ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠲᠡᠪᠰᠢᠬᠦᠯᠦᠨ ᠲᠤᠮᠢᠯᠠᠬᠤ᠎ᠪᠠᠷ ᠪᠠᠶ᠋ᠢᠭ᠎ᠠ ᠺᠠᠳ᠋ᠷ᠎ᠢ ᠢᠯᠠ ᠨᠡᠶ᠋ᠢᠳᠡᠯᠡᠬᠦ ᠲᠤᠬᠠᠢ ᠵᠠᠷᠯᠠᠯ
ᠨᠡᠶ᠋ᠢᠲᠡᠯᠡᠭᠰᠡᠨ ᠴᠠᠭ᠄ 2019-01-31

      ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠰᠤᠳᠤᠯᠤᠭ᠋ᠠᠳ ᠲᠤᠮᠢᠯᠠᠬᠤ᠎ᠪᠠᠷ ᠪᠠᠶ᠋ᠢᠭ᠎ᠠ 5 ᠺᠠᠳ᠋ᠷ᠎ᠢ ᠢᠯᠡ ᠨᠡᠶ᠋ᠢᠳᠡᠯᠡᠬᠦ᠎ᠪᠠᠷ ᠲᠤᠭᠳᠠᠵᠠᠢ᠃
      ᠨᠢᠬᠡ᠂ ᠢᠯᠡ ᠨᠡᠶ᠋ᠢᠳᠡᠯᠡᠬᠦ ᠨᠡᠷᠡᠰ
      ᠵᠠᠩ ᠪᠢᠨ᠂ 1971 ᠤᠨ᠎ᠤ 11 ᠰᠠᠷ᠎ᠠ᠎ᠳᠤ ᠲᠦᠷᠦᠪᠡ᠂ ᠦᠪᠤᠷ ᠮᠤᠩᠭᠤᠯ᠎ᠤᠨ ᠨᠠᠮ᠎ᠤᠨ ᠰᠤᠷᠭ᠋ᠠᠭᠤᠯᠢ ᠵᠢᠨ ᠠᠰᠫᠢᠷᠠᠨᠲ᠎ᠤᠨ ᠰᠤᠷᠤᠯᠭ᠎ᠠ ᠵᠢᠨ ᠨᠠᠮᠳᠠᠷ᠎ᠲᠠᠢ᠂ ᠠᠷᠠᠳᠴᠢᠯᠠᠯ ᠵᠶ᠋ᠠᠷ ᠤᠯᠤᠰ ᠵᠶ᠋ᠠᠨ ᠪᠠᠶ᠋ᠢᠭᠤᠯᠬᠤ ᠬᠤᠷᠡᠯ᠎ᠤᠨ ᠭᠡᠰᠢᠬᠦᠨ᠂ ᠤᠳᠤ ᠪᠤᠭᠤᠳᠤ ᠬᠤᠳᠠ ᠵᠢᠨ ᠬᠠᠩᠭ᠋ᠠᠨ ᠪᠤᠷᠤᠯᠠᠭᠤᠯᠬᠤ ᠬᠤᠷᠰᠢᠶ᠎ᠡ ᠵᠢᠨ ᠬᠤᠯᠪᠤᠭ᠋ᠠᠳᠤ ᠬᠤᠷᠰᠢᠶ᠎ᠡ ᠵᠢᠨ ᠡᠷᠬᠢᠯᠡᠭᠴᠢ᠂ ᠠᠷᠠᠳᠴᠢᠯᠠᠯ ᠵᠶ᠋ᠠᠷ ᠤᠯᠤᠰ ᠵᠶ᠋ᠠᠨ ᠪᠠᠶ᠋ᠢᠭᠤᠯᠬᠤ ᠬᠤᠷᠡᠯ᠎ᠤᠨ ᠦᠪᠡᠷᠳᠡᠭᠡᠨ ᠵᠠᠰᠠᠬᠤ ᠤᠷᠤᠨ᠎ᠤ ᠬᠤᠷᠢᠶᠡᠨ᠎ᠤ ᠪᠠᠶ᠋ᠢᠩᠭᠤ ᠵᠢᠨ ᠬᠡᠰᠢᠬᠦᠨ᠂ ᠪᠤᠭᠤᠳᠤ ᠬᠤᠳᠠ ᠵᠢᠨ ᠬᠤᠷᠢᠶᠡᠨ᠎ᠤ ᠡᠷᠬᠢᠯᠡᠭᠴᠢ ᠬᠡᠰᠢᠬᠦᠨ᠎ᠤ ᠲᠤᠰᠢᠶᠠᠯ᠎ᠲᠠᠢ᠂ ᠠᠶ᠋ᠢᠮᠠᠭ ᠬᠤᠳᠠ ᠵᠢᠨ ᠲᠡᠳ᠋ ᠲᠢᠩᠬᠢᠮ᠎ᠤᠨ ᠲᠡᠰ᠎ᠤᠨ ᠤᠳᠤᠷᠢᠳᠬᠤ ᠲᠤᠰᠢᠶᠠᠯ᠎ᠳᠤ ᠲᠤᠮᠢᠯᠠᠬᠤ᠎ᠪᠠᠷ ᠪᠤᠢ;
      ᠹᠦ᠋ ᠵᠢᠶᠦ᠋ᠨ ᠹᠧᠩ᠂ 1962 ᠤᠨ᠎ᠤ 5 ᠰᠠᠷ᠎ᠠ᠎ᠳᠤ ᠲᠦᠷᠦᠵᠡᠢ᠂ ᠲᠦᠪ᠎ᠤᠨ ᠨᠠᠮ᠎ᠤᠨ ᠰᠤᠷᠭ᠋ᠠᠭᠤᠯᠢ ᠵᠢᠨ ᠶᠡᠭᠡ ᠰᠤᠷᠭ᠋ᠠᠭᠤᠯᠢ ᠵᠢᠨ ᠰᠤᠷᠤᠯᠭ᠎ᠠ ᠵᠢᠨ ᠨᠠᠮᠳᠠᠷ᠎ᠲᠠᠢ᠂ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠭᠡᠰᠢᠬᠦᠨ᠂ ᠤᠳᠤ ᠤᠯᠠᠭ᠋ᠠᠨᠴᠠᠪ ᠬᠤᠳᠠ ᠵᠢᠨ ᠢᠳᠡᠬᠡᠨ ᠡᠮ᠎ᠤᠨ ᠵᠦᠢ᠍ᠯ᠎ᠤᠨ ᠬᠢᠨᠠᠯᠳᠠ ᠬᠠᠮᠢᠶᠠᠷᠤᠯᠳᠠ ᠵᠢᠨ ᠲᠤᠪᠴᠢᠶᠠᠨ᠎ᠤ ᠲᠠᠷᠤᠭ᠎ᠠ᠂ ᠨᠠᠮ᠎ᠤᠨ ᠤᠳᠤᠷᠢᠳᠬᠤ ᠲᠤᠭᠤᠢ᠌ᠢ᠍ᠯᠠᠩ᠎ᠤᠨ ᠱᠦᠵᠢ ᠵᠢᠨ ᠲᠤᠰᠢᠶᠠᠯ᠎ᠲᠠᠢ᠂ ᠠᠶ᠋ᠢᠮᠠᠭ ᠬᠤᠳᠠ ᠵᠢᠨ ᠲᠡᠳ᠋ ᠲᠢᠩᠬᠢᠮ᠎ᠤᠨ ᠲᠡᠰ᠎ᠤᠨ ᠤᠳᠤᠷᠢᠳᠬᠤ ᠲᠤᠰᠢᠶᠠᠯ᠎ᠳᠤ ᠲᠤᠮᠢᠯᠠᠬᠤ᠎ᠪᠠᠷ ᠪᠤᠢ;
      ᠯᠢ ᠵᠢᠶᠧ᠂ ᠡᠮᠡᠭᠳᠠᠢ᠂ 1961 ᠤᠨ᠎ᠤ 6 ᠰᠠᠷ᠎ᠠ᠎ᠳᠤ ᠲᠦᠷᠦᠪᠡ᠂ ᠤᠯᠠᠭ᠋ᠠᠨᠴᠠᠪ ᠠᠶ᠋ᠢᠮᠠᠭ᠎ᠤᠨ ᠰᠤᠷᠭ᠋ᠠᠨ ᠬᠦᠮᠥᠵᠢᠯ᠎ᠤᠨ ᠲᠡᠬᠡᠳᠤ ᠰᠤᠷᠭ᠋ᠠᠭᠤᠯᠢ ᠵᠢᠨ ᠲᠡᠬᠡᠳᠤ ᠵᠡᠷᠬᠡ ᠵᠢᠨ ᠲᠤᠰᠬᠠᠢ ᠮᠡᠷᠬᠡᠵᠢᠯ᠎ᠤᠨ ᠰᠤᠷᠤᠯᠭ᠎ᠠ ᠵᠢᠨ ᠨᠠᠮᠳᠠᠷ᠎ᠲᠠᠢ᠂ ᠲᠡᠬᠡᠳᠤ ᠵᠡᠷᠬᠡ ᠵᠢᠨ ᠢᠨᠵᠧᠨᠧᠷ᠂ 《9 · 3》᠎ᠤ ᠡᠷᠳᠡᠮ ᠰᠢᠨᠵᠢᠯᠡᠬᠡᠨ᠎ᠤ ᠨᠡᠶ᠋ᠢᠭᠡᠮᠯᠢᠭ᠎ᠤᠨ ᠬᠡᠰᠢᠬᠦᠨ᠂ ᠤᠳᠤ ᠤᠯᠠᠭ᠋ᠠᠨᠴᠠᠪ ᠬᠤᠳᠠ ᠵᠢᠨ ᠠᠷᠠᠳ᠎ᠤᠨ ᠲᠦᠯᠥᠬᠡᠯᠡᠭᠴᠢᠳ᠎ᠤᠨ ᠶᠡᠭᠡ ᠬᠤᠷᠡᠯ᠎ᠤᠨ ᠪᠠᠶ᠋ᠢᠩᠭᠤ ᠵᠢᠨ ᠬᠤᠷᠢᠶᠡᠨ᠎ᠤ ᠰᠤᠩᠭᠤᠭᠤᠯᠢ᠎ᠪᠠᠷ ᠲᠤᠰᠢᠶᠠᠯ᠎ᠳᠤ ᠲᠤᠮᠢᠯᠠᠬᠤ ᠲᠤᠰᠢᠶᠠᠯ᠎ᠠᠴᠠ ᠪᠠᠭᠤᠯᠭ᠋ᠠᠬᠤ ᠬᠤᠯᠪᠤᠭ᠎ᠠ ᠠᠪᠬᠤ ᠠᠵᠢᠯ᠎ᠤᠨ ᠵᠦᠪᠯᠡᠯ᠎ᠤᠨ ᠡᠷᠬᠢᠯᠡᠭᠴᠢ ᠵᠢᠨ ᠲᠤᠰᠢᠶᠠᠯ᠎ᠲᠠᠢ᠂ ᠠᠶ᠋ᠢᠮᠠᠭ ᠬᠤᠳᠠ ᠵᠢᠨ ᠳᠡᠳ᠋ ᠲᠢᠩᠭᠢᠮ᠎ᠤᠨ ᠳᠡᠰ᠎ᠤᠨ ᠤᠳᠤᠷᠢᠳᠬᠤ ᠲᠤᠰᠢᠶᠠᠯ᠎ᠳᠤ ᠲᠤᠮᠢᠯᠠᠬᠤ᠎ᠪᠠᠷ ᠪᠤᠢ;
      ᠪᠠᠶᠠᠷ᠂ 1964 ᠤᠨ᠎ᠤ 3 ᠰᠠᠷ᠎ᠠ᠎ᠳᠤ ᠲᠦᠷᠦᠪᠡ᠂ ᠮᠤᠩᠭᠤᠯ ᠦᠨᠳᠦᠰᠦᠳᠡᠨ᠂ ᠲᠦᠪ᠎ᠤᠨ ᠨᠠᠮ᠎ᠤᠨ ᠰᠤᠷᠭ᠋ᠠᠭᠤᠯᠢ ᠵᠢᠨ ᠠᠰᠫᠢᠷᠠᠨᠲ᠎ᠤᠨ ᠰᠤᠷᠤᠯᠭ᠎ᠠ ᠵᠢᠨ ᠨᠠᠮᠳᠠᠷ᠎ᠲᠠᠢ᠂ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠭᠡᠰᠢᠬᠦᠨ᠂ ᠤᠳᠤ ᠤᠷᠳᠤᠰ ᠬᠤᠲᠠ ᠵᠢᠨ ᠪᠠᠶ᠋ᠢᠭᠤᠯᠤᠮᠵᠢ ᠵᠢᠨ ᠤᠷᠤᠨ ᠲᠤᠭ᠋ᠠᠨ᠎ᠤ ᠵᠦᠪᠯᠡᠯ᠎ᠤᠨ ᠠᠯᠪᠠᠨ ᠭᠡᠷ᠎ᠤᠨ ᠡᠷᠬᠢᠯᠡᠭᠴᠢ᠂ ᠨᠠᠮ᠎ᠤᠨ ᠤᠳᠤᠷᠢᠳᠬᠤ ᠳᠤᠭᠤᠢ᠌ᠢ᠍ᠯᠠᠩ᠎ᠤᠨ ᠱᠦᠵᠢ ᠵᠢᠨ ᠲᠤᠰᠢᠶᠠᠯ᠎ᠲᠠᠢ᠂ ᠠᠶ᠋ᠢᠮᠠᠬ ᠬᠤᠲᠠ ᠵᠢᠨ ᠳᠡᠳ᠋ ᠲᠢᠩᠬᠢᠮ᠎ᠤᠨ ᠳᠡᠰ᠎ᠤᠨ ᠤᠳᠤᠷᠢᠳᠬᠤ ᠲᠤᠰᠢᠶᠠᠯ᠎ᠳᠤ ᠲᠤᠮᠢᠯᠠᠬᠤ᠎ᠪᠠᠷ ᠪᠤᠢ;
      ᠲᠢᠶᠠᠨ ᠴᠧᠩ ᠵᠢᠶᠦ᠋ᠨ᠂ 1966 ᠤᠨ᠎ᠤ 3 ᠰᠠᠷ᠎ᠠ᠎ᠳᠤ ᠲᠦᠷᠦᠪᠡ᠂ ᠦᠪᠦᠷ ᠮᠤᠩᠭᠤᠯ᠎ᠤᠨ ᠨᠠᠮ᠎ᠤᠨ ᠰᠤᠷᠭ᠋ᠠᠭᠤᠯᠢ ᠵᠢᠨ ᠠᠰᠫᠢᠷᠠᠨᠲ᠎ᠤᠨ ᠰᠤᠷᠤᠯᠭ᠎ᠠ ᠵᠢᠨ ᠨᠠᠮᠳᠠᠷ᠎ᠲᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠤᠳᠤ ᠬᠦᠯᠦᠨ ᠪᠤᠶ᠋ᠢᠷ ᠬᠤᠲᠠ ᠵᠢᠨ ᠠᠷᠠᠳ᠎ᠤᠨ ᠪᠠᠶ᠋ᠢᠴᠠᠭ᠋ᠠᠬᠤ ᠬᠤᠷᠢᠶᠠᠨ᠎ᠤ ᠳᠡᠳ᠋ ᠪᠠᠶ᠋ᠢᠴᠠᠭ᠋ᠠᠬᠤ ᠳᠠᠷᠤᠭ᠎ᠠ (ᠭᠠᠵᠠᠷ᠎ᠤᠨ ᠳᠡᠰ)᠂ ᠨᠠᠮ᠎ᠤᠨ ᠤᠳᠤᠷᠢᠳᠬᠤ ᠳᠤᠭᠤᠢ᠌ᠢ᠍ᠯᠠᠩ᠎ᠤᠨ ᠪᠦᠷᠢᠯᠳᠦᠭᠦᠨ᠎ᠤ ᠲᠤᠰᠢᠶᠠᠯ᠎ᠲᠠᠢ᠂ ᠠᠶ᠋ᠢᠮᠠᠬ ᠬᠤᠲᠠ ᠵᠢᠨ ᠳᠡᠳ᠋ ᠲᠢᠩᠬᠢᠮ᠎ᠤᠨ ᠳᠡᠰ᠎ᠤᠨ ᠤᠳᠤᠷᠢᠳᠬᠤ ᠲᠤᠰᠢᠶᠠᠯ᠎ᠳᠤ ᠲᠤᠮᠢᠯᠠᠬᠤ᠎ᠪᠠᠷ ᠪᠠᠶ᠋ᠢᠨ᠎ᠠ᠃
      ᠬᠤᠶᠠᠷ᠂ ᠢᠯᠡ ᠨᠡᠶ᠋ᠢᠳᠡᠯᠡᠬᠦ ᠴᠠᠭ
     2019 ᠤᠨ᠎ᠤ 1 ᠰᠠᠷ᠎ᠠ ᠵᠢᠨ 27᠎ᠤ ᠡᠳᠤᠷ᠎ᠠᠴᠠ 2019 ᠤᠨ᠎ᠤ 2 ᠰᠠᠷ᠎ᠠ ᠵᠢᠨ 1᠎ᠤ ᠡᠳᠤᠷ ᠪᠤᠯᠳᠠᠯ᠎ᠠ᠃
      ᠭᠤᠷᠪᠠ᠂ ᠬᠦᠯᠢᠶᠡᠨ ᠠᠪᠬᠤ ᠠᠷᠭ᠎ᠠ
      ᠨᠢᠬᠡᠴᠢ ᠪᠤᠯᠤᠨ ᠬᠤᠪᠢ ᠬᠦᠮᠥᠨ ᠰᠤᠷᠪᠤᠯᠵᠢᠯᠠᠬᠤ᠎ᠪᠠᠷ ᠢᠷᠡᠬᠦ᠂ ᠵᠠᠬᠢᠳᠠᠯ ᠢᠷᠡᠬᠦᠯᠬᠦ᠂ ᠤᠳᠠᠰᠤᠳᠠᠬᠤ ᠵᠡᠷᠬᠡ ᠬᠡᠯᠪᠡᠷᠢ᠎ᠪᠠᠷ ᠲᠡᠭᠡᠷᠡᠬᠢ ᠢᠯᠡ᠎ᠪᠠᠷ ᠨᠡᠶ᠋ᠢᠳᠡᠯᠡᠭᠰᠡᠡ ᠬᠦᠮᠥᠰ᠎ᠤᠨ ᠬᠤᠯᠪᠤᠭᠳᠠᠯ ᠪᠦᠬᠦᠢ ᠪᠠᠶ᠋ᠢᠳᠠᠯ ᠪᠤᠯᠤᠨ ᠠᠰᠠᠭᠤᠳᠠᠯ᠎ᠢ ᠲᠤᠰᠬᠠᠵᠥ ᠪᠤᠯᠤᠨ᠎ᠠ᠃ ᠲᠤᠰᠬᠠᠭᠰᠠᠨ ᠠᠰᠠᠭᠤᠳᠠᠯ᠎ᠢ ᠪᠠᠶ᠋ᠢᠴᠠᠭ᠋ᠠᠨ ᠲᠤᠳᠤᠯᠠᠬᠤ᠎ᠳᠤ ᠲᠦᠭᠦᠮ᠎ᠤᠨ ᠲᠤᠰᠠᠳᠠ᠂ ᠠᠰᠠᠭᠤᠳᠠᠯ᠎ᠢ ᠲᠤᠰᠬᠠᠬᠤ᠎ᠳᠤ ᠬᠠᠮᠢᠶ᠎ᠠ ᠪᠦᠬᠦᠢ ᠰᠦᠪᠡᠭᠴᠢ ᠵᠢᠴᠢ ᠲᠤᠰ ᠪᠡᠶ᠎ᠠ ᠵᠢᠨ ᠵᠶ᠋ᠠᠨ ᠵᠢᠩᠭᠢᠨᠢ ᠨᠡᠷ᠎ᠠ᠂ ᠬᠠᠷᠢᠯᠴᠠᠬᠤ ᠬᠠᠶᠢᠭ ᠪᠤᠯᠤᠨ ᠠᠵᠢᠯᠯᠠᠬᠤ ᠪᠠᠶ᠋ᠢᠭᠤᠯᠭ᠎ᠠ ᠨᠢᠭᠡᠴᠢ ᠵᠡᠷᠭᠡ ᠵᠢᠨ ᠵᠶ᠋ᠠᠨ ᠰᠤᠷᠠᠭ ᠵᠠᠩᠭᠢ ᠵᠢ ᠬᠠᠨᠭ᠌ᠭ᠋ᠠᠬᠤ ᠬᠡᠷᠡᠭᠳᠡᠢ᠃ ᠪᠢᠳᠠ ᠠᠵᠢᠯ᠎ᠤᠨ ᠰᠠᠬᠢᠯᠭ᠎ᠠ ᠪᠠᠳᠤ ᠵᠢ ᠴᠢᠩᠭ᠎ᠠ ᠰᠠᠬᠢᠵᠤ᠂ ᠨᠢᠭᠤᠴᠠ ᠵᠢ ᠬᠠᠮᠠᠭ᠋ᠠᠯᠠᠬᠤ ᠡᠭᠦᠷᠭᠡ ᠵᠢ ᠭᠦᠢ᠍ᠴᠡᠳᠬᠡᠵᠦ᠂ ᠴᠠᠭ ᠲᠤᠬᠠᠢ᠎ᠳᠤᠨᠢ ᠬᠢᠨᠠᠨ ᠪᠠᠶ᠋ᠢᠴᠠᠭ᠋ᠠᠭᠰᠠᠨ ᠦᠷ᠎ᠠ ᠳ᠋ᠦᠩ᠎ᠤᠨ ᠲᠤᠬᠠᠢ ᠬᠠᠷᠢᠭᠤ ᠦᠭᠭᠦᠨ᠎ᠠ᠃
      ᠨᠡᠶ᠋ᠢᠳᠡ᠎ᠳᠤ ᠵᠠᠷᠯᠠᠬᠤ ᠠᠯᠪᠠᠨ ᠭᠡᠷ᠎ᠢ ᠦᠪᠤᠷ ᠮᠤᠩᠭᠤᠯ᠎ᠤᠨ ᠨᠠᠮ ᠵᠠᠰᠠᠭ᠎ᠤᠨ ᠪᠠᠶ᠋ᠢᠭᠤᠯᠭ᠎ᠠ ᠵᠢᠨ ᠠᠯᠪᠠᠨ ᠠᠰᠠᠷ᠎ᠤᠨ 401 ᠲᠠᠰᠤᠭ᠎ᠲᠤ ᠳᠤᠬᠢᠷᠠᠭᠤᠯᠪᠠ᠃
      ᠬᠦᠯᠢᠶᠡᠨ ᠠᠪᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠤᠨᠡᠬᠢ 9᠄ 00 — 12᠄ 00
      ᠦᠳᠡ ᠵᠢᠨ ᠬᠤᠶ᠋ᠢᠨᠠᠬᠢ 13᠄ 30 — 17᠄ 00
      ᠬᠦᠯᠢᠶᠡᠨ ᠠᠪᠬᠤ ᠤᠳᠠᠰᠤ᠄ (0471) 12380
      ᠤᠨᠴᠠᠭ᠋ᠠᠢ᠌ᠯᠠᠨ ᠵᠠᠷᠯᠠᠪᠠ

                    ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ
                    ᠨᠠᠮ᠎ᠤᠨ ᠬᠤᠷᠢᠶ᠎ᠠ ᠵᠢᠨ ᠵᠤᠬᠢᠶᠠᠨ ᠪᠠᠶ᠋ᠢᠭᠤᠯᠬᠤ ᠬᠡᠯᠳᠡᠰ


                   2019 ᠤᠨ᠎ᠤ 1 ᠰᠠᠷ᠎ᠠ ᠵᠢᠨ 26᠎ᠤ ᠡᠳᠤᠷ

     (ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ)




ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠠᠮ᠎ᠤᠨ ᠲᠦᠪ ᠬᠤᠷᠢᠶᠠᠨ᠎ᠤ ᠠᠯᠪᠡᠨ ᠲᠢᠩᠬᠢᠮ 《ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠢᠨᠠᠯᠳᠠ ᠲᠠᠯᠪᠢᠵᠤ ᠰᠠᠬᠢᠯᠭ᠎ᠠ ᠪᠠᠳᠤ ᠭᠡᠷᠡᠭᠵᠢᠬᠦᠯᠬᠦ ᠠᠵᠢᠯ᠎ᠤᠨ ᠲᠦᠷᠢᠮ》᠎ᠢ ᠳᠠᠷᠤᠮᠠᠯᠯᠠᠨ ᠳᠠᠷᠬᠠᠭ᠋ᠠᠪᠠ
《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠤᠬᠢᠷᠳᠤᠯ᠎ᠢ ᠰᠡᠷᠭᠡᠶ᠋ᠢᠯᠡᠨ ᠵᠠᠰᠠᠬᠤ ᠬᠠᠤᠯᠢ》 ᠵᠢᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠳᠠ ᠬᠢᠬᠦ ᠵᠠᠷᠯᠠᠯ
ᠬᠤᠪᠤᠷ ᠴᠤᠬᠠᠭ ᠤᠢ ᠮᠣᠳᠣ ᠪᠤᠶᠤ ᠤᠢ ᠲᠤᠳᠤᠷᠠᠬᠢ ᠵᠡᠷᠯᠢᠭ ᠤᠷᠭᠤᠮᠠᠯ᠂ ᠡᠮ᠎ᠤᠨ ᠮᠠᠲ᠋ᠧᠷᠢᠶᠠᠯ᠎ᠢ ᠳᠤᠷ᠎ᠠ᠎ᠪᠠᠷ ᠵᠶ᠋ᠠᠨ ᠲᠡᠭᠦᠵᠦ ᠴᠤᠭᠯᠠᠭᠤᠯᠤᠭᠰᠠᠨ᠎ᠢ ᠰᠢᠳᠬᠡᠬᠦ
ᠣᠶ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ ᠬᠤᠷᠢᠶᠠᠬᠤ
ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠠᠭ᠋ᠠᠯᠠᠯᠲᠠ ᠬᠠᠮᠢᠶᠠᠷᠤᠯᠲᠠ ᠵᠢᠨ ᠰᠦᠢ᠍ᠳᠬᠡᠯ ᠬᠤᠷᠢᠶᠠᠬᠤ
 
             蒙ICP备05000248号