ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠨᠠᠮ᠎ᠤᠨ ᠲᠦᠪ ᠬᠤᠷᠢᠶᠠᠨ᠎ᠤ ᠠᠯᠪᠡᠨ ᠲᠢᠩᠬᠢᠮ 《ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠢᠨᠠᠯᠳᠠ ᠲᠠᠯᠪᠢᠵᠤ ᠰᠠᠬᠢᠯᠭ᠎ᠠ ᠪᠠᠳᠤ ᠭᠡᠷᠡᠭᠵᠢᠬᠦᠯᠬᠦ ᠠᠵᠢᠯ᠎ᠤᠨ ᠲᠦᠷᠢᠮ》᠎ᠢ ᠳᠠᠷᠤᠮᠠᠯᠯᠠᠨ ᠳᠠᠷᠬᠠᠭ᠋ᠠᠪᠠ
ᠨᠡᠶ᠋ᠢᠲᠡᠯᠡᠭᠰᠡᠨ ᠴᠠᠭ᠄ 2019-02-22

      ᠤᠢ᠌ᠷ᠎ᠠ᠎ᠳᠤ᠂ ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶᠠᠨ᠎ᠤ ᠠᠯᠪᠡᠨ ᠲᠢᠩᠬᠢᠮ 《ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠢᠨᠠᠯᠳᠠ ᠲᠠᠯᠪᠢᠵᠤ ᠰᠠᠬᠢᠯᠭ᠎ᠠ ᠪᠠᠳᠤ ᠭᠡᠷᠡᠭᠵᠢᠬᠦᠯᠬᠦ ᠠᠵᠢᠯ᠎ᠤᠨ ᠲᠦᠷᠢᠮ》 (ᠲᠤᠷᠤᠬᠰᠢ 《ᠲᠦᠷᠢᠮ》 ᠭᠡᠵᠦ ᠲᠦᠬᠦᠮᠴᠢᠯᠡᠨ᠎ᠠ)᠎ᠢ ᠳᠠᠷᠤᠮᠠᠯᠯᠠᠨ ᠳᠠᠷᠬᠠᠭ᠋ᠠᠬᠤ ᠵᠢᠨ ᠬᠠᠮᠳᠦ ᠮᠡᠳᠡᠭᠳᠡᠯ ᠪᠠᠭᠤᠯᠭ᠋ᠠᠵᠦ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ᠎ᠤᠨ᠎ᠬᠢᠨ ᠨᠠᠷᠢᠨ ᠬᠢᠨᠠᠮᠠᠭ᠋ᠠᠢ ᠵᠢᠷᠤᠮᠯᠠᠨ ᠭᠡᠷᠡᠭᠵᠢᠬᠦᠯᠬᠦ ᠭᠡᠷᠡᠭᠲᠡᠢ ᠭᠡᠵᠦ ᠱᠠᠭ᠋ᠠᠷᠳᠠᠪᠠ᠃
      ᠮᠡᠳᠡᠭᠳᠡᠯ᠎ᠳᠤ᠂ 2017 ᠤᠨ᠎ᠤ 1 ᠰᠠᠷ᠎ᠠ᠎ᠳᠤ᠂ ᠲᠦᠪ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ 《ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠢᠨᠠᠯᠳᠠ ᠲᠠᠯᠪᠢᠵᠤ ᠰᠠᠬᠢᠯᠭ᠎ᠠ ᠪᠠᠳᠤ ᠭᠡᠷᠡᠭᠵᠢᠬᠦᠯᠬᠦ ᠠᠵᠢᠯ᠎ᠤᠨ ᠲᠦᠷᠢᠮ (ᠲᠤᠷᠰᠢᠨ ᠭᠡᠷᠡᠭᠵᠢᠬᠦᠯᠬᠦ)》᠎ᠢ ᠲᠤᠭᠳᠠᠭ᠋ᠠᠵᠦ᠂ ᠦᠪᠡᠷ ᠪᠡᠶ᠎ᠠ ᠵᠢᠨ ᠬᠢᠵᠠᠭ᠋ᠠᠷᠯᠠᠯ᠎ᠢ ᠰᠠᠨᠠᠭ᠋ᠠᠴᠢᠯᠠᠭ᠎ᠠ᠎ᠠᠴᠠ᠎ᠪᠠᠨ ᠴᠢᠩᠭ᠋ᠠᠳᠬᠠᠵᠦ᠂ ᠬᠢᠨᠠᠯᠳᠠ ᠲᠠᠯᠪᠢᠵᠤ ᠰᠠᠬᠢᠯᠭ᠎ᠠ ᠪᠠᠳᠤ ᠭᠡᠷᠡᠭᠵᠢᠬᠦᠯᠬᠦ ᠡᠷᠭᠡ ᠵᠢ ᠵᠢᠷᠤᠮᠵᠢᠭᠤᠯᠵᠦ᠂ ᠦᠨᠡᠨᠴᠢ ᠰᠢᠳᠤᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠬᠦᠷᠭᠡᠯᠡᠯ᠎ᠲᠠᠢ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠺᠠᠳ᠋ᠷ᠎ᠤᠨ ᠡᠩᠨᠡᠭᠡ ᠵᠢ ᠴᠤᠬ᠍ᠴᠠᠯᠠᠬᠤ᠎ᠳᠤ ᠴᠢᠬᠤᠯᠠ ᠦᠢ᠍ᠯᠡᠳᠦᠯ ᠦᠵᠡᠬᠦᠯᠵᠡᠢ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠡᠷᠡᠰ ᠭᠤᠶ᠋ᠢᠪᠢᠰᠢ ᠦᠭᠡᠢ᠎ᠪᠠᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠳᠠ ᠬᠢᠵᠦ᠂ ᠨᠠᠮ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠦᠭᠡᠷᠡᠴᠢᠯᠡᠯᠲᠡ ᠪᠠ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠪᠠᠶ᠋ᠢᠭᠤᠯᠤᠮᠵᠢ ᠵᠢᠨ ᠦᠭᠡᠷᠡᠴᠢᠯᠡᠯᠲᠡ ᠵᠢ ᠦᠷᠬᠦᠯᠵᠢᠯᠡᠨ ᠬᠦᠨᠵᠡᠭᠡᠶ᠋ᠢᠷᠡᠭᠦᠯᠵᠤ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠲᠦᠷᠢᠮ ᠶᠤᠰᠤᠭ᠋ᠠᠷ ᠰᠠᠬᠢᠯᠭ᠎ᠠ ᠪᠠᠳᠤ ᠶᠤᠰᠤᠭ᠋ᠠᠷ ᠬᠠᠤᠯᠢ ᠶᠤᠰᠤᠭ᠋ᠠᠷ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠭᠡᠬᠦ ᠲᠤᠬᠠᠢ ᠨᠡᠩ ᠦᠨᠳᠦᠷ ᠰᠢᠨ᠎ᠡ ᠱᠠᠭ᠋ᠠᠷᠳᠠᠯᠭ᠎ᠠ ᠲᠠᠯᠪᠢᠵᠠᠢ᠃ ᠨᠠᠮ᠎ᠤᠨ ᠲᠦᠪ ᠬᠤᠷᠢᠶ᠎ᠠ᠎ᠠᠴᠠ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠠᠵᠢᠯ᠎ᠢ ᠳᠡᠭᠡᠳᠦ ᠭᠡᠮᠵᠢᠶ᠎ᠠ᠎ᠪᠠᠷ ᠴᠢᠬᠤᠯᠠᠴᠢᠯᠠᠨ᠂ ᠰᠢᠨ᠎ᠠ ᠪᠠᠶ᠋ᠢᠳᠠᠯ ᠰᠢᠨ᠎ᠠ ᠡᠬᠦᠷᠭᠡ ᠵᠢ ᠦᠨᠳᠦᠰᠦᠯᠡᠨ ᠲᠦᠷᠢᠮ᠎ᠢ ᠳᠡᠬᠦᠯᠳᠡᠷᠵᠢᠬᠦᠯᠬᠦ ᠵᠢᠨ ᠬᠠᠮᠳᠦ ᠲᠦᠪ᠎ᠤᠨ ᠨᠠᠮ᠎ᠤᠨ ᠳᠤᠳᠤᠭ᠋ᠠᠳᠦ ᠵᠢᠨ ᠬᠠᠤᠯᠢ ᠲᠦᠷᠢᠮ ᠪᠤᠯᠭ᠋ᠠᠨ ᠲᠡᠰ ᠲᠡᠪᠰᠢᠬᠦᠯᠬᠦ᠎ᠪᠠᠷ ᠲᠤᠭᠳᠠᠵᠠᠢ ᠭᠡᠵᠦ ᠵᠢᠭ᠋ᠠᠵᠦ ᠭᠠᠷᠭ᠋ᠠᠪᠠ᠃
      ᠮᠡᠳᠡᠭᠳᠡᠯ᠎ᠳᠤ᠂ 《ᠲᠦᠷᠢᠮ》᠎ᠨᠢ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠬᠦᠨᠵᠡᠭᠡᠢ ᠲᠤᠭᠤᠰᠢᠯᠠᠭᠤᠯᠵᠦ᠂ ᠨᠠᠮ᠎ᠤᠨ ᠲᠦᠷᠢᠮ ᠵᠶ᠋ᠠᠷ ᠦᠨᠳᠦᠰᠦᠨ ᠵᠢᠷᠤᠮᠯᠠᠯ ᠪᠤᠯᠭ᠋ᠠᠵᠦ᠂ ᠰᠠᠬᠢᠯᠭ᠎ᠠ ᠪᠠᠳᠤ ᠪᠠᠶ᠋ᠢᠴᠠᠭ᠋ᠠᠬᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠪᠠᠷᠢᠮᠳᠠᠯᠠᠨ ᠴᠢᠩᠭ᠋ᠠᠳᠬᠠᠵᠦ᠂ ᠰᠢ ᠵᠢᠨ ᠫᠢᠩ ᠨᠦᠬᠦᠷ ᠵᠶ᠋ᠠᠷ ᠭᠤᠤᠯ ᠪᠤᠯᠭ᠋ᠠᠭᠰᠠᠨ ᠨᠠᠮ᠎ᠤᠨ ᠲᠦᠪ ᠬᠤᠷᠢᠶᠠᠨ᠎ᠤ ᠡᠷᠭᠡ ᠰᠦᠷ ᠪᠠ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠵᠢ ᠡᠷᠡᠰ ᠬᠠᠮᠠᠭ᠋ᠠᠯᠠᠬᠤ᠎ᠪᠠᠷ ᠴᠢᠬᠤᠯᠠ ᠶᠡᠭᠡ ᠤᠯᠤᠰ ᠲᠦᠷᠦ ᠵᠢᠨ ᠬᠠᠷᠢᠭᠤᠴᠠᠯᠭ᠎ᠠ ᠪᠤᠯᠭ᠋ᠠᠵᠦ᠂ ᠨᠠᠮ᠎ᠤᠨ ᠠᠷᠪᠡᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢᠬᠢ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠦᠭᠡᠷᠡᠴᠢᠯᠡᠯᠳᠠ ᠵᠢᠨ ᠤᠨᠤᠯ᠂ ᠦᠢ᠍ᠯᠡᠳᠦᠯᠭᠡ᠂ ᠲᠦᠷᠢᠮ᠎ᠤᠨ ᠰᠢᠨ᠎ᠠ ᠡᠬᠦᠳᠦᠯᠳᠠ ᠵᠢᠨ ᠦᠷ᠎ᠠ ᠪᠦᠳᠦᠭᠡᠯ᠎ᠢ ᠳ᠋ᠦᠩᠨᠡᠵᠦ᠂ ᠳᠤᠳᠤᠭ᠋ᠠᠳᠦ ᠡᠵᠡᠮᠳᠡᠯ᠎ᠤᠨ ᠲᠤᠭᠳᠠᠴᠠ ᠵᠢ ᠴᠢᠩᠭ᠋ᠠᠳᠬᠠᠵᠦ᠂ ᠬᠢᠨᠡᠯᠳᠠ ᠲᠠᠯᠪᠢᠬᠤ ᠲᠤᠰᠢᠶᠠᠯ ᠬᠠᠷᠢᠭᠤᠴᠠᠯᠭ᠎ᠠ ᠵᠢ ᠨᠠᠷᠢᠯᠢᠬ᠍ᠵᠢᠭᠤᠯᠵᠦ᠂ ᠦᠨᠡᠨᠴᠢ ᠰᠢᠳᠤᠷᠭᠤ ᠡᠷᠡᠰ ᠪᠠᠲᠦ᠂ ᠬᠠᠷᠢᠭᠤᠴᠠᠯᠭ᠎ᠠ ᠡᠬᠦᠷᠭᠡᠯᠡᠯ᠎ᠲᠠᠢ᠂ ᠰᠠᠬᠢᠯᠭ᠎ᠠ ᠪᠠᠳᠤ ᠵᠢ ᠵᠢᠷᠤᠮᠯᠠᠨ ᠬᠠᠤᠯᠢ ᠵᠢ ᠰᠠᠬᠢᠬᠤ᠂ ᠠᠷᠢᠭᠤᠨ ᠴᠢᠭᠡᠴᠢ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠺᠠᠳ᠋ᠷ᠎ᠤᠨ ᠡᠩᠨᠡᠭᠡ ᠵᠢ ᠬᠦᠴᠦᠯᠡᠨ ᠪᠠᠶ᠋ᠢᠭᠤᠯᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠬᠦᠨ ᠳᠠᠪᠬᠤᠷᠭ᠎ᠠ ᠲᠡᠶ᠋ᠢᠰᠢ ᠬᠦᠭᠵᠢᠬᠦ ᠵᠢ ᠠᠬᠢᠭᠤᠯᠵᠠᠢ ᠭᠡᠵᠦ ᠵᠢᠭ᠋ᠠᠵᠦ ᠭᠠᠷᠭ᠋ᠠᠪᠠ᠃
      ᠮᠡᠳᠡᠭᠳᠡᠯ᠎ᠳᠤ᠂ ᠲᠡᠮᠦᠷ᠎ᠢ ᠳᠠᠪᠳᠠᠬᠤ᠎ᠳᠤ ᠡᠷᠭᠡᠪᠰᠢ ᠦᠪᠡᠷ ᠵᠶ᠋ᠠᠨ ᠬᠠᠳᠠᠭᠤ ᠪᠠᠶ᠋ᠢᠬᠤ ᠭᠡᠷᠡᠭᠲᠡᠢ᠃ ᠡᠯ᠎ᠠ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠬᠢᠨᠡᠨ ᠪᠠᠶ᠋ᠢᠴᠠᠭ᠋ᠠᠬᠤ ᠵᠦᠪᠯᠡᠯ (ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠲᠤᠭᠤᠢ᠌ᠢ᠍ᠯᠠᠩ)᠎ᠤᠨ᠎ᠬᠢᠨ ᠨᠠᠮ᠎ᠤᠨ ᠤᠯᠤᠰ ᠲᠦᠷᠦ ᠵᠢᠨ ᠪᠠᠶ᠋ᠢᠭᠤᠯᠤᠯᠳᠠ᠎ᠪᠠᠷ ᠶᠡᠷᠦᠩᠬᠡᠶ᠋ᠢᠯᠡᠨ ᠵᠢᠯᠤᠭᠤᠲᠤᠭᠤᠯᠵᠤ᠂ ᠨᠠᠮ᠎ᠤᠨ ᠤᠯᠤᠰ ᠲᠦᠷᠦ ᠵᠢᠨ ᠪᠠᠶ᠋ᠢᠭᠤᠯᠤᠯᠳᠠ᠂ ᠦᠵᠡᠯ ᠰᠠᠨᠠᠭ᠋ᠠᠨ᠎ᠤ ᠪᠠᠶ᠋ᠢᠭᠤᠯᠤᠯᠳᠠ᠂ ᠵᠤᠬᠢᠶᠠᠨ ᠪᠠᠶ᠋ᠢᠭᠤᠯᠤᠯᠳᠠ ᠵᠢᠨ ᠴᠤᠬ᠍ᠴᠠᠯᠠᠯᠳᠠ᠂ ᠰᠤᠷᠳᠠᠯ᠎ᠤᠨ ᠪᠠᠶ᠋ᠢᠭᠤᠯᠤᠯᠳᠠ᠂ ᠰᠠᠬᠢᠯᠭ᠎ᠠ ᠪᠠᠳᠤ ᠵᠢᠨ ᠪᠠᠶ᠋ᠢᠭᠤᠯᠤᠯᠳᠠ ᠵᠢ ᠪᠦᠬᠦ ᠲᠠᠯ᠎ᠠ᠎ᠪᠠᠷ ᠠᠬᠢᠭᠤᠯᠬᠤ ᠪᠦᠭᠡᠳ ᠲᠦᠷᠢᠮ᠎ᠤᠨ ᠪᠠᠶ᠋ᠢᠭᠤᠯᠤᠯᠳᠠ ᠵᠢ ᠡᠭᠦᠨ᠎ᠤ ᠳᠤᠮᠳᠠ ᠲᠤᠭᠤᠰᠢᠯᠠᠭᠤᠯᠵᠦ᠂ ᠢᠯᠵᠢᠷᠡᠯ᠎ᠢ ᠡᠰᠡᠷᠬᠦᠴᠡᠬᠦ ᠲᠡᠮᠡᠴᠡᠯ᠎ᠢ ᠬᠦᠨᠵᠡᠭᠡᠢ ᠠᠬᠢᠭᠤᠯᠵᠦ᠂ 《ᠲᠦᠷᠢᠮ》᠎ᠤᠨ ᠰᠤᠷᠤᠯᠴᠠᠯᠭ᠎ᠠ ᠤᠬᠠᠭᠤᠯᠭ᠎ᠠ ᠪᠠ ᠲᠤᠭᠤᠰᠢᠯᠠᠭᠤᠯᠤᠯᠳᠠ ᠨᠠᠶ᠋ᠢᠳᠠᠪᠤᠷᠢᠵᠢᠭᠤᠯᠤᠯᠳᠠ ᠵᠢ ᠰᠠᠶ᠋ᠢᠳᠤᠷ ᠠᠳᠬᠤᠬᠤ ᠭᠡᠷᠡᠭᠲᠡᠢ᠃ ᠲᠦᠷᠦᠬᠦᠯᠡᠨ 《ᠲᠦᠷᠪᠡᠨ ᠤᠬᠠᠮᠰᠠᠷ》᠎ᠢ ᠴᠢᠩᠭ᠋ᠠᠳᠬᠠᠵᠦ᠂ ᠤᠯᠤᠰ ᠲᠦᠷᠦ ᠵᠢᠨ ᠴᠢᠭᠯᠡᠯ᠎ᠢ ᠡᠵᠡᠮᠳᠡᠵᠦ᠂ ᠤᠯᠤᠰ ᠲᠦᠷᠦ ᠵᠢᠨ ᠵᠤᠬᠰᠤᠯᠳᠠ᠎ᠪᠠᠨ ᠪᠠᠳᠤᠳᠬᠠᠵᠦ᠂ ᠤᠯᠤᠰ ᠲᠦᠷᠦ ᠵᠢᠨ ᠴᠢᠳᠠᠪᠤᠷᠢ᠎ᠪᠠᠨ ᠳᠡᠭᠡᠭᠰᠢᠯᠡᠬᠦᠯᠵᠦ᠂ ᠰᠢ ᠵᠢᠨ ᠫᠢᠩ ᠨᠦᠬᠦᠷ ᠵᠶ᠋ᠠᠷ ᠭᠤᠤᠯ ᠪᠤᠯᠭ᠋ᠠᠭᠰᠠᠨ ᠨᠠᠮ᠎ᠤᠨ ᠲᠦᠪ ᠬᠤᠷᠢᠶ᠎ᠠ᠎ᠲᠠᠢ ᠤᠬᠠᠮᠰᠠᠷ᠎ᠠᠴᠠ᠎ᠪᠠᠨ ᠲᠡᠭᠡᠲᠦ ᠬᠡᠮᠵᠢᠶ᠎ᠡ᠎ᠪᠠᠷ ᠨᠢᠭᠡᠳᠦᠯᠳᠠᠢ ᠪᠠᠶ᠋ᠢᠵᠦ᠂ ᠵᠠᠷᠴᠢᠮ᠎ᠤᠨ ᠶᠡᠭᠡ ᠠᠰᠠᠭᠤᠲᠠᠯ᠎ᠤᠨ ᠡᠮᠦᠨ᠎ᠠ ᠵᠤᠷᠢᠬᠳᠠᠢ᠎ᠪᠠᠷ ᠬᠤᠷᠠ ᠰᠡᠯᠡᠮ᠎ᠠ ᠭᠠᠷᠭ᠋ᠠᠵᠦ᠂ ᠵᠤᠷᠢᠬᠳᠠᠢ᠎ᠪᠠᠷ ᠲᠡᠮᠡᠴᠡᠬᠦ ᠭᠡᠷᠡᠭᠲᠡᠢ᠃ ᠨᠠᠮ᠎ᠤᠨ ᠲᠦᠪ ᠬᠤᠷᠢᠶ᠎ᠠ᠎ᠳᠤ ᠨᠠᠶ᠋ᠢᠳᠠᠪᠤᠷᠢᠳᠠᠢ᠂ ᠠᠷᠠᠳ ᠲᠦᠮᠡᠨ ᠬᠠᠨᠤᠮᠵᠢᠳᠠᠢ ᠵᠢᠱ᠌ᠢᠶᠡᠴᠢ ᠪᠠᠶ᠋ᠢᠭᠤᠯᠭ᠎ᠠ ᠵᠢ ᠲᠦᠷᠦᠬᠦᠯᠡᠨ ᠪᠠᠶ᠋ᠢᠭᠤᠯᠵᠦ᠂ ᠰᠠᠬᠢᠯᠭ᠎ᠠ ᠪᠠᠳᠤ ᠭᠡᠷᠡᠭᠵᠢᠬᠦᠯᠬᠦ ᠬᠠᠤᠯᠢ ᠭᠡᠷᠡᠭᠵᠢᠬᠦᠯᠬᠦ ᠲᠦᠷᠢᠮ ᠲᠤᠭᠳᠠᠭ᠋ᠠᠯ᠎ᠢ ᠴᠢᠩᠭ᠎ᠠ ᠵᠢᠷᠤᠮᠯᠠᠵᠦ᠂ ᠡᠷᠭᠡ ᠵᠢᠨ ᠭᠡᠷᠡᠭᠵᠢᠬᠦᠯᠬᠦ᠎ᠳᠤ ᠪᠤᠯᠭᠤᠮᠵᠢᠯᠠᠭᠰᠠᠠ ᠲᠡᠭᠡᠷ᠎ᠡ ᠪᠤᠯᠭᠤᠮᠵᠢᠯᠠᠵᠤ᠂ ᠦᠪᠡᠷ ᠪᠡᠶ᠎ᠠ᠎ᠪᠠᠨ ᠬᠢᠵᠠᠭ᠋ᠠᠷᠯᠠᠬᠤ ᠲᠡᠭᠡᠷ᠎ᠡ ᠴᠢᠩᠭ᠎ᠠ᠎ᠠᠴᠠ ᠴᠢᠩᠭ᠎ᠠ ᠪᠠᠶ᠋ᠢᠬᠤ ᠭᠡᠷᠡᠭᠲᠡᠢ᠃ ᠰᠠᠬᠢᠯᠭ᠎ᠠ ᠪᠠᠳᠤ ᠭᠡᠷᠡᠭᠵᠢᠬᠦᠯᠬᠦ ᠪᠠ ᠬᠠᠤᠯᠢ ᠭᠡᠷᠡᠭᠵᠢᠬᠦᠯᠬᠦ ᠵᠢ ᠨᠡᠪᠳᠡᠷᠡᠯᠴᠡᠬᠦᠯᠵᠦ᠂ ᠬᠢᠨᠠᠯᠳᠠ ᠲᠠᠯᠪᠢᠵᠤ ᠰᠠᠬᠢᠯᠭ᠎ᠠ ᠪᠠᠳᠤ ᠭᠡᠷᠡᠭᠵᠢᠬᠦᠯᠬᠦ ᠪᠤᠯᠤᠨ ᠬᠢᠨᠡᠨ ᠪᠠᠶ᠋ᠢᠴᠠᠭ᠋ᠠᠬᠤ ᠬᠠᠤᠯᠢ ᠭᠡᠷᠡᠭᠵᠢᠬᠦᠯᠬᠦ ᠵᠢ ᠨᠢᠭᠡ ᠴᠤᠬ᠍ᠴᠠᠵᠢᠭᠤᠯᠤᠨ ᠠᠬᠢᠭᠤᠯᠵᠦ᠂ ᠰᠠᠬᠢᠯᠭ᠎ᠠ ᠪᠠᠳᠤ ᠬᠠᠤᠯᠢ ᠴᠠᠭ᠋ᠠᠵᠠ ᠵᠢᠨ 《ᠬᠤᠶᠠᠷ ᠭᠡᠮᠵᠢᠬᠦᠷ》᠎ᠢ ᠨᠢᠭᠡᠳᠦᠯᠳᠠᠢ ᠲᠦᠯᠦᠪᠵᠢᠬᠦᠯᠦᠨ ᠬᠡᠷᠡᠭᠯᠡᠵᠤ᠂ ᠬᠢᠨᠡᠯᠲᠠ ᠲᠠᠯᠪᠢᠵᠤ ᠰᠠᠬᠢᠯᠭ᠎ᠠ ᠪᠠᠳᠤ ᠭᠡᠷᠡᠭᠵᠢᠬᠦᠯᠬᠦ 《ᠲᠦᠷᠪᠡᠨ ᠭᠡᠯᠪᠡᠷᠢ ᠪᠠᠶ᠋ᠢᠳᠠᠯ》᠎ᠢ ᠠᠭᠤᠰᠤᠯᠴᠠᠭᠤᠯᠤᠨ ᠬᠡᠷᠡᠭᠯᠡᠬᠦ ᠬᠡᠷᠡᠭᠲᠡᠢ᠂ ᠲᠠᠷᠤᠢ ᠰᠠᠬᠢᠯᠭ᠎ᠠ ᠪᠠᠳᠤ ᠭᠡᠷᠡᠭᠵᠢᠬᠦᠯᠬᠦ᠎ᠳᠤ ᠡᠷᠭᠡᠪᠰᠢ ᠴᠢᠩᠭ᠎ᠠ ᠪᠠᠶ᠋ᠢᠬᠤ ᠵᠢ ᠪᠠᠷᠢᠮᠳᠠᠯᠠᠬᠤ᠎ᠪᠠᠷ ᠪᠠᠷᠠᠬᠤ ᠦᠭᠡᠢ ᠪᠠᠰᠠ ᠰᠠᠬᠢᠯᠭ᠎ᠠ ᠪᠠᠳᠤ ᠬᠠᠤᠯᠢ ᠴᠠᠭ᠋ᠠᠵᠠ ᠵᠢ ᠵᠤᠬᠢᠴᠠᠭᠤᠯᠬᠤ ᠵᠢ ᠪᠠᠷᠢᠮᠳᠠᠯᠠᠵᠦ᠂ ᠦᠨᠡᠨ᠎ᠠᠴᠠ ᠵᠦᠪ᠎ᠢ ᠡᠷᠢᠵᠦ᠂ ᠨᠠᠷᠢᠨ ᠤᠨᠤᠪᠴᠢᠳᠠᠢ ᠪᠦᠭᠡᠳ ᠰᠢᠨᠵᠢᠯᠡᠬᠦ ᠤᠬᠠᠭ᠋ᠠᠨᠴᠢ ᠪᠠᠶ᠋ᠢᠵᠦ᠂ ᠢᠯᠵᠢᠷᠡᠯ᠎ᠢ ᠡᠰᠡᠷᠬᠦᠴᠡᠬᠦ ᠠᠵᠢᠯ᠎ᠤᠨ ᠬᠠᠤᠯᠢᠵᠢᠯ᠂ ᠲᠦᠷᠢᠮᠵᠢᠯ᠎ᠢ ᠴᠢᠨᠠᠬᠰᠢᠳᠠ ᠠᠬᠢᠭᠤᠯᠬᠤ ᠭᠡᠷᠡᠭᠲᠡᠢ᠃ ᠦᠪᠡᠷ ᠪᠡᠶ᠎ᠠ ᠵᠢᠨ ᠬᠢᠨᠡᠯᠳᠠ ᠵᠢ ᠰᠠᠨᠠᠭ᠋ᠠᠴᠢᠯᠠᠭ᠎ᠠ᠎ᠲᠠᠢ ᠦᠷᠨᠢᠬᠦᠯᠵᠦ᠂ ᠭᠠᠳᠠᠭ᠋ᠠᠳᠦ ᠤᠷᠴᠢᠨ᠎ᠤ ᠬᠢᠨᠡᠯᠳᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠰᠠᠬᠢᠯᠭ᠎ᠠ ᠪᠠᠳᠤ ᠭᠡᠷᠡᠭᠵᠢᠬᠦᠯᠦᠭᠴᠢ ᠬᠦᠮᠦᠨ ᠪᠠᠶ᠋ᠢᠭ᠋ᠠᠳ ᠰᠠᠬᠢᠯᠭ᠎ᠠ ᠪᠠᠳᠤ ᠵᠢ ᠵᠦᠷᠢᠴᠡᠬᠦ᠂ ᠬᠠᠤᠯᠢ ᠭᠡᠷᠡᠭᠵᠢᠬᠦᠯᠦᠭᠴᠢ ᠬᠦᠮᠦᠨ ᠪᠠᠶ᠋ᠢᠭ᠋ᠠᠳ ᠬᠠᠤᠯᠢ ᠵᠢ ᠵᠦᠷᠢᠴᠡᠬᠦ ᠦᠵᠡᠭᠳᠡᠯ᠎ᠢ 《ᠤᠬᠳᠤ ᠠᠭᠤᠴᠢᠯᠠᠬᠤ ᠦᠭᠡᠢ》 ᠪᠠᠶ᠋ᠢᠵᠦ᠂ 《ᠲᠡᠷᠭᠡᠲᠡᠬᠢ᠎ᠪᠠᠨ ᠤᠯᠵᠤ ᠬᠠᠷᠠᠬᠤ ᠦᠭᠡᠢ》 ᠪᠠᠶ᠋ᠢᠲᠠᠯ ᠭᠠᠷᠬᠤ ᠵᠢ ᠡᠷᠡᠰ ᠰᠡᠷᠭᠡᠶ᠋ᠢᠯᠡᠵᠦ᠂ ᠨᠠᠮ ᠪᠤᠯᠤᠨ ᠠᠷᠠᠳ ᠲᠦᠮᠡᠨ᠎ᠤ ᠰᠢᠳᠤᠷᠭᠤ ᠬᠠᠮᠠᠭ᠋ᠠᠯᠠᠬ᠍ᠴᠢ ᠪᠤᠯᠬᠤ ᠭᠡᠷᠡᠭᠲᠡᠢ ᠭᠡᠵᠦ ᠴᠢᠬᠤᠯᠠᠴᠢᠯᠠᠪᠠ᠃
      ᠮᠡᠳᠡᠭᠳᠡᠯ᠎ᠳᠤ᠂ ᠡᠯ᠎ᠠ ᠱᠠᠳᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠲᠤᠭᠤᠢ᠌ᠯᠠᠩ) ᠪᠠ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠬᠢᠨᠡᠨ ᠪᠠᠶ᠋ᠢᠴᠠᠭ᠋ᠠᠬᠤ ᠵᠦᠪᠯᠡᠯ (ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠲᠤᠭᠤᠢ᠌ᠯᠠᠩ)᠎ᠤᠨ᠎ᠬᠢᠨ ᠤᠳᠤᠷᠢᠳᠤᠯᠭ᠎ᠠ᠎ᠪᠠᠨ ᠦᠨᠡᠨ ᠬᠦ᠌ ᠴᠢᠩᠭ᠋ᠠᠳᠬᠠᠵᠦ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠳᠠ ᠵᠢ ᠰᠠᠶ᠋ᠢᠳᠤᠷ ᠠᠳᠬᠤᠵᠦ᠂ 《ᠲᠦᠷᠢᠮ》᠎ᠤᠨ ᠰᠤᠷᠤᠯᠴᠠᠯᠭ᠎ᠠ ᠤᠬᠠᠭᠤᠯᠭ᠎ᠠ᠂ ᠲᠤᠭᠤᠰᠢᠯᠠᠭᠤᠯᠤᠯᠳᠠ ᠨᠠᠶ᠋ᠢᠳᠠᠪᠤᠷᠢᠵᠢᠭᠤᠯᠤᠯᠳᠠ ᠵᠢᠨ ᠪᠠᠶ᠋ᠢᠳᠠᠯ᠎ᠳᠤ ᠬᠢᠨᠡᠯᠳᠠ ᠲᠠᠯᠪᠢᠵᠦ ᠪᠠᠶ᠋ᠢᠴᠠᠭ᠋ᠠᠬᠤ᠎ᠪᠠᠨ ᠴᠢᠩᠭ᠋ᠠᠳᠬᠠᠵᠦ᠂ ᠲᠤᠭᠤᠰᠢᠯᠠᠭᠤᠯᠤᠯᠳᠠ ᠭᠡᠷᠡᠭᠵᠢᠬᠦᠯᠦᠯᠳᠠ᠎ᠨᠢ ᠠᠨᠠᠢ ᠪᠠᠶ᠋ᠢᠪᠠᠯ ᠰᠢᠬᠦᠮᠵᠢᠯᠡᠨ ᠬᠦᠮᠦᠵᠢᠬᠦᠯᠵᠦ᠂ ᠱᠠᠯᠠᠪᠳᠠᠭᠤᠯᠤᠨ ᠴᠡᠭᠴᠡᠯᠡᠨ ᠰᠠᠶ᠋ᠢᠵᠢᠷᠠᠭᠤᠯᠵᠦ᠂ ᠲᠦᠷᠢᠮ ᠶᠤᠰᠤᠭ᠋ᠠᠷ ᠰᠠᠬᠢᠯᠭ᠎ᠠ ᠪᠠᠳᠤ ᠶᠤᠰᠤᠭ᠋ᠠᠷ ᠬᠠᠤᠯᠢ ᠶᠤᠰᠤᠭ᠋ᠠᠷ ᠬᠠᠷᠢᠭᠤᠯᠴᠠᠭ᠎ᠠ ᠲᠤᠯᠭ᠋ᠠᠨ ᠬᠠᠷᠢᠭᠤᠴᠠᠯᠭ᠎ᠠ ᠨᠡᠭᠡᠮᠵᠢᠯᠡᠵᠦ᠂ 《ᠲᠦᠷᠢᠮ》᠎ᠤᠨ ᠡᠯ᠎ᠠ ᠲᠦᠷᠦᠯ᠎ᠤᠨ ᠲᠤᠭᠳᠠᠭ᠋ᠠᠯ᠎ᠢ ᠪᠤᠳᠠᠳᠠᠢ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠭᠡᠷᠡᠭᠲᠡᠢ ᠭᠡᠵᠦ ᠱᠠᠭ᠋ᠠᠷᠳᠠᠵᠠᠢ᠃
     《ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠢᠨᠠᠯᠳᠠ ᠲᠠᠯᠪᠢᠵᠤ ᠰᠠᠬᠢᠯᠭ᠎ᠠ ᠪᠠᠳᠤ ᠭᠡᠷᠡᠭᠵᠢᠬᠦᠯᠬᠦ ᠠᠵᠢᠯ᠎ᠤᠨ ᠲᠦᠷᠢᠮ》᠎ᠤᠨ ᠪᠦᠬᠦ ᠠᠭᠤᠯᠭ᠎ᠠ᠎ᠨᠢ ᠲᠤᠤᠷᠠᠬᠢ ᠮᠡᠳᠦ᠃
      ᠨᠢᠭᠡᠳᠦᠭᠡᠷ ᠪᠦᠯᠦᠭ     ᠶᠡᠷᠦᠩᠭᠡᠢ ᠲᠦᠷᠢᠮ
      ᠨᠢᠭᠡᠳᠦᠭᠡᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠪᠠ ᠤᠯᠤᠰ᠎ᠤᠨ ᠬᠢᠨᠡᠨ ᠪᠠᠶ᠋ᠢᠴᠠᠭ᠋ᠠᠬᠤ ᠠᠵᠢᠯ᠎ᠳᠠᠬᠢ ᠨᠠᠮ᠎ᠤᠨ ᠨᠢᠭᠡᠳᠦᠯᠳᠠᠢ ᠤᠳᠤᠷᠢᠳᠤᠯᠭ᠎ᠠ ᠵᠢ ᠴᠢᠩᠭ᠋ᠠᠳᠬᠠᠵᠦ᠂ ᠨᠠᠮ᠎ᠤᠨ ᠰᠠᠬᠢᠯᠭ᠎ᠠ ᠪᠠᠳᠤ ᠵᠢᠨ ᠪᠠᠶ᠋ᠢᠭᠤᠯᠤᠯᠳᠠ ᠵᠢ ᠴᠢᠩᠭ᠋ᠠᠳᠬᠠᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠠᠬᠢᠭᠤᠯᠵᠦ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠢᠨᠠᠯᠳᠠ ᠲᠠᠯᠪᠢᠵᠤ ᠰᠠᠬᠢᠯᠭ᠎ᠠ ᠪᠠᠳᠤ ᠭᠡᠷᠡᠭᠵᠢᠬᠦᠯᠬᠦ ᠠᠵᠢᠯ᠎ᠢ ᠵᠢᠷᠤᠮᠵᠢᠭᠤᠯᠬᠤ ᠵᠢᠨ ᠲᠦᠯᠦᠭᠡ᠂ 《ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠦᠷᠢᠮ》 ᠪᠠ ᠬᠤᠯᠪᠤᠭᠳᠠᠯ ᠪᠦᠬᠦᠢ ᠬᠠᠤᠯᠢ ᠴᠠᠭ᠋ᠠᠵᠠ ᠵᠢ ᠦᠨᠳᠦᠰᠦᠯᠡᠵᠦ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠦᠭᠡᠷᠡᠴᠢᠯᠡᠯᠳᠠ ᠪᠠ ᠬᠢᠨᠠᠯᠳᠠ ᠲᠠᠯᠪᠢᠵᠤ ᠰᠠᠬᠢᠯᠭ᠎ᠠ ᠪᠠᠳᠤ ᠭᠡᠷᠡᠭᠵᠢᠬᠦᠯᠬᠦ ᠠᠵᠢᠯ᠎ᠤᠨ ᠦᠢ᠍ᠯᠡᠳᠦᠯᠭᠡ᠎ᠲᠠᠢ ᠤᠶᠠᠯᠳᠤᠭᠤᠯᠤᠨ᠂ ᠲᠤᠰ ᠲᠦᠷᠢᠮ᠎ᠢ ᠲᠤᠭᠳᠠᠭ᠋ᠠᠪᠠ᠃
      ᠬᠤᠶᠠᠳᠤᠭ᠋ᠠᠷ ᠵᠦᠢ᠍ᠯ     ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠤᠨ ᠤᠨᠤᠯ᠂ 《ᠭᠤᠷᠪᠠ ᠵᠢ ᠲᠦᠯᠦᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠦᠭᠵᠢᠯᠳᠠ ᠵᠢᠨ ᠦᠵᠡᠯᠳᠠ᠂ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠦ᠂ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠪᠠ ᠬᠢᠨᠡᠨ ᠪᠠᠶ᠋ᠢᠴᠠᠭ᠋ᠠᠬᠤ ᠵᠦᠪᠯᠡᠯ᠎ᠤᠨ ᠬᠠᠮᠳᠤᠷᠠᠨ ᠠᠯᠪᠠᠯᠠᠬᠤ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠲᠦᠷᠢᠮ ᠶᠤᠰᠤᠭ᠋ᠠᠷ ᠰᠠᠬᠢᠯᠭ᠎ᠠ ᠪᠠᠳᠤ ᠶᠤᠰᠤᠭ᠋ᠠᠷ ᠬᠠᠤᠯᠢ ᠶᠤᠰᠤᠭ᠋ᠠᠷ ᠬᠢᠨᠡᠯᠲᠠ ᠲᠠᠯᠪᠢᠵᠤ ᠰᠠᠬᠢᠯᠭ᠎ᠠ ᠪᠠᠳᠤ ᠭᠡᠷᠡᠭᠵᠢᠬᠦᠯᠬᠦ ᠬᠡᠷᠡᠭᠲᠡᠢ᠂ ᠲᠡᠮᠦᠷ᠎ᠢ ᠳᠠᠪᠳᠠᠬᠤ᠎ᠳᠤ ᠦᠪᠡᠷ ᠵᠶ᠋ᠠᠨ ᠡᠷᠭᠡᠪᠰᠢ ᠬᠠᠳᠠᠭᠤ ᠪᠠᠶ᠋ᠢᠬᠤ ᠵᠢ ᠪᠠᠷᠢᠮᠳᠠᠯᠠᠵᠦ᠂ ᠡᠷᠭᠡ ᠵᠢ ᠲᠦᠷᠢᠮ᠎ᠤᠨ ᠰᠢᠩᠭᠡᠯᠢᠭ᠎ᠲᠤ ᠤᠷᠤᠭᠤᠯᠵᠤ᠂ ᠦᠨᠡᠨᠴᠢ ᠰᠢᠳᠤᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠬᠦᠷᠭᠡᠯᠡᠯ᠎ᠲᠠᠢ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠺᠠᠳ᠋ᠷ᠎ᠤᠨ ᠡᠩᠨᠡᠭᠡ ᠵᠢ ᠴᠤᠬ᠍ᠴᠠᠯᠠᠬᠤ ᠭᠡᠷᠡᠭᠲᠡᠢ᠃
      ᠭᠤᠷᠪᠠᠳᠤᠭ᠋ᠠᠷ ᠵᠦᠢ᠍ᠯ     ᠬᠢᠨᠠᠯᠳᠠ ᠲᠠᠯᠪᠢᠵᠤ ᠰᠠᠬᠢᠯᠭ᠎ᠠ ᠪᠠᠳᠤ ᠭᠡᠷᠡᠭᠵᠢᠬᠦᠯᠬᠦ ᠠᠵᠢᠯ᠎ᠨᠢ ᠲᠤᠤᠷᠠᠬᠢ ᠵᠠᠷᠴᠢᠮ᠎ᠢ ᠵᠢᠷᠤᠮᠯᠠᠬᠤ ᠬᠡᠷᠡᠭᠲᠡᠢ᠄
     (ᠨᠢᠭᠡ) ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠳᠠᠯᠠᠨ ᠴᠢᠩᠭ᠋ᠠᠳᠬᠠᠵᠤ᠂ ᠤᠯᠤᠰ ᠲᠦᠷᠦ ᠵᠢᠨ ᠤᠬᠠᠮᠰᠠᠷ᠂ ᠶᠡᠭᠡ ᠲᠠᠯ᠎ᠠ ᠵᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠳᠠᠢ ᠪᠠᠶ᠋ᠢᠬᠤ ᠤᠬᠠᠮᠰᠠᠷ᠎ᠢ ᠪᠠᠳᠤ ᠪᠠᠬᠢ ᠪᠤᠢ ᠪᠤᠯᠭ᠋ᠠᠵᠤ᠂ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ᠎ᠤᠨ ᠢᠳᠡᠭᠡᠯ᠂ ᠤᠨᠤᠯ᠎ᠤᠨ ᠢᠳᠡᠭᠡᠯ᠂ ᠪᠠᠶ᠋ᠢᠭᠤᠯᠤᠯ᠎ᠤᠨ ᠢᠳᠡᠭᠡᠯ᠂ ᠰᠤᠶᠤᠯ᠎ᠤᠨ ᠢᠳᠡᠭᠡᠯ᠎ᠢ ᠪᠠᠳᠤᠳᠬᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠦᠪ ᠬᠤᠷᠢᠶᠠᠨ᠎ᠤ ᠭᠤᠤᠯᠯᠠᠭᠴᠢ᠂ ᠪᠦᠬᠦ ᠨᠠᠮ᠎ᠤᠨ ᠭᠤᠤᠯᠯᠠᠭᠴᠢ ᠪᠤᠯᠬᠤ ᠪᠠᠶ᠋ᠢᠷᠢ ᠰᠠᠭᠤᠷᠢ ᠵᠢ ᠡᠷᠡᠰ ᠬᠠᠮᠠᠭ᠋ᠠᠯᠠᠵᠤ᠂ ᠨᠠᠮ᠎ᠤᠨ ᠲᠦᠪ ᠬᠤᠷᠢᠶᠠᠨ᠎ᠤ ᠡᠷᠬᠡ ᠰᠦᠷ ᠪᠤᠯᠤᠨ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠤ᠂ ᠤᠯᠤᠰ ᠲᠦᠷᠦ ᠵᠢᠨ ᠰᠠᠬᠢᠯᠭ᠎ᠠ ᠪᠠᠳᠤ ᠪᠤᠯᠤᠨ ᠤᠯᠤᠰ ᠲᠦᠷᠦ ᠵᠢᠨ ᠶᠤᠰᠤ ᠳᠦᠷᠢᠮ᠎ᠢ ᠴᠢᠩᠭ᠎ᠠ ᠵᠢᠷᠤᠮᠯᠡᠵᠤ᠂ ᠬᠢᠨᠠᠯᠳᠠ ᠲᠠᠯᠪᠢᠵᠤ ᠰᠠᠬᠢᠯᠭ᠎ᠠ ᠪᠠᠳᠤ ᠬᠡᠷᠡᠭᠵᠢᠭᠦᠯᠬᠦ ᠠᠵᠢᠯ᠎ᠤᠨ ᠤᠯᠤᠰ ᠲᠦᠷᠦ ᠵᠢᠨ ᠴᠢᠨᠠᠷ᠎ᠢ ᠢᠯᠡᠷᠡᠭᠦᠯᠵᠤ᠂ ᠨᠠᠮ᠎ᠠᠴᠠ ᠨᠢᠭᠡᠳᠦᠯᠳᠠᠢ ᠵᠢᠯᠤᠭᠤᠳᠤᠭᠰᠠᠠ᠂ ᠪᠦᠬᠦ ᠲᠠᠯ᠎ᠠ᠎ᠪᠠᠷ ᠪᠦᠷᠬᠦᠭᠦᠯᠦᠭᠰᠡᠡ᠂ ᠡᠷᠬᠡ ᠰᠦᠷᠳᠤ ᠦᠨᠳᠦᠷ ᠪᠦᠲᠦᠮᠵᠢᠳᠠᠢ ᠬᠢᠨᠠᠯᠳᠠ ᠲᠠᠯᠪᠢᠬᠤ ᠰᠢᠰᠲ᠋ᠧᠮ᠎ᠢ ᠪᠠᠶ᠋ᠢᠭᠤᠯᠬᠤ ᠬᠡᠷᠡᠭᠳᠠᠢ;
     (ᠬᠤᠶᠠᠷ) ᠰᠠᠬᠢᠯᠭ᠎ᠠ ᠪᠠᠳᠤ ᠪᠠᠶ᠋ᠢᠴᠠᠭ᠋ᠠᠵᠤ ᠠᠵᠢᠯ᠎ᠨᠢ ᠳᠠᠪᠬᠤᠷ ᠤᠳᠤᠷᠢᠳᠤᠯᠭ᠎ᠠ ᠵᠢᠨ ᠪᠠᠶ᠋ᠢᠭᠤᠯᠤᠮᠵᠢ ᠵᠢ ᠪᠠᠷᠢᠮᠳᠠᠯᠠᠵᠤ᠂ ᠬᠢᠨᠠᠯᠳᠠ ᠲᠠᠯᠪᠢᠵᠤ ᠰᠠᠬᠢᠯᠭ᠎ᠠ ᠪᠠᠳᠤ ᠪᠠᠶ᠋ᠢᠴᠠᠭ᠋ᠠᠬᠤ ᠠᠵᠢᠯ᠎ᠨᠢ ᠳᠡᠭᠡᠳᠤ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶᠠᠨ᠎ᠤ ᠤᠳᠤᠷᠢᠳᠤᠯᠭ᠎ᠠ᠎ᠪᠠᠷ ᠭᠤᠤᠯ ᠪᠤᠯᠭ᠋ᠠᠵᠤ᠂ ᠰᠦᠪᠡᠭᠴᠢ ᠵᠢ ᠪᠠᠶ᠋ᠢᠴᠠᠭ᠋ᠠᠨ ᠰᠢᠢ᠍ᠳᠪᠦᠷᠢᠯᠡᠬᠦ᠂ ᠬᠡᠷᠡᠭ ᠪᠤᠯᠭ᠋ᠠᠨ ᠬᠢᠨᠠᠨ ᠪᠠᠶ᠋ᠢᠴᠠᠭ᠋ᠠᠬᠤ ᠵᠡᠷᠭᠡ ᠠᠵᠢᠯ᠎ᠢ ᠬᠢᠬᠦ᠎ᠳᠡᠭᠡᠨ ᠲᠤᠰ ᠱᠠᠳᠤᠨ᠎ᠤ ᠨᠠᠮ᠎ᠤᠨ ᠬᠤᠷᠢᠶᠠᠨ᠎ᠳᠠᠭᠠᠨ ᠮᠡᠳᠡᠭᠦᠯᠬᠦ ᠵᠢᠨ ᠬᠠᠮᠳᠦ ᠳᠡᠭᠡᠳᠤ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶᠠᠨ᠎ᠳᠠᠭᠠᠨ ᠴᠤ᠌ ᠮᠡᠳᠡᠭᠦᠯᠬᠦ ᠬᠡᠷᠡᠭᠳᠠᠢ;
     (ᠭᠤᠷᠪᠠ) ᠦᠨᠡᠨ᠎ᠠᠴᠠ ᠵᠦᠪ᠎ᠢ ᠡᠷᠢᠬᠦ ᠵᠢ ᠪᠠᠷᠢᠮᠳᠠᠯᠠᠵᠤ᠂ ᠪᠤᠳᠠᠳᠤ ᠬᠡᠷᠡᠭ ᠵᠶ᠋ᠠᠷ ᠡᠰᠢ ᠪᠠᠷᠢᠮᠳᠠ ᠪᠤᠯᠭ᠋ᠠᠵᠤ᠂ ᠨᠠᠮ᠎ᠤᠨ ᠳᠦᠷᠢᠮ ᠨᠠᠮ᠎ᠤᠨ ᠲᠤᠭᠳᠠᠭ᠋ᠠᠯ ᠨᠠᠮ᠎ᠤᠨ ᠰᠠᠬᠢᠯᠭ᠎ᠠ ᠪᠠᠳᠤ ᠪᠤᠯᠤᠨ ᠤᠯᠤᠰ᠎ᠤᠨ ᠬᠠᠤᠯᠢ ᠴᠠᠭ᠋ᠠᠵᠠ ᠬᠠᠤᠯᠢ ᠲᠤᠭᠳᠠᠭ᠋ᠠᠯ ᠵᠶ᠋ᠠᠷ ᠪᠠᠷᠢᠮᠵᠢᠶ᠎ᠠ ᠪᠤᠯᠭ᠋ᠠᠵᠤ᠂ ᠬᠢᠨᠠᠯᠳᠠ ᠲᠠᠯᠪᠢᠬᠤ ᠵᠢ ᠴᠢᠩᠭ᠋ᠠᠳᠬᠠᠵᠤ᠂ ᠰᠠᠬᠢᠯᠭ᠎ᠠ ᠪᠠᠳᠤ ᠵᠢ ᠴᠢᠩᠭ᠎ᠠ ᠬᠢᠨᠠᠮᠠᠭ᠋ᠠᠢ ᠬᠡᠷᠡᠭᠵᠢᠭᠦᠯᠵᠤ᠂ ᠲᠦᠷᠦ ᠵᠢᠨ ᠪᠤᠳᠤᠯᠭ᠎ᠠ ᠵᠢ ᠡᠵᠡᠮᠳᠡᠨ᠂ ᠠᠭᠤᠵᠢᠭᠤ ᠪᠠ ᠴᠢᠩᠭ᠎ᠠ ᠪᠠᠶ᠋ᠢᠬᠤ ᠵᠢ ᠤᠶᠠᠯᠳᠤᠭᠤᠯᠵᠤ᠂ ᠤᠬᠠᠮᠰᠠᠷ᠎ᠠᠴᠠ᠎ᠪᠠᠨ ᠬᠡᠷᠡᠭ ᠵᠶ᠋ᠠᠨ ᠲᠤᠰᠢᠶᠠᠭᠰᠠᠨ᠂ ᠤᠬᠠᠮᠰᠠᠷ᠎ᠠᠴᠠ᠎ᠪᠠᠨ ᠠᠰᠠᠭᠤᠳᠠᠯ ᠵᠶ᠋ᠠᠨ ᠲᠤᠰᠢᠶᠠᠭᠰᠠᠳ᠎ᠢ ᠠᠭᠤᠴᠢᠯᠠᠨ ᠰᠢᠳᠭᠡᠵᠤ᠂ ᠬᠡᠷᠡᠭ ᠵᠶ᠋ᠠᠨ ᠮᠡᠳᠡᠷᠡᠬᠦ ᠦᠭᠡᠢ᠂ ᠵᠤᠬᠢᠶᠠᠨ ᠪᠠᠶ᠋ᠢᠭᠤᠯᠤᠯᠳᠠ ᠵᠢ ᠬᠠᠭᠤᠷᠠᠵᠤ ᠮᠡᠬᠡᠯᠡᠭᠰᠡᠳ᠎ᠢ ᠴᠢᠩᠭ᠎ᠠ᠎ᠪᠠᠷ ᠰᠢᠢ᠍ᠳᠪᠦᠷᠢᠯᠡᠬᠦ ᠬᠡᠷᠡᠭᠳᠠᠢ;
     (ᠳᠦᠷᠪᠡ) ᠢᠳᠡᠭᠡᠮᠵᠢ᠎ᠪᠠᠷ ᠬᠢᠨᠠᠯᠳᠠ ᠵᠢ ᠤᠷᠤᠯᠠᠭᠤᠯᠵᠤ ᠪᠤᠯᠬᠤ ᠦᠭᠡᠢ ᠪᠠᠶ᠋ᠢᠬᠤ ᠵᠢ ᠪᠠᠷᠢᠮᠳᠠᠯᠠᠵᠤ᠂ ᠰᠠᠬᠢᠯᠭ᠎ᠠ ᠪᠠᠳᠤ ᠬᠡᠷᠡᠭᠵᠢᠭᠦᠯᠦᠭᠴᠢ ᠡᠷᠬᠡᠪᠰᠢ ᠦᠪᠡᠷ ᠵᠶ᠋ᠠᠨ ᠦᠷᠦᠨ ᠵᠶ᠋ᠠᠷ ᠰᠠᠬᠢᠯᠭ᠎ᠠ ᠪᠠᠳᠤ ᠵᠢ ᠵᠢᠷᠦᠮᠯᠡᠵᠤ᠂ ᠨᠡᠩ ᠦᠨᠳᠦᠷ ᠪᠠᠷᠢᠮᠵᠢᠶ᠎ᠠ᠂ ᠨᠡᠩ ᠴᠢᠩᠭ᠎ᠠ ᠱᠠᠭ᠋ᠠᠷᠳᠠᠯᠭ᠎ᠠ᠎ᠪᠠᠷ ᠦᠪᠡᠷ᠎ᠢ᠎ᠪᠠᠨ ᠱᠠᠭ᠋ᠠᠷᠳᠠᠵᠤ᠂ ᠠᠵᠢᠯ᠎ᠤᠨ ᠳᠡᠰ ᠳᠠᠷᠠᠭ᠋ᠠᠯᠠᠯ᠎ᠢ ᠴᠢᠩᠭ᠎ᠠ ᠬᠢᠨᠠᠮᠠᠭ᠋ᠠᠢ ᠵᠢᠷᠤᠮᠯᠠᠵᠤ᠂ ᠠᠶᠤᠯ ᠲᠦᠭᠰᠢᠭᠦᠷᠢ ᠵᠢ ᠪᠦᠲᠦᠮᠵᠢᠳᠠᠢ ᠬᠠᠮᠢᠶᠠᠷᠤᠨ ᠡᠵᠡᠮᠳᠡᠵᠤ᠂ ᠬᠢᠨᠠᠯᠳᠠ ᠲᠠᠯᠪᠢᠵᠤ ᠰᠠᠬᠢᠯᠭ᠎ᠠ ᠪᠠᠳᠤ ᠬᠡᠷᠡᠭᠵᠢᠭᠦᠯᠬᠦ ᠡᠯ᠎ᠠ ᠭᠤᠭᠴᠤᠭ᠋ᠠᠨ᠎ᠳᠤ ᠬᠢᠨᠠᠯᠳᠠ ᠲᠠᠯᠪᠢᠨ ᠬᠢᠵᠠᠭ᠋ᠠᠷᠯᠠᠬᠤ᠎ᠪᠠᠨ ᠴᠢᠩᠭ᠋ᠠᠳᠬᠠᠵᠤ᠂ ᠬᠢᠨᠠᠯᠳᠠ ᠲᠠᠯᠪᠢᠵᠤ ᠰᠠᠬᠢᠯᠭ᠎ᠠ ᠪᠠᠳᠤ ᠬᠡᠷᠡᠭᠵᠢᠭᠦᠯᠬᠦ ᠠᠵᠢᠯ᠎ᠢ ᠲᠡᠤᠬᠡ ᠪᠠ ᠠᠷᠠᠳ ᠲᠦᠮᠡᠨ᠎ᠤ ᠰᠢᠯᠭ᠋ᠠᠯᠳᠠ ᠵᠢ ᠳᠠᠭ᠋ᠠᠭ᠋ᠠᠵᠤ ᠴᠢᠳᠠᠬᠤ ᠪᠤᠯᠭ᠋ᠠᠬᠤ ᠬᠡᠷᠡᠭᠳᠠᠢ᠃
      ᠳᠦᠷᠪᠡᠳᠦᠭᠡᠷ ᠵᠦᠢ᠍ᠯ     ᠦᠡᠭᠭᠡᠷᠡᠭᠰᠡᠡ᠎ᠢ᠎ᠨᠢ ᠵᠠᠯᠬᠠᠭ᠋ᠠᠵᠤ ᠬᠤᠶ᠋ᠢᠰᠢᠬᠢ᠎ᠳᠤᠨᠢ ᠴᠡᠭᠡᠷᠯᠡᠯ ᠪᠤᠯᠭ᠋ᠠᠬᠤ᠂ ᠡᠪᠡᠳᠴᠢᠨ᠎ᠢ᠎ᠨᠢ ᠵᠠᠰᠠᠵᠤ ᠡᠳᠡᠭᠡᠷᠡᠭᠦᠯᠦᠨ ᠠᠪᠬᠤ ᠵᠢ ᠪᠠᠷᠢᠮᠳᠠᠯᠠᠵᠤ᠂ ᠰᠠᠬᠢᠯᠭ᠎ᠠ ᠪᠠᠳᠤ ᠵᠢ ᠲᠡᠷᠢᠬᠦᠨ᠎ᠳᠤᠨᠢ ᠲᠠᠯᠪᠢᠵᠤ᠂ ᠬᠢᠨᠠᠯᠳᠠ ᠲᠠᠯᠪᠢᠵᠤ ᠰᠠᠬᠢᠯᠭ᠎ᠠ ᠪᠠᠳᠤ ᠬᠡᠷᠡᠭᠵᠢᠭᠦᠯᠬᠦ 《ᠳᠦᠷᠪᠡᠨ ᠬᠡᠯᠪᠡᠷᠢ ᠪᠠᠶ᠋ᠢᠲᠠᠯ》᠎ᠢ ᠤᠨᠤᠪᠴᠢᠳᠠᠢ ᠪᠦᠲᠦᠮᠵᠢᠳᠠᠢ ᠬᠡᠷᠡᠭᠯᠡᠵᠤ᠂ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠢ ᠬᠢᠨᠠᠯᠳᠠ ᠲᠠᠯᠪᠢᠨ ᠰᠠᠬᠢᠯᠭ᠎ᠠ ᠪᠠᠳᠤ ᠬᠡᠷᠡᠭᠵᠢᠭᠦᠯᠬᠦ ᠪᠦᠬᠦ ᠶᠠᠪᠤᠴᠠ᠎ᠳᠤ ᠲᠤᠭᠤᠰᠢᠯᠠᠭᠤᠯᠵᠤ᠂ ᠴᠢᠩᠭ᠎ᠠ ᠬᠠᠮᠢᠶᠠᠷᠬᠤ ᠪᠠ ᠬᠠᠶ᠋ᠢᠷᠠᠯᠠᠨ ᠬᠠᠯᠠᠮᠵᠢᠯᠠᠬᠤ ᠵᠢ ᠤᠶᠠᠯᠳᠤᠭᠤᠯᠵᠤ᠂ ᠵᠤᠷᠢᠭᠵᠢᠭᠤᠯᠬᠤ ᠪᠠ ᠬᠢᠵᠠᠭ᠋ᠠᠷᠯᠠᠬᠤ ᠵᠢ ᠵᠡᠷᠭᠡ᠎ᠪᠠᠷ ᠴᠢᠬᠤᠯᠠᠴᠢᠯᠠᠵᠤ᠂ ᠬᠦᠮᠦᠵᠢᠭᠦᠯᠦᠨ ᠰᠠᠶ᠋ᠢᠵᠢᠷᠠᠭᠤᠯᠬᠤ ᠵᠢ ᠴᠢᠬᠤᠯᠠᠴᠢᠯᠠᠵᠤ᠂ ᠨᠠᠮ᠎ᠤᠨ ᠭᠡᠰᠢᠭᠦᠳ᠎ᠢ ᠰᠠᠬᠢᠯᠭ᠎ᠠ ᠪᠠᠳᠤ ᠵᠢ ᠵᠦᠷᠢᠴᠡᠬᠦ ᠠᠵᠢᠯᠯᠠᠭ᠎ᠠ ᠬᠢᠬᠦ ᠵᠢ ᠤᠬᠠᠮᠰᠠᠷ᠎ᠠᠴᠠ᠎ᠪᠠᠨ ᠰᠡᠷᠭᠡᠶ᠋ᠢᠯᠡᠬᠦ ᠪᠠ ᠵᠠᠯᠠᠷᠠᠭᠤᠯᠬᠤ ᠪᠤᠯᠭ᠋ᠠᠵᠤ᠂ ᠴᠦᠬᠡᠨ ᠲᠤᠭ᠋ᠠᠳᠠᠨ᠎ᠢ ᠵᠠᠯᠬᠠᠭ᠋ᠠᠬᠤ᠎ᠪᠠᠷ ᠳᠠᠮᠵᠢᠭᠤᠯᠤᠨ ᠤᠯᠠᠨ ᠲᠤᠭ᠋ᠠᠳᠠᠨ᠎ᠢ ᠰᠤᠷᠭ᠋ᠠᠨ ᠬᠦᠮᠦᠵᠢᠭᠦᠯᠵᠤ᠂ ᠤᠯᠤᠰ ᠲᠦᠷᠦ ᠵᠢᠨ ᠦᠷ᠎ᠠ ᠪᠦᠲᠦᠮᠵᠢ᠂ ᠰᠠᠬᠢᠯᠭ᠎ᠠ ᠪᠠᠳᠤ ᠬᠠᠤᠯᠢ ᠴᠠᠭ᠋ᠠᠵᠠ ᠵᠢᠨ ᠦᠷ᠎ᠠ ᠪᠦᠲᠦᠮᠵᠢ ᠪᠤᠯᠤᠨ ᠨᠡᠶ᠋ᠢᠭᠡᠮ᠎ᠤᠨ ᠦᠷ᠎ᠠ ᠪᠦᠲᠦᠮᠵᠢ ᠵᠢᠨ ᠨᠢᠭᠡᠳᠦᠯ᠎ᠢ ᠪᠡᠶᠡᠯᠡᠭᠦᠯᠬᠦ ᠬᠡᠷᠡᠭᠳᠠᠢ᠃
      ᠬᠤᠶᠠᠳᠤᠭ᠋ᠠᠷ ᠪᠦᠯᠦᠭ     ᠤᠳᠤᠷᠢᠳᠬᠤ ᠪᠠᠶ᠋ᠢᠭᠤᠯᠤᠮᠵᠢ
      ᠲᠠᠪᠤᠳᠤᠭ᠋ᠠᠷ ᠵᠦᠢ᠍ᠯ     ᠲᠦᠪ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠨᠠᠮ᠎ᠤᠨ ᠲᠦᠪ ᠬᠤᠷᠢᠶᠠᠨ᠎ᠤ ᠤᠳᠤᠷᠢᠳᠤᠯᠭ᠎ᠠ ᠳᠤᠤᠷ᠎ᠠ ᠠᠵᠢᠯ ᠵᠶ᠋ᠠᠨ ᠦᠷᠨᠢᠬᠦᠯᠦᠨ᠎ᠡ᠃ ᠤᠷᠤᠨ ᠨᠤᠲᠤᠭ᠎ᠤᠨ ᠡᠯ᠎ᠠ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠪᠤᠯᠤᠨ ᠦᠨᠳᠦᠰᠦᠨ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ᠎ᠨᠢ ᠲᠤᠰ ᠱᠠᠳᠤᠨ᠎ᠤ ᠨᠠᠮ᠎ᠤᠨ ᠬᠤᠷᠢᠶ᠎ᠠ ᠪᠤᠯᠤᠨ ᠳᠡᠭᠡᠳᠤ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠵᠢᠨ ᠳᠠᠪᠬᠤᠷ ᠤᠳᠤᠷᠢᠳᠤᠯᠭ᠎ᠠ ᠳᠤᠤᠷ᠎ᠠ ᠠᠵᠢᠯ ᠵᠶ᠋ᠠᠨ ᠦᠷᠨᠢᠬᠦᠯᠬᠦ ᠬᠡᠷᠡᠭᠳᠠᠢ᠃
      ᠨᠠᠮ᠎ᠤᠨ ᠬᠤᠷᠢᠶ᠎ᠠ᠎ᠠᠴᠠ ᠲᠤᠰ ᠱᠠᠲᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠪᠤᠯᠤᠨ ᠬᠢᠨᠠᠨ ᠪᠠᠶ᠋ᠢᠴᠠᠭ᠋ᠠᠬᠤ ᠵᠦᠪᠯᠡᠯ᠎ᠤᠨ ᠠᠵᠢᠯ᠎ᠤᠨ ᠮᠡᠳᠡᠭᠦᠯᠦᠯᠳᠡ ᠵᠢ ᠲᠤᠭᠲᠠᠭᠰᠠᠠ ᠬᠤᠭᠤᠴᠠᠭ᠎ᠠ᠎ᠲᠠᠢ᠎ᠪᠠᠷ ᠰᠤᠨᠤᠰᠤᠨ ᠬᠢᠨᠠᠨ ᠵᠦᠪᠯᠡᠵᠤ᠂ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠦᠪᠯᠡᠯ᠎ᠤᠨ ᠠᠵᠢᠯ᠎ᠳᠠᠬᠢ ᠤᠳᠤᠷᠢᠳᠤᠯᠭ᠎ᠠ᠂ ᠬᠠᠮᠢᠶᠠᠷᠤᠯᠳᠠ ᠪᠤᠯᠤᠨ ᠬᠢᠨᠠᠯᠳᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠳᠠᠢ᠃
      ᠵᠢᠷᠭᠤᠳᠤᠭ᠋ᠠᠷ ᠵᠦᠢ᠍ᠯ     ᠨᠠᠮ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠪᠠᠶ᠋ᠢᠭᠤᠯᠭ᠎ᠠ ᠪᠤᠯᠤᠨ ᠤᠯᠤᠰ᠎ᠤᠨ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠪᠤᠯ ᠨᠠᠮ ᠪᠤᠯᠤᠨ ᠤᠯᠤᠰ᠎ᠤᠨ ᠦᠪᠡᠷ᠎ᠤᠨ ᠪᠡᠶ᠎ᠠ᠎ᠳᠡᠭᠡᠨ ᠬᠢᠨᠠᠯᠳᠠ ᠲᠠᠯᠪᠢᠬᠤ ᠲᠤᠰᠬᠠᠢ ᠬᠠᠷᠢᠭᠤᠴᠠᠯᠭ᠋ᠠᠳᠤ ᠪᠠᠶ᠋ᠢᠭᠤᠯᠭ᠎ᠠ ᠪᠤᠯᠤᠨ᠎ᠠ᠂ ᠲᠦᠪ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠪᠤᠯᠤᠨ ᠤᠷᠤᠨ ᠨᠤᠲᠤᠭ᠎ᠤᠨ ᠡᠯ᠎ᠠ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠨᠠᠮ᠎ᠤᠨ ᠲᠦᠪ ᠬᠤᠷᠢᠶᠠᠨ᠎ᠤ ᠤᠯᠤᠰ᠎ᠤᠨ ᠬᠢᠨᠠᠨ ᠪᠠᠶ᠋ᠢᠴᠠᠭ᠋ᠠᠬᠤ ᠠᠵᠢᠯ᠎ᠤᠨ ᠲᠤᠬᠠᠢ ᠰᠢᠢ᠍ᠳᠪᠦᠷᠢᠳᠤ ᠪᠤᠳᠤᠯᠭ᠎ᠠ ᠪᠠᠶ᠋ᠢᠷᠢᠯᠠᠭᠤᠯᠤᠯᠳᠠ ᠵᠢ ᠲᠤᠭᠤᠰᠢᠯᠠᠭᠤᠯᠵᠤ᠂ ᠬᠢᠨᠠᠨ ᠪᠠᠶ᠋ᠢᠴᠠᠭ᠋ᠠᠬᠤ ᠵᠦᠪᠯᠡᠯ᠎ᠤᠨ ᠬᠠᠤᠯᠢ ᠶᠤᠰᠤᠭ᠋ᠠᠷ ᠲᠤᠰᠢᠶᠠᠯ ᠵᠶ᠋ᠠᠨ ᠭᠦᠢ᠍ᠴᠡᠳᠭᠡᠬᠦ ᠳᠤᠮᠳᠠᠬᠢ ᠴᠢᠬᠤᠯᠠ ᠬᠡᠷᠡᠭ ᠶᠠᠪᠤᠳᠠᠯ᠎ᠢ ᠬᠢᠨᠡᠨ ᠵᠦᠪᠯᠡᠨ ᠲᠤᠭᠳᠠᠭ᠋ᠠᠵᠤ᠂ ᠰᠠᠬᠢᠯᠭ᠎ᠠ ᠪᠠᠳᠤ ᠬᠡᠷᠡᠭᠵᠢᠭᠦᠯᠬᠦ ᠪᠤᠯᠤᠨ ᠬᠠᠤᠯᠢ ᠬᠡᠷᠡᠭᠵᠢᠭᠦᠯᠬᠦ ᠵᠢ ᠬᠠᠷᠢᠯᠴᠠᠨ ᠨᠡᠪᠲᠡᠷᠡᠯᠴᠡᠭᠦᠯᠵᠤ᠂ ᠨᠠᠮ᠎ᠤᠨ ᠳᠤᠳᠤᠭ᠋ᠠᠳᠤ ᠵᠢᠨ ᠬᠢᠨᠠᠯᠳᠠ ᠲᠠᠯᠪᠢᠬᠤ ᠪᠤᠯᠤᠨ ᠤᠯᠤᠰ᠎ᠤᠨ ᠬᠢᠨᠠᠨ ᠪᠠᠶ᠋ᠢᠴᠠᠭ᠋ᠠᠯᠳᠠ ᠵᠢᠨ ᠤᠷᠭ᠋ᠠᠨᠢᠭ ᠨᠢᠭᠡᠳᠦᠯ᠎ᠢ ᠪᠡᠶᠡᠯᠡᠭᠦᠯᠬᠦ ᠬᠡᠷᠡᠭᠳᠠᠢ᠃
      ᠳᠤᠯᠤᠳᠤᠭ᠋ᠠᠷ ᠵᠦᠢ᠍ᠯ     ᠬᠢᠨᠠᠯᠳᠠ ᠲᠠᠯᠪᠢᠵᠤ ᠰᠠᠬᠢᠯᠭ᠎ᠠ ᠪᠠᠳᠤ ᠬᠡᠷᠡᠭᠵᠢᠭᠦᠯᠬᠦ ᠠᠵᠢᠯ᠎ᠳᠤ ᠱᠠᠳᠤ ᠬᠤᠪᠢᠶᠠᠨ ᠬᠠᠷᠢᠭᠤᠴᠠᠬᠤ ᠳᠦᠷᠢᠮ ᠬᠡᠷᠡᠭᠵᠢᠭᠦᠯᠦᠨ᠎ᠠ᠄
     (ᠨᠢᠭᠡ) ᠲᠦᠪ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠤᠯᠤᠰ᠎ᠤᠨ ᠬᠢᠨᠠᠨ ᠪᠠᠶ᠋ᠢᠴᠠᠭ᠋ᠠᠬᠤ ᠵᠦᠪᠯᠡᠯ ᠨᠠᠮ᠎ᠤᠨ ᠲᠦᠪ ᠬᠤᠷᠢᠶᠠᠨ᠎ᠤ ᠭᠡᠰᠢᠭᠦᠨ᠂ ᠤᠷᠤᠯᠠᠭᠴᠢ ᠭᠡᠰᠢᠭᠦᠨ᠂ ᠲᠦᠪ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶᠠᠨ᠎ᠤ ᠭᠡᠰᠢᠭᠦᠨ᠂ ᠲᠦᠪ᠎ᠤᠨ ᠬᠠᠮᠢᠶᠠᠷᠤᠯᠳᠠ᠎ᠳᠠᠬᠢ ᠤᠳᠤᠷᠢᠳᠬᠤ ᠺᠠᠳ᠋ᠷ᠂ ᠨᠠᠮ᠎ᠤᠨ ᠲᠦᠪ ᠬᠤᠷᠢᠶᠠᠨ᠎ᠤ ᠠᠵᠢᠯ᠎ᠤᠨ ᠰᠠᠯᠠᠭ᠎ᠠ ᠮᠦᠴᠢᠷ᠂ ᠨᠠᠮ᠎ᠤᠨ ᠲᠦᠪ ᠬᠤᠷᠢᠶ᠎ᠠ ᠵᠢᠨ ᠵᠦᠪᠰᠢᠶᠡᠷᠡᠯ ᠵᠶ᠋ᠠᠷ ᠪᠠᠶ᠋ᠢᠭᠤᠯᠤᠭᠰᠠᠨ ᠨᠠᠮ᠎ᠤᠨ ᠤᠳᠤᠷᠢᠳᠬᠤ ᠳᠤᠭᠤᠢ᠌ᠯᠠᠩ (ᠨᠠᠮ᠎ᠤᠨ ᠬᠤᠷᠢᠶ᠎ᠠ)᠂ ᠡᠯ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠵᠢᠨ ᠨᠠᠮ᠎ᠤᠨ ᠬᠤᠷᠢᠶ᠎ᠠ᠂ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠵᠡᠷᠭᠡ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠰᠠᠬᠢᠯᠭ᠎ᠠ ᠪᠠᠳᠤ ᠵᠢ ᠵᠦᠷᠢᠴᠡᠭᠰᠡᠨ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ ᠵᠢ ᠵᠦᠷᠢᠴᠡᠭᠰᠡᠨ᠂ ᠲᠤᠰᠢᠶᠠᠯ᠎ᠤᠨ ᠶᠠᠯᠠᠳᠤ ᠠᠵᠢᠯᠯᠠᠭ᠎ᠠ ᠬᠢᠭᠰᠡᠨ ᠰᠡᠵᠢᠭᠯᠡᠯ᠎ᠲᠠᠢ ᠠᠰᠠᠭᠤᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠬᠢᠨᠠᠨ ᠪᠠᠶ᠋ᠢᠴᠠᠭ᠋ᠠᠬᠤ ᠵᠢ ᠬᠠᠷᠢᠭᠤᠴᠠᠨ᠎ᠠ᠃
     (ᠬᠤᠶᠠᠷ) ᠤᠷᠤᠨ ᠨᠤᠲᠤᠭ᠎ᠤᠨ ᠡᠯ᠎ᠠ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠦᠪᠯᠡᠯ ᠲᠤᠰ ᠱᠠᠳᠤᠨ᠎ᠤ ᠨᠠᠮ᠎ᠤᠨ ᠬᠤᠷᠢᠶ᠎ᠠ ᠵᠢᠨ ᠭᠡᠰᠢᠭᠦᠨ᠂ ᠤᠷᠤᠯᠠᠭᠴᠢ ᠭᠡᠰᠢᠭᠦᠨ᠂ ᠲᠤᠰ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶᠠᠨ᠎ᠤ ᠭᠡᠰᠢᠭᠦᠨ᠂ ᠲᠤᠰ ᠱᠠᠳᠤᠨ᠎ᠤ ᠨᠠᠮ᠎ᠤᠨ ᠬᠤᠷᠢᠶ᠎ᠠ ᠵᠢᠨ ᠬᠠᠮᠢᠶᠠᠷᠤᠯᠳᠠ᠎ᠳᠠᠬᠢ ᠨᠠᠮ᠎ᠤᠨ ᠭᠡᠰᠢᠭᠦᠨ᠂ ᠺᠠᠳ᠋ᠷ ᠵᠢᠴᠢ ᠬᠢᠨᠠᠨ ᠪᠠᠶ᠋ᠢᠴᠠᠭ᠋ᠠᠭᠲᠠᠬᠤ ᠡᠳᠡᠭᠡᠳ᠂ ᠲᠤᠰ ᠱᠠᠳᠤᠨ᠎ᠤ ᠨᠠᠮ᠎ᠤᠨ ᠬᠤᠷᠢᠶᠠᠨ᠎ᠤ ᠠᠵᠢᠯ᠎ᠤᠨ ᠰᠠᠯᠠᠭ᠎ᠠ ᠮᠦᠴᠢᠷ᠂ ᠲᠤᠰ ᠱᠠᠳᠤᠨ᠎ᠤ ᠨᠠᠮ᠎ᠤᠨ ᠬᠤᠷᠢᠶ᠎ᠠ ᠵᠢᠨ ᠵᠦᠪᠰᠢᠶᠡᠷᠡᠯ ᠵᠶ᠋ᠠᠷ ᠪᠠᠶ᠋ᠢᠭᠤᠯᠤᠭᠰᠠᠨ ᠨᠠᠮ᠎ᠤᠨ ᠤᠳᠤᠷᠢᠳᠬᠤ ᠳᠤᠭᠤᠢ᠌ᠯᠠᠩ (ᠨᠠᠮ᠎ᠤᠨ ᠬᠤᠷᠢᠶ᠎ᠠ)᠂ ᠳᠤᠤᠷ᠎ᠠ ᠱᠠᠳᠤᠨ᠎ᠤ ᠨᠠᠮ᠎ᠤᠨ ᠬᠤᠷᠢᠶ᠎ᠠ᠂ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠵᠡᠷᠭᠡ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠰᠠᠬᠢᠯᠭ᠎ᠠ ᠪᠠᠳᠤ ᠵᠢ ᠵᠦᠷᠢᠴᠡᠭᠰᠡᠨ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ ᠵᠢ ᠵᠦᠷᠢᠴᠡᠭᠰᠡᠨ᠂ ᠲᠤᠰᠢᠶᠠᠯ᠎ᠤᠨ ᠶᠠᠯᠠᠳᠤ ᠠᠵᠢᠯᠯᠠᠭ᠎ᠠ ᠬᠢᠭᠰᠡᠨ ᠰᠡᠵᠢᠭᠯᠡᠯ᠎ᠲᠠᠢ ᠠᠰᠠᠭᠤᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠬᠢᠨᠠᠨ ᠪᠠᠶ᠋ᠢᠴᠠᠭ᠋ᠠᠬᠤ ᠵᠢ ᠬᠠᠷᠢᠭᠤᠴᠠᠨ᠎ᠠ᠃
     (ᠭᠤᠷᠪᠠ) ᠦᠨᠳᠦᠰᠦᠨ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠲᠤᠰ ᠱᠠᠳᠤᠨ᠎ᠤ ᠨᠠᠮ᠎ᠤᠨ ᠬᠤᠷᠢᠶ᠎ᠠ ᠵᠢᠨ ᠬᠠᠮᠢᠶᠠᠷᠤᠯᠳᠠ᠎ᠳᠠᠬᠢ ᠨᠠᠮ᠎ᠤᠨ ᠭᠡᠰᠢᠭᠦᠨ᠂ ᠲᠤᠰ ᠱᠠᠳᠤᠨ᠎ᠤ ᠨᠠᠮ᠎ᠤᠨ ᠬᠤᠷᠢᠶ᠎ᠠ ᠵᠢᠨ ᠬᠠᠷᠢᠶᠠᠨ᠎ᠳᠠᠬᠢ ᠡᠯ᠎ᠠ ᠱᠠᠳᠤᠨ᠎ᠤ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠰᠠᠬᠢᠯᠭ᠎ᠠ ᠪᠠᠳᠤ ᠵᠢ ᠵᠦᠷᠢᠴᠡᠭᠰᠡᠨ ᠰᠡᠵᠢᠭᠯᠡᠯ᠎ᠲᠠᠢ ᠠᠰᠠᠭᠤᠳᠠᠯ᠎ᠳᠤ ᠬᠢᠨᠠᠯᠲᠠ ᠲᠠᠯᠪᠢᠨ ᠪᠠᠶ᠋ᠢᠴᠠᠭ᠋ᠠᠬᠤ ᠪᠠ ᠬᠢᠨᠠᠨ ᠪᠠᠶ᠋ᠢᠴᠠᠭ᠋ᠠᠬᠤ ᠵᠢ ᠬᠠᠷᠢᠭᠤᠴᠠᠨ᠎ᠠ; ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠲᠤᠬᠢᠷᠠᠭᠤᠯᠤᠭᠰᠠᠨ ᠦᠭᠡᠢ ᠨᠠᠮ᠎ᠤᠨ ᠦᠨᠳᠦᠰᠦᠨ ᠱᠠᠳᠤᠨ᠎ᠤ ᠬᠤᠷᠢᠶ᠎ᠠ᠎ᠳᠤ᠂ ᠲᠤᠰ ᠦᠨᠳᠦᠰᠦᠨ ᠱᠠᠲᠤᠨ᠎ᠤ ᠨᠠᠮ᠎ᠤᠨ ᠬᠤᠷᠢᠶ᠎ᠠ᠎ᠠᠴᠠ ᠬᠢᠨᠠᠯᠳᠠ ᠲᠠᠯᠪᠢᠵᠤ ᠰᠠᠬᠢᠯᠭ᠎ᠠ ᠪᠠᠳᠤ ᠬᠡᠷᠡᠭᠵᠢᠭᠦᠯᠬᠦ ᠠᠵᠢᠯ᠎ᠢ ᠬᠠᠷᠢᠭᠤᠴᠠᠨ᠎ᠠ᠃
      ᠤᠷᠤᠨ ᠨᠤᠲᠤᠭ᠎ᠤᠨ ᠡᠯ᠎ᠠ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠦᠪᠯᠡᠯ ᠲᠤᠭᠳᠠᠭ᠋ᠠᠯ ᠶᠤᠰᠤᠭ᠋ᠠᠷ ᠲᠤᠰ ᠱᠠᠳᠤᠨ᠎ᠤ ᠨᠠᠮ᠎ᠤᠨ ᠬᠤᠷᠢᠶ᠎ᠠ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠵᠤ ᠪᠠᠶ᠋ᠢᠬᠤ᠂ ᠡᠷᠬᠡ᠎ᠪᠠᠨ ᠬᠡᠷᠡᠭᠵᠢᠭᠦᠯᠵᠤ ᠪᠠᠶ᠋ᠢᠬᠤ ᠪᠠᠶ᠋ᠢᠳᠠᠯ᠎ᠳᠤ ᠬᠢᠨᠠᠯᠳᠠ ᠲᠠᠯᠪᠢᠨ᠎ᠠ᠃
      ᠨᠠᠢ᠍ᠮᠠᠳᠤᠭ᠋ᠠᠷ ᠵᠦᠢ᠍ᠯ     ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠬᠠᠷᠢᠴᠠᠭ᠎ᠠ᠎ᠨᠢ ᠤᠷᠤᠨ ᠨᠤᠲᠤᠭ᠎ᠲᠤ ᠪᠠᠶ᠋ᠢᠵᠤ᠂ ᠺᠠᠳ᠋ᠷ᠎ᠢ ᠬᠠᠮᠢᠶᠠᠷᠬᠤ ᠡᠷᠬᠡ ᠵᠢᠨ ᠬᠢᠵᠠᠭ᠋ᠠᠷ᠎ᠨᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠪᠠᠶ᠋ᠢᠬᠤ ᠨᠠᠮ᠎ᠤᠨ ᠭᠡᠰᠢᠭᠦᠨ᠂ ᠺᠠᠳ᠋ᠷ ᠵᠢᠴᠢ ᠬᠢᠨᠠᠨ ᠪᠠᠶ᠋ᠢᠴᠠᠭ᠋ᠠᠭᠲᠠᠬᠤ ᠡᠳᠡᠭᠡᠳ᠎ᠤᠨ ᠰᠠᠬᠢᠯᠭ᠎ᠠ ᠪᠠᠳᠤ ᠵᠢ ᠵᠦᠷᠢᠴᠡᠭᠰᠡᠨ ᠬᠠᠤᠯᠢ ᠵᠢ ᠵᠦᠷᠢᠴᠡᠭᠰᠡᠨ ᠰᠡᠵᠢᠭᠯᠡᠯ᠎ᠲᠠᠢ ᠠᠰᠠᠭᠤᠳᠠᠯ᠎ᠢ ᠬᠡᠨ ᠭᠤᠤᠯᠯᠠᠨ ᠬᠠᠮᠢᠶᠠᠷᠴᠤ ᠪᠠᠶ᠋ᠢᠪᠠᠯ ᠬᠡᠨ ᠬᠠᠷᠢᠭᠤᠴᠠᠬᠤ ᠵᠠᠷᠴᠢᠮ ᠶᠤᠰᠤᠭ᠋ᠠᠷ ᠬᠢᠨᠠᠯᠳᠠ ᠲᠠᠯᠪᠢᠨ ᠰᠠᠬᠢᠯᠭ᠎ᠠ ᠪᠠᠳᠤ ᠬᠡᠷᠡᠭᠵᠢᠭᠦᠯᠵᠤ᠂ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠬᠢᠷᠠᠭᠤᠯᠤᠭᠰᠠᠨ᠂ ᠬᠠᠮᠢᠶᠠᠷᠬᠤ ᠡᠷᠬᠡ᠎ᠲᠠᠢ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠬᠢᠨᠠᠨ ᠪᠠᠶ᠋ᠢᠴᠠᠭ᠋ᠠᠵᠤ᠂ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠤᠷᠤᠨ ᠨᠤᠲᠤᠭ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠲᠠᠢ ᠬᠠᠮᠳᠦᠷᠠᠨ ᠬᠢᠨᠠᠨ ᠪᠠᠶ᠋ᠢᠴᠠᠭ᠋ᠠᠬᠤ ᠴᠢᠬᠤᠯᠠᠳᠠᠢ ᠭᠡᠵᠤ ᠦᠵᠡᠪᠡᠯ ᠬᠠᠮᠳᠤᠷᠠᠨ ᠬᠢᠨᠠᠨ ᠪᠠᠶ᠋ᠢᠴᠠᠭ᠋ᠠᠵᠤ ᠪᠤᠯᠤᠨ᠎ᠠ᠃ ᠤᠷᠤᠨ ᠨᠤᠲᠤᠭ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠲᠤᠰᠬᠠᠭᠰᠠᠠ ᠠᠰᠠᠭᠤᠳᠠᠯ᠎ᠤᠨ ᠰᠦᠪᠡᠭᠴᠢ ᠵᠢ ᠤᠯᠪᠠᠯ᠂ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠠᠢ ᠵᠤᠬᠢᠴᠠᠭᠤᠯᠬᠤ᠎ᠪᠠᠷ ᠳᠠᠮᠵᠢᠵᠤ ᠡᠭᠦᠨ᠎ᠢ ᠬᠢᠨᠠᠨ ᠪᠠᠶ᠋ᠢᠴᠠᠭ᠋ᠠᠵᠤ ᠪᠤᠯᠤᠨ᠎ᠠ᠂ ᠪᠠᠰᠠ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠯᠦᠭᠡ ᠬᠠᠮᠳᠤᠷᠠᠭᠰᠠᠨ ᠬᠢᠨᠠᠨ ᠪᠠᠶ᠋ᠢᠴᠠᠭ᠋ᠠᠬᠤ ᠳᠤᠭᠤᠢ᠌ᠯᠠᠩ ᠪᠠᠶ᠋ᠢᠭᠤᠯᠵᠤ ᠪᠤᠯᠤᠨ᠎ᠠ᠂ ᠬᠢᠨᠠᠨ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠴᠠᠭ ᠲᠤᠬᠠᠢ᠎ᠳᠤᠨᠢ ᠨᠦᠭᠦᠭᠡ ᠡᠳᠡᠭᠡ ᠵᠶ᠋ᠠᠨ ᠮᠡᠳᠡᠭᠳᠡᠬᠦ ᠬᠡᠷᠡᠭᠳᠠᠢ᠃
      ᠶᠢᠰᠦᠳᠦᠬᠡᠷ ᠵᠦᠢ᠍ᠯ     ᠳᠡᠬᠡᠳᠦ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ᠎ᠨᠢ ᠳᠤᠤᠷ᠎ᠠ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠪᠠᠷ ᠪᠤᠰᠤᠳ ᠲᠤᠤᠷ᠎ᠠ ᠱᠠᠲᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠠᠷᠢᠶᠠᠨ᠎ᠳᠤ ᠪᠠᠶ᠋ᠢᠬᠤ ᠨᠠᠮ᠎ᠤᠨ ᠵᠤᠬᠢᠶᠠᠨ ᠪᠠᠶ᠋ᠢᠭᠤᠯᠤᠯᠳᠠ ᠪᠤᠯᠤᠨ ᠨᠠᠮ᠎ᠤᠨ ᠬᠡᠰᠢᠬᠦᠨ᠂ ᠺᠠᠳ᠋ᠷ ᠵᠢᠴᠢ ᠬᠢᠨᠠᠨ ᠪᠠᠶ᠋ᠢᠴᠠᠭ᠋ᠠᠭᠲᠠᠬᠤ ᠡᠳᠡᠬᠡᠳ᠎ᠤᠨ ᠰᠠᠬᠢᠯᠭ᠎ᠠ ᠪᠠᠳᠤ᠎ᠠᠴᠠ ᠵᠦᠷᠢᠴᠡᠭᠰᠡᠨ ᠪᠤᠶᠤ ᠳᠤᠰᠢᠶᠠᠯ ᠵᠶ᠋ᠠᠨ ᠠᠰᠢᠬᠯᠠᠨ ᠬᠠᠤᠯᠢ᠎ᠠᠴᠠ ᠵᠦᠷᠢᠴᠡᠭᠰᠡᠨ᠂ ᠳᠤᠰᠢᠶᠠᠯ᠎ᠤᠨ ᠶᠠᠯᠠᠳᠤ ᠠᠵᠢᠯᠯᠠᠭ᠎ᠠ ᠬᠢᠭᠰᠡᠨ ᠰᠡᠵᠢᠭᠯᠡᠯ᠎ᠲᠠᠢ ᠠᠰᠠᠭᠤᠳᠠᠯ᠎ᠢ ᠬᠢᠨᠠᠨ ᠪᠠᠶ᠋ᠢᠴᠠᠭ᠋ᠠᠬᠤ ᠪᠠᠶ᠋ᠢᠴᠠᠭ᠋ᠠᠯᠳᠠ ᠬᠢᠯᠭᠡᠬᠦ ᠡᠷᠭᠡ᠎ᠲᠠᠢ᠂ ᠴᠢᠬᠤᠯᠠ᠎ᠲᠠᠢ ᠦᠶ᠎ᠠ᠎ᠳᠤ ᠰᠢᠭᠤᠳ ᠬᠢᠨᠡᠨ ᠪᠠᠶ᠋ᠢᠴᠠᠭ᠋ᠠᠬᠤ ᠪᠠᠶ᠋ᠢᠴᠠᠭ᠋ᠠᠯᠳᠠ ᠬᠢᠵᠦ ᠪᠤᠯᠤᠨ᠎ᠠ᠃ ᠳᠡᠬᠡᠷ᠎ᠠ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ᠎ᠨᠢ ᠦᠪᠡᠷ᠎ᠤᠨ ᠵᠶ᠋ᠠᠨ ᠰᠢᠭᠤᠳ ᠬᠠᠮᠢᠶᠠᠷᠴᠤ ᠪᠠᠶ᠋ᠢᠭ᠎ᠠ ᠬᠡᠷᠡᠭ ᠶᠠᠪᠤᠳᠠᠯ᠎ᠢ ᠳᠤᠤᠷ᠎ᠠ ᠱᠠᠳᠤᠨ᠎ᠤ᠎ᠪᠠᠨ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ᠎ᠪᠠᠷ ᠵᠶ᠋ᠠᠨ ᠬᠢᠨᠡᠨ ᠪᠠᠶ᠋ᠢᠴᠠᠭ᠋ᠠᠬᠤ ᠪᠠᠶ᠋ᠢᠴᠠᠭ᠋ᠠᠯᠳᠠ ᠬᠢᠯᠬᠡᠵᠦ ᠪᠤᠯᠤᠨ᠎ᠠ᠃
      ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠬᠤᠭᠤᠷᠤᠨᠳᠤ᠎ᠪᠠᠨ ᠬᠠᠷᠢᠶᠠᠨ᠎ᠳᠠᠬᠢ ᠬᠡᠷᠡᠭ ᠶᠠᠪᠤᠳᠠᠯ᠎ᠳᠠᠭᠠᠨ ᠮᠠᠷᠭᠤᠯᠳᠤᠭ᠋ᠠᠨ᠎ᠲᠠᠢ ᠪᠠᠶ᠋ᠢᠪᠠᠯ᠂ ᠳᠡᠬᠦᠨ᠎ᠤ ᠬᠠᠮᠳᠤ ᠵᠢᠨ ᠳᠡᠬᠡᠷ᠎ᠠ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠳᠤᠬᠳᠠᠭ᠋ᠠᠨ᠎ᠠ; ᠬᠠᠮᠢᠶᠠᠷᠴᠤ ᠪᠠᠶ᠋ᠢᠭ᠎ᠠ ᠬᠡᠷᠡᠭ ᠶᠠᠪᠤᠳᠠᠯ᠎ᠨᠢ ᠴᠢᠬᠤᠯᠠ ᠶᠡᠭᠡ᠂ ᠨᠠᠷᠢᠨ ᠪᠤᠳᠤᠯᠢᠶᠠᠨᠳᠠᠢ᠂ ᠳᠡᠬᠡᠷ᠎ᠠ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ᠎ᠪᠠᠷ ᠬᠠᠮᠢᠶᠠᠷᠤᠭᠤᠯᠬᠤ ᠴᠢᠬᠤᠯᠠᠳᠠᠢ ᠪᠠᠶ᠋ᠢᠪᠠᠯ᠂ ᠳᠡᠬᠡᠷ᠎ᠠ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ᠎ᠪᠠᠷ ᠬᠠᠮᠢᠶᠠᠷᠤᠭᠤᠯᠬᠤ᠎ᠪᠠᠷ ᠮᠡᠳᠡᠭᠦᠯᠦᠨ ᠭᠤᠶᠤᠴᠢᠯᠠᠵᠤ ᠪᠤᠯᠤᠨ᠎ᠠ᠃
      ᠠᠷᠪᠠᠳᠤᠭ᠋ᠠᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠡᠷᠬᠡᠪᠰᠢ ᠵᠢᠭ᠋ᠠᠪᠤᠷᠢ ᠠᠪᠴᠤ ᠬᠠᠷᠢᠭᠤ ᠮᠡᠳᠡᠬᠦᠯᠬᠦ ᠳᠦᠷᠢᠮ᠎ᠢ ᠳᠦᠪ ᠴᠢᠩᠭ᠎ᠠ ᠬᠡᠷᠡᠭᠵᠢᠬᠦᠯᠬᠦ ᠬᠡᠷᠡᠭᠳᠡᠢ᠃ ᠳᠦᠪ᠎ᠤᠨ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠳᠤᠬᠳᠠᠮᠠᠯ ᠴᠠᠬ ᠬᠤᠭᠤᠴᠠᠭ᠎ᠠ᠎ᠲᠠᠢ᠎ᠪᠠᠷ ᠨᠠᠮ᠎ᠤᠨ ᠳᠦᠪ ᠬᠤᠷᠢᠶᠠᠨ᠎ᠳᠤ ᠠᠵᠢᠯ ᠵᠶ᠋ᠠᠨ ᠬᠠᠷᠢᠭᠤ ᠮᠡᠳᠡᠬᠦᠯᠵᠦ᠂ ᠪᠦᠬᠦ ᠳᠠᠯ᠎ᠠ᠎ᠳᠤ ᠬᠤᠯᠪᠤᠬᠳᠠᠬᠤ ᠴᠢᠬᠤᠯᠠ ᠶᠡᠭᠡ ᠬᠡᠷᠡᠭ ᠶᠠᠪᠤᠳᠠᠯ᠎ᠢ ᠰᠤᠳᠤᠯᠬᠤ᠂ ᠴᠢᠬᠤᠯᠠ ᠠᠰᠠᠭᠤᠳᠠᠯ᠎ᠳᠤ ᠳᠤᠯᠭ᠋ᠠᠷᠠᠬᠤ ᠵᠢᠴᠢ ᠬᠡᠷᠡᠭ ᠪᠤᠯᠭ᠋ᠠᠨ ᠬᠢᠨᠠᠨ ᠪᠠᠶ᠋ᠢᠴᠠᠭ᠋ᠠᠵᠦ ᠪᠠᠶ᠋ᠢᠴᠠᠭ᠋ᠠᠯᠳᠠ ᠬᠢᠵᠦ ᠰᠢᠢ᠍ᠳᠪᠤᠷᠢ ᠭᠠᠷᠭ᠋ᠠᠬᠤ ᠴᠢᠬᠤᠯᠠᠳᠠᠢ᠂ ᠨᠠᠮ᠎ᠤᠨ ᠰᠠᠬᠢᠯᠭ᠎ᠠ ᠵᠠᠰᠠᠬ᠎ᠤᠨ ᠶᠠᠪᠤᠳᠠᠯ᠎ᠤᠨ ᠰᠢᠳᠬᠡᠯ ᠦᠭᠬᠦ ᠴᠢᠬᠤᠯᠳᠠᠢ ᠵᠡᠷᠬᠡ ᠬᠡᠷᠡᠭ ᠶᠠᠪᠤᠳᠠᠯ᠎ᠢ ᠴᠠᠬ ᠳᠤᠬᠠᠢ᠎ᠳᠤᠨᠢ ᠨᠠᠮ᠎ᠤᠨ ᠳᠦᠪ ᠬᠤᠷᠢᠶ᠎ᠠ᠎ᠳᠤ ᠮᠡᠳᠡᠬᠦᠯᠦᠨ ᠵᠢᠭ᠋ᠠᠪᠤᠷᠢ ᠠᠪᠬᠤ ᠬᠡᠷᠡᠭᠲᠡᠢ᠂ ᠦᠷ᠎ᠡ ᠳ᠋ᠦᠩ᠎ᠢ ᠮᠡᠳᠡᠬᠦᠯᠬᠦ ᠬᠡᠷᠡᠭᠳᠡᠢ ᠮᠦᠷᠳᠡᠬᠡᠨ ᠪᠠᠰᠠ ᠶᠠᠪᠤᠴᠠ ᠵᠢᠨ ᠲᠤᠬᠠᠢ ᠴᠤ᠌ ᠮᠡᠳᠡᠭᠦᠯᠦᠯᠲᠡ ᠬᠢᠬᠦ ᠬᠡᠷᠡᠭᠳᠡᠢ᠃ ᠨᠠᠮ᠎ᠤᠨ ᠳᠦᠪ ᠬᠤᠷᠢᠶᠠᠨ᠎ᠤ ᠴᠢᠬᠤᠯᠠ ᠰᠢᠢ᠍ᠳᠪᠤᠷᠢ ᠵᠢ ᠬᠦᠢ᠍ᠴᠡᠳᠬᠡᠭᠰᠡᠨ ᠪᠠᠶ᠋ᠢᠳᠠᠯ᠎ᠢ ᠡᠷᠬᠡᠪᠰᠢ ᠳᠤᠰᠬᠠᠢ ᠰᠡᠳᠦᠪ ᠵᠶ᠋ᠠᠷ ᠬᠠᠷᠢᠭᠤ ᠮᠡᠳᠡᠬᠦᠯᠬᠦ ᠬᠡᠷᠡᠭᠳᠡᠢ᠃
      ᠤᠷᠤᠨ ᠨᠤᠲᠤᠭ᠎ᠤᠨ ᠡᠯ᠎ᠠ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠨᠢ ᠬᠡᠷᠡᠭ ᠪᠤᠯᠭ᠋ᠠᠨ ᠬᠢᠨᠠᠨ ᠪᠠᠶ᠋ᠢᠴᠠᠭ᠋ᠠᠬᠤ ᠪᠠᠶ᠋ᠢᠴᠠᠭ᠋ᠠᠯᠳᠠ ᠬᠢᠬᠦ ᠳᠤᠬᠳᠠᠭ᠋ᠠᠯ ᠭᠠᠷᠭ᠋ᠠᠬᠤ᠂ ᠨᠠᠮ᠎ᠤᠨ ᠰᠠᠬᠢᠯᠭ᠎ᠠ ᠪᠠ ᠵᠠᠰᠠᠬ᠎ᠤᠨ ᠶᠠᠪᠤᠳᠠᠯ᠎ᠤᠨ ᠰᠢᠢ᠍ᠳᠬᠡᠯ ᠦᠭᠬᠦ ᠴᠢᠬᠤᠯᠠᠳᠠᠢ ᠵᠡᠷᠬᠡ ᠴᠢᠬᠤᠯᠠ ᠬᠡᠷᠡᠭ ᠶᠠᠪᠤᠳᠠᠯ᠎ᠤᠳ᠎ᠢ ᠡᠷᠬᠡᠪᠰᠢ ᠠᠳᠠᠯᠢ ᠱᠠᠳᠤᠨ᠎ᠤ ᠨᠠᠮ᠎ᠤᠨ ᠬᠤᠷᠢᠶ᠎ᠠ᠎ᠳᠤ ᠬᠠᠷᠢᠭᠤ ᠮᠡᠳᠡᠬᠦᠯᠦᠨ ᠵᠢᠭ᠋ᠠᠪᠤᠷᠢ ᠠᠪᠬᠤ ᠵᠢᠨ ᠬᠠᠮᠳᠤ᠂ ᠳᠡᠬᠡᠷ᠎ᠠ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠦᠪᠯᠡᠯ᠎ᠳᠤ ᠬᠠᠷᠢᠭᠤ ᠮᠡᠳᠡᠬᠦᠯᠵᠦ᠂ ᠳᠤᠳᠤᠷᠬᠠᠢ ᠰᠠᠨᠠᠯ᠎ᠲᠠᠢ ᠪᠤᠯᠤᠬᠰᠠᠨ᠎ᠤ ᠳᠠᠷᠠᠭ᠎ᠠ ᠳᠠᠬᠢᠭ᠋ᠠᠳ ᠵᠢᠩᠬᠢᠨᠢ ᠪᠢᠴᠢᠭ ᠮᠠᠲ᠋ᠧᠷᠢᠶᠠᠯ ᠪᠤᠯᠭ᠋ᠠᠵᠤ ᠮᠡᠳᠡᠭᠦᠯᠵᠤ ᠵᠢᠭ᠋ᠠᠪᠤᠷᠢ ᠠᠪᠬᠤ ᠬᠡᠷᠡᠭᠳᠡᠢ᠃ ᠴᠢᠬᠤᠯᠠ ᠶᠡᠭᠡ ᠬᠡᠷᠡᠭ ᠶᠠᠪᠤᠳᠠᠯ᠎ᠳᠤ ᠳᠤᠯᠭ᠋ᠠᠷᠠᠬᠰᠠᠨ ᠪᠠᠶ᠋ᠢᠪᠠᠯ ᠡᠷᠬᠡᠪᠰᠢ ᠴᠠᠬ ᠳᠤᠬᠠᠢ᠎ᠳᠤᠨᠢ ᠬᠠᠷᠢᠭᠤ ᠮᠡᠳᠡᠬᠦᠯᠬᠦ ᠬᠡᠷᠡᠭᠳᠡᠢ᠃
      ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠡᠷᠬᠡᠪᠰᠢ ᠠᠷᠠᠳᠴᠢᠯᠡᠯ ᠳᠦᠪᠯᠡᠷᠡᠯ᠎ᠤᠨ ᠶᠤᠰᠤ ᠵᠢ ᠪᠠᠷᠢᠮᠳᠠᠯᠠᠵᠦ᠂ ᠰᠦᠪᠡᠭᠴᠢ ᠵᠢ ᠰᠢᠢ᠍ᠳᠪᠤᠷᠢᠯᠡᠬᠦ᠂ ᠶᠠᠷᠢᠯᠴᠠᠵᠦ ᠵᠠᠬᠢᠳᠠᠯ ᠵᠶ᠋ᠠᠷ ᠠᠰᠠᠭᠤᠬᠤ᠂ ᠠᠩᠬ᠎ᠠ ᠠᠯᠬᠤᠮ ᠬᠢᠨᠡᠨ ᠬᠠᠷᠭᠤᠭᠤᠯᠬᠤ᠂ ᠬᠡᠷᠡᠭ ᠪᠤᠯᠭ᠋ᠠᠨ ᠲᠠᠩᠰᠠᠯᠠᠵᠤ ᠬᠢᠨᠡᠨ ᠪᠠᠶ᠋ᠢᠴᠠᠭ᠋ᠠᠬᠤ ᠪᠠᠶ᠋ᠢᠴᠠᠭ᠋ᠠᠯᠳᠠ ᠬᠢᠬᠦ᠂ ᠬᠡᠷᠡᠭ᠎ᠢ ᠬᠢᠨᠠᠨ ᠰᠢᠢ᠍ᠳᠪᠤᠷᠢᠯᠡᠬᠦ᠂ ᠰᠢᠢ᠍ᠳᠪᠦᠷᠢᠯᠡᠵᠤ ᠬᠡᠷᠡᠭᠵᠢᠬᠦᠯᠬᠦ ᠶᠠᠪᠤᠴᠠ᠎ᠳᠠᠬᠢ ᠴᠢᠬᠤᠯᠠ ᠠᠰᠠᠭᠤᠳᠠᠯ᠎ᠤᠳ᠎ᠢ ᠬᠠᠮᠲᠦ᠎ᠪᠠᠷ ᠰᠤᠳᠤᠯᠤᠬᠰᠠᠨ᠎ᠤ᠎ᠪᠠᠨ ᠳᠠᠷᠠᠭ᠎ᠠ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠳᠠᠨ᠂ ᠭᠤᠤᠯ ᠬᠠᠷᠢᠭᠤᠴᠠᠯᠭ᠋ᠠᠳᠠᠨ᠎ᠳᠤ ᠮᠡᠳᠡᠬᠦᠯᠦᠨ ᠬᠢᠨᠠᠨ ᠵᠦᠪᠰᠢᠶᠡᠷᠡᠬᠦᠯᠬᠦ ᠬᠡᠷᠡᠭᠳᠡᠢ᠃
      ᠠᠷᠪᠠᠨ ᠨᠢᠬᠡᠳᠦᠬᠡᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠡᠷᠬᠡᠪᠰᠢ ᠬᠢᠨᠠᠯᠳᠠ ᠳᠠᠯᠪᠢᠨ ᠪᠠᠶ᠋ᠢᠴᠠᠭ᠋ᠠᠬᠤ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ᠂ ᠬᠡᠷᠡᠭ᠎ᠢ ᠬᠢᠨᠡᠯᠳᠡ ᠳᠠᠯᠪᠢᠨ ᠬᠠᠮᠢᠶᠠᠷᠬᠤ᠂ ᠬᠡᠷᠡᠭ᠎ᠢ ᠰᠢᠬᠦᠬᠦ ᠵᠡᠷᠬᠡ ᠵᠢ ᠬᠠᠷᠢᠯᠴᠠᠨ ᠵᠤᠬᠢᠴᠠᠭᠤᠯᠬᠤ᠂ ᠬᠠᠷᠢᠯᠴᠠᠨ ᠬᠢᠵᠠᠭ᠋ᠠᠷᠯᠠᠬᠤ ᠠᠵᠢᠯ᠎ᠤᠨ ᠳᠤᠬᠳᠠᠴᠠ ᠵᠢ ᠪᠠᠶ᠋ᠢᠭᠤᠯᠬᠤ ᠬᠡᠷᠡᠭᠳᠡᠢ᠃ ᠬᠤᠳᠠ ᠪᠤᠯᠤᠨ ᠳᠤᠰᠬᠠᠢ ᠤᠷᠤᠨ᠎ᠤ ᠳᠡᠰ᠎ᠠᠴᠠ ᠳᠡᠬᠡᠭᠰᠢᠬᠢ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠦᠪᠯᠡᠯ᠎ᠨᠢ ᠬᠢᠨᠡᠯᠳᠠ ᠳᠠᠯᠪᠢᠨ ᠪᠠᠶ᠋ᠢᠴᠠᠭ᠋ᠠᠬᠤ ᠪᠡ ᠬᠢᠨᠡᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠰᠠᠯᠠᠭ᠎ᠠ ᠮᠦᠴᠢᠷ᠎ᠢ ᠠᠰ ᠵᠶ᠋ᠠᠷ᠎ᠨᠢ ᠪᠠᠶ᠋ᠢᠭᠤᠯᠵᠦ᠂ ᠬᠢᠨᠠᠯᠳᠠ ᠳᠠᠯᠪᠢᠨ ᠪᠠᠶ᠋ᠢᠴᠠᠭ᠋ᠠᠬᠤ ᠰᠠᠯᠠᠭ᠎ᠠ ᠮᠦᠴᠢᠷ᠎ᠨᠢ ᠭᠤᠤᠯᠳᠠᠭᠤ ᠤᠷᠤᠨ ᠨᠤᠲᠤᠭ ᠪᠤᠯᠤᠨ ᠰᠠᠯᠠᠭ᠎ᠠ ᠮᠦᠴᠢᠷ᠂ ᠨᠢᠬᠡᠴᠢ ᠵᠢᠨ ᠡᠳᠦᠷ ᠳᠤᠳᠤᠮ᠎ᠤᠨ ᠬᠢᠨᠠᠯᠳᠠ ᠳᠠᠯᠪᠢᠨ ᠪᠠᠶ᠋ᠢᠴᠠᠭ᠋ᠠᠬᠤ ᠪᠠ ᠡᠩ᠎ᠤᠨ ᠰᠠᠬᠢᠯᠭ᠎ᠠ ᠪᠠᠳᠤ᠎ᠠᠴᠠ ᠵᠦᠷᠢᠴᠡᠭᠰᠡᠨ ᠰᠡᠵᠢᠭᠯᠡᠯ᠎ᠲᠠᠢ ᠠᠰᠠᠭᠤᠳᠠᠯ᠎ᠤᠳ᠎ᠤᠨ ᠰᠦᠪᠡᠭᠴᠢ ᠵᠢ ᠰᠢᠢ᠍ᠳᠪᠤᠷᠢᠯᠡᠬᠦ ᠠᠵᠢᠯ᠎ᠢ ᠬᠠᠷᠢᠭᠤᠴᠠᠵᠦ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠰᠠᠯᠠᠭ᠎ᠠ ᠮᠦᠴᠢᠷ᠎ᠨᠢ ᠭᠤᠤᠯᠳᠠᠭᠤ ᠰᠠᠬᠢᠯᠭ᠎ᠠ ᠪᠠᠳᠤ᠎ᠠᠴᠠ ᠵᠦᠷᠢᠴᠡᠭᠰᠡᠨ ᠪᠤᠶᠤ ᠳᠤᠰᠢᠶᠠᠯ ᠵᠶ᠋ᠠᠨ ᠠᠰᠢᠬᠯᠠᠨ ᠬᠠᠤᠯᠢ᠎ᠠᠴᠠ ᠵᠦᠷᠢᠴᠡᠭᠰᠡᠨ᠂ ᠳᠤᠰᠢᠶᠠᠯ᠎ᠤᠨ ᠶᠠᠯᠠᠳᠤ ᠠᠵᠢᠯᠯᠠᠭ᠎ᠠ ᠬᠢᠭᠰᠡᠨ ᠰᠡᠵᠢᠭᠯᠡᠯ᠎ᠲᠠᠢ ᠠᠰᠠᠭᠤᠳᠠᠯ᠎ᠤᠳ᠎ᠤᠨ ᠰᠦᠪᠡᠭᠴᠢ᠎ᠳᠤ ᠠᠩᠬ᠎ᠠ ᠠᠯᠬᠤᠮ᠎ᠤᠨ ᠬᠢᠨᠡᠨ ᠬᠠᠷᠭᠤᠭᠤᠯᠬᠤ ᠪᠠ ᠬᠡᠷᠡᠭ ᠪᠤᠯᠭ᠋ᠠᠨ ᠲᠠᠩᠰᠠᠯᠠᠵᠤ ᠬᠢᠨᠡᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠠᠵᠢᠯ᠎ᠢ ᠬᠠᠷᠢᠭᠤᠴᠠᠨ᠎ᠠ; ᠬᠡᠷᠡᠭ᠎ᠢ ᠬᠢᠨᠠᠯᠳᠠ ᠳᠠᠯᠪᠢᠨ ᠬᠠᠮᠢᠶᠠᠷᠬᠤ ᠰᠠᠯᠠᠭ᠎ᠠ ᠮᠦᠴᠢᠷ᠎ᠨᠢ ᠬᠢᠨᠠᠯᠳᠠ ᠳᠠᠯᠪᠢᠨ ᠪᠠᠶ᠋ᠢᠴᠠᠭ᠋ᠠᠯᠳᠠ ᠬᠢᠬᠦ᠂ ᠬᠢᠨᠡᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠠᠵᠢᠯ᠎ᠤᠨ ᠪᠦᠬᠦ ᠶᠠᠪᠤᠴᠠ ᠵᠢ ᠬᠢᠨᠠᠯᠳᠠ ᠳᠠᠯᠪᠢᠨ ᠬᠠᠮᠢᠶᠠᠷᠬᠤ ᠠᠵᠢᠯ᠎ᠢ ᠬᠠᠷᠢᠭᠤᠴᠠᠨ᠎ᠠ᠂ ᠬᠡᠷᠡᠭ᠎ᠢ ᠰᠢᠬᠦᠬᠦ ᠰᠠᠯᠠᠭ᠎ᠠ ᠮᠦᠴᠢᠷ᠎ᠨᠢ ᠨᠠᠮ᠎ᠤᠨ ᠰᠠᠬᠢᠯᠭ᠎ᠠ ᠵᠠᠰᠠᠬ᠎ᠤᠨ ᠶᠠᠪᠤᠳᠠᠯ᠎ᠤᠨ ᠰᠢᠢ᠍ᠳᠬᠡᠯ ᠦᠭᠬᠦ ᠴᠢᠬᠤᠯᠠᠳᠠᠢ ᠬᠡᠷᠡᠭ᠎ᠢ ᠬᠢᠨᠡᠨ ᠬᠠᠷᠭᠤᠭᠤᠯᠵᠦ ᠪᠤᠭᠤᠮᠳᠠ ᠰᠠᠬᠢᠬᠤ ᠠᠵᠢᠯ᠎ᠢ ᠬᠠᠷᠢᠭᠤᠴᠠᠨ᠎ᠠ᠃
      ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠠᠵᠢᠯ᠎ᠤᠨ ᠶᠠᠪᠤᠴᠠ᠎ᠳᠠᠭᠠᠨ ᠬᠠᠪᠰᠤᠷᠤᠭᠤᠯᠬᠤ ᠴᠢᠬᠤᠯᠠᠴᠢᠯᠠᠭ᠎ᠠ᠎ᠲᠠᠢ ᠪᠠᠶ᠋ᠢᠪᠠᠯ᠂ ᠬᠠᠮᠢᠶ᠎ᠠ ᠪᠦᠬᠦᠢ ᠵᠤᠬᠢᠶᠠᠨ ᠪᠠᠶ᠋ᠢᠭᠤᠯᠤᠳᠠ ᠪᠤᠯᠤᠨ ᠪᠠᠶ᠋ᠢᠭᠤᠯᠭ᠎ᠠ᠂ ᠨᠢᠬᠡᠴᠢ᠂ ᠬᠤᠪᠢ ᠬᠦᠮᠦᠨ ᠡᠷᠬᠡᠪᠰᠢ ᠳᠦᠷᠢᠮ ᠳᠤᠬᠳᠠᠭ᠋ᠠᠯ ᠰᠠᠬᠢᠯᠭ᠎ᠠ ᠪᠠᠳᠤ ᠬᠠᠤᠯᠢ ᠶᠤᠰᠤᠭ᠋ᠠᠷ ᠬᠠᠪᠰᠤᠷᠤᠯᠭ᠎ᠠ ᠦᠵᠡᠬᠦᠯᠬᠦ ᠬᠡᠷᠡᠭᠳᠡᠢ᠃
      ᠠᠷᠪᠠᠨ ᠬᠤᠶᠠᠳᠤᠭ᠋ᠠᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠡᠷᠡᠭ᠎ᠢ ᠬᠢᠨᠠᠯᠳᠠ ᠳᠠᠯᠪᠢᠨ ᠬᠠᠮᠢᠶᠠᠷᠬᠤ ᠰᠠᠯᠠᠭ᠎ᠠ ᠮᠦᠴᠢᠷ᠎ᠨᠢ ᠬᠢᠨᠠᠯᠳᠠ ᠳᠠᠯᠪᠢᠨ ᠰᠠᠬᠢᠯᠭ᠎ᠠ ᠪᠠᠳᠤ ᠬᠡᠷᠡᠭᠵᠢᠬᠦᠯᠬᠦ ᠠᠵᠢᠯ᠎ᠤᠨ ᠪᠦᠬᠦ ᠶᠠᠪᠤᠴᠠ᠎ᠳᠤ ᠬᠢᠨᠠᠯᠳᠠ ᠳᠠᠯᠪᠢᠨ ᠬᠠᠮᠢᠶᠠᠷᠬᠤ ᠠᠵᠢᠯ᠎ᠢ ᠬᠠᠷᠢᠭᠤᠴᠠᠵᠦ᠂ ᠰᠦᠪᠡᠭᠴᠢ ᠵᠢᠨ ᠬᠠᠮᠢᠶᠠᠷᠤᠯᠳᠠ᠂ ᠵᠤᠬᠢᠶᠠᠨ ᠪᠠᠶ᠋ᠢᠭᠤᠯᠤᠯᠳᠠ ᠵᠢᠨ ᠵᠤᠬᠢᠴᠠᠭᠤᠯᠭ᠎ᠠ᠂ ᠬᠢᠨᠡᠯᠳᠡ ᠳᠠᠯᠪᠢᠨ ᠪᠠᠶ᠋ᠢᠴᠠᠭ᠋ᠠᠯᠳᠠ ᠬᠢᠬᠦ᠂ ᠱᠠᠯᠠᠪᠳᠠᠭᠤᠯᠤᠨ ᠰᠢᠢ᠍ᠳᠪᠤᠷᠢᠯᠡᠬᠦᠯᠬᠦ᠂ ᠪᠦᠷᠢᠳᠬᠡᠯ ᠬᠢᠵᠦ ᠵᠠᠳᠠᠯᠬᠤ ᠵᠡᠷᠬᠡ ᠠᠵᠢᠯ᠎ᠤᠳ᠎ᠢ ᠰᠠᠶ᠋ᠢᠳᠤᠷ ᠬᠢᠬᠦ ᠬᠡᠷᠡᠭᠳᠡᠢ᠃ ᠨᠠᠮ᠎ᠤᠨ ᠰᠤᠷᠳᠠᠯ ᠵᠠᠰᠠᠬ᠎ᠤᠨ ᠰᠤᠷᠳᠠᠯ᠎ᠳᠤ ᠬᠢᠨᠠᠯᠳᠠ ᠳᠠᠯᠪᠢᠬᠤ ᠰᠠᠯᠠᠭ᠎ᠠ ᠮᠦᠴᠢᠷ᠎ᠨᠢ ᠡᠷᠬᠡᠪᠰᠢ ᠨᠠᠮ᠎ᠤᠨ ᠰᠤᠷᠳᠠᠯ ᠵᠠᠰᠠᠬ᠎ᠤᠨ ᠰᠤᠷᠳᠠᠯ᠎ᠢ ᠶᠡᠷᠦᠩᠬᠡᠶ᠋ᠢᠯᠡᠨ ᠵᠤᠬᠢᠴᠠᠭᠤᠯᠬᠤ ᠠᠵᠢᠯ᠎ᠢ ᠴᠢᠩᠭ᠋ᠠᠳᠬᠠᠵᠦ᠂ ᠱᠠᠯᠠᠪᠳᠠᠭᠤᠯᠤᠨ ᠪᠠᠶ᠋ᠢᠴᠠᠭ᠋ᠠᠬᠤ᠂ ᠵᠠᠷᠯᠡᠨ ᠢᠯᠡᠴᠢᠯᠡᠬᠦ ᠪᠡ ᠶᠡᠷᠦᠩᠬᠡᠶ᠋ᠢᠯᠡᠭᠰᠡᠨ ᠵᠠᠳᠠᠯᠤᠯᠳᠠ ᠬᠢᠬᠦ ᠵᠡᠷᠬᠡ ᠠᠵᠢᠯ᠎ᠢ ᠰᠠᠶ᠋ᠢᠳᠤᠷ ᠬᠢᠬᠦ ᠬᠡᠷᠡᠭᠳᠡᠢ᠃
      ᠭᠤᠷᠪᠠᠳᠤᠭ᠋ᠠᠷ ᠪᠦᠯᠦᠭ     ᠬᠢᠨᠠᠯᠳᠠ ᠳᠠᠯᠪᠢᠨ ᠪᠠᠶ᠋ᠢᠴᠠᠭ᠋ᠠᠬᠤ
      ᠠᠷᠪᠠᠨ ᠭᠤᠷᠪᠠᠳᠤᠭ᠋ᠠᠷ ᠵᠦᠢ᠍ᠯ     ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠢ᠌ᠯᠡᠩ) ᠨᠠᠮ᠎ᠤᠨ ᠳᠤᠳᠤᠭ᠋ᠠᠳᠤᠬᠢ ᠬᠢᠨᠠᠯᠳᠠ ᠳᠠᠯᠪᠢᠬᠤ ᠠᠵᠢᠯ᠎ᠳᠤ ᠭᠤᠤᠯ ᠴᠤᠬ᠍ᠴᠠ ᠵᠢᠨ ᠬᠠᠷᠢᠭᠤᠴᠠᠯᠭ᠎ᠠ ᠵᠢ ᠬᠦᠢ᠍ᠴᠡᠳᠬᠡᠵᠦ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠬᠢᠨᠡᠯᠳᠡ ᠳᠠᠯᠪᠢᠬᠤ ᠬᠠᠷᠢᠭᠤᠴᠠᠯᠭ᠎ᠠ ᠵᠢ ᠬᠦᠢ᠍ᠴᠡᠳᠬᠡᠵᠦ᠂ ᠰᠠᠬᠢᠯᠭ᠎ᠠ ᠪᠠᠳᠤ ᠵᠢᠨ ᠬᠢᠨᠠᠯᠳᠠ ᠲᠠᠯᠪᠢᠬᠤ᠂ ᠬᠢᠨᠠᠨ ᠪᠠᠶ᠋ᠢᠴᠠᠭ᠋ᠠᠬᠤ ᠬᠢᠨᠡᠯᠳᠡ ᠲᠠᠯᠪᠢᠬᠤ᠂ ᠳᠤᠭᠤᠷᠢᠨ ᠪᠠᠶ᠋ᠢᠴᠠᠭ᠋ᠠᠬᠤ ᠬᠢᠨᠡᠯᠳᠡ ᠲᠠᠯᠪᠢᠬᠤ᠂ ᠳᠤᠮᠢᠯᠠᠵᠦ ᠰᠠᠭᠤᠯᠭ᠋ᠠᠨ ᠬᠢᠨᠠᠯᠳᠠ ᠲᠠᠯᠪᠢᠬᠤ ᠵᠢ ᠬᠠᠷᠢᠯᠴᠠᠨ ᠤᠶᠠᠯᠳᠤᠭᠤᠯᠵᠦ᠂ ᠨᠠᠮ᠎ᠤᠨ ᠳᠦᠷᠢᠮ ᠨᠠᠮ᠎ᠤᠨ ᠳᠤᠬᠳᠠᠭ᠋ᠠᠯ ᠰᠠᠬᠢᠯᠭ᠎ᠠ ᠪᠠᠳᠤ ᠪᠤᠯᠤᠨ ᠦᠨᠳᠦᠰᠦᠨ ᠬᠠᠤᠯᠢ ᠬᠠᠤᠯᠢ ᠴᠠᠭ᠋ᠠᠵᠠ ᠬᠠᠤᠯᠢ ᠳᠦᠷᠢᠮ᠎ᠢ ᠵᠢᠷᠤᠮᠯᠠᠨ ᠬᠡᠷᠡᠭᠵᠢᠬᠦᠯᠵᠤ ᠪᠠᠶ᠋ᠢᠭ᠎ᠠ ᠡᠰᠡᠬᠦ ᠪᠠᠶ᠋ᠢᠲᠠᠯ᠎ᠢ ᠭᠤᠤᠯᠳᠠᠯᠭ᠎ᠠ᠎ᠲᠠᠢ ᠪᠠᠶ᠋ᠢᠴᠠᠭ᠋ᠠᠵᠦ᠂ ᠬᠦᠰᠡᠯᠡᠩ ᠢᠳᠡᠬᠡᠯ ᠵᠤᠷᠢᠬ ᠵᠶ᠋ᠠᠨ ᠪᠠᠳᠤᠳᠬᠠᠵᠦ᠂ 《ᠳᠦᠷᠪᠡᠨ ᠤᠬᠠᠮᠰᠠᠷ》 ᠵᠶ᠋ᠠᠨ ᠴᠢᠩᠭ᠋ᠠᠳᠬᠠᠵᠦ᠂ 《ᠳᠦᠷᠪᠡᠨ ᠢᠳᠡᠬᠡᠯ》 ᠵᠶ᠋ᠠᠨ ᠪᠠᠳᠤᠳᠬᠠᠵᠦ᠂ ᠶᠡᠷᠦᠩᠬᠡᠢ ᠱᠦᠵᠢ ᠰᠢ ᠵᠢᠨ ᠫᠢᠩ᠎ᠤᠨ ᠭᠤᠤᠯᠯᠠᠭᠴᠢ ᠵᠢᠨ ᠪᠠᠶ᠋ᠢᠷᠢ ᠰᠠᠭᠤᠷᠢ ᠵᠢ ᠬᠠᠮᠠᠭ᠋ᠠᠯᠠᠵᠦ᠂ ᠨᠠᠮ᠎ᠤᠨ ᠳᠦᠪ ᠬᠤᠷᠢᠶᠠᠨ᠎ᠤ ᠡᠷᠬᠡ ᠰᠦᠷ ᠪᠤᠯᠤᠨ ᠳᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠵᠢ ᠬᠠᠮᠠᠭ᠋ᠠᠯᠠᠵᠦ᠂ ᠨᠠᠮ ᠪᠤᠯᠤᠨ ᠤᠯᠤᠰ᠎ᠤᠨ ᠱᠤᠭᠤᠮ ᠴᠢᠭᠯᠡᠯᠳᠡ ᠳᠦᠷᠦ ᠵᠢᠨ ᠪᠤᠳᠤᠯᠭ᠎ᠠ ᠵᠢᠴᠢ ᠴᠢᠬᠤᠯᠠ ᠶᠡᠭᠡ ᠰᠢᠢ᠍ᠳᠪᠤᠷᠢᠳᠦ ᠪᠤᠳᠤᠯᠭ᠎ᠠ ᠪᠠᠶ᠋ᠢᠷᠢᠯᠠᠭᠤᠯᠤᠯᠳᠠ ᠵᠢ ᠳᠤᠭᠤᠰᠢᠯᠠᠭᠤᠯᠤᠨ ᠬᠡᠷᠡᠭᠵᠢᠬᠦᠯᠵᠦ᠂ ᠰᠠᠨᠠᠭ᠋ᠠᠴᠢᠯᠠᠭ᠎ᠠ᠎ᠲᠠᠢ᠎ᠪᠠᠷ ᠵᠢᠳᠬᠦᠯ ᠴᠢᠷᠮᠠᠶ᠋ᠢᠯᠭ᠎ᠠ ᠭᠠᠷᠭ᠋ᠠᠬᠤ᠂ ᠦᠨᠡᠨᠬᠦ ᠠᠳᠬᠤᠵᠦ ᠪᠤᠳᠠᠳᠠᠢ ᠬᠢᠬᠦ ᠵᠢ ᠪᠠᠷᠢᠮᠳᠠᠯᠠᠵᠦ᠂ ᠨᠠᠮ᠎ᠢ ᠪᠦᠬᠦ ᠳᠠᠯ᠎ᠠ᠎ᠪᠠᠷ ᠵᠠᠰᠠᠬᠤ ᠬᠠᠷᠢᠭᠤᠴᠠᠯᠭ᠎ᠠ᠂ ᠠᠷᠠᠳᠴᠢᠯᠡᠯ ᠳᠦᠪᠯᠡᠷᠡᠯ᠎ᠤᠨ ᠶᠤᠰᠤᠨ᠎ᠤ ᠵᠠᠷᠴᠢᠮ᠂ ᠬᠦᠮᠦᠨ᠎ᠢ ᠰᠤᠩᠭᠤᠨ ᠬᠡᠷᠡᠭᠯᠡᠬᠦ ᠳᠤᠬᠳᠠᠭ᠋ᠠᠯ ᠵᠢᠴᠢ ᠳᠦᠪ᠎ᠤᠨ ᠨᠠᠢ᠍ᠮᠠᠨ ᠳᠤᠬᠳᠠᠭ᠋ᠠᠯ᠎ᠤᠨ ᠵᠤᠷᠢᠬ ᠰᠠᠨᠠᠭ᠎ᠠ ᠵᠢ ᠨᠠᠶ᠋ᠢᠳᠠᠪᠤᠷᠢᠵᠢᠭᠤᠯᠵᠦ᠂ ᠳᠤᠰᠢᠶᠠᠯ ᠵᠶ᠋ᠠᠨ ᠬᠠᠤᠯᠢ ᠶᠤᠰᠤ᠎ᠪᠠᠷ ᠬᠦᠢ᠍ᠴᠡᠳᠬᠡᠵᠤ ᠪᠠᠶ᠋ᠢᠬᠤ ᠡᠰᠡᠬᠦ᠂ ᠡᠷᠬᠡ᠎ᠪᠠᠨ ᠳᠦᠪ ᠭᠤᠤᠯᠴᠢ᠎ᠪᠠᠷ ᠬᠡᠷᠡᠭᠯᠡᠵᠤ ᠪᠠᠶ᠋ᠢᠬᠤ ᠡᠰᠡᠬᠦ᠂ ᠠᠷᠢᠭᠤᠨ ᠴᠢᠬᠡᠴᠢ᠎ᠪᠠᠷ ᠵᠠᠰᠠᠬ ᠪᠠᠷᠢᠵᠤ ᠠᠵᠢᠯ ᠶᠠᠪᠤᠲᠠᠯ ᠬᠢᠵᠤ ᠪᠠᠶ᠋ᠢᠬᠤ ᠵᠢᠴᠢ ᠨᠡᠶ᠋ᠢᠭᠡᠮ᠎ᠤᠨ ᠶᠤᠰᠤ ᠰᠤᠷᠲᠠᠬᠤᠨ᠎ᠤ ᠳᠦᠷᠢᠮᠵᠢᠯ᠎ᠢ ᠰᠠᠬᠢᠵᠤ ᠪᠠᠶ᠋ᠢᠬᠤ ᠡᠰᠡᠬᠦ ᠵᠡᠷᠬᠡ ᠪᠠᠶ᠋ᠢᠳᠠᠯ᠎ᠤᠳ᠎ᠢ ᠳᠤᠭᠤᠷᠢᠨ ᠪᠠᠶ᠋ᠢᠴᠠᠭ᠋ᠠᠵᠤ ᠴᠠᠭᠲᠠᠨ ᠪᠠᠶ᠋ᠢᠴᠠᠭ᠋ᠠᠵᠦ᠂ ᠢᠯᠡᠷᠡᠬᠦᠯᠦᠭᠰᠡᠨ ᠠᠰᠠᠭᠤᠳᠠᠯ᠎ᠤᠳ᠎ᠢ ᠳᠦᠷᠦᠯ ᠬᠤᠪᠢᠶᠠᠨ ᠰᠢᠢ᠍ᠳᠪᠤᠷᠯᠡᠵᠦ᠂ ᠴᠡᠭᠴᠡᠯᠡᠨ ᠵᠠᠰᠠᠬᠤ᠎ᠪᠠᠷ ᠱᠠᠯᠠᠪᠳᠠᠭᠤᠯᠬᠤ ᠬᠡᠷᠡᠭᠳᠡᠢ᠃
      ᠠᠷᠪᠠᠨ ᠳᠦᠷᠪᠡᠳᠦᠬᠡᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠦᠪᠯᠡᠯ (ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠢ᠌ᠯᠠᠩ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠵᠦᠪᠯᠡᠯ) ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ)᠎ᠳᠤ ᠬᠠᠷᠢᠭᠤ ᠮᠡᠳᠡᠬᠦᠯᠵᠤ ᠭᠤᠶᠤᠴᠢᠯᠠᠬᠤ ᠪᠤᠶᠤ ᠳᠡᠬᠦᠨ᠎ᠯᠦᠭᠡ ᠬᠠᠮᠳᠤᠷᠠᠯᠴᠠᠵᠦ ᠪᠠᠶ᠋ᠢᠭ᠋ᠠᠳ ᠳᠤᠬᠳᠠᠬᠰᠠᠨ ᠬᠤᠭᠤᠴᠠᠭ᠎ᠠ᠎ᠲᠠᠢ᠎ᠪᠠᠷ ᠨᠠᠮ᠎ᠤᠨ ᠳᠤᠳᠤᠭ᠋ᠠᠳᠤᠬᠢ ᠬᠢᠨᠠᠯᠳᠠ ᠳᠠᠯᠪᠢᠬᠤ ᠠᠵᠢᠯ᠎ᠢ ᠴᠢᠩᠭ᠋ᠠᠳᠬᠠᠵᠦ ᠪᠠᠶ᠋ᠢᠭ᠎ᠠ ᠪᠠᠶ᠋ᠢᠳᠠᠯ᠎ᠤᠨ ᠳᠤᠬᠠᠢ ᠬᠠᠷᠢᠭᠤ ᠮᠡᠳᠡᠭᠦᠯᠦᠯᠲᠡ ᠵᠢ ᠰᠤᠨᠤᠰᠬᠤ ᠳᠤᠰᠬᠠᠢ ᠰᠡᠳᠦᠪ᠎ᠤᠨ ᠬᠤᠷᠠᠯ ᠬᠢᠵᠦ᠂ ᠬᠠᠷᠢᠯᠴᠠᠵᠤ ᠪᠠᠶ᠋ᠢᠭ᠎ᠠ ᠭᠠᠵᠠᠷ ᠤᠷᠤᠨ᠂ ᠰᠠᠯᠠᠭ᠎ᠠ ᠮᠦᠴᠢᠷ᠂ ᠪᠠᠶ᠋ᠢᠭᠤᠯᠭ᠎ᠠ ᠨᠢᠭᠡᠴᠢ ᠵᠢᠨ ᠤᠯᠤᠰ ᠲᠦᠷᠦ ᠵᠢᠨ ᠠᠮᠢ ᠠᠬᠤᠢ ᠵᠢᠨ ᠪᠠᠶ᠋ᠢᠲᠠᠯ᠎ᠢ ᠶᠡᠷᠦᠩᠬᠡᠶ᠋ᠢᠯᠡᠭᠰᠡᠨ ᠵᠠᠳᠠᠯᠤᠯᠳᠠ ᠬᠢᠵᠦ᠂ ᠴᠢᠩᠭ᠋ᠠᠳᠬᠠᠬᠤ ᠪᠠ ᠰᠠᠶ᠋ᠢᠵᠢᠷᠠᠭᠤᠯᠬᠤ ᠰᠠᠨᠠᠯ ᠵᠢᠴᠢ ᠠᠵᠢᠯ᠎ᠤᠨ ᠠᠷᠭ᠎ᠠ ᠬᠡᠮᠵᠢᠶ᠎ᠠ ᠵᠢ ᠳᠤᠷᠠᠳᠴᠤ᠂ ᠵᠤᠬᠢᠶᠠᠨ ᠪᠠᠶ᠋ᠢᠭᠤᠯᠤᠨ ᠬᠡᠷᠡᠭᠵᠢᠬᠦᠯᠬᠦ ᠪᠠ ᠬᠢᠨᠠᠯᠳᠠ ᠳᠠᠯᠪᠢᠨ ᠪᠠᠶ᠋ᠢᠴᠠᠭ᠋ᠠᠬᠤ ᠠᠵᠢᠯ᠎ᠢ ᠰᠠᠶ᠋ᠢᠳᠤᠷ ᠠᠳᠬᠤᠬᠤ ᠬᠡᠷᠡᠭᠳᠡᠢ᠃
      ᠠᠷᠪᠠᠨ ᠳᠠᠪᠤᠳᠤᠭ᠋ᠠᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠡᠷᠬᠡᠪᠰᠢ ᠬᠢᠨᠠᠯᠲᠠ ᠲᠠᠯᠪᠢᠭᠲᠠᠵᠤ ᠪᠠᠶ᠋ᠢᠭ᠎ᠠ ᠡᠳᠡᠬᠡᠳ᠎ᠤᠨ ᠲᠤᠰᠢᠶᠠᠯ ᠬᠠᠷᠢᠭᠤᠴᠠᠯᠭ᠎ᠠ᠎ᠯᠤᠭ᠎ᠠ ᠤᠶᠠᠯᠳᠤᠭᠤᠯᠵᠦ ᠪᠠᠶ᠋ᠢᠭ᠋ᠠᠳ᠂ ᠡᠷᠬᠡ ᠵᠢ ᠬᠡᠷᠡᠭᠵᠢᠬᠦᠯᠵᠤ ᠪᠠᠶ᠋ᠢᠳᠠᠯ᠎ᠤᠨ ᠲᠤᠬᠠᠢ ᠡᠳᠦᠷ ᠳᠤᠳᠤᠮ᠎ᠤᠨ ᠬᠢᠨᠠᠯᠳᠠ ᠳᠠᠯᠪᠢᠬᠤ ᠠᠵᠢᠯ ᠵᠶ᠋ᠠᠨ ᠴᠢᠩᠭ᠋ᠠᠳᠬᠠᠵᠦ᠂ ᠤᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠨ ᠬᠢᠨᠠᠯᠲᠠ ᠲᠠᠯᠪᠢᠭᠲᠠᠵᠤ ᠪᠠᠶ᠋ᠢᠭ᠎ᠠ ᠡᠳᠡᠬᠡᠳ᠎ᠤᠨ ᠦᠵᠡᠯ ᠰᠠᠨᠠᠭ᠎ᠠ᠂ ᠠᠵᠢᠯ᠂ ᠰᠤᠷᠳᠠᠯ᠂ ᠠᠮᠢᠳᠤᠷᠠᠯ᠎ᠤᠨ ᠪᠠᠶ᠋ᠢᠳᠠᠯ᠎ᠢ᠎ᠨᠢ ᠤᠢ᠌ᠯᠠᠭ᠋ᠠᠵᠦ᠂ ᠰᠤᠶᠤᠭ᠋ᠠᠯᠠᠯ᠎ᠤᠨ ᠴᠢᠨᠠᠷᠳᠠᠢ᠂ ᠬᠡᠯᠪᠡᠷᠢᠯ᠎ᠤᠨ ᠴᠢᠨᠠᠷᠳᠠᠢ ᠠᠰᠠᠭᠤᠳᠠᠯ ᠪᠤᠶᠤ ᠰᠠᠬᠢᠯᠭ᠎ᠠ ᠪᠠᠳᠤ᠎ᠠᠴᠠ ᠬᠦᠩᠬᠡᠪᠳᠤᠷ ᠵᠦᠷᠢᠴᠡᠭᠰᠡᠨ ᠠᠰᠠᠭᠤᠳᠠᠯ᠎ᠢ ᠤᠯᠵᠦ ᠢᠯᠡᠷᠡᠬᠦᠯᠪᠡᠯ᠂ ᠡᠷᠬᠡᠪᠰᠢ ᠴᠠᠬ ᠳᠤᠬᠠᠢ᠎ᠳᠤᠨᠢ ᠪᠤᠯᠵᠤᠨ ᠶᠠᠷᠢᠯᠴᠠᠵᠤ ᠰᠡᠷᠡᠮᠵᠢᠯᠡᠬᠦᠯᠬᠦ᠂ ᠰᠢᠬᠦᠮᠵᠢᠯᠡᠨ ᠬᠦᠮᠦᠵᠢᠬᠦᠯᠬᠦ᠂ ᠵᠠᠷᠯᠢᠬᠳᠠᠨ ᠪᠠᠶ᠋ᠢᠴᠠᠭ᠋ᠠᠯᠳᠠ ᠬᠢᠯᠬᠡᠬᠦ᠂ ᠰᠡᠷᠡᠮᠵᠢᠯᠡᠬᠦᠯᠦᠨ ᠶᠠᠷᠢᠯᠴᠠᠬᠤ ᠵᠡᠷᠭᠡ ᠠᠷᠭ᠎ᠠ ᠵᠢ ᠠᠪᠴᠤ᠂ ᠬᠢᠨᠠᠯᠳᠠ ᠳᠠᠯᠪᠢᠬᠤ ᠵᠢᠨ ᠴᠢᠭᠯᠡᠬᠦᠯᠦᠯᠳᠦ ᠴᠢᠨᠠᠷ ᠪᠤᠯᠤᠨ ᠪᠤᠳᠠᠳᠤ ᠦᠷ᠎ᠠ ᠪᠦᠲᠦᠮᠵᠢᠲᠦ ᠴᠢᠨᠠᠷ᠎ᠢ ᠳᠡᠬᠡᠭᠰᠢᠯᠡᠬᠦᠯᠬᠦ ᠬᠡᠷᠡᠭᠳᠡᠢ᠃
      ᠠᠷᠪᠠᠨ ᠵᠢᠷᠭᠤᠳᠤᠭ᠋ᠠᠷ ᠵᠦᠢ᠍ᠯ     ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠨᠢ ᠵᠠᠬᠢᠳᠠᠯ ᠢᠷᠡᠭᠦᠯᠬᠦ᠂ ᠰᠤᠷᠪᠤᠯᠵᠢᠯᠠᠬᠤ᠎ᠪᠠᠷ ᠢᠷᠡᠬᠦ᠂ ᠤᠲᠠᠰᠤ ᠢᠷᠡᠬᠦᠯᠬᠦ ᠪᠠ ᠰᠦᠯᠵᠢᠶ᠎ᠠ ᠵᠡᠷᠭᠡ᠎ᠪᠠᠷ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠢᠯᠤᠭᠤᠳᠬᠠᠵᠤ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠰᠢᠰᠲ᠋ᠧᠮ᠎ᠢ ᠪᠦᠷᠬᠦᠭᠰᠡᠨ ᠢᠯᠡᠴᠢᠯᠡᠨ ᠵᠠᠭ᠋ᠠᠯᠳᠤᠬᠤ ᠢᠯᠡᠴᠢᠯᠡᠨ ᠮᠡᠳᠡᠭᠦᠯᠬᠦ ᠲᠠᠪᠴᠠᠩ᠎ᠢ ᠪᠠᠶ᠋ᠢᠭᠤᠯᠵᠤ᠂ ᠢᠯᠡᠴᠢᠯᠡᠨ ᠵᠠᠭ᠋ᠠᠯᠳᠤᠬᠤ ᠵᠢ ᠴᠠᠭ ᠲᠤᠬᠠᠢ᠎ᠳᠤᠨᠢ ᠬᠦᠯᠢᠶᠡᠨ ᠠᠪᠴᠤ ᠰᠢᠢ᠍ᠳᠪᠦᠷᠢᠯᠡᠨ᠂ ᠨᠠᠮ᠎ᠤᠨ ᠭᠡᠰᠢᠭᠦᠨ ᠪᠤᠯᠤᠨ ᠤᠯᠠᠨ ᠲᠦᠮᠡᠨ᠎ᠤ ᠬᠢᠨᠠᠯᠲᠠ ᠲᠠᠯᠪᠢᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃
      ᠠᠷᠪᠠᠨ ᠳᠤᠯᠤᠳᠤᠭ᠋ᠠᠷ ᠵᠦᠢ᠍ᠯ     ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠤᠨ ᠴᠢᠭᠡᠴᠢ ᠵᠠᠰᠠᠭ᠎ᠤᠨ ᠳᠠᠩᠰᠠ ᠡᠪᠬᠡᠮᠡᠯ᠎ᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠢ᠂ ᠡᠭᠦᠨ᠎ᠳᠤ ᠲᠤᠤᠷᠠᠬᠢ ᠮᠡᠲᠦ ᠭᠤᠤᠯ ᠠᠭᠤᠯᠭ᠎ᠠ ᠵᠢ ᠪᠠᠭᠲᠠᠨ᠎ᠠ᠄
     (ᠨᠢᠭᠡ) ᠲᠤᠰᠢᠶᠠᠯ᠎ᠳᠤ ᠲᠤᠮᠢᠯᠠᠬᠤ ᠪᠠ ᠲᠤᠰᠢᠶᠠᠯ᠎ᠠᠴᠠ᠎ᠨᠢ ᠪᠠᠭᠤᠯᠭ᠋ᠠᠬᠤ ᠪᠠᠶ᠋ᠢᠳᠠᠯ᠂ ᠠᠵᠢᠯᠲᠠᠨ᠎ᠤ ᠶᠠᠪᠤᠲᠠᠯ᠎ᠤᠨ ᠳᠠᠩᠰᠠ ᠡᠪᠬᠡᠮᠡᠯ᠎ᠤᠨ ᠪᠠᠶ᠋ᠢᠳᠠᠯ᠂ ᠬᠤᠪᠢ ᠬᠦᠮᠦᠨ᠎ᠤ ᠬᠤᠯᠪᠤᠬᠳᠠᠯ ᠪᠦᠬᠦᠢ ᠶᠠᠪᠤᠲᠠᠯ᠎ᠤᠳ ᠵᠶ᠋ᠠᠨ ᠦᠨᠡᠨ ᠪᠤᠳᠠᠲᠠᠢ᠎ᠪᠠᠷ ᠮᠡᠳᠡᠭᠦᠯᠦᠭᠰᠡᠨ ᠦᠭᠡᠢ᠎ᠠᠴᠠ ᠪᠤᠯᠵᠤ ᠰᠢᠢ᠍ᠳᠭᠡᠯ ᠤᠯᠤᠬᠰᠠᠨ ᠪᠠᠶ᠋ᠢᠳᠠᠯ ᠵᠡᠷᠭᠡ;
     (ᠬᠤᠶᠠᠷ) ᠲᠤᠭᠤᠷᠢᠨ ᠪᠠᠶ᠋ᠢᠴᠠᠭ᠋ᠠᠬᠤ ᠴᠠᠬᠳᠠᠨ ᠪᠠᠶ᠋ᠢᠴᠠᠭ᠋ᠠᠬᠤ᠂ ᠵᠠᠬᠢᠳᠠᠯ ᠰᠤᠷᠪᠤᠯᠵᠢᠯᠠᠭ᠎ᠠ᠂ ᠬᠡᠷᠡᠭ᠎ᠲᠠᠬᠢ ᠬᠢᠨᠠᠨ ᠬᠠᠮᠢᠶᠠᠷᠤᠯᠲᠠ ᠵᠢᠴᠢ ᠪᠤᠰᠤᠳ ᠲᠠᠯ᠎ᠠ ᠵᠢᠨ ᠰᠢᠯᠵᠢᠭᠦᠯᠦᠨ ᠲᠤᠰᠢᠶᠠᠬᠰᠠᠨ ᠠᠰᠠᠭᠤᠳᠠᠯ᠎ᠤᠨ ᠰᠦᠪᠡᠭᠴᠢ ᠪᠤᠯᠤᠨ ᠰᠢᠢ᠍ᠳᠪᠦᠷᠢᠯᠡᠭᠰᠡᠨ ᠪᠠᠶ᠋ᠢᠳᠠᠯ;
     (ᠭᠤᠷᠪᠠ) ᠶᠠᠷᠢᠯᠴᠠᠬᠤ᠂ ᠵᠠᠬᠢᠳᠠᠯ ᠵᠶ᠋ᠠᠷ ᠠᠰᠠᠭᠤᠬᠤ᠂ ᠠᠩᠬ᠎ᠠ ᠠᠯᠬᠤᠮ ᠬᠢᠨᠠᠨ ᠬᠠᠷᠭᠤᠭᠤᠯᠬᠤ᠂ ᠬᠢᠨᠠᠨ ᠪᠠᠶ᠋ᠢᠴᠠᠭ᠋ᠠᠬᠤ ᠵᠢᠴᠢ ᠪᠤᠰᠤᠳ ᠠᠵᠢᠯ᠎ᠤᠨ ᠪᠦᠷᠢᠯᠳᠦᠭᠰᠡᠨ ᠬᠠᠮᠢᠶ᠎ᠠ ᠪᠦᠬᠦᠢ ᠮᠠᠲᠸᠷᠢᠶᠠᠯ;
     (ᠳᠦᠷᠪᠡ) ᠨᠠᠮ᠎ᠤᠨ ᠰᠤᠷᠲᠠᠯ᠎ᠤᠨ ᠴᠢᠭᠡᠴᠢ ᠵᠠᠰᠠᠭ᠎ᠤᠨ ᠰᠠᠨᠠᠯ᠎ᠳᠤ ᠬᠠᠷᠢᠭᠤ ᠦᠭᠭᠦᠭᠰᠡᠡ ᠮᠠᠲᠸᠷᠢᠶᠠᠯ;
     (ᠲᠠᠪᠤ) ᠴᠢᠭᠡᠴᠢ ᠵᠠᠰᠠᠭ᠎ᠤᠨ ᠪᠠᠶ᠋ᠢᠳᠠᠯ᠎ᠢ ᠲᠤᠰᠬᠠᠬᠰᠠᠨ ᠪᠤᠰᠤᠳ ᠮᠠᠲᠸᠷᠢᠶᠠᠯ᠃
      ᠴᠢᠭᠡᠴᠢ ᠵᠠᠰᠠᠭ᠎ᠤᠨ ᠳᠠᠩᠰᠠ ᠡᠪᠬᠡᠮᠡᠯ᠎ᠢ ᠬᠦᠳᠡᠯᠦᠩᠭᠦᠢ᠎ᠪᠠᠷ ᠰᠢᠨᠡᠳᠭᠡᠬᠦ ᠬᠡᠷᠡᠭᠲᠡᠢ᠃
      ᠠᠷᠪᠠᠨ ᠨᠠᠢ᠍ᠮᠠᠳᠤᠭ᠋ᠠᠷ ᠵᠦᠢ᠍ᠯ     ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠺᠠᠳ᠋ᠷ᠎ᠢ ᠰᠤᠩᠭᠤᠨ ᠳᠡᠪᠰᠢᠭᠦᠯᠵᠦ ᠬᠡᠷᠡᠭᠯᠡᠬᠦ ᠨᠠᠮ᠎ᠤᠨ ᠰᠤᠷᠲᠠᠯ ᠴᠢᠭᠡᠴᠢ ᠵᠠᠰᠠᠭ᠎ᠤᠨ ᠰᠠᠨᠠᠯ᠎ᠳᠤ ᠬᠠᠷᠢᠭᠤ ᠦᠭᠭᠦ ᠠᠵᠢᠯ᠎ᠢ ᠰᠠᠶ᠋ᠢᠲᠤᠷ ᠬᠢᠵᠦ᠂ ᠲᠤᠰᠬᠠᠬᠰᠠᠨ ᠠᠰᠠᠭᠤᠳᠠᠯ᠎ᠤᠨ ᠰᠦᠪᠡᠭᠴᠢ ᠵᠢ ᠨᠠᠷᠢᠨ ᠬᠢᠨᠠᠮᠠᠭ᠋ᠠᠢ᠎ᠪᠠᠷ ᠬᠢᠨᠠᠨ ᠬᠠᠷᠭᠤᠭᠤᠯᠵᠤ᠂ ᠲᠤᠭᠤᠷᠢᠨ ᠪᠠᠶ᠋ᠢᠴᠠᠭ᠋ᠠᠬᠤ ᠴᠠᠬᠳᠠᠨ ᠪᠠᠶ᠋ᠢᠴᠠᠭ᠋ᠠᠬᠤ ᠵᠡᠷᠭᠡ ᠪᠤᠰᠤᠳ ᠬᠢᠨᠠᠯᠲᠠ ᠲᠠᠯᠪᠢᠬᠤ ᠦᠷ᠎ᠠ ᠪᠦᠲᠦᠮᠵᠢ ᠵᠢ ᠶᠡᠷᠦᠩᠬᠡᠶ᠋ᠢᠯᠡᠨ ᠰᠠᠶ᠋ᠢᠲᠤᠷ ᠬᠡᠷᠡᠭᠯᠡᠵᠦ᠂ ᠤᠯᠤᠰ ᠲᠦᠷᠦ ᠵᠢᠨ ᠪᠤᠭᠤᠮᠲᠠ᠂ ᠵᠠᠩ ᠰᠤᠷᠲᠠᠯ᠎ᠤᠨ ᠪᠤᠭᠤᠮᠲᠠ᠂ ᠤᠪᠤᠷ ᠰᠤᠷᠲᠠᠯ᠎ᠤᠨ ᠪᠤᠭᠤᠮᠲᠠ᠂ ᠠᠷᠢᠭᠤᠨ ᠴᠢᠭᠡᠴᠢ ᠵᠢᠨ ᠪᠤᠭᠤᠮᠲᠠ ᠵᠢ ᠴᠢᠩᠭ᠎ᠠ ᠰᠠᠬᠢᠬᠤ ᠬᠡᠷᠡᠭᠲᠡᠢ᠃
      ᠠᠷᠪᠠ ᠶᠢᠰᠦᠳᠦᠭᠡᠷ ᠵᠦᠢ᠍ᠯ     ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠬᠢᠨᠠᠯᠲᠠ ᠲᠠᠯᠪᠢᠬᠤ ᠳᠤᠮᠳᠠ ᠢᠯᠡᠷᠡᠭᠦᠯᠦᠭᠰᠡᠨ ᠳᠤᠪᠤᠶ᠋ᠢᠮ᠎ᠠ ᠠᠰᠠᠭᠤᠳᠠᠯ᠎ᠳᠤ᠂ ᠬᠤᠯᠪᠤᠬᠳᠠᠯ ᠪᠦᠬᠦᠢ ᠨᠠᠮ᠎ᠤᠨ ᠵᠤᠬᠢᠶᠠᠨ ᠪᠠᠶ᠋ᠢᠭᠤᠯᠤᠯᠲᠠ ᠪᠤᠶᠤ ᠨᠢᠭᠡᠴᠢ᠎ᠳᠤ ᠰᠠᠬᠢᠯᠭ᠎ᠠ ᠪᠠᠲᠤ ᠪᠠᠶ᠋ᠢᠴᠠᠭ᠋ᠠᠬᠤ ᠰᠠᠨᠠᠭᠤᠯᠭ᠎ᠠ ᠪᠤᠶᠤ ᠬᠢᠨᠠᠨ ᠪᠠᠶ᠋ᠢᠴᠠᠭ᠋ᠠᠬᠤ ᠰᠠᠨᠠᠭᠤᠯᠭ᠎ᠠ ᠵᠢ ᠳᠤᠷᠠᠳᠴᠤ᠂ ᠲᠤᠰᠬᠠᠢ ᠰᠡᠳᠦᠪᠲᠦ ᠠᠷᠠᠳᠴᠢᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠬᠤ ᠵᠢ ᠱᠠᠯᠠᠪᠳᠠᠭᠤᠯᠬᠤ᠂ ᠲᠤᠰᠬᠠᠢ ᠪᠠᠶ᠋ᠢᠴᠠᠭ᠋ᠠᠯᠲᠠ ᠵᠢ ᠵᠤᠬᠢᠶᠠᠨ ᠪᠠᠶ᠋ᠢᠭᠤᠯᠤᠨ ᠦᠷᠨᠢᠭᠦᠯᠬᠦ ᠵᠡᠷᠭᠡ ᠠᠷᠭ᠎ᠠ ᠬᠡᠮᠵᠢᠶ᠎ᠠ᠎ᠪᠠᠷ ᠳᠠᠮᠵᠢᠨ᠂ ᠱᠠᠯᠠᠪᠳᠠᠭᠤᠯᠤᠨ ᠪᠠᠶ᠋ᠢᠴᠠᠭ᠋ᠠᠨ ᠱᠠᠯᠠᠪᠳᠠᠭᠤᠯᠤᠨ ᠰᠢᠢ᠍ᠳᠪᠦᠷᠢᠯᠡᠵᠦ᠂ ᠴᠡᠭᠴᠡᠯᠡᠨ ᠰᠠᠶ᠋ᠢᠵᠢᠷᠠᠭᠤᠯᠬᠤ ᠵᠢ ᠠᠬᠢᠭᠤᠯᠬᠤ ᠬᠡᠷᠡᠭᠲᠡᠢ᠃
      ᠳᠦᠷᠪᠡᠳᠦᠭᠡᠷ ᠪᠦᠯᠦᠭ     ᠰᠦᠪᠡᠭᠴᠢ ᠵᠢ ᠰᠢᠢ᠍ᠳᠪᠦᠷᠢᠯᠡᠬᠦ
      ᠬᠤᠷᠢᠳᠤᠭ᠋ᠠᠷ ᠵᠦᠢ᠍ᠯ     ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠠᠰᠠᠭᠤᠳᠠᠯ᠎ᠤᠨ ᠰᠦᠪᠡᠭᠴᠢ ᠵᠢ ᠲᠦᠪᠯᠡᠷᠡᠭᠦᠯᠦᠨ ᠬᠠᠮᠢᠶᠠᠷᠬᠤ᠂ ᠲᠦᠷᠦᠯ ᠬᠤᠪᠢᠶᠠᠨ ᠰᠢᠢ᠍ᠳᠪᠦᠷᠢᠯᠡᠬᠦ᠂ ᠲᠤᠬᠲᠠᠬᠰᠠᠨ ᠬᠤᠭᠤᠴᠠᠭ᠋ᠠᠨ᠎ᠳᠤ ᠴᠡᠭᠴᠡᠯᠡᠬᠦ᠎ᠪᠠᠨ ᠴᠢᠩᠭ᠋ᠠᠳᠬᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠭᠦᠯᠦᠯᠲᠡ ᠵᠢᠨ ᠰᠠᠯᠠᠭ᠎ᠠ ᠮᠦᠴᠢᠷ᠎ᠠᠴᠠ ᠠᠳᠠᠯᠢ ᠱᠠᠲᠤᠨ᠎ᠤ ᠨᠠᠮ᠎ᠤᠨ ᠬᠤᠷᠢᠶ᠎ᠠ᠎ᠠᠴᠠ ᠬᠠᠮᠢᠶᠠᠷᠴᠤ ᠪᠠᠶ᠋ᠢᠭ᠎ᠠ ᠨᠠᠮ᠎ᠤᠨ ᠵᠤᠬᠢᠶᠠᠨ ᠪᠠᠶ᠋ᠢᠭᠤᠯᠤᠯᠲᠠ ᠪᠤᠯᠤᠨ ᠨᠠᠮ᠎ᠤᠨ ᠭᠡᠰᠢᠭᠦᠨ᠂ ᠺᠠᠳ᠋ᠷ ᠵᠢᠴᠢ ᠬᠢᠨᠠᠨ ᠪᠠᠶ᠋ᠢᠴᠠᠭ᠋ᠠᠭᠲᠠᠬᠤ ᠡᠲᠡᠭᠡᠳ᠎ᠤᠨ ᠰᠠᠬᠢᠯᠭ᠎ᠠ ᠪᠠᠲᠤ ᠵᠢ ᠵᠦᠷᠢᠴᠡᠭᠰᠡᠡ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ ᠵᠢ ᠵᠦᠷᠢᠴᠡᠭᠰᠡᠡ᠂ ᠲᠤᠰᠢᠶᠠᠯ᠎ᠤᠨ ᠶᠠᠯᠠᠲᠦ ᠠᠵᠢᠯᠯᠠᠭ᠎ᠠ ᠬᠢᠭᠰᠡᠡ ᠵᠶ᠋ᠠᠷ ᠰᠡᠵᠢᠭᠯᠡᠭᠳᠡᠭᠰᠡᠨ ᠠᠰᠠᠭᠤᠳᠠᠯ᠎ᠤᠨ ᠲᠤᠬᠠᠢ ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠂ ᠬᠤᠯᠪᠤᠬᠳᠠᠯ ᠪᠦᠬᠦᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠂ ᠲᠤᠮᠢᠯᠠᠨ ᠰᠠᠭᠤᠯᠭ᠋ᠠᠬᠰᠠᠨ ᠪᠤᠶᠤ ᠲᠤᠮᠢᠯᠠᠬᠰᠠᠨ ᠪᠠᠶ᠋ᠢᠭᠤᠯᠤᠮᠵᠢ ᠵᠢᠴᠢ ᠪᠤᠰᠤᠳ ᠨᠢᠭᠡᠴᠢ ᠵᠢᠨ ᠰᠢᠯᠵᠢᠭᠦᠯᠦᠨ ᠲᠤᠰᠢᠶᠠᠬᠰᠠᠨ ᠬᠠᠮᠢᠶ᠎ᠠ ᠪᠦᠬᠦᠢ ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠭᠦᠯᠦᠯᠲᠡ ᠵᠢ ᠨᠢᠭᠡᠲᠦᠯᠲᠡᠢ ᠬᠦᠯᠢᠶᠡᠨ ᠠᠪᠴᠤ᠂ ᠲᠤᠰ ᠪᠠᠶ᠋ᠢᠭᠤᠯᠭ᠎ᠠ ᠵᠢᠨ ᠬᠠᠮᠢᠶ᠎ᠠ ᠪᠦᠬᠦᠢ ᠰᠠᠯᠠᠭ᠎ᠠ ᠮᠦᠴᠢᠷ᠎ᠲᠤ ᠰᠢᠯᠵᠢᠭᠦᠯᠦᠨ ᠬᠦᠷᠭᠡᠵᠦ᠂ ᠵᠠᠬᠢᠳᠠᠯ ᠰᠤᠷᠪᠤᠯᠵᠢᠯᠠᠭ᠎ᠠ ᠵᠢᠨ ᠪᠠᠶ᠋ᠢᠳᠠᠯ᠎ᠢ ᠭᠦᠨᠵᠡᠭᠡᠢ ᠵᠠᠳᠠᠯᠵᠤ᠂ ᠤᠯᠠᠨ ᠲᠦᠮᠡᠨ᠎ᠤ ᠬᠠᠮᠤᠭ᠎ᠠᠴᠠ ᠠᠩᠬᠠᠷᠴᠤ ᠪᠠᠶ᠋ᠢᠭ᠎ᠠ᠂ ᠬᠠᠮᠤᠭ ᠰᠢᠭᠤᠳ᠂ ᠬᠠᠮᠤᠭ ᠪᠤᠳᠠᠲᠠᠢ ᠠᠰᠢᠭ ᠲᠤᠰᠠ ᠵᠢᠨ ᠠᠰᠠᠭᠤᠳᠠᠯ᠎ᠢ ᠴᠠᠭ ᠲᠤᠬᠠᠢ᠎ᠳᠤᠨᠢ ᠲᠤᠰᠬᠠᠬᠤ ᠬᠡᠷᠡᠭᠲᠡᠢ᠃
      ᠲᠤᠭᠤᠷᠢᠨ ᠪᠠᠶ᠋ᠢᠴᠠᠭ᠋ᠠᠬᠤ ᠴᠠᠬᠳᠠᠨ ᠪᠠᠶ᠋ᠢᠴᠠᠭ᠋ᠠᠬᠤ ᠠᠵᠢᠯ᠎ᠤᠨ ᠪᠠᠶ᠋ᠢᠭᠤᠯᠤᠮᠵᠢ ᠪᠤᠯᠤᠨ ᠬᠢᠨᠠᠨ ᠪᠤᠳᠤᠯᠲᠠ ᠵᠢᠨ ᠪᠠᠶ᠋ᠢᠭᠤᠯᠭ᠎ᠠ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ ᠵᠡᠷᠭᠡ ᠨᠢᠭᠡᠴᠢ ᠰᠠᠬᠢᠯᠭ᠎ᠠ ᠪᠠᠲᠤ ᠵᠢ ᠵᠦᠷᠢᠴᠡᠭᠰᠡᠡ ᠪᠤᠶᠤ ᠲᠤᠰᠢᠶᠠᠯ ᠵᠶ᠋ᠠᠨ ᠠᠰᠬᠯᠠᠨ ᠬᠠᠤᠯᠢ ᠵᠢ ᠵᠦᠷᠢᠴᠡᠭᠰᠡᠡ᠂ ᠲᠤᠰᠢᠶᠠᠯ᠎ᠤᠨ ᠶᠠᠯᠠᠲᠦ ᠠᠵᠢᠯᠯᠠᠭ᠎ᠠ ᠬᠢᠭᠰᠡᠡ ᠵᠶ᠋ᠠᠷ ᠰᠡᠵᠢᠭᠯᠡᠭᠳᠡᠭᠰᠡᠨ ᠠᠰᠭᠤᠳᠠᠯ᠎ᠤᠨ ᠰᠦᠪᠡᠭᠴᠢ ᠵᠢ ᠢᠯᠡᠷᠡᠭᠦᠯᠪᠠᠯ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠡᠷᠡᠭ᠎ᠤᠨ ᠬᠢᠨᠠᠨ ᠬᠠᠮᠢᠶᠠᠷᠤᠯᠲᠠ ᠵᠢᠨ ᠰᠠᠯᠠᠭ᠎ᠠ ᠮᠦᠴᠢᠷ᠎ᠲᠤ ᠴᠠᠭ ᠲᠤᠬᠠᠢ᠎ᠳᠤᠨᠢ ᠰᠢᠯᠵᠢᠭᠦᠯᠦᠨ ᠲᠤᠰᠢᠶᠠᠵᠤ ᠨᠢᠭᠡᠲᠦᠯᠲᠡᠢ ᠰᠢᠢ᠍ᠳᠪᠦᠷᠢᠯᠡᠭᠦᠯᠬᠦ ᠬᠡᠷᠡᠭᠲᠡᠢ᠃
      ᠬᠢᠨᠠᠯᠲᠠ ᠲᠠᠯᠪᠢᠨ ᠪᠠᠶ᠋ᠢᠴᠠᠭ᠋ᠠᠯᠲᠠ ᠬᠢᠬᠦ ᠰᠠᠯᠠᠭ᠎ᠠ ᠮᠦᠴᠢᠷ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠰᠠᠯᠠᠭ᠎ᠠ ᠮᠦᠴᠢᠷ᠂ ᠺᠠᠳ᠋ᠷᠴᠤᠳ᠎ᠲᠤ ᠬᠢᠨᠠᠯᠲᠠ ᠲᠠᠯᠪᠢᠬᠤ ᠰᠠᠯᠠᠭ᠎ᠠ ᠮᠦᠴᠢᠷ᠎ᠤᠨ ᠢᠯᠡᠷᠡᠭᠦᠯᠭᠦᠰᠡᠨ ᠬᠠᠮᠢᠶ᠎ᠠ ᠪᠦᠬᠦᠢ ᠠᠰᠠᠭᠤᠳᠠᠯ᠎ᠤᠨ ᠰᠦᠪᠡᠭᠴᠢ᠎ᠨᠢ ᠲᠤᠰ ᠰᠠᠯᠠᠭ᠎ᠠ ᠮᠦᠴᠢᠷ᠎ᠤᠨ ᠬᠦᠯᠢᠶᠡᠨ ᠠᠪᠴᠤ ᠰᠢᠢ᠍ᠳᠪᠦᠷᠢᠯᠡᠬᠦ ᠬᠦᠷᠢᠶ᠎ᠠ ᠬᠡᠪᠴᠢᠶᠡᠨ᠎ᠳᠤ ᠬᠠᠷᠢᠶᠠᠯᠠᠬᠳᠠᠪᠠᠯ᠂ ᠬᠡᠷᠡᠭ᠎ᠢ ᠬᠢᠨᠠᠯᠲᠠ ᠲᠠᠯᠪᠢᠨ ᠬᠠᠮᠢᠶᠠᠷᠬᠤ ᠰᠠᠯᠠᠭ᠎ᠠ ᠮᠦᠴᠢᠷ᠎ᠲᠤ ᠬᠦᠷᠭᠡᠵᠦ ᠳᠠᠩᠰᠠᠯᠠᠭᠤᠯᠬᠤ ᠬᠡᠷᠡᠭᠲᠡᠢ; ᠲᠤᠰ ᠰᠠᠯᠠᠭ᠎ᠠ ᠮᠦᠴᠢᠷ᠎ᠤᠨ ᠬᠦᠯᠢᠶᠡᠨ ᠠᠪᠴᠤ ᠰᠢᠢ᠍ᠳᠪᠦᠷᠢᠯᠡᠬᠦ ᠬᠦᠷᠢᠶ᠎ᠠ ᠬᠡᠪᠴᠢᠶᠠᠨ᠎ᠳᠤ ᠬᠠᠷᠢᠶᠠᠯᠠᠬᠳᠠᠬᠤ ᠦᠭᠡᠢ ᠪᠤᠯ᠂ ᠬᠢᠨᠠᠨ ᠵᠦᠪᠰᠢᠶᠡᠷᠡᠭᠦᠯᠦᠭᠰᠡᠨ᠎ᠤ ᠳᠠᠷᠠᠭ᠎ᠠ ᠬᠡᠷᠡᠭ᠎ᠢ ᠬᠢᠨᠠᠯᠲᠠ ᠲᠠᠯᠪᠢᠨ ᠬᠠᠮᠢᠶᠠᠷᠬᠤ ᠰᠠᠯᠠᠭ᠎ᠠ ᠮᠦᠴᠢᠷ᠎ᠲᠤ ᠰᠢᠯᠵᠢᠭᠦᠯᠦᠨ ᠬᠦᠷᠭᠡᠵᠦ᠂ ᠲᠡᠭᠦᠨ᠎ᠠᠴᠠ ᠵᠢᠷᠤᠮ ᠳᠠᠷᠠᠭ᠋ᠠᠯᠠᠯ ᠶᠤᠰᠤᠭ᠋ᠠᠷ ᠬᠠᠮᠢᠶ᠎ᠠ ᠪᠦᠬᠦᠢ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠰᠠᠯᠠᠭ᠎ᠠ ᠮᠦᠴᠢᠷ᠎ᠲᠤ ᠰᠢᠯᠵᠢᠭᠦᠯᠦᠨ ᠲᠤᠰᠢᠶᠠᠬᠤ ᠬᠡᠷᠡᠭᠲᠡᠢ᠃
      ᠬᠣᠷᠢᠨ ᠨᠢᠭᠡᠳᠦᠭᠡᠷ ᠵᠦᠢ᠍ᠯ     ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠠᠰᠠᠭᠤᠳᠠᠯ᠎ᠤᠨ ᠰᠦᠪᠡᠭᠴᠢ ᠵᠢᠨ ᠬᠤᠯᠪᠤᠬᠳᠠᠬᠰᠠᠨ ᠭᠠᠵᠠᠷ ᠤᠷᠤᠨ᠂ ᠰᠠᠯᠠᠭ᠎ᠠ ᠮᠦᠴᠢᠷ᠂ ᠨᠢᠭᠡᠴᠢ ᠵᠢᠨ ᠶᠡᠷᠦᠩᠬᠡᠢ ᠪᠠᠶ᠋ᠢᠳᠠᠯ᠎ᠲᠠᠢ ᠤᠶᠠᠯᠳᠤᠭᠤᠯᠤᠨ᠂ ᠶᠡᠷᠦᠩᠬᠡᠶ᠋ᠢᠯᠡᠨ ᠵᠠᠳᠠᠯᠵᠤ᠂ ᠶᠠᠷᠢᠯᠴᠠᠬᠤ ᠵᠠᠬᠢᠳᠠᠯ ᠵᠶ᠋ᠠᠷ ᠠᠰᠠᠭᠤᠬᠤ᠂ ᠠᠩᠬ᠎ᠠ ᠠᠯᠬᠤᠮ ᠬᠢᠨᠠᠨ ᠬᠠᠷᠭᠤᠭᠤᠯᠬᠤ᠂ ᠲᠦᠷ ᠬᠠᠳᠠᠭ᠋ᠠᠯᠠᠨ ᠪᠠᠶ᠋ᠢᠴᠠᠭ᠋ᠠᠬᠤ᠎ᠪᠠᠷ ᠪᠡᠯᠡᠳᠭᠡᠬᠦ᠂ ᠰᠢᠢ᠍ᠳᠪᠦᠷᠢᠯᠡᠵᠦ ᠳᠠᠭᠤᠰᠬᠠᠬᠤ 4 ᠲᠦᠷᠦᠯ᠎ᠤᠨ ᠠᠷᠭ᠎ᠠ ᠬᠡᠮᠵᠢᠶ᠎ᠠ᠎ᠪᠠᠷ ᠰᠢᠢ᠍ᠳᠪᠦᠷᠢᠯᠡᠬᠦ ᠬᠡᠷᠡᠭᠲᠡᠢ᠃
      ᠰᠦᠪᠡᠭᠴᠢ ᠵᠢ ᠰᠢᠢ᠍ᠳᠪᠦᠷᠢᠯᠡᠬᠦ ᠵᠢ ᠤᠳᠠᠭ᠋ᠠᠰᠢᠷᠠᠭᠤᠯᠬᠤ ᠪᠤᠶᠤ ᠳᠠᠷᠤᠬᠳᠠᠭᠤᠯᠵᠤ ᠪᠤᠯᠬᠤ ᠦᠭᠡᠢ᠂ ᠰᠢᠢ᠍ᠳᠪᠦᠷᠢᠯᠡᠬᠦ ᠰᠠᠨᠠᠯ᠎ᠢ ᠠᠰᠠᠭᠤᠳᠠᠯ᠎ᠤᠨ ᠰᠦᠪᠡᠭᠴᠢ ᠵᠢ ᠤᠯᠤᠬᠰᠠᠨ ᠡᠳᠦᠷ᠎ᠠᠴᠠ ᠡᠬᠢᠯᠡᠨ 1 ᠰᠠᠷ᠎ᠠ ᠵᠢᠨ ᠳᠤᠲᠤᠷ᠎ᠠ ᠳᠤᠷᠠᠳᠬᠤ ᠵᠢᠨ ᠬᠠᠮᠲᠤ ᠰᠢᠢ᠍ᠳᠪᠦᠷᠢᠯᠡᠬᠦ ᠲᠦᠰᠦᠯ᠎ᠢ ᠲᠤᠬᠲᠠᠭ᠋ᠠᠵᠤ᠂ ᠬᠢᠨᠠᠨ ᠵᠦᠪᠰᠢᠶᠡᠷᠡᠬᠦᠯᠬᠦ ᠭᠠᠷᠲᠠᠮ ᠭᠦᠢ᠍ᠴᠡᠳᠭᠡᠯ᠎ᠢ ᠭᠦᠢ᠍ᠴᠡᠳᠭᠡᠬᠦ ᠬᠡᠷᠡᠭᠲᠡᠢ᠃
      ᠬᠤᠷᠢᠨ ᠬᠤᠶᠠᠳᠤᠭ᠋ᠠᠷ ᠵᠦᠢ᠍ᠯ     ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠠᠳᠠᠯᠢ ᠱᠠᠲᠤᠨ᠎ᠤ ᠨᠠᠮ᠎ᠤᠨ ᠬᠤᠷᠢᠶ᠎ᠠ ᠵᠢᠨ ᠭᠡᠰᠢᠭᠦᠨ᠂ ᠤᠷᠤᠯᠠᠬ᠍ᠴᠢ ᠭᠡᠰᠢᠭᠦᠨ᠂ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠡᠭᠭᠤ ᠵᠢᠨ ᠭᠡᠰᠢᠭᠦᠨ᠂ ᠬᠢᠨᠠᠨ ᠪᠠᠶ᠋ᠢᠴᠠᠭ᠋ᠠᠬᠤ ᠵᠦᠪᠯᠡᠯ᠎ᠤᠨ ᠭᠡᠰᠢᠭᠦᠨ᠂ ᠵᠢᠴᠢ ᠬᠠᠷᠢᠶᠠᠯᠠᠬᠳᠠᠬᠤ ᠭᠠᠵᠠᠷ ᠤᠷᠤᠨ᠂ ᠰᠠᠠᠯᠭ᠎ᠠ ᠮᠦᠴᠢᠷ᠂ ᠪᠠᠶ᠋ᠢᠭᠤᠯᠭ᠎ᠠ ᠨᠢᠭᠡᠴᠢ ᠵᠢᠨ ᠭᠤᠤᠯ ᠬᠠᠷᠢᠭᠤᠴᠠᠯᠭ᠋ᠠᠲᠠᠨ᠎ᠤ ᠲᠤᠬᠠᠢ ᠲᠤᠰᠬᠠᠭᠰᠠᠠ ᠠᠰᠠᠭᠤᠳᠠᠯ᠎ᠤᠨ ᠰᠦᠪᠡᠭᠴᠢ ᠪᠤᠯᠤᠨ ᠰᠦᠪᠡᠭᠴᠢ ᠵᠢ ᠰᠢᠢ᠍ᠳᠪᠦᠷᠢᠯᠡᠭᠰᠡᠨ ᠪᠠᠶ᠋ᠢᠳᠠᠯ᠎ᠢ ᠴᠠᠭ ᠲᠤᠬᠠᠢ᠎ᠳᠤᠨᠢ ᠳᠡᠭᠡᠳᠦ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠳᠤ ᠮᠡᠳᠡᠭᠦᠯᠬᠦ ᠬᠡᠷᠡᠭᠲᠡᠢ᠃
      ᠬᠤᠷᠢᠨ ᠭᠤᠷᠪᠠᠳᠤᠭ᠋ᠠᠷ ᠵᠦᠢ᠍ᠯ     ᠬᠡᠷᠡᠭ᠎ᠢ ᠬᠢᠨᠠᠯᠲᠠ ᠲᠠᠯᠪᠢᠨ ᠬᠠᠮᠢᠶᠠᠷᠬᠤ ᠰᠠᠯᠠᠭ᠎ᠠ ᠮᠦᠴᠢᠷ ᠠᠰᠠᠭᠤᠳᠠᠯ᠎ᠤᠨ ᠰᠦᠪᠡᠭᠴᠢ᠎ᠳᠤ ᠲᠦᠪᠯᠡᠷᠡᠭᠦᠯᠦᠨ ᠬᠠᠮᠢᠶᠠᠷᠬᠤ᠂ ᠬᠦᠳᠡᠯᠦᠩᠭᠦᠢ᠎ᠪᠠᠷ ᠰᠢᠨᠡᠳᠭᠡᠬᠦ᠂ ᠲᠤᠬᠲᠠᠬᠰᠠᠨ ᠬᠤᠭᠤᠴᠠᠭ᠎ᠠ᠎ᠲᠠᠢ᠎ᠪᠠᠷ ᠬᠤᠷᠢᠶᠠᠩᠭᠤᠢ᠌ᠢ᠍ᠯᠠᠨ ᠬᠠᠷᠭᠤᠭᠤᠯᠬᠤ ᠵᠢ ᠬᠡᠷᠡᠭᠵᠢᠭᠦᠯᠵᠦ᠂ ᠬᠤᠪᠢᠶᠠᠨ ᠰᠢᠢ᠍ᠳᠪᠦᠷᠢᠯᠡᠬᠦ ᠰᠠᠨᠠᠯ᠎ᠢ ᠳᠤᠷᠠᠳᠴᠤ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠭᠤᠤᠯ ᠬᠠᠷᠢᠭᠤᠴᠠᠯᠭ᠋ᠠᠲᠠᠨ᠎ᠳᠤ ᠮᠡᠳᠡᠭᠦᠯᠦᠨ ᠵᠦᠪᠰᠢᠶᠡᠷᠡᠭᠦᠯᠵᠦ᠂ ᠵᠢᠷᠤᠮ ᠳᠠᠷᠠᠭ᠋ᠠᠯᠠᠯ ᠶᠤᠰᠤᠭ᠋ᠠᠷ ᠳᠠᠭ᠋ᠠᠭ᠋ᠠᠴᠢᠯᠠᠨ ᠰᠢᠢ᠍ᠳᠪᠦᠷᠢᠯᠡᠬᠦ ᠰᠠᠯᠠᠭ᠎ᠠ ᠮᠦᠴᠢᠷ᠎ᠲᠤ ᠰᠢᠯᠵᠢᠭᠦᠯᠦᠨ ᠬᠦᠷᠭᠡᠬᠦ ᠬᠡᠷᠡᠭᠲᠡᠢ᠃ ᠳᠠᠭ᠋ᠠᠭ᠋ᠠᠴᠢᠯᠠᠨ ᠰᠢᠢ᠍ᠳᠪᠦᠷᠢᠯᠡᠬᠦ ᠰᠠᠯᠠᠭ᠎ᠠ ᠮᠦᠴᠢᠷ᠎ᠠᠴᠠ ᠲᠤᠰᠬᠠᠢ ᠬᠦᠮᠦᠨ᠎ᠢ ᠲᠤᠬᠲᠠᠭ᠋ᠠᠨ ᠠᠰᠠᠭᠤᠳᠠᠯ᠎ᠤᠨ ᠰᠦᠪᠡᠭᠴᠢ ᠵᠢ ᠬᠠᠮᠢᠶᠠᠷᠬᠤ ᠵᠢ ᠬᠠᠷᠢᠭᠤᠴᠠᠭᠤᠯᠵᠤ᠂ ᠬᠡᠷᠡᠭ᠎ᠢ ᠨᠢᠭᠡᠳ ᠨᠢᠭᠡ᠎ᠪᠠᠷ ᠳ᠋ᠤᠭ᠋ᠠᠷᠯᠠᠨ ᠳᠠᠩᠰᠠᠯᠠᠵᠤ᠂ ᠬᠠᠮᠢᠶᠠᠷᠤᠯᠲᠠ ᠵᠢᠨ ᠡᠬᠡ ᠳᠠᠩᠰᠠ ᠵᠢ ᠪᠠᠶ᠋ᠢᠭᠤᠯᠬᠤ ᠬᠡᠷᠡᠭᠲᠡᠢ᠃ ᠰᠦᠪᠡᠭᠴᠢ ᠵᠢ ᠬᠠᠮᠢᠶᠠᠷᠤᠨ ᠰᠢᠢ᠍ᠳᠪᠦᠷᠢᠯᠡᠬᠦ ᠡᠯ᠎ᠠ ᠭᠤᠬ᠍ᠴᠤᠭ᠎ᠠ᠎ᠳᠤ ᠭᠠᠷᠳᠠᠨ ᠭᠦᠢ᠍ᠴᠡᠳᠭᠡᠭᠴᠢ᠎ᠠᠴᠠ ᠭᠠᠷ᠎ᠤᠨ ᠦᠰᠦᠭ ᠵᠢᠷᠤᠵᠤ᠂ ᠪᠦᠬᠦ ᠶᠠᠪᠤᠴᠠ ᠵᠢ ᠳᠠᠩᠰᠠᠯᠠᠵᠤ ᠪᠠᠶ᠋ᠢᠴᠠᠭ᠋ᠠᠬᠤ᠎ᠳᠤ ᠪᠡᠯᠡᠳᠭᠡᠬᠦ ᠬᠡᠷᠡᠭᠲᠡᠢ᠃
      ᠬᠤᠷᠢᠨ ᠳᠦᠷᠪᠡᠳᠦᠭᠡᠷ ᠵᠦᠢ᠍ᠯ     ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠠᠵᠢᠯ᠎ᠤᠨ ᠬᠡᠷᠡᠭᠴᠡᠭᠡ ᠱᠠᠭ᠋ᠠᠷᠳᠠᠯᠭ᠎ᠠ᠎ᠪᠠᠨ ᠦᠨᠳᠦᠰᠦᠯᠡᠨ᠂ ᠲᠤᠬᠲᠠᠬᠰᠠᠨ ᠬᠤᠭᠤᠴᠠᠭ᠎ᠠ᠎ᠲᠠᠢ᠎ᠪᠠᠷ ᠲᠤᠰᠬᠠᠢ ᠰᠡᠳᠦᠪᠲᠦ ᠬᠤᠷᠠᠯ᠎ᠢ ᠬᠤᠷᠠᠯᠳᠤᠭᠤᠯᠵᠤ᠂ ᠠᠰᠠᠭᠤᠳᠠᠯ᠎ᠤᠨ ᠰᠦᠪᠡᠭᠴᠢ ᠵᠢᠨ ᠶᠡᠷᠦᠩᠬᠡᠶ᠋ᠢᠯᠡᠭᠰᠡᠡ ᠪᠠᠶ᠋ᠢᠳᠠᠯ᠎ᠤᠨ ᠲᠤᠬᠠᠢ ᠮᠡᠳᠡᠭᠦᠯᠦᠯᠲᠡ ᠵᠢ ᠰᠤᠨᠤᠰᠴᠤ᠂ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠵᠤ᠂ ᠴᠢᠬᠤᠯᠠ ᠪᠦᠬᠦᠢ ᠢᠯᠡᠴᠢᠯᠡᠨ ᠵᠠᠭ᠋ᠠᠯᠳᠤᠬᠰᠠᠨ ᠬᠡᠷᠡᠭ ᠶᠠᠪᠤᠳᠠᠯ ᠪᠤᠯᠤᠨ ᠲᠤᠰᠬᠠᠬᠰᠠᠨ ᠠᠰᠠᠭᠤᠳᠠᠯ ᠲᠦᠪᠯᠡᠷᠡᠩᠭᠦᠢ ᠪᠠᠶ᠋ᠢᠭ᠎ᠠ ᠬᠦᠷᠢᠶᠡᠨ᠎ᠳᠤ ᠭᠦᠨᠵᠡᠭᠡᠢ ᠰᠤᠳᠤᠯᠤᠯᠲᠠ ᠬᠢᠵᠦ᠂ ᠰᠢᠢ᠍ᠳᠪᠦᠷᠢᠯᠡᠬᠦ ᠱᠠᠭ᠋ᠠᠷᠳᠠᠯᠭ᠎ᠠ ᠵᠢ ᠳᠤᠷᠠᠳᠴᠤ᠂ ᠬᠡᠷᠡᠭ ᠪᠦᠷᠢ ᠵᠢ ᠰᠢᠢ᠍ᠳᠪᠦᠷᠢᠯᠡᠯᠲᠡ᠎ᠲᠠᠢ ᠪᠤᠯᠭ᠋ᠠᠬᠤ ᠬᠡᠷᠡᠭᠲᠡᠢ᠃
      ᠬᠤᠷᠢᠨ ᠲᠠᠪᠤᠳᠤᠭ᠋ᠠᠷ ᠵᠦᠢ᠍ᠯ     ᠳᠠᠭ᠋ᠠᠭ᠋ᠠᠴᠢᠯᠠᠨ ᠰᠢᠢ᠍ᠳᠪᠦᠷᠢᠯᠡᠬᠦ ᠰᠠᠯᠠᠭ᠎ᠠ ᠮᠦᠴᠢᠷ ᠰᠢᠢ᠍ᠳᠪᠦᠷᠢᠯᠡᠭᠰᠡᠨ ᠰᠦᠪᠡᠭᠴᠢ ᠵᠢ ᠳᠠᠩᠰᠠᠯᠠᠬᠤ ᠠᠵᠢᠯ᠎ᠢ ᠰᠠᠶ᠋ᠢᠲᠤᠷ ᠬᠢᠵᠦ᠂ ᠳᠠᠩᠰᠠᠯᠠᠬᠰᠠᠨ ᠮᠠᠲᠧᠷᠢᠶᠠᠯ᠎ᠢ ᠪᠦᠷᠢᠨ ᠲᠡᠭᠦᠯᠳᠡᠷ ᠪᠠᠶ᠋ᠢᠯᠭ᠋ᠠᠵᠤ᠂ ᠤᠳᠤᠷᠢᠳᠤᠯᠭ᠎ᠠ ᠵᠢᠨ ᠴᠤᠬᠤᠯᠠᠪᠤᠷᠢ ᠦᠭᠭᠦ ᠪᠤᠯᠤᠨ ᠰᠢᠢ᠍ᠳᠪᠦᠷᠢᠯᠡᠭᠰᠡᠡ ᠶᠠᠪᠤᠴᠠ ᠵᠢ ᠲᠤᠲᠤᠷᠬᠠᠢ ᠲᠡᠮᠲᠡᠭᠯᠡᠬᠦ ᠬᠡᠷᠡᠭᠲᠡᠢ᠃ ᠬᠡᠷᠡᠭ᠎ᠢ ᠬᠢᠨᠠᠯᠲᠠ ᠲᠠᠯᠪᠢᠨ ᠬᠠᠮᠢᠶᠠᠷᠬᠤ ᠰᠠᠯᠠᠭ᠎ᠠ ᠮᠦᠴᠢᠷ ᠲᠤᠭᠲᠠᠭᠰᠠᠠ ᠬᠤᠭᠤᠴᠠᠭ᠎ᠠ᠎ᠲᠠᠢ᠎ᠪᠠᠷ ᠬᠤᠷᠢᠶᠠᠩᠭᠤᠢ᠌ᠢ᠍ᠯᠠᠨ᠂ ᠠᠰᠠᠭᠤᠳᠠᠯ᠎ᠤᠨ ᠰᠦᠪᠡᠭᠴᠢ ᠵᠢᠴᠢ ᠰᠢᠢ᠍ᠳᠪᠦᠷᠢᠯᠡᠭᠰᠡᠨ ᠪᠠᠶ᠋ᠢᠳᠠᠯ᠎ᠢ ᠬᠠᠷᠭᠤᠭᠤᠯᠵᠤ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠭᠤᠤᠯ ᠬᠠᠷᠢᠭᠤᠴᠠᠯᠭ᠋ᠠᠲᠠᠨ᠎ᠳᠤ ᠮᠡᠳᠡᠭᠦᠯᠤᠯᠲᠠ ᠬᠢᠬᠦ ᠵᠢᠨ ᠬᠠᠮᠲᠤ ᠬᠤᠯᠪᠤᠬᠳᠠᠯ ᠪᠦᠬᠦᠢ ᠰᠠᠯᠠᠭ᠎ᠠ ᠮᠦᠴᠢᠷ᠎ᠲᠤ ᠵᠠᠷᠯᠠᠬᠤ ᠬᠡᠷᠡᠭᠲᠡᠢ᠃
      ᠲᠠᠪᠤᠳᠤᠭ᠋ᠠᠷ ᠪᠦᠯᠦᠭ     ᠶᠠᠷᠢᠯᠴᠠᠬᠤ ᠪᠠ ᠵᠠᠬᠢᠳᠡᠯ ᠵᠶ᠋ᠠᠷ ᠠᠰᠠᠭᠤᠬᠤ
      ᠬᠤᠷᠢᠨ ᠵᠢᠷᠭᠤᠳᠤᠭ᠋ᠠᠷ ᠵᠦᠢ᠍ᠯ     ᠡᠯ᠎ᠡ ᠱᠠᠳᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠲᠤᠭᠤᠢ᠌ᠯᠠᠩ) ᠪᠡ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ ᠨᠠᠮ᠎ᠤᠨ ᠲᠤᠳᠤᠭ᠋ᠠᠳᠤ ᠵᠢᠨ ᠤᠯᠤᠰ ᠲᠦᠷᠦ ᠵᠢᠨ ᠠᠮᠢᠳᠤᠷᠠᠯ᠎ᠢ ᠴᠢᠩᠭ᠋ᠠᠳᠬᠠᠬᠤ ᠪᠡ ᠵᠢᠷᠤᠮᠵᠢᠭᠤᠯᠬᠤ ᠵᠢ ᠠᠬᠢᠭᠤᠯᠬᠤ ᠵᠤᠬᠢᠰᠳᠠᠢ᠂ ᠰᠢᠭᠦᠮᠵᠢᠯᠡᠯ ᠪᠡ ᠦᠪᠡᠷ᠎ᠤᠨ ᠰᠢᠭᠦᠮᠵᠢᠯᠡᠯ ᠬᠢᠬᠦ ᠡᠨᠡ ᠬᠦ᠌ ᠵᠡᠪᠰᠡᠭ᠎ᠢ ᠰᠠᠶ᠋ᠢᠲᠤᠷ ᠠᠳᠬᠤᠵᠤ᠂ ᠴᠠᠭ ᠲᠤᠬᠠᠢ᠎ᠳᠤᠨᠢ ᠶᠠᠷᠢᠯᠴᠠᠵᠤ ᠰᠠᠨᠠᠭᠤᠯᠬᠤ᠂ ᠪᠤᠯᠵᠤᠨ ᠶᠠᠷᠢᠯᠴᠠᠬᠤ᠂ ᠵᠠᠬᠢᠳᠡᠯ ᠵᠶ᠋ᠠᠷ ᠠᠰᠠᠭᠤᠬᠤ ᠠᠵᠢᠯ᠎ᠢ ᠬᠢᠵᠤ᠂ ᠨᠠᠮ᠎ᠤᠨ ᠬᠡᠰᠢᠭᠦᠨ᠂ ᠺᠡᠳ᠋ᠷ ᠵᠢᠴᠢ ᠬᠢᠨᠡᠨ ᠪᠠᠶ᠋ᠢᠴᠠᠭ᠋ᠠᠭᠲᠠᠬᠤ ᠡᠳᠡᠭᠡᠳ ᠨᠠᠮ᠎ᠤᠨ ᠲᠤᠬᠠᠢ ᠤᠢ᠌ᠯᠠᠭ᠋ᠠᠭᠲᠠᠬᠤᠨ ᠪᠡ ᠰᠠᠬᠢᠯᠭ᠎ᠠ ᠪᠠᠳᠤ ᠵᠢᠨ ᠤᠬᠠᠮᠰᠠᠷ᠎ᠢ ᠴᠢᠩᠭ᠋ᠠᠳᠬᠠᠬᠤ ᠬᠡᠷᠡᠭᠲᠡᠢ᠃
      ᠬᠤᠷᠢᠨ ᠲᠤᠯᠤᠳᠤᠭ᠋ᠠᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ᠎ᠬᠢᠨ ᠶᠠᠷᠢᠯᠴᠠᠵᠤ ᠵᠠᠬᠢᠳᠡᠯ ᠵᠶ᠋ᠠᠷ ᠠᠰᠠᠭᠤᠬᠤ ᠠᠷᠭ᠎ᠠ ᠬᠡᠯᠪᠡᠷᠢ᠎ᠪᠠᠷ ᠠᠰᠠᠭᠤᠳᠠᠯ᠎ᠤᠨ ᠰᠦᠪᠡᠭᠴᠢ ᠵᠢ ᠰᠢᠢ᠍ᠳᠪᠦᠷᠢᠯᠡᠭᠦ᠎ᠳᠤ᠂ ᠶᠠᠷᠢᠯᠴᠠᠬᠤ᠂ ᠵᠠᠬᠢᠳᠡᠯ ᠵᠶ᠋ᠠᠷ ᠠᠰᠠᠭᠤᠬᠤ ᠵᠢ ᠮᠡᠳᠡᠭᠦᠯᠦᠨ ᠵᠦᠪᠰᠢᠶᠡᠷᠡᠭᠦᠯᠬᠦ ᠵᠢᠭ᠋ᠠᠪᠤᠷᠢ ᠠᠪᠬᠤ ᠨᠤᠤᠷᠠᠭ ᠭᠠᠷᠭ᠋ᠠᠵᠤ᠂ ᠶᠠᠷᠢᠯᠴᠠᠬᠤ ᠲᠦᠰᠦᠯ ᠪᠡ ᠬᠠᠮᠢᠶ᠎ᠠ ᠪᠦᠭᠦᠢ ᠠᠵᠢᠯ᠎ᠤᠨ ᠪᠡᠯᠡᠳᠭᠡᠯ ᠲᠦᠰᠦᠪ᠎ᠢ ᠲᠤᠭᠤᠷᠪᠢᠵᠤ᠂ ᠵᠢᠷᠤᠮ ᠲᠠᠷᠠᠭ᠋ᠠᠯᠠᠯ ᠶᠤᠰᠤᠭ᠋ᠠᠷ ᠮᠡᠳᠡᠭᠦᠯᠦᠨ ᠵᠦᠪᠰᠢᠶᠡᠷᠡᠭᠦᠯᠭᠦ ᠬᠡᠷᠡᠭᠲᠡᠢ᠃ ᠲᠤᠤᠷ᠎ᠠ ᠨᠢᠭᠡ ᠱᠠᠳᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠲᠤᠭᠤᠢ᠌ᠯᠠᠩ)᠎ᠤᠨ ᠭᠤᠤᠯ ᠬᠠᠷᠢᠭᠤᠴᠠᠯᠭ᠋ᠠᠳᠡᠨ᠎ᠲᠠᠢ ᠶᠠᠷᠢᠯᠴᠠᠬᠤ᠂ ᠵᠠᠬᠢᠳᠡᠯ ᠵᠶ᠋ᠠᠷ ᠠᠰᠠᠭᠤᠬᠤ ᠴᠢᠬᠤᠯᠠᠳᠠᠢ ᠪᠤᠯ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠭᠤᠤᠯ ᠬᠠᠷᠢᠭᠤᠴᠠᠯᠭ᠋ᠠᠳᠠᠨ᠎ᠳᠤ ᠮᠡᠳᠡᠭᠦᠯᠵᠤ ᠵᠦᠪᠰᠢᠶᠡᠷᠡᠭᠦᠯᠭᠦ ᠬᠡᠷᠡᠭᠲᠡᠢ᠂ ᠴᠢᠬᠤᠯᠡᠲᠠᠢ ᠦᠶ᠎ᠡ᠎ᠳᠤ ᠠᠳᠠᠯᠢ ᠱᠠᠳᠤᠨ᠎ᠤ ᠨᠠᠮ᠎ᠤᠨ ᠬᠤᠷᠢᠶ᠎ᠠ ᠵᠢᠨ ᠭᠤᠤᠯ ᠬᠠᠷᠢᠭᠤᠴᠠᠯᠭ᠋ᠠᠳᠠᠨ᠎ᠳᠤ ᠮᠡᠳᠡᠭᠦᠯᠦᠯᠲᠡ ᠬᠢᠬᠦ ᠬᠡᠷᠡᠭᠲᠡᠢ᠃
      ᠬᠤᠷᠢᠨ ᠨᠠᠢ᠍ᠮᠠᠳᠤᠭ᠋ᠠᠷ ᠵᠦᠢ᠍ᠯ     ᠶᠠᠷᠢᠯᠴᠠᠬᠤ ᠵᠢ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠠᠮᠢᠶ᠎ᠡ ᠪᠦᠭᠦᠢ ᠬᠠᠷᠢᠭᠤᠴᠠᠯᠭ᠋ᠠᠳᠠᠨ ᠪᠤᠶᠤ ᠲᠠᠭ᠋ᠠᠭ᠋ᠠᠴᠢᠯᠠᠨ ᠰᠢᠢ᠍ᠳᠪᠦᠷᠢᠯᠡᠬᠦ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ ᠶᠠᠪᠤᠭᠳᠠᠭᠤᠯᠬᠤ ᠬᠡᠷᠡᠭᠲᠡᠢ᠂ ᠶᠠᠷᠢᠯᠴᠠᠭᠲᠠᠬᠤ ᠡᠲᠡᠭᠡᠳ᠎ᠤᠨ ᠪᠠᠶ᠋ᠢᠭ᠎ᠠ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠲᠤᠭᠤᠢ᠌ᠯᠠᠩ)᠂ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠬᠢᠨᠡᠨ ᠪᠠᠶ᠋ᠢᠴᠠᠭ᠋ᠠᠬᠤ ᠵᠦᠪᠯᠡᠯ (ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠲᠤᠭᠤᠢ᠌ᠯᠠᠩ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠠᠵᠢᠯᠯᠠᠬᠤ ᠬᠤᠷᠢᠶ᠎ᠠ) ᠵᠢᠨ ᠬᠠᠮᠢᠶ᠎ᠠ ᠪᠦᠭᠦᠢ ᠬᠠᠷᠢᠭᠤᠴᠠᠯᠭ᠋ᠠᠳᠠᠨ ᠵᠶ᠋ᠠᠷ ᠪᠠᠷ᠎ᠠ ᠪᠤᠯᠭ᠋ᠠᠵᠤ ᠪᠤᠯᠤᠨ᠎ᠡ; ᠵᠦᠪᠰᠢᠶᠡᠷᠡᠯ ᠤᠯᠤᠭᠰᠠᠠ᠎ᠤ ᠲᠠᠷᠠᠭ᠎ᠠ ᠪᠡᠰᠡ ᠶᠠᠷᠢᠯᠴᠠᠭᠲᠠᠬᠤ ᠡᠲᠡᠭᠡᠳ᠎ᠤᠨ ᠪᠠᠶ᠋ᠢᠭ᠎ᠠ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠲᠤᠭᠤᠢ᠌ᠯᠠᠩ)᠎ᠤᠨ ᠭᠤᠤᠯ ᠬᠠᠷᠢᠭᠤᠴᠠᠯᠭ᠋ᠠᠳᠠᠨ᠎ᠢ ᠨᠠᠶ᠋ᠢᠳᠠᠵᠤ ᠶᠠᠪᠤᠭᠳᠠᠭᠤᠯᠵᠤ ᠪᠤᠯᠤᠨ᠎ᠡ᠃
      ᠶᠠᠷᠢᠯᠴᠠᠬᠤ ᠵᠢ ᠠᠮᠤᠷ ᠲᠦᠪᠰᠢᠨ᠎ᠢ ᠪᠠᠳᠤᠯᠠᠬᠤ ᠨᠦᠭᠦᠴᠡᠯ᠎ᠲᠠᠢ ᠲᠠᠯᠠᠪᠤᠷ᠎ᠲᠤ ᠶᠠᠪᠤᠭᠳᠠᠭᠤᠯᠬᠤ ᠬᠡᠷᠡᠭᠲᠡᠢ᠃ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠶᠠᠷᠢᠯᠴᠠᠪᠠᠯ᠂ ᠶᠠᠷᠢᠯᠴᠠᠭ᠋ᠠᠨ᠎ᠤ ᠲᠡᠮᠳᠡᠭᠯᠡᠯ ᠬᠢᠵᠤ᠂ ᠶᠠᠷᠢᠯᠴᠠᠭᠰᠠᠠ᠎ᠤ ᠲᠠᠷᠠᠭ᠎ᠠ ᠪᠠᠶ᠋ᠢᠳᠠᠯ᠎ᠢ ᠦᠵᠡᠵᠤ ᠪᠠᠶ᠋ᠢᠭ᠋ᠠᠳ ᠶᠠᠷᠢᠯᠴᠠᠭᠲᠠᠭᠰᠠᠠ ᠡᠲᠡᠭᠡᠳ ᠵᠶ᠋ᠠᠷ ᠪᠢᠴᠢᠭ ᠵᠶ᠋ᠠᠷ ᠲᠤᠳᠤᠷᠬᠠᠢ᠌ᠯᠠᠯᠳᠡ ᠬᠢᠯᠭᠡᠵᠤ ᠪᠤᠯᠤᠨ᠎ᠠ᠃
      ᠬᠤᠷᠢ ᠶᠢᠰᠦᠳᠦᠭᠡᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ ᠵᠠᠬᠢᠳᠡᠯ ᠵᠶ᠋ᠠᠷ ᠠᠰᠠᠭᠤᠬᠤ᠎ᠳᠤ ᠠᠯᠪᠡᠨ ᠲᠢᠩᠬᠢᠮ (ᠠᠯᠪᠠᠨ ᠭᠡᠷ)᠎ᠤᠨ ᠨᠡᠷ᠎ᠡ᠎ᠪᠠᠷ ᠠᠰᠠᠭᠤᠲᠠᠯ ᠲᠤᠰᠬᠠᠬᠳᠠᠬᠰᠡᠨ ᠬᠦᠮᠦᠨ᠎ᠳᠤ ᠵᠠᠬᠢᠳᠡᠯ ᠶᠠᠪᠤᠭᠤᠯᠬᠤ ᠪᠦᠭᠡᠳ ᠲᠡᠭᠦᠨ᠎ᠤ ᠪᠠᠶ᠋ᠢᠭ᠎ᠠ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠲᠤᠭᠤᠢ᠌ᠯᠠᠩ) ᠪᠡ ᠲᠤᠮᠢᠯᠠᠨ ᠰᠠᠭᠤᠯᠭ᠋ᠠᠭᠰᠠᠠ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠲᠤᠭᠤᠢ᠌ᠯᠠᠩ᠎ᠤᠨ ᠭᠤᠤᠯ ᠬᠠᠷᠢᠭᠤᠴᠠᠯᠭ᠋ᠠᠳᠡᠨ᠎ᠳᠤ ᠬᠠᠭᠤᠯᠤᠨ ᠭᠦᠷᠭᠡᠭᠦ ᠬᠡᠷᠡᠭᠲᠡᠢ᠃ ᠵᠠᠬᠢᠳᠠᠯ ᠵᠶ᠋ᠠᠷ ᠠᠰᠠᠭᠤᠬᠳᠠᠬᠰᠡᠨ ᠬᠦᠮᠦᠨ ᠵᠠᠬᠢᠳᠡᠯ᠎ᠢ ᠤᠯᠤᠬᠰᠡᠨ᠎ᠤ ᠲᠠᠷᠠᠭ᠎ᠠ 15 ᠠᠵᠢᠯᠯᠠᠬᠤ ᠡᠳᠤᠷ᠎ᠤᠨ ᠲᠤᠳᠤᠷ᠎ᠠ ᠲᠤᠳᠤᠷᠬᠠᠢ᠌ᠯᠠᠯᠳᠡ ᠵᠢᠨ ᠮᠠᠲᠸᠷᠢᠶᠠᠯ ᠪᠢᠴᠢᠵᠤ᠂ ᠲᠡᠭᠦᠨ᠎ᠤ ᠪᠠᠶ᠋ᠢᠭ᠎ᠠ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠲᠤᠭᠤᠢ᠌ᠯᠠᠩ) ᠵᠢᠨ ᠭᠤᠤᠯ ᠬᠠᠷᠢᠭᠤᠴᠠᠯᠭ᠋ᠠᠳᠡᠨ ᠭᠠᠷ᠎ᠤᠨ ᠦᠰᠦᠭ ᠵᠢᠷᠤᠵᠤ ᠰᠠᠨᠠᠯ ᠵᠶ᠋ᠠᠨ ᠪᠢᠴᠢᠭᠰᠡᠨ᠎ᠤ ᠲᠠᠷᠠᠭ᠎ᠠ ᠵᠠᠬᠢᠳᠡᠯ ᠶᠠᠪᠤᠭᠤᠯᠵᠤ ᠬᠠᠷᠢᠭᠤ ᠦᠭᠭᠦ ᠬᠡᠷᠡᠭᠲᠡᠢ᠃
      ᠵᠠᠬᠢᠳᠡᠯ ᠵᠶ᠋ᠠᠷ ᠠᠰᠠᠭᠤᠬᠳᠠᠬᠰᠡᠡ ᠬᠦᠮᠦᠨ᠎ᠨᠢ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠲᠤᠭᠤᠢ᠌ᠯᠠᠩ)᠎ᠤᠨ ᠭᠤᠤᠯ ᠬᠠᠷᠢᠭᠤᠴᠠᠯᠭ᠋ᠠᠳᠡᠨ ᠪᠤᠯᠬᠤ ᠪᠤᠶᠤ ᠵᠠᠬᠢᠳᠡᠯ ᠵᠶ᠋ᠠᠷ ᠠᠰᠠᠭᠤᠬᠳᠠᠬᠰᠡᠨ ᠬᠦᠮᠦᠨ᠎ᠤ ᠬᠢᠭᠰᠡᠨ ᠲᠤᠳᠤᠷᠬᠠᠢ᠌ᠯᠠᠯᠳᠡ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠲᠤᠭᠤᠢ᠌ᠯᠠᠩ) ᠵᠢᠨ ᠭᠤᠤᠯ ᠬᠠᠷᠢᠭᠤᠴᠠᠯᠭ᠋ᠠᠳᠡᠨ᠎ᠲᠠᠢ ᠬᠤᠯᠪᠤᠭᠳᠠᠭᠰᠠᠠ ᠪᠠᠶ᠋ᠢᠪᠠᠯ᠂ ᠰᠢᠭᠤᠳ ᠵᠠᠬᠢᠳᠡᠯ ᠢᠯᠡᠭᠡᠵᠤ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ᠎ᠳᠤ ᠬᠠᠷᠢᠭᠤ ᠦᠭᠭᠦ ᠬᠡᠷᠡᠭᠲᠡᠢ᠃
      ᠭᠤᠴᠢᠳᠤᠭ᠋ᠠᠷ ᠵᠦᠢ᠍ᠯ     ᠲᠠᠭ᠋ᠠᠭ᠋ᠠᠴᠢᠯᠠᠨ ᠰᠢᠢ᠍ᠳᠪᠦᠷᠢᠯᠡᠬᠦ ᠰᠠᠯᠠᠭ᠎ᠠ ᠮᠦᠴᠢᠷ᠎ᠤᠨ᠎ᠬᠢᠨ ᠶᠠᠷᠢᠯᠴᠠᠵᠤ ᠪᠠᠷᠠᠭᠰᠠᠠ ᠪᠤᠶᠤ ᠵᠠᠬᠢᠳᠡᠯ ᠵᠶ᠋ᠠᠷ ᠠᠰᠠᠭᠤᠬᠰᠡᠨ᠎ᠢ ᠬᠠᠷᠢᠭᠤ ᠦᠭᠭᠦᠭᠰᠡᠡ ᠵᠠᠬᠢᠲᠠᠯ᠎ᠢ ᠭᠦᠯᠢᠶᠡᠵᠤ ᠠᠪᠤᠬᠰᠡᠨ 1 ᠰᠠᠷ᠎ᠡ ᠵᠢᠨ ᠲᠤᠳᠤᠷ᠎ᠠ ᠪᠠᠶ᠋ᠢᠳᠠᠯ᠎ᠤᠨ ᠲᠤᠬᠠᠢ ᠮᠡᠳᠡᠭᠦᠯᠦᠯᠳᠡ ᠪᠡ ᠰᠢᠢ᠍ᠳᠪᠦᠷᠢᠯᠡᠭᠦ ᠰᠠᠨᠠᠯ ᠪᠢᠴᠢᠵᠤ᠂ ᠵᠢᠷᠤᠮ ᠲᠠᠷᠠᠭ᠋ᠠᠯᠠᠯ ᠶᠤᠰᠤᠭ᠋ᠠᠷ ᠮᠡᠳᠡᠭᠦᠯᠦᠨ ᠵᠦᠪᠰᠢᠶᠡᠷᠡᠭᠦᠯᠭᠦ ᠬᠡᠷᠡᠭᠲᠡᠢ᠃ ᠠᠳᠠᠯᠢ ᠪᠤᠰᠤ ᠪᠠᠶ᠋ᠢᠳᠠᠯ᠎ᠢ ᠦᠨᠳᠦᠰᠦᠯᠡᠵᠤ ᠵᠤᠬᠢᠴᠠᠩᠭᠤᠢ᠎ᠪᠠᠷ ᠰᠢᠢ᠍ᠳᠪᠦᠷᠢᠯᠡᠬᠦ ᠬᠡᠷᠡᠭᠲᠡᠢ᠄
     (ᠨᠢᠭᠡ) ᠲᠤᠰᠬᠠᠭᠰᠠᠠ ᠪᠠᠶ᠋ᠢᠲᠠᠯ᠎ᠨᠢ ᠦᠨᠡᠨ ᠪᠤᠳᠠᠳᠠᠢ ᠪᠢᠰᠢ ᠪᠤᠶᠤ ᠠᠰᠠᠭᠤᠳᠠᠯ᠎ᠢ ᠭᠡᠷᠡᠴᠢᠯᠡᠬᠦ ᠭᠡᠷᠡᠴᠢ ᠪᠡᠷᠢᠮᠳᠡ ᠦᠭᠡᠢ ᠪᠤᠯ᠂ ᠵᠠᠬᠢᠲᠠᠯ᠎ᠢ ᠬᠤᠷᠢᠶᠠᠨ ᠤᠯᠤᠭᠰᠠᠠ ᠵᠶ᠋ᠠᠷ ᠲᠠᠷᠤᠢ ᠲᠠᠭᠤᠰᠬᠠᠵᠤ᠂ ᠵᠠᠬᠢᠳᠡᠯ ᠵᠶ᠋ᠠᠷ ᠠᠰᠠᠭᠤᠬᠳᠠᠬᠰᠡᠨ ᠬᠦᠮᠦᠨ᠎ᠳᠤ ᠵᠠᠬᠢᠳᠡᠯ ᠢᠯᠡᠭᠡᠵᠤ ᠬᠠᠷᠢᠭᠤ ᠲᠤᠰᠬᠠᠨ᠎ᠡ᠃
     (ᠬᠤᠶᠠᠷ) ᠠᠰᠠᠭᠤᠳᠠᠯ᠎ᠨᠢ ᠭᠦᠩᠭᠡᠨ᠂ ᠰᠠᠬᠢᠯᠭ᠎ᠠ ᠪᠠᠳᠤ ᠵᠢᠨ ᠬᠠᠷᠢᠭᠤᠴᠠᠯᠭ᠎ᠠ ᠨᠡᠭᠡᠮᠵᠢᠯᠡᠭᠦ ᠴᠢᠬᠤᠯᠡ ᠦᠭᠡᠢ ᠪᠤᠯ᠂ ᠶᠠᠷᠢᠯᠴᠠᠵᠤ ᠰᠠᠨᠠᠭᠤᠯᠬᠤ᠂ ᠰᠢᠭᠦᠮᠵᠢᠯᠡᠨ ᠰᠤᠷᠭ᠋ᠠᠬᠤ᠂ ᠵᠠᠷᠯᠢᠬᠳᠠᠵᠤ ᠪᠠᠶ᠋ᠢᠴᠠᠭ᠋ᠠᠯᠭ᠋ᠠᠬᠤ᠂ ᠰᠡᠷᠡᠮᠵᠢᠯᠡᠭᠦᠯᠦᠨ ᠶᠠᠷᠢᠯᠴᠠᠬᠤ ᠵᠡᠷᠭᠡ ᠠᠷᠭ᠎ᠠ ᠬᠡᠯᠪᠡᠷᠢ ᠵᠢ ᠠᠪᠤᠨ᠎ᠠ᠃
     (ᠭᠤᠷᠪᠡ) ᠲᠤᠰᠬᠠᠬᠰᠡᠨ ᠠᠰᠠᠭᠤᠳᠠᠯ᠎ᠨᠢ ᠨᠡᠯᠢᠶᠡᠳ ᠪᠤᠳᠠᠳᠠᠢ᠂ ᠭᠡᠪᠡᠴᠤ ᠲᠤᠰᠬᠠᠬᠳᠠᠬᠰᠡᠨ ᠬᠦᠮᠦᠨ᠎ᠳᠤ ᠦᠭᠡᠶ᠋ᠢᠰᠭᠡᠭᠳᠡᠭᠰᠡᠨ ᠪᠤᠯᠪᠠᠴᠤ ᠦᠭᠡᠶ᠋ᠢᠰᠭᠡᠭᠦ ᠰᠢᠯᠳᠠᠭ᠋ᠠᠨ᠎ᠨᠢ ᠭᠦᠢ᠍ᠴᠡᠳ ᠪᠤᠰᠤ᠂ ᠪᠤᠳᠠᠳᠠᠢ ᠪᠢᠰᠢ᠂ ᠡᠰᠡᠭᠦᠯ᠎ᠡ ᠲᠤᠪᠤᠶ᠋ᠢᠮ᠎ᠡ ᠠᠰᠠᠭᠤᠳᠠᠯ ᠤᠷᠤᠰᠢᠵᠤ ᠪᠠᠶ᠋ᠢᠬᠤ ᠵᠢ ᠲᠤᠳᠤᠷᠬᠠᠢ᠌ᠯᠠᠬᠰᠡᠨ ᠪᠤᠯ᠂ ᠡᠩ᠎ᠤᠨ ᠪᠠᠶ᠋ᠢᠲᠠᠯ ᠲᠤᠤᠷ᠎ᠠ ᠲᠠᠬᠢᠨᠳᠡ ᠶᠠᠷᠢᠯᠴᠠᠬᠤ ᠪᠤᠶᠤ ᠵᠠᠬᠢᠳᠡᠯ ᠵᠶ᠋ᠠᠷ ᠠᠰᠠᠭᠤᠨ᠎ᠡ; ᠲᠤᠰᠬᠠᠬᠳᠠᠬᠰᠡᠨ ᠬᠦᠮᠦᠨ ᠰᠠᠬᠢᠯᠭ᠎ᠠ ᠪᠠᠳᠤ ᠵᠢ ᠵᠦᠷᠢᠴᠡᠭᠰᠡᠨ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ ᠵᠢ ᠵᠦᠷᠢᠴᠡᠭᠰᠡᠨ᠂ ᠲᠤᠰᠢᠶᠠᠯ᠎ᠤᠨ ᠶᠠᠯᠠᠲᠦ ᠠᠵᠢᠯᠯᠠᠭ᠎ᠠ ᠬᠢᠭᠰᠡᠡ ᠰᠡᠵᠢᠭᠯᠡᠯ᠎ᠲᠠᠢ ᠠᠰᠠᠭᠤᠳᠠᠯ᠎ᠲᠠᠢ ᠪᠠᠶ᠋ᠢᠵᠤ ᠰᠠᠬᠢᠯᠭ᠎ᠠ ᠪᠠᠲᠦ ᠪᠤᠯᠤᠨ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ ᠪᠠᠶ᠋ᠢᠪᠠᠯ᠂ ᠠᠩᠬ᠎ᠠ ᠠᠯᠬᠤᠮ᠎ᠤᠨ ᠬᠠᠷᠭᠤᠭᠤᠯᠤᠨ ᠲᠤᠳᠤᠯᠠᠭᠰᠠᠠ ᠰᠠᠨᠠᠯ᠎ᠢ ᠲᠤᠷᠠᠳᠬᠤ ᠬᠡᠷᠡᠭᠲᠡᠢ᠃
     (ᠲᠦᠷᠪᠡ) ᠭᠦᠳᠭᠡᠨ ᠭᠦᠵᠢᠷᠯᠡᠭᠰᠡᠳ᠂ ᠳᠦᠷᠢᠮ ᠲᠤᠭᠳᠠᠭ᠋ᠠᠯ ᠶᠤᠰᠤᠭ᠋ᠠᠷ ᠰᠠᠬᠢᠯᠭ᠎ᠠ ᠪᠠᠳᠤ ᠶᠤᠰᠤᠭ᠋ᠠᠷ ᠬᠠᠤᠯᠢ ᠶᠤᠰᠤᠭ᠋ᠠᠷ ᠪᠠᠶ᠋ᠢᠴᠠᠭ᠋ᠠᠨ ᠰᠢᠳᠭᠡᠬᠦ ᠬᠡᠷᠡᠭᠲᠡᠢ᠃
ᠴᠢᠬᠤᠯᠠᠲᠠᠢ ᠦᠶ᠎ᠡ᠎ᠳᠤ ᠲᠤᠰᠬᠠᠬᠳᠠᠬᠰᠡᠨ ᠬᠦᠮᠦᠨ᠎ᠲᠠᠢ ᠶᠠᠷᠢᠯᠴᠠᠬᠰᠡᠨ ᠪᠡ ᠵᠠᠬᠢᠳᠡᠯ ᠵᠶ᠋ᠠᠷ ᠠᠰᠠᠭᠤᠬᠰᠡᠨ ᠲᠤᠳᠤᠷᠬᠠᠢ᠌ᠯᠠᠯᠳᠡᠨ ᠵᠢᠨ ᠪᠠᠶ᠋ᠢᠳᠠᠯ᠎ᠢ ᠰᠤᠭᠤᠴᠢᠨ ᠪᠠᠶ᠋ᠢᠴᠠᠭ᠋ᠠᠵᠤ ᠬᠠᠷᠭᠤᠭᠤᠯᠤᠨ ᠲᠤᠳᠤᠯᠡᠵᠤ ᠪᠤᠯᠤᠨ᠎ᠠ᠃
      ᠶᠠᠷᠢᠯᠴᠠᠬᠤ᠂ ᠵᠠᠬᠢᠳᠠᠯ ᠵᠶ᠋ᠠᠷ ᠠᠰᠠᠭᠤᠭᠰᠠᠠ ᠮᠠᠲᠧᠷᠢᠶᠠᠯ᠎ᠢ ᠴᠢᠭᠡᠴᠢ ᠵᠠᠰᠠᠭ᠎ᠤᠨ ᠲᠠᠩᠰᠡ ᠡᠪᠭᠡᠮᠡᠯ᠎ᠳᠤ ᠤᠷᠤᠭᠤᠯᠤᠨ ᠬᠠᠳᠠᠭ᠋ᠠᠯᠠᠬᠤ ᠵᠤᠬᠢᠰᠳᠠᠢ᠃
      ᠭᠤᠴᠢᠨ ᠨᠢᠭᠡᠳᠦᠭᠡᠷ ᠵᠦᠢ᠍ᠯ     ᠶᠠᠷᠢᠯᠴᠠᠵᠤ ᠵᠠᠬᠢᠳᠡᠯ ᠵᠶ᠋ᠠᠷ ᠠᠰᠠᠭᠤᠬᠳᠠᠬᠰᠡᠨ ᠨᠠᠮ᠎ᠤᠨ ᠬᠡᠰᠢᠭᠦᠨ ᠺᠡᠳ᠋ᠷ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠂ ᠵᠤᠬᠢᠶᠡᠨ ᠪᠠᠶ᠋ᠢᠭᠤᠯᠤᠯᠳ ᠵᠢᠨ ᠠᠮᠢᠳᠤᠷᠠᠯ᠎ᠤᠨ ᠬᠤᠷᠠᠯ ᠲᠡᠭᠡᠷ᠎ᠡ ᠲᠤᠰ ᠵᠢᠯ᠎ᠤᠨ ᠪᠤᠶᠤ ᠲᠡᠭᠡᠷ᠎ᠡ ᠵᠢᠯ᠎ᠤᠨ ᠶᠠᠷᠢᠯᠴᠠᠵᠤ ᠵᠠᠬᠢᠳᠡᠯ ᠵᠶ᠋ᠠᠷ ᠠᠰᠠᠭᠤᠭᠲᠠᠭᠰᠠᠠ ᠠᠰᠠᠭᠤᠳᠠᠯ᠎ᠤᠨ ᠲᠤᠬᠠᠢ᠎ᠪᠠᠨ ᠲᠤᠳᠤᠷᠬᠠᠢ᠌ᠯᠠᠯᠳᠡ ᠬᠢᠵᠤ᠂ ᠵᠤᠬᠢᠶᠡᠨ ᠪᠠᠶ᠋ᠢᠭᠤᠯᠤᠯᠳᠡ᠎ᠠᠴᠠ ᠵᠠᠬᠢᠲᠠᠯ᠎ᠢ ᠬᠤᠷᠢᠶᠠᠨ ᠤᠯᠤᠭᠰᠠᠠ ᠵᠶ᠋ᠠᠷ ᠲᠠᠷᠤᠢ ᠲᠠᠭᠤᠰᠬᠠᠭᠰᠠᠠ ᠵᠶ᠋ᠠᠷ ᠰᠢᠢ᠍ᠳᠪᠦᠷᠢᠯᠡᠭᠰᠡᠡ ᠲᠤᠬᠠᠢ ᠲᠤᠲᠤᠷᠬᠠᠢ᠌ᠯᠠᠬᠤ ᠬᠡᠷᠡᠭᠲᠡᠢ; ᠰᠠᠬᠢᠯᠭ᠎ᠠ ᠪᠠᠳᠤ᠎ᠠᠴᠠ ᠵᠦᠷᠢᠴᠡᠭᠰᠡᠨ ᠠᠰᠠᠭᠤᠳᠠᠯ ᠤᠷᠤᠰᠢᠵᠤ ᠪᠠᠶ᠋ᠢᠪᠠᠯ᠂ ᠦᠪᠡᠷ᠎ᠤᠨ ᠰᠢᠭᠦᠮᠵᠢᠯᠡᠯ ᠬᠢᠵᠤ᠂ ᠪᠠᠶ᠋ᠢᠴᠠᠭ᠋ᠠᠯᠲᠠ ᠬᠢᠬᠦ ᠬᠡᠷᠡᠭᠲᠡᠢ᠃
      ᠵᠢᠷᠭᠤᠳᠤᠭ᠋ᠠᠷ ᠪᠦᠯᠦᠭ     ᠠᠩᠬ᠎ᠠ ᠠᠯᠬᠤᠮ ᠬᠠᠷᠭᠤᠭᠤᠯᠤᠨ ᠲᠤᠳᠤᠯᠠᠬᠤ
      ᠭᠤᠴᠢᠨ ᠬᠤᠶᠠᠳᠤᠭ᠋ᠠᠷ ᠵᠦᠢ᠍ᠯ     ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠲᠤᠭᠤᠢ᠌ᠯᠠᠩ)᠂ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠠ ᠬᠢᠨᠡᠨ ᠪᠠᠶ᠋ᠢᠴᠠᠭ᠋ᠠᠬᠤ ᠵᠦᠪᠯᠡᠯ (ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠲᠤᠭᠤᠢ᠌ᠯᠠᠩ) ᠪᠠᠶ᠋ᠢᠴᠠᠭ᠋ᠠᠬᠤ ᠴᠢᠬᠤᠯᠠᠲᠠᠢ ᠰᠠᠬᠢᠯᠭ᠎ᠠ ᠪᠠᠳᠤ᠎ᠠᠴᠠ ᠵᠦᠷᠢᠴᠡᠭᠰᠡᠡ ᠪᠤᠶᠤ ᠲᠤᠰᠢᠶᠠᠯ᠎ᠤᠨ ᠶᠠᠯᠠᠲᠦ ᠬᠢᠭᠦ ᠠᠵᠢᠯᠯᠠᠭ᠎ᠠ ᠬᠢᠭᠰᠡᠡ ᠰᠡᠵᠢᠭᠯᠡᠯ᠎ᠲᠠᠢ ᠠᠰᠠᠭᠤᠳᠠᠯ᠎ᠤᠨ ᠰᠦᠪᠡᠭᠴᠢ ᠵᠢ ᠯᠠᠪᠳᠠᠭᠤᠨ ᠪᠠᠳᠤᠳᠠᠢ᠎ᠪᠠᠷ ᠠᠩᠬ᠎ᠠ ᠠᠯᠬᠤᠮ᠎ᠤᠨ ᠬᠠᠷᠭᠤᠭᠤᠯᠤᠨ ᠲᠤᠳᠤᠯᠠᠬᠤ ᠠᠵᠢᠯ ᠦᠷᠨᠢᠭᠦᠯᠵᠤ᠂ ᠪᠤᠰᠤᠳᠴᠢ ᠴᠢᠨᠠᠷᠳᠠᠢ ᠭᠡᠷᠡᠴᠢ ᠪᠡᠷᠢᠮᠳᠡ ᠴᠤᠭᠯᠠᠭᠤᠯᠵᠤ᠂ ᠦᠨᠠᠨ ᠪᠤᠳᠠᠳᠦ ᠴᠢᠨᠠᠷ ᠪᠡ ᠤᠨᠤᠪᠴᠢᠳᠦ ᠴᠢᠨᠠᠷ᠎ᠢ ᠪᠠᠳᠤᠯᠠᠬᠤ ᠬᠡᠷᠡᠭᠲᠡᠢ᠃
      ᠭᠤᠴᠢᠨ ᠭᠤᠷᠪᠠᠳᠤᠭ᠋ᠠᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ᠎ᠬᠢᠨ ᠠᠩᠬ᠎ᠠ ᠠᠯᠬᠤᠮ ᠬᠠᠷᠭᠤᠭᠤᠯᠤᠨ ᠲᠤᠳᠤᠯᠠᠬᠤ ᠠᠷᠭ᠎ᠠ ᠬᠡᠯᠪᠡᠷᠢ᠎ᠪᠠᠷ ᠠᠰᠠᠭᠤᠳᠠᠯ᠎ᠤᠨ ᠰᠦᠪᠡᠭᠴᠢ ᠵᠢ ᠰᠢᠢ᠍ᠳᠪᠦᠷᠢᠯᠡᠭᠦ᠎ᠳᠤ᠂ ᠠᠵᠢᠯ᠎ᠤᠨ ᠲᠦᠰᠦᠯ᠎ᠢ ᠲᠤᠭᠳᠠᠭ᠋ᠠᠵᠤ᠂ ᠬᠠᠷᠭᠤᠭᠤᠯᠤᠨ ᠪᠠᠶ᠋ᠢᠴᠠᠭ᠋ᠠᠬᠤ ᠲᠤᠭᠤᠢ᠌ᠯᠠᠩ ᠪᠠᠶ᠋ᠢᠭᠤᠯᠵᠤ᠂ ᠬᠢᠨᠡᠨ ᠵᠦᠪᠰᠢᠶᠡᠷᠡᠭᠦᠯᠭᠦ ᠵᠢᠷᠤᠮ ᠲᠠᠷᠠᠭ᠋ᠠᠯᠠᠯ ᠵᠶ᠋ᠠᠷ ᠭᠦᠢ᠍ᠴᠡᠳᠭᠡᠬᠦ ᠬᠡᠷᠡᠭᠲᠡᠢ᠃ ᠬᠠᠷᠭᠤᠭᠤᠯᠤᠨ ᠪᠠᠶ᠋ᠢᠴᠠᠭ᠋ᠠᠬᠳᠠᠬᠤ ᠬᠦᠮᠦᠨ᠎ᠨᠢ ᠬᠡᠷᠪᠡ ᠲᠤᠤᠷ᠎ᠠ ᠨᠢᠭᠡ ᠱᠠᠳᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠲᠤᠭᠤᠢ᠌ᠯᠠᠩ) ᠵᠢᠨ ᠭᠤᠤᠯ ᠬᠠᠷᠢᠭᠤᠴᠠᠯᠭ᠋ᠠᠳᠡᠨ ᠪᠠᠶ᠋ᠢᠪᠠᠯ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ᠎ᠬᠢᠨ ᠠᠳᠠᠯᠢ ᠱᠠᠳᠤᠨ᠎ᠤ ᠨᠠᠮ᠎ᠤᠨ ᠬᠤᠷᠢᠶ᠎ᠠ ᠵᠢᠨ ᠭᠤᠤᠯ ᠬᠠᠷᠢᠭᠤᠴᠠᠯᠭ᠋ᠠᠳᠡᠨ᠎ᠳᠤ ᠮᠡᠳᠡᠭᠦᠯᠵᠤ ᠵᠦᠪᠰᠢᠶᠡᠷᠡᠭᠦᠯᠬᠦ ᠬᠡᠷᠡᠭᠲᠡᠢ᠃
      ᠭᠤᠴᠢᠨ ᠲᠦᠷᠪᠡᠳᠦᠭᠡᠷ ᠵᠦᠢ᠍ᠯ     ᠬᠠᠷᠭᠤᠭᠤᠯᠤᠨ ᠪᠠᠶ᠋ᠢᠴᠠᠭ᠋ᠠᠬᠤ ᠲᠤᠭᠤᠢ᠌ᠯᠠᠩ ᠵᠦᠪᠰᠢᠶᠡᠷᠡᠯ ᠤᠯᠤᠭᠰᠠᠠ᠎ᠤ ᠲᠠᠷᠠᠭ᠎ᠠ ᠴᠢᠬᠤᠯᠠ ᠪᠦᠭᠦᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠭᠡᠷᠡᠴᠢ ᠪᠡᠷᠢᠮᠳᠡ ᠴᠤᠭᠯᠠᠭᠤᠯᠵᠤ᠂ ᠬᠠᠮᠢᠶ᠎ᠠ ᠪᠦᠭᠦᠢ ᠬᠦᠮᠦᠰ᠎ᠲᠠᠢ ᠶᠠᠷᠢᠯᠴᠠᠵᠤ ᠪᠠᠶ᠋ᠢᠳᠠᠯ᠎ᠢ ᠦᠢ᠍ᠯᠠᠭ᠋ᠠᠵᠤ᠂ ᠬᠠᠮᠢᠶ᠎ᠡ ᠪᠦᠭᠦᠢ ᠵᠤᠬᠢᠶᠡᠨ ᠪᠠᠶ᠋ᠢᠭᠤᠯᠤᠯᠳᠡ᠎ᠪᠠᠷ ᠲᠤᠳᠤᠷᠬᠠᠢ᠌ᠢ᠍ᠯᠠᠯᠳᠡ ᠬᠢᠯᠭᠡᠭᠦ ᠵᠢ ᠱᠠᠭ᠋ᠠᠷᠳᠠᠵᠤ᠂ ᠬᠤᠪᠢ ᠬᠦᠮᠦᠨ᠎ᠤ ᠬᠠᠮᠢᠶ᠎ᠡ ᠪᠦᠭᠦᠢ ᠤᠴᠢᠷ ᠶᠠᠪᠤᠳᠠᠯ᠎ᠤᠨ ᠮᠡᠳᠡᠭᠦᠯᠦᠯᠳᠡ ᠵᠢ ᠭᠠᠷᠭ᠋ᠠᠨ ᠠᠪᠴᠤ᠂ ᠪᠠᠭᠤᠯᠭ᠋ᠠᠨ ᠠᠪᠤᠬᠰᠡᠨ ᠪᠢᠴᠢᠭ ᠮᠠᠲᠸᠷᠢᠶᠠᠯ᠂ ᠲᠡᠩᠰᠠ᠂ ᠲᠡᠩᠰᠠ ᠡᠪᠭᠡᠮᠡᠯ ᠵᠡᠷᠭᠡ ᠮᠠᠲᠸᠷᠢᠶᠠᠯ᠎ᠢ ᠪᠠᠶ᠋ᠢᠴᠠᠭ᠋ᠠᠨ ᠦᠵᠡᠵᠤ᠂ ᠡᠳ᠋ ᠭᠦᠷᠦᠩᠭᠡ ᠵᠢᠨ ᠪᠠᠶ᠋ᠢᠳᠠᠯ ᠪᠡ ᠬᠠᠮᠢᠶ᠎ᠡ ᠪᠦᠭᠦᠢ ᠮᠡᠳᠡᠭᠡ ᠵᠠᠩᠬᠢ ᠵᠢ ᠪᠠᠶ᠋ᠢᠴᠠᠭ᠋ᠠᠨ ᠬᠠᠷᠭᠤᠭᠤᠯᠵᠤ᠂ ᠬᠢᠨᠠᠨ ᠲᠤᠭᠳᠠᠭ᠋ᠠᠬᠤ ᠰᠢᠯᠭ᠋ᠠᠨ ᠪᠠᠶ᠋ᠢᠴᠠᠭ᠋ᠠᠬᠤ ᠵᠢ ᠬᠢᠵᠤ ᠪᠤᠯᠤᠨ᠎ᠠ᠃ ᠬᠠᠷᠭᠤᠭᠤᠯᠤᠨ ᠪᠠᠶ᠋ᠢᠴᠠᠭ᠋ᠠᠬᠳᠠᠬᠰᠡᠨ ᠬᠦᠮᠦᠨ ᠵᠢᠴᠢ ᠬᠠᠮᠢᠶ᠎ᠡ ᠪᠦᠭᠦᠢ ᠬᠦᠮᠦᠨ᠎ᠤ ᠰᠠᠨᠠᠭ᠋ᠠᠴᠢᠯᠠᠭ᠎ᠠ᠎ᠠᠴᠠ᠎ᠪᠠᠨ ᠲᠡᠭᠡᠭᠰᠢ ᠲᠤᠰᠢᠶᠠᠬᠰᠡᠨ ᠵᠤᠭᠤᠰ ᠪᠤᠳᠠᠰ᠎ᠢ ᠬᠠᠷᠭᠤᠭᠤᠯᠤᠨ ᠪᠠᠶ᠋ᠢᠴᠠᠭ᠋ᠠᠬᠤ ᠲᠤᠭᠤᠢ᠌ᠢ᠍ᠯᠠᠩ᠎ᠤᠨ᠎ᠬᠢᠨ ᠲᠦᠷ ᠦᠯᠡᠳᠡᠭᠡᠵᠤ ᠠᠪᠬᠤ ᠬᠡᠷᠡᠭᠲᠡᠢ᠃
      ᠮᠡᠷᠭᠡᠵᠢᠯ ᠵᠶ᠋ᠠᠷ ᠪᠠᠶ᠋ᠢᠴᠠᠭ᠋ᠠᠬᠤ ᠪᠤᠶᠤ ᠬᠢᠯᠢ᠎ᠠᠴᠠ ᠭᠠᠷᠬᠤ ᠵᠢ ᠬᠢᠵᠠᠭ᠋ᠠᠷᠯᠠᠬᠤ ᠠᠷᠭ᠎ᠠ ᠪᠠᠷᠢᠯ᠎ᠢ ᠭᠡᠷᠭᠡᠯᠡᠭᠦ ᠴᠢᠬᠤᠯᠠᠳᠠᠢ ᠪᠤᠯ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ᠎ᠬᠢᠨ ᠬᠢᠨᠡᠨ ᠵᠦᠪᠰᠢᠶᠡᠷᠡᠭᠦ ᠭᠠᠷᠳᠠᠮ ᠭᠦᠢ᠍ᠴᠡᠳᠭᠡᠬᠦ ᠵᠢ ᠴᠢᠩᠭ᠎ᠠ ᠭᠡᠷᠡᠭᠵᠢᠭᠦᠯᠵᠤ᠂ ᠬᠠᠮᠢᠶ᠎ᠡ ᠪᠦᠭᠦᠢ ᠪᠠᠶ᠋ᠢᠭᠤᠯᠭ᠎ᠠ᠎ᠳᠤ ᠲᠤᠰᠢᠶᠠᠵᠤ ᠭᠡᠷᠡᠭᠵᠢᠭᠦᠯᠦᠬᠦᠯᠬᠦ ᠬᠡᠷᠡᠭᠲᠡᠢ᠃

      ᠭᠤᠴᠢᠨ ᠲᠠᠪᠤᠳᠤᠭ᠋ᠠᠷ ᠵᠦᠢ᠍ᠯ     ᠠᠩᠬ᠎ᠠ ᠠᠯᠬᠤᠮ᠎ᠤᠨ ᠬᠠᠷᠭᠤᠭᠤᠯᠤᠨ ᠪᠠᠶ᠋ᠢᠴᠠᠭ᠋ᠠᠬᠤ ᠠᠵᠢᠯ ᠲᠠᠭᠤᠰᠤᠬᠰᠡᠨ᠎ᠤ ᠲᠠᠷᠠᠭ᠎ᠠ᠂ ᠬᠠᠷᠭᠤᠭᠤᠯᠤᠨ ᠪᠠᠶ᠋ᠢᠴᠠᠭ᠋ᠠᠬᠤ ᠲᠤᠭᠤᠢ᠌ᠯᠠᠩ ᠠᠩᠬ᠎ᠠ ᠠᠯᠬᠤᠮ᠎ᠤᠨ ᠬᠠᠷᠭᠤᠭᠤᠯᠤᠨ ᠪᠠᠶ᠋ᠢᠴᠠᠭ᠋ᠠᠭᠰᠠᠠ ᠪᠠᠶ᠋ᠢᠳᠠᠯ᠎ᠤᠨ ᠮᠡᠳᠡᠬᠦᠯᠦᠯᠳᠠ ᠵᠢ ᠲᠤᠭᠤᠷᠪᠢᠨ ᠪᠢᠴᠢᠵᠤ᠂ ᠪᠠᠶ᠋ᠢᠴᠠᠭ᠋ᠠᠭᠳᠠᠭᠰᠠᠠ ᠬᠦᠮᠦᠨ᠎ᠤ ᠦᠨᠳᠦᠰᠦᠨ ᠪᠠᠶ᠋ᠢᠳᠠᠯ᠂ ᠲᠡᠭᠦᠨ᠎ᠤ ᠲᠤᠬᠠᠢ ᠲᠤᠰᠬᠠᠬᠰᠡᠨ ᠭᠤᠤᠯ ᠠᠰᠠᠭᠤᠳᠠᠯ᠂ ᠰᠢᠢ᠍ᠳᠪᠤᠷᠢᠯᠡᠬᠦ ᠦᠨᠳᠦᠰᠦᠯᠡᠯ ᠵᠢᠴᠢ ᠠᠩᠬ᠎ᠠ ᠠᠯᠬᠤᠮ᠎ᠤᠨ ᠬᠠᠷᠭᠤᠭᠤᠯᠤᠨ ᠪᠠᠶ᠋ᠢᠴᠠᠭ᠋ᠠᠭᠰᠠᠠ ᠦᠷ᠎ᠡ ᠳ᠋ᠦᠩ᠂ ᠤᠷᠤᠰᠢᠵᠤ ᠪᠠᠶ᠋ᠢᠭ᠎ᠠ ᠰᠡᠵᠢᠭ᠎ᠲᠠᠢ ᠵᠦᠢ᠍ᠯ᠂ ᠰᠢᠢ᠍ᠳᠪᠤᠷᠢᠯᠡᠬᠦ ᠰᠠᠨᠠᠭᠤᠯᠭ᠎ᠠ ᠵᠢ ᠲᠤᠳᠤᠷᠬᠠᠢ ᠵᠢᠬᠰᠠᠭ᠋ᠠᠵᠤ᠂ ᠬᠠᠷᠭᠤᠭᠤᠯᠤᠨ ᠪᠠᠶ᠋ᠢᠴᠠᠭ᠋ᠠᠬᠤ ᠲᠤᠭᠤᠢ᠌ᠢ᠍ᠯᠠᠩ᠎ᠤᠨ ᠪᠦᠬᠦ ᠠᠵᠢᠯᠳᠠᠨ᠎ᠠᠴᠠ ᠭᠠᠷ᠎ᠤᠨ ᠦᠰᠦᠭ ᠵᠢᠷᠤᠵᠤ ᠪᠠᠶ᠋ᠢᠴᠠᠭ᠋ᠠᠬᠤ᠎ᠳᠤ ᠪᠡᠯᠡᠳᠭᠡᠬᠦ ᠬᠡᠷᠡᠭᠲᠡᠢ᠃
ᠲᠠᠭ᠋ᠠᠭ᠋ᠠᠴᠢᠯᠡᠨ ᠰᠢᠢ᠍ᠳᠪᠦᠷᠢᠯᠡᠬᠦ ᠰᠠᠯᠠᠭ᠎ᠠ ᠮᠦᠴᠢᠷ ᠠᠩᠬ᠎ᠠ ᠠᠯᠬᠤᠮ᠎ᠤᠨ ᠬᠠᠷᠭᠤᠭᠤᠯᠤᠨ ᠪᠠᠶ᠋ᠢᠴᠠᠭ᠋ᠠᠭᠰᠠᠠ ᠪᠠᠶ᠋ᠢᠳᠠᠯ᠎ᠳᠤ ᠶᠡᠷᠤᠩᠭᠡᠶ᠋ᠢᠯᠡᠭᠰᠡᠨ ᠵᠠᠳᠠᠯᠤᠯᠳᠠ ᠬᠢᠵᠤ᠂ ᠬᠡᠷᠡᠭ ᠪᠤᠯᠭ᠋ᠠᠨ ᠲᠠᠩᠰᠠᠯᠠᠵᠤ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠭᠦ᠂ ᠲᠠᠭᠤᠰᠬᠠᠬᠤ᠂ ᠶᠠᠷᠢᠯᠴᠠᠵᠤ ᠰᠠᠨᠠᠭᠤᠯᠬᠤ᠂ ᠲᠦᠷ ᠬᠠᠳᠠᠭ᠋ᠠᠯᠠᠵᠤ ᠪᠠᠶ᠋ᠢᠴᠠᠭ᠋ᠠᠬᠤ᠎ᠪᠠᠷ ᠪᠡᠯᠡᠳᠭᠡᠬᠦ ᠪᠤᠶᠤ ᠬᠤᠯᠪᠤᠬᠳᠠᠯ ᠪᠦᠬᠦᠢ ᠨᠠᠮ᠎ᠤᠨ ᠵᠤᠬᠢᠶᠠᠨ ᠪᠠᠶ᠋ᠢᠭᠤᠯᠤᠯᠳᠠ᠎ᠳᠤ ᠰᠢᠯᠵᠢᠬᠦᠯᠦᠨ ᠬᠦᠷᠭᠡᠵᠤ ᠰᠢᠢ᠍ᠳᠪᠤᠷᠢᠯᠡᠬᠦᠯᠬᠦ ᠵᠡᠷᠭᠡ ᠠᠷᠭ᠎ᠠ᠎ᠪᠠᠷ ᠰᠢᠢ᠍ᠳᠪᠤᠷᠢᠯᠡᠬᠦ ᠰᠠᠨᠠᠭᠤᠯᠭ᠎ᠠ ᠲᠤᠷᠠᠳᠬᠤ ᠬᠡᠷᠡᠭᠳᠡᠢ᠃
      ᠠᠩᠬ᠎ᠠ ᠠᠯᠬᠤᠮ᠎ᠤᠨ ᠬᠠᠷᠭᠤᠭᠤᠯᠤᠨ ᠪᠠᠶ᠋ᠢᠴᠠᠭ᠋ᠠᠭᠰᠠᠠ ᠪᠠᠶ᠋ᠢᠳᠠᠯ᠎ᠤᠨ ᠲᠤᠬᠠᠢ ᠮᠡᠳᠡᠬᠦᠯᠦᠯᠳᠠ᠎ᠪᠠᠨ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠭᠤᠤᠯ ᠬᠠᠷᠢᠭᠤᠴᠠᠯᠭ᠋ᠠᠳᠠᠨ᠎ᠳᠤ ᠮᠡᠳᠡᠬᠦᠯᠦᠨ ᠬᠢᠨᠠᠨ ᠵᠦᠪᠰᠢᠶᠡᠷᠡᠬᠦᠯᠵᠤ᠂ ᠴᠢᠬᠤᠯᠠᠳᠠᠢ ᠦᠶ᠎ᠡ᠎ᠳᠤ ᠠᠳᠠᠯᠢ ᠱᠠᠳᠤᠨ᠎ᠤ ᠨᠠᠮ᠎ᠤᠨ ᠬᠤᠷᠢᠶᠠᠨ᠎ᠤ ᠭᠤᠤᠯ ᠬᠠᠷᠢᠭᠤᠴᠠᠭ᠋ᠠᠯᠳᠠᠨ᠎ᠳᠤ ᠮᠡᠳᠡᠬᠦᠯᠬᠦ ᠬᠡᠷᠡᠭᠳᠡᠢ᠃
      ᠲᠤᠯᠤᠳᠤᠭ᠋ᠠᠷ ᠪᠦᠯᠦᠭ     ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ
      ᠭᠤᠴᠢᠨ ᠵᠢᠷᠭᠤᠳᠤᠭ᠋ᠠᠷ ᠵᠦᠢ᠍ᠯ     ᠨᠠᠮ᠎ᠤᠨ ᠬᠤᠷᠢᠶ᠎ᠡ (ᠨᠠᠮ᠎ᠤᠨ ᠤᠳᠤᠷᠢᠳᠬᠤ ᠲᠤᠭᠤᠢ᠌ᠯᠠᠩ) ᠬᠠᠮᠢᠶᠠᠷᠤᠯᠳᠠ ᠵᠢᠨ ᠡᠷᠭᠡ ᠵᠢᠨ ᠬᠢᠵᠠᠭ᠋ᠠᠷᠯᠡᠯ ᠶᠤᠰᠤᠭ᠋ᠠᠷ ᠨᠠᠮ᠎ᠤᠨ ᠭᠡᠰᠢᠬᠦᠨ᠂ ᠺᠠᠳ᠋ᠷ ᠵᠢᠴᠢ ᠬᠢᠨᠠᠨ ᠪᠠᠶ᠋ᠢᠴᠠᠭ᠋ᠠᠬᠲᠠᠬᠤ ᠡᠳᠡᠭᠡᠳ᠎ᠤᠨ ᠰᠠᠬᠢᠯᠭ᠎ᠠ ᠪᠠᠳᠤ ᠵᠢ ᠬᠦᠨᠳᠤ ᠨᠤᠴᠢᠳᠠᠢ ᠵᠦᠷᠢᠴᠡᠭᠰᠡᠨ ᠪᠤᠶᠤ ᠲᠤᠰᠢᠶᠠᠯ ᠵᠶ᠋ᠠᠨ ᠠᠰᠢᠬᠯᠡᠨ ᠬᠠᠤᠯᠢ ᠵᠢ ᠵᠦᠷᠢᠴᠡᠭᠰᠡᠨ᠂ ᠲᠤᠰᠢᠶᠠᠯ᠎ᠤᠨ ᠶᠠᠯᠠᠲᠦ ᠠᠵᠢᠯᠯᠠᠭ᠎ᠠ ᠬᠢᠭᠰᠡᠨ ᠵᠶ᠋ᠠᠷ ᠰᠡᠵᠢᠭᠯᠡᠭᠳᠡᠭᠰᠡᠡ ᠠᠰᠠᠭᠤᠳᠠᠯ᠎ᠤᠨ ᠲᠤᠬᠠᠢ ᠬᠢᠨᠠᠨ ᠪᠠᠶ᠋ᠢᠴᠠᠭ᠋ᠠᠬᠤ ᠪᠠ ᠪᠠᠶ᠋ᠢᠴᠠᠭ᠋ᠠᠨ ᠰᠢᠢ᠍ᠳᠪᠤᠷᠢᠯᠡᠬᠦ ᠠᠵᠢᠯ᠎ᠢ ᠴᠢᠩᠭ᠋ᠠᠳᠬᠠᠵᠤ᠂ ᠴᠢᠬᠤᠯᠠ ᠶᠡᠭᠡ ᠬᠡᠷᠡᠭ᠎ᠤᠨ ᠪᠠᠶ᠋ᠢᠳᠠᠯ᠎ᠤᠨ ᠮᠡᠳᠡᠬᠦᠯᠦᠯᠳᠠ ᠵᠢ ᠲᠤᠬᠳᠠᠮᠠᠯ ᠬᠤᠭᠤᠴᠠᠭ᠎ᠠ᠎ᠲᠠᠢ᠎ᠪᠠᠷ ᠰᠤᠨᠤᠰᠴᠤ᠂ ᠢᠯᠵᠢᠷᠠᠯ᠎ᠢ ᠡᠰᠡᠷᠬᠦᠴᠡᠬᠦ ᠵᠤᠬᠢᠴᠠᠭᠤᠯᠬᠤ ᠪᠠᠶ᠋ᠢᠭᠤᠯᠤᠮᠵᠢ ᠵᠢᠨ ᠲᠤᠬᠳᠠᠴᠠ ᠵᠢᠨ ᠪᠠᠶ᠋ᠢᠭᠤᠯᠤᠯᠳᠠ ᠵᠢ ᠴᠢᠩᠭ᠋ᠠᠳᠬᠠᠵᠤ᠂ ᠡᠷᠡᠰ ᠭᠤᠶ᠋ᠢᠪᠢᠰᠢ ᠦᠭᠡᠢ᠂ ᠨᠠᠷᠢᠨ ᠤᠨᠤᠪᠴᠢᠲᠠᠢ ᠪᠦᠭᠡᠳ ᠡᠮᠬᠢ ᠵᠢᠷᠤᠮ᠎ᠲᠠᠢ᠎ᠪᠠᠷ ᠢᠯᠵᠢᠷᠠᠯ᠎ᠢ ᠵᠠᠯᠬᠠᠭ᠋ᠠᠨ ᠰᠢᠢ᠍ᠳᠭᠡᠬᠦ ᠬᠡᠷᠡᠭᠲᠡᠢ᠃
      ᠭᠤᠴᠢᠨ ᠲᠤᠯᠤᠳᠤᠭ᠋ᠠᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠠᠩᠬ᠎ᠠ ᠠᠯᠬᠤᠮ᠎ᠤᠨ ᠬᠠᠷᠭᠤᠭᠤᠯᠤᠨ ᠪᠠᠶ᠋ᠢᠴᠠᠭ᠋ᠠᠬᠤ᠎ᠪᠠᠷ ᠲᠠᠮᠵᠢᠨ ᠨᠠᠮ᠎ᠤᠨ ᠭᠡᠰᠢᠬᠦᠨ᠂ ᠺᠠᠳ᠋ᠷ ᠵᠢᠴᠢ ᠬᠢᠨᠠᠨ ᠪᠠᠶ᠋ᠢᠴᠠᠭ᠋ᠠᠭᠲᠠᠬᠤ ᠡᠳᠡᠭᠡᠳ᠎ᠤᠨ ᠰᠠᠬᠢᠯᠭ᠎ᠠ ᠪᠠᠳᠤ ᠵᠢ ᠵᠦᠷᠢᠴᠡᠭᠰᠡᠨ᠂ ᠲᠤᠰᠢᠶᠠᠯ ᠵᠶ᠋ᠠᠨ ᠠᠰᠢᠬᠯᠠᠨ ᠬᠠᠤᠯᠢ ᠵᠢ ᠵᠦᠷᠢᠴᠡᠭᠰᠡᠡ᠂ ᠲᠤᠰᠢᠶᠠᠯ᠎ᠤᠨ ᠶᠠᠯᠠᠲᠦ ᠠᠵᠢᠯᠯᠠᠭ᠎ᠠ ᠬᠢᠭᠰᠡᠡ ᠰᠡᠵᠢᠭᠯᠡᠯ᠎ᠲᠠᠢ ᠪᠠᠶ᠋ᠢᠵᠤ᠂ ᠰᠠᠬᠢᠯᠭ᠎ᠠ ᠪᠠᠲᠦ ᠵᠢᠨ ᠪᠠ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠨᠡᠭᠡᠮᠵᠢᠯᠡᠬᠦ ᠴᠢᠬᠤᠯᠠᠳᠠᠢ ᠪᠤᠯ ᠡᠷᠬᠡᠪᠰᠢ ᠬᠡᠷᠡᠭ ᠪᠤᠯᠭ᠋ᠠᠨ ᠲᠠᠩᠰᠠᠯᠠᠵᠤ ᠬᠢᠨᠠᠨ ᠪᠠᠶ᠋ᠢᠴᠠᠭ᠋ᠠᠬᠤ ᠬᠡᠷᠡᠭᠲᠡᠢ᠃
      ᠲᠡᠭᠡᠭᠰᠢ ᠮᠡᠳᠡᠭᠦᠯᠦᠨ ᠬᠡᠷᠡᠭ ᠪᠤᠯᠭ᠋ᠠᠨ ᠲᠠᠩᠰᠠᠯᠠᠭᠤᠯᠬᠤ᠎ᠪᠠᠷ ᠵᠦᠪᠰᠢᠶᠡᠷᠡᠬᠦᠯᠬᠦ᠎ᠳᠤ᠂ ᠲᠤᠬᠠᠢ ᠵᠢᠨ ᠬᠡᠷᠡᠭ᠎ᠨᠢ ᠰᠠᠬᠢᠯᠭ᠎ᠠ ᠪᠠᠳᠤ ᠵᠢ ᠵᠦᠷᠢᠴᠡᠭᠰᠡᠨ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ ᠵᠢ ᠵᠦᠷᠢᠴᠡᠭᠰᠡᠨ᠂ ᠲᠤᠰᠢᠶᠠᠯ᠎ᠤᠨ ᠶᠠᠯᠠᠲᠦ ᠠᠵᠢᠯᠯᠠᠭ᠎ᠠ ᠬᠢᠭᠰᠡᠨ ᠪᠤᠳᠠᠳᠤ ᠬᠡᠷᠡᠭ ᠪᠤᠯᠤᠨ ᠬᠡᠷᠠᠴᠢ ᠪᠠᠷᠢᠮᠳᠠ᠎ᠨᠤᠭᠤᠳ᠎ᠢ ᠨᠢᠭᠡᠨᠲᠡ ᠡᠵᠡᠮᠰᠢᠵᠤ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠨᠦᠬᠦᠴᠡᠯ᠎ᠢ ᠪᠦᠷᠢᠯᠳᠦᠭᠦᠯᠦᠭᠰᠡᠡ ᠪᠠᠶ᠋ᠢᠬᠤ ᠬᠡᠷᠡᠭᠲᠡᠢ᠃
      ᠭᠤᠴᠢᠨ ᠨᠠᠢ᠍ᠮᠠᠳᠤᠭ᠋ᠠᠷ ᠵᠦᠢ᠍ᠯ     ᠬᠡᠷᠡᠭ ᠪᠤᠯᠭ᠋ᠠᠨ ᠲᠠᠩᠰᠠᠯᠠᠭᠤᠯᠬᠤ ᠨᠦᠬᠦᠴᠡᠯ᠎ᠳᠤ ᠨᠠᠶ᠋ᠢᠴᠡᠭᠰᠡᠨ᠎ᠢ ᠲᠠᠭ᠋ᠠᠭ᠋ᠠᠴᠢᠯᠡᠨ ᠰᠢᠢ᠍ᠳᠪᠤᠷᠢᠯᠡᠬᠦ ᠰᠠᠯᠠᠭ᠎ᠠ ᠮᠦᠴᠢᠷ᠎ᠤᠨ᠎ᠬᠢᠨ ᠬᠡᠷᠡᠭ ᠪᠤᠯᠭ᠋ᠠᠨ ᠲᠠᠩᠰᠠᠯᠠᠵᠤ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠵᠢ ᠵᠦᠪᠰᠢᠶᠠᠷᠡᠬᠦᠯᠬᠦ ᠮᠡᠳᠡᠬᠦᠯᠦᠯᠳᠠ ᠵᠢ ᠲᠤᠭᠤᠷᠪᠢᠨ ᠪᠢᠴᠢᠵᠤ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ ᠵᠶ᠋ᠠᠷ ᠬᠢᠨᠠᠨ ᠵᠦᠪᠰᠢᠶᠠᠷᠡᠬᠦᠯᠦᠭᠰᠡᠡ᠎ᠤ ᠲᠠᠷᠠᠭ᠎ᠠ ᠠᠳᠠᠯᠢ ᠱᠠᠳᠤᠨ᠎ᠤ ᠨᠠᠮ᠎ᠤᠨ ᠬᠤᠷᠢᠶᠠᠨ᠎ᠤ ᠭᠤᠤᠯ ᠬᠠᠷᠢᠭᠤᠴᠠᠯᠭ᠋ᠠᠳᠠᠨ᠎ᠳᠤ ᠮᠡᠳᠡᠬᠦᠯᠦᠨ ᠵᠦᠪᠰᠢᠶᠡᠷᠡᠬᠦᠯᠵᠤ᠂ ᠬᠡᠷᠡᠭ ᠪᠤᠯᠭ᠋ᠠᠨ ᠲᠠᠩᠰᠠᠯᠠᠭᠤᠯᠵᠤ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠬᠡᠷᠡᠭᠲᠡᠢ᠃
      ᠬᠡᠷᠡᠭ ᠪᠤᠯᠭ᠋ᠠᠨ ᠲᠠᠩᠰᠠᠯᠠᠵᠤ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠭᠦ ᠰᠢᠢ᠍ᠳᠪᠤᠷᠢ ᠵᠢ ᠬᠢᠨᠠᠨ ᠪᠠᠶ᠋ᠢᠴᠠᠭ᠋ᠠᠭᠲᠠᠬᠤ ᠬᠦᠮᠦᠨ᠎ᠳᠤ ᠵᠠᠷᠯᠠᠬᠤ ᠪᠦᠭᠡᠳ ᠬᠢᠨᠠᠨ ᠪᠠᠶ᠋ᠢᠴᠠᠭ᠋ᠠᠭᠲᠠᠬᠤ ᠬᠦᠮᠦᠨ᠎ᠤ ᠪᠠᠶ᠋ᠢᠭ᠎ᠠ ᠨᠠᠮ᠎ᠤᠨ ᠬᠤᠷᠢᠶ᠎ᠡ (ᠨᠠᠮ᠎ᠤᠨ ᠤᠳᠤᠷᠢᠳᠬᠤ ᠲᠤᠭᠤᠢ᠌ᠢ᠍ᠯᠠᠩ) ᠵᠢᠨ ᠭᠤᠤᠯ ᠬᠠᠷᠢᠭᠤᠴᠠᠯᠭ᠋ᠠᠳᠠᠨ᠎ᠳᠤ ᠮᠡᠳᠡᠭᠳᠡᠬᠦ ᠬᠡᠷᠡᠭᠲᠡᠢ᠃
      ᠭᠤᠴᠢ ᠶᠢᠰᠦᠳᠦᠭᠡᠷ ᠵᠦᠢ᠍ᠯ     ᠰᠠᠬᠢᠯᠭ᠎ᠠ ᠪᠠᠳᠤ ᠵᠢ ᠬᠦᠨᠳᠦ ᠨᠤᠴᠢᠲᠠᠢ ᠵᠦᠷᠢᠴᠡᠭᠰᠡᠨ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ ᠵᠢ ᠵᠦᠷᠢᠴᠡᠭᠰᠡᠨ᠂ ᠲᠤᠰᠢᠶᠠᠯ᠎ᠤᠨ ᠶᠠᠯᠠᠲᠦ ᠠᠵᠢᠯᠯᠠᠭ᠎ᠠ ᠬᠢᠭᠰᠡᠨ ᠵᠶ᠋ᠠᠷ ᠰᠡᠵᠢᠭᠯᠡᠭᠳᠡᠭᠰᠡᠡ ᠬᠦᠮᠦᠨ᠎ᠢ ᠬᠡᠷᠡᠭ ᠪᠤᠯᠭ᠋ᠠᠨ ᠲᠠᠩᠰᠠᠯᠠᠵᠤ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ᠎ᠳᠤ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠭᠤᠤᠯ ᠬᠠᠷᠢᠭᠤᠴᠠᠯᠭ᠋ᠠᠳᠠᠨ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠤᠯᠪᠤᠬᠳᠠᠯ ᠪᠦᠬᠦᠢ ᠬᠠᠷᠢᠭᠤᠴᠠᠯᠭ᠋ᠠᠳᠠᠨ ᠤᠷᠤᠯᠴᠠᠬᠰᠡᠨ ᠲᠤᠰᠬᠠᠢ ᠰᠡᠳᠦᠪᠳᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠬᠢᠨᠡᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠲᠦᠰᠦᠯ᠎ᠢ ᠰᠤᠳᠤᠯᠵᠤ ᠵᠦᠪᠰᠢᠶᠡᠷᠡᠬᠦ ᠬᠡᠷᠡᠭᠲᠡᠢ᠃
      ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠡᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠤᠯᠪᠤᠬᠳᠠᠯ ᠪᠦᠬᠦᠢ ᠬᠠᠷᠢᠭᠤᠴᠠᠯᠭ᠋ᠠᠳᠠᠨ᠎ᠠᠴᠠ ᠵᠦᠪᠰᠢᠶᠡᠷᠡᠨ ᠬᠢᠨᠡᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠲᠤᠭᠤᠢ᠌ᠯᠠᠩ᠎ᠢ ᠪᠠᠶ᠋ᠢᠭᠤᠯᠵᠤ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠶᠠᠷᠢᠯᠴᠠᠬᠤ ᠲᠦᠰᠦᠯ᠂ ᠭᠠᠳᠠᠨᠠᠬᠢ ᠲᠠᠯ᠎ᠠ᠎ᠠᠴᠠ ᠪᠠᠶ᠋ᠢᠴᠠᠭ᠋ᠠᠬᠤ ᠲᠦᠰᠦᠯ᠎ᠢ ᠲᠤᠭᠲᠠᠭ᠋ᠠᠵᠤ᠂ ᠴᠢᠬᠤᠯᠠ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ᠂ ᠬᠡᠷᠡᠭ᠎ᠲᠤ ᠬᠤᠯᠪᠤᠬᠳᠠᠬᠰᠡᠨ ᠡᠳ᠋ ᠪᠤᠳᠠᠰ᠎ᠢ ᠪᠠᠶ᠋ᠢᠴᠠᠭ᠋ᠠᠨ ᠬᠤᠴᠤᠷᠭ᠋ᠠᠵᠤ ᠠᠪᠬᠤ ᠵᠡᠷᠭᠡ ᠶᠠᠪᠤᠳᠠᠯ᠎ᠤᠳ᠎ᠢ ᠵᠦᠪᠰᠢᠶᠡᠷᠡᠨ᠎ᠡ᠃
      ᠬᠢᠨᠠᠯᠳᠠ ᠲᠠᠯᠪᠢᠵᠤ ᠪᠠᠶ᠋ᠢᠴᠠᠭ᠋ᠠᠬᠤ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠶᠠᠷᠢᠯᠴᠠᠬᠤ ᠲᠦᠰᠦᠯ᠂ ᠭᠠᠳᠠᠨᠠᠬᠢ ᠲᠠᠯ᠎ᠠ᠎ᠠᠴᠠ ᠪᠠᠶ᠋ᠢᠴᠠᠭ᠋ᠠᠬᠤ ᠲᠦᠰᠦᠯ ᠪᠤᠯᠤᠨ ᠰᠢᠢ᠍ᠳᠪᠤᠷᠢᠯᠡᠬᠦ ᠰᠠᠨᠠᠯ᠎ᠤᠨ ᠲᠤᠬᠠᠢ ᠰᠠᠨᠠᠭᠤᠯᠭ᠎ᠠ ᠵᠢ ᠵᠤᠬᠢᠶᠠᠨ ᠪᠠᠶ᠋ᠢᠭᠤᠯᠤᠨ ᠰᠤᠳᠤᠯᠵᠤ᠂ ᠡᠩ᠎ᠤᠨ ᠮᠡᠳᠡᠭᠡ ᠵᠡᠩᠭᠢ ᠵᠢ ᠪᠠᠶ᠋ᠢᠴᠠᠭ᠋ᠠᠨ ᠯᠠᠪᠯᠠᠬᠤ ᠵᠢ ᠬᠢᠨᠡᠨ ᠵᠦᠪᠰᠢᠶᠡᠷᠡᠵᠤ᠂ ᠪᠠᠶ᠋ᠢᠴᠠᠭ᠋ᠠᠯᠳᠠ ᠬᠢᠵᠤ ᠬᠡᠷᠡᠴᠢ ᠴᠤᠬᠯᠠᠭᠤᠯᠬᠤ᠎ᠳᠤ ᠬᠢᠨᠠᠨ ᠬᠠᠷᠭᠤᠭᠤᠯᠬᠤ ᠪᠤᠭᠤᠮᠲᠠ ᠵᠢ ᠠᠳᠬᠤᠬᠤ ᠬᠡᠷᠡᠭᠲᠡᠢ᠃
      ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠲᠤᠭᠤᠢ᠌ᠢ᠍ᠯᠠᠩ᠎ᠤᠨ ᠲᠠᠷᠤᠭ᠎ᠠ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠲᠦᠰᠦᠯ᠎ᠢ ᠴᠢᠩᠭ᠎ᠠ ᠬᠡᠷᠡᠭᠵᠢᠬᠦᠯᠬᠦ ᠬᠡᠷᠡᠭᠲᠡᠢ᠂ ᠲᠤᠷ᠎ᠡ᠎ᠪᠠᠷ ᠵᠶ᠋ᠠᠨ ᠬᠤᠪᠢᠷᠠᠭᠤᠯᠵᠤ ᠪᠤᠯᠬᠤ ᠦᠭᠡᠢ; ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠭᠰᠡᠨ ᠠᠬᠢᠴᠠ ᠵᠢᠨ ᠪᠠᠶ᠋ᠢᠳᠠᠯ᠎ᠢ ᠪᠢᠴᠢᠭ᠎ᠤᠨ ᠬᠡᠯᠪᠡᠷᠢ᠎ᠪᠠᠷ ᠮᠡᠳᠡᠬᠦᠯᠵᠤ᠂ ᠴᠢᠬᠤᠯᠠ ᠶᠡᠭᠡ ᠬᠡᠷᠡᠭ ᠶᠠᠪᠤᠳᠠᠯ ᠲᠤᠬᠢᠶᠠᠯᠳᠤᠪᠡᠯ ᠴᠠᠭ ᠲᠤᠬᠠᠢ᠎ᠳᠤᠨᠢ ᠵᠢᠭ᠋ᠠᠪᠤᠷᠢ ᠠᠪᠬᠤ ᠬᠡᠷᠡᠭᠲᠡᠢ᠃
      ᠲᠦᠴᠢᠳᠦᠭᠡᠷ ᠵᠦᠢ᠍ᠯ     ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠲᠤᠭᠤᠢ᠌ᠯᠠᠩ ᠨᠠᠮ᠎ᠤᠨ ᠲᠦᠷᠢᠮ ᠨᠠᠮ᠎ᠤᠨ ᠲᠤᠬᠳᠠᠭ᠋ᠠᠯ ᠪᠤᠯᠤᠨ ᠬᠢᠨᠠᠨ ᠪᠠᠶ᠋ᠢᠴᠠᠭ᠋ᠠᠬᠤ ᠬᠠᠤᠯᠢ ᠵᠢ ᠦᠨᠳᠦᠰᠦᠯᠡᠵᠤ᠂ ᠬᠢᠨᠠᠨ ᠵᠦᠪᠰᠢᠶᠠᠷᠡᠬᠦᠯᠦᠭᠰᠡᠡ᠎ᠤ ᠲᠠᠷᠠᠭ᠎ᠠ ᠶᠠᠷᠢᠯᠴᠠᠬᠤ᠂ ᠰᠢᠬᠦᠨ ᠠᠰᠠᠭᠤᠬᠤ᠂ ᠯᠠᠪᠯᠠᠨ ᠠᠰᠠᠭᠤᠬᠤ᠂ ᠦᠯᠡᠳᠡᠭᠡᠬᠦ᠂ ᠪᠠᠶ᠋ᠢᠴᠠᠭ᠋ᠠᠬᠤ᠂ ᠴᠡᠪᠳᠡᠭᠯᠡᠬᠦ᠂ ᠨᠡᠩᠵᠢᠬᠦ᠂ ᠰᠢᠯᠵᠢᠬᠦᠯᠦᠨ ᠭᠠᠷᠭ᠋ᠠᠬᠤ᠂ ᠪᠠᠶ᠋ᠢᠴᠠᠭ᠋ᠠᠨ ᠪᠢᠳᠡᠬᠦᠮᠵᠢᠯᠡᠬᠦ᠂ ᠬᠤᠴᠤᠷᠭ᠋ᠠᠬᠤ (ᠲᠦᠷ ᠬᠤᠴᠤᠷᠭ᠋ᠠᠬᠤ᠂ ᠪᠢᠳᠡᠬᠦᠮᠵᠢᠯᠡᠬᠦ)᠂ ᠬᠠᠶ᠋ᠢᠨ ᠰᠢᠯᠭ᠋ᠠᠵᠤ ᠪᠠᠶ᠋ᠢᠴᠠᠭ᠋ᠠᠬᠤ᠂ ᠬᠢᠨᠠᠨ ᠲᠤᠬᠳᠠᠭ᠋ᠠᠬᠤ ᠵᠢ ᠬᠢᠵᠤ᠂ ᠬᠤᠯᠪᠤᠬᠳᠠᠯ ᠪᠦᠬᠦᠢ ᠪᠠᠶ᠋ᠢᠭᠤᠯᠭ᠎ᠠ᠎ᠳᠤ ᠲᠠᠪᠰᠢᠬᠦᠯᠦᠨ ᠮᠡᠷᠭᠡᠵᠢᠯ᠎ᠤᠨ ᠪᠠᠶ᠋ᠢᠴᠠᠭ᠋ᠠᠯᠳᠠ ᠬᠢᠬᠦ᠂ ᠨᠡᠭᠡᠮᠵᠢᠯᠡᠨ ᠪᠠᠷᠢᠪᠴᠢᠯᠠᠬᠤ᠎ᠪᠠᠷ ᠵᠠᠷᠯᠠᠬᠤ᠂ ᠬᠢᠯᠢ᠎ᠠᠴᠠ ᠭᠠᠷᠬᠤ ᠵᠢ ᠬᠢᠵᠠᠭ᠋ᠠᠷᠯᠠᠬᠤ ᠵᠡᠷᠭᠡ ᠠᠷᠭ᠎ᠠ ᠬᠡᠮᠵᠢᠶ᠎ᠡ ᠠᠪᠤᠭᠤᠯᠵᠤ ᠪᠤᠯᠤᠨ᠎ᠡ᠃
      ᠲᠠᠭ᠋ᠠᠭ᠋ᠠᠴᠢᠯᠠᠨ ᠰᠢᠢ᠍ᠳᠪᠦᠷᠢᠯᠡᠬᠦ ᠰᠠᠯᠠᠭ᠎ᠠ ᠮᠦᠴᠢᠷ ᠡᠭᠡ ᠲᠠᠩᠰᠠ ᠪᠠᠶ᠋ᠢᠭᠤᠯᠵᠤ᠂ ᠠᠷᠭ᠎ᠠ ᠬᠡᠮᠵᠢᠶ᠎ᠡ ᠬᠡᠷᠡᠭᠯᠡᠭᠰᠡᠨ ᠪᠠᠶ᠋ᠢᠳᠠᠯ᠎ᠢ ᠲᠠᠮᠳᠡᠭᠯᠡᠵᠤ᠂ ᠭᠡᠷᠡᠭ᠎ᠤᠨ ᠬᠢᠨᠠᠯᠳᠠ ᠬᠠᠮᠢᠶᠠᠷᠤᠯᠳᠠ ᠵᠢᠨ ᠰᠠᠯᠠᠭ᠎ᠠ ᠮᠦᠴᠢᠷ᠎ᠲᠤ ᠲᠤᠬᠳᠠᠮᠠᠯ ᠬᠤᠭᠤᠴᠠᠭ᠎ᠠ᠎ᠲᠠᠢ᠎ᠪᠠᠷ ᠮᠡᠳᠡᠬᠦᠯᠦᠨ ᠲᠠᠩᠰᠠᠯᠠᠭᠤᠯᠬᠤ ᠬᠡᠷᠡᠭᠲᠡᠢ᠃
      ᠬᠡᠷᠡᠭ᠎ᠢ ᠬᠢᠨᠠᠯᠳᠠ ᠲᠠᠯᠪᠢᠨ ᠬᠠᠮᠢᠶᠠᠷᠬᠤ ᠰᠠᠯᠠᠭ᠎ᠠ ᠮᠦᠴᠢᠷ ᠬᠢᠨᠠᠨ ᠬᠠᠷᠭᠤᠭᠤᠯᠵᠤ ᠪᠠᠶ᠋ᠢᠴᠠᠭ᠋ᠠᠵᠤ᠂ ᠴᠢᠬᠤᠯᠠ ᠠᠷᠭ᠎ᠠ ᠬᠡᠮᠵᠢᠶ᠎ᠡ ᠵᠢ ᠬᠡᠷᠡᠭᠯᠡᠭᠰᠡᠡ ᠪᠠᠶ᠋ᠢᠳᠠᠯ᠎ᠢ ᠲᠤᠬᠳᠠᠮᠠᠯ ᠬᠤᠭᠤᠴᠠᠭ᠎ᠠ᠎ᠲᠠᠢ᠎ᠪᠠᠷ ᠬᠤᠷᠢᠶᠠᠩᠭᠤᠢ᠌ᠯᠠᠬᠤ ᠵᠢᠨ ᠬᠠᠮᠳᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠡ ᠪᠡ ᠬᠢᠨᠠᠨ ᠪᠠᠶ᠋ᠢᠴᠠᠭ᠋ᠠᠬᠤ ᠵᠦᠪᠯᠡᠯ᠎ᠤᠨ ᠤᠳᠤᠷᠢᠳᠤᠯᠭ᠎ᠠ ᠪᠤᠯᠤᠨ ᠲᠡᠭᠡᠷ᠎ᠡ ᠨᠢᠭᠡ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠳᠤ ᠮᠡᠳᠡᠬᠦᠯᠬᠦ ᠬᠡᠷᠡᠭᠲᠡᠢ᠂ ᠲᠦᠷᠢᠮ ᠲᠤᠬᠳᠠᠭ᠋ᠠᠯ᠎ᠢ ᠵᠦᠷᠢᠴᠡᠵᠤ ᠰᠠᠬᠢᠯᠭ᠎ᠠ ᠪᠠᠳᠤ ᠵᠢ ᠵᠦᠷᠢᠴᠡᠵᠤ ᠬᠠᠤᠯᠢ ᠵᠢ ᠵᠦᠷᠢᠴᠡᠵᠤ ᠠᠷᠭ᠎ᠠ ᠬᠡᠮᠵᠢᠶ᠎ᠡ ᠭᠡᠷᠡᠭᠵᠢᠬᠦᠯᠦᠭᠰᠡᠨ᠎ᠢ ᠢᠯᠡᠷᠡᠭᠦᠯᠪᠡᠯ᠂ ᠠᠳᠠᠯᠢ ᠪᠤᠰᠤ ᠪᠠᠶ᠋ᠢᠳᠠᠯ᠎ᠢ᠎ᠨᠢ ᠦᠨᠳᠦᠰᠦᠯᠡᠨ ᠢᠯᠭ᠋ᠠᠨ ᠰᠢᠢ᠍ᠳᠪᠤᠷᠢᠯᠡᠬᠦ ᠬᠡᠷᠡᠭᠲᠡᠢ᠂ ᠲᠤᠷ᠎ᠡ᠎ᠪᠠᠷ ᠵᠶ᠋ᠠᠨ ᠬᠡᠪᠴᠢᠶ᠎ᠡ ᠵᠢ ᠦᠷᠭᠡᠳᠭᠡᠬᠦ᠂ ᠬᠤᠭᠤᠴᠠᠭ᠎ᠠ ᠵᠢ ᠤᠷᠲᠤᠳᠬᠠᠬᠤ ᠵᠢ ᠬᠤᠷᠢᠬᠯᠠᠬᠤ ᠬᠡᠷᠡᠭᠲᠡᠢ᠃
      ᠲᠦᠴᠢᠨ ᠨᠢᠭᠡᠳᠦᠭᠡᠷ ᠵᠦᠢ᠍ᠯ     ᠬᠢᠨᠠᠨ ᠪᠠᠶ᠋ᠢᠴᠠᠭ᠋ᠠᠭᠲᠠᠬᠤ ᠬᠦᠮᠦᠨ᠎ᠳᠤ ᠬᠤᠴᠤᠷᠭ᠋ᠠᠨ ᠠᠪᠬᠤ ᠠᠷᠭ᠎ᠠ ᠬᠡᠮᠵᠢᠶ᠎ᠡ ᠠᠪᠬᠤ ᠴᠢᠬᠤᠯᠠᠳᠠᠢ ᠪᠤᠯ ᠬᠢᠨᠠᠨ ᠪᠠᠶ᠋ᠢᠴᠠᠭ᠋ᠠᠬᠤ ᠬᠠᠤᠯᠢ ᠵᠢ ᠦᠨᠳᠦᠰᠦᠯᠡᠨ ᠶᠠᠪᠤᠭᠲᠠᠭᠤᠯᠵᠤ᠂ 24 ᠴᠠᠭ᠎ᠤᠨ ᠲᠤᠳᠤᠷ᠎ᠡ ᠲᠡᠬᠦᠨ᠎ᠤ ᠪᠠᠶ᠋ᠢᠭ᠎ᠠ ᠨᠢᠭᠡᠴᠢ ᠪᠤᠯᠤᠨ ᠬᠡᠷ ᠪᠦ᠍ᠯᠢ᠎ᠳᠤ ᠮᠡᠳᠡᠭᠳᠡᠬᠦ ᠪᠦᠭᠡᠳ ᠴᠠᠭ ᠲᠤᠬᠠᠢ᠎ᠳᠤᠨᠢ ᠨᠡᠶ᠋ᠢᠭᠡᠮ ᠨᠡᠶ᠋ᠢᠳᠠ᠎ᠳᠤ ᠢᠯᠡ ᠨᠡᠶ᠋ᠢᠳᠡᠯᠡᠬᠦ ᠬᠡᠷᠡᠭᠲᠡᠢ᠃ ᠬᠡᠷᠡᠴᠢ ᠪᠠᠷᠢᠮᠳᠠ ᠵᠢ ᠦᠭᠡᠶ᠋ᠢᠰᠭᠡᠬᠦ᠂ ᠬᠤᠳᠠᠯ ᠵᠶ᠋ᠠᠷ ᠭᠡᠷᠡᠴᠢ ᠪᠠᠷᠢᠮᠲᠠ ᠵᠤᠬᠢᠶᠠᠬᠤ᠂ ᠬᠡᠷᠡᠴᠢᠯᠡᠭᠴᠢ ᠵᠢᠨ ᠬᠡᠷᠡᠴᠢᠯᠡᠬᠦ ᠵᠢ ᠬᠠᠷᠰᠢᠯᠠᠬᠤ ᠪᠤᠶᠤ ᠦᠴᠢᠭ ᠨᠡᠪᠳᠡᠷᠡᠯᠴᠡᠬᠦ ᠪᠤᠯᠤᠮᠵᠢ᠎ᠲᠠᠢ ᠪᠠᠶ᠋ᠢᠬᠤ ᠵᠡᠷᠭᠡ ᠪᠠᠶ᠋ᠢᠴᠠᠭ᠋ᠠᠯᠳᠠ ᠵᠢ ᠬᠠᠷᠰᠢᠯᠠᠬᠤ ᠪᠠᠶ᠋ᠢᠳᠠᠯ᠎ᠲᠠᠢ ᠪᠠᠶ᠋ᠢᠵᠤ ᠮᠡᠳᠡᠭᠳᠡᠬᠦ᠎ᠳᠤ ᠵᠤᠬᠢᠬᠤ ᠦᠭᠡᠢ ᠪᠤᠶᠤ ᠢᠯᠡ ᠪᠤᠯᠭ᠋ᠠᠵᠤ ᠪᠤᠯᠬᠤ ᠦᠭᠡᠢ ᠵᠢ᠎ᠨᠢ᠂ ᠲᠡᠰ ᠲᠠᠷᠠᠭ᠋ᠠᠯᠠᠯ ᠶᠤᠰᠤᠭ᠋ᠠᠷ ᠮᠡᠳᠡᠬᠦᠯᠦᠨ ᠵᠦᠪᠰᠢᠶᠡᠷᠡᠬᠦᠯᠬᠦ ᠪᠦᠭᠡᠳ ᠲᠠᠩᠰᠠᠨ᠎ᠳᠤ ᠤᠷᠤᠭᠤᠯᠵᠤ ᠲᠠᠮᠳᠡᠭᠯᠡᠬᠦ ᠬᠡᠷᠡᠭᠲᠡᠢ᠃ ᠪᠠᠶ᠋ᠢᠴᠠᠭ᠋ᠠᠯᠳᠠ ᠵᠢ ᠬᠠᠷᠰᠢᠯᠠᠬᠤ ᠪᠠᠶ᠋ᠢᠳᠠᠯ ᠠᠷᠢᠯᠤᠬᠰᠡᠨ᠎ᠤ ᠲᠠᠷᠠᠭ᠎ᠠ ᠬᠤᠴᠤᠷᠭ᠋ᠠᠨ ᠠᠪᠤᠬᠰᠡᠨ ᠬᠦᠮᠦᠨ᠎ᠤ ᠪᠠᠶ᠋ᠢᠭ᠎ᠠ ᠨᠢᠭᠡᠴᠢ ᠪᠠ ᠬᠡᠷ ᠪᠦᠯᠢ ᠵᠢᠨ᠎ᠬᠢᠨ᠎ᠳᠤ ᠲᠠᠷᠦ᠋ᠢ᠍ᠬᠠᠨ ᠮᠡᠳᠡᠭᠳᠡᠬᠦ ᠬᠡᠷᠡᠭᠲᠡᠢ᠃
      ᠲᠦᠴᠢᠨ ᠬᠤᠶᠠᠳᠤᠭ᠋ᠠᠷ ᠵᠦᠢ᠍ᠯ     ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠬᠤ ᠠᠵᠢᠯ᠎ᠢ ᠲᠤᠬᠳᠠᠭ᠋ᠠᠯ ᠶᠤᠰᠤᠭ᠋ᠠᠷ ᠬᠤᠶᠠᠷ᠎ᠠᠴᠠ ᠲᠡᠭᠡᠭᠰᠢᠬᠢ ᠬᠦᠮᠦᠨ ᠶᠠᠪᠤᠭᠲᠠᠭᠤᠯᠵᠤ᠂ ᠲᠤᠬᠳᠠᠭ᠋ᠠᠯ ᠶᠤᠰᠤᠭ᠋ᠠᠷ ᠬᠡᠷᠡᠴᠢ ᠲᠡᠮᠳᠡᠭ ᠵᠶ᠋ᠠᠨ ᠭᠠᠷᠭ᠋ᠠᠨ ᠦᠵᠡᠬᠦᠯᠵᠤ᠂ ᠪᠢᠴᠢᠭ᠎ᠤᠨ ᠬᠡᠯᠪᠡᠷᠢ ᠵᠢᠨ ᠮᠡᠳᠡᠭᠳᠡᠯ᠎ᠢ ᠭᠠᠷᠭ᠋ᠠᠵᠤ ᠦᠵᠡᠬᠦᠯᠬᠦ ᠬᠡᠷᠡᠭᠲᠡᠢ᠃
      ᠲᠦᠴᠢᠨ ᠭᠤᠷᠪᠡᠳᠤᠭ᠋ᠠᠷ ᠵᠦᠢ᠍ᠯ     ᠬᠡᠷᠡᠭ ᠪᠤᠯᠭ᠋ᠠᠨ ᠲᠠᠩᠰᠠᠯᠠᠵᠤ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠲᠦᠰᠦᠯ᠎ᠢ ᠵᠦᠪᠰᠢᠶᠡᠷᠡᠬᠦᠯᠦᠭᠰᠡᠨ᠎ᠤ ᠲᠠᠷᠠᠭ᠎ᠠ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠤᠯᠪᠤᠬᠳᠠᠯ ᠪᠦᠬᠦᠢ ᠬᠠᠷᠢᠭᠤᠴᠠᠯᠭ᠋ᠠᠳᠠᠨ ᠪᠤᠶᠤ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ᠎ᠠᠴᠠ ᠬᠢᠨᠠᠨ ᠪᠠᠶ᠋ᠢᠴᠠᠭ᠋ᠠᠭᠲᠠᠬᠤ ᠬᠦᠮᠦᠨ᠎ᠲᠠᠢ ᠶᠠᠷᠢᠯᠴᠠᠵᠤ᠂ ᠬᠡᠷᠡᠭ ᠪᠤᠯᠭ᠋ᠠᠵᠤ ᠲᠠᠩᠰᠠᠯᠠᠬᠤ ᠲᠤᠬᠠᠢ ᠲᠤᠬᠳᠠᠭ᠋ᠠᠯ᠎ᠢ ᠨᠡᠶ᠋ᠢᠳᠠᠯᠠᠵᠤ᠂ ᠨᠠᠮ᠎ᠤᠨ ᠲᠦᠷᠦ ᠵᠢᠨ ᠪᠤᠳᠤᠯᠭ᠎ᠠ ᠪᠤᠯᠤᠨ ᠰᠠᠬᠢᠯᠭ᠎ᠠ ᠪᠠᠳᠤ ᠵᠢ ᠲᠤᠳᠤᠷᠬᠠᠢ᠌ᠢ᠍ᠯᠠᠵᠤ᠂ ᠬᠢᠨᠠᠨ ᠪᠠᠶ᠋ᠢᠴᠠᠭ᠋ᠠᠭᠲᠠᠬᠤ ᠬᠦᠮᠦᠨ᠎ᠢ ᠤᠪᠤᠷ ᠵᠶ᠋ᠠᠨ ᠲᠦᠪ ᠪᠤᠯᠭ᠋ᠠᠵᠤ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ᠎ᠲᠠᠢ ᠬᠠᠮᠵᠢᠯᠴᠠᠬᠤ ᠵᠢ ᠱᠠᠭ᠋ᠠᠷᠳᠠᠬᠤ ᠬᠡᠷᠡᠭᠲᠡᠢ᠃
      ᠬᠢᠨᠡᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ᠎ᠳᠤ ᠬᠢᠨᠠᠨ ᠪᠠᠶ᠋ᠢᠴᠠᠭ᠋ᠠᠭᠲᠠᠬᠤ ᠬᠦᠮᠦᠨ᠎ᠤ ᠲᠤᠭ᠋ᠠᠴᠢᠯᠳᠠ ᠵᠢ ᠬᠦᠢ᠍ᠴᠡᠳ ᠰᠤᠨᠤᠰᠴᠤ᠂ ᠲᠡᠭᠦᠨ᠎ᠤ ᠢᠳᠡᠵᠤ ᠤᠤᠭᠤᠬᠤ᠂ ᠠᠮᠠᠷᠠᠬᠤ ᠵᠢ᠎ᠨᠢ ᠪᠠᠳᠤᠯᠠᠵᠤ᠂ ᠡᠮᠴᠢᠯᠡᠭᠡᠨ᠎ᠤ ᠦᠢ᠍ᠯᠡᠴᠢᠯᠡᠭᠡ ᠬᠠᠨᠭ᠌ᠭ᠋ᠠᠵᠤ ᠠᠮᠤᠷ ᠲᠦᠪᠰᠢᠨ᠎ᠢ᠎ᠨᠢ ᠦᠨᠡᠨ ᠬᠦ᠌ ᠪᠠᠳᠤᠯᠡᠬᠤ ᠬᠡᠷᠡᠭᠲᠡᠢ᠃ ᠨᠠᠮ᠎ᠤᠨ ᠲᠦᠷᠢᠮ ᠨᠠᠮ᠎ᠤᠨ ᠲᠤᠬᠳᠠᠭ᠋ᠠᠯ ᠨᠠᠮ᠎ᠤᠨ ᠰᠠᠬᠢᠯᠭ᠎ᠠ ᠪᠠᠳᠤ ᠪᠤᠯᠤᠨ ᠤᠯᠤᠰ᠎ᠤᠨ ᠬᠠᠤᠯᠢ ᠴᠠᠭ᠋ᠠᠵᠠ ᠵᠢ ᠵᠦᠷᠢᠴᠡᠭᠰᠡᠨ ᠠᠷᠭ᠎ᠠ ᠪᠡᠷᠢᠯ ᠬᠡᠷᠡᠭᠯᠡᠬᠦ ᠵᠢ ᠴᠢᠩᠭ᠎ᠠ ᠴᠠᠭ᠋ᠠᠵᠠᠯᠠᠵᠤ᠂ ᠠᠯᠪᠠᠲᠠᠨ ᠦᠴᠢᠭᠯᠡᠬᠦᠯᠬᠦ᠂ ᠠᠷᠭ᠋ᠠᠳᠠᠨ ᠦᠴᠢᠭᠯᠡᠬᠦᠯᠬᠦ᠂ ᠭᠤᠲᠤᠭ᠋ᠠᠨ ᠲᠤᠷᠤᠮᠵᠢᠯᠠᠬᠤ᠂ ᠬᠠᠷᠢᠶᠠᠵᠤ ᠴᠤᠬᠢᠬᠤ᠂ ᠬᠠᠯᠠ ᠦᠵᠡᠬᠦᠯᠬᠦ᠂ ᠪᠡᠶ᠎ᠡ ᠮᠠᠬᠠᠪᠤᠳ᠎ᠤᠨ ᠲᠠᠯ᠎ᠠ᠎ᠪᠠᠷ ᠬᠠᠯᠠ ᠦᠵᠡᠭᠦᠯᠬᠦ ᠪᠤᠶᠤ ᠬᠡᠯᠪᠡᠷᠢ ᠵᠢ ᠦᠭᠡᠷᠡᠳᠡᠬᠦᠯᠦᠨ ᠪᠡᠶ᠎ᠡ ᠮᠠᠬᠠᠪᠤᠳ᠎ᠤᠨ ᠲᠠᠯ᠎ᠠ᠎ᠪᠠᠷ ᠬᠠᠯᠠ ᠦᠵᠡᠬᠦᠯᠬᠦ ᠵᠢ ᠡᠷᠡᠰ ᠴᠠᠭ᠋ᠠᠵᠠᠯᠠᠨ᠎ᠡ᠃
      ᠲᠦᠴᠢᠨ ᠲᠦᠷᠪᠡᠳᠦᠭᠡᠷ ᠵᠦᠢ᠍ᠯ     ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠳᠠ ᠬᠢᠬᠦ ᠬᠤᠭᠤᠴᠠᠭ᠋ᠠᠨ᠎ᠳᠤ᠂ ᠬᠢᠨᠠᠨ ᠪᠠᠶ᠋ᠢᠴᠠᠭ᠋ᠠᠭᠲᠠᠬᠤ ᠬᠦᠮᠦᠨ᠎ᠢ ᠨᠦᠬᠦᠷ ᠬᠡᠮᠡᠨ ᠲᠠᠭᠤᠳᠠᠵᠤ᠂ ᠨᠠᠮ᠎ᠤᠨ ᠲᠦᠷᠢᠮ ᠨᠠᠮ᠎ᠤᠨ ᠲᠤᠬᠳᠠᠭ᠋ᠠᠯ ᠨᠠᠮ᠎ᠤᠨ ᠰᠠᠬᠢᠯᠭ᠎ᠠ ᠪᠠᠳᠤ ᠵᠢᠴᠢ ᠬᠤᠯᠪᠤᠬᠳᠠᠯ ᠪᠦᠬᠦᠢ ᠬᠠᠤᠯᠢ ᠴᠠᠭ᠋ᠠᠵᠠ ᠬᠠᠤᠯᠢ ᠲᠤᠬᠳᠠᠭ᠋ᠠᠯ᠎ᠢ ᠰᠤᠷᠤᠯᠴᠠᠬᠤ ᠵᠢ ᠲᠤᠬᠢᠷᠠᠭᠤᠯᠵᠤ᠂ ᠬᠦᠰᠡᠯᠡᠩ ᠢᠳᠡᠭᠡᠯ ᠪᠢᠰᠢᠷᠠᠯ ᠵᠤᠷᠢᠯᠳᠠ ᠵᠢᠨ ᠬᠦᠮᠦᠵᠢᠯ᠎ᠢ ᠬᠢᠵᠤ᠂ ᠬᠦᠨᠵᠡᠭᠡᠢ ᠨᠠᠷᠢᠯᠢᠭ ᠦᠵᠡᠯ ᠰᠠᠨᠠᠭ᠎ᠠ ᠤᠯᠤᠰ ᠲᠦᠷᠦ ᠵᠢᠨ ᠠᠵᠢᠯ ᠵᠶ᠋ᠠᠷ ᠲᠠᠮᠵᠢᠭᠤᠯᠤᠨ ᠲᠡᠳᠡ ᠨᠠᠷ᠎ᠤᠨ ᠬᠦᠨᠵᠡᠭᠡᠢ ᠰᠡᠳᠬᠢᠨ ᠪᠤᠲᠤᠬᠤ᠂ ᠠᠯᠲᠠᠭ᠎ᠠ ᠪᠤᠷᠤᠭᠤ᠎ᠪᠠᠨ ᠲᠠᠨᠢᠬᠤ᠂ ᠠᠰᠠᠭᠤᠳᠠᠯ ᠵᠶ᠋ᠠᠨ ᠲᠤᠰᠢᠶᠠᠬᠤ᠂ ᠬᠡᠮᠰᠢᠵᠤ ᠤᠬᠠᠭ᠋ᠠᠷᠠᠭᠰᠠᠠ ᠮᠠᠲᠧᠷᠢᠶᠠᠯ ᠪᠢᠴᠢᠬᠦ ᠵᠢ᠎ᠨᠢ ᠠᠬᠢᠭᠤᠯᠬᠤ ᠬᠡᠷᠡᠭᠲᠡᠢ᠃
      ᠲᠦᠴᠢᠨ ᠲᠠᠪᠤᠳᠤᠭ᠋ᠠᠷ ᠵᠦᠢ᠍ᠯ     ᠭᠠᠳᠠᠨᠠᠬᠢ ᠪᠠᠶ᠋ᠢᠴᠠᠭ᠋ᠠᠬᠤ ᠠᠵᠢᠯ᠎ᠢ ᠡᠷᠬᠡᠪᠰᠢ ᠭᠠᠳᠠᠨᠠᠬᠢ ᠲᠠᠯ᠎ᠠ᠎ᠠᠴᠠ ᠪᠠᠶ᠋ᠢᠴᠠᠭ᠋ᠠᠬᠤ ᠠᠵᠢᠯ᠎ᠤᠨ ᠲᠦᠰᠦᠯ ᠶᠤᠰᠤᠭ᠋ᠠᠷ ᠬᠡᠷᠡᠭᠵᠢᠬᠦᠯᠬᠦ ᠬᠡᠷᠡᠭᠲᠡᠢ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠬᠡᠪᠴᠢᠶ᠎ᠡ ᠵᠢ ᠲᠤᠷ᠎ᠡ᠎ᠪᠠᠷ ᠵᠶ᠋ᠠᠨ ᠦᠷᠭᠡᠳᠭᠡᠵᠤ᠂ ᠬᠢᠨᠠᠨ ᠪᠠᠶ᠋ᠢᠴᠠᠭ᠋ᠠᠭᠲᠠᠬᠤ ᠡᠳᠡᠭᠡᠳ ᠪᠤᠯᠤᠨ ᠵᠦᠢ᠍ᠯ᠎ᠢ ᠲᠤᠷ᠎ᠡ᠎ᠪᠠᠷ ᠵᠶ᠋ᠠᠨ ᠬᠤᠪᠢᠷᠠᠭ᠋ᠠᠵᠤ ᠪᠤᠯᠬᠤ ᠦᠭᠡᠢ᠂ ᠴᠢᠬᠤᠯᠠ ᠵᠦᠢ᠍ᠯᠡᠰ᠎ᠢ ᠴᠠᠭ ᠲᠤᠬᠠᠢ᠎ᠳᠤᠨᠢ ᠵᠢᠭ᠋ᠠᠪᠤᠷᠢ ᠠᠪᠬᠤ᠎ᠪᠠᠷ ᠮᠡᠳᠡᠬᠦᠯᠬᠦ ᠬᠡᠷᠡᠭᠲᠡᠢ᠃
      ᠭᠠᠳᠠᠨᠠᠬᠢ ᠲᠠᠯ᠎ᠠ᠎ᠠᠴᠠ ᠪᠠᠶ᠋ᠢᠴᠠᠭ᠋ᠠᠬᠤ ᠠᠵᠢᠯ᠎ᠤᠨ ᠬᠤᠭᠤᠴᠠᠭ᠋ᠠᠨ᠎ᠳᠤ᠂ ᠬᠢᠨᠠᠯᠳᠠ ᠲᠠᠯᠪᠢᠵᠤ ᠰᠠᠬᠢᠯᠭ᠎ᠠ ᠪᠠᠳᠤ ᠬᠡᠷᠡᠭᠵᠢᠬᠦᠯᠬᠦ ᠠᠵᠢᠯᠳᠠᠨ ᠵᠦᠪᠰᠢᠶᠡᠷᠡᠯ ᠦᠭᠡᠢ᠎ᠪᠠᠷ ᠬᠡᠷᠡᠭ᠎ᠲᠤ ᠬᠤᠯᠪᠤᠬᠳᠠᠬᠰᠡᠨ ᠶᠠᠮᠠᠷᠪᠠ ᠬᠦᠮᠦᠰ ᠵᠢᠴᠢ ᠲᠡᠬᠦᠨ᠎ᠲᠠᠢ ᠤᠨᠴᠠ ᠲᠤᠬᠳᠠᠬᠰᠡᠨ ᠬᠠᠷᠢᠴᠠᠭ᠎ᠠ᠎ᠲᠠᠢ ᠬᠦᠮᠦᠰ᠎ᠲᠠᠢ ᠲᠤᠰᠠᠭ᠋ᠠᠷ ᠵᠶ᠋ᠠᠨ ᠤᠢ᠌ᠷᠠᠳᠴᠤ ᠪᠤᠯᠬᠤ ᠦᠭᠡᠢ᠂ ᠲᠤᠷ᠎ᠡ᠎ᠪᠠᠷ ᠵᠶ᠋ᠠᠨ ᠬᠢᠨᠠᠨ ᠪᠠᠶ᠋ᠢᠴᠠᠭ᠋ᠠᠬᠤ ᠪᠠᠶ᠋ᠢᠴᠠᠭ᠋ᠠᠯᠲᠠ ᠬᠢᠬᠦ ᠠᠷᠭ᠎ᠠ ᠬᠡᠮᠵᠢᠶ᠎ᠡ ᠠᠪᠴᠤ ᠪᠤᠯᠬᠤ ᠦᠭᠡᠢ᠂ ᠭᠠᠳᠠᠨᠠᠬᠢ ᠲᠠᠯ᠎ᠠ᠎ᠠᠴᠠ ᠪᠠᠶ᠋ᠢᠴᠠᠭ᠋ᠠᠬᠤ ᠠᠵᠢᠯ᠎ᠲᠠᠢ ᠬᠤᠯᠪᠤᠬᠳᠠᠬᠤ ᠦᠭᠡᠢ ᠠᠵᠢᠯᠯᠠᠭ᠎ᠠ ᠬᠢᠵᠤ ᠪᠤᠯᠬᠤ ᠦᠭᠡᠢ᠃
      ᠲᠦᠴᠢᠨ ᠵᠢᠷᠭᠤᠳᠤᠭ᠋ᠠᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠲᠤᠬᠳᠠᠭ᠋ᠠᠯ ᠶᠤᠰᠤᠭ᠋ᠠᠷ ᠰᠠᠬᠢᠯᠭ᠎ᠠ ᠪᠠᠳᠤ ᠶᠤᠰᠤᠭ᠋ᠠᠷ ᠬᠠᠤᠯᠢ ᠶᠤᠰᠤᠭ᠋ᠠᠷ ᠬᠡᠷᠡᠴᠢ ᠪᠠᠷᠢᠮᠳᠠ ᠴᠤᠬᠯᠠᠭᠤᠯᠬᠤ᠂ ᠭᠡᠷᠡᠴᠢ ᠪᠠᠷᠢᠮᠲᠠ ᠵᠢ ᠢᠯᠭ᠋ᠠᠨ ᠲᠤᠲᠤᠯᠬᠤ ᠠᠵᠢᠯ᠎ᠢ ᠪᠦᠬᠦ ᠲᠠᠯ᠎ᠡ ᠵᠢᠨ᠂ ᠪᠤᠰᠤᠳᠴᠢ ᠵᠶ᠋ᠠᠷ ᠶᠠᠪᠤᠭᠲᠠᠭᠤᠯᠵᠤ᠂ ᠬᠠᠷᠢᠯᠴᠠᠨ ᠬᠡᠷᠡᠴᠢᠯᠡᠬᠦ᠂ ᠪᠦᠷᠢᠨ ᠲᠡᠬᠦᠯᠳᠡᠷ ᠲᠤᠬᠳᠠᠪᠤᠷᠢᠳᠠᠢ ᠬᠡᠷᠡᠴᠢ ᠪᠠᠷᠢᠮᠳᠠ ᠵᠢᠨ ᠬᠡᠯᠬᠢᠶ᠎ᠡ ᠵᠢ ᠪᠦᠷᠢᠯᠳᠦᠬᠦᠯᠬᠦ ᠬᠡᠷᠡᠭᠲᠡᠢ᠃
      ᠪᠠᠶ᠋ᠢᠴᠠᠭ᠋ᠠᠵᠤ ᠭᠡᠷᠡᠴᠢ ᠠᠪᠬᠤ᠎ᠳᠤ ᠤᠤᠯ ᠪᠤᠳᠠᠰ᠎ᠢ ᠴᠤᠬᠯᠠᠭᠤᠯᠵᠤ᠂ ᠨᠢᠭᠡᠳ ᠨᠢᠭᠡ᠎ᠪᠠᠷ ᠲᠤᠭ᠋ᠠᠯᠠᠨ ᠳ᠋ᠤᠭ᠋ᠠᠷᠯᠠᠵᠤ᠂ ᠲᠤᠬᠠᠢ ᠵᠢᠨ ᠲᠠᠯᠠᠪᠤᠷ᠎ᠲᠤᠨᠢ ᠳᠠᠩᠰᠠᠯᠠᠵᠤ᠂ ᠲᠤᠬᠠᠢ ᠵᠢᠨ ᠲᠠᠯᠠᠪᠤᠷ᠎ᠤᠨ ᠠᠵᠢᠯᠲᠠᠨ ᠭᠠᠷ᠎ᠤᠨ ᠦᠰᠦᠭ ᠵᠢᠷᠤᠨ ᠲᠠᠮᠠᠭ᠎ᠠ ᠳᠠᠷᠤᠬᠤ ᠬᠡᠷᠡᠭᠲᠡᠢ᠂ ᠤᠤᠯ ᠪᠤᠳᠠᠰ᠎ᠢ ᠵᠦᠭᠡᠭᠡᠪᠦᠷᠢᠯᠡᠬᠦ᠂ ᠬᠠᠳᠠᠭ᠋ᠠᠯᠠᠬᠤ᠎ᠳᠤ ᠳᠦᠭᠦᠮ ᠦᠭᠡᠢ ᠪᠤᠶᠤ ᠤᠤᠯ ᠪᠤᠲᠠᠰ᠎ᠢ ᠤᠯᠬᠤ᠎ᠳᠤ ᠦᠨᠡᠬᠡᠷ ᠬᠦᠴᠢᠷᠳᠡᠢ ᠪᠠᠶ᠋ᠢᠪᠠᠯ᠂ ᠤᠤᠯ ᠪᠤᠳᠠᠰ᠎ᠢ᠎ᠨᠢ ᠪᠢᠲᠡᠭᠦᠮᠵᠢᠯᠡᠨ ᠲᠠᠯᠪᠢᠬᠤ ᠵᠢᠨ ᠬᠠᠮᠲᠤ ᠰᠡᠭᠦᠳᠡᠷᠯᠡᠵᠤ ᠠᠪᠬᠤ ᠳᠦᠷᠰᠦ ᠰᠢᠩᠭᠡᠭᠡᠬᠦ ᠪᠤᠶᠤ ᠤᠤᠯ ᠪᠤᠲᠠᠰ᠎ᠤᠨ ᠬᠠᠭᠤᠯᠪᠤᠷᠢ᠂ ᠪᠠᠭᠤᠯᠭ᠋ᠠᠪᠤᠷᠢ ᠵᠢ ᠠᠪᠬᠤ ᠬᠡᠷᠡᠭᠲᠡᠢ; ᠶᠠᠷᠢᠯᠴᠠᠬᠤ᠎ᠳᠤ ᠲᠤᠬᠠᠢ ᠵᠢᠨ ᠲᠠᠯᠠᠪᠤᠷ᠎ᠲᠤ ᠶᠠᠷᠢᠯᠴᠠᠭ᠋ᠠᠨ᠎ᠤ ᠲᠡᠮᠳᠡᠭᠯᠡᠯ ᠬᠢᠬᠦ ᠵᠢᠨ ᠬᠠᠮᠲᠤ ᠶᠠᠷᠢᠯᠴᠠᠭᠲᠠᠭᠰᠠᠠ ᠬᠦᠮᠦᠨ ᠵᠶ᠋ᠠᠷ ᠦᠵᠡᠭᠦᠯᠵᠤ ᠭᠠᠷ᠎ᠤᠨ ᠦᠰᠦᠭ ᠵᠢᠷᠤᠭᠤᠯᠬᠤ ᠬᠡᠷᠡᠭᠲᠡᠢ᠃ ᠨᠢᠭᠡᠨᠲᠡ ᠠᠪᠤᠬᠰᠠᠨ ᠭᠡᠷᠡᠴᠢ ᠪᠠᠷᠢᠮᠲᠠ ᠵᠢ ᠴᠠᠬ ᠲᠤᠬᠠᠢ᠎ᠳᠤᠨᠢ ᠬᠢᠨᠠᠨ ᠪᠠᠶ᠋ᠢᠴᠠᠭ᠋ᠠᠬᠤ ᠳᠤᠭᠤᠢ᠌ᠯᠠᠩ᠎ᠳᠤ ᠲᠤᠰᠢᠶᠠᠨ ᠨᠢᠭᠡᠳᠦᠯᠲᠡᠢ ᠬᠠᠳᠠᠭ᠋ᠠᠯᠠᠭᠤᠯᠬᠤ ᠬᠡᠷᠡᠭᠲᠡᠢ᠃
      ᠰᠦᠷᠳᠡᠭᠦᠯᠬᠦ᠂ ᠦᠳᠦᠭᠡᠬᠦ᠂ ᠮᠡᠬᠡᠯᠡᠬᠦ ᠵᠢᠴᠢ ᠪᠤᠰᠤᠳ ᠳᠦᠷᠢᠮ ᠲᠤᠭᠲᠠᠭ᠋ᠠᠯ ᠰᠠᠬᠢᠯᠭ᠎ᠠ ᠪᠠᠲᠦ ᠬᠠᠤᠯᠢ ᠴᠠᠭ᠋ᠠᠵᠠ ᠵᠢ ᠵᠦᠷᠢᠴᠡᠭᠰᠡᠨ ᠬᠡᠯᠪᠡᠷᠢ᠎ᠪᠠᠷ ᠭᠡᠷᠡᠴᠢ ᠪᠠᠷᠢᠮᠲᠠ ᠴᠤᠬᠯᠠᠭᠤᠯᠬᠤ ᠵᠢ ᠴᠢᠩᠭ᠎ᠠ ᠴᠠᠭ᠋ᠠᠵᠠᠯᠠᠨ᠎ᠠ; ᠭᠡᠷᠡᠴᠢ ᠪᠠᠷᠢᠮᠲᠠ ᠵᠢ ᠨᠢᠭᠤᠨ ᠳᠠᠯᠳᠠᠯᠠᠬᠤ᠂ ᠡᠪᠳᠡᠨ ᠰᠦᠢ᠍ᠳᠬᠡᠬᠦ᠂ ᠬᠤᠪᠢᠷᠠᠭᠤᠯᠵᠤ ᠦᠭᠡᠷᠡᠲᠦᠬᠦᠯᠬᠦ᠂ ᠬᠠᠭᠤᠷᠮᠠᠬ ᠵᠶ᠋ᠠᠷ ᠵᠤᠬᠢᠶᠠᠬᠤ ᠵᠢ ᠴᠢᠩᠭ᠎ᠠ ᠴᠠᠭ᠋ᠠᠵᠠᠯᠠᠨ᠎ᠠ᠃
      ᠳᠦᠴᠢᠨ ᠳᠤᠯᠤᠳᠤᠭ᠋ᠠᠷ ᠵᠦᠢ᠍ᠯ     ᠬᠡᠷᠡᠭ᠎ᠲᠤ ᠬᠤᠯᠪᠤᠬᠳᠠᠬᠤ ᠵᠤᠭᠤᠰ ᠪᠤᠲᠠᠰ᠎ᠢ ᠪᠠᠶ᠋ᠢᠴᠠᠭ᠋ᠠᠨ ᠪᠢᠲᠡᠭᠦᠮᠵᠢᠯᠡᠬᠦ᠂ ᠦᠯᠡᠳᠡᠭᠡᠵᠤ ᠠᠪᠬᠤ (ᠲᠦᠷ ᠦᠯᠡᠳᠡᠭᠡᠬᠦ᠂ ᠪᠢᠲᠡᠭᠦᠮᠵᠢᠯᠡᠨ ᠬᠠᠳᠠᠭ᠋ᠠᠯᠠᠬᠤ)᠂ ᠴᠡᠪᠳᠡᠭᠯᠡᠬᠦ᠂ ᠰᠢᠯᠵᠢᠭᠦᠯᠦᠨ ᠲᠤᠰᠢᠶᠠᠬᠤ᠎ᠳᠤ ᠬᠢᠨᠠᠨ ᠵᠦᠪᠰᠢᠶᠡᠷᠡᠭᠦᠯᠬᠦ ᠭᠠᠷᠳᠠᠮ ᠭᠦᠢ᠍ᠴᠡᠳᠬᠡᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠢ᠃
      ᠪᠠᠶ᠋ᠢᠴᠠᠭ᠋ᠠᠨ ᠪᠢᠲᠡᠭᠦᠮᠵᠢᠯᠡᠬᠦ᠂ ᠦᠯᠡᠳᠡᠭᠡᠵᠤ ᠠᠪᠬᠤ (ᠲᠦᠷ ᠦᠯᠡᠳᠡᠭᠡᠬᠦ᠂ ᠪᠢᠲᠡᠭᠦᠮᠵᠢᠯᠡᠨ ᠬᠠᠳᠠᠭ᠋ᠠᠯᠠᠬᠤ) ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠳᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠠᠵᠢᠯᠲᠠᠨ ᠤᠤᠯ ᠵᠤᠭᠤᠰ ᠪᠤᠲᠠᠰ᠎ᠢ ᠠᠪᠴᠤ ᠶᠠᠪᠤᠭ᠎ᠠ ᠬᠦᠮᠦᠨ ᠪᠤᠶᠤ ᠬᠠᠳᠠᠭ᠋ᠠᠯᠠᠵᠤ ᠬᠠᠮᠢᠶᠠᠷᠴᠤ ᠪᠠᠶ᠋ᠢᠭ᠎ᠠ ᠬᠦᠮᠦᠨ᠂ ᠭᠡᠷᠡᠴᠢᠯᠡᠭᠴᠢ ᠬᠦᠮᠦᠨ᠎ᠲᠠᠢ ᠬᠠᠮᠲᠤ᠎ᠪᠠᠷ ᠨᠢᠭᠡᠳ ᠨᠢᠭᠡ᠎ᠪᠠᠷ ᠰᠡᠭᠦᠳᠡᠷᠯᠡᠵᠤ ᠠᠪᠴᠤ᠂ ᠳᠠᠩᠰᠠᠯᠠᠵᠤ᠂ ᠳ᠋ᠤᠭ᠋ᠠᠷᠯᠠᠵᠤ᠂ ᠳᠠᠩᠰᠠᠯᠠᠬᠤ ᠬᠦᠰᠦᠨᠦᠭᠲᠤ ᠵᠢ ᠲᠤᠬᠠᠢ ᠵᠢᠨ ᠲᠠᠯᠠᠪᠤᠷ᠎ᠲᠤ᠎ᠨᠢ ᠲᠠᠬᠯᠠᠵᠤ᠂ ᠲᠤᠬᠠᠢ ᠵᠢᠨ ᠲᠠᠯᠠᠪᠤᠷ᠎ᠤᠨ ᠠᠵᠢᠯᠲᠠᠳ᠎ᠠᠴᠠ ᠭᠠᠷ᠎ᠤᠨ ᠦᠰᠦᠭ ᠵᠢᠷᠤᠬᠤ ᠬᠡᠷᠡᠭᠲᠡᠢ᠃ ᠦᠷᠲᠡᠭ᠎ᠨᠢ ᠲᠤᠳᠤᠷᠬᠠᠢ ᠦᠭᠡᠢ ᠡᠳ᠋ ᠪᠤᠳᠠᠰ᠎ᠢ ᠴᠠᠬ ᠲᠤᠬᠠᠢ᠎ᠳᠤᠨᠢ ᠬᠢᠨᠠᠨ ᠲᠤᠬᠲᠠᠭ᠋ᠠᠯᠲᠠ ᠬᠢᠯᠭᠡᠵᠤ᠂ ᠲᠤᠰᠬᠠᠢ᠌ᠯᠠᠨ ᠪᠢᠲᠡᠭᠦᠮᠵᠢᠯᠡᠨ ᠬᠠᠳᠠᠭ᠋ᠠᠯᠠᠬᠤ ᠬᠡᠷᠡᠭᠲᠡᠢ᠃
      ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠨᠠ ᠪᠠᠶ᠋ᠢᠴᠠᠭ᠋ᠠᠬᠤ ᠪᠠᠶ᠋ᠢᠭᠤᠯᠭ᠎ᠠ ᠲᠤᠰᠬᠠᠢ ᠳᠠᠩᠰᠠᠨ ᠳ᠋ᠤᠭ᠋ᠠᠷ᠂ ᠲᠤᠰᠬᠠᠢ ᠭᠠᠵᠠᠷ ᠲᠤᠬᠢᠷᠠᠭᠤᠯᠵᠤ᠂ ᠲᠤᠰᠬᠠᠢ ᠠᠵᠢᠯᠲᠠᠳ᠎ᠢ ᠲᠤᠬᠲᠠᠭ᠋ᠠᠵᠤ ᠬᠡᠷᠡᠭ᠎ᠲᠤ ᠬᠤᠯᠪᠤᠬᠳᠠᠬᠤ ᠵᠤᠭᠤᠰ ᠪᠤᠲᠠᠰ᠎ᠢ ᠬᠠᠳᠠᠭ᠋ᠠᠯᠠᠨ ᠬᠠᠮᠢᠶᠠᠷᠤᠭᠤᠯᠵᠤ᠂ ᠲᠤᠰᠢᠶᠠᠬᠤ ᠪᠡ ᠬᠦᠯᠢᠶᠡᠵᠦ ᠠᠪᠬᠤ᠂ ᠭᠠᠷᠭ᠋ᠠᠨ ᠠᠪᠬᠤ ᠭᠠᠷᠳᠠᠮ᠎ᠢ ᠴᠢᠩᠭ᠎ᠠ ᠬᠢᠨᠠᠮᠠᠭ᠋ᠠᠢ᠎ᠪᠠᠷ ᠭᠦᠢ᠍ᠴᠡᠳᠬᠡᠵᠦ᠂ ᠲᠤᠬᠲᠠᠬᠰᠠᠨ ᠬᠤᠭᠤᠴᠠᠭ᠎ᠠ᠎ᠲᠠᠢ᠎ᠪᠠᠷ ᠳᠠᠩᠰᠠ ᠳᠠᠭ᠋ᠠᠷᠠᠭᠤᠯᠤᠨ ᠬᠢᠨᠠᠨ ᠬᠠᠷᠭᠤᠭᠤᠯᠬᠤ ᠬᠡᠷᠡᠭᠲᠡᠢ᠃ ᠬᠡᠷᠡᠭ᠎ᠲᠤ ᠬᠤᠯᠪᠤᠬᠳᠠᠬᠤ ᠵᠤᠭᠤᠰ ᠪᠤᠲᠠᠰ ᠵᠢᠴᠢ ᠲᠡᠭᠦᠨ᠎ᠤ ᠦᠷᠡᠵᠢᠪᠦᠷᠢ ᠬᠦᠦ ᠵᠢ ᠬᠤᠪᠢᠨ᠎ᠤ᠎ᠪᠠᠨ ᠪᠤᠯᠭ᠋ᠠᠬᠤ ᠪᠤᠶᠤ ᠰᠢᠢ᠍ᠳᠪᠦᠷᠢᠯᠡᠬᠦ ᠵᠢ ᠴᠢᠩᠭ᠎ᠠ ᠴᠠᠭ᠋ᠠᠵᠠᠯᠠᠨ᠎ᠠ᠃
      ᠳᠦᠴᠢᠨ ᠨᠠᠢ᠍ᠮᠠᠳᠤᠭ᠋ᠠᠷ ᠵᠦᠢ᠍ᠯ     ᠰᠠᠬᠢᠯᠭ᠎ᠠ ᠪᠠᠲᠤ ᠵᠢ ᠬᠦᠨᠳᠦ ᠨᠤᠴᠢᠲᠠᠢ ᠵᠦᠷᠢᠴᠡᠭᠰᠡᠨ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ᠎ᠠᠴᠠ ᠵᠦᠷᠢᠴᠡᠭᠰᠡᠨ᠂ ᠲᠤᠰᠢᠶᠠᠯ᠎ᠤᠨ ᠶᠠᠯᠠᠲᠦ ᠠᠵᠢᠯᠯᠠᠭ᠎ᠠ ᠬᠢᠭᠰᠡᠨ ᠰᠡᠵᠢᠭᠯᠡᠯ᠎ᠲᠠᠢ ᠠᠰᠠᠭᠤᠳᠠᠯ᠎ᠢ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ᠎ᠳᠤ ᠶᠠᠷᠢᠯᠴᠠᠬᠤ᠂ ᠬᠡᠷᠡᠭ᠎ᠲᠤ ᠬᠤᠯᠪᠤᠭᠲᠠᠬᠤ ᠵᠤᠭᠤᠰ ᠪᠤᠲᠠᠰ᠎ᠢ ᠨᠡᠩᠵᠢᠨ ᠪᠠᠶ᠋ᠢᠴᠠᠭ᠋ᠠᠬᠤ᠂ ᠪᠠᠶ᠋ᠢᠴᠠᠭ᠋ᠠᠨ ᠪᠢᠲᠡᠭᠦᠮᠵᠢᠯᠡᠬᠦ᠂ ᠦᠯᠡᠳᠡᠭᠡᠵᠤ ᠠᠪᠬᠤ (ᠲᠦᠷ ᠦᠯᠡᠳᠡᠭᠡᠬᠦ᠂ ᠪᠢᠲᠡᠭᠦᠮᠵᠢᠯᠡᠨ ᠬᠠᠳᠠᠭ᠋ᠠᠯᠠᠬᠤ) ᠵᠡᠷᠭᠡ ᠴᠢᠬᠤᠯᠠ ᠭᠡᠷᠡᠴᠢ ᠠᠪᠬᠤ ᠠᠵᠢᠯ᠎ᠤᠨ ᠪᠦᠬᠦ ᠶᠠᠪᠤᠴᠠ᠎ᠳᠤ ᠳᠠᠭᠤ ᠳᠦᠷᠰᠦ ᠰᠢᠩᠭᠡᠭᠡᠯᠲᠡ ᠬᠢᠬᠦ ᠵᠢᠨ ᠬᠠᠮᠲᠤ ᠡᠭᠦᠨ᠎ᠢ ᠳᠤᠬᠢᠲᠠᠢ ᠬᠠᠳᠠᠭ᠋ᠠᠯᠠᠵᠤ᠂ ᠴᠠᠬ ᠲᠤᠬᠠᠢ᠎ᠳᠤᠨᠢ ᠳᠠᠩᠰᠠᠨ᠎ᠳᠤ ᠤᠷᠤᠭᠤᠯᠵᠤ᠂ ᠬᠡᠷᠡᠭ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠦᠴᠢᠷ᠎ᠠᠴᠠ ᠲᠤᠬᠲᠠᠬᠰᠠᠨ ᠬᠤᠭᠤᠴᠠᠭ᠎ᠠ᠎ᠲᠠᠢ᠎ᠪᠠᠷ ᠬᠠᠷᠭᠤᠭᠤᠯᠤᠨ ᠪᠠᠶ᠋ᠢᠴᠠᠭ᠋ᠠᠬᠤ ᠬᠡᠷᠡᠭᠲᠡᠢ᠃
      ᠳᠦᠴᠢᠨ ᠶᠢᠰᠦᠳᠦᠭᠡᠷ ᠵᠦᠢ᠍ᠯ     ᠰᠠᠬᠢᠯᠭ᠎ᠠ ᠪᠠᠲᠤ ᠵᠢ ᠬᠦᠨᠳᠦ ᠨᠤᠴᠢᠲᠠᠢ ᠵᠦᠷᠢᠴᠡᠭᠰᠡᠨ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ᠎ᠠᠴᠠ ᠵᠦᠷᠢᠴᠡᠭᠰᠡᠨ᠂ ᠲᠤᠰᠢᠶᠠᠯ᠎ᠤᠨ ᠶᠠᠯᠠᠲᠦ ᠠᠵᠢᠯᠯᠠᠭ᠎ᠠ ᠬᠢᠭᠰᠡᠨ ᠰᠡᠵᠢᠭᠯᠡᠯ᠎ᠲᠠᠢ ᠠᠰᠠᠭᠤᠳᠠᠯ᠎ᠢ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ᠎ᠳᠤ᠂ ᠬᠢᠨᠠᠯᠲᠠ ᠲᠠᠯᠪᠢᠨ ᠰᠠᠬᠢᠯᠭ᠎ᠠ ᠪᠠᠲᠤ ᠬᠡᠷᠡᠭᠵᠢᠭᠦᠯᠬᠦ ᠠᠵᠢᠯᠲᠠᠨ᠎ᠠᠴᠠ ᠵᠦᠪᠰᠢᠶᠡᠷᠡᠯ ᠠᠪᠤᠭᠰᠠᠠ ᠦᠭᠡᠢ᠎ᠪᠠᠷ ᠬᠤᠯᠪᠤᠬᠳᠠᠯ ᠪᠦᠬᠦᠢ ᠭᠠᠷᠳᠠᠮ ᠭᠦᠢ᠍ᠴᠡᠳᠬᠡᠯ ᠬᠢᠵᠤ ᠬᠢᠨᠠᠨ ᠪᠠᠶ᠋ᠢᠴᠠᠭ᠋ᠠᠭᠲᠠᠵᠤ ᠪᠠᠶ᠋ᠢᠭ᠎ᠠ ᠬᠦᠮᠦᠨ ᠪᠤᠶᠤ ᠪᠤᠰᠤᠳ ᠴᠢᠬᠤᠯᠠ ᠪᠦᠬᠦᠢ ᠶᠠᠷᠢᠯᠴᠠᠬᠤ᠂ ᠯᠠᠪᠯᠠᠨ ᠠᠰᠠᠭᠤᠭᠲᠠᠬᠤ ᠡᠲᠡᠭᠡᠳ᠎ᠢ ᠲᠤᠬᠲᠠᠬᠰᠠᠨ ᠶᠠᠷᠢᠯᠴᠠᠬᠤ ᠭᠠᠵᠠᠷ᠎ᠠᠴᠠ᠎ᠨᠢ ᠠᠪᠴᠤ ᠶᠠᠪᠤᠵᠤ ᠪᠤᠯᠬᠤ ᠦᠭᠡᠢ᠂ ᠬᠢᠨᠠᠨ ᠡᠵᠡᠮᠳᠡᠭᠦᠷ ᠳᠦᠬᠦᠭᠡᠷᠦᠮᠵᠢ ᠳᠤᠬᠢᠷᠠᠭᠤᠯᠤᠬᠰᠠᠨ ᠦᠭᠡᠢ ᠭᠠᠵᠠᠷ᠎ᠲᠤ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ᠎ᠪᠠᠷ ᠶᠠᠷᠢᠯᠴᠠᠬᠤ ᠪᠤᠶᠤ ᠪᠤᠰᠤᠳ ᠴᠢᠬᠤᠯᠠ ᠪᠦᠬᠦᠢ ᠶᠠᠷᠢᠯᠴᠠᠬᠤ᠂ ᠯᠠᠪᠯᠠᠨ ᠠᠰᠠᠭᠤᠬᠤ ᠵᠢ ᠬᠢᠵᠤ ᠪᠤᠯᠬᠤ ᠦᠭᠡᠢ᠂ ᠶᠠᠷᠢᠯᠴᠠᠬᠤ ᠬᠤᠭᠤᠴᠠᠭ᠋ᠠᠨ᠎ᠳᠤ ᠳᠠᠭᠤ ᠳᠦᠷᠰᠦ ᠰᠢᠩᠭᠡᠭᠡᠯᠲᠡ ᠵᠢᠨ ᠳᠦᠬᠦᠭᠡᠷᠦᠮᠵᠢ ᠵᠢ ᠬᠠᠭ᠋ᠠᠵᠤ ᠪᠤᠯᠬᠤ ᠦᠭᠡᠢ᠃
      ᠲᠠᠪᠢᠳᠤᠭ᠋ᠠᠷ ᠵᠦᠢ᠍ᠯ     ᠬᠢᠨᠠᠯᠲᠠ ᠲᠠᠯᠪᠢᠵᠤ ᠪᠠᠶ᠋ᠢᠴᠠᠭ᠋ᠠᠬᠤ᠂ ᠬᠢᠨᠠᠨ ᠪᠠᠶ᠋ᠢᠴᠠᠭ᠋ᠠᠬᠤ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠲᠠᠨ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠬᠤᠭᠤᠴᠠᠭ᠋ᠠᠨ᠎ᠳᠠᠬᠢ ᠳᠠᠭᠤ ᠳᠦᠷᠰᠦ ᠰᠢᠩᠭᠡᠭᠡᠯᠲᠡ᠂ ᠶᠠᠷᠢᠯᠴᠠᠭ᠋ᠠᠨ᠎ᠤ ᠲᠡᠮᠳᠡᠭᠯᠡᠯ᠂ ᠬᠡᠷᠡᠭ᠎ᠲᠤ ᠬᠤᠯᠪᠤᠬᠳᠠᠬᠤ ᠵᠤᠭᠤᠰ ᠪᠤᠲᠠᠰ᠎ᠢ ᠳᠠᠩᠰᠠᠯᠠᠬᠰᠠᠨ ᠪᠢᠴᠢᠭ ᠮᠠᠲ᠋ᠧᠷᠢᠶᠠᠯ᠎ᠢ ᠲᠤᠬᠲᠠᠬᠰᠠᠨ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠨ ᠦᠵᠡᠵᠤ᠂ ᠠᠰᠠᠭᠤᠳᠠᠯ᠎ᠢ ᠢᠯᠡᠷᠡᠭᠦᠯᠪᠡᠯ ᠴᠠᠬ ᠲᠤᠬᠠᠢ᠎ᠳᠤᠨᠢ ᠵᠠᠯᠠᠷᠠᠭᠤᠯᠬᠤ ᠵᠢᠨ ᠬᠠᠮᠲᠤ ᠮᠡᠳᠡᠭᠦᠯᠬᠦ ᠬᠡᠷᠡᠭᠲᠡᠢ᠃
ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠤᠯᠪᠤᠬᠳᠠᠯ ᠪᠦᠬᠦᠢ ᠬᠠᠷᠢᠭᠤᠴᠠᠯᠭ᠋ᠠᠲᠠᠨ ᠳᠠᠭᠤ ᠳᠦᠷᠰᠦ ᠰᠢᠩᠭᠡᠭᠡᠯᠲᠡ ᠵᠢ ᠭᠠᠷᠭ᠋ᠠᠨ ᠠᠪᠴᠤ ᠦᠵᠡᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠪᠦᠬᠦ ᠶᠠᠪᠤᠴᠠ᠎ᠳᠠᠬᠢ ᠬᠢᠨᠠᠯᠲᠠ ᠲᠠᠯᠪᠢᠯᠲᠠ᠎ᠪᠠᠨ ᠴᠢᠨᠭ᠋ᠠᠳᠬᠠᠬᠤ ᠬᠡᠷᠡᠭᠲᠡᠢ᠃
      ᠲᠠᠪᠢᠨ ᠨᠢᠭᠡᠳᠦᠭᠡᠷ ᠵᠦᠢ᠍ᠯ     ᠰᠠᠬᠢᠯᠭ᠎ᠠ ᠪᠠᠲᠤ ᠵᠢ ᠵᠦᠷᠢᠴᠡᠭᠰᠡᠨ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ᠎ᠠᠴᠠ ᠵᠦᠷᠢᠴᠡᠭᠰᠡᠨ᠂ ᠲᠤᠰᠢᠶᠠᠯ᠎ᠤᠨ ᠶᠠᠯᠠᠲᠦ ᠠᠵᠢᠯᠯᠠᠭ᠎ᠠ ᠬᠢᠭᠰᠡᠨ ᠰᠡᠵᠢᠭᠯᠡᠯ᠎ᠲᠠᠢ ᠠᠰᠠᠭᠤᠳᠠᠯ᠎ᠢ ᠪᠠᠶ᠋ᠢᠴᠠᠭ᠋ᠠᠨ ᠲᠤᠳᠤᠯᠠᠬᠰᠠᠨ ᠳᠠᠷᠠᠭ᠎ᠠ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠳᠤᠭᠤᠢ᠌ᠯᠠᠩ ᠪᠤᠲᠠᠲᠤ ᠬᠡᠷᠡᠭ᠎ᠤᠨ ᠪᠢᠴᠢᠭ ᠮᠠᠲ᠋ᠧᠷᠢᠶᠠᠯ᠎ᠢ ᠲᠤᠭᠤᠷᠪᠢᠨ ᠪᠢᠴᠢᠵᠦ᠂ ᠬᠢᠨᠠᠨ ᠪᠠᠶ᠋ᠢᠴᠠᠭ᠋ᠠᠭᠲᠠᠵᠤ ᠪᠠᠶ᠋ᠢᠭ᠎ᠠ ᠬᠦᠮᠦᠨ᠎ᠲᠠᠢ ᠠᠭᠤᠯᠵᠠᠵᠤ᠂ ᠰᠠᠨᠠᠯ᠎ᠢ᠎ᠨᠢ ᠰᠤᠨᠤᠰᠬᠤ ᠬᠡᠷᠡᠭᠲᠡᠢ᠃ ᠬᠢᠨᠠᠨ ᠪᠠᠶ᠋ᠢᠴᠠᠭ᠋ᠠᠭᠲᠠᠵᠤ ᠪᠠᠶ᠋ᠢᠭ᠎ᠠ ᠬᠦᠮᠦᠨ ᠪᠤᠲᠠᠲᠤ ᠬᠡᠷᠡᠭ᠎ᠤᠨ ᠪᠢᠴᠢᠭ ᠮᠠᠲ᠋ᠧᠷᠢᠶᠠᠯ ᠳᠡᠭᠡᠷ᠎ᠠ ᠭᠠᠷ᠎ᠤᠨ ᠦᠰᠦᠭ ᠵᠢᠷᠤᠵᠤ ᠰᠠᠨᠠᠯ ᠵᠶ᠋ᠠᠨ ᠪᠢᠴᠢᠬᠦ ᠬᠡᠷᠡᠭᠲᠡᠢ᠂ ᠠᠳᠠᠯᠢ ᠪᠤᠰᠤ ᠰᠠᠨᠠᠯ᠎ᠲᠠᠢ ᠪᠠᠶ᠋ᠢᠬᠤ ᠪᠤᠶᠤ ᠡᠰᠡᠭᠦᠯ᠎ᠡ ᠭᠠᠷ᠎ᠤᠨ ᠦᠰᠦᠭ ᠵᠶ᠋ᠠᠨ ᠵᠢᠷᠤᠬᠤ ᠦᠭᠡᠢ ᠪᠠᠶ᠋ᠢᠪᠠᠯ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠳᠤᠭᠤᠢ᠌ᠯᠠᠩ᠎ᠠᠴᠠ ᠲᠤᠳᠤᠷᠬᠠᠢ᠌ᠯᠠᠯᠲᠠ ᠬᠢᠬᠦ ᠪᠤᠶᠤ ᠪᠠᠶ᠋ᠢᠳᠠᠯ᠎ᠢ ᠲᠤᠳᠤᠷᠬᠠᠢ᠌ᠯᠠᠨ ᠵᠡᠭᠦᠯᠲᠡ ᠬᠢᠬᠦ ᠬᠡᠷᠡᠭᠲᠡᠢ᠃
      ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠠᠵᠢᠯ ᠳᠠᠭᠤᠰᠤᠭᠰᠠᠠ᠎ᠤ ᠳᠠᠷᠠᠭ᠎ᠠ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠳᠤᠭᠤᠢ᠌ᠯᠠᠩ ᠬᠠᠮᠲᠤ᠎ᠪᠠᠷ ᠶᠠᠷᠢᠯᠴᠠᠵᠤ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠭᠰᠡᠡ ᠮᠡᠳᠡᠭᠦᠯᠦᠯᠲᠡ ᠪᠢᠴᠢᠵᠦ᠂ ᠬᠢᠨᠠᠨ ᠪᠠᠶ᠋ᠢᠴᠠᠭ᠋ᠠᠭᠲᠠᠵᠤ ᠪᠠᠶ᠋ᠢᠭ᠎ᠠ ᠬᠦᠮᠦᠨ᠎ᠤ ᠦᠨᠳᠦᠰᠦᠨ ᠪᠠᠶ᠋ᠢᠳᠠᠯ᠂ ᠠᠰᠠᠭᠤᠳᠠᠯ᠎ᠤᠨ ᠰᠦᠪᠡᠭᠴᠢ ᠵᠢᠨ ᠢᠷᠡᠯᠲᠡ ᠵᠢᠴᠢ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠭᠰᠡᠡ ᠡᠰᠢ ᠪᠠᠷᠢᠮᠲᠠ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠭᠰᠡᠡ ᠶᠠᠪᠤᠴᠠ᠂ ᠰᠠᠬᠢᠯᠭ᠎ᠠ ᠪᠠᠲᠤ ᠵᠢ ᠵᠦᠷᠢᠴᠡᠭᠰᠡᠨ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ ᠵᠢ ᠵᠦᠷᠢᠴᠡᠭᠰᠡᠨ᠂ ᠲᠤᠰᠢᠶᠠᠯ᠎ᠤᠨ ᠶᠠᠯᠠᠲᠤ ᠠᠵᠢᠯᠯᠠᠭ᠎ᠠ ᠬᠢᠭᠰᠡᠡ ᠪᠤᠲᠠᠲᠤ ᠬᠡᠷᠡᠭ᠂ ᠬᠢᠨᠠᠨ ᠪᠠᠶ᠋ᠢᠴᠠᠭ᠋ᠠᠭᠲᠠᠵᠤ ᠪᠠᠶ᠋ᠢᠭ᠎ᠠ ᠬᠦᠮᠦᠨ᠎ᠤ ᠤᠪᠤᠷ ᠪᠠ ᠲᠠᠨᠢᠯᠲᠠ᠂ ᠰᠢᠢ᠍ᠳᠪᠦᠷᠢᠯᠡᠬᠦ ᠰᠠᠨᠠᠭᠤᠯᠭ᠎ᠠ ᠵᠢᠴᠢ ᠨᠠᠮ᠎ᠤᠨ ᠰᠠᠬᠢᠯᠭ᠎ᠠ ᠪᠠᠲᠦ ᠬᠠᠤᠯᠢ ᠴᠠᠭ᠋ᠠᠵᠠ ᠵᠢᠨ ᠡᠰᠢ ᠪᠠᠷᠢᠮᠲᠠ ᠵᠢ ᠲᠤᠳᠤᠷᠬᠠᠢ ᠵᠢᠬᠰᠠᠭ᠋ᠠᠬᠤ ᠵᠢᠨ ᠬᠠᠮᠲᠤ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠳᠤᠭᠤᠢ᠌ᠯᠠᠩ᠎ᠤᠨ ᠳᠠᠷᠤᠭ᠎ᠠ ᠵᠢᠴᠢ ᠬᠤᠯᠪᠤᠬᠳᠠᠯ ᠪᠦᠬᠦᠢ ᠠᠵᠢᠯᠲᠠᠨ ᠭᠠᠷ᠎ᠤᠨ ᠦᠰᠦᠭ ᠵᠢᠷᠤᠬᠤ ᠬᠡᠷᠡᠭᠲᠡᠢ᠃
      ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠶᠠᠪᠤᠴᠠ ᠳᠤᠮᠳᠠ ᠢᠯᠡᠷᠡᠭᠦᠯᠦᠭᠰᠡᠨ ᠴᠢᠬᠤᠯᠠ ᠠᠰᠠᠭᠤᠳᠠᠯ ᠪᠠ ᠰᠠᠨᠠᠯ ᠰᠠᠨᠠᠭᠤᠯᠭ᠎ᠠ ᠵᠢ ᠲᠤᠰᠬᠠᠢ ᠰᠡᠳᠦᠪᠲᠤ ᠮᠡᠳᠡᠭᠦᠯᠦᠯᠲᠡ ᠪᠤᠯᠭ᠋ᠠᠬᠤ ᠬᠡᠷᠡᠭᠲᠡᠢ᠃
      ᠲᠠᠪᠢᠨ ᠬᠤᠶᠠᠳᠤᠭ᠋ᠠᠷ ᠵᠦᠢ᠍ᠯ     ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠭᠰᠡᠡ ᠮᠡᠳᠡᠭᠦᠯᠦᠯᠲᠡ ᠵᠢᠴᠢ ᠬᠡᠮᠰᠢᠵᠦ ᠤᠬᠠᠭ᠋ᠠᠷᠠᠵᠤ ᠲᠤᠩᠭ᠋ᠠᠨ ᠪᠤᠳᠤᠯᠬᠢᠯᠠᠬᠰᠠᠨ ᠮᠠᠲ᠋ᠧᠷᠢᠶᠠᠯ᠂ ᠰᠠᠬᠢᠯᠭ᠎ᠠ ᠪᠠᠲᠤ ᠵᠢ ᠵᠦᠷᠢᠴᠡᠭᠰᠡᠨ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ ᠵᠢ ᠵᠦᠷᠢᠴᠡᠭᠰᠡᠨ᠂ ᠲᠤᠰᠢᠶᠠᠯ᠎ᠤᠨ ᠶᠠᠯᠠᠲᠤ ᠠᠵᠢᠯᠯᠠᠭ᠎ᠠ ᠬᠢᠭᠰᠡᠡ ᠪᠤᠲᠠᠲᠤ ᠬᠡᠷᠡᠭ᠎ᠤᠨ ᠮᠠᠲ᠋ᠧᠷᠢᠶᠠᠯ᠂ ᠬᠡᠷᠡᠭ᠎ᠲᠤ ᠬᠤᠯᠪᠤᠬᠳᠠᠬᠤ ᠵᠤᠭᠤᠰ ᠪᠤᠲᠠᠰ᠎ᠤᠨ ᠲᠤᠬᠠᠢ ᠮᠡᠳᠡᠭᠦᠯᠦᠯᠲᠡ ᠵᠡᠷᠭᠡ ᠵᠢ ᠵᠢᠷᠤᠮ ᠳᠠᠷᠠᠭ᠋ᠠᠯᠠᠯ ᠶᠤᠰᠤᠭ᠋ᠠᠷ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠭᠤᠤᠯ ᠬᠠᠷᠢᠭᠤᠴᠠᠯᠭ᠋ᠠᠲᠠᠨ᠎ᠳᠤ ᠮᠡᠳᠡᠭᠦᠯᠦᠨ ᠵᠦᠪᠰᠢᠶᠡᠷᠡᠭᠦᠯᠵᠦ᠂ ᠪᠦᠬᠦ᠋ᠢ᠍ᠯᠡ ᠭᠡᠷᠡᠴᠢ ᠪᠠᠷᠢᠮᠲᠠ ᠪᠠ ᠵᠢᠷᠤᠮ ᠳᠠᠷᠠᠭ᠋ᠠᠯᠠᠯ᠎ᠤᠨ ᠪᠢᠴᠢᠭ ᠮᠠᠲ᠋ᠧᠷᠢᠶᠠᠯ᠎ᠲᠠᠢ ᠬᠠᠮᠲᠤ ᠲᠤᠬᠲᠠᠭ᠋ᠠᠯ ᠶᠤᠰᠤᠭ᠋ᠠᠷ ᠰᠢᠬᠦᠬᠦ᠎ᠳᠤ ᠰᠢᠯᠵᠢᠭᠦᠯᠦᠨ ᠬᠦᠷᠭᠡᠭᠡᠬᠦ ᠬᠡᠷᠡᠭᠲᠡᠢ᠃
      ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠭᠰᠡᠡ ᠪᠦᠬᠦ ᠶᠠᠪᠤᠴᠠ᠎ᠳᠠᠬᠢ ᠪᠢᠴᠢᠭ ᠮᠠᠲ᠋ᠧᠷᠢᠶᠠᠯ᠎ᠢ ᠬᠡᠷᠡᠭ ᠳᠠᠭᠤᠰᠬᠤ᠎ᠳᠤ ᠳᠠᠩᠰᠠ ᠡᠪᠬᠡᠮᠡᠯ ᠪᠤᠯᠭ᠋ᠠᠬᠤ ᠬᠡᠷᠡᠭᠲᠡᠢ᠃
      ᠨᠠᠢ᠍ᠮᠠᠳᠤᠭ᠋ᠠᠷ ᠪᠦᠯᠦᠭ ᠰᠢᠬᠦᠬᠦ
      ᠲᠠᠪᠢᠨ ᠭᠤᠷᠪᠠᠳᠤᠭ᠋ᠠᠷ ᠵᠦᠢ᠍ᠯ     ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠰᠠᠬᠢᠯᠭ᠎ᠠ ᠪᠠᠲᠤ ᠵᠢ ᠵᠦᠷᠢᠴᠡᠭᠰᠡᠨ ᠪᠤᠶᠤ ᠬᠠᠤᠯᠢ ᠵᠢ ᠵᠦᠷᠢᠴᠡᠭᠰᠡᠨ᠂ ᠶᠠᠯ᠎ᠠ ᠬᠢᠭᠰᠡᠨ ᠰᠡᠵᠢᠭᠯᠡᠯ᠎ᠲᠠᠢ ᠬᠡᠷᠡᠭ᠎ᠢ ᠳᠦᠷᠢᠮ ᠶᠤᠰᠤᠭ᠋ᠠᠷ ᠰᠠᠬᠢᠯᠭ᠎ᠠ ᠪᠠᠲᠦ ᠶᠤᠰᠤᠭ᠋ᠠᠷ ᠬᠠᠤᠯᠢ ᠶᠤᠰᠤᠭ᠋ᠠᠷ ᠴᠢᠩᠭ᠎ᠠ ᠬᠢᠨᠠᠨ ᠬᠠᠷᠭᠤᠭᠤᠯᠤᠨ᠂ ᠰᠠᠬᠢᠯᠭ᠎ᠠ ᠪᠠᠲᠤ ᠵᠢᠨ ᠰᠢᠢ᠍ᠳᠬᠡᠯ ᠪᠤᠶᠤ ᠰᠢᠢ᠍ᠳᠬᠡᠯ ᠤᠯᠭᠤᠬᠤ ᠰᠠᠨᠠᠯ ᠳᠤᠷᠠᠳᠴᠤ᠂ ᠪᠤᠲᠠᠲᠤ ᠬᠡᠷᠡᠭ ᠲᠤᠳᠤᠷᠬᠠᠢ᠂ ᠭᠡᠷᠡᠴᠢ ᠪᠠᠷᠢᠮᠲᠠ ᠪᠠᠲᠦ ᠨᠤᠲᠠᠲᠠᠢ᠂ ᠴᠢᠨᠠᠷ ᠲᠤᠬᠲᠠᠭ᠋ᠠᠬᠰᠠᠨ᠎ᠨᠢ ᠤᠨᠤᠪᠴᠢᠲᠠᠢ᠂ ᠰᠢᠢ᠍ᠳᠪᠦᠷᠢᠯᠡᠭᠰᠡᠨ᠎ᠨᠢ ᠵᠤᠬᠢᠰᠲᠠᠢ᠂ ᠭᠠᠷᠳᠠᠮ ᠭᠦᠢ᠍ᠴᠡᠳᠬᠡᠯ ᠪᠦᠷᠢᠨ᠂ ᠵᠢᠷᠤᠮ ᠳᠠᠷᠠᠭ᠋ᠠᠯᠠᠯ᠎ᠨᠢ ᠲᠤᠬᠲᠠᠭ᠋ᠠᠯ᠎ᠳᠤ ᠨᠡᠶ᠋ᠢᠴᠡᠭᠰᠡᠡ ᠪᠠᠶ᠋ᠢᠬᠤ ᠵᠢ ᠭᠦᠢ᠍ᠴᠡᠳᠭᠡᠬᠦ ᠬᠡᠷᠡᠭᠲᠡᠢ᠃
      ᠰᠠᠬᠢᠯᠭ᠎ᠠ ᠪᠠᠲᠤ᠎ᠪᠠᠷ ᠰᠢᠢ᠍ᠳᠭᠡᠬᠦ ᠪᠤᠶᠤ ᠰᠢᠢ᠍ᠳᠬᠡᠯ ᠤᠯᠭᠤᠬᠤ᠎ᠳᠤ ᠡᠷᠬᠡᠪᠰᠢ ᠠᠷᠠᠳᠴᠢᠯᠡᠯ ᠲᠦᠪᠯᠡᠷᠡᠯ᠎ᠤᠨ ᠶᠤᠰᠤᠨ᠎ᠤ ᠵᠠᠷᠴᠢᠮ᠎ᠢ ᠪᠠᠷᠢᠮᠲᠠᠯᠠᠵᠤ᠂ ᠬᠠᠮᠲᠤ᠎ᠪᠠᠷ ᠶᠠᠷᠢᠯᠴᠠᠨ ᠲᠤᠬᠲᠠᠭ᠋ᠠᠬᠤ ᠬᠡᠷᠡᠭᠲᠡᠢ᠂ ᠶᠠᠮᠠᠷᠪᠠ ᠬᠤᠪᠢ ᠬᠦᠮᠦᠨ ᠪᠤᠶᠤ ᠴᠦᠬᠡᠨ ᠲᠤᠭ᠋ᠠᠨ᠎ᠤ ᠬᠦᠮᠦᠰ ᠲᠤᠬᠲᠠᠭ᠋ᠠᠬᠤ ᠪᠠ ᠵᠦᠪᠰᠢᠶᠡᠷᠡᠬᠦ ᠵᠢ ᠬᠦᠯᠢᠶᠡᠬᠦ ᠦᠭᠡᠢ᠃
      ᠲᠠᠪᠢᠨ ᠳᠦᠷᠪᠡᠳᠦᠭᠡᠷ ᠵᠦᠢ᠍ᠯ     ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠪᠤᠯᠤᠨ ᠰᠢᠬᠦᠬᠦ ᠵᠢ ᠬᠠᠷᠢᠯᠴᠠᠨ ᠰᠠᠯᠭ᠋ᠠᠬᠤ ᠵᠠᠷᠴᠢᠮ᠎ᠢ ᠪᠠᠷᠢᠮᠲᠠᠯᠠᠵᠤ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠠᠵᠢᠯᠲᠠᠨ ᠰᠢᠬᠦᠬᠦ᠎ᠳᠤ ᠤᠷᠤᠯᠴᠠᠵᠤ ᠪᠤᠯᠬᠤ ᠦᠭᠡᠢ᠃ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠡᠷᠡᠭ ᠰᠢᠬᠦᠬᠦ ᠰᠠᠯᠠᠭ᠎ᠠ ᠮᠦᠴᠢᠷ ᠰᠠᠬᠢᠯᠭ᠎ᠠ ᠪᠠᠲᠤ ᠵᠢ ᠵᠦᠷᠢᠴᠡᠭᠰᠡᠨ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ ᠵᠢ ᠵᠦᠷᠢᠴᠡᠭᠰᠡᠨ᠂ ᠲᠤᠰᠢᠶᠠᠯ᠎ᠤᠨ ᠶᠠᠯᠠᠲᠦ ᠠᠵᠢᠯᠯᠠᠭ᠎ᠠ ᠬᠢᠭᠰᠡᠨ ᠰᠡᠵᠢᠭᠯᠡᠯ᠎ᠲᠠᠢ ᠠᠰᠠᠭᠤᠳᠠᠯ᠎ᠳᠤ᠂ ᠰᠠᠬᠢᠯᠭ᠎ᠠ ᠪᠠᠲᠤ᠎ᠪᠠᠷ ᠰᠢᠢ᠍ᠳᠬᠡᠬᠦ ᠪᠤᠶᠤ ᠰᠢᠢ᠍ᠳᠬᠡᠯ ᠤᠯᠭᠤᠬᠤ ᠶᠤᠰᠤᠲᠠᠢ ᠬᠡᠷᠡᠭ ᠪᠠ ᠳᠠᠬᠢᠨ ᠵᠦᠪᠯᠡᠵᠦ ᠳᠠᠬᠢᠨ ᠪᠠᠶ᠋ᠢᠴᠠᠭ᠋ᠠᠬᠤ ᠬᠡᠷᠡᠭ᠎ᠢ ᠲᠤᠬᠲᠠᠭ᠋ᠠᠯ ᠶᠤᠰᠤᠭ᠋ᠠᠷ ᠬᠢᠨᠠᠨ ᠬᠠᠷᠭᠤᠭᠤᠯᠵᠤ ᠰᠢᠢ᠍ᠳᠪᠦᠷᠢᠯᠡᠬᠦ ᠬᠡᠷᠡᠭᠲᠡᠢ᠃
      ᠲᠠᠪᠢᠨ ᠲᠠᠪᠤᠳᠤᠭ᠋ᠠᠷ ᠵᠦᠢ᠍ᠯ     ᠰᠢᠬᠦᠬᠦ ᠠᠵᠢᠯ᠎ᠢ ᠳᠤᠤᠷᠠᠬᠢ ᠵᠢᠷᠤᠮ ᠳᠠᠷᠠᠭ᠋ᠠᠯᠠᠯ ᠶᠤᠰᠤᠭ᠋ᠠᠷ ᠶᠠᠪᠤᠬᠳᠠᠭᠤᠯᠤᠨ᠎ᠠ᠄
     (ᠨᠢᠭᠡ) ᠭᠡᠷᠡᠭ᠎ᠢ ᠰᠢᠬᠦᠬᠦ ᠰᠠᠯᠠᠭ᠎ᠠ ᠮᠦᠴᠢᠷ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠭᠰᠡᠡ ᠮᠡᠳᠡᠭᠦᠯᠦᠯᠲᠡ ᠵᠢ ᠤᠯᠤᠬᠰᠠᠨ᠎ᠤ ᠳᠠᠷᠠᠭ᠎ᠠ᠂ ᠬᠢᠨᠠᠨ ᠬᠠᠷᠭᠤᠭᠤᠯᠤᠭ᠋ᠠᠳ ᠰᠢᠯᠵᠢᠭᠦᠯᠦᠨ ᠬᠦᠷᠭᠡᠭᠡᠬᠦ ᠨᠦᠬᠦᠴᠡᠯ᠎ᠳᠤ ᠨᠡᠶ᠋ᠢᠴᠡᠬᠦ ᠵᠢ᠎ᠨᠢ ᠬᠦᠯᠢᠶᠡᠨ ᠠᠪᠴᠤ ᠰᠢᠢ᠍ᠳᠪᠦᠷᠢᠯᠡᠵᠦ᠂ ᠰᠢᠯᠵᠢᠭᠦᠯᠦᠨ ᠬᠦᠷᠭᠡᠭᠡᠬᠦ ᠨᠦᠬᠦᠴᠡᠯ᠎ᠳᠤ ᠨᠡᠶ᠋ᠢᠴᠡᠬᠦ ᠦᠭᠡᠢ ᠵᠢ᠎ᠨᠢ ᠲᠦᠷ ᠬᠤᠶ᠋ᠢᠰᠢᠯᠠᠭᠤᠯᠤᠨ ᠬᠦᠯᠢᠶᠡᠨ ᠠᠪᠴᠤ ᠰᠢᠢ᠍ᠳᠪᠦᠷᠢᠯᠡᠬᠦ ᠪᠤᠶᠤ ᠬᠦᠯᠢᠶᠡᠨ ᠠᠪᠬᠤ ᠦᠭᠡᠢ ᠪᠠᠶ᠋ᠢᠵᠤ ᠪᠤᠯᠤᠨ᠎ᠠ᠃
     (ᠬᠤᠶᠠᠷ) ᠬᠦᠨᠳᠦ ᠶᠡᠭᠡ᠂ ᠪᠤᠳᠤᠯᠢᠶᠠᠨᠲᠠᠢ᠂ ᠮᠠᠳᠠᠬᠲᠠᠢ ᠬᠡᠷᠡᠭ᠎ᠢ ᠬᠢᠨᠠᠯᠲᠠ ᠲᠠᠯᠪᠢᠵᠤ ᠪᠠᠶ᠋ᠢᠴᠠᠭ᠋ᠠᠬᠤ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠰᠠᠯᠠᠭ᠎ᠠ ᠮᠦᠴᠢᠷ ᠨᠢᠭᠡᠨᠲᠡ ᠰᠠᠬᠢᠯᠭ᠎ᠠ ᠪᠠᠲᠤ ᠵᠢ ᠵᠦᠷᠢᠴᠡᠭᠰᠡᠨ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ ᠵᠢ ᠵᠦᠷᠢᠴᠡᠭᠰᠡᠨ᠂ ᠲᠤᠰᠢᠶᠠᠯ᠎ᠤᠨ ᠶᠠᠯᠠᠲᠤ ᠠᠵᠢᠯᠯᠠᠭ᠎ᠠ ᠵᠢᠨ ᠭᠤᠤᠯ ᠪᠤᠲᠠᠲᠤ ᠬᠡᠷᠡᠭ᠎ᠢ ᠪᠠᠶ᠋ᠢᠴᠠᠭ᠋ᠠᠨ ᠲᠤᠲᠤᠯᠠᠭᠰᠠᠠ ᠪᠦᠭᠡᠳ ᠬᠠᠨᠳᠤᠯᠭ᠋ᠠᠲᠤ ᠴᠢᠨᠠᠷᠲᠠᠢ ᠰᠠᠨᠠᠯ ᠳᠤᠷᠠᠳᠤᠬᠰᠠᠨ; ᠰᠠᠬᠢᠯᠭ᠎ᠠ ᠪᠠᠲᠤ ᠵᠢ ᠵᠦᠷᠢᠴᠡᠭᠰᠡᠨ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ ᠵᠢ ᠵᠦᠷᠢᠴᠡᠭᠰᠡᠨ᠂ ᠲᠤᠰᠢᠶᠠᠯ᠎ᠤᠨ ᠶᠠᠯᠠᠲᠦ ᠠᠵᠢᠯᠯᠠᠭ᠎ᠠ ᠬᠢᠭᠰᠡᠨ ᠰᠡᠵᠢᠭᠯᠡᠯ᠎ᠲᠠᠢ ᠦᠢ᠍ᠯᠡ ᠠᠵᠢᠯᠯᠠᠭ᠎ᠠ ᠵᠢᠨ ᠰᠢᠨᠵᠢ ᠴᠢᠨᠠᠷ᠎ᠢ ᠲᠤᠬᠲᠠᠭ᠋ᠠᠬᠤ ᠲᠤᠬᠠᠢ ᠵᠦᠷᠢᠯᠳᠦᠭᠡᠨ ᠨᠡᠯᠢᠶᠡᠳ ᠶᠡᠭᠡ ᠪᠠᠶ᠋ᠢᠪᠠᠯ᠂ ᠵᠦᠪᠰᠢᠶᠡᠷᠡᠯ ᠤᠯᠤᠭᠰᠠᠠ᠎ᠤ ᠳᠠᠷᠠᠭ᠎ᠠ ᠬᠡᠷᠡᠭ᠎ᠢ ᠰᠢᠬᠦᠬᠦ ᠰᠠᠯᠠᠭ᠎ᠠ ᠮᠦᠴᠢᠷ ᠤᠷᠢᠳᠴᠢᠯᠠᠨ ᠤᠷᠤᠯᠴᠠᠵᠤ ᠪᠤᠯᠤᠨ᠎ᠠ᠃
     (ᠭᠤᠷᠪᠠ) ᠬᠡᠷᠡᠭ᠎ᠢ ᠰᠢᠬᠦᠬᠦ ᠰᠠᠯᠠᠭ᠎ᠠ ᠮᠦᠴᠢᠷ ᠬᠡᠷᠡᠭ᠎ᠢ ᠰᠢᠢ᠍ᠳᠪᠦᠷᠢᠯᠡᠬᠦ᠎ᠪᠠᠷ ᠬᠦᠯᠢᠶᠡᠨ ᠠᠪᠤᠬᠰᠠᠨ᠎ᠤ ᠳᠠᠷᠠᠭ᠎ᠠ᠂ ᠬᠤᠶᠠᠷ ᠬᠦᠮᠦᠨ᠎ᠠᠴᠠ ᠳᠡᠭᠡᠭᠰᠢ ᠪᠦᠷᠢᠯᠳᠦᠭᠰᠡᠨ ᠰᠢᠬᠦᠬᠦ ᠳᠤᠭᠤᠢ᠌ᠢ᠍ᠯᠠᠩ ᠪᠠᠶ᠋ᠢᠭᠤᠯᠵᠤ ᠬᠡᠷᠡᠭ᠎ᠤᠨ ᠳᠠᠩᠰᠠ ᠡᠪᠬᠡᠮᠡᠯ ᠪᠢᠴᠢᠭ ᠮᠠᠲᠧᠷᠢᠶᠠᠯ᠎ᠢ ᠪᠦᠬᠦ ᠲᠠᠯ᠎ᠠ᠎ᠪᠠᠷ ᠰᠢᠬᠦᠵᠦ ᠦᠵᠡᠵᠤ᠂ ᠰᠢᠬᠦᠬᠦ ᠰᠠᠨᠠᠯ ᠵᠶ᠋ᠠᠨ ᠳᠤᠷᠠᠳᠬᠤ ᠬᠡᠷᠡᠭᠲᠡᠢ᠃
     (ᠲᠦᠷᠪᠡ) ᠬᠠᠮᠳᠤ᠎ᠪᠠᠷ ᠬᠢᠨᠠᠨ ᠵᠦᠪᠯᠡᠬᠦ ᠵᠠᠷᠴᠢᠮ᠎ᠢ ᠪᠠᠷᠢᠮᠳᠠᠯᠠᠵᠥ᠂ ᠠᠷᠠᠳᠴᠢᠯᠠᠯ ᠵᠶ᠋ᠠᠷ ᠶᠠᠷᠢᠯᠴᠠᠭᠰᠠᠠ ᠰᠠᠭᠤᠷᠢᠨ ᠲᠡᠬᠡᠷ᠎ᠡ ᠰᠢᠢ᠍ᠳᠪᠤᠷᠢᠯᠡᠬᠦ ᠰᠠᠨᠠᠯ᠎ᠢ ᠪᠦᠷᠢᠯᠳᠦᠬᠦᠯᠬᠦ ᠬᠡᠷᠡᠭᠲᠡᠢ; ᠮᠠᠷᠭᠤᠭ᠋ᠠᠨ ᠨᠡᠯᠢᠶᠡᠳ ᠶᠡᠭᠡ ᠪᠤᠯ ᠴᠠᠭ ᠲᠤᠬᠠᠢ᠎ᠳᠤᠨᠢ ᠮᠡᠳᠡᠬᠦᠯᠵᠥ᠂ ᠰᠠᠨᠠᠯ ᠨᠢᠬᠡᠳᠦᠭᠰᠡᠡ᠎ᠤ ᠲᠠᠷᠠᠭ᠎ᠠ ᠲᠠᠬᠢᠭ᠋ᠠᠳ ᠲᠤᠭᠳᠠᠭ᠋ᠠᠯ ᠭᠠᠷᠭ᠋ᠠᠬᠤ ᠬᠡᠷᠡᠭᠲᠡᠢ᠃ ᠬᠡᠷᠡᠭ᠎ᠢ ᠰᠢᠬᠦᠬᠦ ᠰᠠᠯᠠᠭ᠎ᠠ ᠮᠦᠴᠢᠷ ᠬᠡᠷᠡᠭ᠎ᠢ ᠰᠢᠬᠦᠭᠰᠡᠡ ᠪᠠᠶ᠋ᠢᠳᠠᠯ᠎ᠢ ᠦᠨᠳᠦᠰᠦᠯᠠᠨ᠂ ᠬᠢᠨᠠᠨ ᠪᠠᠶ᠋ᠢᠴᠠᠭ᠋ᠠᠭᠲᠠᠵᠤ ᠪᠠᠶ᠋ᠢᠭ᠎ᠠ ᠬᠦᠮᠥᠨ᠎ᠲᠠᠢ ᠶᠠᠷᠢᠯᠴᠠᠵᠥ᠂ ᠰᠠᠬᠢᠯᠭ᠎ᠠ ᠪᠠᠳᠤ ᠵᠢ ᠵᠦᠷᠢᠴᠡᠭᠰᠡᠡ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ ᠵᠢ ᠵᠦᠷᠢᠴᠡᠭᠰᠡᠡ᠂ ᠲᠤᠰᠢᠶᠠᠯ᠎ᠤᠨ ᠶᠠᠯᠠᠳᠤ ᠠᠵᠢᠯᠯᠠᠭ᠎ᠠ ᠬᠢᠭᠰᠡᠡ ᠦᠨᠡᠨ ᠪᠤᠲᠠᠲᠦ ᠬᠡᠷᠡᠭ᠎ᠢ ᠬᠠᠷᠭᠤᠭᠤᠯᠵᠥ᠂ ᠰᠠᠨᠠᠯ᠎ᠢ᠎ᠨᠢ ᠰᠤᠨᠤᠰᠴᠦ᠂ ᠬᠠᠮᠢᠶ᠎ᠠ ᠪᠦᠬᠦᠢ ᠪᠠᠶ᠋ᠢᠳᠠᠯ᠎ᠢ ᠤᠢ᠌ᠯᠠᠭ᠋ᠠᠬᠤ ᠬᠡᠷᠡᠭᠳᠡᠢ᠃
     (ᠲᠠᠪᠤ) ᠭᠤᠤᠯ ᠪᠤᠯᠬᠤ ᠪᠤᠲᠠᠲᠦ ᠬᠡᠷᠡᠭ᠎ᠨᠢ ᠲᠤᠳᠤᠷᠬᠠᠢ ᠦᠬᠡᠢ᠂ ᠬᠡᠷᠡᠴᠢ ᠪᠠᠷᠢᠮᠳᠡ᠎ᠨᠢ ᠭᠦᠢ᠍ᠴᠡᠳ ᠦᠭᠡᠢ ᠪᠠᠶ᠋ᠢᠪᠠᠯ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠭᠤᠤᠯ ᠬᠠᠷᠢᠭᠤᠴᠠᠯᠭ᠋ᠠᠳᠠᠨ ᠵᠶ᠋ᠠᠷ ᠵᠦᠪᠰᠢᠶᠡᠷᠡᠬᠦᠯᠵᠥ᠂ ᠬᠢᠨᠠᠯᠳᠠ ᠲᠠᠯᠪᠢᠨ ᠪᠠᠶ᠋ᠢᠴᠠᠭ᠋ᠠᠬᠤ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠰᠠᠯᠠᠭ᠎ᠠ ᠮᠦᠴᠢᠷ᠎ᠲᠤ ᠪᠤᠴᠠᠭ᠋ᠠᠵᠥ ᠲᠠᠬᠢᠨ ᠬᠢᠨᠠᠨ ᠪᠠᠶ᠋ᠢᠴᠠᠭ᠋ᠠᠬᠤ ᠪᠠᠶ᠋ᠢᠴᠠᠭ᠋ᠠᠯᠲᠠ ᠬᠢᠯᠭᠡᠬᠦ ᠬᠡᠷᠡᠭᠳᠡᠢ; ᠬᠡᠷᠡᠴᠢ ᠪᠠᠷᠢᠮᠳᠡ ᠵᠢ ᠨᠦᠬᠦᠷᠢᠯᠡᠨ ᠪᠦᠷᠢᠨᠰᠢᠬᠦᠯᠬᠦ ᠴᠢᠬᠤᠯᠠᠳᠠᠢ ᠪᠤᠯ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠳᠠᠨ ᠵᠶ᠋ᠠᠷ ᠵᠦᠪᠰᠢᠶᠡᠷᠡᠬᠦᠯᠵᠥ᠂ ᠬᠢᠨᠠᠯᠳᠠ ᠲᠠᠯᠪᠢᠨ ᠪᠠᠶ᠋ᠢᠴᠠᠭ᠋ᠠᠬᠤ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠰᠠᠯᠠᠭ᠎ᠠ ᠮᠦᠴᠢᠷ᠎ᠲᠤ ᠪᠤᠴᠠᠭ᠋ᠠᠵᠥ ᠨᠦᠬᠦᠪᠦᠷᠢᠯᠡᠨ ᠬᠢᠨᠠᠨ ᠪᠠᠶ᠋ᠢᠴᠠᠭ᠋ᠠᠬᠤ ᠪᠠᠶ᠋ᠢᠴᠠᠭ᠋ᠠᠯᠲᠠ ᠬᠢᠯᠭᠡᠬᠦ ᠬᠡᠷᠡᠭᠳᠡᠢ᠃
     (ᠵᠢᠷᠭᠤᠭ᠎ᠠ) ᠰᠢᠬᠦᠬᠦ ᠠᠵᠢᠯ ᠲᠠᠭᠤᠰᠤᠭᠰᠠᠠ᠎ᠤ ᠲᠠᠷᠠᠭ᠎ᠠ ᠰᠢᠬᠦᠭᠰᠡᠡ ᠮᠡᠳᠡᠬᠦᠯᠥᠯᠳᠡ ᠵᠢ ᠪᠦᠷᠢᠯᠳᠦᠬᠦᠯᠬᠦ ᠬᠡᠷᠡᠭᠲᠡᠢ᠂ ᠠᠭᠤᠯᠭ᠎ᠠ᠎ᠳᠤᠨᠢ ᠬᠢᠨᠠᠨ ᠪᠠᠶ᠋ᠢᠴᠠᠭ᠋ᠠᠭᠲᠠᠵᠤ ᠪᠠᠶ᠋ᠢᠭ᠎ᠠ ᠬᠦᠮᠥᠨ᠎ᠤ ᠦᠨᠳᠦᠰᠦᠨ ᠪᠠᠶ᠋ᠢᠳᠠᠯ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠭᠰᠡᠡ ᠲᠦᠬᠦᠮ ᠪᠠᠶ᠋ᠢᠳᠠᠯ᠂ ᠰᠠᠬᠢᠯᠭ᠎ᠠ ᠪᠠᠲᠦ ᠬᠠᠤᠯᠢ ᠴᠠᠭ᠋ᠠᠵᠠ ᠵᠢ ᠵᠦᠷᠢᠴᠡᠭᠰᠡᠡ ᠪᠤᠶᠤ ᠲᠤᠰᠢᠶᠠᠯ᠎ᠤᠨ ᠶᠠᠯᠠᠳᠤ ᠠᠵᠢᠯᠯᠠᠭ᠎ᠠ ᠬᠢᠭᠰᠡᠡ ᠦᠨᠡᠨ ᠪᠤᠲᠠᠲᠦ ᠬᠡᠷᠡᠭ᠂ ᠬᠡᠷᠡᠭ᠎ᠲᠤ ᠬᠤᠯᠪᠤᠭᠳᠠᠭᠰᠠᠠ ᠵᠤᠭᠤᠰ ᠪᠤᠳᠠᠰ᠎ᠢ ᠰᠢᠢ᠍ᠳᠪᠤᠷᠢᠯᠡᠭᠰᠡᠡ᠂ ᠬᠢᠨᠠᠯᠳᠠ ᠲᠠᠯᠪᠢᠨ ᠪᠠᠶ᠋ᠢᠴᠠᠭ᠋ᠠᠭᠰᠠᠠ ᠪᠤᠶᠤ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠭᠰᠡᠡ ᠰᠠᠯᠠᠭ᠎ᠠ ᠮᠦᠴᠢᠷ᠎ᠤᠨ ᠰᠠᠨᠠᠯ᠂ ᠰᠢᠬᠦᠭᠰᠡᠡ ᠰᠠᠨᠠᠯ ᠵᠡᠷᠬᠡ ᠪᠠᠭᠳᠠᠨ᠎ᠠ᠃ ᠰᠢᠬᠦᠭᠰᠡᠡ ᠮᠡᠳᠡᠬᠦᠯᠥᠯᠳᠡ᠎ᠨᠢ ᠨᠠᠮ᠎ᠤᠨ ᠲᠤᠳᠤᠭ᠋ᠠᠳᠤ ᠵᠢᠨ ᠬᠢᠨᠠᠨ ᠪᠠᠶ᠋ᠢᠴᠠᠭ᠋ᠠᠬᠤ ᠤᠨᠴᠠᠯᠢᠭ᠎ᠢ ᠢᠯᠡᠷᠡᠬᠦᠯᠵᠥ᠂ 《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠠᠬᠢᠯᠭ᠎ᠠ ᠪᠠᠳᠤ ᠵᠢᠨ ᠰᠢᠢ᠍ᠳᠬᠡᠯ ᠦᠭᠬᠦ ᠲᠦᠷᠢᠮ》᠎ᠢ ᠦᠨᠳᠦᠰᠦᠯᠡᠨ ᠰᠠᠬᠢᠯᠭ᠎ᠠ ᠪᠠᠳᠤ ᠵᠢ ᠵᠦᠷᠢᠴᠡᠭᠰᠡᠡ ᠦᠨᠡᠨ ᠪᠤᠲᠠᠲᠦ ᠬᠡᠷᠡᠭ᠎ᠤᠨ ᠰᠢᠨᠵᠢ ᠴᠢᠨᠠᠷ᠎ᠢ ᠨᠤᠳᠠᠯᠠᠨ ᠲᠤᠭᠳᠠᠭ᠋ᠠᠵᠥ᠂ ᠬᠢᠨᠠᠨ ᠪᠠᠶ᠋ᠢᠴᠠᠭ᠋ᠠᠭᠲᠠᠵᠤ ᠪᠠᠶ᠋ᠢᠭ᠎ᠠ ᠬᠦᠮᠥᠨ᠎ᠤ ᠨᠠᠮ᠎ᠤᠨ ᠲᠦᠷᠢᠮ᠎ᠢ ᠵᠦᠷᠢᠴᠡᠭᠰᠡᠡ᠂ ᠨᠠᠮ᠎ᠤᠨ ᠰᠢᠨᠵᠢ ᠴᠢᠨᠠᠷ ᠵᠤᠷᠢᠯᠳᠡ᠎ᠠᠴᠠ ᠲᠡᠷᠰᠯᠡᠭᠰᠡᠡ ᠠᠯᠳᠠᠭ᠎ᠠ ᠪᠤᠷᠤᠭᠤ ᠵᠢᠨ ᠰᠢᠨᠵᠢ ᠴᠢᠨᠠᠷ᠎ᠲᠤ ᠵᠠᠳᠠᠯᠤᠯᠳᠡ ᠬᠢᠵᠥ᠂ ᠲᠡᠬᠦᠨ᠎ᠤ ᠤᠪᠤᠷ᠂ ᠲᠠᠨᠢᠯᠳᠠ ᠵᠢᠴᠢ ᠦᠵᠡᠯ ᠰᠠᠨᠠᠭ᠋ᠠᠨ᠎ᠤ ᠬᠤᠪᠢᠷᠡᠯᠳᠡ ᠵᠢᠨ ᠶᠠᠪᠤᠴᠠ ᠵᠢ ᠲᠤᠰᠬᠠᠬᠤ ᠬᠡᠷᠡᠭᠳᠡᠢ᠃ ᠲᠤᠰᠢᠶᠠᠯ᠎ᠤᠨ ᠶᠠᠯᠠᠳᠤ ᠠᠵᠢᠯᠯᠠᠭ᠎ᠠ ᠬᠢᠭᠰᠡᠡ ᠵᠶ᠋ᠠᠷ ᠰᠡᠵᠢᠭᠯᠡᠭᠳᠡᠭᠡᠳ ᠡᠷᠡᠬᠦᠤ ᠵᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠳᠠᠢ ᠪᠤᠯ 《ᠵᠠᠭ᠋ᠠᠯᠳᠤᠯᠭ᠎ᠠ ᠵᠢᠨ ᠰᠠᠨᠠᠯ᠎ᠤᠨ ᠪᠢᠴᠢᠭ》᠎ᠢ ᠪᠦᠷᠢᠯᠳᠦᠬᠦᠯᠵᠥ᠂ ᠰᠢᠬᠦᠭᠰᠡᠡ ᠮᠡᠳᠡᠬᠦᠯᠥᠯᠳᠡ ᠵᠢᠨ ᠲᠠᠭ᠋ᠠᠯᠳᠤᠭᠤᠯᠤᠯ ᠪᠤᠯᠭ᠋ᠠᠬᠤ ᠬᠡᠷᠡᠭᠳᠡᠢ᠃
      ᠠᠳᠠᠯᠢ ᠱᠠᠳᠤᠨ᠎ᠤ ᠨᠠᠮ᠎ᠤᠨ ᠬᠤᠷᠢᠶᠡᠨ᠎ᠤ ᠬᠡᠰᠢᠬᠦᠨ᠂ ᠤᠷᠤᠯᠠᠬ᠍ᠴᠢ ᠬᠡᠰᠢᠬᠦᠨ᠂ ᠠᠳᠠᠯᠢ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶᠡᠨ᠎ᠤ ᠬᠡᠰᠢᠬᠦᠨ᠂ ᠬᠢᠨᠠᠨ ᠪᠠᠶ᠋ᠢᠴᠠᠭ᠋ᠠᠬᠤ ᠵᠦᠪᠯᠡᠯ᠎ᠤᠨ ᠬᠡᠰᠢᠬᠦᠨ᠎ᠳᠤ ᠰᠢᠢ᠍ᠳᠬᠡᠯ ᠦᠭᠬᠦ ᠬᠡᠪᠡᠯ᠂ ᠠᠳᠠᠯᠢ ᠱᠠᠳᠤᠨ᠎ᠤ ᠨᠠᠮ᠎ᠤᠨ ᠬᠤᠷᠢᠶ᠎ᠡ ᠬᠢᠨᠠᠨ ᠵᠦᠪᠯᠡᠬᠦ᠎ᠠᠴᠠ ᠡᠮᠤᠨ᠎ᠡ᠂ ᠲᠡᠬᠡᠷ᠎ᠡ ᠱᠠᠳᠤᠨ᠎ᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶ᠎ᠡ ᠬᠢᠨᠠᠨ ᠪᠠᠶ᠋ᠢᠴᠠᠭ᠋ᠠᠬᠤ ᠵᠦᠪᠯᠡᠯ᠎ᠲᠠᠢ ᠨᠡᠪᠳᠡᠷᠡᠯᠴᠡᠬᠦ ᠵᠢᠨ ᠬᠠᠮᠳᠤ ᠰᠢᠢ᠍ᠳᠪᠤᠷᠢᠯᠡᠬᠦ ᠰᠠᠨᠠᠯ᠎ᠢ ᠪᠦᠷᠢᠯᠳᠦᠬᠦᠯᠬᠦ ᠬᠡᠷᠡᠭᠳᠡᠢ᠃
      ᠰᠢᠬᠦᠨ ᠠᠵᠢᠯ᠎ᠢ ᠬᠦᠯᠢᠶᠡᠨ ᠠᠪᠤᠭᠰᠠᠠ ᠡᠳᠤᠷ᠎ᠠᠴᠠ ᠡᠬᠢᠯᠡᠨ 1 ᠰᠠᠷ᠎ᠠ ᠵᠢᠨ ᠲᠤᠳᠤᠷ᠎ᠠ ᠲᠠᠭᠤᠰᠬᠠᠬᠤ ᠬᠡᠷᠡᠭᠳᠡᠢ᠂ ᠬᠦᠨᠳᠤ ᠶᠡᠭᠡ ᠪᠤᠳᠤᠯᠢᠶᠠᠨᠳᠠᠢ ᠬᠡᠷᠡᠭ᠎ᠢ ᠪᠤᠯ ᠵᠦᠪᠰᠢᠶᠡᠷᠡᠯ ᠠᠪᠤᠭᠰᠠᠠ᠎ᠤ ᠳᠠᠷᠠᠭ᠎ᠠ ᠵᠤᠬᠢᠰᠳᠠᠢ ᠤᠷᠳᠤᠳᠬᠠᠵᠥ ᠪᠤᠯᠤᠨ᠎ᠠ᠃
      ᠲᠠᠪᠢᠨ ᠵᠢᠷᠭᠤᠳᠤᠭ᠋ᠠᠷ ᠵᠦᠢ᠍ᠯ     ᠰᠢᠬᠦᠭᠰᠡᠡ ᠮᠡᠳᠡᠬᠦᠯᠥᠯᠳᠡ ᠵᠢ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠭᠤᠤᠯ ᠬᠠᠷᠢᠭᠤᠴᠠᠯᠭ᠋ᠠᠳᠠᠨ᠎ᠳᠤ ᠮᠡᠳᠡᠬᠦᠯᠵᠥ ᠵᠦᠪᠰᠢᠶᠡᠷᠡᠬᠦᠯᠥᠭᠰᠡᠡ᠎ᠤ ᠲᠠᠷᠠᠭ᠎ᠠ᠂ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶᠡᠨ᠎ᠤ ᠪᠠᠶ᠋ᠢᠩᠭᠤ ᠵᠢᠨ ᠬᠤᠷᠢᠶᠡᠨ᠎ᠤ ᠬᠤᠷᠡᠯ᠎ᠳᠤ ᠲᠡᠪᠰᠢᠬᠦᠯᠵᠥ ᠬᠢᠨᠡᠨ ᠵᠦᠪᠯᠡᠬᠦᠯᠬᠦ ᠬᠡᠷᠡᠭᠲᠡᠢ᠃ ᠠᠳᠠᠯᠢ ᠱᠠᠳᠤᠨ᠎ᠤ ᠨᠠᠮ᠎ᠤᠨ ᠬᠤᠷᠢᠶ᠎ᠡ᠎ᠳᠤ ᠮᠡᠳᠡᠬᠦᠯᠵᠥ ᠬᠢᠨᠠᠨ ᠵᠦᠪᠰᠢᠶᠡᠷᠡᠬᠦᠯᠬᠦ ᠴᠢᠬᠤᠯᠠᠳᠠᠢ ᠪᠤᠯ᠂ ᠮᠡᠳᠡᠬᠦᠯᠵᠥ ᠵᠦᠪᠰᠢᠶᠡᠷᠡᠬᠦᠯᠬᠦ᠎ᠠᠴᠠ ᠡᠮᠤᠨ᠎ᠡ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠠᠷᠪᠠᠨ ᠲᠢᠩᠬᠢᠮ (ᠬᠡᠷ)᠎ᠤᠨ ᠨᠡᠷ᠎ᠡ᠎ᠪᠠᠷ ᠠᠳᠠᠯᠢ ᠱᠠᠳᠤᠨ᠎ᠤ ᠨᠠᠮ᠎ᠤᠨ ᠬᠤᠷᠢᠶᠡᠨ᠎ᠤ ᠵᠤᠬᠢᠶᠠᠨ ᠪᠠᠶ᠋ᠢᠭᠤᠯᠬᠤ ᠰᠠᠯᠭ᠎ᠠ ᠮᠦᠴᠢᠷ ᠪᠤᠯᠤᠨ ᠬᠢᠨᠠᠨ ᠪᠠᠶ᠋ᠢᠴᠠᠭ᠋ᠠᠭᠲᠠᠵᠤ ᠪᠠᠶ᠋ᠢᠭ᠎ᠠ ᠬᠦᠮᠥᠨ᠎ᠤ ᠪᠠᠶ᠋ᠢᠭ᠎ᠠ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠲᠤᠭᠤᠢ᠌ᠯᠠᠩ) ᠵᠢᠨ ᠰᠠᠨᠠᠯ᠎ᠢ ᠰᠤᠨᠤᠰᠤᠭᠰᠠᠠ ᠪᠠᠶ᠋ᠢᠬᠤ ᠬᠡᠷᠡᠭᠳᠡᠢ᠃
      ᠰᠢᠢ᠍ᠳᠬᠡᠯ ᠦᠭᠬᠦ ᠲᠤᠭᠳᠠᠭ᠋ᠠᠯ ᠭᠠᠷᠭ᠋ᠠᠭᠰᠠᠠ᠎ᠤ ᠲᠠᠷᠠᠭ᠎ᠠ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠨᠢ ᠰᠢᠢ᠍ᠳᠬᠡᠯ ᠤᠯᠭᠤᠬᠤ ᠨᠠᠮ᠎ᠤᠨ ᠬᠡᠰᠢᠬᠦᠨ᠎ᠤ ᠪᠠᠶ᠋ᠢᠭ᠎ᠠ ᠨᠠᠮ᠎ᠤᠨ ᠬᠤᠷᠢᠶ᠎ᠡ (ᠨᠠᠮ᠎ᠤᠨ ᠤᠳᠤᠷᠢᠳᠬᠤ ᠲᠤᠭᠤᠢ᠌ᠯᠠᠩ)᠎ᠳᠤ ᠮᠡᠳᠡᠭᠳᠡᠵᠥ᠂ ᠠᠳᠠᠯᠢ ᠱᠠᠳᠤᠨ᠎ᠤ ᠨᠠᠮ᠎ᠤᠨ ᠬᠤᠷᠢᠶᠡᠨ᠎ᠤ ᠵᠤᠬᠢᠶᠠᠨ ᠪᠠᠶ᠋ᠢᠭᠤᠯᠬᠤ ᠰᠠᠯᠠᠭ᠎ᠠ ᠮᠦᠴᠢᠷ᠎ᠲᠤ ᠬᠠᠭᠤᠯᠤᠨ ᠬᠦᠷᠬᠡᠬᠦ ᠵᠢᠨ ᠬᠠᠮᠳᠤ ᠲᠤᠭᠳᠠᠭ᠋ᠠᠯ ᠶᠤᠰᠤᠭ᠋ᠠᠷ 1 ᠰᠠᠷ᠎ᠠ ᠵᠢᠨ ᠲᠤᠳᠤᠷ᠎ᠠ ᠲᠡᠬᠦᠨ᠎ᠤ ᠪᠠᠶ᠋ᠢᠭ᠎ᠠ ᠨᠠᠮ᠎ᠤᠨ ᠦᠨᠳᠦᠰᠦᠨ ᠱᠠᠳᠤᠨ᠎ᠤ ᠵᠤᠬᠢᠶᠠᠨ ᠪᠠᠶ᠋ᠢᠭᠤᠯᠤᠯᠳᠠ ᠵᠢᠨ ᠪᠦᠬᠦ ᠨᠠᠮ᠎ᠤᠨ ᠬᠡᠰᠢᠬᠦᠨ ᠵᠢᠴᠢ ᠲᠤᠰ ᠬᠦᠮᠥᠨ᠎ᠳᠤ ᠨᠡᠶ᠋ᠢᠳᠡᠯᠡᠬᠦ ᠬᠡᠷᠡᠭᠳᠡᠢ᠂ ᠰᠢᠢ᠍ᠳᠬᠡᠯ ᠦᠭᠬᠦ ᠲᠤᠭᠳᠠᠭ᠋ᠠᠯ᠎ᠢ ᠬᠡᠷᠡᠭᠵᠢᠬᠦᠯᠥᠭᠰᠡᠡ ᠪᠠᠶ᠋ᠢᠳᠠᠯ᠎ᠢ ᠴᠠᠭ ᠲᠤᠬᠠᠢ᠎ᠳᠤᠨᠢ ᠮᠡᠳᠡᠬᠦᠯᠬᠦ ᠬᠡᠷᠡᠭᠳᠡᠢ᠃
      ᠲᠠᠪᠢᠨ ᠲᠤᠯᠤᠳᠤᠭ᠋ᠠᠷ ᠵᠦᠢ᠍ᠯ     ᠬᠢᠨᠠᠨ ᠪᠠᠶ᠋ᠢᠴᠠᠭ᠋ᠠᠭᠳᠠᠵᠥ ᠪᠠᠶ᠋ᠢᠭ᠎ᠠ ᠬᠦᠮᠥᠨ ᠲᠤᠰᠢᠶᠠᠯ᠎ᠤᠨ ᠶᠠᠯᠠᠳᠤ ᠠᠵᠢᠯᠯᠠᠭ᠎ᠠ ᠬᠢᠭᠰᠡᠡ ᠵᠶ᠋ᠠᠷ ᠰᠡᠵᠢᠭᠯᠡᠭᠳᠡᠭᠰᠡᠡ ᠪᠤᠯ ᠬᠡᠷᠡᠭ᠎ᠢ ᠬᠢᠨᠠᠯᠲᠠ ᠲᠠᠯᠪᠢᠨ ᠬᠠᠮᠢᠶᠠᠷᠬᠤ ᠰᠠᠯᠠᠭ᠎ᠠ ᠮᠦᠴᠢᠷ᠎ᠠᠴᠠ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠬᠦᠯᠤᠨ ᠬᠦᠷᠬᠡᠬᠦ ᠶᠠᠪᠤᠳᠠᠯ᠎ᠢ ᠵᠤᠬᠢᠴᠠᠭᠤᠯᠤᠨ ᠰᠢᠢ᠍ᠳᠪᠤᠷᠢᠯᠡᠬᠦ ᠬᠡᠷᠡᠭᠳᠡᠢ᠃ ᠬᠤᠴᠤᠷᠭ᠋ᠠᠨ ᠠᠪᠬᠤ ᠠᠷᠭ᠎ᠠ ᠬᠡᠮᠵᠢᠶ᠎ᠡ ᠠᠪᠤᠭᠰᠠᠠ ᠬᠡᠷᠡᠭ᠎ᠢ ᠪᠤᠯ ᠠᠷᠠᠳ᠎ᠤᠨ ᠪᠠᠶ᠋ᠢᠴᠠᠭ᠋ᠠᠬᠤ ᠬᠤᠷᠢᠶ᠎ᠡ᠎ᠠᠴᠠ ᠶᠠᠯ᠎ᠠ ᠬᠢᠭᠰᠡᠡ ᠰᠡᠵᠢᠭᠯᠡᠯ᠎ᠲᠠᠢ ᠬᠦᠮᠥᠨ᠎ᠢ ᠤᠷᠢᠳᠡᠪᠡᠷ ᠲᠦᠷ ᠬᠤᠷᠢᠭᠰᠠᠠ᠎ᠤ ᠲᠠᠷᠠᠭ᠎ᠠ᠂ ᠬᠤᠴᠤᠷᠭ᠋ᠠᠨ ᠠᠪᠬᠤ ᠠᠷᠭ᠎ᠠ ᠬᠡᠮᠵᠢᠶ᠎ᠡ᠎ᠨᠢ ᠠᠶᠠᠨᠳᠠᠭ᠋ᠠᠨ ᠬᠦᠴᠦᠨ ᠦᠭᠡᠢ ᠪᠤᠯᠤᠨ᠎ᠠ᠃
      ᠬᠡᠷᠡᠭ᠎ᠢ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠬᠦᠯᠥᠨ ᠬᠦᠷᠬᠡᠭᠰᠡᠡ᠎ᠤ ᠲᠠᠷᠠᠭ᠎ᠠ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠰᠠᠯᠠᠭ᠎ᠠ ᠮᠦᠴᠢᠷ ᠰᠢᠢ᠍ᠳᠪᠤᠷᠢᠯᠡᠭᠰᠡᠡ ᠪᠠᠶ᠋ᠢᠳᠠᠯ᠎ᠢ ᠮᠦᠷᠳᠡᠨ ᠤᠢ᠌ᠯᠠᠭ᠋ᠠᠵᠥ᠂ ᠠᠰᠠᠭᠤᠳᠠᠯ ᠪᠠᠶ᠋ᠢᠬᠤ ᠵᠢ ᠤᠯᠵᠥ ᠮᠡᠳᠡᠪᠡᠯ ᠴᠠᠭ ᠲᠤᠬᠠᠢ᠎ᠳᠤᠨᠢ ᠮᠡᠳᠡᠬᠦᠯᠬᠦ ᠬᠡᠷᠡᠭᠳᠡᠢ᠂ ᠲᠤᠭᠳᠠᠭ᠋ᠠᠯ᠎ᠢ ᠵᠦᠷᠢᠴᠡᠨ ᠰᠢᠢ᠍ᠳᠪᠤᠷᠢᠯᠡᠬᠦ ᠠᠵᠢᠯ᠎ᠢ ᠠᠰᠠᠭᠤᠵᠥ᠂ ᠭᠠᠷ ᠲᠦᠷᠦᠵᠥ ᠪᠤᠯᠬᠤ ᠦᠬᠡᠢ᠃
      ᠰᠢᠬᠦᠬᠦ ᠠᠵᠢᠯ ᠲᠠᠭᠤᠰᠤᠭᠰᠠᠠ᠎ᠤ ᠲᠠᠷᠠᠭ᠎ᠠ᠂ ᠬᠤᠯᠪᠤᠭᠳᠠᠭᠰᠠᠠ ᠪᠤᠰᠤᠳ ᠠᠰᠠᠭᠤᠳᠠᠯ᠎ᠤᠨ ᠰᠦᠪᠡᠭᠴᠢ ᠵᠢ ᠵᠦᠪᠰᠢᠶᠡᠷᠡᠯ ᠠᠪᠤᠭᠰᠠᠠ᠎ᠤ ᠳᠠᠷᠠᠭ᠎ᠠ ᠴᠠᠭ ᠲᠤᠬᠠᠢ᠎ᠳᠤᠨᠢ ᠬᠠᠮᠢᠶ᠎ᠠ ᠪᠦᠬᠦᠢ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠳᠤ ᠰᠢᠯᠵᠢᠬᠦᠯᠥᠨ ᠬᠦᠷᠬᠡᠵᠥ ᠰᠢᠢ᠍ᠳᠪᠤᠷᠢᠯᠡᠬᠦᠯᠬᠦ ᠬᠡᠷᠡᠭᠳᠡᠢ᠃
      ᠲᠠᠪᠢᠨ ᠨᠠᠢ᠍ᠮᠠᠳᠤᠭ᠋ᠠᠷ ᠵᠦᠢ᠍ᠯ     ᠬᠢᠨᠠᠨ ᠪᠠᠶ᠋ᠢᠴᠠᠭ᠋ᠠᠭᠳᠠᠵᠥ ᠪᠠᠶ᠋ᠢᠭ᠎ᠠ ᠬᠦᠮᠥᠨ᠎ᠤ ᠲᠦᠷᠢᠮ ᠲᠤᠭᠳᠠᠭ᠋ᠠᠯ ᠰᠠᠬᠢᠯᠭ᠎ᠠ ᠪᠠᠳᠤ ᠬᠠᠤᠯᠢ ᠴᠠᠭ᠋ᠠᠵᠠ ᠵᠢ ᠵᠦᠷᠢᠴᠡᠬᠡᠳ ᠤᠯᠤᠭᠰᠠᠠ ᠵᠤᠭᠤᠰ ᠪᠤᠳᠠᠰ᠎ᠢ ᠲᠦᠷᠢᠮ ᠲᠤᠭᠳᠠᠭ᠋ᠠᠯ ᠰᠠᠬᠢᠯᠭ᠎ᠠ ᠪᠠᠳᠤ ᠬᠠᠤᠯᠢ ᠴᠠᠭ᠋ᠠᠵᠠ ᠶᠤᠰᠤᠭ᠋ᠠᠷ ᠬᠤᠷᠢᠶᠡᠮᠵᠢᠯᠠᠬᠤ᠂ ᠵᠠᠷᠯᠢᠬᠳᠠᠨ ᠲᠦᠯᠥᠬᠦᠯᠬᠦ ᠪᠤᠶᠤ ᠲᠠᠩᠰᠠᠯᠠᠨ ᠲᠡᠭᠡᠰᠢ ᠲᠤᠰᠢᠶᠠᠯᠭ᠋ᠠᠬᠤ ᠬᠡᠷᠡᠭᠳᠡᠢ᠃
ᠲᠤᠰᠢᠶᠠᠯ᠎ᠤᠨ ᠶᠠᠯᠠᠳᠤ ᠠᠵᠢᠯᠯᠠᠭ᠎ᠠ ᠬᠢᠭᠰᠡᠨ ᠵᠶ᠋ᠠᠷ ᠰᠡᠵᠢᠭᠯᠡᠭᠳᠡᠵᠤ ᠤᠯᠤᠭᠰᠠᠠ ᠵᠤᠭᠤᠰ ᠪᠤᠳᠠᠰ᠎ᠢ ᠬᠡᠷᠡᠭ᠎ᠲᠠᠢ᠎ᠨᠢ ᠬᠠᠮᠳᠤ᠎ᠪᠠᠷ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠬᠦᠯᠥᠨ ᠬᠦᠷᠬᠡᠬᠦ ᠬᠡᠷᠡᠭᠳᠡᠢ᠃
      ᠲᠦᠷᠢᠮ ᠲᠤᠭᠳᠠᠭ᠋ᠠᠯ ᠰᠠᠬᠢᠯᠭ᠎ᠠ ᠪᠠᠳᠤ ᠬᠠᠤᠯᠢ ᠴᠠᠭ᠋ᠠᠵᠠ ᠵᠢ ᠵᠦᠷᠢᠴᠡᠬᠡᠳ ᠤᠯᠤᠭᠰᠠᠠ ᠡᠳ᠋ ᠪᠤᠳᠠᠰ ᠪᠢᠰᠢ ᠬᠡᠳᠡᠭ᠎ᠢ ᠨᠤᠳᠠᠯᠠᠭᠰᠠᠠ ᠪᠤᠯ ᠬᠡᠷᠡᠭ᠎ᠢ ᠬᠢᠨᠠᠨ ᠰᠢᠢ᠍ᠳᠪᠤᠷᠢᠯᠡᠨ ᠲᠠᠭᠤᠰᠬᠠᠭᠰᠠᠠ᠎ᠤ ᠲᠠᠷᠠᠭ᠎ᠠ ᠲᠦᠷᠢᠮ ᠲᠤᠭᠳᠠᠭ᠋ᠠᠯ ᠰᠠᠬᠢᠯᠭ᠎ᠠ ᠪᠠᠳᠤ ᠬᠠᠤᠯᠢ ᠴᠠᠭ᠋ᠠᠵᠠ ᠶᠤᠰᠤᠭ᠋ᠠᠷ ᠪᠤᠴᠠᠭ᠋ᠠᠬᠤ ᠵᠢᠨ ᠬᠠᠮᠳᠤ ᠭᠠᠷ᠎ᠤᠨ ᠦᠰᠦᠭ ᠵᠢᠷᠤᠵᠥ ᠲᠤᠰᠴᠤ ᠠᠪᠤᠭᠰᠠᠠ ᠭᠠᠷᠳᠠᠮ ᠬᠢᠯᠭᠡᠬᠦ ᠬᠡᠷᠡᠭᠳᠡᠢ᠃
      ᠲᠠᠪᠢ ᠶᠢᠰᠦᠳᠦᠭᠡᠷ ᠵᠦᠢ᠍ᠯ     ᠰᠢᠢ᠍ᠳᠬᠡᠯ ᠦᠭᠬᠦ ᠲᠤᠭᠳᠠᠭ᠋ᠠᠯ᠎ᠢ ᠦᠯᠥ ᠵᠦᠪᠰᠢᠶᠡᠷᠡᠬᠦ ᠭᠤᠮᠤᠳᠠᠯ ᠲᠤᠭ᠋ᠠᠴᠢᠯᠳᠠ ᠵᠢ᠂ ᠰᠢᠢ᠍ᠳᠬᠡᠯ ᠦᠭᠬᠦ ᠵᠢ ᠵᠦᠪᠰᠢᠶᠡᠷᠡᠭᠰᠡᠡ ᠪᠤᠶᠤ ᠰᠢᠳᠭᠡᠯ ᠦᠭᠭᠦ ᠲᠤᠭᠳᠠᠭ᠋ᠠᠯ ᠭᠠᠷᠭ᠋ᠠᠭᠰᠠᠠ ᠨᠠᠮ᠎ᠤᠨ ᠬᠤᠷᠢᠶ᠎ᠡ (ᠨᠠᠮ᠎ᠤᠨ ᠤᠳᠤᠷᠢᠳᠬᠤ ᠲᠤᠭᠤᠢ᠌ᠯᠠᠩ) ᠡᠰᠡᠬᠦᠯ᠎ᠡ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠬᠦᠯᠢᠶᠡᠨ ᠠᠪᠴᠤ ᠰᠢᠢ᠍ᠳᠪᠤᠷᠢᠯᠡᠬᠦ ᠬᠡᠷᠡᠭᠳᠡᠢ; ᠲᠠᠬᠢᠨ ᠵᠦᠪᠯᠡᠬᠦ ᠲᠠᠬᠢᠨ ᠪᠠᠶ᠋ᠢᠴᠠᠭ᠋ᠠᠬᠤ ᠴᠢᠬᠤᠯᠠᠳᠠᠢ ᠪᠤᠯ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠳᠠᠨ ᠵᠶ᠋ᠠᠷ ᠵᠦᠪᠰᠢᠶᠡᠷᠡᠬᠦᠯᠥᠭᠰᠡᠡ᠎ᠤ ᠳᠠᠷᠠᠭ᠎ᠠ ᠬᠦᠯᠢᠶᠡᠨ ᠠᠪᠴᠤ ᠰᠢᠢ᠍ᠳᠪᠤᠷᠢᠯᠡᠬᠦ ᠬᠡᠷᠡᠭᠳᠡᠢ᠃
      ᠭᠤᠮᠤᠳᠠᠯ ᠲᠤᠭ᠋ᠠᠴᠢᠯᠲᠠ ᠵᠢ ᠰᠢᠢ᠍ᠳᠪᠤᠷᠢᠯᠡᠬᠦ ᠰᠠᠯᠠᠭ᠎ᠠ ᠮᠦᠴᠢᠷ ᠲᠠᠬᠢᠨ ᠪᠠᠶ᠋ᠢᠴᠠᠭ᠋ᠠᠬᠤ ᠲᠤᠭᠤᠢ᠌ᠯᠠᠩ ᠪᠠᠶ᠋ᠢᠭᠤᠯᠵᠥ᠂ ᠤᠤᠯ ᠬᠡᠷᠡᠭ᠎ᠤᠨ ᠡᠪᠬᠡᠮᠡᠯ᠎ᠢ ᠭᠠᠷᠭ᠋ᠠᠨ ᠦᠵᠡᠵᠥ᠂ ᠴᠢᠬᠤᠯᠠᠳᠠᠢ ᠦᠶ᠎ᠡ᠎ᠳᠤ ᠬᠡᠷᠡᠴᠢ ᠠᠪᠴᠤ᠂ ᠬᠠᠮᠳᠤ᠎ᠪᠠᠷ ᠰᠤᠳᠤᠯᠤᠭᠰᠠᠠ᠎ᠤ ᠲᠠᠷᠠᠭ᠎ᠠ᠂ ᠰᠢᠢ᠍ᠳᠪᠤᠷᠢᠯᠡᠬᠦ ᠰᠠᠨᠠᠯ ᠲᠤᠷᠠᠳᠴᠦ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠳᠠᠨ᠎ᠳᠤ ᠮᠡᠳᠡᠬᠦᠯᠥᠨ ᠵᠦᠪᠰᠢᠶᠡᠷᠡᠬᠦᠯᠬᠦ ᠪᠤᠶᠤ ᠰᠠᠬᠢᠯᠭ᠎ᠠ ᠪᠠᠳᠤ ᠪᠠᠶ᠋ᠢᠴᠠᠭ᠋ᠠᠬᠤ ᠬᠤᠷᠢᠶᠡᠨ᠎ᠤ ᠪᠠᠶ᠋ᠢᠩᠭᠤ ᠵᠢᠨ ᠬᠤᠷᠢᠶᠡᠨ᠎ᠤ ᠬᠤᠷᠡᠯ ᠵᠶ᠋ᠠᠷ ᠰᠤᠳᠤᠯᠤᠨ ᠲᠤᠭᠳᠠᠭ᠋ᠠᠵᠥ᠂ ᠲᠠᠬᠢᠨ ᠵᠦᠪᠯᠡᠬᠦ ᠲᠠᠬᠢᠨ ᠪᠠᠶ᠋ᠢᠴᠠᠭ᠋ᠠᠬᠤ ᠲᠤᠭᠳᠠᠭ᠋ᠠᠯ ᠭᠠᠷᠭ᠋ᠠᠨ᠎ᠠ᠃ ᠲᠤᠭᠳᠠᠭ᠋ᠠᠯ᠎ᠢ ᠭᠤᠮᠤᠳᠠᠯ ᠲᠤᠭ᠋ᠠᠴᠢᠭᠰᠠᠠ ᠬᠦᠮᠥᠨ᠎ᠳᠤ ᠮᠡᠳᠡᠭᠳᠡᠵᠥ᠂ ᠬᠠᠮᠢᠶ᠎ᠠ ᠪᠦᠬᠦᠢ ᠨᠢᠬᠡᠴᠢ᠎ᠳᠤ ᠬᠠᠭᠤᠯᠤᠨ ᠬᠦᠷᠬᠡᠬᠦ ᠵᠢᠨ ᠬᠠᠮᠳᠤ ᠵᠤᠬᠢᠬᠤ ᠬᠡᠪᠴᠢᠶᠡᠨ᠎ᠳᠤ ᠨᠡᠶ᠋ᠢᠳᠡᠯᠡᠬᠦ ᠬᠡᠷᠡᠭᠲᠡᠢ᠃
      ᠲᠠᠬᠢᠨ ᠵᠦᠪᠯᠡᠬᠦ ᠲᠠᠬᠢᠨ ᠪᠠᠶ᠋ᠢᠴᠠᠭ᠋ᠠᠬᠤ ᠪᠠ ᠬᠢᠨᠠᠨ ᠪᠠᠶ᠋ᠢᠴᠠᠭ᠋ᠠᠵᠥ ᠰᠢᠬᠦᠬᠦ ᠵᠢ ᠰᠠᠯᠭ᠋ᠠᠬᠤ ᠵᠢ ᠪᠠᠷᠢᠮᠳᠠᠯᠠᠬᠤ ᠬᠡᠷᠡᠭᠳᠡᠢ᠂ ᠤᠤᠯ ᠬᠡᠷᠡᠭ᠎ᠢ ᠬᠢᠨᠠᠨ ᠪᠠᠶ᠋ᠢᠴᠠᠭ᠋ᠠᠬᠰᠠᠠ᠂ ᠰᠢᠬᠦᠭᠰᠡᠡ ᠬᠦᠮᠥᠰ ᠲᠠᠬᠢᠨ ᠵᠦᠪᠯᠡᠬᠦ ᠲᠠᠬᠢᠨ ᠪᠠᠶ᠋ᠢᠴᠠᠭ᠋ᠠᠬᠤ᠎ᠳᠤ ᠤᠷᠤᠯᠴᠠᠵᠥ ᠪᠤᠯᠬᠤ ᠦᠬᠡᠢ᠃
ᠲᠠᠬᠢᠨ ᠵᠦᠪᠯᠡᠬᠦ ᠲᠠᠬᠢᠨ ᠪᠠᠶ᠋ᠢᠴᠠᠭ᠋ᠠᠬᠤ ᠠᠵᠢᠯ᠎ᠢ 3 ᠰᠠᠷ᠎ᠠ ᠵᠢᠨ ᠲᠤᠳᠤᠷ᠎ᠠ ᠲᠠᠭᠤᠰᠬᠠᠬᠤ ᠬᠡᠷᠡᠭᠳᠡᠢ᠃

      ᠶᠢᠰᠦᠳᠦᠬᠡᠷ ᠪᠦᠯᠥᠭ     ᠬᠢᠨᠠᠯᠳᠠ ᠬᠠᠮᠢᠶᠠᠷᠤᠯᠳᠠ
      ᠵᠢᠷᠡᠳᠤᠭ᠋ᠠᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠨᠠᠮ᠎ᠤᠨ ᠲᠤᠳᠤᠭ᠋ᠠᠳᠤ ᠵᠢᠨ ᠬᠠᠤᠯᠢ ᠲᠦᠷᠢᠮ ᠪᠤᠯᠤᠨ ᠤᠯᠤᠰ᠎ᠤᠨ ᠬᠠᠤᠯᠢ ᠴᠠᠭ᠋ᠠᠵᠠ ᠵᠢ ᠴᠢᠩᠭ᠎ᠠ ᠵᠢᠷᠤᠮᠯᠠᠵᠥ᠂ ᠡᠷᠬᠡ᠎ᠪᠠᠨ ᠬᠡᠷᠡᠭᠵᠢᠬᠦᠯᠬᠦ᠎ᠳᠤ ᠪᠤᠯᠭᠤᠮᠵᠢᠳᠠᠢ᠎ᠠᠴᠠ ᠪᠤᠯᠭᠤᠮᠵᠢᠳᠠᠢ ᠪᠠᠶ᠋ᠢᠵᠥ᠂ ᠦᠪᠡᠷ᠎ᠤᠨ ᠪᠡᠶ᠎ᠡ᠎ᠪᠠᠨ ᠬᠢᠵᠠᠭ᠋ᠠᠷᠯᠠᠬᠤ ᠲᠠᠯ᠎ᠠ᠎ᠪᠠᠷ ᠴᠢᠩᠭ᠎ᠠ᠎ᠠᠴᠠ ᠴᠢᠩᠭ᠎ᠠ ᠪᠠᠶ᠋ᠢᠵᠥ᠂ ᠦᠪᠡᠷ᠎ᠤᠨ ᠪᠡᠶ᠎ᠡ ᠵᠢᠨ ᠬᠢᠨᠠᠯᠳᠠ᠎ᠪᠠᠨ ᠴᠢᠩᠭ᠋ᠠᠳᠬᠠᠵᠥ᠂ ᠲᠤᠳᠤᠭ᠋ᠠᠳᠤ ᠡᠵᠡᠮᠳᠡᠯ᠎ᠤᠨ ᠲᠤᠭᠳᠠᠴᠠ᠎ᠪᠠᠨ ᠲᠡᠬᠦᠯᠳᠡᠷᠵᠢᠬᠦᠯᠵᠥ᠂ ᠨᠠᠮ᠎ᠤᠨ ᠲᠤᠳᠤᠭ᠋ᠠᠳᠤ ᠵᠢᠨ ᠬᠢᠨᠠᠯᠳᠠ᠂ ᠨᠡᠶ᠋ᠢᠬᠡᠮ᠎ᠤᠨ ᠬᠢᠨᠠᠯᠳᠠ᠂ ᠤᠯᠠᠨ ᠲᠦᠮᠡᠨ᠎ᠤ ᠬᠢᠨᠠᠯᠳᠠ ᠵᠢ ᠤᠬᠠᠮᠰᠠᠷ᠎ᠠᠴᠠ᠎ᠪᠠᠨ ᠬᠦᠯᠢᠶᠡᠵᠥ᠂ ᠡᠷᠬᠡ ᠵᠢ ᠴᠢᠩᠭ᠎ᠠ ᠬᠢᠵᠠᠭ᠋ᠠᠷᠯᠠᠬᠤ ᠵᠢ ᠦᠨᠡᠨ ᠬᠦ᠌ ᠪᠠᠳᠤᠯᠠᠵᠥ᠂ 《ᠲᠡᠷᠭᠡᠲᠡᠬᠢ ᠪᠠᠶ᠋ᠢᠲᠠᠯ ᠵᠶ᠋ᠠᠨ ᠤᠯᠵᠤ ᠬᠠᠷᠠᠬᠤ ᠦᠭᠡᠢ》 ᠦᠵᠡᠭᠳᠡᠯ ᠭᠠᠷᠬᠤ ᠵᠢ ᠡᠷᠡᠰ ᠰᠡᠷᠬᠡᠶ᠋ᠢᠯᠡᠬᠦ ᠬᠡᠷᠡᠭᠳᠡᠢ᠃
      ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠬᠢᠨᠠᠯᠳᠠ ᠲᠠᠯᠪᠢᠵᠤ ᠰᠠᠬᠢᠯᠭ᠎ᠠ ᠪᠠᠲᠦ ᠬᠡᠷᠡᠭᠵᠢᠬᠦᠯᠬᠦ ᠠᠵᠢᠯ᠎ᠳᠠᠬᠢ ᠤᠳᠤᠷᠢᠳᠤᠯᠭ᠎ᠠ᠎ᠪᠠᠨ ᠴᠢᠩᠭ᠋ᠠᠳᠬᠠᠵᠥ᠂ ᠲᠤᠰ ᠪᠡᠶ᠎ᠡ ᠵᠢᠨ ᠪᠠᠶ᠋ᠢᠭᠤᠯᠤᠯᠳᠠ ᠵᠢᠨ ᠭᠤᠤᠯ ᠴᠤᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠬᠦᠢ᠍ᠴᠡᠳᠬᠡᠵᠥ᠂ ᠬᠦᠮᠥᠵᠢᠬᠦᠯᠬᠦ᠂ ᠬᠠᠮᠢᠶᠠᠷᠬᠤ᠂ ᠬᠢᠨᠠᠯᠳᠠ ᠲᠠᠯᠪᠢᠬᠤ ᠵᠢ ᠴᠢᠩᠳᠠᠯᠠᠵᠥ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠺᠠᠳ᠋ᠷ᠎ᠢ ᠰᠠᠬᠢᠯᠭ᠎ᠠ ᠪᠠᠳᠤ ᠵᠢ ᠴᠢᠩᠭ᠎ᠠ ᠰᠠᠬᠢᠬᠤ᠂ ᠰᠤᠷᠳᠠᠯ ᠵᠶ᠋ᠠᠨ ᠰᠠᠶ᠋ᠢᠵᠢᠷᠠᠭᠤᠯᠬᠤ᠂ ᠢᠯᠵᠢᠷᠡᠭᠤᠯᠤᠯ᠎ᠢ ᠬᠤᠷᠢᠬᠯᠠᠵᠤ ᠴᠢᠨᠠᠷ ᠬᠤᠪᠢᠷᠡᠬᠤ ᠵᠢ ᠰᠡᠷᠬᠡᠶ᠋ᠢᠯᠡᠬᠦ ᠵᠢᠨ ᠦᠯᠢᠬᠡᠷ ᠲᠠᠭᠤᠷᠢᠶᠠᠯ ᠪᠤᠯᠭ᠋ᠠᠬᠤ ᠬᠡᠷᠡᠭᠳᠡᠢ᠃
      ᠵᠢᠷᠡᠨ ᠨᠢᠬᠡᠳᠤᠭᠡᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠺᠠᠳ᠋ᠷ᠎ᠢ ᠤᠷᠤᠭᠤᠯᠬᠤ ᠵᠢ ᠵᠦᠪᠰᠢᠶᠡᠷᠡᠬᠦ ᠲᠦᠷᠢᠮ᠎ᠢ ᠴᠢᠩᠳᠠᠯᠠᠵᠥ᠂ ᠤᠯᠤᠰ ᠲᠦᠷᠦ ᠵᠢᠨ ᠠᠮᠤᠷ ᠲᠦᠪᠰᠢᠨ᠎ᠤ ᠪᠤᠭᠤᠮᠳᠠ ᠵᠢ ᠴᠢᠩᠭ᠎ᠠ ᠰᠠᠬᠢᠬᠤ ᠬᠡᠷᠡᠭᠳᠡᠢ᠂ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠺᠠᠳ᠋ᠷ ᠡᠷᠬᠡᠪᠰᠢ ᠦᠨᠡᠨᠴᠢ ᠰᠢᠳᠤᠷᠭᠤ ᠡᠷᠡᠰ ᠪᠠᠳᠤ᠂ ᠡᠬᠦᠷᠬᠡᠯᠡᠯ ᠬᠠᠷᠢᠭᠤᠴᠠᠯᠭ᠎ᠠ᠎ᠲᠠᠢ᠂ ᠰᠠᠬᠢᠯᠭ᠎ᠠ ᠵᠢ ᠵᠢᠷᠤᠮᠯᠠᠨ ᠬᠠᠤᠯᠢ ᠵᠢ ᠰᠡᠬᠢᠬᠤ᠂ ᠠᠷᠢᠭᠤᠨ ᠴᠢᠬᠡᠴᠢ ᠪᠠᠶ᠋ᠢᠵᠥ᠂ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠬᠡᠬᠦ ᠦᠨᠳᠦᠰᠦᠨ ᠨᠦᠬᠦᠴᠡᠯ᠎ᠢ ᠪᠦᠷᠢᠯᠳᠦᠬᠦᠯᠥᠭᠰᠡᠡ ᠪᠠᠶ᠋ᠢᠬᠤ ᠬᠡᠷᠡᠭᠳᠡᠢ᠃
      ᠵᠢᠷᠡᠨ ᠬᠤᠶᠠᠳᠤᠭ᠋ᠠᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠨᠠᠮ᠎ᠤᠨ ᠤᠯᠤᠰ ᠲᠦᠷᠦ ᠵᠢᠨ ᠪᠠᠶ᠋ᠢᠭᠤᠯᠤᠯᠳᠠ᠂ ᠦᠵᠡᠯ ᠰᠠᠨᠠᠭ᠋ᠠᠨ᠎ᠤ ᠪᠠᠶ᠋ᠢᠭᠤᠯᠤᠯᠳᠠ᠂ ᠵᠤᠬᠢᠶᠠᠨ ᠪᠠᠶ᠋ᠢᠭᠤᠯᠤᠯᠳᠠ ᠵᠢᠨ ᠴᠤᠭᠴᠠᠯᠠᠯᠳᠡ᠎ᠪᠠᠨ ᠴᠢᠩᠭ᠋ᠠᠳᠬᠠᠵᠥ᠂ ᠤᠯᠤᠰ ᠲᠦᠷᠦ ᠵᠢᠨ ᠴᠢᠳᠡᠪᠬᠢ᠎ᠪᠠᠨ ᠲᠤᠪᠤᠶ᠋ᠢᠯᠭ᠋ᠠᠵᠥ᠂ ᠤᠯᠤᠰ ᠲᠦᠷᠦ ᠵᠢᠨ ᠲᠠᠭ᠋ᠠᠭᠤᠯᠭ᠎ᠠ᠎ᠪᠠᠨ ᠴᠢᠩᠭ᠋ᠠᠷᠠᠭᠤᠯᠬᠤ ᠬᠡᠷᠡᠭᠳᠡᠢ᠃ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠲᠤᠭᠤᠢ᠌ᠯᠠᠩ᠎ᠳᠤ ᠵᠢᠩᠬᠢᠨᠢ ᠨᠠᠮ᠎ᠤᠨ ᠬᠡᠰᠢᠬᠦᠨ 3᠎ᠠᠴᠠ ᠲᠡᠭᠡᠭᠰᠢ ᠪᠠᠶ᠋ᠢᠪᠠᠯ ᠲᠦᠷ ᠴᠠᠭ᠎ᠤᠨ ᠨᠠᠮ᠎ᠤᠨ ᠡᠬᠦᠷ ᠪᠠᠶ᠋ᠢᠭᠤᠯᠵᠥ᠂ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠲᠤᠭᠤᠢ᠌ᠯᠠᠩ᠎ᠤᠨ ᠪᠦᠷᠢᠯᠳᠦᠬᠦᠨ᠎ᠤ ᠬᠦᠮᠥᠵᠢᠯ᠂ ᠬᠠᠮᠢᠶᠠᠷᠤᠯᠳᠠ᠂ ᠬᠢᠨᠠᠯᠳᠠ ᠵᠢ ᠴᠢᠩᠭ᠋ᠠᠳᠬᠠᠵᠥ᠂ ᠲᠦᠷᠦ ᠵᠢᠨ ᠪᠤᠳᠤᠯᠭ᠎ᠠ ᠤᠨᠤᠯ᠎ᠤᠨ ᠰᠤᠷᠤᠯᠴᠠᠭ᠎ᠠ ᠦᠷᠨᠢᠬᠦᠯᠵᠥ᠂ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠢ ᠰᠠᠶ᠋ᠢᠳᠤᠷ ᠬᠢᠵᠥ᠂ ᠠᠰᠠᠭᠤᠳᠠᠯ᠎ᠢ ᠴᠠᠭ ᠲᠤᠬᠠᠢ᠎ᠳᠤᠨᠢ ᠢᠯᠡᠷᠡᠬᠦᠯᠵᠥ᠂ ᠰᠢᠬᠦᠮᠵᠢᠯᠡᠨ ᠵᠠᠯᠠᠷᠠᠭᠤᠯᠵᠥ᠂ ᠲᠠᠶ᠋ᠢᠴᠢᠨ ᠪᠠᠬᠢᠯᠡᠯᠳᠡ ᠵᠢᠨ ᠦᠢ᠍ᠯᠡᠳᠦᠯ ᠵᠶ᠋ᠠᠨ ᠪᠠᠳᠠᠷᠠᠭᠤᠯᠬᠤ ᠬᠡᠷᠡᠭᠳᠡᠢ᠃
      ᠵᠢᠷᠡᠨ ᠭᠤᠷᠪᠠᠳᠤᠭ᠋ᠠᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠺᠠᠳ᠋ᠷ᠎ᠤᠨ ᠡᠩᠨᠡᠭᠡ ᠵᠢᠨ ᠰᠤᠷᠳᠠᠯ᠎ᠤᠨ ᠪᠠᠶ᠋ᠢᠭᠤᠯᠤᠯᠳᠠ ᠵᠢ ᠴᠢᠩᠭ᠋ᠠᠳᠬᠠᠵᠥ᠂ ᠬᠠᠤᠯᠢ ᠲᠦᠷᠢᠮ ᠶᠤᠰᠤᠭ᠋ᠠᠷ ᠠᠵᠢᠯᠯᠠᠳᠠᠭ᠂ ᠰᠠᠬᠢᠯᠭ᠎ᠠ ᠪᠠᠳᠤ ᠴᠢᠩᠭ᠎ᠠ᠂ ᠰᠤᠷᠳᠠᠯ ᠬᠦᠨᠵᠡᠬᠡᠢ᠂ ᠯᠠᠪᠳᠠᠭᠤᠨ ᠪᠠᠳᠤᠳᠠᠢ ᠠᠵᠢᠯᠯᠠᠳᠠᠭ᠂ ᠲᠠᠷᠤᠤ ᠪᠤᠯᠭᠤᠮᠵᠢᠳᠠᠢ᠂ ᠰᠠᠬᠢᠯᠭ᠎ᠠ ᠪᠠᠳᠤ ᠵᠢ ᠭᠤᠤᠯᠴᠢ᠎ᠪᠠᠷ ᠬᠡᠷᠡᠭᠵᠢᠬᠦᠯᠳᠡᠭ ᠰᠠᠶ᠋ᠢᠨ ᠰᠠᠶ᠋ᠢᠬᠠᠨ ᠲᠦᠷᠢ ᠲᠦᠷᠬᠦ ᠵᠢ ᠪᠤᠢ ᠪᠤᠯᠭ᠋ᠠᠵᠥ᠂ ᠬᠡᠯᠪᠡᠷᠢᠴᠢ ᠦᠵᠡᠯ᠂ ᠨᠤᠶᠠᠨᠴᠢ ᠰᠤᠷᠳᠠᠯ᠎ᠢ ᠴᠢᠩᠭ᠎ᠠ ᠴᠡᠬᠡᠷᠯᠡᠵᠥ᠂ ᠤᠨᠴᠠ ᠡᠷᠬᠡ ᠵᠢᠨ ᠦᠵᠡᠯ᠎ᠢ ᠴᠢᠩᠭ᠎ᠠ ᠴᠡᠬᠡᠷᠯᠡᠵᠥ᠂ ᠶᠡᠭᠡ ᠦᠬᠡ ᠬᠡᠯᠡᠵᠥ᠂ ᠤᠮᠤᠷᠬᠠᠭᠯᠠᠨ ᠪᠠᠷᠳᠠᠮᠨᠠᠬᠤ ᠵᠢ ᠴᠢᠩᠭ᠎ᠠ ᠴᠡᠬᠡᠷᠯᠡᠵᠥ᠂ ᠦᠵᠡᠯ ᠰᠠᠨᠠᠭ᠎ᠠ ᠤᠯᠤᠰ ᠲᠦᠷᠦ ᠵᠢᠨ ᠲᠦᠪᠰᠢᠨ ᠪᠤᠯᠤᠨ ᠲᠦᠷᠦ ᠵᠢᠨ ᠪᠤᠳᠤᠯᠭ᠎ᠠ ᠵᠢ ᠡᠵᠡᠮᠰᠢᠬᠦ ᠴᠢᠳᠠᠪᠤᠷᠢ᠎ᠪᠠᠨ ᠲᠠᠰᠤᠷᠠᠯᠳᠡ ᠦᠬᠡᠢ ᠲᠡᠭᠡᠭᠰᠢᠯᠡᠬᠦᠯᠵᠥ᠂ ᠨᠠᠮ᠎ᠢ ᠰᠠᠨᠠᠭ᠎ᠠ ᠠᠮᠠᠷᠠᠭᠤᠯᠤᠭᠰᠠᠠ᠂ ᠠᠷᠠᠳ ᠲᠦᠮᠡᠨ᠎ᠳᠤ ᠢᠳᠡᠬᠡᠯᠳᠡᠢ ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠺᠠᠳ᠋ᠷ᠎ᠤᠨ ᠡᠩᠨᠡᠭᠡ ᠵᠢ ᠪᠠᠶ᠋ᠢᠭᠤᠯᠬᠤ ᠬᠡᠷᠡᠭᠳᠡᠢ᠃
      ᠵᠢᠷᠡᠨ ᠲᠦᠷᠪᠡᠳᠤᠭᠡᠷ ᠵᠦᠢ᠍ᠯ     ᠰᠠᠬᠢᠯᠭ᠎ᠠ ᠪᠠᠳᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠺᠠᠳ᠋ᠷ ᠬᠡᠷᠡᠭ᠎ᠤᠨ ᠪᠠᠶ᠋ᠢᠳᠠᠯ᠎ᠢ ᠰᠤᠷᠤᠭᠯᠠᠵᠥ᠂ ᠬᠡᠷᠡᠭ᠎ᠤᠨ ᠲᠤᠬᠠᠢ ᠠᠰᠠᠭᠤᠵᠥ᠂ ᠨᠠᠶ᠋ᠢᠷ ᠬᠡᠯᠡᠵᠥ ᠭᠠᠷ ᠲᠦᠷᠦᠭᠰᠡᠡ ᠪᠠᠶ᠋ᠢᠪᠠᠯ᠂ ᠨᠠᠶ᠋ᠢᠳᠠᠯᠭ᠎ᠠ ᠵᠢ ᠬᠦᠯᠢᠶᠡᠭᠴᠢ ᠬᠢᠨᠠᠨ ᠪᠠᠶ᠋ᠢᠴᠠᠭ᠋ᠠᠬᠤ ᠲᠤᠭᠤᠢ᠌ᠯᠠᠩ᠎ᠤᠨ ᠲᠠᠷᠤᠭ᠎ᠠ ᠪᠤᠯᠤᠨ ᠬᠢᠨᠠᠯᠳᠠ ᠲᠠᠯᠪᠢᠨ ᠪᠠᠶ᠋ᠢᠴᠠᠭ᠋ᠠᠬᠤ᠂ ᠬᠢᠨᠠᠨ ᠪᠠᠶ᠋ᠢᠴᠠᠭ᠋ᠠᠬᠤ ᠰᠠᠯᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ᠎ᠳᠤ ᠮᠡᠳᠡᠬᠦᠯᠬᠦ ᠵᠢᠨ ᠬᠠᠮᠳᠤ ᠲᠡᠮᠳᠡᠭᠯᠡᠨ ᠲᠠᠩᠰᠠᠯᠠᠬᠤ ᠬᠡᠷᠡᠭᠳᠡᠢ᠃
ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠲᠤᠭᠤᠢ᠌ᠯᠠᠩ᠎ᠤᠨ ᠪᠦᠷᠢᠯᠲᠦᠭᠦᠨ ᠵᠦᠪᠰᠢᠶᠠᠷᠡᠯ ᠦᠭᠡᠢ᠎ᠪᠠᠷ ᠬᠢᠨᠠᠠ ᠪᠠᠶ᠋ᠢᠴᠠᠭ᠋ᠠᠭᠲᠠᠵᠦ ᠪᠠᠶ᠋ᠢᠭ᠎ᠠ ᠬᠦᠮᠦᠨ᠂ ᠭᠡᠷᠡᠭ᠎ᠲᠤ ᠬᠤᠯᠪᠤᠭᠲᠠᠭᠰᠠᠠ ᠬᠦᠮᠦᠠ ᠵᠢᠴᠢ ᠤᠨᠴᠠ ᠬᠠᠷᠢᠴᠠᠭ᠎ᠠ᠎ᠲᠠᠢ ᠬᠦᠮᠦᠠ᠎ᠲᠠᠢ ᠤᠢ᠌ᠷᠠᠲᠤᠯᠴᠠᠵᠦ ᠪᠠᠶ᠋ᠢᠬᠤ ᠪᠤᠶᠤ ᠶᠠᠪᠤᠯᠴᠠᠭ᠎ᠠ᠎ᠲᠠᠢ ᠪᠠᠶ᠋ᠢᠬᠤ ᠵᠢ ᠤᠯᠵᠦ ᠮᠡᠲᠡᠪᠡᠯ᠂ ᠴᠠᠭ ᠲᠤᠬᠠᠢ᠎ᠳᠤᠨᠢ ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠲᠤᠭᠤᠢ᠌ᠯᠠᠩ᠎ᠤᠨ ᠲᠠᠷᠤᠭ᠎ᠠ ᠪᠤᠯᠤᠨ ᠬᠢᠨᠠᠯᠲᠠ ᠲᠠᠯᠪᠢᠨ ᠪᠠᠶ᠋ᠢᠴᠠᠭ᠋ᠠᠬᠤ᠂ ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠲᠠᠠ ᠲᠡᠷᠡᠴᠢᠯᠡᠡ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠠ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠭᠤᠤᠯ ᠬᠠᠷᠢᠭᠤᠴᠠᠯᠭ᠋ᠠᠲᠠᠠ᠎ᠳᠤ ᠮᠡᠲᠡᠭᠦᠯᠬᠦ ᠪᠦᠭᠡᠳ ᠲᠠᠩᠰᠠᠯᠠᠭᠤᠯᠬᠤ ᠭᠡᠷᠡᠭᠲᠡᠢ᠃
      ᠵᠢᠷᠠᠠ ᠲᠠᠪᠤᠲᠤᠭ᠋ᠠᠷ ᠵᠦᠢ᠍ᠯ     ᠵᠠᠶ᠋ᠢᠯᠠᠰᠭᠢᠬᠦ ᠲᠦᠷᠢᠮ᠎ᠢ ᠴᠢᠩᠭ᠎ᠠ ᠭᠡᠷᠡᠭᠵᠢᠭᠦᠯᠬᠦ ᠬᠡᠷᠡᠭᠲᠡᠢ᠃ ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠰᠢᠭᠦᠬᠦ ᠬᠦᠮᠦᠨ᠎ᠨᠢ ᠬᠢᠨᠠᠠ ᠪᠠᠶ᠋ᠢᠴᠠᠭ᠋ᠠᠭᠲᠠᠬᠤ ᠬᠦᠮᠦᠠ ᠪᠤᠶᠤ ᠢᠯᠡᠴᠢᠯᠡᠡ ᠮᠡᠲᠡᠭᠦᠯᠦᠭᠰᠡᠡ ᠬᠦᠮᠦᠨ᠎ᠤ ᠲᠦᠷᠦᠯ ᠰᠠᠲᠤᠨ᠂ ᠲᠤᠰ ᠭᠡᠷᠡᠭ᠎ᠤᠨ ᠭᠡᠷᠡᠴᠢᠯᠡᠭᠴᠢ᠂ ᠠᠰᠢᠭ ᠬᠤᠤᠷ᠎ᠠ ᠵᠢᠨ ᠬᠠᠷᠢᠴᠠᠭ᠎ᠠ᠎ᠲᠠᠢ ᠬᠦᠮᠦᠠ ᠪᠤᠶᠤ ᠡᠰᠡᠭᠦᠯ᠎ᠠ ᠭᠤᠤᠯᠴᠢ᠎ᠪᠠᠷ ᠬᠢᠨᠠᠠ ᠪᠠᠶ᠋ᠢᠴᠠᠭ᠋ᠠᠵᠦ ᠪᠠᠶ᠋ᠢᠴᠠᠭ᠋ᠠᠯᠲᠠ ᠬᠢᠬᠦ ᠰᠢᠭᠦᠬᠦ ᠵᠢ ᠨᠦᠯᠦᠭᠡᠯᠡᠵᠤ ᠮᠡᠳᠡᠬᠦ ᠪᠠᠶ᠋ᠢᠲᠠᠯ᠎ᠲᠠᠢ ᠪᠠᠶ᠋ᠢᠪᠠᠯ᠂ ᠬᠤᠯᠪᠤᠭᠲᠠᠯ ᠪᠦᠬᠦᠢ ᠬᠢᠨᠠᠠ ᠪᠠᠶ᠋ᠢᠴᠠᠭ᠋ᠠᠵᠦ ᠪᠠᠶ᠋ᠢᠴᠠᠭ᠋ᠠᠯᠲᠠ ᠬᠢᠬᠦ ᠰᠢᠭᠦᠬᠦ ᠠᠵᠢᠯ᠎ᠳᠤ ᠤᠷᠤᠯᠴᠠᠵᠦ ᠪᠤᠯᠬᠤ ᠦᠭᠡᠢ᠂ ᠰᠠᠨᠠᠭ᠋ᠠᠴᠢᠯᠠᠭ᠎ᠠ᠎ᠠᠴᠠ᠎ᠪᠠᠨ ᠵᠠᠶ᠋ᠢᠯᠠᠰᠬᠢᠬᠦ ᠭᠤᠶᠤᠴᠢᠯᠠᠯ ᠭᠠᠷᠭ᠋ᠠᠬᠤ ᠬᠡᠷᠡᠭᠲᠡᠢ᠂ ᠬᠢᠨᠠᠠ ᠪᠠᠶ᠋ᠢᠴᠠᠭ᠋ᠠᠬᠲᠠᠵᠦ ᠪᠠᠶ᠋ᠢᠭ᠎ᠠ ᠬᠦᠮᠦᠨ᠂ ᠢᠯᠡᠴᠢᠯᠡᠡ ᠮᠡᠲᠡᠭᠦᠯᠦᠭᠰᠡᠡ ᠬᠦᠮᠦᠨ ᠪᠤᠶᠤ ᠪᠤᠰᠤᠳ ᠬᠤᠯᠪᠤᠭᠲᠠᠯ ᠪᠦᠬᠦᠢ ᠬᠦᠮᠦᠠ ᠪᠠᠰᠠ ᠲᠡᠭᠦᠨ᠎ᠢ ᠵᠠᠶ᠋ᠢᠯᠠᠰᠬᠢᠭᠤᠯᠬᠤ᠎ᠪᠠᠷ ᠱᠠᠭ᠋ᠠᠷᠲᠠᠬᠤ ᠡᠷᠭᠡ᠎ᠲᠠᠢ᠃ ᠵᠢᠭᠡᠯᠡᠵᠦ ᠠᠵᠢᠯᠯᠠᠭᠤᠯᠬᠤ ᠬᠦᠮᠦᠨ᠂ ᠬᠠᠷᠠᠵᠦ ᠬᠠᠮᠠᠭ᠋ᠠᠯᠠᠬᠤ ᠬᠦᠮᠦᠨ᠂ ᠬᠢᠨᠠᠠ ᠪᠠᠶ᠋ᠢᠴᠠᠭ᠋ᠠᠬᠤ ᠲᠠᠯᠠᠪᠤᠷ᠎ᠢ ᠰᠢᠯᠢᠬᠦ᠎ᠳᠡᠭᠡᠨ᠂ ᠵᠠᠶ᠋ᠢᠯᠠᠰᠬᠢᠬᠦ ᠲᠦᠷᠢᠮ᠎ᠢ ᠴᠢᠩᠭ᠎ᠠ ᠭᠡᠷᠡᠭᠵᠢᠭᠦᠯᠬᠦ ᠬᠡᠷᠡᠭᠲᠡᠢ᠃
      ᠵᠢᠷᠠᠠ ᠵᠢᠷᠭᠤᠲᠤᠭ᠋ᠠᠷ ᠵᠦᠢ᠍ᠯ     ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠲᠤᠭᠤᠢ᠌ᠯᠠᠩ᠎ᠤᠨ᠎ᠬᠢᠨ ᠬᠦᠮᠦᠨ ᠵᠢᠭᠡᠯᠡᠵᠦ ᠠᠵᠢᠯᠯᠠᠭᠤᠯᠬᠤ ᠴᠢᠬᠤᠯᠠᠲᠠᠢ ᠪᠤᠯ ᠡᠩ᠎ᠤᠨ ᠪᠠᠶ᠋ᠢᠲᠠᠯ ᠲᠤᠤᠷ᠎ᠠ ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠴᠢᠲᠠᠪᠤᠷᠢᠲᠠᠠ᠎ᠤ ᠬᠦᠮᠦᠷᠭᠡ᠎ᠠᠴᠠ ᠰᠢᠯᠢᠵᠦ ᠬᠡᠷᠡᠭᠯᠡᠠ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠠ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠵᠤᠬᠢᠶᠠᠠ ᠪᠠᠶ᠋ᠢᠭᠤᠯᠤᠯᠲᠠ ᠵᠢᠨ ᠰᠠᠯᠠᠭ᠎ᠠ ᠮᠦᠴᠢᠷ᠎ᠠᠴᠠ ᠭᠠᠷᠲᠠᠮ ᠬᠦᠢ᠍ᠴᠡᠳᠭᠡᠡ ᠦᠭᠴᠤ᠂ ᠨᠢᠭᠡ ᠭᠡᠷᠡᠭ᠎ᠲᠤ ᠨᠢᠭᠡ ᠬᠦᠮᠦᠨ᠎ᠢ ᠵᠢᠭᠡᠯᠡᠠ ᠠᠵᠢᠯᠯᠠᠭᠤᠯᠤᠨ᠎ᠠ᠂ ᠲᠠᠷᠠᠭ᠋ᠠᠯᠠᠠ ᠤᠯᠠᠠ ᠤᠲᠠᠭ᠎ᠠ ᠵᠢᠭᠡᠯᠡᠠ ᠠᠵᠢᠯᠯᠠᠭᠤᠯᠵᠦ ᠪᠤᠯᠬᠤ ᠦᠭᠡᠢ᠃ ᠵᠢᠭᠡᠯᠡᠵᠦ ᠠᠵᠢᠯᠯᠠᠭᠤᠯᠬᠤ ᠬᠦᠮᠦᠰ᠎ᠤᠨ ᠬᠠᠮᠢᠶᠠᠷᠤᠯᠲᠠ ᠬᠢᠨᠠᠯᠲᠠ ᠲᠠᠯᠪᠢᠯᠲᠠ ᠵᠢ ᠴᠢᠩᠭ᠋ᠠᠳᠬᠠᠠ᠂ ᠵᠢᠭᠡᠯᠡᠵᠦ ᠠᠵᠢᠯᠯᠠᠭᠤᠯᠵᠦ ᠲᠠᠭᠤᠰᠤᠭᠰᠠᠠ᠎ᠤ ᠲᠠᠷᠠᠭ᠎ᠠ ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠲᠤᠭᠤᠢ᠌ᠯᠠᠩ᠎ᠠᠴᠠ ᠬᠢᠨᠠᠨ ᠲᠤᠭᠲᠠᠭ᠋ᠠᠯᠲᠠ ᠪᠢᠴᠢᠬᠦ ᠬᠡᠷᠡᠭᠲᠡᠢ᠃ ᠵᠢᠭᠡᠯᠡᠵᠦ ᠠᠵᠢᠯᠯᠠᠭᠤᠯᠬᠤ ᠨᠢᠭᠡᠴᠢ ᠪᠤᠯᠤᠨ ᠨᠠᠮ᠎ᠤᠨ ᠭᠡᠰᠢᠭᠦᠨ ᠺᠠᠳ᠋ᠷ ᠵᠢᠭᠡᠯᠡᠵᠦ ᠠᠵᠢᠯᠯᠠᠭᠤᠯᠬᠤ ᠬᠦᠮᠦᠨ᠎ᠤ ᠠᠵᠢᠯ᠎ᠤᠨ ᠪᠠᠶ᠋ᠢᠷᠢ ᠵᠢᠨ ᠲᠤᠬᠢᠷᠠᠭᠤᠯᠤᠯᠲᠠ᠂ ᠲᠤᠰᠢᠶᠠᠯ᠎ᠳᠤ ᠲᠡᠪᠰᠢᠭᠦᠯᠬᠦ ᠵᠡᠷᠭᠡ ᠤᠴᠢᠷ ᠶᠠᠪᠤᠲᠠᠯ᠎ᠳᠤ ᠭᠠᠷ ᠲᠦᠷᠦᠵᠦ ᠪᠤᠯᠬᠤ ᠦᠭᠡᠢ᠃
      ᠵᠢᠷᠠᠠ ᠲᠤᠯᠤᠲᠤᠭ᠋ᠠᠷ ᠵᠦᠢ᠍ᠯ     ᠬᠢᠨᠠᠯᠲᠠ ᠲᠠᠯᠪᠢᠨ ᠰᠠᠬᠢᠯᠭ᠎ᠠ ᠪᠠᠲᠤ ᠭᠡᠷᠡᠭᠵᠢᠭᠦᠯᠦᠭᠴᠢ ᠡᠷᠬᠡᠪᠰᠢ ᠨᠢᠭᠤᠴᠠ ᠵᠢ ᠬᠠᠮᠠᠭ᠋ᠠᠯᠠᠬᠤ ᠲᠦᠷᠢᠮ᠎ᠢ ᠴᠢᠩᠭ᠎ᠠ ᠭᠡᠷᠡᠭᠵᠢᠭᠦᠯᠬᠦ ᠬᠡᠷᠡᠭᠲᠡᠢ᠂ ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠠᠵᠢᠯ᠎ᠤᠨ ᠤᠴᠢᠷ ᠶᠠᠪᠤᠲᠠᠯ᠎ᠢ ᠮᠡᠲᠡᠬᠦ ᠬᠦᠮᠦᠨ᠎ᠤ ᠬᠦᠷᠢᠶ᠎ᠠ ᠬᠡᠪᠴᠢᠶ᠎ᠠ ᠪᠤᠯᠤᠨ ᠴᠠᠭ᠎ᠢ ᠡᠵᠡᠮᠲᠡᠵᠦ᠂ ᠠᠰᠠᠭᠤᠲᠠᠯ᠎ᠤᠨ ᠰᠦᠪᠡᠭᠴᠢ ᠪᠤᠯᠤᠨ ᠭᠡᠷᠡᠭ᠎ᠲᠤ ᠬᠤᠯᠪᠤᠭᠲᠠᠬᠤ ᠮᠠᠲ᠋ᠧᠷᠢᠶᠠᠯ᠎ᠢ ᠬᠤᠪᠢ᠎ᠪᠠᠷ ᠵᠶ᠋ᠠᠨ ᠦᠯᠡᠲᠡᠭᠡᠵᠦ ᠠᠪᠬᠤ᠂ ᠨᠢᠭᠤᠵᠦ ᠲᠠᠷᠤᠬᠤ᠂ ᠪᠠᠶ᠋ᠢᠴᠠᠭ᠋ᠠᠠ ᠦᠵᠡᠬᠦ᠂ ᠲᠤᠪᠴᠢᠯᠠᠠ ᠬᠠᠭᠤᠯᠵᠦ ᠠᠪᠬᠤ᠂ ᠲᠠᠷᠤᠮᠠᠯᠯᠠᠨ ᠪᠠᠭᠤᠯᠭ᠋ᠠᠵᠤ ᠠᠪᠬᠤ᠂ ᠪᠡᠶ᠎ᠠ᠎ᠳᠡᠭᠡᠨ ᠠᠪᠴᠤ ᠶᠠᠪᠤᠵᠤ ᠪᠤᠯᠬᠤ ᠦᠭᠡᠢ᠂ ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠠᠵᠢᠯ᠎ᠤᠨ ᠪᠠᠶ᠋ᠢᠲᠠᠯ᠎ᠢ ᠵᠠᠲᠠᠷᠠᠭᠤᠯᠬᠤ ᠵᠢ ᠴᠢᠩᠭ᠎ᠠ ᠴᠠᠭ᠋ᠠᠵᠠᠯᠠᠬᠤ ᠭᠡᠷᠡᠭᠲᠡᠢ᠃
      ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠲᠤᠭᠤᠢ᠌ᠯᠠᠩ᠎ᠤᠨ ᠠᠵᠢᠯᠲᠠᠨ ᠠᠵᠢᠯᠯᠠᠬᠤ ᠬᠤᠭᠤᠴᠠᠭ᠋ᠠᠠ᠎ᠳᠤᠨᠢ ᠲᠤᠰᠬᠠᠢ ᠭᠠᠷ ᠤᠲᠠᠰᠤ᠂ ᠺᠤᠮᠫᠢᠦ᠋ᠲ᠋ᠧᠷ᠂ ᠡᠯᠸᠺᠲᠷᠣᠨ ᠲᠤᠨᠤᠭᠯᠠᠯ ᠪᠤᠯᠤᠨ ᠬᠠᠲᠠᠭ᠋ᠠᠯᠠᠬᠤ ᠵᠠᠭᠤᠴᠢ ᠵᠢ ᠬᠡᠷᠡᠭᠯᠡᠬᠦᠯᠵᠦ᠂ ᠲᠡᠭᠦᠨ᠎ᠢ᠎ᠨᠢ ᠨᠤᠮᠧᠷᠯᠠᠠ ᠬᠠᠮᠢᠶᠠᠷᠴᠤ᠂ ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠠᠵᠢᠯ ᠲᠠᠭᠤᠰᠤᠭᠰᠠᠠ᠎ᠤ ᠲᠠᠷᠠᠭ᠎ᠠ ᠬᠤᠷᠢᠶᠠᠠ ᠠᠪᠴᠤ ᠪᠠᠶ᠋ᠢᠴᠠᠭ᠋ᠠᠬᠤ ᠬᠡᠷᠡᠭᠲᠡᠢ᠃
      ᠭᠡᠷᠡᠭ᠎ᠤᠨ ᠪᠠᠶ᠋ᠢᠲᠠᠯ᠎ᠢ ᠬᠠᠷᠢᠭᠤ ᠮᠡᠲᠡᠭᠦᠯᠬᠦ᠂ ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠭᠰᠡᠡ ᠮᠠᠲ᠋ᠧᠷᠢᠶᠠᠯ᠎ᠢ ᠲᠠᠮᠵᠢᠭᠤᠯᠬᠤ᠎ᠳᠠᠭᠠᠨ ᠨᠢᠭᠤᠴᠠ ᠨᠤᠮᠧᠷ ᠲᠠᠭ᠋ᠠᠷᠠᠭᠤᠯᠤᠭᠰᠠᠠ ᠲᠤᠨᠤᠭᠯᠠᠯ ᠭᠡᠷᠡᠭᠯᠡᠵᠦ᠂ ᠭᠡᠷᠡᠭ᠎ᠤᠨ ᠡᠪᠬᠡᠮᠡᠯ ᠮᠠᠲ᠋ᠧᠷᠢᠶᠠᠯ᠎ᠢ ᠠᠪᠴᠤ ᠶᠠᠪᠤᠬᠤ᠎ᠳᠠᠭᠠᠨ ᠲᠤᠰᠬᠠᠢ ᠬᠦᠮᠦᠨ ᠲᠤᠰᠬᠠᠢ ᠲᠡᠷᠭᠡ᠎ᠪᠠᠷ ᠬᠦᠷᠭᠡᠯᠭᠡᠵᠦ᠂ ᠡᠪᠬᠡᠮᠡᠯ ᠮᠠᠲ᠋ᠧᠷᠢᠶᠠᠯ᠎ᠢ ᠪᠡᠶ᠎ᠡ᠎ᠠᠴᠠ᠎ᠪᠠᠨ ᠰᠠᠯᠭ᠋ᠠᠵᠦ ᠪᠤᠯᠬᠤ ᠦᠭᠡᠢ᠃
      ᠵᠢᠷᠠᠠ ᠨᠠᠢ᠍ᠮᠠᠳᠤᠭ᠋ᠠᠷ ᠵᠦᠢ᠍ᠯ     ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠠ ᠪᠠᠶ᠋ᠢᠴᠠᠭ᠋ᠠᠬᠤ ᠪᠠᠶ᠋ᠢᠭᠤᠯᠤᠯᠭ᠎ᠠ ᠵᠢᠨ ᠨᠢᠭᠤᠴᠠ᠎ᠲᠠᠢ ᠬᠤᠯᠪᠤᠭᠲᠠᠬᠤ ᠬᠦᠮᠦᠨ ᠠᠵᠢᠯ᠎ᠤᠨ ᠪᠠᠶ᠋ᠢᠷᠢ ᠲᠤᠰᠢᠶᠠᠯ᠎ᠠᠴᠠ᠎ᠪᠠᠨ ᠰᠠᠯᠬᠤ ᠦᠶᠡᠰ᠂ ᠨᠢᠭᠤᠴᠠ᠎ᠠᠴᠠ ᠰᠠᠯᠬᠤ ᠬᠤᠭᠤᠴᠠᠭ᠋ᠠᠨ᠎ᠤ ᠬᠠᠮᠢᠶᠠᠷᠤᠯᠲᠠ ᠵᠢᠨ ᠲᠤᠭᠲᠠᠭ᠋ᠠᠯ᠎ᠢ ᠵᠢᠷᠤᠮᠯᠠᠵᠦ᠂ ᠨᠢᠭᠤᠴᠠ ᠵᠢ ᠬᠠᠮᠠᠭ᠋ᠠᠯᠠᠬᠤ ᠡᠬᠦᠷᠭᠡ ᠬᠠᠷᠢᠭᠤᠴᠠᠯᠭ᠎ᠠ᠎ᠪᠠᠨ ᠴᠢᠩᠭ᠎ᠠ ᠬᠦᠢ᠍ᠴᠡᠳᠭᠡᠬᠦ ᠬᠡᠷᠡᠭᠲᠡᠢ᠂ ᠬᠤᠯᠪᠤᠭᠲᠠᠯ ᠪᠦᠬᠦᠢ ᠨᠢᠭᠤᠴᠠ ᠵᠢ ᠵᠠᠲᠠᠷᠠᠭᠤᠯᠵᠦ ᠪᠤᠯᠬᠤ ᠦᠭᠡᠢ᠃
      ᠬᠢᠨᠠᠯᠲᠠ ᠲᠠᠯᠪᠢᠵᠤ ᠰᠠᠬᠢᠯᠭ᠎ᠠ ᠪᠠᠲᠤ ᠭᠡᠷᠡᠭᠵᠢᠭᠦᠯᠦᠭᠴᠢ ᠲᠤᠰᠢᠶᠠᠯ᠎ᠠᠴᠠ᠎ᠪᠠᠨ ᠪᠠᠭᠤᠬᠤ᠂ ᠠᠵᠢᠯ᠎ᠤᠨ ᠠᠮᠠᠷᠠᠯᠲᠠ᠎ᠪᠠᠨ ᠠᠪᠤᠭᠰᠠᠠ᠎ᠤ ᠲᠠᠷᠠᠭ᠎ᠠ 3 ᠵᠢᠯ᠎ᠤᠨ ᠲᠤᠲᠤᠷ᠎ᠠ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠠ ᠪᠠᠶ᠋ᠢᠴᠠᠭ᠋ᠠᠬᠤ ᠪᠠ ᠬᠠᠤᠯᠢ ᠴᠠᠭ᠋ᠠᠵᠠ ᠵᠢᠨ ᠠᠵᠢᠯ᠎ᠲᠠᠢ ᠬᠤᠯᠪᠤᠭᠲᠠᠬᠤ᠂ ᠠᠰᠢᠭ ᠲᠤᠰᠠ ᠵᠢᠨ ᠮᠦᠷᠭᠦᠯᠲᠦᠭᠡᠡ ᠭᠠᠷᠴᠤ ᠮᠡᠲᠡᠬᠦ ᠲᠤᠬᠠᠢ᠌ᠯᠠᠭᠰᠠᠠ ᠠᠵᠢᠯ᠎ᠢ ᠬᠢᠵᠦ ᠪᠤᠯᠬᠤ ᠦᠭᠡᠢ᠃
      ᠵᠢᠷᠠ ᠶᠢᠰᠦᠲᠦᠭᠡᠷ ᠵᠦᠢ᠍ᠯ     ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠠ ᠪᠠᠶ᠋ᠢᠴᠠᠭ᠋ᠠᠬᠤ ᠪᠠᠶ᠋ᠢᠭᠤᠯᠭ᠎ᠠ ᠶᠠᠷᠢᠯᠴᠠᠬᠤ ᠠᠵᠢᠯ᠎ᠢ ᠬᠢᠬᠦ᠎ᠳᠡᠭᠡᠨ ᠪᠦᠬᠦ ᠶᠠᠪᠤᠴᠠ ᠵᠢ ᠡᠵᠡᠮᠳᠡᠬᠦ ᠬᠡᠷᠡᠭᠲᠡᠢ᠃ ᠶᠠᠷᠢᠯᠴᠠᠬᠤ᠎ᠠᠴᠠ᠎ᠪᠠᠨ ᠡᠮᠦᠨ᠎ᠠ ᠠᠶᠤᠯ ᠲᠦᠭᠰᠢᠭᠦᠷᠢ ᠵᠢ ᠦᠨᠡᠯᠡᠨ ᠵᠢᠰᠢᠬᠦ᠂ ᠡᠮ ᠡᠮᠨᠡᠯᠭᠡ ᠵᠢᠨ ᠪᠠᠲᠤᠯᠠᠪᠤᠷᠢ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠠᠵᠢᠯ ᠵᠢᠴᠢ ᠭᠡᠨᠡᠳᠲᠡ ᠡᠭᠦᠰᠬᠦ ᠭᠡᠷᠡᠭ᠎ᠢ ᠠᠷᠭ᠋ᠠᠴᠠᠭ᠋ᠠᠬᠤ ᠲᠦᠰᠦᠯ᠎ᠢ ᠰᠠᠶ᠋ᠢᠲᠤᠷ ᠬᠢᠬᠦ ᠬᠡᠷᠡᠭᠲᠡᠢ; ᠶᠠᠷᠢᠯᠴᠠᠬᠤ ᠲᠤᠮᠲᠠ᠎ᠪᠠᠨ ᠶᠠᠷᠢᠯᠴᠠᠬᠤ ᠠᠭᠤᠯᠭ᠎ᠠ ᠵᠢᠴᠢ ᠭᠡᠷᠡᠭ᠎ᠤᠨ ᠬᠤᠪᠢᠷᠠᠯᠲᠠ ᠵᠢ ᠴᠠᠭ ᠲᠤᠬᠠᠢ᠎ᠳᠤᠨᠢ ᠰᠤᠲᠤᠯᠤᠨ ᠮᠠᠭ᠋ᠠᠳᠯᠠᠵᠤ᠂ ᠲᠤᠰᠢᠶᠠᠯ ᠵᠶ᠋ᠠᠨ ᠠᠰᠢᠬᠯᠠᠨ ᠬᠠᠤᠯᠢ ᠵᠢ ᠬᠦᠨᠲᠦ ᠨᠤᠴᠢᠲᠠᠢ ᠵᠦᠷᠢᠴᠡᠭᠰᠡᠡ᠂ ᠲᠤᠰᠢᠶᠠᠯ᠎ᠤᠨ ᠶᠠᠯᠠᠲᠦ ᠠᠵᠢᠯᠯᠠᠭ᠎ᠠ ᠪᠠᠢ᠌ᠬᠤ ᠵᠢ ᠢᠯᠡᠷᠡᠭᠦᠯᠪᠡᠯ᠂ ᠬᠢᠨᠠᠠ ᠪᠠᠶ᠋ᠢᠴᠠᠭ᠋ᠠᠬᠤ ᠬᠠᠤᠯᠢ ᠶᠤᠰᠤᠭ᠋ᠠᠷ ᠬᠤᠴᠤᠷᠭ᠋ᠠᠨ ᠠᠪᠬᠤ ᠠᠷᠭ᠎ᠠ ᠬᠡᠮᠵᠢᠶ᠎ᠠ ᠠᠪᠬᠤ ᠴᠢᠬᠤᠯᠠᠲᠠᠢ ᠪᠤᠯ᠂ ᠴᠠᠭ ᠲᠤᠬᠠᠢ᠎ᠳᠤᠨᠢ ᠬᠤᠴᠤᠷᠭ᠋ᠠᠨ ᠠᠪᠬᠤ ᠠᠷᠭ᠎ᠠ ᠬᠡᠮᠵᠢᠶ᠎ᠠ ᠠᠪᠬᠤ ᠬᠡᠷᠡᠭᠲᠡᠢ; ᠶᠠᠷᠢᠯᠴᠠᠬᠤ ᠠᠵᠢᠯ ᠲᠠᠭᠤᠰᠬᠤ᠎ᠠᠴᠠ ᠡᠮᠦᠨ᠎ᠠ ᠶᠠᠷᠢᠯᠴᠠᠭᠲᠠᠵᠤ ᠪᠠᠶ᠋ᠢᠭ᠎ᠠ ᠬᠦᠮᠦᠨ᠎ᠳᠤ ᠦᠵᠡᠯ ᠰᠠᠨᠠᠭ᠋ᠠᠠ᠎ᠤ ᠠᠵᠢᠯ ᠬᠢᠵᠦ᠂ ᠶᠠᠷᠢᠯᠴᠠᠵᠦ ᠲᠠᠭᠤᠰᠤᠭᠰᠠᠠ᠎ᠤ ᠲᠠᠷᠠᠭ᠎ᠠ᠂ ᠵᠢᠷᠤᠮ ᠲᠠᠷᠠᠭ᠋ᠠᠯᠠᠯ ᠶᠤᠰᠤᠭ᠋ᠠᠷ ᠬᠤᠯᠪᠤᠭᠲᠠᠯ ᠪᠦᠬᠦᠢ ᠨᠢᠭᠡᠴᠢ ᠪᠤᠶᠤ ᠬᠦᠮᠦᠠ᠎ᠳᠤ ᠲᠤᠰᠢᠶᠠᠬᠤ ᠪᠠ ᠬᠦᠯᠢᠶᠡᠨ ᠠᠪᠬᠤ ᠶᠠᠪᠤᠲᠠᠯ᠎ᠢ ᠭᠦᠢ᠍ᠴᠡᠳᠭᠡᠵᠤ᠂ ᠲᠡᠷᠡᠴᠢᠯᠡᠨ ᠮᠦᠷᠲᠡᠨ ᠰᠤᠷᠪᠤᠯᠵᠢᠯᠠᠬᠤ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠢ᠃
      ᠲᠠᠯᠠᠲᠤᠭ᠋ᠠᠷ ᠵᠦᠢ᠍ᠯ     ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠦᠷᠢᠮ᠎ᠢ ᠪᠠᠶ᠋ᠢᠭᠤᠯᠤᠨ ᠲᠡᠭᠦᠯᠲᠡᠷᠵᠢᠭᠦᠯᠵᠦ᠂ ᠬᠢᠨᠠᠯᠲᠠ ᠲᠠᠯᠪᠢᠨ ᠪᠠᠶ᠋ᠢᠴᠠᠭ᠋ᠠᠬᠤ᠂ ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠲᠠᠠ ᠪᠤᠯᠤᠨ ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠲᠤᠭᠤᠢ᠌ᠯᠠᠩ᠎ᠤᠨ ᠲᠠᠷᠤᠭ᠎ᠠ ᠪᠤᠯ ᠬᠢᠨᠠᠨ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠠᠮᠤᠷ ᠲᠦᠪᠰᠢᠨ᠎ᠤ ᠨᠢᠭᠡᠲᠦᠭᠡᠷ ᠬᠠᠷᠢᠭᠤᠴᠠᠯᠭ᠋ᠠᠲᠠᠠ ᠮᠦᠨ᠂ ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ ᠲᠤᠭᠤᠢ᠌ᠯᠠᠩ᠎ᠨᠢ ᠲᠤᠰᠬᠠᠢ ᠬᠦᠮᠦᠨ ᠵᠶ᠋ᠠᠷ ᠠᠮᠤᠷ ᠲᠦᠪᠰᠢᠨ᠎ᠤ ᠠᠵᠢᠯ᠎ᠢ ᠬᠠᠷᠢᠭᠤᠴᠠᠭᠤᠯᠬᠤ ᠭᠡᠷᠡᠭᠲᠡᠢ᠃ ᠬᠢᠨᠠᠠ ᠪᠠᠶ᠋ᠢᠴᠠᠭ᠋ᠠᠬᠲᠠᠵᠦ ᠪᠠᠶ᠋ᠢᠭ᠎ᠠ ᠬᠦᠮᠦᠨ ᠠᠮᠤᠷ ᠲᠦᠪᠰᠢᠨ᠎ᠤ ᠠᠲᠡᠯ ᠭᠠᠷᠬᠤ᠎ᠳᠤ ᠬᠦᠷᠪᠡᠯ 24 ᠴᠠᠭ᠎ᠤᠨ ᠲᠤᠲᠤᠷ᠎ᠠ ᠱᠠᠲᠤ ᠱᠠᠲᠤ᠎ᠪᠠᠷ ᠲᠡᠭᠡᠭᠰᠢ ᠮᠡᠲᠡᠭᠦᠯᠵᠦ ᠲᠦᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠠ᠎ᠳᠤ ᠬᠦᠷᠲᠡᠯ᠎ᠡ ᠮᠡᠲᠡᠭᠦᠯᠵᠦ᠂ ᠶᠠᠷᠢᠶ᠎ᠠ ᠬᠡᠯᠡᠯᠴᠡᠭᠡᠡ᠎ᠤ ᠤᠲᠤᠷᠢᠳᠤᠮᠵᠢ ᠵᠢᠨ ᠠᠵᠢᠯ᠎ᠢ ᠴᠠᠭ ᠲᠤᠬᠠᠢ᠎ᠳᠤᠨᠢ ᠰᠠᠶ᠋ᠢᠲᠤᠷ ᠬᠢᠬᠦ ᠬᠡᠷᠡᠭᠲᠡᠢ᠃
      ᠠᠮᠤᠷ ᠲᠦᠪᠰᠢᠨ᠎ᠤ ᠬᠦᠨᠲᠦ ᠨᠤᠴᠢᠲᠠᠢ ᠠᠲᠡᠯ ᠭᠠᠷᠬᠤ ᠪᠤᠶᠤ ᠳᠦᠷᠢᠮ ᠲᠤᠭᠲᠠᠭ᠋ᠠᠯ ᠰᠠᠬᠢᠯᠭ᠎ᠠ ᠪᠠᠲᠦ ᠬᠠᠤᠯᠢ᠎ᠠᠴᠠ ᠵᠦᠷᠢᠴᠡᠭᠰᠡᠡ ᠬᠦᠨᠲᠦ ᠨᠤᠴᠢᠲᠠᠢ ᠦᠢ᠍ᠯᠡ ᠠᠵᠢᠯᠯᠠᠭ᠎ᠠ ᠤᠷᠤᠰᠢᠵᠦ ᠪᠠᠶ᠋ᠢᠪᠠᠯ᠂ ᠮᠤᠵᠢ ᠵᠢᠨ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠠ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠭᠤᠤᠯ ᠬᠠᠷᠢᠭᠤᠴᠠᠯᠭ᠋ᠠᠲᠠᠠ ᠲᠦᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ᠎ᠳᠤ ᠦᠪᠡᠷ᠎ᠤᠨ ᠪᠠᠶ᠋ᠢᠴᠠᠭ᠋ᠠᠯᠲᠠ ᠬᠢᠬᠦ ᠭᠡᠷᠡᠭᠲᠡᠢ ᠪᠦᠭᠡᠳ ᠤᠯᠠᠠ᠎ᠳᠤ ᠵᠠᠷᠯᠠᠵᠤ᠂ ᠴᠢᠩᠭ᠎ᠠ ᠬᠠᠷᠢᠭᠤᠴᠠᠯᠭ᠎ᠠ ᠲᠤᠯᠭ᠋ᠠᠵᠤ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠃
      ᠭᠡᠷᠡᠭ᠎ᠢ ᠬᠢᠨᠠᠯᠲᠠ ᠲᠠᠯᠪᠢᠨ ᠬᠠᠮᠢᠶᠠᠷᠬᠤ ᠰᠠᠯᠠᠭ᠎ᠠ ᠮᠦᠴᠢᠷ ᠪᠠᠶ᠋ᠢᠡᠭᠭᠤ ᠵᠢᠨ ᠴᠢᠨᠠᠷ᠎ᠲᠠᠢ᠎ᠪᠠᠷ ᠪᠠᠶ᠋ᠢᠴᠠᠭ᠋ᠠᠬᠤ ᠪᠠ ᠲᠤᠭᠲᠠᠮᠠᠯ ᠪᠤᠰᠤ ᠬᠤᠭᠤᠴᠠᠭ᠎ᠠ᠎ᠲᠠᠢ᠎ᠪᠠᠷ ᠰᠤᠭᠤᠴᠢᠨ ᠪᠠᠶ᠋ᠢᠴᠠᠭ᠋ᠠᠬᠤ ᠠᠵᠢᠯ ᠦᠷᠨᠢᠭᠦᠯᠵᠦ᠂ ᠠᠰᠠᠭᠤᠲᠠᠯ᠎ᠢ ᠢᠯᠡᠷᠡᠭᠦᠯᠦᠭᠰᠡᠭᠡᠷ ᠴᠠᠭ ᠲᠤᠬᠠᠢ᠎ᠳᠤᠨᠢ ᠮᠡᠲᠡᠭᠦᠯᠬᠦ ᠪᠦᠭᠡᠳ ᠴᠡᠭᠴᠡᠯᠡᠡ ᠰᠠᠶ᠋ᠢᠵᠢᠷᠠᠭᠤᠯᠬᠤ᠎ᠪᠠᠷ ᠱᠠᠯᠠᠪᠲᠠᠭᠤᠯᠤᠨ ᠱᠠᠭ᠋ᠠᠷᠲᠠᠬᠤ ᠭᠡᠷᠡᠭᠲᠡᠢ᠃
      ᠲᠠᠯᠠᠠ ᠨᠢᠭᠡᠲᠦᠭᠡᠷ ᠵᠦᠢ᠍ᠯ     ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠠ ᠪᠠᠶ᠋ᠢᠴᠠᠭ᠋ᠠᠬᠤ ᠺᠠᠳ᠋ᠷ ᠡᠷᠭᠡ᠎ᠠᠴᠠ᠎ᠪᠠᠨ ᠲᠠᠪᠠᠭᠤᠯᠤᠨ ᠬᠤᠯᠪᠤᠭᠲᠠᠯ ᠪᠦᠬᠦᠢ ᠭᠠᠵᠠᠷ ᠤᠷᠤᠨ᠂ ᠰᠠᠯᠠᠭ᠎ᠠ ᠮᠦᠴᠢᠷ᠂ ᠨᠢᠭᠡᠴᠢ ᠵᠢᠨ ᠨᠠᠮ᠎ᠤᠨ ᠬᠤᠷᠢᠶ᠎ᠠ (ᠨᠠᠮ᠎ᠤᠨ ᠤᠲᠤᠷᠢᠳᠬᠤ ᠲᠤᠭᠤᠢ᠌ᠯᠠᠩ) ᠵᠢᠨ ᠬᠠᠷᠢᠭᠤᠴᠠᠯᠭ᠋ᠠᠲᠠᠠ᠂ ᠬᠤᠪᠢ᠎ᠪᠠᠷ ᠵᠶ᠋ᠠᠨ ᠠᠰᠠᠭᠤᠲᠠᠯ᠎ᠤᠨ ᠰᠦᠪᠡᠭᠴᠢ ᠵᠢ ᠬᠠᠲᠠᠭ᠋ᠠᠭᠯᠠᠬᠤ᠂ ᠨᠢᠭᠤᠴᠠ ᠵᠢ ᠵᠠᠲᠠᠷᠠᠭᠤᠯᠬᠤ᠂ ᠠᠮᠤᠷ ᠲᠦᠪᠰᠢᠨ᠎ᠤ ᠨᠢᠭᠤᠴᠠ ᠵᠢ ᠬᠠᠮᠠᠭ᠋ᠠᠯᠠᠬᠤ ᠲᠤᠭᠲᠠᠭ᠋ᠠᠯ᠎ᠠᠴᠠ ᠵᠦᠷᠢᠴᠡᠵᠦ᠂ ᠨᠠᠶ᠋ᠢᠷ ᠲᠠᠯ᠎ᠠ ᠬᠡᠯᠡᠵᠤ ᠨᠠᠶ᠋ᠢᠲᠠᠬᠤ ᠵᠢ ᠬᠦᠯᠢᠶᠠᠠ ᠠᠪᠬᠤ᠂ ᠬᠢᠨᠠᠠ ᠪᠠᠶ᠋ᠢᠴᠠᠭ᠋ᠠᠵᠤ ᠪᠠᠶ᠋ᠢᠴᠠᠭ᠋ᠠᠯᠲᠠ ᠬᠢᠬᠦ᠎ᠳᠤ ᠭᠠᠷ ᠲᠦᠷᠦᠬᠦ᠂ ᠭᠡᠷᠡᠭ᠎ᠢ ᠠᠰᠢᠠᠠᠯᠠᠠ ᠬᠤᠪᠢ ᠵᠢᠨ ᠠᠰᠢᠭ᠎ᠢ ᠬᠦᠭᠡᠭᠡᠴᠡᠯᠲᠦᠬᠦ᠂ ᠨᠠᠶ᠋ᠢᠷ ᠲᠠᠯ᠎ᠠ ᠬᠠᠷᠠᠠ ᠭᠡᠷᠡᠭ ᠰᠢᠢ᠍ᠳᠪᠦᠷᠢᠯᠡᠬᠦ᠂ ᠬᠢᠨᠠᠠ ᠪᠠᠶ᠋ᠢᠴᠠᠭ᠋ᠠᠭᠲᠠᠵᠦ ᠪᠠᠶ᠋ᠢᠭ᠎ᠠ ᠬᠦᠮᠦᠠ᠎ᠢ ᠲᠤᠷᠤᠮᠵᠢᠯᠠᠠ ᠭᠤᠲᠤᠭ᠋ᠠᠬᠤ᠂ ᠬᠠᠷᠢᠶᠠᠠ ᠵᠤᠲᠤᠬᠤ᠂ ᠲᠠᠮᠤᠯᠠᠬᠤ᠂ ᠬᠠᠷᠠᠲᠠᠬᠤ᠂ ᠬᠡᠯᠪᠡᠷᠢ ᠵᠢ᠎ᠨᠢ ᠬᠤᠪᠢᠷᠠᠭᠤᠯᠤᠨ ᠬᠠᠷᠠᠲᠠᠬᠤ᠂ ᠲᠦᠷᠢᠮ ᠲᠤᠭᠲᠠᠭ᠋ᠠᠯ ᠰᠠᠬᠢᠯᠭ᠎ᠠ ᠪᠠᠲᠤ ᠬᠠᠤᠯᠢ᠎ᠠᠴᠠ ᠵᠦᠷᠢᠴᠡᠬᠦ ᠬᠡᠯᠪᠡᠷᠢ᠎ᠪᠠᠷ ᠭᠡᠷᠡᠴᠢ ᠪᠠᠷᠢᠮᠲᠠ ᠴᠤᠭᠯᠠᠭᠤᠯᠬᠤ᠂ ᠭᠡᠷᠡᠭ᠎ᠲᠤ ᠬᠤᠯᠪᠤᠭᠲᠠᠬᠤ ᠵᠤᠭᠤᠰ ᠪᠤᠲᠠᠰ᠎ᠢ ᠦᠯᠡᠲᠡᠭᠡᠡ ᠠᠪᠴᠤ ᠨᠡᠭᠦᠯᠭᠡᠡ ᠭᠡᠷᠡᠭᠯᠡᠬᠦ᠂ ᠡᠵᠡᠯᠡᠡ ᠬᠤᠪᠢ᠎ᠪᠠᠷ ᠵᠶ᠋ᠠᠨ ᠬᠤᠪᠢᠶᠠᠠ ᠠᠪᠬᠤ᠂ ᠵᠤᠴᠢᠯᠠᠭ᠎ᠠ ᠪᠠ ᠵᠤᠭᠤᠰ ᠪᠤᠲᠠᠰ᠎ᠢ ᠬᠦᠯᠢᠶᠠᠠ ᠠᠪᠬᠤ ᠵᠡᠷᠭᠡ ᠦᠢ᠍ᠯᠡ ᠠᠵᠢᠯᠯᠠᠭ᠎ᠠ ᠵᠢ ᠲᠦᠷᠢᠮ ᠲᠤᠭᠲᠠᠭ᠋ᠠᠯ ᠰᠠᠬᠢᠯᠭ᠎ᠠ ᠪᠠᠲᠤ᠎ᠪᠠᠷ ᠴᠢᠩᠭ᠎ᠠ ᠰᠢᠢ᠍ᠳᠪᠦᠷᠢᠯᠡᠬᠦ ᠬᠡᠷᠡᠭᠲᠡᠢ; ᠲᠤᠰᠢᠶᠠᠯ ᠵᠶ᠋ᠠᠨ ᠠᠰᠢᠬᠯᠠᠨ ᠬᠠᠤᠯᠢ ᠵᠢ ᠵᠦᠷᠢᠴᠡᠭᠰᠡᠡ᠂ ᠲᠤᠰᠢᠶᠠᠯ᠎ᠤᠨ ᠶᠠᠯᠠᠲᠦ ᠠᠵᠢᠯᠯᠠᠭ᠎ᠠ ᠬᠢᠭᠰᠡᠡ ᠵᠶ᠋ᠠᠷ ᠰᠡᠵᠢᠭᠯᠡᠭᠳᠡᠭᠰᠡᠡ ᠪᠤᠯ ᠬᠠᠤᠯᠢ ᠶᠤᠰᠤᠭ᠋ᠠᠷ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠃
      ᠲᠠᠯᠠᠠ ᠬᠤᠶᠠᠲᠤᠭ᠋ᠠᠷ ᠵᠦᠢ᠍ᠯ     ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠠ ᠪᠠᠶ᠋ᠢᠴᠠᠭ᠋ᠠᠬᠤ ᠪᠠᠶ᠋ᠢᠭᠤᠯᠭ᠎ᠠ ᠬᠢᠨᠠᠯᠲᠠ ᠲᠠᠯᠪᠢᠵᠤ ᠰᠠᠬᠢᠯᠭ᠎ᠠ ᠪᠠᠲᠤ ᠭᠡᠷᠡᠭᠵᠢᠭᠦᠯᠬᠦ ᠠᠵᠢᠯ᠎ᠳᠤ ᠰᠠᠬᠢᠯᠭ᠎ᠠ ᠪᠠᠲᠤ ᠵᠢᠨ ᠲᠠᠯ᠎ᠠ᠎ᠪᠠᠷ ᠲᠤᠰᠢᠶᠠᠯ᠎ᠳᠠᠭᠠᠨ ᠤᠰᠤᠯᠲᠠᠵᠦ ᠬᠠᠷᠢᠭᠤᠴᠠᠯᠭ᠎ᠠ᠎ᠪᠠᠨ ᠠᠯᠲᠠᠭᠰᠠᠠ ᠪᠤᠯ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠃
      ᠲᠠᠯᠠᠠ ᠭᠤᠷᠪᠠᠲᠤᠭ᠋ᠠᠷ ᠵᠦᠢ᠍ᠯ     ᠭᠡᠷᠡᠭ᠎ᠢ ᠰᠢᠢ᠍ᠳᠪᠦᠷᠢᠯᠡᠬᠦ᠎ᠳᠡᠭᠡᠨ ᠬᠦᠨᠲᠦ ᠶᠡᠭᠡ ᠠᠯᠲᠠᠭ᠎ᠠ ᠭᠠᠷᠭ᠋ᠠᠵᠤ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠠ ᠪᠠᠶ᠋ᠢᠴᠠᠭ᠋ᠠᠬᠤ ᠺᠠᠳ᠋ᠷ ᠬᠠᠤᠯᠢ ᠰᠠᠬᠢᠯᠭ᠎ᠠ᠎ᠠᠴᠠ ᠬᠦᠨᠲᠦ ᠨᠤᠴᠢᠲᠠᠢ ᠵᠦᠷᠢᠴᠡᠭᠰᠡᠡ ᠪᠤᠶᠤ ᠲᠤᠰᠢᠶᠠᠯ ᠵᠶ᠋ᠠᠨ ᠠᠰᠢᠬᠯᠠᠨ ᠬᠠᠤᠯᠢ ᠵᠢ ᠬᠦᠨᠲᠦ ᠨᠤᠴᠢᠲᠠᠢ ᠵᠦᠷᠢᠴᠡᠭᠰᠡᠡ᠂ ᠲᠤᠰᠢᠶᠠᠯ᠎ᠤᠨ ᠶᠠᠯᠠᠲᠦ ᠠᠵᠢᠯᠯᠠᠭ᠎ᠠ ᠬᠢᠭᠰᠡᠡ ᠵᠶ᠋ᠠᠷ ᠰᠡᠵᠢᠭᠯᠡᠭᠳᠡᠭᠰᠡᠡ ᠪᠤᠯ᠂ 《ᠨᠢᠭᠡ ᠭᠡᠷᠡᠭ᠎ᠢ ᠲᠠᠪᠬᠤᠷ ᠪᠠᠶ᠋ᠢᠴᠠᠭ᠋ᠠᠬᠤ》 ᠠᠵᠢᠯᠯᠠᠭ᠎ᠠ ᠦᠷᠨᠢᠭᠦᠯᠵᠦ᠂ ᠰᠢᠭᠤᠳ ᠬᠠᠷᠢᠭᠤᠴᠠᠯᠭ᠎ᠠ᠎ᠲᠠᠢ ᠬᠦᠮᠦᠨ᠎ᠠᠴᠠ ᠬᠠᠷᠢᠭᠤᠴᠠᠯᠭ᠎ᠠ ᠨᠡᠭᠡᠮᠵᠢᠯᠡᠬᠦ ᠮᠦᠷᠲᠡᠭᠡᠨ ᠪᠠᠰᠠ ᠬᠤᠯᠪᠤᠭᠲᠠᠯ ᠪᠦᠬᠦᠢ ᠤᠲᠤᠷᠢᠳᠬᠤ ᠬᠦᠮᠦᠨ᠎ᠠᠴᠠ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠃
      ᠭᠡᠷᠡᠭ ᠰᠢᠢ᠍ᠳᠪᠦᠷᠢᠯᠡᠬᠦ ᠶᠠᠰᠤ ᠴᠢᠨᠠᠷ᠎ᠤᠨ ᠬᠠᠷᠢᠭᠤᠴᠠᠯᠭ᠎ᠠ ᠵᠢᠨ ᠲᠦᠷᠢᠮ᠎ᠢ ᠪᠠᠶ᠋ᠢᠭᠤᠯᠵᠦ᠂ ᠡᠷᠭᠡ᠎ᠪᠠᠨ ᠲᠤᠷ᠎ᠠ᠎ᠪᠠᠷ ᠭᠡᠷᠡᠭᠯᠡᠬᠦ᠂ ᠲᠤᠰᠢᠶᠠᠯ᠎ᠳᠠᠭᠠᠨ ᠤᠰᠤᠯᠲᠠᠵᠦ ᠬᠠᠷᠢᠭᠤᠴᠠᠯᠭ᠎ᠠ᠎ᠪᠠᠨ ᠠᠯᠲᠠᠭᠰᠠᠠ᠎ᠠᠴᠠ ᠪᠤᠯᠵᠦ ᠬᠦᠨᠲᠦ ᠨᠤᠴᠢᠲᠠᠢ ᠦᠷ᠎ᠠ ᠳ᠋ᠦᠩ᠎ᠢ ᠪᠤᠢ ᠪᠤᠯᠭ᠋ᠠᠭᠰᠠᠠ ᠪᠠᠶ᠋ᠢᠪᠠᠯ᠂ ᠨᠠᠰᠤᠨ ᠲᠤᠷᠰᠢᠲᠠ ᠵᠢᠨ ᠬᠠᠷᠢᠭᠤᠴᠠᠯᠭ᠎ᠠ ᠨᠡᠭᠡᠮᠵᠢᠯᠡᠬᠦ ᠵᠢ ᠭᠡᠷᠡᠭᠵᠢᠭᠦᠯᠬᠦ ᠬᠡᠷᠡᠭᠲᠡᠢ᠃
      ᠠᠷᠪᠠᠲᠤᠭ᠋ᠠᠷ ᠪᠦᠯᠦᠭ     ᠲᠠᠭ᠋ᠠᠯᠲᠤᠭᠤᠯᠤᠯ ᠲᠦᠷᠢᠮ
      ᠲᠠᠯᠠᠠ ᠲᠦᠷᠪᠡᠲᠦᠭᠡᠷ ᠵᠦᠢ᠍ᠯ     ᠡᠯ᠎ᠠ ᠮᠤᠵᠢ (ᠦᠪᠡᠷᠲᠡᠭᠡᠡ ᠵᠠᠰᠬᠠᠤ ᠤᠷᠤᠨ᠂ ᠰᠢᠭᠤᠳ ᠬᠠᠷᠢᠶ᠎ᠠ ᠬᠤᠲᠠ) ᠵᠢᠨ ᠨᠠᠮ᠎ᠤᠨ ᠬᠤᠷᠢᠶ᠎ᠠ᠂ ᠲᠦᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠨᠠᠮ᠎ᠤᠨ ᠠᠵᠢᠯᠯᠠᠬᠤ ᠬᠤᠷᠢᠶ᠎ᠠ ᠲᠤᠰ ᠲᠦᠷᠢᠮ᠎ᠢ ᠦᠨᠲᠦᠰᠦᠯᠡᠵᠦ᠂ ᠠᠵᠢᠯ᠎ᠤᠨ ᠪᠤᠲᠠᠲᠤ ᠪᠠᠶ᠋ᠢᠲᠠᠯ᠎ᠲᠠᠢ᠎ᠪᠠᠨ ᠤᠶᠠᠯᠲᠤᠭᠤᠯᠤᠨ᠂ ᠬᠡᠷᠡᠭᠵᠢᠬᠦᠯᠬᠦ ᠨᠠᠷᠢᠨ ᠲᠦᠷᠢᠮ᠎ᠢ ᠲᠤᠭᠲᠠᠭ᠋ᠠᠠ ᠭᠡᠷᠡᠭᠵᠢᠭᠦᠯᠵᠦ ᠪᠤᠯᠤᠨ᠎ᠠ᠃ ᠲᠦᠪ᠎ᠤᠨ ᠴᠡᠷᠢᠭ᠎ᠤᠨ ᠶᠠᠪᠤᠲᠠᠯ᠎ᠤᠨ ᠬᠤᠷᠢᠶ᠎ᠠ ᠲᠤᠰ ᠲᠦᠷᠢᠮ᠎ᠢ ᠦᠨᠲᠦᠰᠦᠯᠡᠵᠦ᠂ ᠬᠤᠯᠪᠤᠭᠲᠠᠯ ᠪᠦᠬᠦᠢ ᠲᠤᠭᠲᠠᠭ᠋ᠠᠯ ᠲᠤᠭᠲᠠᠭ᠋ᠠᠵᠦ ᠪᠤᠯᠤᠨ᠎ᠠ᠃
      ᠲᠠᠯᠠᠠ ᠲᠠᠪᠤᠲᠤᠭ᠋ᠠᠷ ᠵᠦᠢ᠍ᠯ     ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠠ ᠪᠠᠶ᠋ᠢᠴᠠᠭ᠋ᠠᠬᠤ ᠵᠦᠪᠯᠡᠯ᠎ᠤᠨ ᠲᠤᠮᠢᠯᠠᠵᠦ ᠰᠠᠭᠤᠯᠭ᠋ᠠᠭᠰᠠᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠠ ᠪᠠᠶ᠋ᠢᠴᠠᠭ᠋ᠠᠬᠤ ᠲᠤᠭᠤᠢ᠌ᠯᠠᠩ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠠ ᠪᠠᠶ᠋ᠢᠴᠠᠭ᠋ᠠᠬᠤ ᠠᠵᠢᠯᠯᠠᠬᠤ ᠬᠤᠷᠢᠶ᠎ᠠ ᠲᠤᠰ ᠲᠦᠷᠢᠮ᠎ᠢ ᠭᠡᠷᠡᠭᠵᠢᠭᠦᠯᠬᠦ᠎ᠠᠴᠠ ᠭᠠᠲᠠᠨ᠎ᠠ ᠪᠠᠰᠠ ᠨᠠᠮ᠎ᠤᠨ ᠲᠦᠪ ᠬᠤᠷᠢᠶ᠎ᠠ ᠵᠢᠴᠢ ᠲᠦᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠠ᠎ᠤ ᠬᠤᠯᠪᠤᠭᠲᠠᠯ ᠪᠦᠬᠦᠢ ᠲᠤᠭᠲᠠᠭ᠋ᠠᠯ᠎ᠢ ᠭᠡᠷᠡᠭᠵᠢᠭᠦᠯᠬᠦ ᠬᠡᠷᠡᠭᠲᠡᠢ᠃
      ᠤᠯᠤᠰ᠎ᠤᠨ ᠦᠮᠴᠢᠯᠡᠯᠲᠦ ᠠᠵᠦ ᠠᠬᠤᠢ᠌ᠢ᠍ᠯᠠᠯ ᠠᠵᠢᠯ ᠦᠢ᠍ᠯᠡᠰ᠎ᠤᠨ ᠨᠢᠭᠡᠴᠢ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠠ ᠪᠠᠶ᠋ᠢᠴᠠᠭ᠋ᠠᠬᠤ ᠪᠠᠶ᠋ᠢᠭᠤᠯᠤᠮᠵᠢ ᠪᠤᠲᠠᠲᠤ ᠪᠠᠶ᠋ᠢᠲᠠᠯ᠎ᠲᠠᠢ᠎ᠪᠠᠨ ᠤᠶᠠᠯᠲᠤᠭᠤᠯᠵᠦ ᠲᠤᠰ ᠲᠦᠷᠢᠮ᠎ᠢ ᠭᠡᠷᠡᠭᠵᠢᠭᠦᠯᠦᠨ᠎ᠠ᠃
      ᠲᠠᠯᠠᠠ ᠵᠢᠷᠭᠤᠲᠤᠭ᠋ᠠᠷ ᠵᠦᠢ᠍ᠯ     ᠲᠤᠰ ᠲᠦᠷᠢᠮ᠎ᠢ ᠲᠦᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ᠎ᠠᠴᠠ ᠬᠠᠷᠢᠭᠤᠴᠠᠠ ᠲᠠᠶ᠋ᠢᠯᠪᠤᠷᠢᠯᠠᠯᠲᠠ ᠬᠢᠨ᠎ᠠ᠃
      ᠲᠠᠯᠠᠠ ᠲᠤᠯᠤᠲᠤᠭ᠋ᠠᠷ ᠵᠦᠢ᠍ᠯ     ᠲᠤᠰ ᠲᠦᠷᠢᠮ᠎ᠢ 2019 ᠤᠨ᠎ᠤ 1 ᠰᠠᠷ᠎ᠠ ᠵᠢᠨ 1᠎ᠤ ᠡᠲᠦᠷ᠎ᠠᠴᠠ ᠡᠬᠢᠯᠡᠡ ᠭᠡᠷᠡᠭᠵᠢᠭᠦᠯᠦᠨ᠎ᠡ᠃ 2017 ᠤᠨ᠎ᠤ 1 ᠰᠠᠷ᠎ᠠ ᠵᠢᠨ 15᠎ᠤ ᠡᠲᠦᠷ ᠲᠦᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ᠎ᠠᠴᠠ ᠲᠠᠷᠤᠮᠠᠯᠯᠠᠠ ᠲᠠᠷᠬᠠᠭ᠋ᠠᠭᠰᠠᠠ 《ᠲᠤᠮᠲᠠᠲᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠢᠨᠠᠯᠲᠠ ᠲᠠᠯᠪᠢᠵᠤ ᠰᠠᠬᠢᠯᠭ᠎ᠠ ᠪᠠᠲᠤ ᠭᠡᠷᠡᠭᠵᠢᠭᠦᠯᠬᠦ ᠠᠵᠢᠯ᠎ᠤᠨ ᠲᠦᠷᠢᠮ (ᠲᠤᠷᠰᠢᠨ ᠭᠡᠷᠡᠭᠵᠢᠭᠦᠯᠬᠦ)᠎ᠢ ᠲᠠᠭ᠋ᠠᠤ᠎ᠳᠤᠨᠢ ᠬᠦᠴᠦᠠ ᠦᠭᠡᠢ ᠪᠤᠯᠭ᠋ᠠᠨ᠎ᠠ᠃ ᠡᠭᠦᠨ᠎ᠠᠴᠠ ᠡᠮᠦᠨ᠎ᠠ ᠨᠡᠶ᠋ᠢᠲᠡᠯᠡᠭᠰᠡᠡ ᠪᠤᠰᠤᠳ ᠬᠤᠯᠪᠤᠭᠲᠠᠯ ᠪᠦᠬᠦᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠠ ᠪᠠᠶ᠋ᠢᠴᠠᠭ᠋ᠠᠬᠤ ᠪᠠᠶ᠋ᠢᠭᠤᠯᠭ᠎ᠠ ᠵᠢ ᠬᠢᠨᠠᠯᠲᠠ ᠲᠠᠯᠪᠢᠵᠤ ᠰᠠᠬᠢᠯᠭ᠎ᠠ ᠪᠠᠲᠤ ᠭᠡᠷᠡᠭᠵᠢᠭᠦᠯᠬᠦ ᠠᠵᠢᠯ᠎ᠤᠨ ᠲᠤᠭᠲᠠᠭ᠋ᠠᠯ᠎ᠨᠢ ᠲᠤᠰ ᠲᠦᠷᠢᠮ᠎ᠲᠠᠢ ᠨᠢᠭᠡᠲᠦᠯ ᠦᠭᠡᠢ ᠵᠢ᠎ᠨᠢ ᠪᠦᠷ ᠲᠤᠰ ᠲᠦᠷᠢᠮ ᠶᠤᠰᠤᠭ᠋ᠠᠷ ᠭᠡᠷᠡᠭᠵᠢᠭᠦᠯᠦᠨ᠎ᠠ᠃ (ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ)




ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠤᠬᠢᠷᠳᠤᠯ᠎ᠢ ᠰᠡᠷᠭᠡᠶ᠋ᠢᠯᠡᠨ ᠵᠠᠰᠠᠬᠤ ᠬᠠᠤᠯᠢ》 ᠵᠢᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠳᠠ ᠬᠢᠬᠦ ᠵᠠᠷᠯᠠᠯ
ᠬᠤᠪᠤᠷ ᠴᠤᠬᠠᠭ ᠤᠢ ᠮᠣᠳᠣ ᠪᠤᠶᠤ ᠤᠢ ᠲᠤᠳᠤᠷᠠᠬᠢ ᠵᠡᠷᠯᠢᠭ ᠤᠷᠭᠤᠮᠠᠯ᠂ ᠡᠮ᠎ᠤᠨ ᠮᠠᠲ᠋ᠧᠷᠢᠶᠠᠯ᠎ᠢ ᠳᠤᠷ᠎ᠠ᠎ᠪᠠᠷ ᠵᠶ᠋ᠠᠨ ᠲᠡᠭᠦᠵᠦ ᠴᠤᠭᠯᠠᠭᠤᠯᠤᠭᠰᠠᠨ᠎ᠢ ᠰᠢᠳᠬᠡᠬᠦ
ᠣᠶ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ ᠬᠤᠷᠢᠶᠠᠬᠤ
ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠠᠭ᠋ᠠᠯᠠᠯᠲᠠ ᠬᠠᠮᠢᠶᠠᠷᠤᠯᠲᠠ ᠵᠢᠨ ᠰᠦᠢ᠍ᠳᠬᠡᠯ ᠬᠤᠷᠢᠶᠠᠬᠤ
ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠠᠩ᠎ᠤᠨ ᠬᠣᠷᠢᠭ᠋ᠠᠲᠤ ᠣᠷᠣᠨ᠎ᠳᠠᠬᠢ ᠤᠯᠤᠰ᠎ᠤᠨ ᠪᠤᠶᠤ ᠣᠷᠣᠨ ᠨᠤᠲᠤᠭ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ᠎ᠢ ᠡᠪᠳᠡᠭᠰᠡᠨ ᠪᠠᠢ᠌ᠳᠠᠯ᠎ᠢ ᠰᠡᠷᠬᠦᠭᠡᠬᠦ
 
             蒙ICP备05000248号