ᠰᠢᠨᠬᠤᠸᠠ ᠬᠤᠷᠢᠶᠠᠨ᠎ᠤ ᠪᠡᠬᠡᠵᠢᠩ᠎ᠤᠨ 12 ᠰᠠᠷ᠎ᠠ ᠵᠢᠨ 5᠎ᠤ ᠴᠠᠬᠢᠯᠭ᠋ᠠᠨ ᠮᠡᠳᠡᠭᠡ᠎ᠠᠴᠠ ᠶᠡᠷᠦᠩᠬᠡᠢ ᠰᠠᠶ᠋ᠢᠳ ᠯᠢ ᠺᠧ ᠴᠢᠶᠠᠩ᠎ᠤᠨ ᠵᠦᠪᠰᠢᠶᠡᠷᠡᠯ ᠵᠶ᠋ᠠᠷ᠂ ᠳᠦᠷᠦ ᠵᠢᠨ ᠶᠠᠪᠤᠳᠠᠯ᠎ᠤᠨ ᠬᠤᠷᠢᠶ᠎ᠠ ᠡᠮᠤᠨᠡᠬᠡᠨ 《ᠤᠳᠤᠬᠠᠨ ᠪᠠ ᠬᠤᠶ᠋ᠢᠰᠢᠳᠡ ᠵᠢᠨ ᠬᠡᠰᠡᠭ ᠬᠤᠭᠤᠴᠠᠭ᠋ᠠᠨ᠎ᠳᠠᠬᠢ ᠠᠵᠢᠯ ᠤᠯᠭᠤᠯᠳᠠ ᠵᠢ ᠠᠬᠢᠭᠤᠯᠬᠤ ᠠᠵᠢᠯ᠎ᠢ ᠰᠠᠶ᠋ᠢᠳᠤᠷ ᠬᠢᠬᠦ ᠳᠤᠬᠠᠢ ᠰᠠᠨᠠᠯ᠎ᠤᠳ》᠎ᠢ ᠳᠠᠷᠤᠮᠠᠯᠯᠠᠨ ᠳᠠᠷᠬᠠᠭ᠋ᠠᠪᠠ᠃
《ᠰᠠᠨᠠᠯ》᠎ᠳᠤ ᠤᠳᠤᠬᠠᠨ ᠪᠠ ᠬᠤᠶ᠋ᠢᠰᠢᠳᠡ ᠵᠢᠨ ᠬᠡᠰᠡᠭ ᠬᠤᠭᠤᠴᠠᠭ᠋ᠠᠨ᠎ᠳᠠᠬᠢ ᠠᠵᠢᠯ ᠤᠯᠭᠤᠯᠳᠠ ᠵᠢ ᠠᠬᠢᠭᠤᠯᠬᠤ ᠭᠤᠤᠯᠳᠠᠯᠭ᠎ᠠ᠎ᠲᠠᠢ ᠠᠷᠭ᠎ᠠ ᠠᠪᠴᠠᠯ᠎ᠢ ᠳᠤᠷᠠᠳᠤᠨ ᠭᠠᠷᠭ᠋ᠠᠪᠠ᠃ ᠨᠢᠬᠡ᠎ᠳᠤ᠂ ᠠᠵᠥ ᠠᠬᠤᠢ᠌ᠯᠠᠯ᠎ᠤᠨ ᠳᠤᠬᠳᠠᠭᠤᠨ ᠵᠶ᠋ᠠᠷ ᠬᠦᠭᠵᠢᠬᠦ ᠵᠢ ᠳᠡᠮᠵᠢᠨ᠎ᠡ᠃ ᠠᠵᠢᠯᠳᠠᠨ ᠵᠶ᠋ᠠᠨ ᠬᠠᠰᠤᠬᠤ ᠦᠬᠡᠢ ᠪᠤᠶᠤ ᠠᠵᠢᠯᠳᠠᠨ ᠵᠶ᠋ᠠᠨ ᠴᠦᠬᠡᠨ ᠬᠠᠰᠤᠬᠰᠠᠨ ᠳᠠᠭ᠋ᠠᠳᠬᠠᠯ᠎ᠳᠤ ᠤᠷᠤᠯᠴᠠᠬᠰᠠᠨ ᠠᠵᠥ ᠠᠬᠤᠢ᠌ᠯᠠᠯ᠎ᠳᠤ ᠪᠤᠯ᠂ ᠳᠡᠬᠡᠷ᠎ᠡ ᠵᠢᠯ᠎ᠳᠤ ᠪᠤᠳᠠᠳᠠᠢ ᠳᠤᠰᠢᠶᠠᠬᠰᠠᠨ ᠠᠵᠢᠯ ᠠᠯᠳᠠᠬᠰᠠᠨ ᠳᠠᠭ᠋ᠠᠳᠬᠠᠯ᠎ᠤᠨ ᠰᠦᠢ᠍ᠳᠬᠡᠯ᠎ᠤᠨ 50% ᠵᠢ ᠪᠤᠴᠠᠭ᠋ᠠᠨ ᠦᠭᠴᠤ᠂ ᠡᠬᠦᠨ᠎ᠤ ᠳᠤᠳᠤᠷ᠎ᠠ ᠳᠦᠷ ᠴᠠᠬ᠎ᠤᠨ ᠴᠢᠨᠠᠷᠳᠠᠢ ᠦᠢ᠍ᠯᠡᠳᠪᠦᠷᠢᠯᠡᠯ ᠡᠵᠡᠩᠨᠡᠯᠳᠡ᠎ᠳᠤ ᠬᠦᠴᠢᠷᠳᠠᠯ ᠳᠤᠯᠭ᠋ᠠᠷᠠᠵᠥ ᠪᠠᠶ᠋ᠢᠭ᠎ᠠ ᠪᠤᠯᠪᠠᠴᠤ ᠰᠠᠶ᠋ᠢᠵᠢᠷᠠᠬᠤ ᠬᠠᠨᠳᠤᠰᠢ᠎ᠲᠠᠢ ᠠᠵᠥ ᠠᠬᠤᠢ᠌ᠯᠠᠯ᠎ᠳᠤ ᠪᠤᠴᠠᠭ᠋ᠠᠨ ᠦᠭᠭᠦ ᠡᠷᠴᠢᠮ ᠵᠶ᠋ᠠᠨ ᠴᠢᠩᠭ᠋ᠠᠷᠠᠭᠤᠯᠵᠥ ᠪᠤᠯᠤᠨ᠎ᠡ᠃ ᠤᠯᠤᠰ᠎ᠤᠨ ᠪᠡᠯᠡ ᠬᠤᠷᠠᠮᠳᠤᠭᠤᠯᠵᠥ ᠪᠠᠳᠤᠯᠠᠪᠤᠷᠢ ᠬᠢᠬᠦ ᠰᠠᠭᠤᠷᠢ ᠮᠦᠩᠬᠦᠨ᠎ᠤ ᠦᠢ᠍ᠯᠡᠳᠦᠯ᠎ᠢ ᠬᠦᠢ᠍ᠴᠡᠳ ᠪᠠᠳᠠᠷᠠᠭᠤᠯᠵᠥ᠂ ᠡᠯ᠎ᠠ ᠭᠠᠵᠠᠷ᠎ᠤᠨ᠎ᠬᠢᠨ᠎ᠤ ᠨᠦᠬᠦᠴᠡᠯ᠎ᠳᠤ ᠨᠡᠶ᠋ᠢᠴᠡᠭᠰᠡᠨ ᠪᠠᠭ᠎ᠠ ᠵᠢᠵᠢᠭ ᠠᠵᠥ ᠠᠬᠤᠢ᠌ᠯᠠᠯ᠎ᠳᠤ ᠳᠤᠤᠷ᠎ᠠ ᠰᠦᠢ᠍ᠳᠬᠡᠯ᠎ᠤᠨ ᠨᠤᠷᠮ᠎ᠠ᠎ᠲᠠᠢ ᠪᠠᠲᠤᠯᠠᠪᠤᠷᠢ ᠬᠢᠵᠥ ᠳᠡᠮᠵᠢᠬᠦ ᠵᠢ ᠵᠤᠷᠢᠬ᠍ᠵᠢᠭᠤᠯᠵᠥ᠂ ᠪᠠᠭ᠎ᠠ ᠵᠢᠵᠢᠭ ᠠᠵᠥ ᠠᠬᠤᠢ᠌ᠯᠠᠯ᠎ᠤᠨ ᠵᠢᠬᠡᠯᠡᠯᠬᠡ ᠤᠯᠬᠤ ᠵᠢ ᠳᠡᠬᠡᠭᠰᠢᠯᠡᠬᠦᠯᠦᠨ᠎ᠡ᠃ ᠬᠤᠶᠠᠷ᠎ᠲᠤ᠂ ᠠᠵᠢᠯ ᠤᠯᠭᠤᠵᠦ ᠦᠢ᠍ᠯᠡᠰ ᠪᠤᠰᠬᠠᠬᠤ ᠵᠢ ᠵᠤᠷᠢᠠᠠᠵᠢᠭᠤᠯᠤᠨ ᠲᠡᠮᠵᠢᠨ᠎ᠠ᠃ ᠦᠢ᠍ᠯᠡᠰ ᠪᠤᠰᠬᠠᠬᠤ ᠪᠠᠲᠤᠯᠠᠪᠤᠷᠢ᠎ᠲᠦ ᠵᠢᠭᠡᠯᠡᠯᠭᠡ ᠵᠢᠨ ᠲᠡᠮᠵᠢᠯᠭᠡ ᠵᠢᠨ ᠡᠷᠴᠢᠮ ᠵᠶ᠋ᠠᠨ ᠴᠢᠩᠭ᠋ᠠᠳᠬᠠᠠ᠂ ᠨᠦᠬᠦᠴᠡᠯ᠎ᠳᠤ ᠨᠡᠶ᠋ᠢᠴᠡᠬᠦ ᠬᠤᠪᠢ ᠬᠦᠮᠦᠨ ᠪᠤᠯᠤᠠ ᠪᠠᠭ᠎ᠠ ᠵᠢᠵᠢᠭ ᠠᠵᠦ ᠠᠬᠤᠢ᠌ᠯᠠᠯ ᠲᠤᠰ ᠪᠦᠷᠢ 15 ᠲᠦᠮᠡᠡ ᠲᠦᠬᠦᠷᠢᠭ ᠪᠠ 300 ᠲᠦᠮᠡᠡ ᠲᠦᠬᠦᠷᠢᠭ᠎ᠤᠨ ᠦᠢ᠍ᠯᠡᠰ ᠪᠤᠰᠬᠠᠬᠤ ᠪᠠᠲᠤᠯᠠᠪᠤᠷᠢ᠎ᠲᠦ ᠵᠢᠭᠡᠯᠡᠯᠭᠡ ᠤᠯᠬᠤ᠎ᠪᠠᠷ ᠭᠤᠶᠤᠴᠢᠯᠠᠵᠦ ᠪᠤᠯᠤᠨ᠎ᠠ᠃ ᠡᠯ᠎ᠠ ᠭᠠᠵᠠᠷ᠎ᠤᠨ᠎ᠬᠢᠨ ᠭᠤᠤᠯᠲᠠᠯᠭ᠎ᠠ᠎ᠲᠠᠢ ᠪᠦᠯᠬᠦᠮ ᠨᠢᠭᠡᠴᠢ ᠵᠢᠨ ᠦᠢ᠍ᠯᠡᠰ ᠪᠤᠰᠬᠬᠠᠤ ᠨᠡᠪᠴᠢᠭᠦᠯᠦᠭᠴᠢ ᠠᠴᠢᠶᠠᠯᠠᠪᠤᠷᠢ ᠵᠢ ᠲᠦᠷᠭᠡᠡ ᠪᠦᠲᠦᠭᠡᠡ ᠪᠠᠶ᠋ᠢᠭᠤᠯᠬᠤ ᠵᠢ ᠵᠤᠷᠢᠠᠠᠵᠢᠭᠤᠯᠵᠦ᠂ ᠠᠵᠢᠯ ᠤᠯᠭᠤᠯᠲᠠ ᠵᠢᠨ ᠲᠠᠷᠤᠭ᠋ᠠᠰᠤ ᠨᠡᠯᠢᠶᠡᠳ ᠶᠡᠭᠡ ᠪᠠᠶ᠋ᠢᠭ᠎ᠠ ᠭᠠᠵᠠᠷ ᠤᠷᠤᠨ ᠠᠵᠢᠯ ᠠᠯᠲᠠᠭᠰᠠᠳ᠎ᠤᠨ ᠪᠡᠶ᠎ᠠ᠎ᠪᠠᠨ ᠲᠠᠭ᠋ᠠᠭ᠋ᠠᠵᠦ ᠦᠢ᠍ᠯᠡᠰ ᠪᠤᠰᠬᠠᠬᠤ᠎ᠳᠤ ᠡᠵᠡᠩᠨᠡᠯᠲᠡ ᠵᠢᠨ ᠲᠠᠯᠠᠪᠤᠷ ᠭᠠᠵᠠᠷ᠎ᠢ ᠰᠦᠢ᠍ᠳᠭᠡᠯ ᠠᠪᠬᠤ ᠦᠭᠡᠢ᠎ᠪᠠᠷ ᠬᠠᠩᠭ᠋ᠠᠨ᠎ᠠ᠃ ᠭᠤᠷᠪᠠᠠ ᠵᠢᠯ᠎ᠳᠤ ᠵᠠᠭᠤᠨ ᠲᠦᠮᠡᠡ ᠵᠠᠯᠠᠭᠤᠴᠤᠳ᠎ᠤᠨ ᠲᠠᠲᠤᠯᠭ᠎ᠠ ᠬᠢᠬᠦ ᠲᠦᠯᠦᠪᠯᠡᠭᠡ ᠵᠢ ᠭᠡᠷᠡᠭᠵᠢᠭᠦᠯᠵᠦ᠂ ᠠᠵᠢᠯ ᠤᠯᠭᠤᠬᠤ ᠲᠠᠲᠤᠯᠭ᠎ᠠ ᠵᠢᠨ ᠨᠦᠬᠦᠪᠦᠷᠢ ᠵᠢᠨ ᠬᠡᠪᠴᠢᠶ᠎ᠠ ᠵᠢ 16 — 24 ᠨᠠᠰᠤᠨ᠎ᠤ ᠠᠵᠢᠯ ᠠᠯᠲᠠᠭᠰᠠᠠ ᠵᠠᠯᠠᠭᠤᠴᠤᠳ᠎ᠲᠤ ᠬᠦᠷᠲᠠᠯ᠎ᠠ ᠦᠷᠭᠡᠳᠭᠡᠨ᠎ᠠ᠃ ᠭᠤᠷᠪᠠ᠎ᠳᠤ᠂ ᠪᠤᠯᠪᠠᠰᠤᠷᠠᠯ ᠬᠦᠷᠲᠡᠭᠡᠬᠦ ᠵᠢ ᠢᠲᠡᠪᠬᠢᠲᠠᠢ ᠭᠡᠷᠡᠭᠵᠢᠭᠦᠯᠦᠨ᠎ᠠ᠃ ᠬᠦᠴᠢᠷᠲᠠᠯᠲᠠᠢ ᠠᠵᠦ ᠠᠬᠤᠢ᠌ᠯᠠᠯ ᠠᠵᠢᠯᠲᠠᠠ ᠠᠵᠢᠯᠴᠢᠳ ᠵᠶ᠋ᠠᠨ ᠠᠵᠢᠯ᠎ᠤᠨ ᠪᠠᠶ᠋ᠢᠷᠢ ᠲᠡᠭᠡᠷ᠎ᠠ᠎ᠨᠢ ᠪᠤᠯᠪᠠᠰᠤᠷᠠᠭᠤᠯᠬᠤ ᠵᠢ ᠵᠤᠬᠢᠶᠠᠠ ᠪᠠᠶ᠋ᠢᠭᠤᠯᠤᠨ ᠭᠡᠷᠡᠭᠵᠢᠭᠦᠯᠵᠦ᠂ ᠠᠵᠦ ᠠᠬᠤᠢ᠌ᠯᠠᠯ᠎ᠤᠨ ᠠᠵᠢᠯᠲᠠᠠ ᠠᠵᠢᠯᠴᠢᠳ᠎ᠤᠨ ᠰᠤᠷᠭ᠋ᠠᠠ ᠬᠦᠮᠦᠵᠢᠯ᠎ᠤᠨ ᠵᠠᠷᠤᠲᠠᠯ ᠬᠦᠷᠦᠯᠴᠡᠬᠦ ᠦᠭᠡᠢ ᠭᠡᠰᠡᠭ᠎ᠢ ᠪᠠᠶ᠋ᠢᠭ᠎ᠠ ᠭᠠᠵᠠᠷ᠎ᠤᠨ ᠬᠦᠮᠦᠨ᠎ᠤ ᠬᠦᠴᠤᠨ᠎ᠤ ᠡᠬᠢ ᠪᠠᠶᠠᠯᠢᠭ ᠪᠤᠯᠤᠨ ᠨᠡᠶ᠋ᠢᠭᠡᠮ᠎ᠤᠨ ᠪᠠᠲᠤᠯᠠᠪᠤᠷᠢ ᠵᠢᠨ ᠰᠠᠯᠠᠭ᠎ᠠ ᠮᠦᠴᠢᠷ᠎ᠠᠴᠠ ᠬᠢᠨᠠᠠ ᠰᠢᠯᠭ᠋ᠠᠵᠦ ᠦᠨᠡᠯᠡᠭᠡᠳ ᠬᠢᠷᠢ ᠲᠡᠩᠴᠡᠭᠰᠡᠡᠤ ᠲᠠᠷᠠᠭ᠎ᠠ᠂ ᠠᠵᠢᠯ ᠤᠯᠭᠤᠯᠲᠠ ᠵᠢᠨ ᠨᠦᠬᠦᠪᠦᠷᠢ ᠪᠡᠯᠡ ᠮᠦᠩᠭᠦ᠎ᠪᠠᠷ ᠵᠤᠬᠢᠰᠲᠠᠢ ᠲᠡᠮᠵᠢᠨ᠎ᠠ᠃ ᠠᠵᠢᠯ᠎ᠤᠨ ᠪᠠᠶ᠋ᠢᠷᠢ᠎ᠠᠴᠠ᠎ᠪᠠᠨ ᠪᠠᠭᠤᠵᠤ ᠠᠵᠢᠯ ᠠᠯᠳᠠᠬᠰᠠᠳ᠎ᠲᠤ ᠨᠡᠶ᠋ᠢᠳᠡᠮ ᠵᠠᠰᠠᠬ᠎ᠤᠨ ᠤᠷᠳᠤᠨ᠎ᠠᠴᠠ ᠨᠦᠬᠦᠪᠤᠷᠢ ᠦᠭᠬᠦ ᠪᠤᠯᠪᠠᠰᠤᠷᠠᠯ ᠦᠷᠨᠢᠬᠦᠯᠵᠤ᠂ ᠡᠬᠦᠨ᠎ᠤ ᠳᠤᠳᠤᠷᠡᠬᠢ ᠨᠦᠬᠦᠴᠡᠯ᠎ᠳᠤ ᠲᠤᠬᠢᠷᠠᠬᠤ ᠠᠵᠢᠯ ᠤᠯᠬᠤ᠎ᠳᠤ ᠬᠦᠴᠢᠷᠳᠠᠯᠳᠠᠢ ᠬᠦᠮᠤᠰ ᠪᠤᠯᠤᠨ ᠠᠵᠢᠯ᠎ᠲᠠᠢ ᠬᠦᠮᠤᠨ ᠦᠬᠡᠢ ᠭᠡᠷ ᠪᠦᠯᠢ ᠵᠢᠨ ᠪᠦᠷᠢᠯᠳᠤᠬᠦᠨ᠎ᠳᠤ ᠪᠤᠯᠪᠠᠰᠤᠷᠠᠯ᠎ᠤᠨ ᠬᠤᠭᠤᠴᠠᠭ᠋ᠠᠨ᠎ᠳᠤ ᠲᠠᠬᠢᠨ ᠠᠮᠢᠳᠤᠷᠠᠯ᠎ᠤᠨ ᠨᠦᠬᠦᠪᠤᠷᠢ ᠦᠭᠬᠦᠨ᠎ᠠ᠃ ᠮᠡᠷᠬᠡᠵᠢᠯ ᠤᠷ᠎ᠠ ᠮᠡᠷᠬᠡᠵᠢᠯ᠎ᠢ ᠲᠡᠭᠡᠭᠰᠢᠯᠡᠬᠦᠯᠬᠦ ᠨᠦᠬᠦᠪᠤᠷᠢ ᠭᠤᠶᠤᠴᠢᠯᠠᠨ ᠠᠪᠬᠤ ᠨᠦᠬᠦᠴᠠᠯ᠎ᠢ ᠠᠵᠤ ᠠᠬᠤᠢ᠌ᠯᠠᠯ᠎ᠤᠨ ᠠᠵᠢᠯᠯᠠᠵᠤ ᠪᠠᠶ᠋ᠢᠭ᠎ᠠ ᠠᠵᠢᠯᠳᠠᠨ 3 ᠵᠢᠯ᠎ᠠᠴᠠ ᠲᠡᠭᠡᠭᠰᠢ ᠠᠵᠢᠯ ᠠᠯᠳᠠᠯᠳᠠ ᠵᠢᠨ ᠲᠠᠭ᠋ᠠᠳᠬᠠᠯ ᠲᠤᠰᠢᠶᠠᠬᠰᠠᠨ ᠨᠦᠬᠦᠴᠡᠯ᠎ᠠᠴᠠ 1 ᠵᠢᠯ᠎ᠠᠴᠠ ᠲᠡᠭᠡᠭᠰᠢ ᠲᠤᠰᠢᠶᠠᠬᠤ ᠪᠤᠯᠭ᠋ᠠᠨ ᠲᠤᠬᠢᠷᠠᠭᠤᠯᠪᠠ᠃ ᠲᠦᠷᠪᠡ᠎ᠳᠤ᠂ ᠠᠵᠢᠯ᠎ᠤᠨ ᠪᠠᠶ᠋ᠢᠷᠢ᠎ᠠᠴᠠ᠎ᠪᠠᠨ ᠪᠠᠭᠤᠵᠤ ᠠᠵᠢᠯ ᠠᠯᠳᠠᠬᠰᠠᠳᠢ ᠬᠠᠪᠰᠤᠷᠤᠨ ᠲᠡᠮᠵᠢᠬᠦ ᠠᠵᠢᠯᠯᠠᠭ᠎ᠠ ᠵᠢ ᠴᠠᠬ ᠲᠤᠬᠠᠢᠳᠤᠨᠢ ᠦᠷᠨᠢᠬᠦᠯᠤᠨ᠎ᠠ᠃ ᠠᠵᠢᠯ ᠠᠯᠳᠠᠬᠰᠠᠳ ᠪᠠᠶ᠋ᠢᠩᠭᠤ ᠰᠠᠭᠤᠭ᠎ᠠ ᠭᠠᠵᠠᠷ᠎ᠲᠠᠭᠠᠨ ᠠᠵᠢᠯ ᠠᠯᠳᠠᠬᠰᠠᠨ ᠵᠶ᠋ᠠᠷ ᠲᠠᠩᠰᠠᠯᠠᠭᠤᠯᠵᠤ᠂ ᠲᠤᠬᠠᠢ ᠵᠢᠨ ᠭᠠᠵᠠᠷ᠎ᠤᠨ ᠠᠵᠢᠯ ᠤᠯᠵᠤ ᠦᠢ᠍ᠯᠡᠰ ᠪᠤᠰᠬᠠᠬᠤ ᠦᠢ᠍ᠯᠡᠴᠢᠯᠡᠭᠡ᠂ ᠠᠵᠢᠯ ᠤᠯᠭᠤᠯᠳᠠ ᠵᠢ ᠲᠡᠮᠵᠢᠬᠦ ᠲᠦᠷᠤ ᠵᠢᠨ ᠪᠤᠳᠤᠯᠭ᠎ᠠ᠂ ᠭᠤᠤᠯᠳᠠᠯᠭ᠎ᠠ᠎ᠲᠠᠢ ᠬᠦᠮᠤᠰ᠎ᠤᠨ ᠠᠵᠢᠯ ᠤᠯᠵᠤ ᠦᠢ᠍ᠯᠡᠰ ᠪᠤᠰᠬᠠᠬᠤ ᠭᠠᠶ᠋ᠢᠯᠢ ᠵᠢᠨ ᠬᠠᠷᠠᠭ᠋ᠠᠯᠵᠠᠯ᠎ᠤᠨ ᠲᠦᠷᠤ ᠵᠢᠨ ᠪᠣᠳᠣᠯᠭ᠎ᠠ ᠵᠢ ᠬᠦᠷᠳᠡᠵᠤ ᠪᠤᠯᠤᠨ᠎ᠠ᠃ ᠨᠦᠬᠦᠴᠠᠯ᠎ᠳᠤ ᠲᠤᠬᠢᠷᠠᠬᠤ ᠠᠵᠢᠯ᠎ᠤᠨ ᠪᠠᠶ᠋ᠢᠷᠢ᠎ᠠᠴᠠ᠎ᠪᠠᠨ ᠪᠠᠭᠤᠵᠤ ᠠᠵᠢᠯ ᠠᠯᠳᠠᠬᠰᠠᠳ᠎ᠲᠤ ᠴᠠᠬ ᠲᠤᠬᠠᠢᠳᠤᠨᠢ ᠠᠵᠢᠯ ᠠᠯᠳᠠᠯᠳᠠ ᠵᠢᠨ ᠲᠠᠭ᠋ᠠᠳᠬᠠᠯ᠎ᠤᠨ ᠬᠠᠷᠠᠭ᠋ᠠᠯᠵᠠᠯ᠎ᠢ ᠨᠠᠶ᠋ᠢᠳᠠᠪᠤᠷᠢᠵᠢᠭᠤᠯᠵᠤ᠂ ᠲᠡᠷᠡᠴᠢᠯᠠᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠪᠤᠯᠤᠨ ᠲᠦᠷ ᠴᠠᠬ ᠠᠪᠤᠷᠠᠨ ᠲᠤᠰᠠᠯᠠᠬᠤ ᠬᠦᠷᠢᠶᠠᠨ᠎ᠳᠤ ᠤᠷᠤᠭᠤᠯᠵᠤ ᠪᠤᠯᠤᠨ᠎ᠠ᠃ (ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ)