠷᠢᠶᠠᠨ ᠭᠠᠵᠠᠷ᠎ᠤᠨ ᠬᠠᠯᠬᠠᠪᠴᠢ ᠤᠢ ᠵᠢ ᠣᠭᠲᠣᠯᠬᠤ ᠬᠢᠵᠠᠭ᠋ᠠᠷ ᠲᠤᠭ᠎ᠠ᠎ᠨᠢ ᠨᠡᠶ᠋ᠢᠲᠡ ᠵᠢᠨ ᠠᠰᠠᠷᠠᠮᠵᠢ ᠵᠢᠨ ᠤᠢ ᠮᠣᠳᠣ ᠣᠭᠲᠣᠯᠬᠤ ᠬᠢᠵᠠᠭ᠋ᠠᠷ ᠲᠣᠭ᠎ᠠ ᠳᠣᠳᠣᠷ᠎ᠠ ᠵᠦᠢ ᠵᠣᠬᠢᠰᠲᠠᠶ᠎ᠪᠠᠷ ᠲᠣᠬᠢᠷᠠᠭᠤᠯᠬᠤ ᠬᠡᠷᠡᠭᠲᠡᠶ᠃ ᠠᠰᠠᠷᠠᠨ ᠪᠣᠶ᠋ᠢᠵᠢᠭᠤᠯᠬᠤ ᠪᠠ ᠪᠤᠰᠤᠳ ᠤᠢ ᠮᠣᠳᠣ ᠵᠢ ᠣᠭᠲᠣᠯᠬᠤ᠎ᠳᠤ ᠰᠢᠨᠡᠳᠬᠡᠨ ᠣᠶ᠋ᠢᠵᠢᠭᠤᠯᠵᠤ᠂ ᠣᠭᠲᠣᠯᠬᠤ ᠬᠢᠵᠠᠭ᠋ᠠᠷ ᠲᠣᠭ᠎ᠠ ᠵᠢ ᠡᠵᠡᠯᠡᠨ ᠬᠡᠷᠡᠭᠯᠡᠵᠦ ᠪᠤᠯᠤᠨ᠎ᠠ᠃ ᠬᠢᠵᠠᠭ᠋ᠠᠷᠯᠠᠬᠤ ᠭᠦᠢ᠍ᠴᠡᠳᠬᠡᠯ ᠲᠣᠭ᠎ᠠ᠎ᠨᠢ ᠭᠦᠢ᠍ᠴᠡᠳ ᠪᠤᠰᠤ ᠪᠠᠶ᠋ᠢᠪᠠᠯ᠂ ᠬᠣᠰᠢᠭᠤ ᠰᠢᠶᠠᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠵᠢᠷᠤᠮ ᠶᠣᠰᠣᠭ᠋ᠠᠷ ᠱᠠᠲᠤ ᠳᠠᠷᠠᠭ᠋ᠠᠯᠠᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠤᠷᠢᠳᠴᠢᠯᠠᠨ ᠦᠯᠡᠳᠡᠭᠡᠬᠦ ᠬᠢᠵᠠᠭ᠋ᠠᠷ ᠲᠣᠭ᠎ᠠ ᠵᠢ ᠲᠣᠬᠢᠷᠠᠭᠤᠯᠤᠨ ᠰᠢᠢᠳᠪᠦᠷᠢᠯᠡᠨ᠎ᠡ᠃
ᠨᠠᠢ᠍ᠮᠠᠳᠣᠭ᠋ᠠᠷ ᠵᠤᠷᠪᠤᠰ ᠨᠢᠭᠡ ᠯᠡ ᠤᠳᠠᠭ᠎ᠠ 5 ᠪᠣᠰᠣᠭ᠎ᠠ ᠳᠥᠷᠪᠡᠯᠵᠢᠨ ᠮᠧᠲᠷ᠎ᠠᠴᠠ ᠳᠣᠷᠣᠭᠰᠢ ᠲᠠᠯᠠᠪᠠᠢ᠎ᠲᠠᠢ ᠣᠢ ᠮᠣᠳᠣ ᠵᠢ ᠭᠤᠶᠤᠴᠢᠯᠠᠨ ᠣᠭᠲᠣᠯᠬᠤ ᠭᠡᠪᠡᠯ᠂ ᠵᠥᠪᠬᠡᠨ ᠤᠢ ᠮᠤᠳᠤ ᠵᠢ ᠣᠭᠲᠣᠯᠬᠤ ᠭᠤᠶᠤᠴᠢᠯᠠᠯ᠎ᠤᠨ ᠪᠢᠴᠢᠭ᠎ᠢ ᠲᠠᠭᠯᠠᠨ᠎ᠠ; ᠨᠢᠭᠡ ᠯᠡ ᠤᠳᠠᠭ᠎ᠠ ᠣᠭᠲᠣᠯᠬᠤ ᠲᠠᠯᠠᠪᠠᠢ᠎ᠨᠢ 5 ᠪᠣᠰᠣᠭ᠎ᠠ ᠳᠥᠷᠪᠡᠯᠵᠢᠨ ᠮᠧᠲᠷ᠎ᠠᠴᠠ ᠳᠡᠭᠡᠭᠰᠢ᠂ 30 ᠪᠣᠰᠣᠭ᠎ᠠ ᠳᠥᠷᠪᠡᠯᠵᠢᠨ ᠮᠧᠲᠷ᠎ᠠᠴᠠ ᠳᠣᠷᠣᠭᠰᠢ ᠪᠠᠶ᠋ᠢᠪᠠᠯ᠂ ᠰᠣᠮᠣᠨ (ᠰᠢᠶᠠᠩ ᠪᠠᠯᠭ᠋ᠠᠰᠤᠨ)᠎ᠤ ᠣᠶ ᠰᠢᠭᠤᠶ ᠵᠢᠨ ᠥᠷᠲᠡᠭᠡᠨ᠎ᠤ ᠮᠡᠷᠭᠡᠵᠢᠯ᠎ᠤᠨ ᠠᠵᠢᠯᠲᠠᠳ᠎ᠢ ᠵᠣᠬᠢᠶᠠᠨ ᠪᠠᠶ᠋ᠢᠭᠤᠯᠤᠨ᠂ ᠳᠥᠭᠥᠮ ᠤᠢ ᠮᠣᠳᠣ ᠵᠢ ᠣᠭᠲᠣᠯᠬᠤ ᠠᠵᠢᠯ᠎ᠤᠨ ᠵᠢᠷᠤᠭ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠨ᠎ᠠ; ᠨᠢᠭᠡ ᠯᠡ ᠤᠳᠠᠭ᠎ᠠ 30 ᠪᠣᠰᠣᠭ᠎ᠠ ᠳᠥᠷᠪᠡᠯᠵᠢᠨ ᠮᠧᠲᠷ᠎ᠠᠴᠠ ᠳᠠᠪᠠᠭᠰᠠᠨ ᠪᠤᠯ ᠤᠢ ᠰᠢᠭᠤᠶ ᠵᠢᠨ ᠠᠵᠤ ᠠᠬᠤᠶ ᠵᠢᠨ ᠪᠠᠶ᠋ᠢᠴᠠᠭ᠋ᠠᠯᠲᠠ ᠵᠢᠨ ᠲᠥᠯᠥᠪᠵᠢᠭᠦᠯᠭᠡ ᠵᠢ ᠵᠢᠷᠤᠭᠯᠠᠨ ᠲᠥᠯᠥᠪᠯᠡᠬᠦ ᠬᠢᠷᠢ ᠴᠢᠳᠠᠮᠵᠢ᠎ᠲᠠᠢ ᠨᠢᠭᠡᠴᠡ᠎ᠤᠳ ᠣᠢ ᠮᠣᠳᠣ ᠵᠢ ᠣᠭᠲᠣᠯᠬᠤ ᠠᠵᠢᠯ᠎ᠤᠨ ᠵᠢᠷᠤᠭ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠨ᠎ᠠ᠃
ᠶᠢᠰᠦᠳᠦᠭᠡᠷ ᠵᠤᠷᠪᠤᠰ ᠲᠠᠷᠢᠶᠠᠨ ᠭᠠᠵᠠᠷ᠎ᠤᠨ ᠬᠠᠯᠬᠠᠪᠴᠢ ᠤᠢ ᠮᠣᠳᠣ ᠵᠢ ᠣᠭᠲᠣᠯᠬᠤ ᠨᠢᠭᠡᠴᠡ ᠪᠤᠶᠤ ᠬᠤᠪᠢ ᠬᠥᠮᠦᠨ᠎ᠠᠴᠠ ᠬᠣᠰᠢᠭᠤ ᠰᠢᠶᠠᠨ᠎ᠤ ᠤᠢ ᠰᠢᠭᠤᠶ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠣᠮᠣᠨ (ᠰᠢᠶᠠᠩ ᠪᠠᠯᠭ᠋ᠠᠰᠤᠨ)᠎ᠤ ᠣᠶ ᠰᠢᠭᠤᠶ ᠵᠢᠨ ᠠᠵᠢᠯ᠎ᠤᠨ ᠥᠷᠲᠡᠭᠡᠨ᠎ᠳᠤ ᠣᠢ ᠮᠣᠳᠣ ᠣᠭᠲᠣᠯᠬᠤ ᠭᠤᠶᠤᠴᠢᠯᠠᠯ ᠭᠠᠷᠭ᠋ᠠᠭᠰᠠᠨ ᠪᠥᠭᠡᠳ ᠳᠣᠣᠷ᠎ᠠ ᠵᠢᠭᠰᠠᠭ᠋ᠠᠭᠰᠠᠨ ᠮᠠᠲ᠋ᠧᠷᠢᠶᠠᠯ᠎ᠢ ᠲᠤᠰᠢᠶᠠᠵᠣ᠂ ᠠᠩᠬ᠎ᠠ ᠤᠳᠠᠭ᠎ᠠ ᠣᠭᠲᠣᠯᠬᠤ᠎ᠳᠤ (ᠨᠢᠭᠡ)᠂ (ᠬᠣᠶᠠᠷ)᠂ (ᠭᠤᠷᠪᠠ)᠂ (ᠳᠦᠷᠪᠡ) ᠳ᠋ᠦ᠍ᠭᠡᠷ ᠵᠤᠷᠪᠤᠰ᠎ᠤᠨ ᠮᠠᠲ᠋ᠧᠷᠢᠶᠠᠯ᠎ᠢ ᠳᠡᠪᠰᠢᠭᠦᠯᠦᠨ ᠲᠤᠰᠢᠶᠠᠵᠤ᠂ 5 ᠵᠢᠯ ᠳᠣᠳᠣᠷ᠎ᠠ ᠬᠣᠶᠠᠳᠠᠬᠢ ᠤᠳᠠᠭ᠎ᠠ ᠤᠢ ᠮᠣᠳᠣ ᠵᠢ ᠣᠭᠲᠣᠯᠬᠤ ᠵᠢ ᠭᠤᠶᠤᠴᠢᠯᠠᠭᠰᠠᠨ ᠪᠠᠢ᠌ᠪᠠᠯ (ᠲᠠᠪᠤ)᠂ (ᠵᠢᠷᠭᠤᠭ᠎ᠠ) ᠳ᠋ᠤᠭ᠋ᠠᠷ ᠵᠤᠷᠪᠤᠰ᠎ᠢ ᠮᠠᠲ᠋ᠧᠷᠢᠶᠠᠯ ᠪᠠᠰᠠ ᠳᠡᠪᠰᠢᠭᠦᠯᠦᠨ ᠲᠤᠰᠢᠶᠠᠬᠤ ᠶᠣᠰᠣᠲᠠᠶ᠃
(ᠨᠢᠭᠡ) ᠤᠢ ᠮᠣᠳᠣ ᠵᠢ ᠣᠭᠲᠣᠯᠬᠤ ᠭᠤᠶᠤᠴᠢᠯᠠᠯ᠎ᠤᠨ ᠪᠢᠴᠢᠭ;
(ᠬᠣᠶᠠᠷ) ᠤᠢ ᠮᠣᠳᠣᠨ᠎ᠤ ᠡᠷᠬᠡ ᠵᠢᠨ ᠬᠠᠷᠢᠶᠠᠯᠠᠯ᠎ᠤᠨ ᠭᠡᠷᠡᠴᠢ;
(ᠭᠤᠷᠪᠠ) ᠳᠦᠭᠦᠮ ᠤᠢ ᠮᠣᠳᠣ ᠵᠢ ᠣᠭᠲᠣᠯᠬᠤ ᠠᠵᠢᠯ᠎ᠤᠨ ᠵᠢᠷᠤᠭ ᠲᠥᠯᠥᠪᠯᠡᠭᠡ ᠪᠤᠶᠤ ᠣᠭᠲᠣᠯᠬᠤ ᠠᠵᠢᠯᠯᠠᠭ᠎ᠠ ᠵᠢ ᠪᠠᠶ᠋ᠢᠴᠠᠭ᠋ᠠᠬᠤ ᠵᠢᠷᠤᠭ ᠲᠥᠯᠥᠪᠯᠡᠭᠡ (5 ᠪᠣᠰᠣᠭ᠎ᠠ ᠳᠥᠷᠪᠡᠯᠵᠢᠨ ᠮᠧᠲᠷ᠎ᠠᠴᠠ ᠳᠣᠷᠣᠭᠰᠢ ᠲᠠᠯᠠᠪᠠᠢ᠎ᠲᠠᠢ ᠣᠢ ᠮᠣᠳᠣ ᠵᠢ ᠣᠭᠲᠣᠯᠣᠭᠰᠠᠨ᠎ᠠᠴᠠ ᠭᠠᠳᠠᠨ᠎ᠠ);
(ᠲᠦᠷᠪᠡ) ᠲᠠᠷᠢᠶᠠᠨ ᠭᠠᠵᠠᠷ᠎ᠤᠨ ᠬᠠᠯᠬᠠᠪᠴᠢ ᠤᠢ ᠵᠢᠨ ᠤᠢ ᠮᠣᠳᠣ ᠵᠢ ᠰᠢᠨᠡᠳᠬᠡᠵᠦ ᠲᠠᠷᠢᠬᠤ ᠭᠡᠷ᠎ᠡ;
(ᠲᠠᠪᠤ) ᠳᠡᠭᠡᠷ᠎ᠡ ᠤᠳᠠᠭ᠋ᠠᠨ᠎ᠤ ᠤᠢ ᠰᠢᠭᠤᠢ ᠵᠢ ᠣᠭᠲᠣᠯᠬᠤ ᠰᠢᠯᠭ᠋ᠠᠨ ᠪᠠᠶ᠋ᠢᠴᠠᠭ᠋ᠠᠬᠤ᠎ᠳᠤ ᠬᠢᠷᠢ ᠲᠡᠩᠴᠡᠭᠰᠡᠨ ᠦᠨᠡᠮᠯᠡᠯ;
(ᠵᠢᠷᠭᠤᠭ᠎ᠠ) ᠳᠡᠭᠡᠷ᠎ᠡ ᠤᠳᠠᠭ᠋ᠠᠨ᠎ᠤ ᠣᠭᠲᠣᠯᠬᠤ ᠤᠢ ᠮᠣᠳᠣ ᠵᠢ ᠤᠭᠲᠤᠯᠤᠨ ᠰᠢᠨᠡᠳᠬᠡᠵᠦ ᠲᠠᠷᠢᠬᠤ ᠵᠢ ᠰᠢᠯᠭ᠋ᠠᠨ ᠪᠠᠶ᠋ᠢᠴᠠᠭ᠋ᠠᠬᠤ᠎ᠳᠤ ᠬᠢᠷᠢ ᠲᠡᠩᠴᠡᠭᠰᠡᠨ ᠦᠨᠡᠮᠯᠡᠯ᠃
ᠠᠷᠪᠠᠳᠤᠭ᠋ᠠᠷ ᠵᠦᠢ᠍ᠯ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠤᠢ ᠮᠣᠳᠣ ᠵᠢ ᠣᠭᠲᠣᠯᠬᠤ ᠵᠥᠪᠰᠢᠶᠡᠷᠡᠯ᠎ᠤᠨ ᠦᠨᠡᠮᠯᠡᠯ ᠣᠯᠭᠣᠬᠤ ᠦᠬᠡᠢ᠄
(ᠨᠢᠭᠡ) ᠤᠢ ᠮᠣᠳᠣᠨ᠎ᠤ ᠡᠷᠬᠡ ᠵᠢᠨ ᠬᠠᠷᠢᠶᠠᠯᠠᠯ᠎ᠨᠢ ᠲᠣᠳᠣᠷᠬᠠᠶ ᠪᠢᠰᠢ ᠪᠤᠶᠤ ᠤᠢ ᠮᠣᠳᠣᠨ᠎ᠤ ᠥᠮᠴᠢᠯᠡᠬᠦ ᠡᠷᠬᠡ ᠵᠢᠨ ᠮᠠᠷᠭᠤᠯᠳᠤᠭ᠋ᠠᠨ᠎ᠲᠠᠢ ᠭᠠᠵᠠᠷ;
(ᠬᠣᠶᠠᠷ) ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠲᠤᠰᠢᠶᠠᠭᠰᠠᠨ ᠦᠭᠡᠢ ᠪᠤᠶᠤ ᠲᠤᠰᠢᠶᠠᠭᠰᠠᠨ ᠮᠠᠲ᠋ᠧᠷᠢᠶᠠᠯ᠎ᠨᠢ ᠱᠠᠭ᠋ᠠᠷᠳᠠᠯᠭ᠎ᠠ᠎ᠳᠤ ᠨᠡᠶ᠋ᠢᠴᠡᠭᠰᠡᠨ ᠦᠭᠡᠶ;
(ᠭᠤᠷᠪᠠ) ᠮᠣᠳᠣ ᠵᠢ ᠣᠭᠲᠣᠯᠬᠤ ᠠᠵᠢᠯ᠎ᠤᠨ ᠵᠢᠷᠤᠭ ᠲᠥᠯᠥᠪᠯᠡᠭᠡᠨ᠎ᠤ ᠬᠠᠮᠢᠶᠠᠷᠤᠯᠲᠠ ᠵᠢᠨ ᠲᠣᠭᠲᠠᠭ᠋ᠠᠯ᠎ᠢ ᠵᠥᠷᠢᠴᠡᠵᠦ᠂ ᠬᠣᠯᠪᠣᠭᠳᠠᠯ ᠪᠦᠬᠦᠢ ᠮᠡᠷᠭᠡᠵᠢᠯ᠎ᠤᠨ ᠳᠦᠷᠢᠮ ᠪᠠ ᠣᠭᠲᠣᠯᠬᠤ ᠬᠠᠮᠢᠶᠠᠷᠣᠯᠲᠠ ᠵᠢ ᠵᠦᠷᠢᠴᠡᠭᠰᠡᠨ;
(ᠳᠥᠷᠪᠡ) ᠳᠡᠭᠡᠷ᠎ᠡ ᠤᠳᠠᠭ᠋ᠠᠨ᠎ᠤ ᠲᠠᠷᠢᠶᠠᠨ ᠭᠠᠵᠠᠷ᠎ᠤᠨ ᠬᠠᠯᠬᠠᠪᠴᠢ ᠤᠢ ᠵᠢ ᠣᠭᠲᠣᠯᠤᠭᠰᠠᠨᠤ ᠲᠠᠷᠠᠭ᠎ᠠ᠂ ᠰᠢᠨᠡᠳᠬᠡᠨ ᠣᠶ᠋ᠢᠵᠢᠭᠤᠯᠣᠭᠰᠠᠨᠨᠢ ᠬᠢᠷᠢ ᠲᠡᠨᠭᠴᠡᠬᠥ ᠦᠭᠡᠢ ᠪᠤᠶᠤ ᠣᠭᠲᠣᠯᠵᠤ ᠰᠢᠯᠭ᠋ᠠᠨ ᠠᠪᠤᠭᠰᠠᠨ᠎ᠨᠢ ᠬᠢᠷᠢ ᠲᠡᠩᠴᠡᠬᠦ ᠦᠭᠡᠢ᠃
(ᠲᠠᠪᠤ) ᠲᠠᠷᠢᠶᠠᠯᠠᠩ᠎ᠢ ᠶᠡᠷᠦᠩᠬᠡᠶ᠋ᠢᠯᠡᠨ ᠨᠡᠭᠡᠭᠡᠨ ᠬᠥᠭᠵᠢᠭᠦᠯᠬᠦ᠂ ᠭᠠᠵᠠᠷ ᠰᠢᠷᠣᠶ ᠵᠢ ᠴᠡᠭᠴᠡᠯᠡᠨ ᠵᠠᠰᠠᠬᠤ ᠵᠡᠷᠭᠡ ᠲᠦᠰᠦᠪ᠎ᠢ ᠵᠥᠪᠰᠢᠶᠡᠷᠡᠭᠰᠡᠨ ᠦᠭᠡᠢ᠃
ᠠᠷᠪᠠᠨ ᠨᠢᠭᠡᠳᠦᠭᠡᠷ ᠵᠦᠢ᠍ᠯ ᠲᠠᠷᠢᠶᠠᠨ ᠭᠠᠵᠠᠷ᠎ᠤᠨ ᠬᠠᠯᠬᠠᠪᠴᠢ ᠤᠢ ᠮᠣᠳᠣ ᠵᠢ ᠣᠭᠲᠣᠯᠬᠤ᠎ᠳᠤ᠂ ᠬᠣᠰᠢᠭᠤ ᠰᠢᠶᠠᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠤᠢ ᠮᠣᠳᠣ ᠣᠭᠲᠣᠯᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠬᠠᠷᠭᠤᠭᠤᠯᠵᠤ ᠣᠯᠭᠣᠳᠠᠭ᠂ ᠬᠠᠮᠲᠤ ᠨᠡᠢ᠌ᠲᠡ ᠪᠠ ᠬᠤᠪᠢ ᠬᠥᠮᠦᠨ᠎ᠤ ᠥᠮᠴᠢᠯᠡᠵᠦ ᠪᠠᠶ᠋ᠢᠭ᠎ᠠ ᠲᠠᠷᠢᠶᠠᠨ ᠭᠠᠵᠠᠷ᠎ᠤᠨ ᠬᠠᠯᠬᠠᠪᠴᠢ ᠤᠢ ᠮᠣᠳᠣ ᠵᠢ ᠣᠭᠲᠣᠯᠬᠤ᠎ᠳᠤ᠂ ᠰᠤᠮᠤ (ᠰᠢᠶᠠᠩ ᠪᠠᠯᠭ᠋ᠠᠰᠤ) ᠣᠶ ᠰᠢᠭᠤᠶ ᠵᠢᠨ ᠠᠵᠢᠯ᠎ᠤᠨ ᠥᠷᠲᠡᠭᠡ᠎ᠨᠢ ᠭᠤᠶᠤᠴᠢᠯᠠᠭᠴᠢ᠎ᠠᠴᠠ ᠬᠠᠩᠭ᠋ᠠᠭᠰᠠᠨ ᠣᠭᠲᠣᠯᠬᠤ ᠭᠤᠶᠤᠴᠢᠯᠠᠯ᠎ᠢ ᠲᠥᠪᠯᠡᠷᠡᠭᠦᠯᠦᠨ ᠰᠢᠢᠳᠪᠦᠷᠢᠯᠡᠬᠦ᠎ᠪᠠᠷ ᠬᠦᠯᠢᠶᠡᠨ ᠠᠪᠤᠭᠰᠠᠨ᠎ᠤ ᠲᠠᠷᠠᠭ᠎ᠠ ᠳᠠᠬᠢᠨ ᠬᠣᠰᠢᠭᠤ ᠰᠢᠶᠠᠨ ᠤ ᠤᠢ ᠰᠢᠭᠤᠶ ᠵᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠨᠢᠭᠡᠳᠦᠯᠲᠡᠶ ᠬᠢᠨᠠᠨ ᠵᠥᠪᠰᠢᠶᠡᠷᠡᠬᠦ ᠬᠡᠷᠡᠭᠲᠡᠶ᠃ ᠰᠤᠮᠤᠨ (ᠰᠢᠶᠠᠩ ᠪᠠᠯᠭ᠋ᠠᠰᠤᠨ)᠎ᠤ ᠣᠶ ᠰᠢᠭᠤᠶ ᠵᠢᠨ ᠠᠵᠢᠯ᠎ᠤᠨ ᠥᠷᠲᠡᠭᠡ᠎ᠨᠢ ᠭᠤᠶᠤᠴᠢᠯᠠᠭᠴᠢ᠎ᠳᠤ ᠳᠥᠭᠥᠮ ᠳᠥᠲᠡ᠂ ᠴᠢᠨᠠᠷ ᠰᠠᠶ᠋ᠢᠲᠠᠶ ᠦᠢ᠍ᠯᠡᠴᠢᠯᠡᠭᠡ ᠬᠠᠩᠭ᠋ᠠᠬᠤ ᠬᠡᠷᠡᠭᠲᠡᠶ᠃
ᠠᠷᠪᠠᠨ ᠬᠣᠶᠠᠳᠤᠭ᠋ᠠᠷ ᠵᠤᠷᠪᠤᠰ ᠬᠣᠰᠢᠭᠤ ᠰᠢᠶᠠᠨ᠎ᠤ ᠤᠢ ᠰᠢᠭᠤᠶ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠦᠯᠢᠶᠡᠨ ᠠᠪᠤᠭᠰᠠᠨ ᠲᠠᠷᠢᠶᠠᠨ ᠭᠠᠵᠠᠷ᠎ᠤᠨ ᠬᠠᠯᠬᠠᠪᠴᠢ ᠤᠢ ᠮᠣᠳᠣ ᠵᠢ ᠣᠭᠲᠣᠯᠬᠤ ᠭᠤᠶᠤᠴᠢᠯᠠᠯ᠂ ᠮᠣᠳᠣ ᠵᠢ ᠣᠭᠲᠣᠯᠬᠤ ᠠᠵᠢᠯ᠎ᠤᠨ ᠵᠢᠷᠤᠭ ᠲᠥᠯᠥᠪᠯᠡᠭᠡ ᠵᠡᠷᠭᠡ ᠮᠠᠲ᠋ᠧᠷᠢᠶᠠᠯ᠎ᠢ ᠴᠢᠩᠭ᠎ᠠ ᠬᠢᠨᠠᠨ ᠬᠠᠷᠭᠤᠭᠤᠯᠬᠤ ᠪᠠ ᠨᠡᠶ᠋ᠢᠲᠡ᠎ᠳᠤ ᠵᠠᠷᠯᠠᠨ᠎ᠠ᠂ ᠦᠨᠡᠮᠯᠡᠯ ᠣᠯᠭᠣᠬᠤ ᠨᠥᠬᠥᠴᠡᠯ᠎ᠳᠤ ᠨᠡᠶ᠋ᠢᠴᠡᠭᠰᠡᠨ ᠪᠠᠶ᠋ᠢᠪᠠᠯ᠂ ᠵᠠᠷᠯᠠᠨ ᠳᠠᠭᠤᠰᠤᠭᠰᠠᠨ᠎ᠤ ᠳᠠᠷᠠᠭ᠋ᠠᠬᠢ 7 ᠡᠳᠦᠷ᠎ᠤᠨ ᠳᠣᠲᠣᠷ᠎ᠠ᠂ ᠤᠢ ᠮᠣᠳᠣ ᠵᠢ ᠣᠭᠲᠣᠯᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠭᠣᠯᠬᠣ ᠬᠡᠷᠡᠭᠲᠡᠶ; ᠣᠯᠭᠣᠬᠤ ᠨᠥᠬᠥᠴᠡᠯ᠎ᠳᠤ ᠨᠡᠶ᠋ᠢᠴᠡᠬᠦ ᠦᠭᠡᠢ ᠪᠠᠶ᠋ᠢᠪᠠᠯ᠂ ᠵᠥᠪᠰᠢᠶᠡᠷᠡᠬᠦ ᠦᠭᠡᠢ ᠤᠴᠢᠷ ᠰᠢᠯᠲᠠᠭ᠋ᠠᠨ ᠵᠶ᠋ᠠᠨ ᠭᠤᠶᠤᠴᠢᠯᠠᠭᠴᠢ᠎ᠳᠤ ᠲᠤᠳᠣᠷᠬᠠᠢ᠌ᠯᠠᠬᠤ ᠬᠡᠷᠡᠭᠲᠡᠶ᠃
ᠠᠷᠪᠠᠨ ᠭᠤᠷᠪᠠᠳᠤᠭ᠋ᠠᠷ ᠵᠤᠷᠪᠤᠰ ᠤᠢ ᠮᠣᠳᠣ ᠵᠢ ᠣᠭᠲᠣᠯᠬᠤ ᠵᠠᠷᠯᠠᠨ ᠮᠡᠳᠡᠭᠳᠡᠬᠦ ᠲᠦᠷᠢᠮ᠎ᠢ ᠬᠡᠷᠡᠭᠵᠢᠭᠦᠯᠬᠦ ᠬᠡᠷᠡᠭᠲᠡᠢ᠃ ᠲᠤᠰ ᠵᠥᠪᠰᠢᠶᠡᠷᠡᠭᠦᠯᠦᠭᠰᠡᠨ ᠲᠠᠷᠢᠶᠠᠨ ᠭᠠᠵᠠᠷ᠎ᠤᠨ ᠬᠠᠯᠬᠠᠪᠴᠢ ᠤᠢ ᠮᠣᠳᠣ ᠵᠢ ᠣᠭᠲᠣᠯᠬᠤ ᠭᠤᠶᠤᠴᠢᠯᠠᠯ᠎ᠨᠢ ᠬᠣᠰᠢᠭᠤ ᠰᠢᠶᠠᠨ᠎ᠤ ᠤᠢ ᠰᠢᠭᠤᠶ ᠵᠢᠨ ᠲᠣᠪᠴᠢᠶ᠎ᠠ᠂ ᠰᠤᠮᠤ (ᠰᠢᠶᠠᠩ ᠪᠠᠯᠭ᠋ᠠᠰᠤ)᠂ ᠭᠠᠴᠠᠭ᠋ᠠᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠭᠠᠴᠠᠭ᠋ᠠᠨ᠎ᠤ ᠶᠠᠪᠤᠳᠠᠯ᠎ᠢ ᠢᠯᠡ ᠪᠣᠯᠭ᠋ᠠᠬᠤ ᠪᠤᠯᠤᠩ ᠪᠤᠶᠤ ᠵᠠᠰᠠᠭ᠎ᠤᠨ ᠣᠷᠳᠣᠨ᠎ᠤ ᠰᠦᠯᠵᠢᠶᠡᠨ᠎ᠳᠤ ᠵᠠᠷᠯᠠᠨ ᠨᠡᠢ᠌ᠲᠡᠯᠡᠵᠦ᠂ ᠵᠠᠷᠯᠠᠨ ᠨᠡᠶ᠋ᠢᠲᠡᠯᠡᠬᠦ ᠴᠠᠭ ᠬᠤᠭᠤᠴᠠᠭ᠎ᠠ᠎ᠨᠢ 7 ᠠᠵᠢᠯᠯᠠᠬᠤ ᠡᠳᠦᠷ᠎ᠠᠴᠠ ᠪᠠᠭ᠎ᠠ ᠪᠠᠶ᠋ᠢᠵᠤ ᠪᠣᠯᠬᠤ ᠦᠭᠡᠢ᠃ ᠵᠠᠷ᠎ᠤᠨ ᠠᠭᠤᠯᠭ᠎ᠠ᠎ᠳᠤ ᠵᠢᠯ᠎ᠤᠨ ᠤᠢ ᠮᠣᠳᠣ ᠵᠢ ᠣᠭᠲᠣᠯᠬᠤ ᠬᠢᠵᠠᠭ᠋ᠠᠷ ᠲᠣᠭ᠎ᠠ ᠪᠠ ᠬᠤᠪᠢᠶᠠᠷᠢᠯᠠᠬᠤ ᠪᠠᠶ᠋ᠢᠳᠠᠯ᠂ ᠣᠭᠲᠣᠯᠬᠤ ᠵᠢ ᠭᠤᠶᠤᠴᠢᠯᠠᠭᠴᠢ ᠪᠤᠶᠤ ᠨᠢᠭᠡᠴᠡ᠂ ᠤᠢ ᠮᠣᠳᠣᠨ᠎ᠤ ᠡᠷᠬᠡ ᠵᠢᠨ ᠬᠠᠷᠢᠶᠠᠯᠠᠯ᠂ ᠮᠣᠳᠣ ᠵᠢ ᠣᠭᠲᠣᠯᠬᠤ ᠭᠠᠵᠠᠷ ᠣᠷᠣᠨ ᠵᠢᠴᠢ ᠳᠦᠷᠪᠡᠨ ᠵᠠᠬ᠎ᠠ ᠵᠢᠨ ᠬᠦᠷᠢᠶ᠎ᠡ ᠬᠡᠪᠴᠢᠶ᠎ᠡ᠂ ᠣᠭᠲᠣᠯᠬᠤ ᠠᠷᠭ᠎ᠠ ᠣᠭᠲᠣᠯᠬᠤ ᠮᠣᠳᠣᠨ᠎ᠤ ᠲᠦᠷᠦᠯ᠂ ᠳᠡᠯᠡᠪᠡᠢ᠂ ᠬᠤᠷᠠᠮᠳᠤᠭᠤᠯᠭ᠎ᠠ ᠪᠠ ᠰᠢᠨᠡᠳᠬᠡᠬᠦ ᠴᠠᠭ ᠬᠤᠭᠤᠴᠠᠭ᠎ᠠ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ ᠵᠢᠨ ᠨᠣᠮᠧᠷ ᠵᠡᠷᠭᠡ ᠵᠢ ᠪᠠᠭᠲᠠᠭ᠋ᠠᠨ᠎ᠠ᠃
ᠠᠷᠪᠠᠨ ᠳᠥᠷᠪᠡᠳᠦᠭᠡᠷ ᠵᠤᠷᠪᠤᠰ ᠬᠣᠰᠢᠭᠤ ᠰᠢᠶᠠᠨ᠎ᠤ ᠤᠢ ᠰᠢᠭᠤᠶ ᠵᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠰᠤᠮᠤᠨ (ᠰᠢᠶᠠᠩ ᠪᠠᠯᠭ᠋ᠠᠰᠤᠨ)᠎ᠤ ᠣᠶ ᠰᠢᠭᠤᠶ ᠵᠢᠨ ᠠᠵᠢᠯ᠎ᠤᠨ ᠦᠷᠲᠡᠭᠡᠨ᠎ᠤ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ᠂ ᠲᠠᠷᠢᠶᠠᠨ ᠭᠠᠵᠠᠷ᠎ᠤᠨ ᠬᠠᠯᠬᠠᠪᠴᠢ ᠤᠢ ᠮᠣᠳᠣ ᠵᠢ ᠣᠭᠲᠣᠯᠬᠤ ᠠᠵᠢᠯ᠎ᠤᠨ ᠵᠢᠯᠤᠭᠤᠳᠤᠯᠭ᠎ᠠ᠂ ᠦᠢ᠍ᠯᠡᠴᠢᠯᠡᠭᠡ ᠵᠢ ᠬᠠᠩᠭ᠋ᠠᠬᠤ ᠪᠠ ᠬᠢᠨᠠᠨ ᠬᠠᠮᠢᠶᠠᠷᠴᠣ᠂ ᠲᠣᠭᠲᠠᠭ᠋ᠠᠯ᠎ᠠᠴᠠ ᠵᠥᠷᠢᠴᠡᠨ ᠤᠢ ᠮᠣᠳᠣ ᠵᠢ ᠣᠭᠲᠣᠯᠬᠤ ᠠᠵᠢᠯ ᠬᠢᠭᠰᠡᠨ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠵᠤ᠂ ᠵᠠᠯᠠᠷᠠᠭᠤᠯᠤᠭᠰᠠᠨ ᠦᠭᠡᠢ ᠪᠠᠶ᠋ᠢᠪᠠᠯ ᠮᠣᠳᠣ ᠵᠢ ᠣᠭᠲᠣᠯᠬᠤ ᠵᠢ᠎ᠨᠢ ᠵᠣᠭᠰᠣᠭ᠋ᠠᠬᠤ ᠬᠡᠷᠡᠭᠲᠡᠶ᠃
ᠮᠣᠳᠣ ᠵᠢ ᠣᠭᠲᠣᠯᠬᠤ ᠠᠵᠢᠯ ᠳᠠᠭᠤᠰᠤᠭᠰᠠᠨ᠎ᠤ ᠳᠠᠷᠠᠭ᠎ᠠ᠂ ᠬᠣᠯᠪᠣᠭᠳᠠᠯ ᠪᠦᠬᠦᠢ ᠬᠥᠮᠦᠰ᠎ᠢ ᠵᠣᠬᠢᠶᠠᠨ ᠪᠠᠶ᠋ᠢᠭᠤᠯᠵᠤ᠂ ᠮᠣᠳᠣ ᠵᠢ ᠣᠭᠲᠣᠯᠬᠤ ᠠᠵᠢᠯ ᠬᠢᠬᠦ᠎ᠳᠡᠭᠡᠨ ᠶᠠᠰᠤ ᠴᠢᠨᠠᠷ᠎ᠤᠨ ᠲᠤᠬᠠᠶ ᠰᠢᠯᠭ᠋ᠠᠨ ᠪᠠᠶ᠋ᠢᠴᠠᠭ᠋ᠠᠵᠤ᠂ ᠰᠢᠯᠭ᠋ᠠᠨ ᠠᠪᠬᠤ ᠶᠤᠰᠣᠲᠠᠢ᠂ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠪᠠᠢ᠌ᠪᠠᠯ ᠬᠢᠷᠢ ᠲᠡᠩᠴᠡᠭᠰᠡᠨ ᠮᠣᠳᠣ ᠵᠢ ᠣᠭᠲᠣᠯᠬᠤ ᠭᠡᠷᠡᠴᠢᠯᠡᠯ᠎ᠢ ᠣᠯᠭᠣᠵᠤ᠂ ᠬᠢᠷᠢ ᠲᠡᠩᠴᠡᠭᠰᠡᠨ ᠦᠭᠡᠢ ᠪᠠᠶ᠋ᠢᠪᠠᠯ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃
ᠠᠷᠪᠠᠨ ᠲᠠᠪᠤᠳᠤᠭ᠋ᠠᠷ ᠵᠤᠷᠪᠤᠰ ᠲᠠᠷᠢᠶᠠᠨ ᠭᠠᠵᠠᠷ᠎ᠤᠨ ᠬᠠᠯᠬᠠᠪᠴᠢ ᠤᠢ ᠵᠢ ᠰᠢᠨᠡᠳᠬᠡᠬᠦ᠎ᠳᠤ ᠲᠡᠭᠦᠵᠦ ᠪᠦᠲᠦᠭᠡᠡ ᠬᠣᠯᠪᠣᠵᠤ᠂ ᠲᠠᠷᠢᠶᠠᠨ ᠭᠠᠵᠠᠷ᠎ᠤᠨ ᠬᠠᠯᠬᠠᠪᠴᠢ ᠤᠢ ᠮᠣᠳᠣ ᠣᠭᠲᠣᠯᠬᠤ ᠨᠢᠭᠡᠴᠡ ᠪᠤᠶᠤ ᠬᠤᠪᠢ ᠬᠥᠮᠦᠨ᠎ᠤ ᠭᠤᠶᠤᠴᠢᠯᠠᠯ ᠪᠣᠯᠤᠨ ᠬᠣᠰᠢᠭᠤ ᠰᠢᠶᠠᠨ᠎ᠤ ᠤᠢ ᠰᠢᠭᠤᠶ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠲᠠᠷᠢᠶᠠᠨ ᠭᠠᠵᠠᠷ᠎ᠤᠨ ᠬᠠᠯᠬᠠᠪᠴᠢ ᠤᠢ ᠵᠢᠨ ᠤᠢ ᠮᠣᠳᠣ ᠵᠢ ᠰᠢᠨᠡᠳᠬᠡᠵᠦ ᠲᠠᠷᠢᠬᠤ ᠭᠡᠷ᠎ᠡ ᠲᠤᠭᠲᠠᠬᠣ ᠪᠥᠭᠡᠳ ᠭᠡᠷ᠎ᠡ ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠨ ᠲᠤᠰ ᠵᠢᠯ᠎ᠳᠤᠨᠢ ᠪᠤᠶᠤ ᠳᠠᠷᠠᠭ᠎ᠠ ᠵᠢᠯ᠎ᠳᠤᠨᠢ ᠰᠢᠨᠡᠳᠬᠡᠵᠦ ᠣᠶ᠋ᠢᠵᠢᠭᠤᠯᠬᠤ ᠬᠡᠷᠡᠭᠲᠡᠶ᠃
ᠠᠷᠪᠠᠨ ᠵᠢᠷᠭᠤᠳᠤᠭ᠋ᠠᠷ ᠵᠤᠷᠪᠤᠰ ᠲᠠᠷᠢᠶᠠᠯᠠᠩ᠎ᠤᠨ ᠶᠡᠷᠦᠩᠬᠡᠶ᠋ᠢᠯᠡᠨ ᠨᠡᠭᠡᠭᠡᠨ ᠠᠰᠢᠭᠯᠠᠬᠤ ᠲᠥᠷᠥᠯ ᠵᠦᠢᠯ᠎ᠢ ᠬᠡᠷᠡᠭᠵᠢᠭᠦᠯᠬᠦ ᠪᠤᠶᠤ ᠬᠥᠳᠡᠭᠡ ᠲᠣᠰᠬᠣᠨ᠎ᠤ ᠭᠠᠵᠠᠷ ᠰᠢᠷᠣᠶ ᠵᠢ ᠴᠡᠭᠴᠡᠯᠡᠨ ᠲᠡᠭᠰᠢᠯᠡᠬᠦ ᠲᠦᠷᠤᠯ ᠵᠦᠢ᠍ᠯ᠎ᠢ ᠵᠢᠴᠢ ᠲᠠᠷᠢᠶᠠᠨ ᠭᠠᠵᠠᠷ᠎ᠤᠨ ᠬᠠᠯᠬᠠᠪᠴᠢ ᠣᠢ ᠵᠢᠨ ᠲᠣᠬᠢᠷᠠᠭᠤᠯᠤᠨ ᠰᠢᠯᠢᠳᠡᠭᠵᠢᠭᠦᠯᠵᠦ᠂ ᠬᠠᠯᠬᠠᠪᠴᠢ ᠤᠢ ᠵᠢᠨ ᠲᠣᠣᠷ᠎ᠤᠨ ᠪᠠᠶ᠋ᠢᠷᠢᠯᠠᠭᠤᠯᠤᠯᠲᠠ ᠵᠢᠨ ᠲᠥᠯᠥᠪᠵᠢᠭᠦᠯᠭᠡ ᠵᠢ ᠣᠭᠲᠣᠯᠬᠤ᠂ ᠬᠠᠯᠬᠠᠪᠴᠢ ᠣᠶ ᠵᠢ ᠲᠥᠯᠥᠪᠵᠢᠭᠦᠯᠦᠨ ᠣᠶ᠋ᠢᠵᠢᠭᠤᠯᠬᠤ ᠵᠦᠢ᠍ᠯ᠎ᠤᠳ᠎ᠤᠨ ᠲᠤᠬᠠᠶ ᠲᠥᠯᠥᠪᠵᠢᠭᠦᠯᠭᠡ ᠵᠢ ᠦᠨᠳᠦᠰᠦᠯᠡᠨ ᠵᠥᠪᠰᠢᠶᠡᠷᠡᠬᠦ ᠪᠤᠶᠤ ᠠᠩᠬᠠᠨ᠎ᠤ ᠲᠥᠰᠦᠯ᠎ᠢ ᠭᠠᠷᠭ᠋ᠠᠵᠤ᠂ ᠬᠠᠯᠬᠠᠪᠴᠢ ᠤᠢ ᠵᠢᠨ ᠲᠣᠣᠷ᠎ᠢ ᠣᠨᠳᠣᠤ ᠭᠠᠵᠠᠷ᠎ᠲᠤ ᠰᠢᠨᠡᠳᠬᠡᠬᠦ ᠪᠤᠯᠪᠠᠴᠣ ᠰᠢᠨᠡᠳᠬᠡᠭᠰᠡᠨᠤ ᠳᠠᠷᠠᠭ᠎ᠠ ᠲᠠᠷᠢᠶᠠᠨ ᠭᠠᠵᠠᠷ᠎ᠤᠨ ᠬᠠᠯᠬᠠᠪᠴᠢ ᠤᠢ ᠵᠢᠨ ᠲᠠᠯᠠᠪᠠᠢ ᠵᠢ ᠪᠠᠭ᠋ᠠᠰᠬᠠᠵᠤ ᠪᠣᠯᠬᠤ ᠦᠭᠡᠢ᠂ ᠰᠢᠨᠡᠳᠬᠡᠬᠦ ᠶᠠᠰᠤ ᠴᠢᠨᠠᠷ᠎ᠢ ᠳᠡᠭᠡᠭᠰᠢᠯᠡᠭᠦᠯᠵᠦ᠂ ᠪᠦᠲᠦᠴᠡ ᠪᠠᠶ᠋ᠢᠷᠢᠰᠢᠯ᠎ᠢ ᠨᠠᠩ ᠵᠦᠶ ᠵᠣᠬᠢᠰᠲᠠᠶ ᠪᠠᠢ᠌ᠯᠭ᠋ᠠᠬᠤ ᠬᠡᠷᠡᠭᠲᠡᠢ᠃
ᠠᠷᠪᠠᠨ ᠳᠣᠯᠣᠳᠤᠭ᠋ᠠᠷ ᠵᠤᠷᠪᠤᠰ ᠲᠠᠷᠢᠶᠠᠨ ᠭᠠᠵᠠᠷ᠎ᠤᠨ ᠬᠠᠯᠬᠠᠪᠴᠢ ᠤᠢ ᠵᠢᠨ ᠪᠦᠳᠦᠭᠦᠨ ᠴᠢᠬᠢ ᠵᠢ ᠡᠩ᠎ᠤᠨ ᠦᠶ᠎ᠡ᠎ᠳᠤ᠎ᠪᠠᠨ ᠬᠥᠮᠦᠨ᠎ᠤ ᠬᠦᠴᠦ᠎ᠪᠠᠷ ᠣᠶ᠋ᠢᠵᠢᠭᠤᠯᠬᠤ᠂ ᠣᠭᠲᠣᠯᠬᠤ᠎ᠠᠴᠠ ᠡᠮᠦᠨ᠎ᠡ ᠪᠤᠶᠤ ᠣᠭᠲᠣᠯᠤᠭᠰᠠᠨᠤ ᠲᠠᠷᠠᠭ᠎ᠠ ᠰᠢᠨᠡᠳᠬᠡᠬᠦ ᠬᠡᠷᠡᠭᠲᠡᠶ᠃ ᠰᠠᠯᠬᠢ ᠰᠢᠭᠤᠷᠭ᠎ᠠ᠂ ᠭᠠᠩ ᠬᠠᠭᠤᠷᠠᠶ ᠣᠷᠣᠨ᠎ᠤ ᠲᠠᠷᠢᠶᠠᠨ ᠭᠠᠵᠠᠷ᠎ᠤᠨ ᠬᠠᠯᠬᠠᠪᠴᠢ ᠣᠢ ᠵᠢᠨ ᠪᠦᠰᠡ ᠪᠤᠶᠤ ᠥᠷᠭᠡᠨᠤ ᠬᠡᠮᠵᠢᠶ᠎ᠡ᠎ᠨᠢ 500 ᠮᠧᠲᠷ᠎ᠠᠴᠠ ᠳᠡᠭᠡᠭᠰᠢᠬᠢ ᠲᠠᠷᠢᠶᠠᠨ ᠭᠠᠵᠠᠷ᠎ᠤᠨ ᠬᠠᠯᠬᠠᠪᠴᠢ ᠤᠢ ᠵᠢᠨ ᠲᠣᠣᠷ᠎ᠢ ᠰᠢᠨᠡᠳᠭᠡᠨ ᠣᠭᠲᠣᠯᠬᠤ᠎ᠳᠤ᠂ ᠪᠦᠰᠡᠨ᠎ᠤ ᠬᠣᠭᠣᠷᠣᠨᠳᠣᠬᠢ ᠰᠢᠨᠡᠳᠬᠡᠯ᠂ ᠪᠦᠰᠡ ᠵᠢᠨ ᠳᠣᠲᠣᠷᠠᠬᠢ ᠰᠢᠨᠡᠳᠬᠡᠯ ᠪᠤᠶᠤ ᠤᠤᠯ᠎ᠤᠨ ᠤᠢ ᠰᠢᠭᠤᠶ ᠵᠢᠨ ᠪᠦᠰᠨ᠎ᠲᠠᠢ ᠨᠢᠭᠡ ᠲᠠᠯ᠎ᠠ᠎ᠳᠤ ᠨᠢᠭᠲᠠ ᠵᠠᠯᠭ᠋ᠠᠮᠵᠢᠯᠠᠬᠤ ᠤᠢ ᠰᠢᠭᠤᠶ ᠵᠢᠨ ᠠᠷᠭ᠎ᠠ ᠮᠠᠶᠢᠭ᠎ᠢ ᠪᠤᠢ ᠪᠣᠯᠭ᠋ᠠᠵᠤ᠂ ᠣᠭᠲᠣᠯᠬᠤ᠎ᠠᠴᠠ ᠡᠮᠦᠨ᠎ᠡ ᠰᠢᠨᠡᠳᠬᠡᠬᠦ ᠬᠡᠷᠡᠭᠲᠡᠶ᠃ ᠣᠭᠲᠣᠯᠤᠭᠰᠠᠨᠤ ᠲᠠᠷᠠᠭ᠎ᠠ ᠰᠢᠨᠡᠳᠬᠡᠬᠦ᠂ ᠲᠤᠰ ᠵᠢᠯ᠎ᠳᠤ ᠪᠤᠶᠤ ᠳᠠᠷᠠᠭ᠎ᠠ ᠵᠢᠯ᠎ᠳᠤ ᠤᠤᠯ᠎ᠤᠨ ᠤᠢ ᠵᠢᠨ ᠪᠦᠰᠡ᠎ᠳᠤ ᠣᠢ ᠮᠣᠳᠣ ᠵᠢ ᠣᠭᠲᠣᠯᠵᠤ᠂ ᠡᠷᠬᠡᠪᠰᠢ ᠰᠢᠨᠡᠳᠭᠡᠨ ᠣᠶ᠋ᠢᠵᠢᠭᠤᠯᠵᠤ ᠲᠡᠭᠦᠰᠬᠡᠬᠦ ᠪᠥᠭᠡᠳ ᠣᠶ᠋ᠢᠵᠢᠭᠤᠯᠬᠤ ᠲᠠᠯᠠᠪᠠᠢ᠂ ᠣᠭᠲᠣᠯᠬᠤ ᠬᠦᠷᠢᠶ᠎ᠡ ᠬᠡᠪᠴᠢᠶ᠎ᠡ᠎ᠨᠢ ᠬᠠᠷᠢᠯᠴᠠᠨ ᠨᠢᠭᠡᠳᠦᠯᠲᠡᠶ ᠪᠠᠶ᠋ᠢᠵᠤ᠂ ᠳᠤᠰ ᠵᠢᠯ᠎ᠤᠨ ᠠᠮᠢᠳᠤᠷᠠᠭᠤᠯᠤᠭᠰᠠᠨ ᠨᠤᠷᠮ᠎ᠠ᠎ᠨᠢ᠂ ᠭᠤᠷᠪᠠᠨ ᠵᠢᠯ ᠠᠮᠢᠳᠤᠷᠠᠭᠤᠯᠤᠭᠰᠠᠨ ᠨᠤᠷᠮ᠎ᠠ᠎ᠨᠢ ᠲᠣᠭᠲᠠᠭ᠋ᠠᠭᠰᠠᠨ ᠪᠠᠷᠢᠮᠵᠢᠶ᠎ᠠ᠎ᠳᠤ ᠬᠦᠷᠬᠦ ᠬᠡᠷᠡᠭᠲᠡᠶ᠃ ᠣᠶ᠋ᠢᠲᠤ ᠭᠠᠵᠠᠷ᠎ᠤᠨ ᠰᠢᠨᠵᠢ ᠴᠢᠨᠠᠷ᠎ᠢ ᠳᠤᠷ᠎ᠠ᠎ᠪᠠᠷ ᠵᠶ᠋ᠠᠨ ᠬᠤᠪᠢᠷᠠᠭᠤᠯᠬᠤ ᠵᠢ ᠴᠠᠭ᠋ᠠᠵᠠᠯᠠᠬᠤ ᠬᠡᠷᠡᠭᠲᠡᠢ᠃
ᠠᠷᠪᠠᠨ ᠨᠠᠢ᠍ᠮᠠᠳᠣᠭ᠋ᠠᠷ ᠵᠤᠷᠪᠤᠰ ᠬᠣᠰᠢᠭᠤ ᠰᠢᠶᠠᠨ᠎ᠤ ᠤᠢ ᠰᠢᠭᠤᠶ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ᠎ᠠᠴᠠ ᠣᠭᠲᠣᠯᠤᠭᠰᠠᠨ ᠤᠷᠤᠮ ᠳᠡᠭᠡᠷ᠎ᠡ ᠰᠢᠨᠡᠳᠬᠡᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ᠂ ᠰᠤᠮᠤᠨ (ᠰᠢᠶᠠᠩ ᠪᠠᠯᠭ᠋ᠠᠰᠣᠨ)᠎ᠤ ᠣᠶ ᠰᠢᠭᠤᠶ ᠵᠢᠨ ᠠᠵᠢᠯ᠎ᠤᠨ ᠥᠷᠲᠡᠭᠡ ᠪᠠ ᠰᠢᠨᠡᠳᠬᠡᠬᠦ ᠬᠠᠷᠢᠭᠤᠴᠠᠯᠭ᠎ᠠ᠎ᠲᠠᠢ ᠬᠥᠮᠦᠨ ᠪᠤᠶᠤ ᠨᠢᠭᠡᠴᠡ᠂ ᠰᠢᠨᠡᠳᠬᠡᠨ ᠣᠶ᠋ᠢᠵᠢᠭᠤᠯᠬᠤ ᠭᠡᠷ᠎ᠡ ᠵᠢ ᠦᠨᠳᠦᠰᠦᠯᠡᠨ ᠲᠠᠷᠢᠶᠠᠨ ᠭᠠᠵᠠᠷ᠎ᠤᠨ ᠬᠠᠯᠬᠠᠪᠴᠢ ᠤᠢ᠂ ᠰᠢᠨᠡᠳᠭᠡᠨ ᠣᠶ᠋ᠢᠵᠢᠭᠤᠯᠬᠤ ᠲᠠᠯᠠᠪᠠᠢ ᠪᠣᠯᠤᠨ ᠶᠠᠰᠤ ᠴᠢᠨᠠᠷ᠎ᠤᠨ ᠲᠤᠬᠠᠶ ᠰᠢᠯᠭ᠋ᠠᠨ ᠪᠠᠶ᠋ᠢᠴᠠᠭ᠋ᠠᠵᠤ᠂ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠪᠠᠶ᠋ᠢᠪᠠᠯ᠂ ᠰᠢᠨᠡᠳᠬᠡᠭᠰᠡᠨ ᠪᠠᠶ᠋ᠢᠳᠠᠯ᠎ᠤᠨ ᠲᠤᠬᠠᠶ ᠰᠢᠯᠭ᠋ᠠᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠨᠡᠮᠯᠡᠯ᠎ᠢ ᠣᠯᠭᠣᠨ᠎ᠠ; ᠭᠡᠷ᠎ᠡ᠎ᠳᠤ ᠲᠣᠭᠲᠠᠭᠰᠠᠨ ᠶᠤᠰᠣᠭ᠋ᠠᠷ ᠰᠢᠨᠡᠳᠬᠡᠭᠰᠡᠨ ᠦᠭᠡᠢ ᠪᠠᠢ᠌ᠪᠠᠯ ᠤᠢ ᠰᠢᠭᠤᠶ ᠵᠢᠨ ᠰᠠᠯᠠᠭ᠎ᠠ ᠮᠥᠴᠢᠷ᠎ᠤᠨ ᠬᠣᠶᠠᠷ ᠲᠠᠯ᠎ᠠ᠎ᠪᠠᠷ ᠵᠶ᠋ᠠᠨ ᠲᠤᠭᠲᠠᠭᠰᠠᠨ ᠭᠡᠷ᠎ᠡ ᠵᠢᠨ ᠵᠦᠢ᠍ᠯ ᠵᠤᠷᠪᠤᠰ᠎ᠤᠨ ᠲᠣᠭᠲᠠᠭ᠋ᠠᠯ᠎ᠢ ᠦᠨᠳᠦᠰᠦᠯᠡᠡ ᠬᠠᠤᠯᠢ ᠶᠣᠰᠣᠭ᠋ᠠᠷ ᠰᠢᠢᠳᠪᠦᠷᠢᠯᠡᠬᠦ ᠬᠡᠷᠡᠭᠲᠡᠶ᠃ ᠲᠣᠭᠲᠠᠭ᠋ᠠᠯ ᠶᠣᠰᠣᠭ᠋ᠠᠷ ᠰᠢᠯᠵᠢᠬᠦᠯᠬᠦ ᠪᠤᠶᠤ ᠶᠠᠰᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠦᠭᠡᠢ᠎ᠪᠠᠷ ᠰᠢᠨᠡᠳᠬᠡᠭᠰᠡᠨ ᠪᠠᠢ᠌ᠪᠠᠯ᠂ ᠵᠠᠷᠯᠢᠭᠳᠠᠵᠤ ᠪᠠᠶ᠋ᠢᠭ᠋ᠠᠳ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠬᠡᠷᠡᠭᠲᠡᠶ᠃ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠰᠢᠢᠳᠪᠦᠷᠢᠯᠡᠵᠤ᠂ ᠬᠠᠮᠢᠶ᠎ᠠ ᠪᠥᠬᠥᠶ ᠬᠠᠷᠢᠴᠠᠭᠤᠯᠭ᠎ᠠ᠎ᠲᠠᠢ ᠬᠥᠮᠦᠨ᠎ᠤ ᠬᠠᠷᠢᠭᠤᠴᠠᠯᠭ᠎ᠠ ᠵᠢ ᠨᠡᠬᠡᠮᠵᠢᠯᠡᠬᠦ ᠬᠡᠷᠡᠭᠲᠡᠶ᠃
ᠠᠷᠪᠠ ᠶᠢᠰᠦᠳᠦᠭᠡᠷ ᠵᠤᠷᠪᠤᠰ ᠬᠣᠰᠢᠭᠤ ᠰᠢᠶᠠᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠵᠢᠯ ᠪᠦᠷᠢ ᠵᠢᠨ ᠣᠭᠲᠣᠯᠤᠭᠰᠠᠨ ᠤᠷᠤᠮ ᠳᠡᠭᠡᠷ᠎ᠡ ᠰᠢᠨᠡᠳᠬᠡᠬᠦ ᠪᠠᠶ᠋ᠢᠴᠠᠭ᠋ᠠᠵᠤ ᠰᠢᠯᠭ᠋ᠠᠨ ᠠᠪᠤᠭᠰᠠᠨ ᠪᠠᠶ᠋ᠢᠳᠠᠯ᠂ ᠤᠢ ᠮᠣᠳᠣ ᠵᠢ ᠣᠭᠲᠣᠯᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠭᠰᠠᠨ ᠪᠠᠶ᠋ᠢᠳᠠᠯ ᠪᠠ ᠣᠭᠲᠣᠯᠬᠤ ᠬᠢᠵᠠᠭ᠋ᠠᠷ ᠲᠣᠭ᠎ᠠ ᠵᠢ ᠭᠦᠢ᠍ᠴᠡᠳᠬᠡᠭᠰᠡᠨ ᠪᠠᠶ᠋ᠢᠳᠠᠯ᠎ᠤᠨ ᠲᠤᠬᠠᠶ ᠳᠡᠭᠡᠭᠰᠢ ᠮᠡᠳᠡᠭᠦᠯᠵᠦ᠂ ᠠᠶ᠋ᠢᠮᠠᠭ ᠬᠤᠳᠠ ᠵᠢᠨ ᠤᠢ ᠰᠢᠭᠤᠶ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠶ᠋ᠢᠮᠠᠭ ᠬᠣᠲᠠ ᠵᠢᠨ ᠣᠶ ᠰᠢᠭᠤᠶ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠳᠠᠷᠠᠭ᠎ᠠ ᠵᠢᠯ᠎ᠤᠨ 1 ᠳ᠋ᠣᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠳᠡᠭᠡᠭᠰᠢ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
ᠬᠣᠷᠢᠳᠤᠭ᠋ᠠᠷ ᠵᠤᠷᠪᠤᠰ ᠬᠣᠰᠢᠭᠤ ᠰᠢᠶᠠᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠵᠢᠴᠢ ᠰᠤᠮᠤᠨ (ᠰᠢᠶᠠᠩ ᠪᠠᠯᠭ᠋ᠠᠰᠣᠨ)᠎ᠤ ᠣᠶ ᠰᠢᠭᠤᠶ ᠵᠢᠨ ᠠᠵᠢᠯ᠎ᠤᠨ ᠥᠷᠲᠡᠭᠡ ᠵᠢᠨ ᠬᠣᠯᠪᠣᠭᠳᠠᠯ ᠪᠦᠬᠦᠢ ᠠᠵᠢᠯᠳᠡᠠ᠎ᠠᠴᠠ ᠤᠢ ᠮᠣᠳᠣ ᠣᠭᠲᠣᠯᠬᠤ ᠵᠢ ᠬᠢᠨᠠᠨ ᠵᠥᠪᠰᠢᠶᠡᠷᠡᠬᠦ ᠵᠢ ᠰᠢᠢᠳᠪᠦᠷᠢᠯᠡᠬᠦ᠂ ᠪᠠᠶ᠋ᠢᠴᠠᠭ᠋ᠠᠵᠤ ᠰᠢᠯᠭ᠋ᠠᠨ ᠠᠪᠬᠤ ᠳᠤᠮᠳᠠ ᠬᠠᠤᠯᠢ᠎ᠠᠴᠠ ᠵᠥᠷᠢᠴᠡᠭᠰᠡᠨ ᠰᠠᠬᠢᠯᠭ᠎ᠠ ᠪᠠᠲᠤ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃
ᠬᠣᠷᠢᠨ ᠨᠢᠭᠡᠳᠦᠭᠡᠷ ᠵᠤᠷᠪᠤᠰ ᠲᠤᠰ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃