ᠰᠢᠨᠬᠤᠸᠠ ᠬᠤᠷᠢᠶᠠᠨ᠎ᠤ ᠪᠡᠭᠡᠵᠢᠩ᠎ᠤᠨ 12 ᠰᠠᠷ᠎ᠠ ᠵᠢᠨ 12᠎ᠤᠨ ᠴᠠᠬᠢᠯᠭ᠋ᠠᠨ ᠮᠡᠳᠡᠭᠡ
ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠤᠨᠢᠨ ᠮᠡᠳᠡᠭᠡᠨ᠎ᠤ ᠠᠯᠪᠡᠨ ᠭᠡᠷ 12᠎ᠤᠨ ᠡᠳᠦᠷ 《ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ᠎ᠤᠨ ᠳᠤᠮᠳᠠᠳᠤ ᠤᠯᠤᠰ᠎ᠤᠨ ᠬᠦᠮᠦᠨ᠎ᠤ ᠡᠷᠭᠡ ᠵᠢᠨ ᠦᠢ᠍ᠯᠡᠰ᠎ᠤᠨ ᠬᠦᠭᠵᠢᠯᠳᠠ ᠲᠠᠪᠰᠢᠯᠳᠠ》 ᠭᠡᠬᠦ ᠴᠠᠭ᠋ᠠᠨ ᠭᠠᠳᠠᠷᠲᠤ ᠪᠢᠴᠢᠭ᠎ᠢ ᠨᠡᠶ᠋ᠢᠳᠡᠯᠡᠪᠡ᠃
ᠴᠠᠭ᠋ᠠᠨ ᠭᠠᠳᠠᠷᠳᠦ ᠪᠢᠴᠢᠭ᠎ᠲᠤ ᠡᠮᠦᠨᠡᠬᠢ ᠦᠭᠡ᠂ ᠬᠦᠮᠦᠨ᠎ᠤ ᠡᠷᠭᠡ ᠵᠢ ᠬᠦᠨᠳᠦᠳᠭᠡᠨ ᠪᠠᠳᠤᠯᠠᠬᠰᠠᠨ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠵᠠᠷᠴᠢᠮ᠎ᠢ ᠪᠠᠳᠤ ᠪᠤᠢ ᠪᠤᠯᠭ᠋ᠠᠪᠠ᠂ ᠤᠷᠤᠰᠢᠨ ᠲᠤᠭᠳᠠᠨᠢᠬᠤ ᠡᠷᠭᠡ ᠬᠦᠭᠵᠢᠯᠳᠠ ᠵᠢᠨ ᠡᠷᠭᠡ ᠵᠢ ᠪᠠᠳᠤᠯᠠᠬᠤ ᠲᠦᠪᠰᠢᠨ᠎ᠢ ᠶᠡᠭᠡ᠎ᠪᠠᠷ ᠳᠡᠭᠡᠭᠰᠢᠯᠡᠬᠦᠯᠪᠡ᠂ ᠡᠯ᠎ᠠ ᠲᠦᠷᠦᠯ᠎ᠤᠨ ᠬᠦᠮᠦᠨ᠎ᠤ ᠡᠷᠭᠡ ᠵᠢᠨ ᠪᠦᠬᠦ ᠲᠠᠯ᠎ᠠ ᠵᠢᠨ ᠬᠦᠭᠵᠢᠯᠳᠠ ᠵᠢ ᠪᠦᠳᠦᠮᠵᠢᠳᠠᠢ ᠪᠡᠶᠡᠯᠡᠬᠦᠯᠪᠡ᠂ ᠤᠨᠴᠠ ᠲᠤᠭᠳᠠᠭᠰᠠᠨ ᠨᠢᠭᠡ ᠪᠦᠯᠦᠭ ᠬᠦᠮᠦᠰ᠎ᠤᠨ ᠡᠷᠭᠡ ᠠᠰᠢᠬ᠎ᠢ ᠮᠡᠳᠡᠭᠳᠡᠮ᠎ᠠ ᠰᠠᠶ᠋ᠢᠵᠢᠷᠠᠭᠤᠯᠪᠠ᠂ ᠬᠦᠮᠦᠨ᠎ᠤ ᠡᠷᠭᠡ ᠵᠢᠨ ᠬᠠᠤᠯᠢᠵᠢᠯ᠎ᠤᠨ ᠪᠠᠶ᠋ᠢᠭᠤᠯᠤᠯᠳᠠ ᠵᠢ ᠪᠦᠬᠦ ᠲᠠᠯ᠎ᠠ᠎ᠪᠠᠷ ᠴᠢᠩᠭ᠋ᠠᠳᠬᠠᠪᠠ᠂ ᠡᠯ᠎ᠠ ᠤᠯᠤᠰ᠎ᠤᠨ ᠬᠦᠮᠦᠨ᠎ᠤ ᠡᠷᠭᠡ ᠵᠢᠨ ᠦᠢ᠍ᠯᠡᠰ᠎ᠤᠨ ᠬᠠᠮᠳᠦ ᠵᠢᠨ ᠬᠦᠭᠵᠢᠯᠳᠠ ᠵᠢ ᠴᠢᠷᠮᠠᠶ᠋ᠢᠨ ᠠᠬᠢᠭᠤᠯᠪᠠ᠂ ᠪᠦᠬᠦ ᠪᠦᠮᠪᠦᠷᠴᠡᠭ᠎ᠤᠨ ᠬᠦᠮᠦᠨ᠎ᠤ ᠡᠷᠭᠡ ᠵᠢᠨ ᠵᠠᠰᠠᠯᠳᠠ᠎ᠳᠤ ᠢᠳᠡᠪᠬᠢᠳᠠᠢ ᠤᠷᠤᠯᠴᠠᠪᠠ᠂ ᠤᠯᠤᠰ᠎ᠤᠨ ᠪᠠᠶ᠋ᠢᠳᠠᠯ᠎ᠳᠤ ᠵᠤᠬᠢᠴᠠᠭᠰᠠᠨ ᠬᠦᠮᠦᠨ᠎ᠤ ᠡᠷᠭᠡ ᠵᠢᠨ ᠬᠦᠭᠵᠢᠯᠳᠠ ᠵᠢᠨ ᠵᠠᠮ ᠵᠶ᠋ᠠᠷ ᠠᠮᠵᠢᠯᠳᠠᠳᠠᠢ ᠵᠠᠮᠨᠠᠪᠠ᠂ ᠲᠡᠬᠦᠰᠭᠡᠯ᠎ᠤᠨ ᠦᠭᠡ ᠵᠡᠷᠭᠡ ᠭᠡᠰᠡᠭ ᠵᠶ᠋ᠠᠷ ᠪᠦᠷᠢᠯᠳᠦᠵᠡᠢ᠃
ᠴᠠᠭ᠋ᠠᠨ ᠭᠠᠳᠠᠷᠳᠦ ᠪᠢᠴᠢᠭ᠎ᠲᠤ᠂ 2018 ᠤᠨ ᠪᠤᠯ ᠳᠤᠮᠳᠠᠳᠤ ᠤᠯᠤᠰ᠎ᠤᠨ ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ᠎ᠤᠨ ᠤᠢ ᠪᠤᠯᠤᠨ᠎ᠠ᠃ ᠦᠭᠡᠷᠡᠴᠢᠯᠡᠯᠳᠠ ᠨᠡᠭᠡᠭᠡᠯᠳᠠ ᠪᠤᠯ ᠳᠤᠮᠳᠠᠳᠤ ᠤᠯᠤᠰ᠎ᠤᠨ ᠡᠪ ᠬᠠᠮᠳᠦ ᠨᠠᠮ ᠰᠢᠨ᠎ᠠ ᠴᠠᠭ ᠦᠶ᠎ᠠ ᠵᠢᠨ ᠨᠦᠬᠦᠴᠡᠯ ᠲᠤᠤᠷ᠎ᠠ ᠪᠦᠬᠦ ᠤᠯᠤᠰ᠎ᠤᠨ ᠠᠷᠠᠳ ᠲᠦᠮᠡᠨ᠎ᠢ ᠳᠠᠭ᠋ᠠᠭᠤᠯᠤᠨ ᠰᠢᠨ᠎ᠠ ᠠᠭᠤᠤ ᠶᠡᠭᠡ ᠬᠤᠪᠢᠰᠬᠠᠯ ᠬᠢᠵᠦ᠂ ᠤᠳᠤ ᠦᠶ᠎ᠠ ᠵᠢᠨ ᠳᠤᠮᠳᠠᠳᠤ ᠤᠯᠤᠰ᠎ᠤᠨ ᠬᠤᠪᠢ ᠵᠠᠶᠠᠭ᠎ᠠ ᠵᠢ ᠲᠤᠭᠳᠠᠭ᠋ᠠᠬᠤ ᠵᠠᠩᠬᠢᠯᠠᠭ᠎ᠠ ᠵᠢᠨ ᠠᠷᠭ᠎ᠠ ᠭᠡᠮᠵᠢᠶ᠎ᠠ ᠪᠤᠯᠤᠨ᠎ᠠ᠃ ᠦᠭᠡᠷᠡᠴᠢᠯᠡᠯᠳᠠ ᠨᠡᠭᠡᠭᠡᠯᠳᠠ᠎ᠨᠢ ᠨᠡᠶ᠋ᠢᠭᠡᠮ᠎ᠤᠨ ᠦᠢ᠍ᠯᠡᠳᠪᠤᠷᠢᠯᠡᠯ᠎ᠤᠨ ᠬᠦᠴᠦ ᠵᠢ ᠮᠠᠰᠢ ᠶᠡᠭᠡ᠎ᠪᠠᠷ ᠴᠢᠯᠦᠭᠡᠯᠡᠨ ᠬᠦᠭᠵᠢᠬᠦᠯᠵᠦ᠂ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ᠎ᠢ ᠠᠮᠵᠢᠯᠳᠠᠳᠠᠢ ᠨᠡᠭᠡᠭᠡᠭᠰᠡᠨ ᠪᠦᠭᠡᠳ ᠳᠤᠮᠳᠠᠳᠤ ᠤᠯᠤᠰ᠎ᠤᠨ ᠬᠦᠮᠦᠨ᠎ᠤ ᠡᠷᠭᠡ ᠵᠢᠨ ᠦᠢ᠍ᠯᠡᠰ᠎ᠤᠨ ᠬᠦᠭᠵᠢᠯᠳᠠ ᠵᠢᠨ ᠰᠢᠨ᠎ᠠ ᠬᠠᠭᠤᠳᠠᠰᠤ ᠵᠢ ᠨᠡᠭᠡᠭᠡᠵᠡᠢ ᠭᠡᠪᠡ᠃
ᠴᠠᠭ᠋ᠠᠨ ᠭᠠᠳᠠᠷᠲᠤ ᠪᠢᠴᠢᠭ᠎ᠲᠤ᠂ 40 ᠵᠢᠯ᠎ᠤᠨ ᠲᠤᠷᠰᠢ᠂ ᠳᠤᠮᠳᠠᠳᠤ ᠤᠯᠤᠰ ᠲᠡᠤᠬᠡ ᠵᠢᠨ ᠲᠤᠷᠰᠢᠯᠭ᠎ᠠ ᠵᠢ ᠳ᠋ᠦᠩᠨᠡᠵᠦ᠂ ᠬᠦᠮᠦᠨ ᠲᠦᠷᠦᠯᠬᠢᠲᠡᠨ᠎ᠤ ᠪᠤᠯᠪᠠᠰᠤᠨ᠎ᠤ ᠬᠦᠭᠵᠢᠯᠲᠡ ᠵᠢᠨ ᠦᠷ᠎ᠡ ᠪᠦᠲᠦᠭᠡᠯ᠎ᠢ ᠰᠢᠩᠭᠡᠭᠡᠵᠦ᠂ ᠬᠦᠮᠦᠨ᠎ᠤ ᠡᠷᠬᠡ ᠵᠢᠨ ᠨᠡᠶ᠋ᠢᠳᠡᠮ᠎ᠤᠨ ᠴᠢᠨᠠᠷᠲᠠᠢ ᠵᠠᠷᠴᠢᠮ᠎ᠢ ᠲᠤᠰ ᠤᠯᠤᠰ᠎ᠤᠨ ᠵᠶ᠋ᠠᠨ ᠪᠤᠲᠠᠲᠤ ᠪᠠᠶ᠋ᠢᠳᠠᠯᠯᠤᠭᠠ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠬᠦᠮᠦᠨ᠎ᠤ ᠡᠷᠭᠡ ᠵᠢᠨ ᠬᠦᠭᠵᠢᠯᠳᠠ ᠵᠢᠨ ᠣᠢ᠌ᠯᠠᠭ᠋ᠠᠭᠳᠠᠬᠣᠨᠳᠤ ᠳᠠᠰᠤᠷᠠᠯᠳᠠ ᠦᠭᠡᠢ ᠰᠢᠨ᠎ᠠ ᠵᠢ ᠡᠬᠦᠳᠴᠦ᠂ ᠠᠷᠠᠳ ᠲᠦᠮᠡᠨ ᠵᠶ᠋ᠠᠷ ᠭᠤᠤᠯ ᠪᠤᠯᠭ᠋ᠠᠬᠤ᠂ ᠤᠷᠤᠰᠢᠨ ᠠᠮᠢᠳᠤᠷᠠᠬᠤ ᠡᠷᠬᠡ ᠬᠦᠭᠵᠢᠯᠲᠡ ᠵᠢᠨ ᠡᠷᠬᠡ᠎ᠪᠠᠷ ᠲᠡᠷᠢᠭᠦᠨ ᠴᠢᠬᠤᠯᠠ ᠦᠨᠳᠦᠰᠦᠨ ᠬᠦᠮᠦᠨ᠎ᠤ ᠡᠷᠬᠡ ᠪᠤᠯᠭ᠋ᠠᠵᠤ᠂ ᠬᠦᠮᠦᠨ᠎ᠤ ᠡᠷᠬᠡ ᠵᠢᠨ ᠬᠠᠤᠯᠢᠵᠢᠯ᠎ᠤᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ᠎ᠪᠠᠷ ᠠᠷᠭ᠎ᠠ ᠵᠠᠮ ᠪᠤᠯᠭ᠋ᠠᠵᠤ᠂ ᠡᠯ᠎ᠡ ᠲᠦᠷᠦᠯ᠎ᠤᠨ ᠬᠦᠮᠦᠨ᠎ᠤ ᠡᠷᠬᠡ᠎ᠪᠠᠷ ᠶᠡᠷᠦᠩᠬᠡᠶ᠋ᠢᠯᠡᠨ ᠵᠤᠬᠢᠴᠠᠭᠤᠯᠤᠨ ᠬᠦᠭᠵᠢᠭᠦᠯᠬᠦ᠎ᠪᠠᠷ ᠬᠠᠷᠠᠯᠲᠠ᠎ᠪᠠᠨ ᠪᠤᠯᠭ᠋ᠠᠬᠰᠠᠨ ᠬᠦᠮᠦᠨ᠎ᠤ ᠡᠷᠬᠡ ᠵᠢᠨ ᠬᠦᠭᠵᠢᠯᠲᠡ ᠵᠢᠨ ᠰᠢᠨ᠎ᠡ ᠣᠢ᠌ᠯᠠᠭ᠋ᠠᠭᠳᠠᠬᠣᠨᠢ ᠪᠦᠷᠢᠯᠳᠦᠭᠦᠯᠪᠡ ᠭᠡᠵᠦ ᠵᠢᠭ᠋ᠠᠵᠤ ᠭᠠᠷᠭ᠋ᠠᠵᠠᠢ᠃
ᠴᠠᠭ᠋ᠠᠨ ᠭᠠᠳᠠᠷᠲᠤ ᠪᠢᠴᠢᠭ᠎ᠲᠤ ᠪᠠᠰᠠ᠂ 40 ᠵᠢᠯ᠎ᠤᠨ ᠲᠤᠷᠰᠢ᠂ ᠳᠤᠮᠳᠠᠳᠤ ᠤᠯᠤᠰ ᠬᠦᠮᠦᠨ᠎ᠤ ᠡᠷᠬᠡ ᠵᠢᠨ ᠬᠦᠷᠢᠶᠡᠨ᠎ᠳᠠᠬᠢ ᠰᠤᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠡᠨ ᠵᠶ᠋ᠠᠷ ᠦᠷᠨᠢᠭᠦᠯᠵᠦ᠂ ᠤᠯᠠᠨ ᠤᠯᠤᠰ᠎ᠤᠨ ᠬᠦᠮᠦᠨ᠎ᠤ ᠡᠷᠬᠡ ᠵᠢᠨ ᠡᠭᠦᠷᠭᠡ ᠵᠢ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠤᠯᠠᠨ ᠤᠯᠤᠰ᠎ᠤᠨ ᠬᠦᠮᠦᠨ᠎ᠤ ᠡᠷᠬᠡ ᠵᠢᠨ ᠶᠠᠪᠤᠳᠠᠯ᠎ᠳᠤ ᠪᠦᠬᠦ ᠲᠠᠯ᠎ᠠ᠎ᠪᠠᠷ ᠤᠷᠤᠯᠴᠠᠵᠤ᠂ ᠪᠦᠬᠦ ᠪᠦᠮᠪᠦᠷᠴᠡᠭ᠎ᠤᠨ ᠬᠦᠮᠦᠨ᠎ᠤ ᠡᠷᠬᠡ ᠵᠢᠨ ᠵᠠᠰᠠᠯᠲᠠ ᠵᠢᠨ ᠰᠢᠰᠲ᠋ᠧᠮ᠎ᠤᠨ ᠬᠤᠪᠢᠰᠤᠯ᠎ᠢ ᠢᠳᠡᠪᠬᠢᠲᠡᠢ ᠠᠬᠢᠭᠤᠯᠵᠤ᠂ ᠬᠦᠮᠦᠨ ᠲᠦᠷᠦᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠤᠬ᠍ᠴᠠ ᠵᠢ ᠪᠠᠶ᠋ᠢᠭᠤᠯᠬᠤ᠎ᠪᠠᠷ ᠬᠦᠴᠦᠯᠡᠵᠦ᠂ ᠳᠡᠯᠡᠬᠡᠢ ᠵᠢᠨ ᠬᠦᠮᠦᠨ᠎ᠤ ᠡᠷᠬᠡ ᠵᠢᠨ ᠦᠢ᠍ᠯᠡᠰ᠎ᠤᠨ ᠬᠦᠭᠵᠢᠯᠲᠡ ᠵᠢ ᠠᠬᠢᠭᠤᠯᠬᠤ᠎ᠳᠤ ᠲᠠᠰᠤᠷᠠᠯᠲᠠ ᠦᠭᠡᠢ ᠰᠢᠨ᠎ᠡ ᠬᠤᠪᠢ ᠨᠡᠮᠡᠷᠢ ᠦᠵᠡᠭᠦᠯᠪᠡ ᠭᠡᠵᠦ ᠵᠢᠭ᠋ᠠᠵᠤ ᠭᠠᠷᠭ᠋ᠠᠵᠠᠢ᠃
ᠴᠠᠭ᠋ᠠᠨ ᠭᠠᠷᠳᠠᠷᠲᠤ ᠪᠢᠴᠢᠭ᠎ᠲᠤ᠂ ᠨᠡᠩ ᠪᠦᠷᠢᠨ ᠭᠦᠢ᠍ᠴᠡᠳ ᠬᠦᠮᠦᠨ᠎ᠤ ᠡᠷᠬᠡ ᠵᠢᠨ ᠪᠠᠲᠤᠯᠠᠭ᠎ᠠ᠎ᠲᠠᠢ ᠪᠤᠯᠭ᠋ᠠᠬᠤ ᠵᠢ ᠪᠡᠶᠡᠯᠡᠭᠦᠯᠬᠦ᠎ᠳᠤ ᠳᠤᠮᠳᠠᠳᠤ ᠤᠯᠤᠰ᠎ᠤᠨ ᠵᠠᠮ᠎ᠤᠨ ᠬᠦᠵᠦᠭᠦᠦ ᠪᠠᠰᠠ ᠤᠷᠲᠤ ᠪᠠᠶ᠋ᠢᠵᠤ᠂ ᠮᠠᠰᠢ ᠤᠯᠠᠨ ᠬᠦᠴᠢᠷ ᠪᠡᠷᠬᠡᠰᠢᠶᠡᠯ ᠪᠠ ᠦᠷᠢᠰᠦᠯᠳᠦᠭᠡᠨ ᠲᠤᠯᠭ᠋ᠠᠷᠠᠬᠤ ᠪᠤᠯᠤᠨ᠎ᠠ᠃ ᠤᠳᠤᠬᠠᠨ᠎ᠳᠤ᠂ ᠰᠢ ᠵᠢᠨ ᠫᠢᠩ ᠨᠦᠬᠦᠷ ᠵᠶ᠋ᠠᠷ ᠭᠤᠤᠯ ᠪᠤᠯᠭ᠋ᠠᠬᠰᠠᠨ ᠨᠠᠮ᠎ᠤᠨ ᠲᠦᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠳᠤᠮᠳᠠᠳᠤ ᠤᠯᠤᠰ᠎ᠤᠨ ᠠᠷᠠᠳ ᠲᠦᠮᠡᠨ ᠶᠠᠬ 《ᠬᠤᠤᠰ ᠵᠠᠭᠤᠨ ᠵᠢᠯ》᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠪᠠ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠵᠢᠨ ᠲᠦᠯᠦᠭᠡ ᠴᠢᠷᠮᠠᠶ᠋ᠢᠵᠤ ᠪᠠᠶ᠋ᠢᠨ᠎ᠠ᠃ ᠲᠠᠬᠢᠨ ᠬᠡᠳᠦᠨ ᠠᠷᠪᠠᠨ ᠵᠢᠯ᠎ᠤᠨ ᠴᠦᠬᠦᠷᠡᠰᠢ ᠦᠭᠡᠢ ᠲᠡᠮᠡᠴᠡᠯ ᠵᠶ᠋ᠠᠷ ᠳᠠᠮᠵᠢᠨ᠂ ᠳᠤᠮᠳᠠᠳᠤ ᠤᠯᠤᠰ᠎ᠤᠨ ᠠᠷᠠᠳ ᠲᠦᠮᠡᠨ᠎ᠤ ᠡᠯ᠎ᠡ ᠲᠦᠷᠦᠯ᠎ᠤᠨ ᠡᠷᠬᠡ ᠯᠠᠪᠲᠠᠢ ᠨᠡᠩ ᠰᠠᠶ᠋ᠢᠨ ᠪᠦᠭᠡᠳ ᠨᠡᠩ ᠦᠨᠳᠦᠷ ᠲᠦᠪᠰᠢᠨ᠎ᠲᠠᠢ ᠪᠠᠲᠤᠯᠠᠭ᠎ᠠ᠎ᠲᠠᠢ ᠪᠤᠯᠵᠦ᠂ ᠳᠤᠮᠳᠠᠳᠤ ᠤᠯᠤᠰ᠎ᠤᠨ ᠠᠷᠠᠳ ᠲᠦᠮᠡᠨ ᠨᠡᠩ ᠢᠯᠡᠭᠦᠦ ᠨᠡᠷ᠎ᠡ ᠬᠦᠨᠳᠦ᠂ ᠡᠷᠬᠡ ᠴᠢᠯᠦᠭᠡ ᠪᠠ ᠵᠤᠯ ᠵᠢᠷᠭ᠋ᠠᠯ᠎ᠢ ᠡᠳ᠋ᠯᠡᠬᠦ ᠪᠤᠯᠤᠨ᠎ᠠ ᠭᠡᠪᠡ᠃ (ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ)