ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠡᠨ᠎ᠤ ᠠᠯᠪᠠᠨ ᠲᠢᠩᠬᠢᠮ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ 《ᠮᠠᠯ ᠠᠵᠤ ᠠᠬᠤᠢ ᠲᠠᠷᠢᠶᠠᠯᠠᠩ᠎ᠤᠨ ᠪᠤᠬᠢᠷᠳᠤᠯ ᠦᠬᠡᠢ ᠬᠦᠭᠵᠢᠯᠳᠡ ᠵᠢ ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ》᠎ᠢ ᠲᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠡᠯ᠎ᠡ ᠠᠶ᠋ᠢᠮᠠᠭ ᠬᠤᠳᠠ ᠵᠢᠨ ᠨᠠᠮ᠎ᠤᠨ ᠬᠤᠷᠢᠶ᠎ᠡ᠂ ᠠᠶ᠋ᠢᠮᠠᠭ᠎ᠤᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠂ ᠦᠪᠡᠷᠳᠡᠭᠡᠨ ᠵᠠᠰᠠᠬᠤ ᠤᠷᠤᠨ᠎ᠤ ᠡᠯ᠎ᠡ ᠬᠡᠯᠳᠡᠰ᠂
ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ ᠪᠤᠯᠤᠨ ᠡᠯ᠎ᠡ ᠠᠷᠠᠳ᠎ᠤᠨ ᠪᠦᠯᠬᠦᠮ᠎ᠳᠤ᠄
《ᠮᠠᠯ ᠠᠵᠤ ᠠᠬᠤᠢ ᠲᠠᠷᠢᠶᠠᠯᠠᠩ᠎ᠤᠨ ᠪᠤᠬᠢᠷᠳᠤᠯ ᠦᠬᠡᠢ ᠬᠦᠭᠵᠢᠯᠳᠡ ᠵᠢ ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ》᠎ᠢ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠡ᠂ ᠵᠠᠰᠠᠭ᠎ᠤᠨ ᠤᠷᠳᠤᠨ ᠵᠦᠪᠰᠢᠶᠡᠷᠡᠵᠡᠢ᠂ ᠤᠳᠤ ᠲᠠᠨᠠᠷ᠎ᠲᠤ ᠲᠠᠷᠤᠮᠠᠯᠯᠠᠨ ᠲᠠᠷᠬᠠᠭ᠋ᠠᠪᠠ᠂ ᠪᠤᠳᠠᠳᠠᠢ᠎ᠲᠠᠢ᠎ᠪᠠᠨ ᠤᠶᠠᠯᠳᠤᠭᠤᠯᠵᠥ ᠪᠠᠶ᠋ᠢᠭ᠋ᠠᠳ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠤᠯᠪᠠᠤ᠃
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠤᠷ ᠮᠤᠩᠭᠤᠯ᠎ᠤᠨ
ᠦᠪᠡᠷᠳᠡᠭᠡᠨ ᠵᠠᠰᠠᠬᠤ ᠤᠷᠤᠨ᠎ᠤ ᠬᠤᠷᠢᠶ᠎ᠡ ᠵᠢᠨ ᠠᠯᠪᠠᠨ ᠲᠢᠩᠬᠢᠮ
ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ
ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ
2018 ᠤᠨ᠎ᠤ 12 ᠰᠠᠷ᠎ᠠ ᠵᠢᠨ 30᠎ᠤ ᠡᠳᠦᠷ
《ᠨᠠᠮ᠎ᠤᠨ ᠲᠦᠪ ᠬᠤᠷᠢᠶᠡᠨ᠎ᠤ ᠠᠯᠪᠠᠨ ᠲᠢᠩᠬᠢᠮ᠂ ᠲᠦᠷᠦ ᠵᠢᠨ ᠶᠠᠪᠤᠳᠠᠯ᠎ᠤᠨ ᠬᠤᠷᠢᠶᠡᠨ᠎ᠤ ᠠᠯᠪᠠᠨ ᠲᠢᠩᠬᠢᠮ᠎ᠤᠨ 〈ᠪᠠᠶ᠋ᠢᠭᠤᠯᠤᠮᠵᠢ ᠲᠤᠭᠳᠠᠴᠠ ᠵᠢᠨ ᠰᠢᠨ᠎ᠡ ᠵᠢ ᠡᠬᠦᠳᠴᠦ ᠬᠦᠳᠡᠭᠡ ᠠᠵᠥ ᠠᠬᠤᠢ ᠵᠢᠨ ᠪᠤᠬᠢᠷᠳᠤᠯ ᠦᠭᠡᠢ ᠬᠦᠭᠵᠢᠯᠳᠡ ᠵᠢ ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ〉᠎ᠢ ᠲᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》᠎ᠤᠨ ᠵᠤᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠥ᠂ ᠮᠠᠯ ᠠᠵᠤ ᠠᠬᠤᠢ ᠲᠠᠷᠢᠶᠠᠯᠠᠩ᠎ᠤᠨ ᠪᠤᠬᠢᠷᠳᠤᠯ ᠦᠭᠡᠢ ᠬᠦᠭᠵᠢᠯᠳᠡ ᠵᠢ ᠲᠦᠷᠬᠡᠳᠬᠡᠨ ᠠᠬᠢᠭᠤᠯᠬᠤ ᠵᠢᠨ ᠲᠦᠯᠥᠬᠡ᠂ ᠦᠪᠡᠷᠳᠡᠭᠡᠨ ᠵᠠᠰᠠᠬᠤ ᠤᠷᠤᠨ᠎ᠤ ᠪᠤᠳᠠᠳᠤ ᠪᠠᠶ᠋ᠢᠳᠠᠯ᠎ᠲᠠᠢ ᠤᠶᠠᠯᠳᠤᠭᠤᠯᠵᠥ ᠲᠤᠤᠷᠠᠬᠢ ᠮᠡᠳᠦ ᠬᠡᠷᠡᠭᠵᠢᠬᠦᠯᠬᠦ ᠰᠠᠨᠠᠯ᠎ᠢ ᠲᠤᠷᠠᠳᠴᠠᠢ᠃
ᠨᠢᠬᠡ᠂ ᠶᠡᠷᠤᠩᠬᠡᠢ ᠱᠠᠭ᠋ᠠᠷᠳᠠᠯᠭ᠎ᠠ
(ᠨᠢᠬᠡ) ᠵᠢᠯᠤᠭᠤᠳᠬᠤ ᠦᠵᠡᠯ ᠰᠠᠨᠠᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠥ᠂ ᠨᠠᠮ᠎ᠤᠨ ᠠᠷᠪᠠ ᠶᠢᠰᠦᠳᠦᠬᠡᠷ ᠶᠡᠭᠡ ᠬᠤᠷᠡᠯ ᠪᠤᠯᠤᠨ ᠠᠷᠪᠠ ᠶᠢᠰᠦᠳᠦᠬᠡᠷ ᠬᠤᠭᠤᠴᠠᠭ᠋ᠠᠨ᠎ᠤ ᠲᠦᠪ ᠬᠤᠷᠢᠶᠡᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠬᠦᠳᠡ ᠬᠤᠷᠡᠯ᠎ᠤᠨ ᠵᠤᠷᠢᠭ ᠰᠠᠨᠠᠭ᠎ᠠ ᠵᠢ ᠪᠦᠬᠦ ᠲᠡᠯ᠎ᠡ᠎ᠪᠠᠷ ᠲᠤᠭᠤᠰᠢᠯᠠᠭᠤᠯᠵᠥ᠂ ᠶᠡᠷᠤᠩᠬᠡᠢ ᠱᠦᠵᠢ ᠰᠢ ᠵᠢᠨ ᠫᠢᠩ᠎ᠤᠨ ᠦᠪᠤᠷ ᠮᠤᠩᠭᠤᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠪᠤᠯᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠥᠬᠡᠯᠡᠭᠴᠢᠳ᠎ᠤᠨ ᠶᠡᠭᠡ ᠬᠤᠷᠡᠯ᠎ᠤᠨ ᠠᠩᠬᠠᠳᠤᠭ᠋ᠠᠷ ᠬᠤᠷᠡᠯ᠎ᠤᠨ ᠦᠪᠤᠷ ᠮᠤᠩᠭᠤᠯ᠎ᠤᠨ ᠲᠦᠯᠥᠬᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠤᠷᠤᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠬᠦᠨᠵᠡᠬᠡᠢ ᠲᠤᠭᠤᠰᠢᠯᠠᠭᠤᠯᠵᠥ᠂ 《ᠲᠠᠪᠤ ᠵᠢ ᠨᠢᠬᠡ ᠴᠤᠭᠴᠠᠵᠢᠭᠤᠯᠬᠤ》 ᠶᠡᠷᠤᠩᠬᠡᠢ ᠪᠠᠶ᠋ᠢᠷᠢᠰᠢᠭᠤᠯᠤᠯᠳᠠ ᠵᠢ ᠨᠢᠬᠡᠳᠤᠯᠳᠡᠢ ᠲᠦᠯᠥᠪᠵᠢᠬᠦᠯᠥᠨ ᠠᠬᠢᠭᠤᠯᠬᠤ ᠪᠠ 《ᠲᠦᠷᠪᠡᠨ ᠪᠦᠬᠦ ᠲᠡᠯ᠎ᠡ》 ᠵᠢᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠰᠢᠭᠤᠯᠤᠯᠳᠠ ᠵᠢ ᠵᠤᠬᠢᠴᠠᠭᠤᠯᠤᠨ ᠠᠬᠢᠭᠤᠯᠬᠤ ᠵᠢᠨ ᠲᠤᠭᠤᠷᠢᠨ᠎ᠳᠤ᠂ ᠰᠢᠨ᠎ᠡ ᠬᠦᠭᠵᠢᠯᠳᠡ ᠵᠢᠨ ᠣᠢ᠌ᠯᠠᠭ᠋ᠠᠬᠳᠠᠬᠤᠨᠢ ᠪᠠᠷᠢᠮᠳᠠᠯᠠᠵᠥ᠂ ᠬᠦᠬᠡᠮᠳᠦᠭ ᠨᠤᠭᠤᠭ᠋ᠠᠨ ᠠᠭᠤᠯᠠ ᠤᠰᠤ ᠪᠤᠯ ᠲᠠᠷᠤᠢ ᠠᠯᠳᠠ ᠮᠥᠩᠬᠦᠨ ᠠᠭᠤᠯᠠ ᠮᠥᠨ ᠬᠡᠬᠦ ᠣᠢ᠌ᠯᠠᠭ᠋ᠠᠬᠳᠠᠬᠤᠨᠢ ᠪᠠᠳᠤ ᠪᠠᠬᠢ ᠪᠤᠢ ᠪᠤᠯᠭ᠋ᠠᠨ ᠦᠢ᠍ᠯᠡᠳᠦᠯᠬᠡᠵᠢᠬᠦᠯᠵᠥ᠂ ᠡᠬᠢ ᠪᠠᠶᠠᠯᠢᠭ ᠤᠷᠴᠢᠨ ᠲᠤᠭᠤᠷᠢᠨ᠎ᠤ ᠲᠠᠭ᠋ᠠᠭ᠋ᠠᠬᠤ ᠴᠢᠳᠠᠪᠤᠷᠢ᠎ᠪᠠᠷ ᠰᠠᠭᠤᠷᠢ ᠪᠠᠷᠢᠮᠵᠢᠶ᠎ᠠ ᠪᠤᠯᠭ᠋ᠠᠵᠥ᠂ ᠮᠠᠯ ᠠᠵᠤ ᠠᠬᠤᠢ ᠲᠠᠷᠢᠶᠠᠯᠠᠩ᠎ᠤᠨ ᠬᠠᠩᠭ᠋ᠠᠯᠭ᠎ᠠ ᠵᠢᠨ ᠲᠠᠯ᠎ᠠ ᠵᠢᠨ ᠪᠦᠳᠦᠴᠡ ᠵᠢᠨ ᠴᠢᠨᠠᠷᠳᠠᠢ ᠦᠬᠡᠷᠡᠴᠢᠯᠡᠯᠳᠡ ᠵᠢ ᠠᠬᠢᠭᠤᠯᠬᠤ᠎ᠪᠠᠷ ᠭᠤᠤᠯ ᠰᠢᠵᠢᠮ ᠵᠶ᠋ᠠᠨ ᠪᠤᠯᠭ᠋ᠠᠵᠥ᠂ ᠬᠦᠳᠡᠭᠡ ᠲᠤᠰᠬᠤᠨ᠎ᠢ ᠬᠦᠭᠵᠢᠬᠦᠯᠥᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠲᠦᠷᠬᠡᠳᠬᠡᠨ ᠬᠡᠷᠡᠭᠵᠢᠬᠦᠯᠵᠥ᠂ ᠮᠠᠯ ᠠᠵᠥ ᠠᠬᠤᠢ ᠲᠠᠷᠢᠶᠠᠯᠠᠩ᠎ᠤᠨ ᠬᠡᠯᠪᠡᠷᠢ ᠵᠢ ᠬᠤᠪᠢᠷᠡᠭᠤᠯᠤᠨ ᠲᠡᠰ ᠲᠡᠪᠰᠢᠬᠦ ᠵᠢ ᠠᠬᠢᠭᠤᠯᠵᠥ᠂ ᠬᠦᠮᠥᠨ ᠪᠠᠶ᠋ᠢᠭ᠋ᠠᠯᠢ ᠡᠶ᠎ᠡ ᠵᠤᠬᠢᠴᠠᠩᠭᠤᠢ᠎ᠪᠠᠷ ᠬᠠᠮᠳᠤ᠎ᠪᠠᠷ ᠤᠷᠤᠰᠢᠭᠰᠠᠠ ᠮᠠᠯ ᠠᠵᠤ ᠠᠬᠤᠢ ᠲᠠᠷᠢᠶᠠᠯᠠᠩ᠎ᠤᠨ ᠰᠢᠨ᠎ᠡ ᠪᠠᠶ᠋ᠢᠷᠢᠰᠢᠯ᠎ᠢ ᠬᠦᠴᠦᠯᠡᠨ ᠪᠠᠶ᠋ᠢᠭᠤᠯᠵᠥ᠂ ᠪᠤᠬᠢᠷᠳᠤᠯ ᠦᠭᠡᠢ ᠦᠢ᠍ᠯᠡᠳᠪᠤᠷᠢᠯᠡᠯ᠎ᠤᠨ ᠠᠷᠭ᠎ᠠ ᠬᠡᠯᠪᠡᠷᠢ ᠪᠤᠯᠤᠨ ᠠᠮᠢᠳᠤᠷᠠᠯ᠎ᠤᠨ ᠠᠷᠭ᠎ᠠ ᠬᠡᠯᠪᠡᠷᠢ ᠵᠢᠨ ᠪᠦᠷᠢᠯᠳᠦᠬᠦ ᠵᠢ ᠠᠬᠢᠭᠤᠯᠵᠥ᠂ ᠮᠠᠯ ᠠᠵᠤ ᠠᠬᠤᠢ ᠲᠠᠷᠢᠶᠠᠯᠠᠩ᠎ᠤᠨ ᠬᠦᠴᠦᠷᠬᠡᠭᠵᠢᠯ᠂ ᠮᠠᠯᠴᠢᠨ ᠲᠠᠷᠢᠶᠠᠴᠢᠨ᠎ᠤ ᠪᠠᠶᠠᠵᠢᠯ᠂ ᠬᠦᠳᠡᠭᠡ ᠲᠤᠰᠬᠤᠨ ᠮᠠᠯᠵᠢᠬᠤ ᠤᠷᠤᠨ᠎ᠤ ᠭᠤᠶᠤᠵᠢᠯᠢ ᠪᠡᠶᠡᠯᠡᠬᠦᠯᠵᠥ᠂ ᠴᠢᠨᠡᠭᠡᠯᠢᠭ ᠨᠡᠶ᠋ᠢᠬᠡᠮ᠎ᠢ ᠪᠦᠬᠦ ᠲᠡᠯ᠎ᠡ᠎ᠪᠠᠷ ᠪᠡᠶᠡᠯᠡᠬᠦᠯᠬᠦ ᠰᠢᠢ᠍ᠳᠪᠤᠷᠢᠳᠤ ᠢᠯᠠᠯᠳᠠ ᠵᠢ ᠤᠯᠬᠤ᠂ ᠤᠳᠤᠬᠢᠴᠢᠯᠠᠭᠰᠠᠠ ᠦᠪᠤᠷ ᠮᠤᠩᠭᠤᠯ᠎ᠢ ᠪᠦᠳᠦᠬᠡᠨ ᠪᠠᠶ᠋ᠢᠭᠤᠯᠬᠤ᠎ᠳᠤ ᠬᠦᠴᠦᠳᠠᠢ ᠲᠤᠯᠭ᠋ᠠᠭᠤᠷᠢᠯᠠᠯ ᠬᠠᠩᠭ᠋ᠠᠨ᠎ᠠ᠃
(ᠬᠤᠶᠠᠷ) ᠬᠠᠷᠠᠯᠳᠡ ᠡᠬᠦᠷᠬᠡ
ᠡᠬᠢ ᠪᠠᠶᠠᠯᠢᠭ᠎ᠤᠨ ᠠᠰᠢᠬᠯᠠᠯᠳᠠ ᠵᠢ ᠨᠡᠩ ᠦᠨᠳᠤᠷ ᠦᠷ᠎ᠡ ᠪᠦᠳᠦᠮᠵᠢᠳᠡᠢ ᠪᠤᠯᠭ᠋ᠠᠨ᠎ᠠ᠃ 2020 ᠤᠨ ᠪᠤᠯᠬᠤ᠎ᠳᠤ᠂ 1.15 ᠳ᠋ᠦᠩᠰᠢᠭᠤᠷ ᠮᠦ᠍ ᠵᠢᠨ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠪᠠᠳᠤ ᠰᠡᠬᠢᠵᠥ᠂ ᠦᠨᠳᠦᠰᠦᠨ ᠨᠤᠳᠤᠭ ᠪᠡᠯᠴᠢᠬᠡᠷ᠎ᠤᠨ ᠬᠡᠮᠵᠢᠶ᠎ᠡ ᠵᠢ 8.84 ᠳ᠋ᠦᠩᠰᠢᠭᠤᠷ ᠮᠦ᠍᠎ᠠᠴᠠ ᠲᠤᠤᠷ᠎ᠡ ᠪᠠᠶ᠋ᠢᠯᠭ᠋ᠠᠬᠤ ᠦᠬᠡᠢ ᠪᠠᠶ᠋ᠢᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠲᠤᠮᠳᠠᠴᠢ᠎ᠪᠠᠷ 2015 ᠤᠨ᠎ᠤ᠎ᠬᠢ᠎ᠠᠴᠠ 0.5 ᠲᠡᠰ ᠲᠡᠭᠡᠭᠰᠢᠯᠡᠬᠦᠯᠵᠥ᠂ ᠲᠠᠷᠢᠶᠠᠨ ᠭᠠᠵᠠᠷ᠎ᠤᠨ ᠤᠰᠤᠯᠠᠯᠳᠠ ᠵᠢᠨ ᠪᠦᠳᠦᠮᠵᠢᠳᠡᠢ ᠠᠰᠢᠬᠯᠠᠯᠳᠠ ᠵᠢᠨ ᠢᠯᠡᠳᠬᠡᠮᠵᠢ ᠵᠢ 0.55 ᠲᠡᠭᠡᠭᠰᠢᠯᠡᠬᠦᠯᠥᠨ᠎ᠡ᠃ 2030 ᠤᠨ ᠪᠤᠯᠬᠤ᠎ᠳᠤ᠂ ᠪᠦᠬᠦ ᠤᠷᠤᠨ᠎ᠤ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠲᠦᠪᠰᠢᠨ᠂ ᠨᠤᠳᠤᠭ ᠪᠡᠯᠴᠢᠬᠡᠷ᠎ᠤᠨ ᠠᠮᠢ ᠠᠬᠤᠢ ᠵᠢᠨ ᠶᠠᠰᠤ ᠴᠢᠨᠠᠷ ᠪᠤᠯᠤᠨ ᠮᠠᠯ ᠠᠵᠤ ᠠᠬᠤᠢ ᠲᠠᠷᠢᠶᠠᠯᠠᠩ᠎ᠤᠨ ᠤᠰᠤ ᠬᠡᠷᠡᠭᠯᠡᠬᠦ ᠠᠰᠢᠬᠯᠡᠮᠵᠢ ᠵᠢ ᠴᠢᠨᠠᠭᠰᠢᠳᠠ ᠲᠡᠭᠡᠭᠰᠢᠯᠡᠬᠦᠯᠥᠨ᠎ᠡ᠃
ᠭᠠᠷᠤᠯᠳᠠ ᠵᠢᠨ ᠭᠠᠵᠠᠷ᠎ᠤᠨ ᠤᠷᠴᠢᠨ ᠲᠤᠭᠤᠷᠢᠨ᠎ᠢ ᠤᠯᠠᠮ ᠴᠡᠪᠡᠷᠰᠢᠬᠦᠯᠥᠨᠡ᠃ 2020 ᠤᠨ ᠪᠤᠯᠬᠤ᠎ᠳᠤ ᠪᠦᠬᠦ ᠤᠷᠤᠨ᠎ᠤ ᠬᠢᠮᠢ ᠵᠢᠨ ᠪᠤᠷᠳᠤᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠵᠢᠨ ᠰᠦᠬᠡᠷᠬᠦ ᠨᠡᠮᠡᠭᠳᠡᠯ᠎ᠢ ᠪᠠᠳᠤᠯᠠᠵᠥ᠂ ᠬᠢᠮᠢ ᠵᠢᠨ ᠪᠤᠷᠳᠤᠭᠤᠷ᠂ ᠲᠠᠷᠢᠶᠠᠨ ᠡᠮ᠎ᠤᠨ ᠠᠰᠢᠬᠯᠠᠯᠳᠠ ᠵᠢᠨ ᠨᠤᠷᠮ᠎ᠡ ᠵᠢ 40%᠎ᠳᠤ ᠬᠦᠷᠬᠡᠵᠥ᠂ ᠡᠰᠢ ᠰᠦᠷᠡᠯ᠎ᠤᠨ ᠠᠰᠢᠬᠯᠠᠯᠳᠠ ᠵᠢᠨ ᠨᠤᠷᠮ᠎ᠡ ᠵᠢ 85%᠎ᠳᠤ ᠬᠦᠷᠬᠡᠵᠥ᠂ ᠮᠠᠯ ᠵᠢᠬᠦᠷᠳᠡᠨ᠎ᠤ ᠢᠯᠭ᠋ᠠᠳᠠᠰᠤ ᠵᠢᠨ ᠶᠡᠷᠤᠩᠬᠡᠶ᠋ᠢᠯᠡᠭᠰᠡᠡ ᠠᠰᠢᠬᠯᠠᠯᠳᠠ ᠵᠢᠨ ᠨᠤᠷᠮ᠎ᠡ ᠵᠢ 75%᠎ᠠᠴᠠ ᠲᠡᠭᠡᠭᠰᠢ᠎ᠳᠤ ᠬᠦᠷᠬᠡᠵᠥ᠂ ᠲᠠᠷᠢᠶᠠᠯᠠᠩ᠎ᠤᠨ ᠨᠢᠮᠬᠡᠨ ᠰᠦᠯᠢᠶᠤᠤ ᠪᠦᠷᠬᠦᠪᠴᠢ ᠵᠢᠨ ᠬᠤᠷᠢᠶᠡᠨ ᠠᠪᠬᠤ ᠨᠤᠷᠮ᠎ᠡ ᠵᠢ 80%᠎ᠳᠤ ᠬᠦᠷᠬᠡᠨ᠎ᠡ᠃ 2030 ᠤᠨ ᠪᠤᠯᠬᠤ᠎ᠳᠤ᠂ ᠬᠢᠮᠢ ᠵᠢᠨ ᠪᠤᠷᠳᠤᠭᠤᠷ᠂ ᠲᠠᠷᠢᠶᠠᠨ ᠡᠮ᠎ᠤᠨ ᠠᠰᠢᠬᠯᠠᠯᠳᠠ ᠵᠢᠨ ᠨᠤᠷᠮ᠎ᠡ ᠵᠢ ᠲᠡᠭᠡᠭᠰᠢᠯᠡᠬᠦᠯᠵᠥ᠂ ᠮᠠᠯ ᠠᠵᠤ ᠠᠬᠤᠢ ᠲᠠᠷᠢᠶᠠᠯᠠᠩ᠎ᠤᠨ ᠬᠠᠶᠠᠭᠳᠠᠮᠠᠯ ᠡᠳ᠋᠎ᠢ ᠪᠦᠬᠦ ᠪᠠᠶᠠᠯᠢᠬ᠍ᠵᠢᠭᠤᠯᠤᠨ ᠠᠰᠢᠬᠯᠠᠬᠤ ᠵᠢ ᠪᠡᠶᠡᠯᠡᠬᠦᠯᠥᠨ᠎ᠡ᠃
ᠠᠮᠢ ᠠᠬᠤᠢ ᠵᠢᠨ ᠰᠢᠰᠲ᠋ᠧᠮ᠎ᠢ ᠤᠯᠠᠮ ᠲᠤᠭᠳᠠᠭᠤᠨ ᠪᠤᠯᠭ᠋ᠠᠨ᠎ᠠ᠃ 2020 ᠤᠨ ᠪᠤᠯᠬᠤ᠎ᠳᠤ᠂ ᠪᠦᠬᠦ ᠤᠷᠤᠨ᠎ᠤ ᠤᠢ ᠰᠢᠭᠤᠢ ᠵᠢᠨ ᠪᠦᠷᠬᠦᠴᠡ ᠵᠢᠨ ᠨᠤᠷᠮ᠎ᠡ ᠵᠢ 23%᠎ᠠᠴᠠ ᠲᠡᠭᠡᠭᠰᠢ᠎ᠳᠤ ᠬᠦᠷᠬᠡᠵᠥ᠂ ᠨᠤᠭᠤ ᠭᠠᠵᠠᠷ᠎ᠤᠨ ᠲᠠᠯᠠᠪᠠᠢ ᠵᠢ 9000 ᠲᠦᠮᠡᠨ ᠮᠦ᠍᠎ᠠᠴᠠ ᠲᠤᠤᠷ᠎ᠡ ᠦᠭᠡᠢ ᠪᠠᠶ᠋ᠢᠯᠭ᠋ᠠᠵᠥ᠂ ᠦᠨᠳᠦᠰᠦᠨ ᠲᠠᠷᠢᠶᠠᠨ ᠭᠠᠵᠠᠷ᠎ᠢ ᠤᠢ ᠰᠢᠭᠤᠢ ᠵᠢᠨ ᠲᠤᠤᠷ ᠵᠶ᠋ᠠᠷ ᠡᠵᠡᠮᠳᠡᠬᠦ ᠵᠢ ᠦᠨᠳᠦᠰᠦᠨ᠎ᠳᠡᠭᠡᠨ ᠪᠡᠶᠡᠯᠡᠬᠦᠯᠵᠥ᠂ ᠨᠤᠳᠤᠭ ᠪᠡᠯᠴᠢᠬᠡᠷ᠎ᠤᠨ ᠶᠡᠷᠤᠩᠬᠡᠶ᠋ᠢᠯᠡᠭᠰᠡᠡ ᠤᠷᠭᠤᠮᠠᠯ᠎ᠤᠨ ᠪᠦᠷᠬᠦᠴᠡ ᠵᠢ 45%᠎ᠳᠤ ᠬᠦᠷᠬᠡᠨ᠎ᠡ᠃ 2030 ᠤᠨ ᠪᠤᠯᠬᠤ᠎ᠳᠤ ᠲᠠᠷᠢᠶᠠᠨ ᠭᠠᠵᠠᠷ᠂ ᠨᠤᠳᠤᠭ ᠪᠡᠯᠴᠢᠬᠡᠷ᠂ ᠤᠢ ᠰᠢᠭᠤᠢ᠂ ᠨᠤᠭᠤ ᠭᠠᠵᠠᠷ᠂ ᠤᠰᠤᠨ ᠤᠷᠤᠨ᠎ᠤ ᠠᠮᠢ ᠠᠬᠤᠢ ᠵᠢᠨ ᠰᠢᠰᠲ᠋ᠧᠮ᠎ᠢ ᠴᠢᠨᠠᠭᠰᠢᠳᠠ ᠰᠠᠶ᠋ᠢᠵᠢᠷᠠᠭᠤᠯᠤᠨᠡ᠃
ᠪᠤᠬᠢᠷᠳᠤᠯ ᠦᠭᠡᠢ ᠬᠠᠩᠭ᠋ᠠᠯᠭ᠎ᠠ ᠵᠢᠨ ᠴᠢᠳᠠᠪᠤᠷᠢ ᠵᠢ ᠲᠤᠭᠳᠠᠭᠤᠨ ᠵᠶ᠋ᠠᠷ ᠲᠡᠭᠡᠭᠰᠢᠯᠡᠬᠦᠯᠥᠨ᠎ᠡ᠃ 2020 ᠤᠨ ᠪᠤᠯᠬᠤ᠎ᠳᠤ᠂ ᠪᠦᠬᠦ ᠤᠷᠤᠨ᠎ᠤ ᠠᠮᠤ ᠪᠤᠳᠠᠭ᠋ᠠᠨ᠎ᠤ ᠶᠡᠷᠤᠩᠬᠡᠶ᠋ᠢᠯᠡᠭᠰᠡᠡ ᠦᠢ᠍ᠯᠡᠳᠪᠤᠷᠢᠯᠡᠯ᠎ᠤᠨ ᠴᠢᠳᠠᠪᠤᠷᠢ ᠵᠢ 2750 ᠲᠦᠮᠡᠨ ᠲᠤᠨ ᠤᠷᠴᠢᠮ᠎ᠳᠤ ᠲᠤᠭᠳᠠᠪᠤᠷᠢᠵᠢᠭᠤᠯᠵᠥ᠂ ᠮᠢᠬᠠᠨ᠎ᠤ ᠲᠦᠷᠦᠯ᠎ᠤᠨ ᠶᠡᠷᠤᠩᠬᠡᠢ ᠭᠠᠷᠭ᠋ᠠᠯᠳᠠ ᠵᠢ 280 ᠭᠠᠷᠤᠢ ᠲᠦᠮᠡᠨ ᠲᠤᠨ᠎ᠳᠤ ᠬᠦᠷᠬᠡᠵᠥ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠳᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ ᠪᠤᠯᠤᠨ ᠲᠦᠷᠦᠯ ᠲᠡᠮᠳᠡᠭᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠳᠦᠭᠡᠭᠳᠡᠬᠦᠨ᠎ᠤ ᠬᠠᠷᠢᠴᠠᠯ᠎ᠢ ᠢᠯᠡᠳᠳᠡ ᠲᠡᠭᠡᠭᠰᠢᠯᠡᠬᠦᠯᠵᠥ᠂ ᠵᠤᠭ᠎ᠠ ᠰᠡᠯᠡᠬᠦᠴᠡᠯ᠎ᠤᠨ ᠮᠠᠯ ᠠᠵᠥ ᠠᠬᠤᠢ ᠲᠠᠷᠢᠶᠠᠯᠠᠩ ᠪᠤᠯᠤᠨ ᠬᠦᠳᠡᠭᠡ ᠲᠤᠰᠬᠤᠨ ᠮᠠᠯᠵᠢᠬᠤ ᠤᠷᠤᠨ᠎ᠤ ᠵᠢᠭᠤᠯᠴᠢᠯᠠᠯ᠎ᠢ ᠲᠦᠷᠬᠡᠳᠬᠡᠨ ᠬᠦᠭᠵᠢᠬᠦᠯᠥᠨ᠎ᠡ᠃ 2030 ᠤᠨ ᠪᠤᠯᠬᠤ᠎ᠳᠤ᠂ ᠮᠠᠯ᠎ᠤᠨ ᠠᠰᠢᠬ ᠰᠢᠮ᠎ᠡ ᠲᠠᠷᠢᠶᠠᠯᠠᠩ᠎ᠤᠨ ᠪᠦᠳᠦᠬᠡᠭᠳᠡᠬᠦᠨ᠎ᠤ ᠬᠠᠩᠭ᠋ᠠᠯᠭ᠎ᠠ ᠵᠢ ᠤᠯᠠᠮ ᠴᠢᠨᠠᠷ ᠰᠠᠶ᠋ᠢᠳᠠᠢ ᠠᠮᠤᠷ ᠲᠦᠪᠰᠢᠨ ᠪᠤᠯᠭ᠋ᠠᠵᠥ᠂ ᠮᠠᠯ ᠠᠵᠤ ᠠᠬᠤᠢ ᠲᠠᠷᠢᠶᠠᠯᠠᠩ᠎ᠤᠨ ᠠᠮᠢ ᠠᠬᠤᠢ ᠵᠢᠨ ᠦᠢ᠍ᠯᠡᠴᠢᠯᠡᠬᠡᠨ᠎ᠤ ᠴᠢᠳᠠᠪᠤᠷᠢ ᠵᠢ ᠴᠢᠨᠠᠭᠰᠢᠳᠠ ᠲᠡᠭᠡᠭᠰᠢᠯᠡᠬᠦᠯᠥᠨ᠎ᠡ᠃
ᠬᠤᠶᠠᠷ᠂ ᠮᠠᠯ ᠠᠵᠤ ᠠᠬᠤᠢ ᠲᠠᠷᠢᠶᠠᠯᠠᠩ᠎ᠤᠨ ᠭᠤᠤᠯ ᠴᠤᠭᠴᠠ ᠵᠢᠨ ᠴᠢᠳᠡᠮᠵᠢ ᠪᠤᠯᠤᠨ ᠤᠷᠤᠨ ᠵᠠᠢ ᠵᠢᠨ ᠪᠠᠶ᠋ᠢᠷᠢᠰᠢᠯ᠎ᠢ ᠰᠢᠯᠢᠳᠡᠭᠵᠢᠬᠦᠯᠥᠨᠡ
(ᠭᠤᠷᠪᠠ) ᠮᠠᠯ ᠠᠵᠤ ᠠᠬᠤᠢ ᠲᠠᠷᠢᠶᠠᠯᠠᠩ᠎ᠤᠨ ᠴᠢᠳᠠᠮᠵᠢᠳᠤ ᠤᠷᠤᠨ᠎ᠤ ᠲᠦᠷᠢᠮ᠎ᠢ ᠬᠡᠷᠡᠭᠵᠢᠬᠦᠯᠤᠨ᠎ᠡ᠃ ᠭᠤᠤᠯ ᠴᠤᠬ᠍ᠴᠠ ᠵᠢᠨ ᠴᠢᠳᠠᠮᠵᠢᠳᠤ ᠤᠷᠤᠨ᠎ᠤ ᠪᠠᠶ᠋ᠢᠯᠳᠤᠬᠤ ᠪᠤᠳᠤᠯᠭ᠎ᠠ ᠵᠢ ᠶᠡᠭᠡ᠎ᠪᠠᠷ ᠬᠡᠷᠡᠭᠵᠢᠬᠦᠯᠵᠤ᠂ ᠮᠠᠯ ᠠᠵᠤ ᠠᠬᠤᠢ ᠲᠠᠷᠢᠶᠠᠯᠠᠩ᠎ᠤᠨ ᠴᠢᠳᠠᠮᠵᠢᠳᠤ ᠤᠷᠤᠨ᠎ᠤ ᠲᠦᠷᠢᠮ᠎ᠢ ᠨᠠᠶ᠋ᠢᠳᠠᠪᠤᠷᠢᠵᠢᠭᠤᠯᠤᠨ᠎ᠠ᠃ ᠠᠮᠤ ᠪᠤᠳᠠᠭ᠋ᠠᠨ᠎ᠤ ᠦᠢ᠍ᠯᠡᠳᠪᠤᠷᠢᠯᠡᠯ᠎ᠤᠨ ᠴᠢᠳᠠᠮᠵᠢᠳᠤ ᠤᠷᠤᠨ ᠪᠤᠯᠤᠨ ᠴᠢᠬᠤᠯᠠ ᠲᠠᠷᠢᠶᠠᠯᠠᠩ᠎ᠤᠨ ᠪᠦᠳᠦᠭᠡᠭᠳᠡᠬᠦᠨ᠎ᠤ ᠦᠢ᠍ᠯᠡᠳᠪᠤᠷᠢᠯᠡᠯ᠎ᠤᠨ ᠬᠠᠮᠠᠭ᠋ᠠᠯᠠᠯᠳᠠ ᠵᠢᠨ ᠤᠷᠤᠨ᠎ᠢ ᠵᠠᠭ᠋ᠠᠬᠯᠠᠨ ᠲᠤᠬᠳᠠᠭ᠋ᠠᠬᠤ ᠡᠬᠦᠷᠭᠡ ᠵᠢ ᠪᠠᠶᠠᠯᠡᠬᠦᠯᠵᠤ᠂ ᠤᠨᠴᠠᠯᠢᠬᠳᠤ ᠲᠠᠷᠢᠶᠠᠯᠠᠩ᠎ᠤᠨ ᠪᠦᠳᠦᠭᠡᠭᠳᠡᠬᠦᠨ᠎ᠤ ᠲᠠᠪᠠᠭᠤᠯᠢᠭ᠎ᠲᠠᠢ ᠤᠷᠤᠨ᠎ᠤ ᠪᠦᠳᠦᠭᠡᠨ ᠪᠠᠶ᠋ᠢᠭᠤᠯᠤᠯᠳᠠ ᠵᠢ ᠲᠦᠷᠭᠡᠳᠭᠡᠨ᠎ᠡ᠃ ᠮᠠᠯ ᠠᠵᠤ ᠠᠬᠤᠢ ᠲᠠᠷᠢᠶᠠᠯᠠᠩ᠎ᠤᠨ ᠤᠷᠤᠨ ᠪᠦᠰᠡ ᠵᠢᠨ ᠪᠠᠶ᠋ᠢᠷᠢᠰᠢᠭᠤᠯᠤᠯᠳᠠ ᠵᠢ ᠰᠢᠯᠢᠳᠡᠭᠵᠢᠬᠦᠯᠵᠤ᠂ ᠵᠡᠬᠦᠨ ᠤᠷᠤᠨ᠎ᠤ ᠡᠷᠳᠡᠨᠢ ᠰᠢᠰᠢ ᠵᠢᠨ ᠲᠠᠪᠠᠭᠤᠯᠢᠭᠳᠤ ᠠᠵᠤ ᠦᠢ᠍ᠯᠡᠰ᠎ᠤᠨ ᠪᠦᠰᠡ ᠬᠢᠭᠡᠳ ᠪᠠᠷᠠᠭᠤᠨ ᠤᠷᠤᠨ᠎ᠤ ᠬᠠᠳᠤᠨ ᠭᠤᠤᠯ᠎ᠤᠨ ᠤᠰᠤᠯᠠᠯᠳᠠ ᠵᠢᠨ ᠤᠷᠤᠨ᠎ᠤ ᠡᠷᠳᠡᠨᠢ ᠰᠢᠰᠢ ᠵᠢᠨ ᠲᠠᠪᠠᠭᠤᠯᠢᠭᠳᠤ ᠠᠵᠤ ᠦᠢ᠍ᠯᠡᠰ᠎ᠤᠨ ᠪᠦᠰᠡ᠂ ᠬᠠᠳᠤᠨ ᠭᠤᠤᠯ᠎ᠤᠨ ᠤᠰᠤᠯᠠᠯᠳᠠ ᠵᠢᠨ ᠤᠷᠤᠨ ᠲᠠᠭ᠋ᠠᠤ ᠵᠢᠨ ᠴᠢᠨᠠᠷ ᠰᠠᠶ᠋ᠢᠳᠠᠢ ᠪᠤᠭᠤᠳᠠᠢ ᠵᠢᠨ ᠲᠠᠪᠠᠭᠤᠯᠢᠭᠳᠤ ᠤᠷᠤᠨ᠂ ᠮᠤᠨᠢ ᠠᠭᠤᠯᠠ ᠵᠢᠨ ᠠᠷᠤ ᠬᠤᠷᠮᠤᠢ ᠵᠢᠨ ᠲᠦᠮᠤᠰᠤ ᠵᠢᠨ ᠲᠠᠪᠠᠭᠤᠯᠢᠭᠳᠤ ᠤᠷᠤᠨ᠂ ᠵᠡᠬᠦᠨ ᠬᠤᠶ᠋ᠢᠳᠤ ᠵᠢᠨ ᠲᠤᠰᠤ ᠶᠡᠭᠡᠳᠠᠢ ᠤᠭᠤᠷᠠᠭ ᠡᠯᠪᠡᠭ ᠰᠢᠷ᠎ᠡ ᠪᠤᠷᠴᠠᠭ᠎ᠤᠨ ᠲᠠᠪᠠᠭᠤᠯᠢᠭᠳᠤ ᠤᠷᠤᠨ᠂ ᠵᠡᠬᠦᠨ ᠲᠦᠷᠪᠡᠨ ᠠᠶ᠋ᠢᠮᠠᠭ ᠬᠤᠳᠠ ᠵᠢᠨ ᠴᠢᠨᠠᠷ ᠰᠠᠶ᠋ᠢᠳᠠᠢ ᠲᠤᠳᠤᠷᠭ᠎ᠠ ᠵᠢᠨ ᠲᠠᠪᠠᠭᠤᠯᠢᠭᠳᠤ ᠤᠷᠤᠨ᠎ᠤ 《ᠬᠤᠶᠠᠷ ᠪᠦᠰᠡ ᠲᠦᠷᠪᠡᠨ ᠤᠷᠤᠨ》᠎ᠤ ᠪᠦᠳᠦᠭᠡᠨ ᠪᠠᠶ᠋ᠢᠭᠤᠯᠤᠯᠳᠠ ᠵᠢ ᠭᠤᠤᠯᠳᠠᠯᠭ᠎ᠠ᠎ᠲᠠᠢ ᠠᠬᠢᠭᠤᠯᠤᠨ᠎ᠡ; ᠨᠤᠨ ᠮᠦᠷᠡᠨ᠂ ᠪᠠᠷᠠᠭᠤᠨ ᠯᠢᠶᠤᠤ ᠾᠧ ᠭᠤᠤᠯ᠂ ᠬᠠᠳᠤᠨ ᠭᠤᠤᠯ ᠭᠤᠷᠪᠡᠨ ᠶᠡᠭᠡ ᠰᠠᠪᠠ ᠭᠠᠵᠠᠷ ᠪᠤᠯᠤᠨ ᠬᠦᠯᠤᠨ ᠪᠤᠶ᠋ᠢᠷ᠂ ᠰᠢᠯᠢ ᠵᠢᠨ ᠭᠤᠤᠯ ᠬᠤᠶᠠᠷ ᠶᠡᠭᠡ ᠲᠠᠯ᠎ᠡ ᠨᠤᠳᠤᠭ ᠵᠡᠷᠭᠡ 《ᠲᠠᠪᠤᠨ ᠶᠡᠭᠡ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠬᠦᠯᠬᠦ ᠤᠷᠤᠨ ᠪᠦᠰᠡ》 ᠵᠢᠨ ᠪᠦᠳᠦᠭᠡᠨ ᠪᠠᠶ᠋ᠢᠭᠤᠯᠤᠯᠳᠠ᠂ ᠲᠠᠯ᠎ᠡ ᠨᠤᠳᠤᠭ᠎ᠤᠨ ᠮᠠᠯᠵᠢᠬᠤ ᠤᠷᠤᠨ᠂ ᠬᠠᠭ᠋ᠠᠰ ᠮᠠᠯᠵᠢᠬᠤ ᠬᠠᠭ᠋ᠠᠰ ᠲᠠᠷᠢᠶᠠᠯᠠᠬᠤ ᠤᠷᠤᠨ᠎ᠤ 《ᠭᠤᠷᠪᠡᠨ ᠶᠡᠭᠡ ᠮᠢᠬᠠᠨ᠎ᠤ ᠬᠤᠨᠢ ᠲᠡᠵᠢᠭᠡᠨ ᠦᠷᠡᠵᠢᠬᠦᠯᠬᠦ ᠤᠷᠤᠨ》᠎ᠤ ᠪᠦᠳᠦᠭᠡᠨ ᠪᠠᠶ᠋ᠢᠭᠤᠯᠤᠯᠳᠠ᠂ ᠲᠤᠮᠳᠠ ᠵᠡᠬᠦᠨ ᠪᠠᠶ᠎ᠠ ᠵᠢᠨ ᠤᠯᠠᠮᠵᠢᠯᠠᠯᠳᠤ ᠮᠢᠬᠠᠨ᠎ᠤ ᠦᠬᠡᠷ ᠲᠡᠵᠢᠭᠡᠨ ᠦᠷᠡᠵᠢᠬᠦᠯᠬᠦ ᠤᠷᠤᠨ ᠪᠠ ᠪᠠᠷᠠᠭᠤᠨ ᠪᠠᠶ᠎ᠠ ᠵᠢᠨ ᠮᠢᠬᠠᠨ᠎ᠤ ᠦᠬᠡᠷ ᠲᠡᠵᠢᠭᠡᠨ ᠦᠷᠡᠵᠢᠬᠦᠯᠬᠦ ᠤᠷᠤᠨ᠎ᠤ ᠪᠦᠳᠦᠭᠡᠨ ᠪᠠᠶ᠋ᠢᠭᠤᠯᠤᠯᠳᠠ᠂ ᠤᠷᠳᠤᠰ ᠬᠤᠳᠠ᠂ ᠪᠠᠶᠠᠨᠨᠠᠭᠤᠷ ᠬᠤᠳᠠ᠂ ᠠᠯᠠᠱ᠌ᠠ ᠠᠶ᠋ᠢᠮᠠᠭ᠎ᠤᠨ ᠦᠪᠦᠷ ᠮᠤᠩᠭᠤᠯ᠎ᠤᠨ ᠴᠠᠭ᠋ᠠᠨ ᠨᠤᠤᠯᠤᠭᠤᠷ᠎ᠳᠤ ᠢᠮᠠᠭ᠋ᠠᠨ᠎ᠤ ᠲᠠᠪᠠᠭᠤᠯᠢᠭᠳᠤ ᠤᠷᠤᠨ᠎ᠤ ᠪᠦᠳᠦᠭᠡᠨ ᠪᠠᠶ᠋ᠢᠭᠤᠯᠤᠯᠳᠠ ᠵᠢ ᠴᠢᠩᠭ᠋ᠠᠳᠬᠠᠨᠡ᠃
(ᠲᠦᠷᠪᠡ) ᠮᠠᠯ ᠠᠵᠤ ᠠᠬᠤᠢ ᠲᠠᠷᠢᠶᠠᠯᠠᠩ᠎ᠤᠨ ᠦᠢ᠍ᠯᠡᠳᠪᠤᠷᠢᠯᠡᠯ᠎ᠤᠨ ᠬᠦᠴᠦᠨ᠎ᠤ ᠪᠠᠶ᠋ᠢᠷᠢᠰᠢᠭᠤᠯᠤᠯᠳᠠ ᠵᠢ ᠰᠢᠯᠢᠳᠡᠭᠵᠢᠬᠦᠯᠤᠨ᠎ᠡ᠃ ᠤᠷᠤᠨ ᠵᠠᠢ ᠵᠢᠨ ᠪᠠᠶ᠋ᠢᠷᠢᠰᠢᠭᠤᠯᠤᠯᠳᠠ ᠵᠢᠨ ᠡᠬᠢ ᠪᠠᠶᠠᠯᠢᠭ᠎ᠤᠨ ᠪᠤᠷᠤᠭᠤ ᠲᠤᠬᠢᠷᠠᠭᠤᠯᠤᠯᠳᠠ ᠪᠤᠯᠤᠨ ᠬᠠᠨᠭ᠌ᠭ᠋ᠠᠯᠭ᠎ᠠ ᠵᠢᠨ ᠤᠷᠤᠨ ᠪᠠᠶ᠋ᠢᠷᠢ ᠵᠢᠨ ᠪᠤᠷᠤᠭᠤᠳᠠᠬᠤ ᠪᠦᠳᠦᠴᠡ ᠵᠢᠨ ᠴᠢᠨᠠᠷᠳᠠᠢ ᠵᠦᠷᠢᠴᠡᠯ᠎ᠢ ᠰᠢᠢ᠍ᠳᠪᠤᠷᠢᠯᠡᠬᠦ ᠵᠢᠨ ᠲᠤᠭᠤᠷᠢᠨ᠎ᠳᠤ ᠵᠠᠬ᠎ᠠ ᠲᠡᠯᠭᠡᠬᠦᠷ᠎ᠤᠨ ᠬᠠᠨᠭ᠌ᠭ᠋ᠠᠯᠭ᠎ᠠ ᠬᠡᠷᠡᠭᠴᠡᠭᠡ ᠪᠤᠯᠤᠨ ᠡᠬᠢ ᠪᠠᠶᠠᠯᠢᠭ᠎ᠤᠨ ᠬᠤᠮᠰᠠᠳᠠᠯ᠎ᠤᠨ ᠬᠡᠮᠵᠢᠶ᠎ᠡ ᠵᠢ ᠲᠤᠰᠬᠠᠬᠤ ᠮᠠᠯ ᠠᠵᠤ ᠠᠬᠤᠢ ᠲᠠᠷᠢᠶᠠᠯᠠᠩ᠎ᠤᠨ ᠦᠢ᠍ᠯᠡᠳᠪᠤᠷᠢᠯᠡᠯ᠎ᠤᠨ ᠬᠦᠴᠦᠨ᠎ᠤ ᠪᠠᠶ᠋ᠢᠷᠢᠰᠢᠭᠤᠯᠤᠯᠳᠠ ᠵᠢ ᠴᠢᠷᠮᠠᠶ᠋ᠢᠨ ᠪᠠᠶ᠋ᠢᠭᠤᠯᠤᠨ᠎ᠡ᠃ ᠤᠰᠤ ᠬᠦᠷᠦᠰᠤᠨᠤ ᠡᠬᠢ ᠪᠠᠶᠠᠯᠢᠭ ᠪᠤᠯᠤᠨ ᠠᠵᠤ ᠦᠢ᠍ᠯᠡᠰ᠎ᠤᠨ ᠰᠠᠭᠤᠷᠢ ᠨᠠᠯᠢᠶᠡᠳ ᠰᠠᠶ᠋ᠢᠨ ᠭᠠᠵᠠᠷ ᠤᠷᠤᠨ᠎ᠤ ᠬᠡᠪᠴᠢᠶᠠᠵᠢᠬᠦᠯᠦᠨ ᠡᠵᠡᠩᠨᠡᠬᠦ᠂ ᠤᠷᠢᠳ ᠵᠶ᠋ᠠᠷ ᠬᠦᠭᠵᠢᠬᠦᠯᠬᠦ᠂ ᠮᠠᠯ ᠠᠵᠤ ᠠᠬᠤᠢ ᠲᠠᠷᠢᠶᠠᠯᠠᠩ᠎ᠢ ᠰᠤᠯᠪᠢᠴᠠᠭᠤᠯᠬᠤ᠂ ᠭᠠᠩ ᠬᠠᠭᠤᠷᠠᠢ ᠪᠤᠶᠤ ᠬᠠᠭ᠋ᠠᠰ ᠭᠠᠩ ᠬᠠᠭᠤᠷᠠᠢ ᠭᠠᠵᠠᠷ ᠤᠷᠤᠨ᠎ᠤ ᠴᠤᠮᠬᠠᠳᠬᠠᠨ ᠰᠢᠯᠵᠢᠬᠦᠯᠬᠦ᠂ ᠲᠦᠪᠯᠡᠷᠠᠬᠦᠯᠦᠨ ᠬᠦᠭᠵᠢᠬᠦᠯᠬᠦ᠂ ᠠᠮᠢ ᠠᠬᠤᠢ ᠬᠡᠪᠡᠷᠡᠭ ᠭᠠᠵᠠᠷ ᠤᠷᠤᠨ᠎ᠤ ᠬᠠᠮᠠᠭ᠋ᠠᠯᠠᠯᠳᠠ ᠵᠢ ᠲᠠᠷᠢᠬᠦᠨ᠎ᠳᠤ ᠲᠠᠯᠪᠢᠬᠤ᠂ ᠬᠢᠵᠠᠭ᠋ᠠᠷ᠎ᠲᠠᠢ᠎ᠪᠠᠷ ᠨᠡᠭᠡᠭᠡᠨ ᠬᠦᠭᠵᠢᠬᠦᠯᠬᠦ ᠵᠢ ᠠᠬᠢᠭᠤᠯᠤᠨ᠎ᠡ᠃ ᠬᠦᠳᠡᠭᠡ ᠲᠤᠰᠬᠤᠨ ᠮᠠᠯᠵᠢᠬᠤ ᠤᠷᠤᠨ᠎ᠤ ᠲᠠᠷᠢᠬᠤ᠂ ᠲᠡᠵᠢᠭᠡᠨ ᠦᠷᠡᠵᠢᠬᠦᠯᠬᠦ᠂ ᠰᠠᠭᠤᠷᠢᠰᠢᠬᠤ ᠵᠡᠷᠭᠡ ᠴᠢᠳᠠᠮᠵᠢ ᠵᠢᠨ ᠪᠠᠶ᠋ᠢᠷᠢᠰᠢᠭᠤᠯᠤᠯᠳᠠ ᠵᠢ ᠰᠢᠯᠢᠳᠡᠭᠵᠢᠬᠦᠯᠵᠤ᠂ ᠮᠠᠯ ᠠᠵᠤ ᠠᠬᠤᠢ ᠲᠠᠷᠢᠶᠠᠯᠠᠩ᠎ᠤᠨ ᠤᠯᠠᠨ ᠵᠦᠢ᠍ᠯ᠎ᠤᠨ ᠴᠢᠳᠠᠮᠵᠢ ᠵᠢ ᠦᠷᠭᠡᠳᠭᠡᠵᠤ᠂ ᠲᠠᠷᠢᠬᠤ ᠲᠠᠵᠢᠭᠡᠨ ᠦᠷᠡᠵᠢᠬᠦᠯᠬᠦ ᠵᠢ ᠤᠶᠠᠯᠳᠤᠭᠤᠯᠤᠬᠰᠡᠨ᠂ ᠠᠮᠢ ᠠᠬᠤᠢ ᠵᠢᠨ ᠡᠷᠬᠢᠯᠳᠠ᠂ ᠤᠷᠴᠢᠨ ᠲᠤᠭᠤᠷᠢᠨ ᠭᠤᠶᠤ ᠰᠠᠶ᠋ᠢᠬᠠᠨ ᠬᠦᠳᠡᠭᠡ ᠨᠤᠳᠤᠭ᠎ᠤᠨ ᠠᠮᠢ ᠠᠬᠤᠢ ᠵᠢᠨ ᠰᠢᠰᠲᠸᠮ᠎ᠢ ᠪᠠᠶ᠋ᠢᠭᠤᠯᠤᠨ᠎ᠡ᠃ ᠪᠤᠰᠤᠳ ᠮᠤᠵᠢ ᠤᠷᠤᠨ ᠬᠤᠳᠠ᠎ᠯᠤᠭ᠎ᠠ ᠵᠢᠨ ᠤᠷᠳᠤ ᠬᠤᠭᠤᠴᠠᠭ᠋ᠠᠨ᠎ᠤ ᠲᠤᠬᠳᠠᠭᠤᠨ ᠠᠮᠤ ᠪᠤᠳᠠᠭ᠎ᠠ ᠦᠢ᠍ᠯᠡᠳᠪᠤᠷᠢᠯᠡᠨ ᠪᠤᠷᠤᠯᠠᠭᠤᠯᠬᠤ ᠬᠠᠮᠳᠤᠷᠠᠯᠴᠠᠭ᠋ᠠᠨ᠎ᠤ ᠲᠤᠬᠳᠠᠴᠠ ᠵᠢ ᠪᠠᠬᠢᠵᠢᠬᠦᠯᠤᠨ ᠬᠦᠭᠵᠢᠬᠦᠯᠵᠤ᠂ ᠠᠮᠤ ᠪᠤᠳᠠᠭ᠋ᠠᠨ᠎ᠤ ᠠᠵᠤ ᠠᠬᠤᠢ᠌ᠯᠠᠯ ᠪᠤᠯᠤᠨ ᠪᠤᠰᠤᠳ ᠮᠤᠵᠢ ᠤᠷᠤᠨ ᠬᠤᠳᠠ᠎ᠯᠤᠭ᠎ᠠ ᠠᠮᠤ ᠪᠤᠳᠠᠭ᠎ᠠ ᠲᠤᠰᠤ ᠬᠤᠳᠠᠯᠳᠤᠨ ᠠᠪᠴᠤ ᠪᠤᠷᠤᠯᠠᠭᠤᠯᠬᠤ ᠠᠵᠢᠯ᠎ᠢ ᠦᠷᠨᠢᠬᠦᠯᠵᠤ᠂ ᠤᠷᠤᠨ᠎ᠤ ᠲᠤᠳᠤᠨ᠎ᠡ ᠭᠠᠳᠠᠨᠠᠬᠢ ᠠᠮᠤ ᠪᠤᠳᠠᠭ᠎ᠠ ᠲᠤᠰᠤ ᠦᠢ᠍ᠯᠡᠳᠪᠤᠷᠢᠯᠡᠬᠦ᠂ ᠪᠤᠯᠪᠠᠰᠤᠷᠠᠭᠤᠯᠬᠤ᠂ ᠠᠷᠠᠯᠵᠢᠶ᠎ᠡ ᠬᠢᠬᠦ ᠵᠢᠨ ᠤᠨᠢᠨ ᠲᠡᠭᠡᠷ᠎ᠡ᠎ᠨᠢ ᠵᠤᠯᠭ᠋ᠠᠯᠴᠠᠬᠤ ᠵᠢ ᠲᠡᠮᠵᠢᠵᠤ᠂ ᠬᠠᠨᠭ᠌ᠭ᠋ᠠᠯᠭ᠎ᠠ ᠬᠡᠷᠡᠭᠴᠡᠭᠡ ᠵᠢᠨ ᠵᠦᠷᠢᠴᠡᠯ᠎ᠢ ᠰᠢᠢ᠍ᠳᠪᠤᠷᠢᠯᠡᠨ᠎ᠡ᠃ ᠲᠠᠷᠢᠶᠠᠯᠠᠩ᠎ᠤᠨ ᠠᠳᠠᠷ ᠬᠠᠭ᠋ᠠᠯᠪᠤᠷᠢᠯᠠᠯᠳᠠ ᠵᠢᠨ ᠨᠤᠷᠮ᠎ᠡ ᠵᠢᠨ ᠦᠯᠢᠭᠡᠷ ᠲᠠᠭᠤᠷᠢᠶᠠᠯ ᠦᠵᠡᠬᠦᠯᠬᠦ ᠵᠢ ᠵᠤᠷᠢᠬ᠍ᠵᠢᠭᠤᠯᠵᠤ᠂ ᠲᠠᠷᠢᠶᠠᠯᠠᠩ᠎ᠤᠨ ᠪᠤᠬᠢᠷᠳᠤᠯ ᠦᠭᠡᠢ ᠬᠦᠭᠵᠢᠬᠦ ᠬᠢᠷᠢ ᠲᠦᠪᠰᠢᠨ᠎ᠢ ᠲᠡᠭᠡᠭᠰᠢᠯᠡᠬᠦᠯᠤᠨ᠎ᠡ᠃ ᠶᠠᠳᠠᠭᠤ ᠬᠦᠴᠢᠷᠳᠠᠯᠳᠠᠢ ᠭᠠᠵᠠᠷ ᠤᠷᠤᠨ᠎ᠤ ᠡᠬᠢ ᠪᠠᠶᠠᠯᠢᠭ᠎ᠤᠨ ᠲᠠᠪᠠᠭᠤᠯᠢᠭ᠎ᠲᠤ ᠰᠠᠭᠤᠷᠢᠯᠠᠵᠤ᠂ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢ ᠲᠡᠷᠢᠬᠦᠨ᠎ᠳᠤ ᠲᠠᠯᠪᠢᠬᠤ ᠵᠢ ᠪᠠᠷᠢᠮᠳᠠᠯᠠᠵᠤ᠂ ᠡᠬᠢ ᠪᠠᠶᠠᠯᠢᠭ᠎ᠤᠨ ᠲᠠᠪᠠᠭᠤᠯᠢᠭ᠎ᠲᠠᠢ ᠤᠨᠴᠠᠯᠢᠬᠳᠤ ᠠᠵᠤ ᠦᠢ᠍ᠯᠡᠰ᠎ᠢ ᠭᠠᠵᠠᠷ ᠤᠷᠤᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠰᠤᠩᠭᠤᠵᠤ᠂ ᠠᠵᠤ ᠦᠢ᠍ᠯᠡᠰ ᠵᠶ᠋ᠠᠷ ᠤᠨᠢᠨ ᠲᠡᠭᠡᠷ᠎ᠡ᠎ᠨᠢ ᠶᠠᠳᠠᠭᠤ ᠵᠢ ᠲᠡᠳᠬᠦᠬᠦ ᠵᠢ ᠠᠬᠢᠭᠤᠯᠤᠨ᠎ᠡ᠃ ᠶᠠᠳᠠᠭᠤ ᠬᠦᠴᠢᠷᠳᠠᠯᠳᠠᠢ ᠭᠠᠵᠠᠷ ᠤᠷᠤᠨ᠎ᠤ ᠬᠦᠭᠵᠢᠯᠳᠠ᠎ᠳᠤ ᠭᠠᠵᠠᠷ ᠤᠷᠤᠨ᠎ᠤ ᠤᠨᠴᠠᠯᠢᠭ ᠪᠦᠬᠦᠢ ᠪᠤᠬᠢᠷᠳᠤᠯ ᠦᠭᠡᠢ ᠪᠦᠳᠦᠭᠡᠭᠳᠡᠬᠦᠨ᠎ᠢ ᠬᠦᠭᠵᠢᠬᠦᠯᠬᠦ ᠵᠢ ᠲᠠᠮᠵᠢᠵᠤ᠂ ᠠᠮᠢ ᠠᠬᠤᠢ ᠤᠷᠴᠢᠨ ᠲᠤᠭᠤᠷᠢᠨ᠎ᠤ ᠲᠠᠪᠠᠭᠤᠯᠢᠭ ᠵᠶ᠋ᠠᠨ ᠠᠵᠤ ᠦᠢ᠍ᠯᠡᠰ᠎ᠤᠨ ᠠᠵᠤ ᠠᠬᠤᠢ ᠵᠢᠨ ᠲᠠᠪᠠᠭᠤᠯᠢᠭ ᠪᠤᠯᠭ᠋ᠠᠨ ᠬᠤᠪᠢᠷᠠᠭᠤᠯᠵᠤ᠂ ᠶᠠᠳᠠᠭᠤ ᠬᠦᠴᠢᠷᠳᠠᠯᠳᠠᠢ ᠬᠦᠮᠦᠨ ᠠᠮᠠ ᠵᠢᠨ ᠶᠠᠳᠠᠭᠤ᠎ᠠᠴᠠ ᠠᠩᠭᠢᠵᠢᠷᠠᠵᠤ ᠴᠢᠨᠡᠭᠡᠯᠢᠭᠵᠢᠬᠦ ᠵᠢ ᠲᠠᠶ᠋ᠢᠴᠢᠯᠠᠨᠡ᠃
(ᠲᠠᠪᠤ) ᠮᠠᠯ ᠠᠵᠤ ᠠᠬᠤᠢ ᠲᠠᠷᠢᠶᠠᠯᠠᠩ᠎ᠤᠨ ᠡᠬᠢ ᠪᠠᠶᠠᠯᠢᠭ᠎ᠤᠨ ᠤᠷᠴᠢᠨ ᠲᠤᠭᠤᠷᠢᠨ᠎ᠤ ᠬᠠᠮᠢᠶᠠᠷᠤᠯᠳᠠ ᠡᠵᠡᠮᠳᠡᠯ᠎ᠢ ᠴᠢᠩᠭ᠋ᠠᠳᠬᠠᠨᠡ᠃ ᠲᠠᠷᠢᠶᠠᠨ ᠭᠠᠵᠠᠷ᠂ ᠨᠤᠳᠤᠭ ᠪᠡᠯᠴᠢᠭᠡᠷ᠂ ᠵᠢᠭ᠋ᠠᠰᠤᠨ ᠠᠵᠤ ᠠᠬᠤᠢ ᠵᠢᠨ ᠤᠰᠤᠨ ᠤᠷᠤᠨ᠂ ᠨᠤᠭᠤ ᠭᠠᠵᠠᠷ ᠵᠡᠷᠭᠡ ᠵᠢᠨ ᠬᠡᠷᠡᠭᠴᠡᠭᠡ ᠵᠢᠨ ᠬᠠᠮᠢᠶᠠᠷᠤᠯᠳᠠ ᠡᠵᠡᠮᠳᠡᠯ᠎ᠢ ᠴᠢᠩᠭ᠋ᠠᠳᠬᠠᠨᠡ᠃ ᠨᠠᠭᠤᠷ᠎ᠢ ᠬᠦᠷᠢᠶᠠᠯᠡᠨ ᠲᠠᠷᠢᠶ᠎ᠡ ᠭᠠᠷᠭ᠋ᠠᠬᠤ᠂ ᠨᠤᠳᠤᠭ ᠪᠡᠯᠴᠢᠭᠡᠷ᠎ᠢ ᠲᠤᠷ᠎ᠡ᠎ᠪᠠᠷ ᠵᠶ᠋ᠠᠨ ᠬᠠᠭ᠋ᠠᠯᠪᠤᠷᠢᠯᠠᠬᠤ ᠵᠡᠷᠭᠡ ᠵᠤᠬᠢᠰ ᠦᠭᠡᠢ ᠨᠡᠭᠡᠭᠡᠨ ᠬᠦᠭᠵᠢᠬᠦᠯᠵᠤ ᠪᠦᠳᠦᠭᠡᠨ ᠪᠠᠶ᠋ᠢᠭᠤᠯᠬᠤ ᠠᠵᠢᠯᠯᠠᠭ᠎ᠠ ᠵᠢᠨ ᠡᠬᠢ ᠪᠠᠶᠠᠯᠢᠭ᠎ᠤᠨ ᠤᠷᠴᠢᠨ ᠲᠤᠭᠤᠷᠢᠨ᠎ᠢ ᠡᠪᠳᠡᠬᠦ ᠵᠢ ᠡᠷᠡᠰ ᠴᠠᠭ᠋ᠠᠵᠠᠯᠠᠨᠡ᠃ ᠬᠠᠮᠤᠭ᠎ᠤᠨ ᠴᠢᠩᠭ᠎ᠠ ᠲᠠᠷᠢᠶᠠᠨ ᠭᠠᠵᠠᠷ᠎ᠢ ᠬᠠᠮᠠᠭ᠋ᠠᠯᠠᠬᠤ ᠲᠦᠷᠢᠮ᠎ᠢ ᠪᠠᠷᠢᠮᠳᠠᠯᠠᠵᠤ᠂ ᠡᠬᠦᠷᠢᠳᠠ ᠵᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ᠎ᠤᠨ ᠤᠨᠴᠠᠭ᠋ᠠᠢ ᠬᠠᠮᠠᠭ᠋ᠠᠯᠠᠯᠳᠠ ᠵᠢᠨ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠪᠦᠬᠦ ᠲᠠᠯ᠎ᠡ᠎ᠪᠠᠷ ᠨᠠᠶ᠋ᠢᠳᠠᠪᠤᠷᠢᠵᠢᠭᠤᠯᠤᠨᠡ᠃ ᠠᠵᠤ ᠦᠢ᠍ᠯᠡᠳᠪᠤᠷᠢ ᠪᠤᠯᠤᠨ ᠬᠤᠳᠠ ᠪᠠᠯᠭ᠋ᠠᠰᠤᠵᠢᠯᠳᠠ ᠵᠢᠨ ᠪᠤᠬᠢᠷᠳᠤᠯ᠎ᠤᠨ ᠮᠠᠯ ᠠᠵᠤ ᠠᠬᠤᠢ ᠲᠠᠷᠢᠶᠠᠯᠠᠩ ᠲᠠᠶ᠋ᠢᠰᠢ ᠰᠢᠯᠵᠢᠬᠦ ᠵᠢ ᠰᠡᠷᠭᠡᠶ᠋ᠢᠯᠡᠨ ᠡᠵᠡᠮᠳᠡᠬᠦ ᠲᠤᠬᠳᠠᠴᠠ ᠵᠢ ᠪᠠᠶ᠋ᠢᠭᠤᠯᠵᠤ᠂ ᠰᠢᠢ᠍ᠳᠪᠤᠷᠢᠯᠡᠭᠰᠡᠨ ᠦᠭᠡᠢ ᠪᠦᠬᠡᠳ ᠪᠠᠷᠢᠮᠵᠢᠶ᠎ᠡ᠎ᠳᠤ ᠬᠦᠷᠬᠦ ᠦᠭᠡᠢ ᠠᠵᠤ ᠦᠢ᠍ᠯᠡᠳᠪᠤᠷᠢ ᠵᠢᠨ ᠪᠠ ᠬᠤᠳᠠ ᠪᠠᠯᠭ᠋ᠠᠰᠤᠨ᠎ᠤ ᠬᠠᠶᠠᠬᠳᠠᠮᠠᠯ ᠤᠰᠤ ᠪᠤᠬᠢᠷᠳᠤᠭᠤᠯᠬᠤ ᠪᠤᠳᠠᠰ᠎ᠤᠨ ᠲᠠᠷᠢᠶᠠᠨ ᠭᠠᠵᠠᠷ᠂ ᠨᠤᠳᠤᠭ ᠪᠡᠯᠴᠢᠭᠡᠷ᠂ ᠲᠡᠵᠢᠭᠡᠨ ᠦᠷᠡᠵᠢᠬᠦᠯᠬᠦ ᠤᠰᠤᠨ ᠤᠷᠤᠨ ᠵᠡᠷᠭᠡ ᠮᠠᠯ ᠠᠵᠤ ᠠᠬᠤᠢ ᠲᠠᠷᠢᠶᠠᠯᠠᠩ᠎ᠤᠨ ᠤᠷᠤᠨ᠎ᠳᠤ ᠤᠷᠤᠬᠤ ᠵᠢ ᠬᠠᠤᠯᠢ ᠶᠤᠰᠤᠭ᠋ᠠᠷ ᠴᠠᠭ᠋ᠠᠵᠠᠯᠠᠨᠡ᠃ ᠮᠠᠯ ᠵᠢᠬᠦᠷᠳᠡᠨ᠂ ᠤᠰᠤᠨ᠎ᠤ ᠠᠮᠢᠳᠤ ᠪᠤᠳᠠᠰ᠎ᠤᠨ ᠤᠳᠤᠮᠯᠠᠯ᠎ᠤᠨ ᠡᠬᠢ ᠪᠠᠶᠠᠯᠢᠭ ᠪᠤᠯᠤᠨ ᠮᠠᠯ ᠠᠵᠤ ᠠᠬᠤᠢ ᠲᠠᠷᠢᠶᠠᠯᠠᠩ᠎ᠤᠨ ᠵᠡᠷᠯᠢᠭ ᠠᠮᠢᠳᠠᠨ ᠤᠷᠭᠤᠮᠠᠯ᠎ᠤᠨ ᠡᠬᠢ ᠪᠠᠶᠠᠯᠢᠭ᠎ᠤᠨ ᠬᠠᠮᠠᠭ᠋ᠠᠯᠠᠯᠳᠠ ᠠᠰᠢᠬᠯᠠᠯᠳᠠ ᠵᠢ ᠴᠢᠩᠭ᠋ᠠᠳᠬᠠᠵᠤ᠂ ᠬᠦᠪᠤᠷᠡᠯ᠎ᠤᠨ ᠡᠬᠢ ᠵᠢᠨ ᠬᠦᠮᠦᠷᠭᠡ᠂ ᠮᠠᠯ ᠵᠢᠬᠦᠷᠳᠠᠨᠤ ᠤᠳᠤᠮᠯᠠᠯ᠎ᠤᠨ ᠬᠦᠮᠦᠷᠭᠡ ᠪᠤᠯᠤᠨ ᠡᠬᠢ ᠪᠠᠶᠠᠯᠢᠭ᠎ᠢ ᠬᠠᠮᠠᠭ᠋ᠠᠯᠠᠬᠤ ᠲᠠᠯᠠᠪᠠᠢ (ᠤᠷᠤᠨ᠂ ᠬᠠᠰᠢᠶ᠎ᠡ) ᠵᠢᠨ ᠲᠦᠯᠦᠪᠵᠢᠬᠦᠯᠭᠡ ᠵᠢᠨ ᠪᠦᠳᠦᠭᠡᠨ ᠪᠠᠶ᠋ᠢᠭᠤᠯᠤᠯᠳᠠ ᠵᠢ ᠲᠦᠷᠭᠡᠳᠭᠡᠵᠤ᠂ ᠵᠡᠷᠯᠢᠭ ᠠᠮᠢᠳᠠᠨ ᠤᠷᠭᠤᠮᠠᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠪᠦᠳᠦᠭᠡᠨ ᠪᠠᠶ᠋ᠢᠭᠤᠯᠤᠯᠳᠠ ᠵᠢ ᠲᠦᠷᠭᠡᠳᠭᠡᠵᠤ᠂ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ᠎ᠢ ᠬᠠᠮᠠᠭ᠋ᠠᠯᠠᠵᠤ᠂ ᠭᠠᠳᠠᠨ᠎ᠡ᠎ᠠᠴᠠ ᠢᠷᠡᠭᠰᠡᠨ ᠠᠮᠢᠳᠤ ᠪᠤᠳᠠᠰ᠎ᠤᠨ ᠲᠦᠷᠢᠮᠠᠭᠡᠶ᠋ᠢᠯᠡᠯᠢ ᠪᠦᠳᠦᠮᠵᠢᠳᠠᠢ ᠰᠡᠷᠭᠡᠶ᠋ᠢᠯᠡᠨ᠎ᠡ᠃ ᠮᠠᠯ ᠠᠵᠤ ᠠᠬᠤᠢ ᠲᠠᠷᠢᠶᠠᠯᠠᠩ᠎ᠤᠨ ᠡᠬᠢ ᠪᠠᠶᠠᠯᠢᠭ ᠪᠤᠯᠤᠨ ᠠᠮᠢ ᠠᠬᠤᠢ ᠤᠷᠴᠢᠨ ᠲᠤᠭᠤᠷᠢᠨ᠎ᠤ ᠲᠤᠪᠤᠶ᠋ᠢᠮ᠎ᠡ ᠠᠰᠠᠭᠤᠳᠠᠯ᠎ᠳᠤ ᠴᠢᠭᠯᠡᠬᠦᠯᠵᠤ᠂ ᠬᠤᠰᠢᠭᠤ ᠰᠢᠶᠠᠨ ᠵᠶ᠋ᠠᠷ ᠨᠢᠭᠡᠴᠢ ᠪᠤᠯᠭ᠋ᠠᠵᠤ ᠮᠠᠯ ᠠᠵᠤ ᠠᠬᠤᠢ ᠲᠠᠷᠢᠶᠠᠯᠠᠩ᠎ᠤᠨ ᠠᠵᠤ ᠦᠢ᠍ᠯᠡᠰ᠎ᠲᠤ ᠤᠷᠤᠬᠤ ᠵᠢ ᠵᠦᠪᠰᠢᠶᠠᠷᠡᠬᠦ ᠨᠠᠵᠠᠭ᠋ᠠᠢ ᠲᠠᠯ᠎ᠡ ᠵᠢᠨ ᠨᠠᠷᠢᠨ ᠲᠠᠩᠰᠠ ᠵᠢᠨ ᠲᠦᠷᠢᠮ᠎ᠢ ᠪᠠᠶ᠋ᠢᠭᠤᠯᠵᠤ᠂ ᠭᠠᠵᠠᠷ ᠤᠷᠤᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠬᠦᠭᠵᠢᠬᠦᠯᠬᠦ ᠵᠢ ᠴᠠᠭ᠋ᠠᠵᠠᠯᠠᠬᠤ ᠪᠠ ᠬᠢᠵᠠᠭ᠋ᠠᠷᠯᠠᠬᠤ ᠠᠵᠤ ᠦᠢ᠍ᠯᠡᠰ᠎ᠤᠨ ᠭᠠᠷᠴᠠᠭ᠎ᠢ ᠲᠤᠬᠳᠠᠭ᠋ᠠᠨᠡ᠃ ᠮᠠᠯ ᠠᠵᠤ ᠠᠬᠤᠢ ᠲᠠᠷᠢᠶᠠᠯᠠᠩ᠎ᠤᠨ ᠡᠬᠢ ᠪᠠᠶᠠᠯᠢᠭ ᠤᠷᠴᠢᠨ ᠲᠤᠭᠤᠷᠢᠨ᠎ᠤ ᠠᠮᠢ ᠠᠬᠤᠢ ᠵᠢᠨ ᠬᠢᠨᠠᠨ ᠡᠵᠡᠮᠳᠡᠬᠦ ᠴᠢᠳᠠᠪᠤᠷᠢ ᠵᠢᠨ ᠪᠠᠶ᠋ᠢᠭᠤᠯᠤᠯᠳᠠ ᠵᠢ ᠴᠢᠩᠭ᠋ᠠᠳᠬᠠᠵᠤ᠂ ᠲᠠᠷᠢᠶᠠᠨ ᠭᠠᠵᠠᠷ᠂ ᠨᠤᠳᠤᠭ ᠪᠡᠯᠴᠢᠭᠡᠷ᠂ ᠵᠢᠭ᠋ᠠᠰᠤᠨ᠎ᠤ ᠦᠢ᠍ᠯᠡᠰ᠎ᠤᠨ ᠤᠰᠤᠨ ᠤᠷᠤᠨ᠂ ᠭᠠᠷᠤᠯᠳᠠ ᠵᠢᠨ ᠤᠷᠤᠨ᠎ᠤ ᠤᠷᠴᠢᠨ ᠲᠤᠭᠤᠷᠢᠨ ᠵᠢᠴᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠳᠦᠭᠡᠭᠳᠡᠬᠦᠨ᠎ᠤ ᠦᠢ᠍ᠯᠡᠳᠪᠤᠷᠢᠯᠡᠯ᠂ ᠵᠠᠬ᠎ᠠ ᠲᠡᠯᠬᠡᠬᠦᠷ᠂ ᠬᠡᠷᠡᠭᠯᠡᠭᠡᠨ᠎ᠤ ᠮᠡᠳᠡᠭᠡ ᠵᠠᠩᠭᠢ ᠵᠢ ᠬᠢᠨᠡᠨ ᠬᠡᠮᠵᠢᠵᠤ ᠤᠷᠢᠳᠴᠢᠯᠠᠨ ᠰᠡᠷᠡᠮᠵᠢᠯᠡᠬᠦᠯᠬᠦ ᠰᠢᠰᠲ᠋ᠧᠮ᠎ᠢ ᠪᠠᠶ᠋ᠢᠭᠤᠯᠤᠨ᠎ᠡ᠃
ᠭᠤᠷᠪᠠ᠂ ᠡᠬᠢ ᠪᠠᠶᠠᠯᠢᠭ᠎ᠢ ᠬᠠᠮᠠᠭ᠋ᠠᠯᠠᠬᠤ ᠪᠠ ᠠᠷᠪᠢᠯᠠᠨ ᠭᠠᠮᠨᠠᠵᠤ ᠠᠰᠢᠬᠯᠠᠬᠤ ᠵᠢ ᠴᠢᠩᠭ᠋ᠠᠳᠬᠠᠨ᠎ᠠ
(ᠵᠢᠷᠭᠤᠭ᠎ᠠ) ᠲᠠᠷᠢᠶᠠᠨ ᠭᠠᠵᠠᠷ᠎ᠤᠨ ᠬᠠᠮᠠᠭ᠋ᠠᠯᠠᠯᠳᠠ ᠪᠠ ᠪᠦᠳᠦᠬᠡᠨ ᠪᠠᠶ᠋ᠢᠭᠤᠯᠤᠯᠳᠠ ᠵᠢ ᠴᠢᠩᠭ᠋ᠠᠳᠬᠠᠨ᠎ᠠ᠃ 《ᠲᠠᠷᠢᠶᠠᠨ ᠭᠠᠵᠠᠷ᠎ᠤᠨ ᠠᠮᠤ ᠪᠤᠳᠠᠭ᠋ᠠᠨ᠎ᠤ ᠦᠢ᠍ᠯᠡᠳᠪᠤᠷᠢᠯᠡᠯ᠎ᠤᠨ ᠴᠢᠳᠠᠪᠤᠷᠢ ᠵᠢ ᠪᠠᠳᠤᠯᠠᠵᠤ ᠮᠡᠷᠬᠡᠵᠢᠯ ᠵᠶ᠋ᠠᠷ ᠠᠮᠤ ᠪᠤᠳᠠᠭ᠋ᠠᠨ᠎ᠤ ᠤᠨᠠᠯᠳᠠ ᠵᠢ ᠨᠡᠮᠡᠭᠳᠡᠬᠦᠯᠬᠦ》 ᠪᠠᠶ᠋ᠢᠯᠳᠤᠬᠤ ᠪᠤᠳᠤᠯᠭ᠎ᠠ ᠵᠢ ᠪᠦᠬᠦ ᠳᠠᠯ᠎ᠠ᠎ᠪᠠᠷ ᠨᠠᠶ᠋ᠢᠳᠠᠪᠤᠷᠢᠵᠢᠭᠤᠯᠵᠥ᠂ ᠲᠠᠷᠢᠶᠠᠨ ᠭᠠᠵᠠᠷ᠎ᠤᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠠᠷᠢᠶᠠᠨ ᠭᠠᠵᠠᠷ᠎ᠢ ᠶᠡᠷᠦᠩᠬᠡᠶ᠋ᠢᠯᠡᠨ ᠨᠡᠭᠡᠭᠡᠨ ᠠᠰᠢᠬᠯᠠᠬᠤ᠂ ᠭᠠᠵᠠᠷ ᠰᠢᠷᠣᠶ ᠵᠢ ᠴᠡᠭᠴᠡᠯᠡᠨ ᠰᠠᠶ᠋ᠢᠵᠢᠷᠠᠭᠤᠯᠬᠤ᠂ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ᠂ ᠵᠠᠭᠤᠨ ᠳ᠋ᠦᠩᠰᠢᠭᠤᠷ ᠵᠢᠩ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ᠂ ᠬᠤᠵᠢᠷᠯᠢᠬ ᠭᠠᠵᠠᠷ᠎ᠢ ᠥᠭᠡᠷᠡᠴᠢᠯᠡᠨ ᠪᠠᠶ᠋ᠢᠭᠤᠯᠬᠤ ᠵᠡᠷᠭᠡ ᠭᠤᠣᠯᠳᠠᠯᠭ᠋ᠠᠳᠤ ᠢᠨᠵᠧᠨᠧᠷᠢᠩ᠎ᠢ ᠠᠬᠢᠭᠤᠯᠵᠥ᠂ 2020 ᠣᠨ ᠪᠣᠯᠬᠤ᠎ᠳᠤ᠂ ᠬᠦᠷᠦᠰᠦᠨ ᠳᠣᠣᠷᠠᠬᠢ ᠤᠰᠤ᠎ᠪᠠᠷ ᠤᠰᠤᠯᠠᠬᠤ ᠲᠠᠯᠠᠪᠠᠢ ᠪᠠ ᠤᠰᠤᠯᠠᠯᠲᠠ ᠵᠢᠨ ᠤᠰᠤ ᠬᠡᠷᠡᠭᠯᠡᠬᠦ ᠬᠡᠮᠵᠢᠶ᠎ᠡ ᠵᠢ ᠨᠡᠮᠡᠭᠳᠡᠭᠦᠯᠬᠦ ᠦᠭᠡᠢ ᠪᠠᠶ᠋ᠢᠬᠤ ᠤᠷᠢᠲᠠᠯ ᠳᠣᠣᠷ᠎ᠠ᠂ ᠤᠳᠤ ᠵᠢᠨ ᠪᠠᠶ᠋ᠢᠭ᠎ᠠ ᠲᠠᠷᠢᠶᠠᠨ ᠭᠠᠵᠠᠷ᠎ᠢ ᠥᠭᠡᠷᠡᠴᠢᠯᠡᠨ ᠰᠢᠨᠡᠳᠬᠡᠵᠦ ᠲᠡᠰ ᠳᠡᠪᠰᠢᠭᠦᠯᠵᠦ᠂ ᠵᠢᠯ ᠪᠦᠷᠢ 500 ᠲᠦᠮᠡᠨ ᠮᠤ᠌ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠳᠦᠬᠡᠵᠥ ᠪᠡᠶᠡᠯᠡᠬᠦᠯᠦᠨ᠎ᠡ᠃ ᠲᠠᠷᠢᠶᠠᠨ ᠭᠠᠵᠠᠷ᠎ᠤᠨ ᠶᠠᠰᠤ ᠴᠢᠨᠠᠷ᠎ᠢ ᠬᠠᠮᠠᠭ᠋ᠠᠯᠠᠬᠤ ᠪᠠ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠵᠦ᠂ ᠬᠠᠷ᠎ᠠ ᠬᠥᠷᠥᠰᠥᠲᠦ ᠰᠢᠷᠣᠶ ᠵᠢ ᠬᠠᠮᠠᠭ᠋ᠠᠯᠠᠬᠤ ᠲᠦᠷᠢᠮ᠎ᠢ ᠨᠠᠶ᠋ᠢᠳᠠᠪᠤᠷᠢᠵᠢᠭᠤᠯᠵᠤ᠂ ᠲᠠᠷᠢᠶᠠᠨ ᠭᠠᠵᠠᠷ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠤᠨ᠎ᠠ᠃ ᠲᠠᠷᠢᠶᠠᠨ ᠭᠠᠵᠠᠷ᠎ᠲᠤ ᠰᠡᠯᠬᠦᠨ ᠲᠠᠷᠢᠬᠤ ᠳᠦᠷᠢᠮ ᠳᠤᠬᠳᠠᠭ᠋ᠠᠯ ᠭᠠᠷᠭ᠋ᠠᠵᠤ᠂ ᠲᠠᠷᠢᠶᠠᠨ ᠭᠠᠵᠠᠷ᠎ᠲᠤ ᠰᠡᠯᠬᠦᠨ ᠲᠠᠷᠢᠬᠤ ᠲᠤᠷᠰᠢᠯᠲᠠ ᠵᠢᠨ ᠴᠡᠭ᠎ᠤᠨ ᠬᠡᠪᠴᠢᠶ᠎ᠡ ᠵᠢ ᠥᠷᠭᠡᠳᠬᠡᠵᠦ᠂ ᠲᠠᠷᠢᠶᠠᠨ ᠭᠠᠵᠠᠷ᠎ᠲᠤ ᠰᠡᠯᠬᠦᠨ ᠳᠠᠷᠢᠬᠤ ᠳᠦᠷᠢᠮ᠎ᠤᠨ ᠪᠠᠶ᠋ᠢᠩᠭᠤᠵᠢᠯᠳᠠ ᠵᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ 2020 ᠣᠨ ᠪᠣᠯᠲᠠᠯ᠎ᠠ ᠨᠡᠶ᠋ᠢᠲᠡ 1000 ᠲᠦᠮᠡᠨ ᠮᠦ᠍᠎ᠳᠤ ᠬᠦᠷᠬᠡᠨ᠎ᠡ᠃ ᠲᠠᠷᠢᠶᠠᠨ ᠭᠠᠵᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠪᠠ ᠵᠡᠷᠭᠡ ᠳᠡᠰ᠎ᠢ ᠦᠨᠡᠯᠡᠬᠦ ᠲᠦᠷᠢᠮ ᠳᠤᠬᠳᠠᠭ᠋ᠠᠵᠥ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠤᠨ ᠶᠠᠰᠤ ᠴᠢᠨᠠᠷ᠎ᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠡᠵᠡᠩᠨᠡᠭᠴᠢ ᠵᠢᠨ ᠲᠠᠷᠢᠶᠠᠨ ᠭᠠᠵᠠᠷ᠎ᠢ ᠬᠠᠮᠠᠭ᠋ᠠᠯᠠᠬᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠨ᠎ᠠ᠃
(ᠲᠤᠯᠤᠭ᠎ᠠ) ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠪᠦᠳᠦᠭᠡᠨ ᠪᠠᠶ᠋ᠢᠭᠤᠯᠤᠯᠳᠠ ᠵᠢ ᠠᠬᠢᠭᠤᠯᠤᠨ᠎ᠠ᠃ ᠦᠨᠳᠦᠰᠦᠨ ᠨᠤᠲᠤᠭ ᠪᠡᠯᠴᠢᠭᠡᠷ᠎ᠢ ᠬᠠᠮᠠᠭ᠋ᠠᠯᠠᠬᠤ᠂ ᠮᠠᠯ ᠪᠡᠯᠴᠢᠭᠡᠷ᠎ᠢ ᠲᠡᠩᠴᠡᠭᠦᠷᠢᠰᠢᠬᠦᠯᠬᠦ᠂ ᠪᠡᠯᠴᠢᠭᠡᠷᠯᠡᠭᠦᠯᠬᠦ ᠵᠢ ᠵᠤᠬᠰᠤᠭ᠋ᠠᠨ ᠰᠡᠯᠬᠦᠨ ᠮᠠᠯᠵᠢᠬᠤ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢ ᠬᠢᠨᠠᠨ ᠬᠡᠮᠵᠢᠵᠦ ᠦᠨᠡᠯᠡᠨ ᠵᠢᠱ᠌ᠢᠬᠦ ᠲᠦᠷᠪᠡᠨ ᠵᠦᠢ᠍ᠯ᠎ᠤᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠥ᠂ ᠬᠠᠤᠯᠢ ᠵᠢ ᠵᠥᠷᠢᠴᠡᠨ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠬᠦ ᠥᠢ᠍ᠯᠡ ᠠᠵᠢᠯᠯᠠᠭ᠎ᠠ ᠵᠢ ᠪᠦᠬᠦ ᠲᠠᠯ᠎ᠠ᠎ᠪᠠᠷ ᠴᠡᠭᠴᠡᠯᠡᠨ ᠵᠠᠰᠠᠨ᠎ᠠ᠃ ᠪᠠᠶ᠋ᠢᠭ᠋ᠠᠯᠢᠯᠢᠬ ᠨᠤᠳᠤᠭ ᠪᠡᠯᠴᠢᠬᠡᠷ᠎ᠲᠤ ᠪᠡᠯᠴᠢᠬᠡᠷᠯᠡᠬᠦᠯᠬᠦ ᠵᠢ ᠵᠤᠬᠰᠤᠭ᠋ᠠᠨ ᠪᠡᠯᠴᠢᠬᠡᠷ᠎ᠢ ᠰᠡᠷᠬᠦᠬᠡᠬᠦ᠂ ᠲᠠᠷᠢᠶᠠᠯᠠᠬᠤ ᠵᠢ ᠵᠣᠭᠰᠣᠭ᠋ᠠᠨ ᠪᠡᠯᠴᠢᠭᠡᠷ᠎ᠢ ᠰᠡᠷᠭᠦᠭᠡᠬᠦ᠂ ᠪᠡᠬᠡᠵᠢᠩ ᠳᠢᠶᠠᠨᠵᠢᠨᠤ ᠡᠷᠬᠢᠨ ᠳᠤᠭᠤᠷᠢᠨ᠎ᠤ ᠡᠯᠡᠰᠤ ᠪᠠ ᠰᠠᠯᠬᠢᠨ᠎ᠤ ᠡᠬᠢ ᠵᠢ ᠵᠠᠰᠠᠬᠤ᠂ ᠨᠢᠭᠡᠨᠲᠡ ᠬᠠᠭ᠋ᠠᠯᠪᠤᠷᠢᠯᠠᠵᠥ ᠠᠳᠠᠷᠰᠢᠭᠤᠯᠤᠬᠰᠠᠨ ᠨᠤᠲᠤᠭ ᠪᠡᠯᠴᠢᠭᠡᠷ᠎ᠢ ᠵᠠᠰᠠᠬᠤ᠂ ᠥᠨᠳᠥᠷ ᠤᠨᠠᠯᠲᠠ᠎ᠲᠠᠢ ᠴᠢᠨᠠᠷ ᠰᠠᠶ᠋ᠢᠲᠠᠶ ᠴᠠᠷᠭ᠋ᠠᠰᠤ ᠵᠢᠨ ᠵᠢᠱ᠌ᠢᠶ᠎ᠡ ᠦᠵᠡᠭᠦᠯᠬᠦ ᠰᠠᠭᠤᠷᠢᠨ᠎ᠤ ᠪᠥᠲᠥᠭᠡᠨ ᠪᠠᠶ᠋ᠢᠭᠤᠯᠤᠯᠲᠠ ᠵᠡᠷᠭᠡ ᠨᠤᠲᠤᠬ ᠪᠡᠯᠴᠢᠬᠡᠷ᠎ᠢ ᠬᠠᠮᠠᠭ᠋ᠠᠯᠠᠵᠤ ᠪᠦᠲᠦᠭᠡᠨ ᠪᠠᠶ᠋ᠢᠭᠤᠯᠬᠤ ᠢᠨᠵᠧᠨᠧᠷᠢᠩ᠎ᠢ ᠬᠦᠴᠦᠯᠡᠨ ᠠᠬᠢᠭᠤᠯᠵᠥ᠂ 10.2 ᠳ᠋ᠦᠩᠰᠢᠭᠤᠷ ᠮᠥ᠍ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ᠎ᠳᠤ ᠨᠥᠬᠦᠪᠥᠷᠢ ᠪᠠ ᠱᠠᠩᠨᠠᠯ ᠣᠯᠭᠤᠬᠤ ᠲᠦᠷᠦ ᠵᠢᠨ ᠪᠤᠳᠤᠯᠭ᠎ᠠ ᠵᠢᠨ ᠡᠭᠦᠷᠭᠡ ᠵᠢ ᠨᠠᠶ᠋ᠢᠳᠠᠪᠤᠷᠢᠵᠢᠭᠤᠯᠤᠨᠡ᠃ 2020 ᠣᠨ ᠪᠣᠯᠬᠤ᠎ᠳᠤ᠂ ᠵᠢᠯ᠎ᠤᠨ ᠡᠪᠡᠰᠦ ᠲᠠᠷᠢᠬᠤ ᠲᠠᠯᠠᠪᠠᠢ ᠵᠢ 3000 ᠲᠦᠮᠡᠨ ᠮᠥ᠍᠎ᠠᠴᠠ ᠳᠡᠭᠡᠭᠰᠢ ᠪᠠᠶ᠋ᠢᠯᠭ᠋ᠠᠵᠤ᠂ ᠲᠡᠵᠢᠭᠡᠯ ᠡᠪᠡᠰᠦ ᠬᠥᠬᠡ ᠳᠠᠷᠤᠰᠢ ᠵᠢᠨ ᠡᠩ᠎ᠤᠨ ᠵᠢᠯ᠎ᠤᠨ ᠭᠠᠷᠤᠯᠲᠠ ᠵᠢᠨ ᠬᠡᠮᠵᠢᠶ᠎ᠡ ᠵᠢ 2200 ᠲᠦᠮᠡᠨ ᠲᠣᠨ ᠣᠷᠴᠢᠮ ᠪᠠᠶ᠋ᠢᠯᠭ᠋ᠠᠨ᠎ᠠ᠃ ᠨᠤᠲᠤᠭ ᠪᠡᠯᠴᠢᠭᠡᠷ᠎ᠤᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠪᠦᠷᠢᠨᠰᠢᠬᠦᠯᠵᠥ᠂ ᠪᠡᠯᠴᠢᠭᠡᠷ᠎ᠢ ᠲᠠᠲᠠᠪᠤᠷᠢᠯᠠᠨ ᠡᠵᠡᠩᠨᠡᠵᠥ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢ ᠴᠢᠩᠭ᠋ᠠᠳᠬᠠᠵᠤ᠂ ᠨᠤᠲᠤᠭ ᠪᠡᠯᠴᠢᠭᠡᠷ᠎ᠤᠨ ᠬᠡᠷᠡᠭᠯᠡᠯᠲᠡ ᠵᠢ ᠬᠠᠮᠢᠶᠠᠷᠬᠤ ᠲᠦᠷᠢᠮ᠎ᠢ ᠨᠠᠶ᠋ᠢᠳᠠᠪᠤᠷᠢᠵᠢᠭᠤᠯᠤᠨ᠎ᠠ᠃ ᠲᠠᠯ᠎ᠠ ᠨᠤᠳᠤᠭ ᠮᠠᠯᠵᠢᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠥ᠂ ᠨᠤᠲᠤᠭ ᠪᠡᠯᠴᠢᠭᠡᠷ᠎ᠤᠨ ᠦᠮᠴᠢᠯᠡᠯ᠎ᠤᠨ ᠡᠷᠬᠡ ᠵᠢᠨ ᠳᠦᠷᠢᠮ᠎ᠢ ᠪᠦᠷᠢᠨᠰᠢᠬᠦᠯᠵᠥ᠂ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠡᠷᠬᠡ ᠵᠢ ᠬᠦᠢ᠍ᠯᠬᠡᠬᠡᠬᠦ ᠵᠢ ᠵᠢᠷᠤᠮᠵᠢᠭᠤᠯᠤᠨ᠎ᠠ᠃
( ᠨᠠᠢ᠍ᠮᠨ) ᠤᠢ ᠰᠢᠭᠤᠢ ᠪᠠ ᠨᠤᠭᠤ ᠭᠠᠵᠠᠷ᠎ᠤᠨ ᠬᠠᠮᠠᠭ᠋ᠠᠯᠠᠯᠳᠠ ᠠᠷᠠᠴᠢᠯᠠᠯᠳᠠ ᠵᠢ ᠴᠢᠩᠭ᠋ᠠᠳᠬᠠᠨ᠎ᠠ᠃ ᠤᠯᠤᠰ᠎ᠤᠨ ᠨᠤᠲᠤᠭ ᠳᠡᠪᠢᠰᠬᠡᠷ᠎ᠢ ᠨᠣᠭᠤᠭ᠋ᠠᠷᠠᠭᠤᠯᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠤᠢ ᠰᠢᠭᠤᠶ ᠵᠢᠨ ᠭᠤᠣᠯᠳᠠᠯᠭ᠋ᠠᠳᠤ ᠠᠮᠢ ᠠᠬᠤᠶ ᠵᠢᠨ ᠢᠨᠵᠧᠨᠧᠷᠢᠩ᠎ᠢ ᠭᠦᠨᠵᠡᠭᠡᠶ ᠠᠬᠢᠭᠤᠯᠵᠤ᠂ ᠬᠥᠷᠥᠰᠥ ᠰᠢᠷᠣᠶ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠴᠢᠩᠭ᠋ᠠᠳᠬᠠᠵᠥ᠂ ᠪᠥᠬᠦ ᠲᠠᠯ᠎ᠠ ᠵᠢ ᠬᠠᠮᠤᠷᠤᠬᠰᠠᠨ᠂ ᠪᠠᠶ᠋ᠢᠷᠢᠰᠢᠭᠤᠯᠤᠯᠳᠠ᠎ᠨᠢ ᠵᠦᠢ ᠵᠤᠬᠢᠰᠳᠠᠢ᠂ ᠪᠦᠲᠦᠴᠡ᠎ᠨᠢ ᠰᠢᠯᠢᠳᠡᠭ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠢ ᠵᠢ ᠪᠦᠳᠦᠬᠡᠨ ᠪᠠᠶ᠋ᠢᠭᠤᠯᠤᠨ᠎ᠡ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ᠎ᠲᠠᠢ ᠤᠶᠠᠯᠳᠤᠭᠤᠯᠵᠤ᠂ ᠲᠣᠰᠬᠤᠨ ᠪᠠᠯᠭ᠋ᠠᠰᠤ ᠵᠢᠨ ᠨᠣᠭᠤᠭ᠋ᠠᠷᠠᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ᠃ ᠨᠤᠭᠤ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠂ ᠨᠤᠭᠤ ᠭᠠᠵᠠᠷ᠎ᠤᠨ ᠠᠮᠢ ᠠᠬᠤᠢ ᠵᠢᠨ ᠴᠢᠳᠠᠮᠵᠢ ᠵᠢ ᠲᠠᠰᠤᠷᠠᠯᠲᠠ ᠥᠬᠡᠶ ᠳᠡᠭᠡᠭᠰᠢᠯᠡᠭᠦᠯᠤᠨ᠎ᠡ᠃
(ᠶᠢᠰᠦ) ᠭᠤᠤᠯ ᠮᠥᠷᠡᠨ ᠨᠠᠭᠤᠷ ᠴᠥᠭᠦᠷᠥᠮ᠎ᠤᠨ ᠤᠰᠤᠨ ᠣᠷᠣᠨ᠎ᠤ ᠠᠮᠢ ᠠᠬᠤᠶ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠭᠤᠣᠯ ᠮᠦ᠍ᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠠᠬᠢᠭᠤᠯᠵᠤ᠂ ᠭᠤᠤᠯ ᠮᠥᠷᠡᠨ ᠨᠠᠭᠤᠷ ᠴᠥᠭᠦᠷᠥᠮ᠎ᠤᠨ ᠤᠰᠤᠨ᠎ᠤ ᠰᠢᠰᠲ᠋ᠧᠮ᠎ᠢ ᠶᠡᠷᠦᠩᠬᠡᠶ᠋ᠢᠯᠡᠨ ᠵᠠᠰᠠᠬᠤ ᠵᠢ ᠠᠬᠢᠭᠤᠯᠵᠥ᠂ ᠬᠥᠯᠥᠨ ᠨᠠᠭᠤᠷ᠂ ᠤᠯᠠᠭ᠋ᠠᠨᠰᠤᠬᠠᠢ᠂ ᠲᠠᠭ᠎ᠠ ᠵᠢᠨ ᠨᠠᠭᠤᠷ ᠵᠡᠷᠭᠡ ᠤᠰᠤᠨ᠎ᠤ ᠠᠮᠢ ᠠᠬᠤᠶ ᠣᠷᠴᠢᠨ ᠲᠣᠭᠤᠷᠢᠨ᠎ᠤ ᠶᠡᠷᠦᠩᠬᠡᠶ᠋ᠢᠯᠡᠭᠰᠡᠨ ᠵᠠᠰᠠᠯᠳᠠ ᠵᠢ ᠳᠦᠷᠬᠡᠳᠬᠡᠵᠥ᠂ ᠨᠠᠭᠤᠷ ᠪᠦᠷᠢ᠎ᠳᠤ ᠵᠢᠨ ᠤᠰᠤᠨ ᠣᠷᠣᠨ᠎ᠤ ᠣᠷᠣᠨ ᠵᠠᠢ ᠵᠢᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠵᠤ᠂ ᠨᠠᠭᠤᠷ ᠪᠦᠷᠢ᠎ᠳᠤ ᠵᠢᠨ ᠡᠷᠭᠢ ᠱᠤᠭᠤᠮ᠎ᠤᠨ ᠬᠠᠮᠢᠶᠠᠷᠤᠯᠳᠠ ᠬᠠᠮᠠᠭ᠋ᠠᠯᠠᠯᠳᠠ ᠵᠢ ᠴᠢᠩᠭ᠋ᠠᠷᠠᠭᠤᠯᠤᠨᠡ᠃ ᠵᠢᠭ᠋ᠠᠰᠤᠨ ᠠᠩ ᠴᠠᠭ᠋ᠠᠵᠠᠯᠠᠬᠤ ᠬᠤᠭᠤᠴᠠᠭ᠎ᠠ᠂ ᠵᠢᠭ᠋ᠠᠰᠤᠨ ᠠᠩ ᠴᠠᠭ᠋ᠠᠵᠠᠯᠠᠬᠤ ᠣᠷᠣᠨ᠎ᠤ ᠳᠦᠷᠢᠮ᠎ᠢ ᠬᠡᠷᠡᠭᠵᠢᠬᠦᠯᠵᠥ᠂ 《ᠬᠦᠢ᠍ᠰᠦ ᠲᠡᠮᠲᠡᠷᠢᠬᠦ ᠳᠤᠤᠷ》 ᠵᠡᠷᠭᠡ ᠬᠠᠤᠯᠢ ᠪᠤᠰᠤ᠎ᠪᠠᠷ ᠠᠩᠨᠠᠵᠤ ᠱᠦᠭᠦᠬᠦ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦᠨ᠎ᠡ᠃ ᠤᠰᠤᠨ᠎ᠤ ᠠᠮᠢᠳᠤ ᠪᠣᠳᠠᠰ᠎ᠤᠨ ᠡᠬᠢ ᠪᠠᠶᠠᠯᠢᠭ᠎ᠢ ᠦᠷᠡᠵᠢᠭᠦᠯᠦᠨ ᠠᠮᠢᠳᠤᠷᠠᠭᠤᠯᠬᠤ ᠠᠵᠢᠯ᠎ᠢ ᠥᠷᠨᠢᠭᠦᠯᠵᠦ᠂ ᠤᠰᠤᠨ᠎ᠤ ᠠᠮᠢᠳᠤ ᠪᠣᠳᠠᠰ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃
(ᠠᠷᠪᠠ) ᠤᠰᠤᠨ᠎ᠤ ᠡᠬᠢ ᠪᠠᠶᠠᠯᠢᠭ᠎ᠢ ᠠᠷᠪᠢᠯᠠᠵᠥ ᠥᠨᠳᠥᠷ ᠪᠦᠲᠦᠮᠵᠢᠲᠡᠶ᠎ᠪᠠᠷ ᠠᠰᠢᠬᠯᠠᠬᠤ ᠵᠢ ᠠᠬᠢᠭᠤᠯᠤᠨ᠎ᠠ᠃ ᠠᠷᠪᠢᠲᠠᠶ ᠭᠠᠮᠳᠠᠢ ᠪᠥᠭᠡᠳ ᠥᠨᠳᠥᠷ ᠪᠦᠲᠦᠮᠵᠢᠲᠡᠶ ᠲᠠᠷᠢᠶᠠᠯᠠᠩ᠎ᠤᠨ ᠤᠰᠤ ᠬᠡᠷᠡᠭᠯᠡᠬᠦ ᠲᠦᠷᠢᠮ᠎ᠢ ᠪᠠᠶ᠋ᠢᠭᠤᠯᠵᠥ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ ᠲᠦᠯᠬᠢᠨ ᠠᠬᠢᠭᠤᠯᠵᠤ᠂ ᠲᠠᠷᠢᠶᠠᠯᠠᠩ᠎ᠤᠨ ᠤᠰᠤᠯᠠᠯᠲᠠ ᠵᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠡᠵᠡᠮᠳᠡᠬᠦ ᠪᠠ ᠲᠤᠭ᠎ᠠ ᠵᠢ ᠬᠢᠵᠠᠭ᠋ᠠᠷᠯᠠᠨ ᠬᠠᠮᠢᠶᠠᠷᠬᠤ ᠵᠢ ᠬᠡᠷᠡᠭᠵᠢᠭᠦᠯᠵᠦ᠂ ᠤᠰᠤᠨ᠎ᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ᠂ ᠤᠨᠤᠪᠴᠢᠳᠠᠢ ᠨᠦᠬᠦᠪᠦᠷᠢ ᠥᠭᠬᠦ ᠪᠠ ᠤᠰᠤ ᠠᠷᠪᠢᠯᠠᠬᠤ ᠵᠢ ᠱᠠᠩᠨᠠᠬᠤ ᠲᠣᠭᠲᠠᠴᠠ ᠵᠢ ᠬᠡᠷᠡᠭᠵᠢᠬᠦᠯᠦᠨ᠎ᠡ᠃ ᠲᠠᠷᠢᠶᠠᠯᠠᠩ᠎ᠳᠤ ᠬᠡᠷᠡᠭᠯᠡᠬᠦ ᠤᠰᠤ ᠲᠠᠲᠠᠬᠤ ᠵᠢ ᠵᠥᠪᠰᠢᠶᠡᠷᠡᠬᠦ ᠬᠠᠮᠢᠶᠠᠷᠤᠯᠲᠠ ᠵᠢ ᠴᠢᠩᠭ᠋ᠠᠷᠠᠭᠤᠯᠵᠤ᠂ ᠬᠦᠷᠦᠰᠦᠨ ᠳᠣᠣᠷᠠᠬᠢ ᠤᠰᠤ ᠵᠢ ᠠᠰᠢᠬᠯᠠᠬᠤ ᠵᠢ ᠴᠢᠩᠭ᠎ᠠ ᠬᠢᠵᠠᠭ᠋ᠠᠷᠯᠠᠵᠥ᠂ ᠬᠦᠷᠦᠰᠦᠨ ᠳᠣᠤᠷᠠᠬᠢ ᠤᠰᠤ ᠵᠢ ᠬᠡᠲᠦ ᠲᠠᠲᠠᠬᠤ ᠵᠢ ᠵᠠᠰᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠳᠤᠰᠤᠯᠭ᠋ᠠᠨ ᠤᠰᠤᠯᠠᠬᠤ ᠵᠡᠷᠭᠡ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢᠨ ᠮᠡᠷᠭᠡᠵᠢᠯ᠎ᠢ ᠳᠡᠯᠭᠡᠷᠡᠭᠦᠯᠵᠦ᠂ ᠤᠰᠤ ᠪᠣᠷᠲᠣᠭᠤᠷ᠎ᠢ ᠨᠢᠭᠡ ᠴᠤᠭᠴᠠᠵᠢᠭᠤᠯᠤᠭᠰᠠᠨ ᠮᠡᠷᠭᠡᠵᠢᠯ᠎ᠢ ᠳᠡᠯᠭᠡᠷᠡᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠤᠳᠤ ᠵᠢᠨ ᠪᠠᠶ᠋ᠢᠭ᠎ᠠ ᠲᠤᠮᠤ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠨᠢᠷᠤᠭᠤᠪᠴᠢ ᠢᠨᠵᠧᠨᠧᠷᠢᠩ᠎ᠤᠨ ᠵᠠᠯᠭ᠋ᠠᠨ ᠪᠦᠳᠤᠭᠡᠨ ᠪᠠᠶ᠋ᠢᠭᠤᠯᠵᠥ ᠢᠵᠢ ᠪᠦᠷᠢᠳᠦᠭᠦᠯᠬᠦ ᠤᠰᠤ ᠠᠷᠪᠢᠯᠠᠬᠤ ᠥᠭᠡᠷᠡᠴᠢᠯᠡᠯᠲᠡ ᠵᠢ ᠴᠢᠩᠭ᠋ᠠᠳᠬᠠᠵᠥ᠂ ᠵᠢᠵᠢᠭ ᠬᠡᠯᠪᠡᠷᠢ ᠵᠢᠨ ᠲᠠᠷᠢᠶᠠᠨ ᠭᠠᠵᠠᠷ᠎ᠤᠨ ᠤᠰᠤᠨ ᠠᠰᠢᠬᠯᠠᠯᠲᠠ ᠵᠢᠨ ᠢᠨᠵᠧᠨᠧᠷᠢᠩ᠎ᠤᠨ ᠪᠦᠳᠦᠬᠡᠨ ᠪᠠᠶ᠋ᠢᠭᠤᠯᠤᠯᠲᠠ ᠪᠠ ᠲᠤᠮᠤ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠲᠠᠷᠢᠶᠠᠨ ᠭᠠᠵᠠᠷ᠎ᠤᠨ ᠢᠨᠵᠧᠨᠧᠷᠢᠩ᠎ᠢ ᠢᠵᠢ ᠪᠦᠷᠢᠳᠦᠭᠦᠯᠬᠦ ᠵᠢ ᠴᠢᠩᠭ᠋ᠠᠷᠠᠭᠤᠯᠤᠨ᠎ᠠ᠃ ᠪᠠᠶ᠋ᠢᠭ᠋ᠠᠯᠢ ᠵᠢᠨ ᠬᠤᠷ᠎ᠠ ᠪᠤᠷᠤᠭ᠋ᠠᠨ᠎ᠢ ᠬᠦᠢ᠍ᠴᠡᠳ ᠠᠰᠢᠬᠯᠠᠵᠥ᠂ ᠪᠣᠷᠣᠭ᠋ᠠᠨ ᠵᠶ᠋ᠠᠷ ᠲᠠᠷᠢᠶ᠎ᠠ ᠵᠢ ᠰᠢᠮᠡᠵᠢᠬᠦᠯᠬᠦ ᠵᠢ ᠡᠮᠬᠢ ᠵᠢᠷᠤᠮ᠎ᠲᠠᠢ ᠬᠥᠭᠵᠢᠭᠦᠯᠦᠨ᠎ᠡ᠃
ᠲᠦᠷᠪᠡ᠂ ᠭᠠᠷᠤᠯᠳᠠ ᠵᠢᠨ ᠭᠠᠵᠠᠷ᠎ᠤᠨ ᠤᠷᠴᠢᠨ ᠲᠤᠭᠤᠷᠢᠨ᠎ᠤ ᠬᠠᠮᠠᠭ᠋ᠠᠯᠠᠯᠳᠠ ᠬᠢᠭᠡᠳ ᠵᠠᠰᠠᠯᠳᠠ ᠵᠢ ᠴᠢᠩᠭ᠋ᠠᠳᠬᠠᠨ᠎ᠠ
(ᠠᠷᠪᠠᠨ ᠨᠢᠭᠡ) ᠮᠠᠯ ᠠᠵᠤ ᠠᠬᠤᠢ ᠲᠠᠷᠢᠶᠠᠯᠠᠩ᠎ᠤᠨ ᠪᠡᠯᠡ ᠤᠷᠤᠭᠤᠯᠤᠯᠳᠠ ᠵᠢᠨ ᠡᠳ᠋᠎ᠤᠨ ᠶᠠᠪᠤᠳᠠᠯ᠎ᠤᠨ ᠬᠠᠮᠢᠶᠠᠷᠤᠯᠳᠠ ᠵᠢ ᠴᠢᠩᠭ᠋ᠠᠳᠬᠠᠨ᠎ᠠ᠃ ᠬᠢᠮᠢ ᠵᠢᠨ ᠪᠤᠷᠳᠤᠭᠤᠷ᠎ᠤᠨ ᠭᠡᠮᠵᠢᠶ᠎ᠠ ᠵᠢ ᠪᠠᠭ᠋ᠠᠰᠬᠠᠵᠤ ᠦᠷ᠎ᠠ ᠪᠦᠳᠤᠮᠵᠢ ᠵᠢ ᠠᠬᠢᠭᠤᠯᠵᠤ᠂ ᠵᠢᠯ ᠪᠤᠯᠭ᠋ᠠᠨ ᠭᠠᠵᠠᠷ ᠰᠢᠷᠤᠢ ᠵᠢ ᠬᠡᠮᠵᠢᠵᠤ ᠨᠠᠶ᠋ᠢᠷᠠᠭᠤᠯᠵᠤ ᠪᠤᠷᠳᠤᠭ᠎ᠠ ᠤᠷᠤᠭᠤᠯᠬᠤ ᠮᠡᠷᠭᠡᠵᠢᠯ᠎ᠤᠨ ᠭᠡᠷᠡᠭᠯᠡᠭᠡ᠎ᠨᠢ ᠲᠦᠭᠡᠮᠡᠯᠵᠢᠭᠦᠯᠦᠭᠰᠡᠨ ᠲᠠᠯᠠᠪᠠᠢ ᠵᠢ 9000 ᠲᠦᠮᠡᠨ ᠮᠤ᠌ᠠᠴᠠ ᠲᠡᠭᠡᠭᠰᠢ᠂ ᠲᠠᠷᠢᠶᠠᠴᠢᠨ ᠠᠶ᠋ᠢᠯ᠎ᠤᠨ ᠪᠤᠷᠳᠤᠭ᠎ᠠ ᠵᠢᠨ ᠭᠡᠷᠡᠭᠯᠡᠭᠡ᠎ᠨᠢ 4000 ᠭᠠᠷᠤᠢ ᠲᠦᠮᠡᠨ ᠮᠤ᠌᠎ᠳᠤ ᠭᠦᠷᠬᠡᠨ᠎ᠠ᠃ ᠲᠠᠷᠢᠶᠠᠨ᠎ᠤᠨ ᠡᠮ᠎ᠤᠨ ᠬᠡᠮᠵᠢᠶ᠎ᠠ ᠵᠢ ᠪᠠᠭ᠋ᠠᠰᠬᠠᠵᠤ ᠭᠦᠨᠤᠭᠡᠯᠢ ᠡᠵᠡᠮᠳᠡᠭᠦ ᠵᠢ ᠠᠬᠢᠭᠤᠯᠵᠤ᠂ ᠲᠠᠷᠢᠶᠠᠨ ᠡᠮ᠎ᠤᠨ ᠭᠡᠷᠡᠭᠯᠡᠭᠡ ᠵᠢᠨ ᠬᠡᠮᠵᠢᠶ᠎ᠠ ᠵᠢ ᠪᠠᠭ᠋ᠠᠰᠬᠠᠵᠤ᠂ ᠲᠠᠷᠢᠶᠠᠨ ᠡᠮ᠎ᠤᠨ ᠠᠰᠢᠬᠯᠠᠮᠵᠢ ᠵᠢ ᠲᠡᠭᠡᠭᠰᠢᠯᠡᠭᠦᠯᠤᠨ᠎ᠠ᠃ ᠪᠤᠷᠳᠤᠭ᠎ᠠ ᠵᠢᠨ ᠨᠡᠮᠡᠯᠳᠠ ᠡᠳ᠋ ᠭᠡᠷᠡᠭᠯᠡᠭᠦ ᠬᠡᠮᠵᠢᠶ᠎ᠠ ᠵᠢ ᠬᠢᠵᠠᠭ᠋ᠠᠷᠯᠠᠨ ᠲᠦᠷᠢᠮᠵᠢᠭᠦᠯᠤᠨ᠎ᠠ᠃ ᠮᠠᠯ᠎ᠳᠤ ᠭᠡᠷᠡᠭᠯᠡᠭᠦ ᠪᠠᠺᠲ᠋ᠧᠷᠢ ᠡᠰᠡᠷᠭᠦᠴᠡᠭᠦ ᠡᠮ᠎ᠤᠨ ᠭᠡᠷᠡᠭᠯᠡᠯᠳᠠ ᠵᠢᠨ ᠭᠡᠮᠵᠢᠶ᠎ᠠ ᠵᠢ ᠪᠠᠭ᠋ᠠᠰᠬᠠᠬᠤ ᠲᠤᠷᠰᠢᠯᠳᠠ ᠵᠢᠨ ᠴᠡᠭ᠎ᠤᠨ ᠠᠵᠢᠯ᠎ᠢ ᠦᠷᠨᠢᠭᠦᠯᠤᠨ᠎ᠠ᠃ ᠮᠠᠯ ᠠᠵᠤ ᠠᠬᠤᠢ ᠲᠠᠷᠢᠶᠠᠯᠠᠩ᠎ᠤᠨ ᠪᠡᠯᠡ ᠤᠷᠤᠭᠤᠯᠤᠯᠳᠠ ᠵᠢᠨ ᠪᠤᠳᠠᠰ᠎ᠤᠨ ᠡᠯᠸᠺᠲᠷᠣᠨ ᠨᠡᠭᠡᠮᠵᠢᠯᠳᠠ ᠵᠢᠨ ᠲᠦᠷᠢᠮ᠎ᠢ ᠪᠠᠶ᠋ᠢᠭᠤᠯᠤᠨ᠎ᠠ᠃ ᠲᠤᠤᠷ᠎ᠠ ᠬᠤᠷᠤᠭᠳᠠᠯ᠎ᠲᠠᠢ᠂ ᠲᠤᠤᠷ᠎ᠠ ᠦᠯᠡᠳᠡᠭᠳᠠᠯ᠎ᠲᠠᠢ᠂ ᠲᠤᠤᠷ᠎ᠠ ᠪᠤᠬᠢᠷᠲᠤᠯ᠎ᠲᠠᠢ ᠲᠠᠷᠢᠶᠠᠯᠠᠩ ᠮᠠᠯ ᠠᠵᠤ ᠠᠬᠤᠢ ᠵᠢᠨ ᠪᠤᠳᠠᠰ᠎ᠤᠨ ᠦᠢ᠍ᠯᠡᠳᠪᠤᠷᠢᠯᠠᠯᠢ ᠲᠠᠮᠵᠢᠨ᠎ᠠ᠃
(ᠠᠷᠪᠠᠨ ᠬᠤᠶᠠᠷ) ᠠᠮᠢᠳᠠᠨ ᠵᠢᠭᠦᠷᠳᠠᠨᠤ ᠲᠡᠵᠢᠭᠡᠪᠤᠷᠢ ᠵᠢᠨ ᠬᠠᠶᠠᠭᠳᠠᠮᠠᠯ ᠪᠤᠳᠠᠰ᠎ᠢ ᠶᠡᠷᠦᠩᠬᠡᠶ᠋ᠢᠯᠡᠨ ᠠᠰᠢᠬᠯᠠᠬᠤ ᠵᠢ ᠦᠷᠨᠢᠭᠦᠯᠤᠨ᠎ᠠ᠃ ᠬᠡᠪᠴᠢᠶᠡᠵᠢᠬᠦᠯᠦᠨ ᠲᠡᠵᠢᠭᠡᠨ ᠦᠷᠡᠵᠢᠭᠦᠯᠭᠦ ᠤᠷᠴᠢᠨ ᠲᠤᠭᠤᠷᠢᠨ᠎ᠢ ᠦᠨᠡᠯᠡᠵᠤ ᠵᠦᠪᠰᠢᠶᠠᠷᠡᠭᠦ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠵᠠᠰᠠᠭ᠎ᠤᠨ ᠤᠷᠳᠤᠨ᠎ᠤ ᠬᠠᠷᠢᠶ᠎ᠠ ᠤᠷᠤᠨ ᠵᠶ᠋ᠠᠷ᠎ᠨᠢ ᠬᠠᠮᠢᠶᠠᠷᠬᠤ ᠬᠠᠷᠢᠭᠤᠴᠠᠯᠭ᠎ᠠ ᠪᠤᠯᠤᠨ ᠬᠡᠪᠴᠢᠶᠠᠵᠢᠬᠦᠯᠦᠨ ᠲᠡᠵᠢᠭᠡᠨ ᠦᠷᠡᠵᠢᠭᠦᠯᠭᠦ ᠲᠠᠯᠠᠪᠠᠢ ᠵᠢᠨ ᠭᠤᠤᠯ ᠴᠤᠭᠴᠠ ᠵᠢᠨ ᠬᠠᠷᠢᠭᠤᠴᠠᠯᠭ᠎ᠠ ᠵᠢ ᠲᠤᠳᠤᠷᠬᠠᠢ᠌ᠢ᠍ᠯᠠᠵᠤ᠂ ᠠᠮᠢᠳᠤ ᠭᠠᠭ᠍ᠠᠢ᠂ ᠰᠠᠭ᠋ᠠᠯᠢ ᠵᠢᠨ ᠦᠨᠢᠶ᠎ᠠ᠂ ᠮᠢᠬᠠᠨ ᠦᠭᠡᠷ᠎ᠤᠨ ᠭᠤᠤᠯ ᠭᠠᠷᠤᠯᠳᠠ ᠵᠢᠨ 30 ᠬᠤᠰᠢᠭᠤ ᠰᠢᠶᠠᠨ ᠵᠶ᠋ᠠᠷ ᠭᠤᠤᠯᠳᠠᠯᠭ᠎ᠠ ᠪᠤᠯᠭ᠋ᠠᠵᠤ᠂ ᠪᠦᠭᠦ ᠤᠷᠤᠨ᠎ᠤ ᠲᠡᠵᠢᠭᠡᠪᠤᠷᠢ ᠵᠢᠨ ᠭᠦᠷᠢᠶ᠎ᠠ ᠭᠡᠪᠴᠢᠶ᠎ᠠ᠎ᠪᠠᠷ ᠶᠡᠭᠡ ᠬᠤᠰᠢᠭᠤ ᠰᠢᠶᠠᠨ (ᠬᠤᠳᠠ᠂ ᠲᠤᠭᠤᠷᠢᠭ)᠎ᠳᠤ ᠮᠠᠯ ᠵᠢᠭᠦᠷᠳᠠᠨᠤ ᠰᠠᠩᠭ᠋ᠠᠰᠤ ᠵᠢᠨ ᠪᠤᠬᠢᠷᠳᠤᠯ᠎ᠤᠨ ᠶᠡᠷᠤᠩᠬᠡᠶ᠋ᠢᠯᠡᠭᠰᠠᠨ ᠠᠰᠢᠬᠯᠠᠮᠵᠢ ᠵᠢ ᠪᠦᠭᠦ ᠲᠠᠯ᠎ᠠ᠎ᠪᠠᠷ ᠦᠷᠨᠢᠭᠦᠯᠤᠨ᠎ᠠ᠃ ᠠᠮᠢ ᠠᠬᠤᠢ ᠵᠢᠨ ᠲᠡᠩᠴᠡᠭᠦᠷᠢ ᠵᠢ ᠪᠠᠳᠤᠯᠠᠵᠤ᠂ ᠲᠡᠵᠢᠭᠡᠨ ᠦᠷᠡᠵᠢᠭᠦᠯᠭᠦ ᠤᠷᠴᠢᠨ᠎ᠢ ᠴᠡᠪᠡᠷᠰᠢᠭᠦᠯᠵᠤ᠂ ᠡᠪᠡᠳᠴᠢᠨ ᠵᠶ᠋ᠠᠷ ᠦᠭᠦᠭᠰᠡᠨ ᠮᠠᠯ ᠵᠢᠭᠦᠷᠳᠠᠨᠢ ᠬᠤᠤᠷ ᠦᠬᠡᠶ᠋ᠢᠳᠡᠬᠦᠯᠦᠨ ᠰᠢᠢ᠍ᠳᠪᠤᠷᠢᠯᠡᠭᠦ ᠵᠢ ᠴᠢᠩᠭ᠋ᠠᠳᠬᠠᠵᠤ᠂ 2020 ᠤᠨ ᠪᠤᠯᠬᠤ᠎ᠳᠤ ᠮᠠᠯ ᠲᠡᠵᠢᠭᠡᠪᠤᠷᠢ᠎ᠳᠤ ᠭᠡᠷᠡᠭᠯᠡᠭᠦ ᠠᠮᠢᠳᠤ ᠪᠤᠳᠠᠰ᠎ᠤᠨ ᠪᠦᠳᠤᠭᠡᠭᠳᠠᠭᠦᠨ᠂ ᠮᠠᠯ ᠲᠡᠵᠢᠭᠡᠪᠤᠷᠢ᠎ᠳᠤ ᠭᠡᠷᠡᠭᠯᠡᠭᠦ ᠪᠠᠺᠲ᠋ᠧᠷᠢ ᠡᠰᠡᠷᠭᠦᠴᠡᠭᠦ ᠲᠦᠷᠤᠯ᠎ᠤᠨ ᠲᠦᠭᠦᠭᠡᠢ ᠡᠳ᠋᠎ᠤᠨ ᠡᠮ᠎ᠤᠨ ᠦᠢ᠍ᠯᠠᠳᠪᠤᠷᠢᠯᠠᠯᠤᠨ ᠠᠵᠤ ᠠᠬᠤᠢ᠌ᠢ᠍ᠯᠠᠯ᠎ᠤᠨ ᠪᠤᠬᠢᠷ ᠤᠰᠤ ᠪᠤᠯᠤᠨ ᠪᠤᠬᠢᠷ ᠪᠤᠳᠠᠰ᠎ᠢ ᠰᠢᠢ᠍ᠳᠪᠤᠷᠢᠯᠡᠭᠦ ᠬᠢᠨᠠᠯᠲᠠ ᠬᠠᠮᠢᠶᠠᠷᠤᠯᠳᠠ ᠵᠢᠨ ᠪᠦᠷᠭᠦᠴᠡ ᠵᠢ 100%᠎ᠳᠤ ᠭᠦᠷᠭᠡᠵᠤ᠂ ᠪᠦᠭᠦ ᠤᠷᠤᠨ᠎ᠤ ᠬᠡᠪᠴᠢᠶᠡᠵᠢᠭᠰᠡᠨ ᠲᠡᠵᠢᠭᠡᠨ ᠦᠷᠡᠵᠢᠭᠦᠯᠭᠦ ᠲᠠᠯᠠᠪᠤᠷ᠎ᠤᠨ ᠪᠤᠷᠳᠤᠭᠤᠷ᠎ᠤᠨ ᠪᠤᠬᠢᠷᠳᠤᠯ᠎ᠢ ᠰᠢᠢ᠍ᠳᠪᠤᠷᠢᠯᠡᠭᠦ᠎ᠳᠤ ᠭᠡᠷᠡᠭᠯᠡᠬᠦ ᠲᠤᠨᠤᠭ ᠲᠦᠭᠦᠭᠡᠷᠤᠮᠵᠢ ᠵᠢᠨ ᠢᠵᠢ ᠪᠦᠷᠢᠳᠦᠭᠰᠡᠨ ᠬᠡᠮᠵᠢᠶ᠎ᠠ ᠵᠢ 95%᠎ᠠᠴᠠ ᠲᠡᠭᠡᠭᠰᠢ᠎ᠳᠤ ᠬᠦᠷᠬᠡᠨ᠎ᠠ᠃
(ᠠᠷᠪᠠᠨ ᠭᠤᠷᠪᠠ) ᠲᠠᠷᠢᠮᠠᠯ᠎ᠤᠨ ᠡᠰᠢ ᠰᠦᠷᠡᠯ᠎ᠤᠨ ᠶᠡᠷᠤᠩᠭᠡᠶ᠋ᠢᠯᠡᠨ ᠠᠰᠢᠬᠯᠠᠬᠤ ᠵᠢ ᠴᠢᠩᠭ᠋ᠠᠳᠬᠠᠨ᠎ᠠ᠃ ᠡᠰᠢ ᠰᠦᠷᠡᠯ᠎ᠢ ᠭᠠᠯᠳᠠᠨ ᠰᠢᠳᠠᠭ᠋ᠠᠬᠤ ᠵᠢ ᠬᠤᠷᠢᠬᠯᠠᠬᠤ ᠲᠦᠷᠢᠮ᠎ᠢ ᠬᠠᠤᠯᠢ ᠶᠤᠰᠤ᠎ᠪᠠᠷ ᠴᠢᠩᠭ᠎ᠠ ᠨᠠᠶ᠋ᠢᠳᠠᠪᠤᠷᠢᠵᠢᠭᠤᠯᠵᠤ᠂ ᠪᠦᠭᠦ ᠰᠢᠶᠠᠨ᠎ᠳᠤ ᠡᠰᠢ ᠰᠦᠷᠡᠯ᠎ᠤᠨ ᠪᠦᠭᠦ ᠬᠡᠮᠵᠢᠶᠡᠵᠢᠭᠰᠡᠨ ᠶᠡᠷᠤᠩᠭᠡᠢ ᠠᠰᠢᠬᠯᠠᠯᠳᠠ ᠵᠢ ᠠᠬᠢᠭᠤᠯᠤᠨ᠎ᠠ᠃ ᠲᠠᠷᠢᠮᠠᠯ᠎ᠤᠨ ᠡᠰᠢ ᠰᠦᠷᠡᠯ᠎ᠤᠨ ᠲᠠᠷᠢᠶᠠᠯᠡᠩ᠎ᠤᠨ ᠭᠡᠷᠡᠭᠯᠡᠯᠳᠠ ᠵᠢ ᠲᠡᠷᠢᠭᠦᠨ᠎ᠳᠤ ᠲᠠᠯᠪᠢᠬᠤ ᠵᠠᠷᠴᠢᠮ᠎ᠢ ᠪᠠᠷᠢᠮᠳᠠᠯᠠᠵᠤ᠂ ᠲᠠᠷᠢᠮᠠᠯ᠎ᠤᠨ ᠪᠤᠳᠠᠰ᠎ᠤᠨ ᠡᠰᠢ ᠰᠦᠷᠡᠯ᠎ᠢ ᠪᠤᠷᠳᠤᠭ᠎ᠠ ᠪᠤᠯᠭ᠋ᠠᠨ ᠠᠰᠢᠬᠯᠠᠬᠤ ᠵᠢ ᠴᠢᠬᠤᠯᠠᠴᠢᠯᠠᠨ ᠠᠬᠢᠭᠤᠯᠤᠨ᠎ᠠ᠃ ᠡᠷᠳᠠᠨᠢ ᠵᠢᠨ ᠰᠢᠰᠢ ᠵᠢᠨ ᠬᠦᠬᠡ ᠲᠠᠷᠤᠰᠢ ᠵᠢᠨ ᠭᠦᠷᠢᠶ᠎ᠠ ᠬᠡᠪᠴᠢᠶ᠎ᠠ ᠵᠢ ᠤᠯᠠᠮ ᠴᠢᠨᠠᠭᠰᠢᠳᠠ ᠦᠷᠭᠡᠳᠭᠡᠵᠤ᠂ ᠬᠦᠬᠡ᠎ᠪᠠᠷ ᠳᠠᠷᠤᠰᠢᠭᠤᠯᠬᠤ᠂ ᠪᠠᠭ᠎ᠠ ᠨᠦᠭᠡᠴᠡᠯᠡᠭᠦ᠂ ᠰᠢᠨ᠎ᠠ ᠰᠤᠷᠭᠤᠭ ᠵᠶ᠋ᠠᠷ ᠨᠦᠭᠡᠴᠡᠯᠡᠭᠦ ᠪᠤᠯᠤᠨ ᠨᠠᠶ᠋ᠢᠷᠠᠭᠤᠯᠤᠬᠰᠠᠨ ᠪᠤᠷᠳᠤᠭ᠎ᠠ ᠦᠢ᠍ᠯᠡᠳᠪᠤᠷᠢᠯᠡᠭᠦᠪᠠᠷ ᠲᠠᠮᠵᠢᠨ᠂ 2020 ᠤᠨ ᠪᠤᠯᠬᠤ᠎ᠳᠤ ᠪᠦᠭᠦ ᠤᠷᠤᠨ᠎ᠤ ᠡᠰᠢ ᠰᠦᠷᠡᠯ᠎ᠤᠨ 45% ᠤᠷᠴᠢᠮ᠎ᠢ ᠰᠢᠩᠭᠡᠭᠡᠨ ᠬᠡᠷᠡᠭᠯᠡᠨ᠎ᠠ᠃ ᠡᠰᠢ ᠰᠦᠷᠡᠯ᠎ᠢ ᠨᠢᠴᠠᠯᠠᠵᠤ ᠲᠠᠷᠢᠶᠠᠨ᠎ᠳᠤ ᠤᠷᠤᠭᠤᠯᠬᠤ ᠪᠤᠯᠤᠨ ᠬᠠᠮᠢᠶ᠎ᠠ ᠪᠦᠭᠦᠢ ᠢᠵᠢ ᠪᠦᠷᠢᠳᠦᠭᠰᠡᠨ ᠮᠡᠷᠭᠡᠵᠢᠯ᠎ᠢ ᠢᠳᠡᠪᠬᠢᠳᠠᠢ ᠲᠦᠭᠡᠮᠡᠯᠵᠢᠭᠦᠯᠵᠤ᠂ ᠨᠦᠭᠦᠪᠤᠷᠢ ᠦᠭᠬᠦ ᠭᠦᠷᠢᠶ᠎ᠠ ᠭᠡᠪᠴᠢᠶ᠎ᠠ ᠵᠢ ᠦᠷᠭᠡᠳᠭᠡᠵᠤ᠂ 2020 ᠤᠨ ᠪᠤᠯᠬᠤ᠎ᠳᠤ ᠪᠦᠭᠦ ᠤᠷᠤᠨ᠎ᠤ ᠡᠰᠢ ᠰᠦᠷᠡᠯ᠎ᠤᠨ 25% ᠤᠷᠴᠢᠮ᠎ᠢ ᠰᠢᠩᠭᠡᠭᠡᠨ ᠬᠡᠷᠡᠭᠯᠡᠨ᠎ᠠ᠃ ᠲᠠᠷᠢᠮᠠᠯ᠎ᠤᠨ ᠵᠦᠢ᠍ᠯ᠎ᠤᠨ ᠠᠭᠤᠷᠰᠢᠬᠤ᠂ ᠬᠠᠳᠠᠭᠤᠵᠢᠬᠤ᠂ ᠲᠦᠭᠦᠭᠡᠢ ᠡᠳ᠋ᠰᠢᠭᠦ ᠦᠢ᠍ᠯᠡᠳᠪᠤᠷᠢᠯᠡᠯ᠎ᠢ ᠲᠦᠭᠡᠮᠡᠯᠵᠢᠭᠦᠯᠵᠤ᠂ ᠶᠡᠷᠤᠩᠭᠡᠶ᠋ᠢᠯᠡᠨ ᠠᠰᠢᠬᠯᠠᠬᠤ ᠬᠢᠷᠢ ᠲᠦᠪᠰᠢᠨ᠎ᠢ ᠲᠡᠭᠡᠭᠰᠢᠯᠡᠭᠦᠯᠤᠨ᠎ᠠ᠃
(ᠠᠷᠪᠠᠨ ᠲᠦᠷᠪᠡ) ᠰᠦᠯᠢᠶᠤᠤ ᠪᠦᠷᠭᠦᠪᠴᠢ ᠵᠢᠨ ᠬᠡᠮᠵᠢᠶ᠎ᠠ ᠵᠢ ᠪᠠᠭ᠋ᠠᠰᠬᠠᠬᠤ ᠪᠤᠯᠤᠨ ᠬᠤᠷᠢᠶᠠᠨ ᠠᠪᠠᠴᠢᠵᠤ ᠰᠢᠢ᠍ᠳᠪᠤᠷᠢᠯᠡᠭᠦ ᠵᠢ ᠠᠬᠢᠭᠤᠯᠤᠨ᠎ᠠ᠃ ᠰᠦᠯᠢᠶᠤᠤ ᠪᠦᠷᠭᠦᠪᠴᠢ ᠵᠢᠨ ᠪᠤᠬᠢᠷᠳᠤᠯ᠎ᠢ ᠵᠠᠰᠠᠭ᠎ᠤᠨ ᠤᠷᠳᠤᠨ᠎ᠠᠴᠠ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ 《ᠭᠡᠨ ᠦᠢ᠍ᠯᠡᠳᠪᠤᠷᠢᠯᠠᠪᠠᠯ ᠭᠡᠨ ᠰᠢᠢ᠍ᠳᠪᠤᠷᠢᠯᠡᠭᠦ᠂ ᠭᠡᠨ ᠭᠡᠷᠡᠭᠯᠡᠪᠠᠯ ᠭᠡᠨ ᠬᠤᠷᠢᠶᠠᠨ ᠠᠪᠠᠴᠢᠬᠤ》 ᠲᠦᠷᠤ ᠵᠢᠨ ᠪᠤᠳᠤᠯᠭ᠎ᠠ ᠵᠢ ᠭᠡᠷᠡᠭᠵᠢᠭᠦᠯᠬᠦ ᠵᠢ ᠰᠦᠪᠡᠭᠴᠢᠯᠡᠨ᠎ᠠ᠃ 《ᠡᠬᠢ ᠡᠭᠦᠰᠤᠯᠠᠴᠠᠨᠢ ᠬᠡᠮᠵᠢᠶ᠎ᠠ ᠵᠢ ᠪᠠᠭ᠋ᠠᠰᠬᠠᠬᠤ᠂ ᠶᠠᠪᠤᠴᠠ ᠵᠢ ᠬᠢᠨᠠᠨ ᠡᠵᠡᠮᠳᠠᠭᠦ᠂ ᠡᠴᠤᠰ᠎ᠲᠤ᠎ᠨᠢ ᠭᠡᠷᠡᠭᠯᠡᠭᠦ》 ᠰᠡᠳᠬᠢᠴᠠ ᠶᠤᠰᠤᠭ᠋ᠠᠷ᠂ ᠤᠰᠤ ᠬᠠᠯᠠᠬᠤ ᠨᠦᠭᠦᠴᠡᠯ ᠵᠶ᠋ᠠᠷ ᠡᠯᠪᠡᠭ ᠭᠠᠵᠠᠷ ᠤᠷᠤᠨ᠎ᠳᠤ ᠰᠦᠯᠢᠶᠤᠤ ᠪᠦᠷᠭᠦᠪᠴᠢ ᠵᠢ ᠡᠵᠡᠮᠳᠡᠨ ᠪᠠᠭ᠋ᠠᠰᠬᠠᠵᠤ᠂ ᠰᠦᠯᠢᠶᠤᠤ ᠪᠦᠷᠭᠦᠪᠴᠢ ᠦᠭᠡᠢ ᠭᠦᠶᠦᠭᠡᠨ ᠪᠤᠯᠠᠵᠤ ᠲᠤᠰᠤᠯᠭ᠋ᠠᠨ ᠤᠰᠤᠯᠠᠬᠤ᠂ ᠴᠢᠬᠢ ᠪᠦᠢ᠍ᠵᠢᠭᠤᠯᠤᠨ ᠨᠡᠭᠦᠯᠭᠡᠨ ᠵᠠᠶ᠋ᠢᠯᠠᠬᠤ ᠵᠡᠷᠭᠡ ᠮᠡᠷᠭᠡᠵᠢᠯ᠎ᠤᠨ ᠵᠢᠱ᠌ᠢᠶ᠎ᠠ ᠦᠵᠡᠭᠦᠯᠭᠦ ᠵᠢ ᠲᠦᠭᠡᠮᠡᠯᠵᠢᠭᠦᠯᠭᠦ ᠵᠢ ᠦᠷᠭᠡᠳᠭᠡᠨ᠎ᠠ᠃ ᠰᠡᠷᠢᠭᠦᠨ ᠭᠦᠢ᠍ᠳᠠᠨ ᠭᠠᠨᠭ᠌ ᠬᠠᠭᠤᠷᠠᠢ ᠪᠤᠯᠤᠨ ᠬᠤᠵᠢᠷᠯᠢᠭ ᠬᠡᠴᠡᠭᠦᠤ ᠭᠠᠵᠠᠷ ᠤᠷᠤᠨ᠎ᠳᠤ ᠤᠯᠤᠰ᠎ᠤᠨ ᠰᠢᠨ᠎ᠠ ᠪᠠᠷᠢᠮᠵᠢᠶ᠎ᠠ᠎ᠪᠠᠷ ᠵᠤᠵᠠᠭ᠋ᠠᠳᠬᠠᠭᠰᠠᠨ ᠰᠦᠯᠢᠶᠤᠤ ᠪᠦᠷᠭᠦᠪᠴᠢ ᠵᠢ ᠬᠠᠤᠯᠢ ᠶᠤᠰᠤᠭ᠋ᠠᠷ ᠠᠯᠪᠠᠳᠠᠭᠠᠪᠠᠷ ᠭᠡᠷᠡᠭᠯᠡᠵᠤ᠂ ᠰᠦᠯᠢᠶᠤᠤ ᠪᠦᠷᠭᠦᠪᠴᠢ ᠵᠢᠨ ᠪᠤᠴᠠᠭ᠋ᠠᠨ ᠬᠤᠷᠢᠶᠠᠬᠤ ᠨᠤᠷᠮ᠎ᠠ ᠵᠢ ᠲᠡᠭᠡᠭᠰᠢᠯᠡᠭᠦᠯᠵᠤ᠂ ᠠᠵᠤ ᠠᠬᠤᠢ᠌ᠯᠠᠯ᠎ᠤᠨ ᠰᠢᠨ᠎ᠠ ᠬᠠᠭᠤᠴᠢᠨ ᠰᠦᠯᠢᠶᠤᠤ ᠪᠦᠷᠭᠦᠪᠴᠢ ᠵᠢ ᠲᠠᠬᠢᠨ ᠭᠡᠷᠡᠭᠯᠡᠭᠦ ᠵᠢ ᠲᠡᠮᠵᠢᠨ᠎ᠠ᠃ ᠪᠦᠭᠦ ᠠᠮᠢᠳᠤ ᠪᠤᠳᠠᠰ᠎ᠤᠨ ᠠᠶᠠᠨᠳᠠᠭ᠋ᠠᠨ ᠵᠠᠳᠠᠷᠠᠬᠤ ᠰᠦᠯᠢᠶᠤᠤ ᠪᠦᠷᠭᠦᠪᠴᠢ ᠵᠢᠨ ᠲᠤᠷᠰᠢᠯᠳᠠ ᠵᠢᠨ ᠵᠢᠱ᠌ᠢᠶ᠎ᠠ ᠵᠢ ᠦᠷᠨᠢᠭᠦᠯᠵᠤ᠂ 2020 ᠤᠨ ᠪᠤᠯᠬᠤ᠎ᠳᠤ᠂ ᠪᠦᠭᠦ ᠤᠷᠤᠨ᠎ᠤ ᠰᠦᠯᠢᠶᠤᠤ ᠪᠦᠷᠭᠦᠪᠴᠢ ᠵᠢᠨ ᠦᠯᠡᠳᠡᠭᠳᠠᠯᠢ ᠬᠢᠨᠠᠨ ᠬᠡᠮᠵᠢᠬᠦ ᠴᠡᠭ᠎ᠢ 100 ᠪᠠᠶ᠋ᠢᠭᠤᠯᠵᠤ᠂ ᠰᠦᠯᠢᠶᠤᠤ ᠪᠦᠷᠭᠦᠪᠴᠢ ᠵᠢᠨ ᠪᠤᠴᠠᠭ᠋ᠠᠨ ᠬᠤᠷᠢᠶᠠᠬᠤ ᠠᠵᠢᠯᠯᠠᠭ᠎ᠠ ᠵᠢᠨ ᠵᠢᠱ᠌ᠢᠶ᠎ᠠ ᠦᠵᠡᠭᠦᠯᠭᠦ ᠬᠤᠰᠢᠭᠤ ᠰᠢᠶᠠᠨ (ᠬᠤᠳᠠ᠂ ᠲᠤᠭᠤᠷᠢᠭ)᠎ᠤ ᠲᠤᠰ ᠤᠯᠠᠷᠢᠯ᠎ᠤᠨ ᠪᠤᠴᠠᠭ᠋ᠠᠨ ᠬᠤᠷᠢᠶᠠᠬᠤ ᠨᠤᠷᠮ᠎ᠠ ᠵᠢ 85%᠎ᠳᠤ ᠬᠦᠷᠬᠡᠨ᠎ᠠ᠃
ᠲᠠᠪᠤ᠂ ᠪᠤᠬᠢᠷᠳᠤᠯ ᠦᠭᠡᠢ ᠠᠵᠤ ᠦᠢ᠍ᠯᠡᠰ᠎ᠢ ᠪᠦᠢ᠍ᠵᠢᠭᠤᠯᠤᠨᠠ
(ᠠᠷᠪᠠᠨ ᠲᠠᠪᠤ) ᠮᠠᠯ ᠠᠵᠤ ᠠᠬᠤᠢ ᠲᠠᠷᠢᠶᠠᠯᠠᠩ᠎ᠤᠨ ᠦᠢ᠍ᠯᠡᠳᠪᠤᠷᠢᠯᠡᠯ᠎ᠤᠨ ᠪᠠᠷᠢᠮᠵᠢᠶᠠᠵᠢᠭᠤᠯᠤᠯᠳᠠ ᠵᠢ ᠠᠬᠢᠭᠤᠯᠤᠨ᠎ᠠ᠃ ᠮᠠᠯ ᠠᠵᠤ ᠠᠬᠤᠢ ᠲᠠᠷᠢᠶᠠᠯᠠᠩ᠎ᠤᠨ ᠪᠤᠬᠢᠷᠳᠤᠯ ᠦᠭᠡᠢ ᠭᠦᠭᠵᠢᠯᠳᠠᠯᠦᠭᠡ ᠵᠤᠬᠢᠴᠠᠯᠳᠤᠬᠤ ᠦᠭᠡᠢ ᠪᠠᠷᠢᠮᠵᠢᠶ᠎ᠠ ᠪᠤᠯᠤᠨ ᠠᠵᠢᠯ ᠲᠦᠷᠤᠯ᠎ᠤᠨ ᠲᠦᠷᠢᠮᠵᠢᠯ᠎ᠢ ᠠᠷᠢᠯᠭ᠋ᠠᠨ ᠵᠤᠭᠰᠤᠭ᠋ᠠᠵᠤ᠂ ᠮᠠᠯ ᠠᠵᠤ ᠠᠬᠤᠢ ᠲᠠᠷᠢᠶᠠᠯᠠᠩ᠎ᠤᠨ ᠦᠢ᠍ᠯᠡᠳᠪᠤᠷᠢᠯᠠᠯ᠎ᠤᠨ ᠪᠠᠷᠢᠮᠵᠢᠶᠠᠵᠢᠭᠤᠯᠬᠤ ᠠᠵᠢᠯᠯᠠᠭ᠎ᠠ ᠵᠢᠨ ᠲᠦᠯᠤᠪᠯᠡᠭᠡ ᠵᠢ ᠭᠡᠷᠡᠭᠵᠢᠭᠦᠯᠵᠤ᠂ ᠡᠷᠳᠠᠨᠢ ᠰᠢᠰᠢ᠂ ᠲᠦᠮᠤᠰᠤ᠂ ᠰᠢᠷ᠎ᠠ ᠪᠤᠷᠴᠠᠭ᠂ ᠪᠤᠭᠤᠳᠠᠢ᠂ ᠤᠰᠤᠨ ᠲᠤᠳᠤᠷᠭ᠎ᠠ᠂ ᠨᠠᠷᠠᠨ ᠬᠤᠸᠠᠷ᠂ ᠮᠢᠬᠠᠨ᠎ᠤ ᠦᠭᠡᠷ᠂ ᠮᠢᠬᠠᠨ᠎ᠤ ᠬᠤᠨᠢ᠂ ᠰᠠᠭ᠋ᠠᠯᠢ ᠵᠢᠨ ᠦᠨᠢᠶ᠎ᠠ᠂ ᠠᠮᠢᠳᠤ ᠭᠠᠭ᠍ᠠᠢ᠂ ᠮᠤᠷᠢ ᠵᠡᠷᠭᠡ 11 ᠲᠠᠪᠠᠭᠤᠯᠢᠭᠳᠤ ᠠᠵᠤ ᠦᠢ᠍ᠯᠠᠰ᠎ᠤᠨ ᠲᠤᠭᠤᠷᠢᠨ᠎ᠳᠤ ᠭᠤᠤᠯᠴᠢᠯᠠᠵᠤ᠂ ᠨᠢᠭᠡ ᠪᠦᠯᠦᠭ ᠪᠤᠬᠢᠷᠳᠤᠯ ᠦᠭᠡᠢ ᠲᠠᠷᠢᠵᠤ ᠲᠡᠵᠢᠭᠡᠭᠦ ᠴᠢᠨᠠᠷ ᠰᠠᠶ᠋ᠢᠳᠠᠢ ᠪᠠᠷᠢᠮᠵᠢᠶ᠎ᠠ ᠵᠢ ᠲᠤᠭᠳᠠᠭ᠋ᠠᠨ ᠲᠦᠭᠡᠮᠡᠯᠵᠢᠭᠦᠯᠵᠤ᠂ 2020 ᠪᠤᠯᠬᠤ᠎ᠳᠤ ᠰᠢᠨ᠎ᠠ᠎ᠪᠠᠷ ᠨᠡᠮᠡᠭᠳᠡᠭᠰᠠᠨ ᠲᠠᠷᠢᠮᠠᠯ᠎ᠤᠨ ᠪᠤᠳᠠᠰ᠎ᠤᠨ ᠪᠠᠷᠢᠮᠵᠢᠶᠠᠵᠢᠭᠰᠠᠨ ᠦᠢ᠍ᠯᠡᠳᠪᠤᠷᠢᠯᠡᠯ᠎ᠤᠨ ᠲᠠᠯᠠᠪᠠᠢ ᠵᠢ 3000 ᠲᠦᠮᠡᠨ ᠮᠤ᠌᠎ᠳᠤ ᠭᠦᠷᠭᠡᠵᠤ᠂ ᠪᠠᠷᠢᠮᠵᠢᠶᠠᠵᠢᠭᠰᠠᠨ ᠦᠢ᠍ᠯᠡᠳᠪᠤᠷᠢᠯᠠᠯ ᠮᠡᠷᠭᠡᠵᠢᠯ᠎ᠤᠨ ᠪᠦᠷᠭᠦᠴᠡ ᠵᠢᠨ ᠨᠤᠷᠮ᠎ᠠ ᠵᠢ 60%᠎ᠠᠴᠠ ᠲᠡᠭᠡᠭᠰᠢ᠎ᠳᠤ ᠭᠦᠷᠭᠡᠨ᠎ᠠ; ᠮᠠᠯ ᠠᠵᠤ ᠠᠬᠤᠢ ᠵᠢᠨ ᠶᠡᠭᠡ ᠰᠢᠶᠠᠨ ᠵᠶ᠋ᠠᠷ ᠭᠤᠤᠯ ᠪᠤᠯᠭ᠋ᠠᠭᠰᠠᠨ ᠪᠠᠷᠢᠮᠵᠢᠶᠠᠵᠢᠭᠰᠠᠨ ᠦᠢ᠍ᠯᠡᠳᠪᠤᠷᠢᠯᠠᠯ᠎ᠤᠨ ᠰᠠᠭᠤᠷᠢᠨ᠎ᠤ ᠲᠡᠵᠢᠭᠡᠪᠤᠷᠢ ᠵᠢ 5000 ᠲᠦᠮᠡ ᠭᠠᠷᠤᠢ᠎ᠳᠤ ᠭᠦᠷᠭᠡᠵᠤ᠂ ᠪᠠᠷᠢᠮᠵᠢᠶᠠᠵᠢᠭᠰᠠᠨ ᠦᠢ᠍ᠯᠡᠳᠪᠤᠷᠢᠯᠡᠯ᠎ᠤᠨ ᠢᠵᠢ ᠪᠦᠷᠢᠳᠦᠭᠰᠡᠨ ᠮᠡᠷᠭᠡᠵᠢᠯ᠎ᠤᠨ ᠪᠦᠷᠭᠦᠴᠡ ᠵᠢᠨ ᠨᠤᠷᠮ᠎ᠠ ᠵᠢ 60% ᠭᠠᠷᠤᠢ᠎ᠳᠤ ᠭᠦᠷᠭᠡᠨ᠎ᠠ᠃ ᠤᠯᠠᠨ ᠵᠦᠢ᠍ᠯ᠎ᠤᠨ ᠬᠡᠯᠪᠡᠷᠢ ᠵᠢᠨ ᠲᠤᠬᠢᠷᠠᠮᠵᠢᠳᠠᠢ ᠬᠡᠪᠴᠢᠶᠠᠵᠢᠭᠰᠡᠨ ᠡᠵᠡᠩᠨᠡᠯᠳᠠ ᠵᠢ ᠭᠦᠭᠵᠢᠭᠦᠯᠭᠦ ᠵᠢ ᠲᠡᠮᠵᠢᠵᠤ᠂ ᠲᠠᠭ᠋ᠠᠭᠤᠯᠤᠭᠴᠢ ᠠᠵᠤ ᠠᠬᠤᠢ᠌ᠯᠠᠯ ᠪᠤᠯᠤᠨ ᠮᠠᠯᠵᠢᠨ ᠲᠠᠷᠢᠶᠠᠴᠢᠳ᠎ᠤᠨ ᠬᠤᠷᠰᠢᠬᠰᠠᠨ ᠵᠤᠬᠢᠶᠠᠨ ᠪᠠᠶ᠋ᠢᠭᠤᠯᠤᠯᠳᠠ ᠵᠢ ᠲᠤᠭᠳᠠᠭ᠋ᠠᠵᠤ᠂ ᠠᠵᠤ ᠠᠬᠤᠢ᠌ᠢ᠍ᠯᠠᠯ᠎ᠤᠨ ᠪᠠᠷᠢᠮᠵᠢᠶ᠎ᠠ ᠵᠢ ᠵᠠᠰᠠᠨ ᠲᠤᠭᠳᠠᠭ᠋ᠠᠵᠤ᠂ ᠮᠠᠯᠴᠢᠨ ᠲᠠᠷᠢᠶᠠᠴᠢᠳ᠎ᠤᠨ ᠪᠠᠷᠢᠮᠵᠢᠶ᠎ᠠ ᠶᠤᠰᠤᠭ᠋ᠠᠷ ᠦᠢ᠍ᠯᠡᠳᠪᠤᠷᠢᠯᠡᠭᠦ ᠵᠢ ᠲᠠᠶ᠋ᠢᠴᠢᠯᠠᠵᠤ᠂ ᠤᠷᠤᠨ ᠪᠦᠰᠡ ᠵᠢᠨ ᠲᠠᠪᠠᠭᠤᠯᠢᠬ ᠤᠨᠴᠠᠯᠢᠭ᠎ᠲᠠᠢ ᠨᠡᠷᠡᠳᠤ ᠪᠦᠳᠤᠭᠡᠭᠳᠠᠭᠦᠨᠢ ᠪᠦᠢ᠍ᠵᠢᠭᠤᠯᠤᠨᠠ᠃
(ᠠᠷᠪᠠᠨ ᠵᠢᠷᠭᠤᠭ᠎ᠠ) ᠪᠤᠬᠢᠷᠲᠤᠯ ᠦᠭᠡᠢ ᠮᠠᠯ ᠠᠵᠤ ᠠᠬᠤᠢ ᠲᠠᠷᠢᠶᠠᠯᠠᠩ᠎ᠤᠨ ᠲᠦᠷᠦᠯ ᠲᠡᠮᠲᠡᠭ᠎ᠢ ᠪᠤᠶ᠋ᠢᠵᠢᠭᠤᠯᠤᠨ᠎ᠠ᠃ ᠦᠪᠦᠷ ᠮᠤᠩᠭᠤᠯ᠎ᠤᠨ ᠮᠠᠯ ᠠᠵᠤ ᠠᠬᠤᠢ ᠲᠠᠷᠢᠶᠠᠯᠠᠩ᠎ᠤᠨ ᠲᠦᠷᠦᠯ ᠲᠡᠮᠲᠡᠭ᠎ᠢ ᠳᠡᠭᠡᠭᠰᠢᠯᠡᠭᠦᠯᠬᠦ ᠠᠵᠢᠯᠯᠠᠭ᠋ᠠᠨ᠎ᠤ ᠲᠦᠯᠦᠪᠯᠡᠭᠡ ᠵᠢ ᠬᠡᠷᠡᠭᠵᠢᠭᠦᠯᠵᠦ᠂ ᠲᠦᠷᠦᠯ ᠲᠡᠮᠲᠡᠭ᠎ᠢ ᠴᠤᠬ᠍ᠴᠠᠯᠠᠬᠤ ᠵᠢ ᠠᠮᠤ ᠪᠤᠳᠠᠭ᠋ᠠᠨ᠎ᠤ ᠭᠠᠷᠤᠯᠲᠠ ᠵᠢᠨ ᠴᠢᠳᠠᠮᠵᠢᠲᠤ ᠤᠷᠤᠨ᠂ ᠴᠢᠬᠤᠯᠠ ᠲᠠᠷᠢᠶᠠᠯᠠᠩ᠎ᠤᠨ ᠪᠦᠲᠦᠭᠡᠭᠳᠡᠭᠦᠨ᠎ᠤ ᠬᠠᠮᠠᠭ᠋ᠠᠯᠠᠯᠲᠠ ᠵᠢᠨ ᠤᠷᠤᠨ᠂ ᠤᠨᠴᠠᠯᠢᠬᠲᠤ ᠲᠠᠷᠢᠶᠠᠯᠠᠩ᠎ᠤᠨ ᠪᠦᠲᠦᠭᠡᠭᠳᠡᠭᠦᠨ᠎ᠤ ᠳᠠᠪᠠᠭᠤᠯᠢᠭ ᠤᠷᠤᠨ᠎ᠢ ᠪᠦᠲᠦᠭᠡᠨ ᠪᠠᠶ᠋ᠢᠭᠤᠯᠬᠤ ᠵᠢᠴᠢ ᠪᠤᠬᠢᠷᠲᠤᠯ ᠦᠭᠡᠢ᠂ ᠤᠷᠭ᠋ᠠᠨᠢᠭ ᠵᠡᠷᠭᠡ ᠪᠦᠲᠦᠭᠡᠭᠳᠡᠬᠦᠨ᠎ᠤ ᠭᠡᠷᠡᠴᠢᠯᠡᠭᠡ᠎ᠲᠠᠢ ᠤᠶᠠᠯᠳᠤᠭᠤᠯᠵᠤ᠂ ᠲᠦᠷᠦᠯ ᠲᠡᠮᠲᠡᠭ᠎ᠢ ᠤᠬᠠᠭᠤᠯᠤᠨ ᠲᠠᠨᠢᠯᠴᠠᠭᠤᠯᠬᠤ᠂ 《ᠨᠠᠶ᠋ᠢᠳᠡ᠎ᠳᠤ ᠬᠤᠤᠷᠳᠤᠯ ᠦᠬᠡᠢ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠂ ᠪᠤᠬᠢᠷᠲᠤᠯ ᠦᠭᠡᠢ ᠢᠳᠡᠭᠡᠨ᠂ ᠤᠷᠭ᠋ᠠᠨᠢᠭ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠭᠦᠨ ᠪᠤᠯᠤᠨ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠵᠠᠷ ᠵᠦᠢ ᠵᠢᠨ ᠢᠯᠡᠷᠬᠡᠶ᠋ᠢᠯᠡᠯ》᠎ᠤᠨ ᠪᠠᠶ᠋ᠢᠭᠤᠯᠤᠯᠲᠠ᠂ ᠭᠠᠷᠤᠯᠲᠠ ᠵᠢᠨ ᠤᠷᠤᠨ᠎ᠢ ᠮᠦᠷᠳᠡᠬᠦ᠂ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠤ ᠡᠳ᠋ᠰᠢᠭᠦᠯᠦᠯᠲᠠ ᠵᠢᠨ ᠦᠢ᠍ᠯᠡᠰ᠎ᠢ ᠳᠡᠭᠡᠭᠰᠢᠯᠡᠭᠦᠯᠬᠦ ᠪᠤᠯᠤᠨ ᠪᠤᠬᠢᠷᠲᠤᠯ ᠦᠭᠡᠢ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠢ ᠭᠠᠳᠠᠬᠰᠢ ᠭᠠᠷᠭ᠋ᠠᠬᠤ᠎ᠳᠤ ᠲᠦᠪᠯᠡᠷᠡᠭᠦᠯᠵᠦ᠂ ᠨᠢᠭᠡ ᠪᠦᠯᠦᠭ ᠤᠷᠤᠨ ᠪᠦᠰᠡ ᠵᠢᠨ ᠤᠨᠴᠠᠯᠢᠭ ᠳᠤᠪᠤᠶ᠋ᠢᠮ᠎ᠠ᠂ ᠵᠠᠬ᠎ᠠ ᠳᠡᠯᠭᠡᠭᠦᠷ᠎ᠤᠨ ᠮᠡᠳᠡᠷᠡᠮᠵᠢ ᠵᠢᠨ ᠬᠡᠮᠵᠢᠶ᠎ᠠ ᠦᠷᠭᠡᠨ᠂ ᠬᠦᠭᠵᠢᠯᠲᠡ ᠵᠢᠨ ᠨᠦᠬᠡᠴᠡ ᠬᠦᠴᠦᠨ ᠶᠡᠭᠡ᠂ ᠳᠠᠶ᠋ᠢᠴᠢᠯᠠᠬᠤ ᠴᠢᠳᠠᠪᠤᠷᠢ ᠴᠢᠩᠭ᠎ᠠ ᠪᠤᠬᠢᠷᠲᠤᠯ ᠦᠭᠡᠢ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠤ ᠤᠷᠤᠨ ᠪᠦᠰᠡ ᠵᠢᠨ ᠨᠡᠶ᠋ᠢᠲᠡ ᠵᠢᠨ ᠲᠦᠷᠦᠯ ᠲᠡᠮᠲᠡᠭ᠎ᠢ ᠪᠤᠶ᠋ᠢᠵᠢᠭᠤᠯᠤᠨ᠎ᠠ᠃ ᠮᠢᠬᠠᠨ ᠦᠬᠡᠷ᠂ ᠢᠳᠡᠰᠢᠨ᠎ᠤ ᠬᠤᠨᠢ᠂ ᠲᠦᠮᠦᠰᠦ᠂ ᠡᠯᠳᠡᠪ ᠠᠮᠤ᠂ ᠨᠠᠷᠡᠨ ᠬᠤᠸᠠᠷ ᠵᠡᠷᠭᠡ ᠳᠠᠪᠠᠭᠤᠯᠢᠭ ᠠᠵᠤ ᠦᠢ᠍ᠯᠡᠰ᠎ᠲᠤ ᠲᠦᠰᠢᠭᠯᠡᠵᠦ᠂ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠤ ᠤᠷᠤᠨ ᠪᠦᠰᠡ ᠵᠢᠨ ᠨᠡᠶ᠋ᠢᠲᠡ ᠵᠢᠨ ᠲᠦᠷᠦᠯ ᠲᠡᠮᠲᠡᠭ᠎ᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠵᠢ ᠵᠤᠬᠢᠶᠠᠨ ᠪᠠᠶ᠋ᠢᠭᠤᠯᠤᠨ ᠦᠷᠨᠢᠭᠦᠯᠦᠨ᠎ᠠ᠃ ᠪᠤᠬᠢᠷᠲᠤᠯ ᠦᠭᠡᠢ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠤ ᠨᠡᠶ᠋ᠢᠲᠡ ᠵᠢᠨ ᠲᠦᠷᠦᠯ ᠲᠡᠮᠲᠡᠭ᠎ᠤᠨ ᠪᠠᠶ᠋ᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ 2020 ᠤᠨ ᠪᠤᠯᠬᠤ᠎ᠳᠤ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠤ ᠤᠷᠤᠨ ᠪᠦᠰᠡ ᠵᠢᠨ ᠨᠡᠶ᠋ᠢᠲᠡ ᠵᠢᠨ ᠲᠦᠷᠦᠯ ᠲᠡᠮᠲᠡᠭ 20 ᠵᠢ ᠪᠤᠶ᠋ᠢᠵᠢᠭᠤᠯᠵᠤ᠂ ᠤᠷᠤᠨ ᠪᠦᠰᠡ ᠵᠢᠨ ᠨᠡᠶ᠋ᠢᠲᠡ ᠵᠢᠨ ᠲᠦᠷᠦᠯ ᠲᠡᠮᠲᠡᠭ᠂ ᠠᠵᠤ ᠠᠬᠤᠢ᠌ᠯᠠᠯ᠎ᠤᠨ ᠲᠦᠷᠦᠯ ᠲᠡᠮᠲᠡᠭ᠂ ᠤᠨᠴᠠᠯᠢᠬᠲᠤ ᠲᠦᠷᠦᠯ ᠲᠡᠮᠲᠡᠭ ᠵᠶ᠋ᠠᠷ ᠭᠤᠤᠯ ᠪᠤᠯᠭ᠋ᠠᠬᠰᠠᠨ ᠪᠤᠬᠢᠷᠲᠤᠯ ᠦᠭᠡᠢ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠤ ᠲᠦᠷᠦᠯ ᠲᠡᠮᠲᠡᠭ᠎ᠤᠨ ᠪᠠᠶ᠋ᠢᠷᠢᠰᠢᠯ᠎ᠢ ᠪᠤᠢ ᠪᠤᠯᠭ᠋ᠠᠨ᠎ᠠ᠃
(ᠠᠷᠪᠠᠨ ᠳᠤᠯᠤᠭ᠎ᠠ) ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠪᠦᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠎ᠠ᠃ ᠵᠠᠰᠠᠭ᠎ᠤᠨ ᠤᠷᠳᠤᠨ᠎ᠤ ᠬᠠᠷᠢᠶ᠎ᠠ ᠤᠷᠤᠨ ᠵᠶ᠋ᠠᠷ ᠵᠶ᠋ᠠᠨ ᠬᠠᠮᠢᠶᠠᠷᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠬᠦᠯᠵᠦ᠂ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ ᠪᠤᠯᠤᠨ ᠮᠠᠯ ᠠᠵᠤ ᠠᠬᠤᠢ ᠲᠠᠷᠢᠶᠠᠯᠠᠩ᠎ᠳᠠᠬᠢ ᠤᠷᠤᠭᠤᠯᠤᠯᠲᠠ ᠵᠢᠨ ᠪᠤᠳᠠᠰ᠎ᠤᠨ ᠬᠢᠨᠠᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠶᠠᠪᠤᠴᠠ ᠵᠢ ᠮᠦᠷᠳᠡᠬᠦ ᠰᠢᠰᠲᠸᠮ᠎ᠢ ᠪᠠᠶ᠋ᠢᠭᠤᠯᠵᠤ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠤᠭᠤᠷᠢᠭ) ᠤ ᠬᠢᠨᠠᠨ ᠪᠠᠶ᠋ᠢᠴᠠᠭ᠋ᠠᠬᠤ ᠴᠢᠳᠠᠪᠤᠷᠢ᠎ᠪᠠᠨ ᠦᠷᠬᠦᠯᠵᠢᠯᠡᠨ ᠳᠡᠭᠡᠭᠰᠢᠯᠡᠬᠦᠯᠬᠦ ᠵᠢ ᠠᠬᠢᠭᠤᠯᠵᠤ᠂ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠨ᠎ᠠ᠃ 2020 ᠤᠨ ᠪᠤᠯᠬᠤ᠎ᠳᠤ ᠪᠦᠬᠦ ᠤᠷᠤᠨ᠎ᠤ 《ᠬᠤᠤᠷ ᠦᠭᠡᠢ ᠲᠠᠷᠢᠶᠠᠯᠠᠩ᠎ᠤᠨ ᠪᠦᠲᠦᠭᠡᠭᠳᠡᠬᠦᠨ᠂ ᠪᠤᠬᠢᠷᠲᠤᠯ ᠦᠭᠡᠢ ᠢᠳᠡᠭᠡᠨ᠂ ᠤᠷᠭ᠋ᠠᠨᠢᠭ ᠲᠠᠷᠢᠶᠠᠯᠠᠩ᠎ᠤᠨ ᠪᠦᠲᠦᠭᠡᠭᠳᠡᠭᠦᠨ ᠪᠤᠯᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠵᠠᠷ ᠵᠦᠢ ᠵᠢᠨ ᠰᠢᠨᠵᠢ ᠲᠡᠮᠲᠡᠭ》᠎ᠤᠨ ᠪᠦᠲᠦᠭᠡᠭᠳᠡᠬᠦᠨ ᠠᠳᠠᠯᠢ ᠲᠦᠷᠦᠯ᠎ᠤᠨ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠳᠠᠬᠢ ᠡᠵᠡᠯᠡᠬᠦ ᠬᠠᠷᠢᠴᠠᠯ᠎ᠢ 50% ᠪᠤᠯᠭ᠋ᠠᠬᠤ᠎ᠪᠠᠷ ᠴᠢᠷᠮᠠᠶ᠋ᠢᠵᠤ᠂ ᠭᠤᠤᠯ ᠪᠤᠯᠬᠤ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠤ ᠵᠤᠷᠰᠢᠯᠲᠤ ᠬᠢᠨᠠᠨ ᠪᠠᠶ᠋ᠢᠴᠠᠭ᠋ᠠᠯᠲᠠ ᠵᠢᠨ ᠬᠢᠷᠢ ᠲᠡᠩᠴᠡᠬᠦ ᠨᠤᠷᠮ᠎ᠠ ᠵᠢ 97% ᠭᠠᠷᠤᠢ ᠪᠤᠯᠭ᠋ᠠᠨ᠎ᠠ᠃ ᠪᠦᠬᠦ ᠤᠷᠤᠨ᠎ᠤ ᠮᠠᠯ ᠠᠵᠤ ᠠᠬᠤᠢ ᠲᠠᠷᠢᠶᠠᠯᠠᠩ᠎ᠤᠨ ᠠᠵᠤ ᠦᠢ᠍ᠯᠡᠰᠵᠢᠭᠰᠡᠨ ᠳᠠᠭ᠋ᠠᠭᠤᠯᠤᠬ᠍ᠴᠢ ᠠᠵᠤ ᠠᠬᠤᠢ᠌ᠢ᠍ᠯᠠᠯ᠎ᠤᠨ ᠦᠢ᠍ᠯᠡᠳᠪᠦᠷᠢᠯᠡᠯ᠎ᠤᠨ ᠰᠠᠭᠤᠷᠢᠨ᠂ 《ᠬᠤᠤᠷ ᠦᠭᠡᠢ ᠲᠠᠷᠢᠶᠠᠯᠠᠩ᠎ᠤᠨ ᠪᠦᠲᠦᠭᠡᠭᠳᠡᠬᠦᠨ᠂ ᠪᠤᠬᠢᠷᠲᠤᠯ ᠦᠭᠡᠢ ᠢᠳᠡᠭᠡᠨ᠂ ᠤᠷᠭ᠋ᠠᠨᠢᠭ ᠲᠠᠷᠢᠶᠠᠯᠠᠩ᠎ᠤᠨ ᠪᠦᠲᠦᠭᠡᠭᠳᠡᠭᠦᠨ ᠪᠤᠯᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠵᠠᠷ ᠵᠦᠢ ᠵᠢᠨ ᠢᠯᠡᠷᠬᠡᠶ᠋ᠢᠯᠡᠯ᠎ᠲᠦ ᠪᠦᠲᠦᠭᠡᠭᠳᠡᠬᠦᠨ》 ᠪᠤᠯᠤᠨ ᠭᠠᠵᠠᠷ ᠤᠷᠤᠨ᠎ᠤ ᠭᠤᠤᠯᠳᠠᠯᠭ᠋ᠠᠲᠤ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠢ ᠪᠦᠬᠦᠨ᠎ᠢ ᠬᠢᠨᠠᠨ ᠬᠠᠮᠢᠶᠠᠷᠴᠤ ᠮᠦᠷᠳᠡᠬᠦ ᠬᠡᠪᠴᠢᠶᠡᠨ᠎ᠳᠤ ᠤᠷᠤᠭᠤᠯᠤᠨ᠎ᠠ᠃
ᠵᠢᠷᠭᠤᠭ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠠ ᠵᠢ ᠡᠭᠦᠳᠬᠦ ᠪᠠ ᠬᠢᠵᠠᠭ᠋ᠠᠷᠯᠠᠨ ᠤᠷᠮᠠᠰᠢᠭᠤᠯᠬᠤ ᠲᠤᠬᠲᠠᠴᠠ ᠵᠢ ᠪᠠᠶ᠋ᠢᠭᠤᠯᠤᠨ᠎ᠠ
(ᠠᠷᠪᠠᠨ ᠨᠠᠢ᠍ᠮᠠ) ᠮᠠᠯ ᠠᠵᠤ ᠠᠬᠤᠢ ᠲᠠᠷᠢᠶᠠᠯᠠᠩ᠎ᠤᠨ ᠳᠠᠪᠰᠢᠩᠭᠤᠢ ᠪᠤᠳᠠᠳᠤ ᠬᠡᠷᠡᠭᠯᠡᠭᠡᠨ᠎ᠤ ᠮᠡᠷᠭᠡᠵᠢᠯ ᠪᠤᠯᠤᠨ ᠮᠠᠯ ᠠᠵᠤ ᠠᠬᠤᠢ ᠲᠠᠷᠢᠶᠠᠯᠠᠩ᠎ᠤᠨ ᠪᠤᠬᠢᠷᠲᠤᠯ ᠦᠭᠡᠢ ᠬᠦᠭᠵᠢᠯᠲᠡ ᠵᠢᠨ ᠬᠡᠪ ᠵᠠᠬ᠍ᠪᠤᠷ᠎ᠢ ᠨᠡᠶ᠋ᠢᠳᠭᠡᠨ ᠲᠡᠯᠭᠡᠷᠡᠭᠦᠯᠦᠨᠠ᠃ ᠶᠠᠰᠤ ᠴᠢᠨᠠᠷ ᠵᠶ᠋ᠠᠷ ᠮᠠᠯ ᠠᠵᠤ ᠠᠬᠤᠢ ᠲᠠᠷᠢᠶᠠᠯᠠᠩ᠎ᠢ ᠬᠦᠭᠵᠢᠬᠦᠯᠦᠨ ᠮᠠᠨᠳᠤᠭᠤᠯᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠤᠨ ᠠᠵᠢᠯᠯᠠᠭ᠋ᠠᠨ᠎ᠤ ᠲᠦᠯᠦᠪᠯᠡᠭᠡ ᠵᠢ ᠬᠡᠷᠡᠭᠵᠢᠭᠦᠯᠵᠦ᠂ ᠰᠠᠶ᠋ᠢᠨ ᠡᠭᠦᠯᠳᠡᠷᠵᠢᠭᠦᠯᠬᠦ᠂ ᠪᠤᠬᠢᠷᠲᠤᠯ ᠦᠭᠡᠢ᠎ᠪᠠᠷ ᠲᠠᠷᠢᠵᠤ ᠲᠡᠵᠢᠭᠡᠬᠦ᠂ ᠮᠠᠯ ᠠᠵᠤ ᠠᠬᠤᠢ ᠲᠠᠷᠢᠶᠠᠯᠠᠩ᠎ᠢ ᠡᠷᠭᠢᠯᠳᠦᠭᠦᠯᠦᠨ ᠠᠰᠢᠬᠯᠠᠬᠤ᠂ ᠮᠠᠯ ᠠᠵᠤ ᠠᠬᠤᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠪᠦᠬᠦ ᠶᠠᠪᠤᠴᠠ ᠵᠢ ᠮᠠᠰᠢᠨᠴᠢᠯᠠᠬᠤ ᠪᠤᠯᠤᠨ 《ᠢᠨᠲ᠋ᠧᠷ ᠰᠦᠯᠵᠢᠶ᠎ᠠ + ᠮᠠᠯ ᠠᠵᠤ ᠠᠬᠤᠢ ᠲᠠᠷᠢᠶᠠᠯᠠᠩ》᠎ᠤᠨ ᠲᠤᠭᠤᠷᠢᠨ᠎ᠳᠤ᠂ ᠨᠢᠭᠡ ᠪᠦᠯᠦᠭ ᠰᠢᠯᠢᠳᠡᠭ ᠡᠭᠦᠯᠳᠡᠷ᠎ᠢ ᠪᠤᠶ᠋ᠢᠵᠢᠭᠤᠯᠤᠨ ᠭᠠᠳᠠᠭ᠋ᠠᠳᠤ᠎ᠠᠴᠠ ᠤᠷᠤᠭᠤᠯᠵᠤ᠂ ᠨᠢᠭᠡ ᠪᠦᠯᠦᠭ ᠶᠠᠰᠤ ᠴᠢᠨᠠᠷ᠎ᠢ ᠳᠡᠭᠡᠭᠰᠢᠯᠡᠬᠦᠯᠬᠦ᠂ ᠠᠮᠤᠷ ᠲᠦᠪᠰᠢᠨ᠎ᠢ ᠪᠠᠲᠤᠯᠠᠬᠤ ᠮᠠᠯ ᠠᠵᠤ ᠠᠬᠤᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠰᠢᠨ᠎ᠠ ᠮᠡᠷᠭᠡᠵᠢᠯ᠂ ᠰᠢᠨ᠎ᠠ ᠬᠡᠪ ᠵᠠᠬ᠍ᠪᠤᠷ᠎ᠢ ᠰᠤᠳᠤᠯᠤᠨ ᠨᠡᠭᠡᠭᠡᠵᠦ ᠳᠡᠯᠭᠡᠷᠡᠭᠦᠯᠦᠨ᠂ ᠨᠢᠭᠡ ᠪᠦᠯᠦᠭ ᠪᠤᠬᠢᠷᠲᠤᠯ ᠦᠭᠡᠢ ᠦᠢ᠍ᠯᠡᠳᠪᠦᠷᠢᠯᠡᠯ᠎ᠤᠨ ᠵᠢᠱ᠌ᠢᠶ᠎ᠠ ᠦᠵᠡᠭᠦᠯᠬᠦ ᠰᠠᠭᠤᠷᠢᠨ᠎ᠢ ᠴᠤᠬ᠍ᠴᠠᠯᠠᠨ᠎ᠠ᠃ ᠰᠠᠶ᠋ᠢᠨ ᠡᠭᠦᠯᠳᠡᠷᠵᠢᠭᠦᠯᠬᠦ ᠰᠢᠰᠲᠸᠮ᠂ ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠠ ᠵᠢ ᠡᠭᠦᠳᠬᠦ ᠪᠠ ᠳᠡᠯᠭᠡᠷᠡᠭᠦᠯᠦᠨ ᠦᠢ᠍ᠯᠡᠴᠢᠯᠡᠬᠦ ᠰᠢᠰᠲᠸᠮ᠎ᠢ ᠪᠠᠶ᠋ᠢᠭᠤᠯᠤᠨ ᠪᠦᠷᠢᠨᠰᠢᠭᠦᠯᠵᠦ᠂ ᠮᠠᠯ ᠠᠵᠤ ᠠᠬᠤᠢ ᠲᠠᠷᠢᠶᠠᠯᠠᠩ᠎ᠤᠨ ᠲᠤᠮᠤ ᠳ᠋ᠠᠶ᠋ᠢᠲ᠋ᠠ ᠵᠢᠨ ᠲᠠᠪᠴᠠᠩ᠎ᠢ ᠪᠠᠶ᠋ᠢᠭᠤᠯᠵᠤ᠂ ᠪᠠᠷᠠᠭ᠎ᠠ ᠵᠢᠨ ᠰᠦᠯᠵᠢᠶ᠎ᠠ᠂ ᠲᠤᠮᠤ ᠳ᠋ᠠᠶ᠋ᠢᠲ᠋ᠠ᠂ ᠡᠯᠧᠺᠲᠷᠤᠨ ᠬᠤᠳᠠᠯᠳᠤᠭ᠎ᠠ ᠵᠡᠷᠭᠡ ᠢᠨᠲᠧᠷ ᠰᠦᠯᠵᠢᠶᠠᠨ᠎ᠤ ᠮᠡᠷᠭᠡᠵᠢᠯ᠎ᠢ ᠮᠠᠯ ᠠᠵᠤ ᠠᠬᠤᠢ ᠲᠠᠷᠢᠶᠠᠯᠠᠩ᠎ᠤᠨ ᠦᠢ᠍ᠯᠡᠳᠪᠦᠷᠢᠯᠡᠯ᠂ ᠡᠳ᠋ᠰᠢᠭᠦᠯᠤᠯᠲᠠ᠂ ᠪᠤᠷᠤᠯᠠᠭᠤᠯᠤᠯᠲᠠ ᠵᠡᠷᠭᠡ ᠠᠵᠤ ᠦᠢ᠍ᠯᠡᠰ᠎ᠤᠨ ᠬᠡᠯᠬᠢᠶ᠎ᠠ ᠵᠢᠨ ᠭᠤᠬ᠍ᠴᠤᠭ᠎ᠠ᠎ᠲᠠᠢ ᠤᠶᠠᠯᠳᠤᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠬᠦᠭᠵᠢᠯᠲᠡ ᠵᠢᠨ ᠰᠢᠨᠵᠢᠯᠡᠬᠦ ᠤᠬᠠᠭ᠋ᠠᠨᠴᠢᠯᠠᠬᠤ᠂ ᠤᠶᠤᠨᠴᠢᠯᠠᠬᠤ᠂ ᠮᠡᠳᠡᠭᠡ ᠵᠠᠩᠬᠢᠴᠢᠯᠠᠬᠤ ᠵᠢ ᠠᠬᠢᠭᠤᠯᠤᠨ᠎ᠠ᠃ ᠤᠯᠤᠰ᠎ᠤᠨ ᠲᠠᠷᠢᠶᠠᠯᠠᠩ᠎ᠤᠨ ᠦᠷᠬᠦᠯᠵᠢᠯᠡᠨ ᠬᠦᠭᠵᠢᠬᠦ ᠲᠤᠷᠰᠢᠯᠲᠠ ᠵᠢᠨ ᠵᠢᠱ᠌ᠢᠶ᠎ᠠ ᠦᠵᠡᠭᠦᠯᠬᠦ ᠲᠤᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃
(ᠠᠷᠪᠠ ᠶᠢᠰᠦ) ᠮᠠᠯ ᠠᠵᠤ ᠠᠬᠤᠢ ᠲᠠᠷᠢᠶᠠᠯᠠᠩ᠎ᠤᠨ ᠠᠮᠢ ᠠᠬᠤᠢ ᠵᠢᠨ ᠨᠦᠬᠦᠪᠦᠷᠢ ᠵᠢᠨ ᠲᠤᠬᠲᠠᠴᠠ ᠵᠢ ᠲᠡᠭᠦᠯᠳᠡᠷᠵᠢᠭᠦᠯᠦᠨ᠎ᠠ᠃ ᠲᠠᠷᠢᠶᠠᠨ ᠭᠠᠵᠠᠷ᠎ᠤᠨ ᠭᠠᠵᠠᠷ᠎ᠤᠨ ᠬᠦᠴᠦ ᠵᠢᠨ ᠳᠡᠭᠡᠭᠰᠢᠯᠡᠭᠦᠯᠦᠯᠲᠡ ᠪᠤᠯᠤᠨ ᠬᠠᠷᠢᠭᠤᠴᠠᠯᠭ᠎ᠠ᠎ᠲᠠᠢ ᠬᠤᠯᠪᠤᠬᠰᠠᠨ ᠲᠠᠷᠢᠶᠠᠨ ᠭᠠᠵᠠᠷ᠎ᠤᠨ ᠭᠠᠵᠠᠷ᠎ᠤᠨ ᠬᠦᠴᠦ ᠵᠢ ᠬᠠᠮᠠᠭ᠋ᠠᠯᠠᠬᠤ ᠨᠦᠬᠦᠪᠦᠷᠢ ᠵᠢᠨ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠮᠠᠯ ᠠᠵᠤ ᠠᠬᠤᠢ ᠲᠠᠷᠢᠶᠠᠯᠠᠩ᠎ᠤᠨ ᠴᠢᠳᠠᠮᠵᠢᠲᠤ ᠤᠷᠤᠨ᠎ᠳᠤ ᠰᠢᠯᠵᠢᠭᠦᠯᠦᠨ ᠤᠯᠭᠤᠬᠤ ᠡᠷᠴᠢᠮ᠎ᠢ ᠴᠢᠩᠭ᠋ᠠᠳᠬᠠᠵᠤ᠂ ᠮᠠᠯ ᠠᠵᠤ ᠠᠬᠤᠢ ᠲᠠᠷᠢᠶᠠᠯᠠᠩ᠎ᠤᠨ ᠠᠮᠢ ᠠᠬᠤᠢ ᠵᠢ ᠬᠠᠮᠠᠭ᠋ᠠᠯᠠᠬᠰᠠᠨ ᠦᠷ᠎ᠠ ᠪᠦᠲᠦᠮᠵᠢ ᠵᠢ ᠪᠡᠯᠡ ᠮᠦᠡᠭᠭᠦ ᠵᠢᠨ ᠬᠤᠪᠢᠶᠠᠷᠢᠯᠠᠯᠲᠠ᠎ᠲᠠᠢ ᠬᠤᠯᠪᠤᠬᠤ ᠤᠷᠮᠠᠰᠢᠭᠤᠯᠤᠨ ᠬᠢᠵᠠᠭ᠋ᠠᠷᠯᠠᠬᠤ ᠲᠤᠬᠲᠠᠴᠠ ᠵᠢ ᠬᠡᠷᠡᠭᠵᠢᠭᠦᠯᠦᠨ᠎ᠠ᠃ ᠲᠠᠷᠢᠶᠠᠨ ᠭᠠᠵᠠᠷ᠂ ᠨᠤᠲᠤᠭ ᠪᠡᠯᠴᠢᠭᠡᠷ᠂ ᠤᠢ ᠰᠢᠭᠤᠢ᠂ ᠨᠤᠭᠤ ᠭᠠᠵᠠᠷ᠂ ᠤᠰᠤᠨ᠎ᠤ ᠠᠮᠢᠳᠤ ᠪᠤᠳᠠᠰ ᠵᠡᠷᠭᠡ ᠵᠢᠨ ᠠᠮᠢ ᠠᠬᠤᠢ ᠵᠢᠨ ᠨᠦᠬᠦᠪᠦᠷᠢ ᠵᠢᠨ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠵᠠᠬ᠎ᠠ ᠳᠡᠯᠭᠡᠭᠦᠷᠵᠢᠭᠰᠡᠨ ᠤᠯᠠᠨ ᠡᠰᠢᠵᠢᠭᠰᠡᠨ ᠠᠮᠢ ᠠᠬᠤᠢ ᠵᠢᠨ ᠨᠦᠬᠦᠪᠦᠷᠢ ᠵᠢᠨ ᠲᠤᠬᠲᠠᠴᠠ ᠵᠢ ᠪᠠᠶ᠋ᠢᠭᠤᠯᠵᠤ᠂ ᠠᠮᠢ ᠠᠬᠤᠢ ᠵᠢᠨ ᠪᠦᠲᠦᠭᠡᠭᠳᠡᠬᠦᠨ᠎ᠢ ᠬᠤᠳᠠᠯᠳᠤᠨ ᠠᠪᠬᠤ᠂ ᠤᠢ ᠰᠢᠭᠤᠢ ᠵᠢᠨ ᠨᠡᠬᠦᠷᠡᠰᠦᠳᠦ᠋ᠷᠦᠭᠴᠢ ᠵᠢᠨ ᠬᠤᠷᠠᠮᠳᠤᠴᠠ ᠵᠡᠷᠭᠡ ᠵᠠᠬ᠎ᠠ ᠳᠡᠯᠭᠡᠭᠦᠷᠵᠢᠭᠰᠡᠨ ᠨᠦᠬᠦᠪᠦᠷᠢ ᠵᠢᠨ ᠳᠦᠷᠢᠮ᠎ᠢ ᠰᠦᠪᠡᠭᠴᠢᠯᠡᠨ ᠪᠠᠶ᠋ᠢᠭᠤᠯᠤᠨ᠎ᠠ᠃ ᠤᠢ ᠰᠢᠭᠤᠢ ᠵᠢᠨ ᠠᠮᠢ ᠠᠬᠤᠢ ᠵᠢᠨ ᠦᠷ᠎ᠠ ᠠᠰᠢᠭ᠎ᠤᠨ ᠨᠦᠬᠦᠪᠦᠷᠢ ᠵᠢᠨ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠤᠢ ᠰᠢᠭᠤᠢ ᠵᠢᠨ ᠠᠮᠢ ᠠᠬᠤᠢ ᠵᠢᠨ ᠦᠷ᠎ᠠ ᠠᠰᠢᠭ᠎ᠤᠨ ᠨᠦᠬᠦᠪᠦᠷᠢ ᠵᠢᠨ ᠳᠦᠷᠢᠮ᠎ᠢ ᠤᠯᠠᠮ ᠴᠢᠨᠠᠬᠰᠢᠲᠠ ᠲᠡᠭᠦᠯᠳᠡᠷᠵᠢᠭᠦᠯᠦᠨ᠎ᠠ᠃
(ᠬᠤᠷᠢ) ᠪᠤᠬᠢᠷᠳᠤᠯ ᠦᠭᠡᠢ ᠮᠠᠯ ᠠᠵᠤ ᠠᠬᠤᠢ ᠲᠠᠷᠢᠶᠠᠯᠠᠩ᠎ᠤᠨ ᠬᠠᠤᠯᠢ ᠲᠤᠭᠳᠠᠭ᠋ᠠᠯ᠎ᠤᠨ ᠰᠢᠰᠲ᠋ᠧᠮ᠎ᠢ ᠪᠠᠶ᠋ᠢᠭᠤᠯᠤᠨ ᠪᠦᠷᠢᠨᠰᠢᠭᠦᠯᠦᠨ᠎ᠡ᠃ ᠮᠠᠯ ᠠᠵᠤ ᠠᠬᠤᠢ ᠲᠠᠷᠢᠶᠠᠯᠠᠩ᠎ᠤᠨ ᠪᠤᠬᠢᠷᠳᠤᠯ ᠦᠭᠡᠢ ᠭᠦᠭᠵᠢᠯᠳᠡ ᠵᠢ ᠠᠬᠢᠭᠤᠯᠬᠤ ᠤᠷᠤᠨ ᠨᠤᠳᠤᠭ᠎ᠤᠨ ᠴᠢᠨᠠᠷᠳᠠᠢ ᠬᠠᠤᠯᠢ ᠲᠤᠭᠳᠠᠭ᠋ᠠᠯ ᠪᠡ ᠵᠠᠰᠠᠭ᠎ᠤᠨ ᠤᠷᠳᠤᠨ᠎ᠤ ᠲᠦᠷᠢᠮ᠎ᠢ ᠲᠤᠭᠳᠠᠭ᠋ᠠᠵᠤ᠂ ᠵᠠᠰᠠᠪᠦᠷᠢ ᠤᠷᠤᠭᠤᠯᠤᠨ᠎ᠡ᠃ ᠴᠢᠬᠤᠯᠡ ᠶᠡᠭᠡ ᠤᠷᠴᠢᠨ ᠲᠤᠭᠤᠷᠢᠨ᠎ᠤ ᠭᠡᠷᠡᠭ ᠪᠡ ᠪᠤᠬᠢᠷᠳᠤᠯ᠎ᠤᠨ ᠠᠳᠡᠯ᠎ᠤᠨ ᠬᠠᠷᠢᠭᠤᠴᠠᠯᠭ᠎ᠠ ᠨᠡᠭᠡᠮᠵᠢᠯᠡᠭᠦ ᠲᠦᠷᠢᠮ ᠵᠢᠴᠢ ᠡᠪᠳᠡᠵᠤ ᠬᠤᠬᠢᠷᠠᠭᠤᠯᠬᠤ ᠠᠵᠢᠯᠯᠠᠭ᠎ᠠ᠎ᠠᠴᠠ ᠲᠦᠯᠦᠪᠦᠷᠢ ᠠᠪᠬᠤ ᠲᠦᠷᠢᠮ᠎ᠢ ᠨᠠᠶ᠋ᠢᠳᠠᠪᠦᠷᠢᠵᠢᠭᠤᠯᠵᠤ᠂ ᠬᠠᠤᠯᠢ᠎ᠠᠴᠠ ᠵᠦᠷᠢᠴᠡᠭᠦ ᠦᠪᠡᠷ᠎ᠤᠨ ᠦᠷᠳᠡᠭ᠎ᠢ ᠲᠡᠭᠡᠭᠰᠢᠯᠡᠭᠦᠯᠵᠤ᠂ ᠲᠤᠷᠭ᠋ᠠᠵᠤ ᠰᠢᠳᠭᠡᠭᠦ ᠡᠷᠴᠢᠮ᠎ᠢ ᠴᠢᠩᠭ᠋ᠠᠷᠠᠭᠤᠯᠤᠨᠡ᠃ ᠮᠠᠯ ᠠᠵᠤ ᠠᠬᠤᠢ ᠲᠠᠷᠢᠶᠠᠯᠠᠩ᠎ᠤᠨ ᠬᠠᠤᠯᠢ ᠭᠡᠷᠡᠭᠵᠢᠭᠦᠯᠭᠦ ᠡᠷᠴᠢᠮ᠎ᠢ ᠴᠢᠩᠭ᠋ᠠᠷᠠᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠡᠬᠢ ᠪᠠᠶᠠᠯᠢᠭ᠎ᠤᠨ ᠤᠷᠴᠢᠨ ᠲᠤᠭᠤᠷᠢᠨ᠎ᠢ ᠡᠪᠳᠡᠭᠦ ᠬᠠᠤᠯᠢ ᠲᠤᠭᠳᠠᠭ᠋ᠠᠯ᠎ᠠᠴᠠ ᠵᠦᠷᠢᠴᠡᠭᠰᠡᠨ ᠦᠢ᠍ᠯᠠ ᠠᠵᠢᠯᠯᠠᠭ᠎ᠠ᠎ᠳᠤ ᠡᠷᠡᠰ ᠴᠤᠬᠢᠯᠳᠡ ᠦᠭᠭᠦᠨ᠎ᠡ᠃
(ᠬᠤᠷᠢᠨ ᠨᠢᠭᠡ) ᠮᠠᠯ ᠠᠵᠤ ᠠᠬᠤᠢ ᠲᠠᠷᠢᠶᠠᠯᠠᠩ᠎ᠤᠨ ᠪᠤᠬᠢᠷᠳᠤᠯ ᠦᠭᠡᠢ ᠭᠦᠭᠵᠢᠯᠳᠡ ᠵᠢᠨ ᠴᠢᠳᠠᠪᠦᠷᠢᠳᠡᠨᠢ ᠬᠦᠮᠦᠵᠢᠭᠦᠯᠭᠦ ᠲᠤᠭᠳᠠᠴᠡ ᠵᠢ ᠲᠡᠭᠦᠯᠳᠡᠷᠵᠢᠭᠦᠯᠦᠨ᠎ᠡ᠃ ᠮᠠᠯ ᠠᠵᠤ ᠠᠬᠤᠢ ᠲᠠᠷᠢᠶᠠᠯᠠᠩ᠎ᠤᠨ ᠲᠡᠭᠡᠳᠤ ᠵᠡᠷᠭᠡ ᠵᠢᠨ ᠰᠤᠷᠭ᠋ᠠᠨ ᠬᠦᠮᠦᠵᠢᠯ᠂ ᠮᠠᠯᠴᠢᠨ ᠲᠠᠷᠢᠶᠠᠴᠢᠨ᠎ᠤ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠂ ᠰᠢᠨ᠎ᠡ ᠮᠠᠶ᠋ᠢᠬ᠎ᠤᠨ ᠠᠵᠢᠯ ᠮᠡᠷᠭᠡᠵᠢᠯ᠎ᠤᠨ ᠮᠠᠯᠴᠢᠨ ᠲᠠᠷᠢᠶᠠᠴᠢᠨ᠎ᠢ ᠬᠦᠮᠦᠵᠢᠭᠦᠯᠭᠦ᠂ ᠭᠦᠳᠡᠭᠡ ᠲᠤᠰᠬᠤᠨ ᠮᠠᠯᠵᠢᠬᠤ ᠤᠷᠤᠨ᠎ᠤ ᠪᠤᠳᠠᠳᠤ ᠭᠡᠷᠡᠭᠯᠡᠭᠡᠨ᠎ᠤ ᠴᠢᠳᠠᠪᠦᠷᠢᠳᠡᠨᠤ ᠲᠠᠭ᠋ᠠᠭᠤᠯᠤᠬ᠍ᠴᠢ ᠵᠢᠨ ᠵᠢᠱ᠌ᠢᠶ᠎ᠡ ᠦᠵᠡᠭᠦᠯᠭᠦ ᠪᠤᠯᠪᠠᠰᠤᠷᠠᠯ ᠵᠡᠷᠭᠡ ᠪᠤᠯᠪᠠᠰᠤᠷᠠᠭᠤᠯᠤᠯ᠎ᠤᠨ ᠠᠷᠭ᠎ᠠ ᠵᠠᠮ ᠵᠶ᠋ᠠᠷ᠂ ᠮᠠᠯ ᠠᠵᠤ ᠠᠬᠤᠢ ᠲᠠᠷᠢᠶᠠᠯᠠᠩ᠎ᠤᠨ ᠡᠬᠢ ᠪᠠᠶᠠᠯᠢᠭ᠎ᠢ ᠠᠷᠪᠢᠯᠠᠨ ᠠᠰᠢᠬᠯᠠᠬᠤ᠂ ᠭᠠᠷᠤᠯᠳᠡ ᠵᠢᠨ ᠤᠷᠤᠨ᠎ᠤ ᠤᠷᠴᠢᠨ ᠲᠤᠭᠤᠷᠢᠨ᠎ᠢ ᠬᠠᠮᠠᠭ᠋ᠠᠯᠠᠬᠤ᠂ ᠠᠮᠢ ᠠᠬᠤᠢ ᠵᠢᠨ ᠦᠢ᠍ᠯᠡᠴᠢᠯᠡᠭᠡᠨ᠎ᠤ ᠴᠢᠳᠠᠮᠵᠢ ᠵᠢ ᠲᠡᠭᠡᠭᠰᠢᠯᠡᠭᠦᠯᠭᠦ ᠵᠡᠷᠭᠡ ᠠᠭᠤᠯᠭ᠎ᠠ ᠵᠢ ᠰᠤᠷᠭ᠋ᠠᠨ ᠬᠦᠮᠦᠵᠢᠯ᠎ᠤᠨ ᠪᠤᠯᠪᠠᠰᠤᠷᠠᠭᠤᠯᠤᠯ᠎ᠤᠨ ᠬᠡᠪᠴᠢᠶᠡᠨ᠎ᠳᠤ ᠤᠷᠤᠭᠤᠯᠵᠤ᠂ ᠨᠢᠭᠡ ᠪᠦᠯᠦᠭ ᠪᠤᠬᠢᠷᠳᠤᠯ ᠦᠭᠡᠢ ᠭᠦᠭᠵᠢᠯᠳᠡ ᠵᠢᠨ ᠦᠢ᠍ᠯᠠᠭ᠋ᠠᠬᠳᠠᠬᠤᠨᠲᠠᠢ᠂ ᠪᠤᠬᠢᠷᠳᠤᠯ ᠦᠭᠡᠢ ᠦᠢ᠍ᠯᠡᠳᠪᠦᠷᠢᠯᠡᠯ᠎ᠤᠨ ᠮᠡᠷᠭᠡᠵᠢᠯ ᠪᠡ ᠤᠷ᠎ᠠ ᠴᠢᠳᠠᠪᠦᠷᠢ ᠵᠢ ᠡᠵᠡᠮᠰᠢᠭᠰᠡᠨ ᠮᠠᠯ ᠠᠵᠤ ᠠᠬᠤᠢ ᠲᠠᠷᠢᠶᠠᠯᠠᠩ᠎ᠤᠨ ᠲᠤᠰᠬᠠᠢ ᠮᠡᠷᠭᠡᠵᠢᠯ᠎ᠤᠨ ᠴᠢᠳᠠᠪᠦᠷᠢᠳᠡᠨᠤ ᠡᠩᠨᠡᠭᠡ ᠪᠡ ᠰᠢᠨ᠎ᠡ ᠮᠠᠶ᠋ᠢᠬ᠎ᠤᠨ ᠲᠤᠰᠬᠠᠢ ᠮᠡᠷᠭᠡᠵᠢᠯ᠎ᠤᠨ ᠮᠠᠯᠴᠢᠨ ᠲᠠᠷᠢᠶᠠᠴᠢᠨ᠎ᠢ ᠬᠦᠮᠦᠵᠢᠭᠦᠯᠦᠨ᠎ᠡ᠃ ᠰᠢᠨ᠎ᠡ ᠮᠠᠶ᠋ᠢᠬ᠎ᠤᠨ ᠮᠠᠯ ᠠᠵᠤ ᠠᠬᠤᠢ ᠲᠠᠷᠢᠶᠠᠯᠠᠩ᠎ᠤᠨ ᠡᠵᠡᠩᠨᠡᠯᠳᠡ ᠵᠢᠨ ᠭᠤᠤᠯ ᠴᠤᠭᠴᠡ ᠵᠢ ᠢᠳᠡᠪᠬᠢᠳᠡᠢ ᠬᠦᠮᠦᠵᠢᠭᠦᠯᠵᠤ᠂ ᠲᠡᠳᠡᠨ᠎ᠤ ᠤᠷᠢᠳᠴᠢᠯᠡᠨ ᠪᠤᠬᠢᠷᠳᠤᠯ ᠦᠭᠡᠢ ᠦᠢ᠍ᠯᠡᠳᠪᠦᠷᠢᠯᠡᠯ᠎ᠢ ᠦᠷᠨᠢᠭᠦᠯᠭᠦ ᠵᠢ ᠵᠤᠷᠢᠭᠵᠢᠭᠤᠯᠤᠨ᠎ᠡ᠃
ᠲᠤᠯᠤᠭ᠎ᠠ᠂ ᠵᠤᠬᠢᠶᠡᠨ ᠪᠠᠶ᠋ᠢᠭᠤᠯᠤᠯᠲᠠ ᠵᠢᠨ ᠤᠳᠤᠷᠢᠳᠤᠯᠭ᠎ᠠ ᠪᠡ ᠲᠦᠷᠦ ᠵᠢᠨ ᠪᠤᠳᠤᠯᠭ᠎ᠠ ᠵᠢᠨ ᠲᠡᠮᠵᠢᠯᠭᠡ ᠵᠢ ᠴᠢᠩᠭ᠋ᠠᠳᠬᠠᠨᠡ
(ᠬᠤᠷᠢᠨ ᠬᠤᠶᠠᠷ) ᠵᠤᠬᠢᠶᠠᠨ ᠪᠠᠶ᠋ᠢᠭᠤᠯᠤᠯᠲᠠ ᠵᠢᠨ ᠪᠠᠳᠤᠯᠠᠭ᠎ᠠ ᠵᠢ ᠴᠢᠩᠭ᠋ᠠᠳᠬᠠᠨᠡ᠃ ᠡᠯ᠎ᠡ ᠱᠠᠳᠤᠨ᠎ᠤ ᠨᠠᠮ᠎ᠤᠨ ᠬᠤᠷᠢᠶ᠎ᠠ ᠪᠡ ᠵᠠᠰᠠᠭ᠎ᠤᠨ ᠤᠷᠳᠤᠨ ᠵᠤᠬᠢᠶᠡᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠮᠠᠯ ᠠᠵᠤ ᠠᠬᠤᠢ ᠲᠠᠷᠢᠶᠠᠯᠠᠩ᠎ᠢ ᠬᠦᠭᠵᠢᠭᠦᠯᠬᠦ᠎ᠪᠠᠷ ᠭᠦᠳᠡᠭᠡ ᠲᠤᠰᠬᠤᠨ᠎ᠢ ᠭᠦᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠭᠡᠷᠡᠭᠵᠢᠭᠦᠯᠭᠦ ᠴᠢᠬᠤᠯᠡ ᠭᠠᠷᠳᠠᠴᠡ ᠪᠤᠯᠭ᠋ᠠᠵᠤ᠂ ᠡᠳᠤᠷ ᠲᠤᠳᠤᠮ᠎ᠤᠨ ᠴᠢᠬᠤᠯᠡ ᠵᠦᠪᠯᠡᠭᠦ ᠵᠦᠢ᠍ᠯ᠎ᠳᠤ ᠤᠷᠤᠭᠤᠯᠵᠤ᠂ ᠤᠳᠤᠷᠢᠳᠬᠤ ᠺᠡᠳ᠋ᠷ᠎ᠤᠨ ᠲᠤᠰᠢᠶᠠᠯ ᠡᠭᠦᠷᠭᠡᠯᠡᠭᠦ ᠬᠤᠭᠤᠴᠠᠭ᠋ᠠᠨ᠎ᠳᠠᠬᠢ ᠠᠮᠢ ᠠᠬᠤᠢ ᠵᠢᠨ ᠪᠤᠯᠪᠠᠰᠤᠨ᠎ᠤ ᠪᠠᠶ᠋ᠢᠭᠤᠯᠤᠯᠳᠡ ᠵᠢᠨ ᠬᠠᠷᠢᠭᠤᠴᠠᠯᠭ᠎ᠠ ᠵᠢᠨ ᠲᠦᠷᠢᠮ᠎ᠤᠨ ᠠᠭᠤᠯᠭ᠎ᠠ᠎ᠳᠤ ᠤᠷᠤᠭᠤᠯᠬᠤ ᠬᠡᠷᠡᠭᠲᠡᠢ᠃ ᠬᠠᠮᠢᠶ᠎ᠡ ᠪᠦᠭᠦᠢ ᠰᠠᠯᠠᠭ᠎ᠠ ᠮᠦᠴᠢᠷ ᠤᠷᠤᠯᠴᠡᠭ᠍ᠰᠡᠨ ᠪᠤᠬᠢᠷᠳᠤᠯ ᠦᠭᠡᠢ ᠮᠠᠯ ᠠᠵᠤ ᠠᠬᠤᠢ ᠲᠠᠷᠢᠶᠠᠯᠠᠩ᠎ᠤᠨ ᠭᠦᠭᠵᠢᠯᠳᠡ ᠵᠢᠨ ᠰᠠᠯᠠᠭ᠎ᠠ ᠮᠦᠴᠢᠷ᠎ᠤᠨ ᠵᠤᠬᠢᠴᠠᠭᠤᠯᠭ᠎ᠠ ᠵᠢᠨ ᠲᠤᠭᠳᠠᠴᠡ ᠵᠢ ᠪᠠᠶ᠋ᠢᠭᠤᠯᠵᠤ᠂ ᠬᠠᠷᠢᠯᠴᠠᠭ᠎ᠠ ᠵᠤᠬᠢᠴᠠᠭᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠲᠤᠰᠢᠶᠠᠯ ᠬᠠᠷᠢᠭᠤᠴᠠᠯᠭ᠎ᠠ ᠪᠡ ᠡᠭᠦᠷᠭᠡ ᠵᠢᠨ ᠬᠤᠪᠢᠶᠠᠷᠢᠯᠠᠯ᠎ᠢ ᠲᠤᠳᠤᠷᠬᠠᠢ᠌ᠢ᠍ᠯᠠᠵᠤ᠂ ᠠᠵᠢᠯ᠎ᠤᠨ ᠨᠡᠶ᠋ᠢᠯᠡᠯ ᠭᠦᠴᠤᠨ᠎ᠢ ᠪᠤᠢ ᠪᠤᠯᠭ᠋ᠠᠬᠤ ᠬᠡᠷᠡᠭᠲᠡᠢ᠃ ᠡᠯ᠎ᠡ ᠱᠠᠳᠤᠨ᠎ᠤ ᠮᠠᠯ ᠠᠵᠤ ᠠᠬᠤᠢ ᠲᠠᠷᠢᠶᠠᠯᠠᠩ᠎ᠤᠨ ᠰᠠᠯᠠᠭ᠎ᠠ ᠮᠦᠴᠢᠷ᠎ᠤᠨ᠎ᠬᠢᠨ ᠲᠦᠷᠦᠭᠦᠯᠡᠨ ᠬᠢᠵᠦ ᠵᠤᠬᠢᠴᠠᠭᠤᠯᠬᠤ ᠦᠢ᠍ᠯᠡᠳᠦᠯ ᠵᠶ᠋ᠠᠨ ᠰᠠᠶ᠋ᠢᠳᠤᠷ ᠪᠠᠳᠠᠷᠠᠭᠤᠯᠵᠤ᠂ ᠲᠤᠭᠳᠠᠭᠰᠡᠨ ᠬᠤᠭᠤᠴᠠᠭ᠎ᠠ᠎ᠲᠠᠢ᠎ᠪᠠᠷ ᠠᠬᠢᠴᠡ ᠵᠢᠨ ᠪᠠᠶ᠋ᠢᠳᠠᠯ᠎ᠢ ᠲᠤᠬᠢᠷᠠᠭᠤᠯᠵᠤ᠂ ᠡᠯ᠎ᠡ ᠵᠦᠢ᠍ᠯ᠎ᠤᠨ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠪᠤᠳᠠᠳᠠᠢ᠎ᠳᠤ ᠨᠠᠶ᠋ᠢᠳᠠᠪᠦᠷᠢᠵᠢᠭᠤᠯᠬᠤ ᠵᠢ ᠪᠠᠳᠤᠯᠠᠵᠤ᠂ ᠴᠢᠬᠤᠯᠡ ᠪᠠᠶ᠋ᠢᠳᠠᠯ᠎ᠢ ᠴᠠᠭ ᠲᠤᠬᠠᠢᠳᠤᠨᠢ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠪᠡ ᠵᠠᠰᠠᠭ᠎ᠤᠨ ᠤᠷᠳᠤᠨ᠎ᠳᠤ ᠮᠡᠳᠡᠭᠦᠯᠬᠦ ᠬᠡᠷᠡᠭᠲᠡᠢ᠃
(ᠬᠤᠷᠢᠨ ᠭᠤᠷᠪᠡ) ᠡᠳ᠋᠎ᠤᠨ ᠵᠠᠰᠠᠭ ᠮᠦᠩᠭᠦᠨ ᠭᠦᠢ᠍ᠯᠭᠡᠭᠡᠨ᠎ᠤ ᠲᠡᠮᠵᠢᠯᠬᠡ ᠵᠢᠨ ᠡᠷᠴᠢᠮ᠎ᠢ ᠴᠢᠩᠭ᠋ᠠᠷᠠᠭᠤᠯᠤᠨᠡ᠃ ᠮᠠᠯ ᠠᠵᠤ ᠠᠬᠤᠢ ᠲᠠᠷᠢᠶᠠᠯᠠᠩ᠎ᠤᠨ ᠪᠤᠬᠢᠷᠳᠤᠯ ᠦᠭᠡᠢ ᠭᠦᠭᠵᠢᠯᠳᠡ ᠵᠢᠨ ᠪᠡᠯᠡ ᠤᠷᠤᠭᠤᠯᠤᠯᠲᠠ ᠪᠠᠳᠤᠯᠠᠭ᠎ᠠ ᠵᠢᠨ ᠰᠢᠰᠲᠸᠮ᠎ᠢ ᠪᠦᠷᠢᠨᠰᠢᠭᠦᠯᠵᠦ᠂ ᠪᠡᠯᠡ ᠤᠷᠤᠭᠤᠯᠤᠯᠳᠡ ᠵᠢᠨ ᠴᠢᠭᠯᠡᠯ᠎ᠢ ᠦᠢ᠍ᠯᠡᠳᠪᠦᠷᠢᠯᠡᠯ᠎ᠤᠨ ᠭᠦᠷᠢᠶᠡᠨ᠎ᠠᠴᠠ ᠦᠢ᠍ᠯᠡᠳᠪᠦᠷᠢᠯᠡᠯ ᠪᠡ ᠠᠮᠢ ᠠᠬᠤᠢ ᠵᠢ ᠵᠡᠷᠭᠡ᠎ᠳᠤ᠎ᠨᠢ ᠴᠢᠬᠤᠯᠠᠴᠢᠯᠠᠬᠤ ᠲᠡᠶ᠋ᠢᠰᠢ ᠬᠤᠪᠢᠷᠠᠭᠤᠯᠬᠤ ᠵᠢ ᠠᠬᠢᠭᠤᠯᠵᠤ᠂ ᠪᠡᠯᠡ ᠤᠷᠤᠭᠤᠯᠤᠯᠳᠡ ᠵᠢᠨ ᠭᠤᠤᠯᠳᠠᠯᠭ᠎ᠠ ᠵᠢ ᠠᠮᠦ ᠪᠤᠳᠠᠭ᠋ᠠᠨ᠎ᠤ ᠠᠮᠤᠷ ᠲᠦᠪᠰᠢᠨ ᠪᠡ ᠮᠠᠯ᠎ᠤᠨ ᠠᠰᠢᠬ ᠰᠢᠮ᠎ᠡ ᠲᠠᠷᠢᠶᠠᠯᠠᠩ᠎ᠤᠨ ᠪᠦᠳᠦᠭᠡᠭᠳᠡᠭᠦᠨ᠎ᠤ ᠬᠠᠩᠭ᠋ᠠᠯᠭ᠎ᠠ ᠵᠢ ᠪᠠᠲᠤᠯᠠᠬᠤ᠂ ᠮᠠᠯ ᠠᠵᠤ ᠠᠬᠤᠢ ᠲᠠᠷᠢᠶᠠᠯᠠᠩ᠎ᠤᠨ ᠪᠤᠬᠢᠷᠳᠤᠯ ᠦᠭᠡᠢ ᠭᠦᠭᠵᠢᠯᠳᠡ ᠵᠢ ᠠᠬᠢᠭᠤᠯᠬᠤ ᠲᠡᠶ᠋ᠢᠰᠢ ᠬᠡᠯᠪᠠᠶ᠋ᠢᠯᠭᠡᠨ᠎ᠡ᠃ ᠵᠠᠬ᠎ᠠ ᠲᠡᠯᠭᠡᠭᠦᠷ᠎ᠤᠨ ᠡᠬᠢ ᠪᠠᠶᠠᠯᠢᠭ᠎ᠤᠨ ᠲᠤᠬᠢᠷᠠᠭᠤᠯᠤᠯᠳᠡ ᠳᠤᠮᠳᠠᠬᠢ ᠰᠢᠢ᠍ᠳᠪᠦᠷᠢᠯᠡᠭᠦ ᠴᠢᠨᠠᠷᠳᠠᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠶ᠋ᠢᠭᠡᠮ᠎ᠤᠨ ᠭᠦᠷᠦᠩᠭᠡ ᠵᠢ ᠭᠤᠤᠯᠳᠠᠯᠭ᠎ᠠ᠎ᠲᠠᠢ ᠪᠡᠷᠮᠠᠯ ᠠᠵᠤ ᠠᠬᠤᠢ ᠲᠠᠷᠢᠶᠠᠯᠠᠩ᠎ᠤᠨ ᠡᠬᠢ ᠪᠠᠶᠠᠯᠢᠭ᠎ᠤᠨ ᠠᠰᠢᠬᠯᠠᠯᠳᠡ᠂ ᠤᠷᠴᠢᠨ ᠲᠤᠭᠤᠷᠢᠨ᠎ᠤ ᠵᠠᠰᠠᠯᠳᠡ ᠪᠡ ᠠᠮᠢ ᠠᠬᠤᠢ ᠵᠢᠨ ᠬᠠᠮᠠᠭ᠋ᠠᠯᠠᠯᠳᠡ ᠵᠡᠷᠭᠡ ᠭᠦᠷᠢᠶᠡᠨ᠎ᠳᠤ ᠪᠡᠯᠡ ᠤᠷᠤᠭᠤᠯᠬᠤ ᠵᠢ ᠭᠦᠳᠦᠯᠦᠨ ᠵᠢᠯᠤᠭᠤᠳᠬᠤ ᠪᠡ ᠵᠤᠷᠢᠭᠵᠢᠭᠤᠯᠵᠤ᠂ ᠤᠯᠠᠨ ᠡᠰᠢᠵᠢᠭᠰᠡᠨ ᠪᠡᠯᠡ ᠤᠷᠤᠭᠤᠯᠤᠯᠳᠡ ᠵᠢᠨ ᠲᠤᠭᠳᠠᠴᠡ ᠵᠢ ᠪᠠᠶ᠋ᠢᠭᠤᠯᠤᠨ᠎ᠡ᠃ ᠮᠦᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠤᠷᠢᠭᠵᠢᠭᠤᠯᠤᠨ ᠪᠤᠬᠢᠷᠳᠤᠯ ᠦᠭᠡᠢ ᠮᠦᠩᠭᠦᠨ ᠭᠦᠢ᠍ᠯᠭᠡᠭᠡᠨ᠎ᠤ ᠲᠦᠷᠦᠯ ᠵᠦᠢ᠍ᠯ᠎ᠳᠤ ᠲᠤᠰᠬᠠᠢ ᠢᠳᠡᠭᠡᠮᠵᠢᠳᠤ ᠵᠢᠭᠡᠯᠡᠯᠭᠡ ᠵᠢᠨ ᠲᠦᠯᠦᠪᠯᠡᠭᠡ ᠭᠠᠷᠭ᠋ᠠᠬᠤ᠂ ᠲᠤᠰᠬᠠᠢ ᠲᠦᠷᠦᠯ ᠵᠦᠢ᠍ᠯ ᠵᠶ᠋ᠠᠷ ᠬᠢᠨᠡᠨ ᠵᠦᠪᠰᠢᠶᠡᠷᠡᠭᠦ ᠢᠳᠡᠭᠡᠮᠵᠢ ᠤᠯᠭᠤᠬᠤ᠂ ᠡᠵᠡᠩᠨᠡᠨ ᠪᠤᠷᠤᠯᠠᠭᠤᠯᠬᠤ ᠲᠤᠰᠬᠠᠢ ᠪᠠᠶ᠋ᠢᠭᠤᠯᠤᠮᠵᠢ ᠭᠠᠷᠭ᠋ᠠᠬᠤ᠂ ᠲᠤᠰᠬᠠᠢ ᠲᠦᠷᠦᠯ᠎ᠤᠨ ᠲᠤᠬᠠᠢ᠌ᠯᠠᠭᠰᠠᠨ ᠠᠵᠢᠯ᠎ᠤᠨ ᠲᠤᠭ᠎ᠠ ᠪᠦᠷᠢᠳᠭᠡᠯ ᠬᠢᠵᠦ᠂ ᠵᠦᠷᠢᠶᠡᠴᠢᠯᠡᠭᠰᠡᠨ᠂ ᠤᠨᠴᠠᠯᠢᠬᠳᠤ ᠦᠢ᠍ᠯᠡᠴᠢᠯᠡᠭᠡ ᠬᠠᠩᠭ᠋ᠠᠨ᠎ᠡ᠃ ᠮᠦᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠵᠦᠢ ᠶᠤᠰᠤᠨ᠎ᠤ ᠢᠳᠡᠭᠡᠮᠵᠢᠳᠤ ᠵᠢᠭᠡᠯᠡᠯᠭᠡ ᠵᠢᠨ ᠡᠭᠦᠷᠭᠡ ᠲᠤᠰᠢᠶᠠᠯ ᠵᠶ᠋ᠠᠨ ᠭᠦᠢ᠍ᠴᠡᠳᠭᠡᠨ ᠬᠠᠷᠢᠭᠤᠴᠠᠯᠭ᠎ᠠ ᠡᠭᠦᠷᠬᠡᠯᠡᠬᠦ ᠦᠭᠡᠢ ᠪᠠᠶ᠋ᠢᠬᠤ ᠲᠦᠷᠢᠮ ᠪᠠᠶ᠋ᠢᠭᠤᠯᠭᠤ ᠵᠢ ᠲᠡᠮᠵᠢᠨ᠎ᠡ᠃ ᠬᠤᠳᠠᠯᠳᠤᠭ᠋ᠠᠨ᠎ᠤ ᠲᠠᠭ᠋ᠠᠳᠬᠠᠯ᠎ᠤᠨ ᠪᠠᠶ᠋ᠢᠭᠤᠯᠤᠮᠵᠢ ᠵᠢᠨ ᠠᠮᠢ ᠠᠬᠤᠢ ᠵᠢᠨ ᠮᠠᠯ ᠠᠵᠤ ᠠᠬᠤᠢ ᠲᠠᠷᠢᠶᠠᠯᠠᠩ ᠵᠡᠷᠭᠡ ᠭᠦᠷᠢᠶᠡᠨ᠎ᠳᠤ ᠴᠢᠭᠯᠡᠭᠦᠯᠦᠭᠰᠡᠨ ᠪᠤᠬᠢᠷᠳᠤᠯ ᠦᠭᠡᠢ ᠲᠠᠭ᠋ᠠᠳᠬᠠᠯ᠎ᠤᠨ ᠦᠢ᠍ᠯᠡᠳᠭᠦᠨ᠎ᠢ ᠨᠡᠭᠡᠭᠡᠨ ᠭᠦᠭᠵᠢᠭᠦᠯᠭᠦ ᠵᠢ ᠭᠦᠳᠦᠯᠦᠨ ᠵᠢᠯᠤᠭᠤᠳᠤᠨ᠎ᠡ᠃ ᠨᠦᠭᠦᠴᠡᠯ᠎ᠳᠤ ᠨᠡᠶ᠋ᠢᠴᠡᠭᠰᠡᠨ ᠪᠤᠬᠢᠷᠳᠤᠯ ᠦᠭᠡᠢ ᠠᠵᠤ ᠠᠬᠤᠢ᠌ᠢ᠍ᠯᠡᠯ᠎ᠤᠨ ᠭᠦᠷᠦᠩᠭᠡ ᠵᠢᠨ ᠵᠠᠬ᠎ᠠ ᠲᠡᠯᠭᠡᠭᠦᠷ ᠵᠶ᠋ᠠᠷ ᠲᠡᠮᠵᠢᠨ ᠰᠢᠭᠤᠳ ᠪᠡᠯᠡ ᠬᠤᠷᠠᠮᠳᠤᠭᠤᠯᠬᠤ ᠵᠢ ᠲᠡᠮᠵᠢᠨ᠎ᠡ᠃
(ᠬᠤᠷᠢᠨ ᠲᠦᠷᠪᠡ) ᠤᠬᠠᠭᠤᠯᠵᠤ ᠭᠦᠳᠦᠯᠦᠨ ᠵᠢᠯᠤᠭᠤᠳᠬᠤ ᠵᠢ ᠴᠢᠩᠭ᠋ᠠᠳᠬᠠᠨᠡ᠃
ᠲᠧᠯᠸᠢᠰ᠂ ᠰᠤᠨᠢᠨ ᠰᠡᠳᠭᠦᠯ᠂ ᠰᠦᠯᠵᠢᠶ᠎ᠡ ᠵᠡᠷᠭᠡ ᠵᠠᠭᠤᠴᠢᠯᠠᠭᠤᠷ᠎ᠢ ᠭᠦᠢ᠍ᠴᠡᠳ ᠠᠰᠢᠬᠯᠠᠵᠤ᠂ ᠮᠠᠯ ᠠᠵᠤ ᠠᠬᠤᠢ ᠲᠠᠷᠢᠶᠠᠯᠠᠩ᠎ᠤᠨ ᠪᠤᠬᠢᠷᠳᠤᠯ ᠦᠭᠡᠢ ᠭᠦᠭᠵᠢᠯᠳᠡ ᠵᠢᠨ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠡᠷᠴᠢᠮᠳᠠᠢ ᠤᠬᠠᠭᠤᠯᠵᠤ ᠲᠠᠶ᠋ᠢᠯᠦᠮᠵᠢ ᠬᠢᠨ᠎ᠡ᠃ ᠮᠠᠯ ᠠᠵᠤ ᠠᠬᠤᠢ ᠲᠠᠷᠢᠶᠠᠯᠠᠩ᠎ᠤᠨ ᠪᠤᠬᠢᠷᠳᠤᠯ ᠦᠭᠡᠢ ᠭᠦᠭᠵᠢᠯᠳᠡ ᠵᠢᠨ ᠪᠦᠬᠦ ᠠᠷᠠᠳ ᠵᠶ᠋ᠠᠷ ᠵᠶ᠋ᠠᠨ ᠭᠦᠳᠡᠯᠦᠯᠴᠡᠭᠦ ᠠᠵᠢᠯᠯᠠᠭ᠎ᠠ ᠵᠢ ᠭᠡᠷᠡᠭᠵᠢᠭᠦᠯᠵᠤ᠂ ᠪᠤᠬᠢᠷᠳᠤᠯ ᠦᠭᠡᠢ ᠦᠢ᠍ᠯᠡᠳᠪᠦᠷᠢᠯᠡᠯ᠂ ᠠᠮᠢᠳᠤᠷᠠᠯ᠎ᠤᠨ ᠠᠷᠭ᠎ᠠ ᠮᠠᠶ᠋ᠢ᠎ᠬᠢ ᠳᠡᠯᠭᠡᠷᠡᠭᠦᠯᠦᠨ᠎ᠡ᠃ ᠲᠦᠪᠯᠡᠷᠡᠭᠦᠯᠦᠨ ᠪᠤᠯᠪᠠᠰᠤᠷᠠᠭᠤᠯᠬᠤ᠂ ᠨᠡᠶ᠋ᠢᠳᠡᠯᠢᠭ ᠵᠢᠱ᠌ᠢᠶ᠎ᠡ᠎ᠪᠠᠷ ᠵᠢᠱ᠌ᠢᠶ᠎ᠡ ᠦᠵᠡᠭᠦᠯᠭᠦ ᠵᠡᠷᠭᠡ ᠠᠷᠭ᠎ᠠ ᠬᠡᠯᠪᠡᠷᠢ ᠵᠢ ᠠᠰᠢᠬᠯᠠᠵᠤ᠂ ᠡᠯ᠎ᠡ ᠱᠠᠳᠤᠨ᠎ᠤ ᠬᠠᠮᠢᠶ᠎ᠡ ᠪᠦᠭᠦᠢ ᠰᠠᠯᠠᠭ᠎ᠠ ᠮᠦᠴᠢᠷ ᠪᠡ ᠦᠷᠭᠡᠨ ᠤᠯᠠᠨ ᠮᠠᠯᠴᠢᠨ ᠲᠠᠷᠢᠶᠠᠴᠢᠨ᠎ᠢ ᠭᠦᠳᠦᠯᠦᠨ ᠵᠢᠯᠤᠭᠤᠳᠴᠤ ᠠᠮᠢ ᠠᠬᠤᠢ ᠵᠢᠨ ᠪᠤᠯᠪᠠᠰᠤᠨ᠎ᠤ ᠦᠢ᠍ᠯᠠᠭ᠋ᠠᠬᠳᠠᠬᠤᠨᠢ ᠪᠤᠢ ᠪᠤᠯᠭ᠋ᠠᠨ᠎ᠠ᠃ ᠡᠯ᠎ᠡ ᠭᠠᠵᠠᠷ᠎ᠤᠨ ᠪᠤᠬᠢᠷᠳᠤᠯ ᠦᠭᠡᠢ ᠮᠠᠯ ᠠᠵᠤ ᠠᠬᠤᠢ ᠲᠠᠷᠢᠶᠠᠯᠠᠩ᠎ᠤᠨ ᠲᠤᠮᠳᠡ ᠤᠷᠢᠳ ᠵᠶ᠋ᠠᠷ ᠲᠤᠷᠰᠢᠵᠤ ᠤᠷᠢᠳ ᠵᠶ᠋ᠠᠷ ᠬᠢᠭᠰᠡᠨ ᠰᠠᠶ᠋ᠢᠨ ᠲᠤᠷᠰᠢᠯᠭ᠎ᠠ᠂ ᠰᠠᠶ᠋ᠢᠨ ᠠᠷᠭ᠎ᠠ ᠬᠢᠳᠡᠯ᠎ᠢ ᠴᠠᠭ ᠲᠤᠬᠠᠢᠳᠤᠨᠢ ᠳ᠋ᠦᠩᠨᠠᠨ ᠲᠡᠯᠭᠡᠷᠡᠭᠦᠯᠵᠤ᠂ ᠲᠡᠷᠡ ᠬᠡᠪ ᠵᠶ᠋ᠠᠷ᠎ᠨᠢ ᠲᠡᠯᠭᠡᠷᠡᠭᠦᠯᠵᠤ ᠪᠤᠯᠬᠤ ᠠᠮᠵᠢᠯᠳᠠ᠎ᠲᠠᠢ ᠵᠠᠬ᠍ᠪᠤᠷ᠎ᠢ ᠤᠬᠠᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠪᠤᠬᠢᠷᠳᠤᠯ ᠦᠭᠡᠢ ᠭᠦᠭᠵᠢᠯᠳᠡ ᠵᠢᠨ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠤᠯᠭ᠋ᠠᠨᠡ᠃ (ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ)