ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠤᠬᠢᠷᠳᠤᠯ᠎ᠢ ᠰᠡᠷᠭᠡᠶ᠋ᠢᠯᠡᠨ ᠵᠠᠰᠠᠬᠤ ᠬᠠᠤᠯᠢ》 ᠵᠢᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠳᠠ ᠬᠢᠬᠦ ᠵᠠᠷᠯᠠᠯ
ᠨᠡᠶ᠋ᠢᠲᠡᠯᠡᠭᠰᠡᠨ ᠴᠠᠭ᠄ 2019-04-04

      ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ 2019 ᠤᠨ᠎ᠤ ᠬᠢᠨᠡᠯᠳᠠ ᠲᠠᠯᠪᠢᠬᠤ ᠠᠵᠢᠯ᠎ᠤᠨ ᠲᠤᠬᠢᠷᠠᠭᠤᠯᠤᠯᠳᠠ ᠵᠢ ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠎ᠠᠴᠠ 4 ᠰᠠᠷ᠎ᠠ᠎ᠳᠤ ᠪᠦᠬᠦ ᠤᠷᠤᠨ᠎ᠤ 《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠤᠬᠢᠷᠳᠤᠯ᠎ᠢ ᠰᠡᠷᠭᠡᠶ᠋ᠢᠯᠡᠨ ᠵᠠᠰᠠᠬᠤ ᠬᠠᠤᠯᠢ》 ᠵᠢ ᠲᠤᠭᠤᠰᠢᠯᠠᠭᠤᠯᠤᠨ ᠭᠡᠷᠡᠭᠵᠢᠬᠦᠯᠦᠭᠰᠡᠨ ᠪᠠᠶ᠋ᠢᠳᠠᠯ᠎ᠳᠤ ᠬᠠᠤᠯᠢ ᠬᠡᠷᠡᠭᠵᠢᠬᠦᠯᠥᠯᠲᠡ ᠵᠢᠨ ᠪᠠᠶ᠋ᠢᠴᠠᠭ᠋ᠠᠯᠳᠠ ᠬᠢᠨ᠎ᠠ᠃
      ᠲᠤᠰ ᠤᠳᠠᠭ᠎ᠠ ᠵᠢᠨ ᠬᠠᠤᠯᠢ ᠬᠡᠷᠡᠭᠵᠢᠬᠦᠯᠥᠯᠲᠡ ᠵᠢᠨ ᠪᠠᠶ᠋ᠢᠴᠠᠭ᠋ᠠᠯᠳᠠ ᠵᠢᠨ ᠭᠤᠤᠯᠳᠠᠯᠭ᠎ᠠ ᠪᠤᠯ᠄
     (ᠨᠢᠭᠡ) ᠬᠠᠤᠯᠢ ᠴᠠᠭ᠋ᠠᠵᠠ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠄ ᠭᠤᠤᠯᠳᠠᠭᠤ ᠤᠰᠤᠨ᠎ᠤ ᠤᠷᠴᠢᠨ ᠲᠤᠭᠤᠷᠢᠨ᠎ᠤ ᠴᠢᠨᠠᠷ ᠴᠢᠨᠰᠠᠭ᠎ᠠ ᠵᠢ ᠰᠠᠶ᠋ᠢᠵᠢᠷᠠᠭᠤᠯᠬᠤ ᠬᠠᠷᠠᠯᠳᠠ ᠵᠢ ᠬᠤᠭᠤᠴᠠᠭ᠎ᠠ ᠶᠤᠰᠤᠭ᠋ᠠᠷ ᠪᠡᠶᠡᠯᠡᠬᠦᠯᠦᠭᠰᠡᠨ ᠡᠰᠡᠬᠦ᠂ ᠭᠤᠤᠯ ᠮᠦᠷᠡᠨ᠎ᠤ ᠳᠠᠷᠤᠭ᠎ᠠ ᠨᠠᠭᠤᠷ ᠪᠦᠷᠢᠳᠦ ᠵᠢᠨ ᠳᠠᠷᠤᠭ᠎ᠠ ᠵᠢᠨ ᠲᠦᠷᠢᠮ᠂ ᠤᠰᠤᠨ᠎ᠤ ᠪᠤᠬᠢᠷᠳᠤᠯ ᠪᠤᠳᠠᠰ᠎ᠢ ᠭᠠᠳᠠᠭᠰᠢᠯᠠᠭᠤᠯᠬᠤ ᠶᠡᠷᠦᠩᠭᠡᠢ ᠭᠡᠮᠵᠢᠶ᠎ᠠ ᠵᠢ ᠡᠵᠡᠮᠳᠡᠬᠦ᠂ ᠪᠤᠬᠢᠷᠳᠤᠯ ᠪᠤᠳᠠᠰ ᠭᠠᠳᠠᠭᠰᠢᠯᠠᠭᠤᠯᠬᠤ ᠵᠦᠪᠰᠢᠶᠡᠷᠡᠯ᠂ ᠤᠷᠴᠢᠨ ᠲᠤᠭᠤᠷᠢᠨ᠎ᠤ ᠬᠢᠨᠡᠨ ᠭᠡᠮᠵᠢᠯᠳᠠ᠂ ᠠᠮᠢ ᠠᠬᠤᠢ ᠵᠢᠨ ᠨᠦᠬᠦᠪᠦᠷᠢ ᠵᠢᠨ ᠲᠤᠭᠳᠠᠴᠠ ᠵᠢᠴᠢ ᠤᠰᠤ ᠤᠮᠳᠠ ᠵᠢᠨ ᠡᠬᠢ ᠭᠠᠵᠠᠷ᠎ᠤᠨ ᠬᠠᠮᠠᠭ᠋ᠠᠯᠠᠯᠳᠠ ᠪᠠ ᠤᠰᠤ ᠤᠮᠳᠠ ᠵᠢᠨ ᠠᠮᠤᠷ ᠲᠦᠪᠰᠢᠨ᠎ᠢ ᠪᠠᠳᠤᠯᠠᠬᠤ ᠪᠦᠬᠦ ᠶᠠᠪᠤᠴᠠ ᠵᠢ ᠬᠢᠨᠠᠨ ᠬᠠᠮᠢᠶᠠᠷᠬᠤ ᠵᠡᠷᠭᠡ ᠭᠤᠤᠯ ᠪᠤᠯᠬᠤ ᠬᠠᠤᠯᠢ ᠴᠠᠭ᠋ᠠᠵᠠ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠢᠴᠢ ᠤᠷᠤᠰᠢᠵᠦ ᠪᠠᠶ᠋ᠢᠭ᠎ᠠ ᠭᠤᠤᠯ ᠠᠰᠠᠭᠤᠳᠠᠯ᠎ᠢ ᠪᠠᠭᠳᠠᠭ᠋ᠠᠨ᠎ᠠ᠃
     (ᠬᠤᠶᠠᠷ) ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠄ ᠤᠰᠤᠨ᠎ᠤ ᠤᠷᠴᠢᠨ ᠲᠤᠭᠤᠷᠢᠨ᠎ᠢ ᠬᠠᠮᠠᠭ᠋ᠠᠯᠠᠬᠤ ᠬᠠᠷᠠᠯᠳᠠ ᠬᠠᠷᠢᠭᠤᠴᠠᠯᠭ᠎ᠠ ᠵᠢᠨ ᠲᠦᠷᠢᠮ ᠵᠢᠴᠢ ᠰᠢᠯᠭ᠋ᠠᠨ ᠦᠨᠡᠯᠡᠬᠦ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠵᠠᠰᠠᠭ᠎ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠤᠰᠤᠨ᠎ᠤ ᠪᠤᠬᠢᠷᠳᠤᠯ᠎ᠢ ᠰᠡᠷᠭᠡᠶ᠋ᠢᠯᠡᠨ ᠵᠠᠰᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠠᠵᠤ ᠠᠬᠤᠢ᠌ᠢ᠍ᠯᠠᠯ᠎ᠤᠨ ᠭᠤᠤᠯ ᠴᠤᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠤᠷᠴᠢᠨ ᠲᠤᠭᠤᠷᠢᠨ᠎ᠤ ᠬᠠᠤᠯᠢ ᠭᠡᠷᠡᠭᠵᠢᠬᠦᠯᠦᠯᠳᠠ ᠪᠠ ᠬᠠᠤᠯᠢ ᠴᠠᠭ᠋ᠠᠵᠠ ᠵᠢᠨ ᠪᠠᠳᠤᠯᠠᠭ᠎ᠠ ᠵᠢᠨ ᠪᠠᠶ᠋ᠢᠳᠠᠯ᠃
     (ᠭᠤᠷᠪᠡ) ᠤᠰᠤᠨ ᠤᠷᠴᠢᠨ᠎ᠤ ᠲᠤᠪᠤᠶ᠋ᠢᠮ᠎ᠡ ᠠᠰᠠᠭᠤᠳᠠᠯ᠎ᠤᠨ ᠵᠠᠰᠠᠯᠳᠠ ᠵᠢᠨ ᠪᠠᠶ᠋ᠢᠳᠠᠯ᠄
     1. ᠤᠰᠤ ᠤᠮᠳᠠ ᠵᠢᠨ ᠡᠬᠢ ᠰᠤᠷᠪᠤᠯᠵᠢ ᠵᠢᠨ ᠬᠠᠮᠠᠭ᠋ᠠᠯᠠᠯᠳᠠ ᠵᠢᠨ ᠤᠷᠤᠨ᠎ᠤ ᠵᠠᠭ᠋ᠠᠭ᠎ᠤᠨ ᠲᠠᠮᠳᠡᠭ ᠪᠠᠶ᠋ᠢᠭᠤᠯᠬᠤ᠂ ᠬᠠᠮᠠᠭ᠋ᠠᠯᠠᠯᠳᠠ ᠵᠢᠨ ᠤᠷᠤᠨ᠎ᠤ ᠲᠤᠳᠤᠭ᠋ᠠᠳᠤᠬᠢ ᠤᠷᠴᠢᠨ ᠲᠤᠭᠤᠷᠢᠨ᠎ᠤ ᠬᠠᠤᠯᠢ᠎ᠠᠴᠠ ᠵᠦᠷᠢᠴᠡᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠬᠰᠡᠨ ᠪᠠᠶ᠋ᠢᠳᠠᠯ;
     2. ᠠᠵᠤ ᠠᠬᠤᠢ᠌ᠯᠡᠯ᠎ᠤᠨ ᠲᠦᠷᠢᠮ᠎ᠠᠴᠠ ᠵᠦᠷᠢᠴᠡᠵᠤ ᠭᠠᠵᠠᠷ ᠲᠤᠤᠷᠠᠬᠢ ᠤᠰᠤ ᠵᠢ ᠭᠡᠳᠦᠷᠡᠳᠡᠯ᠎ᠡ ᠲᠠᠳᠠᠬᠰᠡᠨ᠎ᠢ ᠴᠡᠭᠴᠡᠯᠡᠨ ᠰᠠᠶ᠋ᠢᠵᠢᠷᠠᠭᠤᠯᠤᠬᠰᠡᠨ ᠪᠠᠶ᠋ᠢᠳᠠᠯ;
     3. ᠬᠤᠳᠠ ᠵᠢᠨ ᠪᠤᠬᠢᠷ ᠦᠮᠡᠭᠡᠢ ᠤᠰᠤᠨ ᠴᠤᠬ᠍ᠴᠠ ᠵᠢ ᠴᠡᠭᠴᠡᠯᠡᠨ ᠰᠠᠶ᠋ᠢᠵᠢᠷᠠᠭᠤᠯᠤᠬᠰᠡᠨ ᠪᠠᠶ᠋ᠢᠳᠠᠯ;
     4. ᠬᠤᠳᠠ ᠪᠠᠯᠭ᠋ᠠᠰᠤᠨ᠎ᠤ ᠪᠤᠬᠢᠷ ᠤᠰᠤ ᠰᠢᠢ᠍ᠳᠪᠤᠷᠢᠯᠡᠬᠦ ᠦᠢ᠍ᠯᠡᠳᠪᠤᠷᠢ ᠵᠢᠨ ᠴᠤᠬᠯᠠᠭᠤᠯᠤᠯᠳᠠ ᠵᠢᠨ ᠨᠤᠷᠮ᠎ᠡ᠂ ᠲᠠᠭ᠋ᠠᠭ᠋ᠠᠴᠠ᠎ᠠᠴᠠ ᠭᠡᠳᠦᠷᠡᠭᠰᠡᠨ ᠨᠤᠷᠮ᠎ᠡ᠂ ᠰᠢᠢ᠍ᠳᠪᠤᠷᠢᠯᠡᠭᠰᠡᠨ ᠨᠤᠷᠮ᠎ᠡ ᠲᠤᠤᠷ᠎ᠡ ᠵᠢᠴᠢ ᠰᠢᠭᠤᠳ ᠭᠠᠳᠠᠬᠰᠢᠯᠠᠭᠤᠯᠤᠬᠰᠡᠨ᠂ ᠪᠠᠷᠢᠮᠵᠢᠶ᠎ᠡ᠎ᠠᠴᠠ ᠭᠡᠳᠦᠷᠠᠳᠠᠯ᠎ᠡ ᠭᠠᠳᠠᠬᠰᠢᠯᠠᠭᠤᠯᠤᠬᠰᠡᠨ ᠵᠡᠷᠭᠡ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠬᠰᠡᠨ ᠪᠠᠶ᠋ᠢᠳᠠᠯ;
     5. ᠬᠦᠳᠡᠭᠡ ᠲᠤᠰᠬᠤᠨ᠎ᠤ ᠪᠤᠬᠢᠷ ᠤᠰᠤ᠂ ᠬᠤᠭ ᠨᠤᠪᠰᠢ ᠵᠢ ᠰᠢᠢ᠍ᠳᠪᠤᠷᠢᠯᠡᠬᠦ ᠲᠦᠬᠦᠭᠡᠷᠤᠮᠵᠢ ᠵᠢ ᠪᠦᠳᠦᠭᠡᠨ ᠪᠠᠶ᠋ᠢᠭᠤᠯᠵᠤ ᠭᠡᠷᠡᠭᠵᠢᠬᠦᠯᠦᠭᠰᠡᠨ ᠪᠠᠶ᠋ᠢᠳᠠᠯ᠂ ᠲᠡᠷᠢᠶᠠᠯᠠᠩ᠎ᠤᠨ ᠪᠤᠬᠢᠷᠳᠤᠬᠰᠠᠨ ᠭᠠᠵᠠᠷ᠎ᠢ ᠴᠡᠭᠴᠡᠯᠡᠨ ᠰᠠᠶ᠋ᠢᠵᠢᠷᠠᠭᠤᠯᠤᠬᠰᠡᠨ ᠪᠠᠶ᠋ᠢᠳᠠᠯ;
     6. ᠠᠵᠤ ᠦᠢ᠍ᠯᠡᠳᠪᠤᠷᠢ ᠠᠵᠤ ᠠᠬᠤᠢ᠌ᠯᠡᠯ᠂ ᠨᠡᠭᠡᠭᠡᠯᠳᠠ ᠵᠢᠨ ᠤᠷᠤᠨ᠂ ᠠᠵᠤ ᠦᠢ᠍ᠯᠡᠳᠪᠤᠷᠢ ᠵᠢᠨ ᠬᠦᠷᠢᠶᠠᠯᠠᠩ ᠲᠤᠭᠤᠷᠢᠭ᠎ᠤᠨ ᠬᠠᠶᠠᠬᠳᠠᠮᠠᠯ ᠤᠰᠤ ᠵᠢ ᠰᠢᠢ᠍ᠳᠪᠤᠷᠢᠯᠡᠬᠦ ᠲᠦᠬᠦᠭᠡᠷᠤᠮᠵᠢ ᠵᠢᠨ ᠪᠦᠳᠦᠭᠡᠨ ᠪᠠᠶ᠋ᠢᠭᠤᠯᠤᠯᠳᠠ ᠵᠢᠴᠢ ᠪᠤᠬᠢᠷ ᠤᠰᠤ ᠵᠢ ᠪᠠᠷᠢᠮᠵᠢᠶ᠎ᠡ᠎ᠳᠤ ᠬᠦᠷᠭᠡᠨ ᠭᠠᠳᠠᠬᠰᠢᠯᠠᠭᠤᠯᠬᠤ᠂ ᠲᠤᠮᠳᠠ ᠤᠰᠤ ᠵᠢ ᠲᠠᠬᠢᠨ ᠭᠡᠷᠡᠭᠯᠡᠭᠰᠡᠨ ᠪᠠᠶ᠋ᠢᠳᠠᠯ;
     7. ᠦᠪᠡᠷᠳᠡᠭᠡᠨ ᠵᠠᠰᠠᠬᠤ ᠤᠷᠤᠨ᠎ᠤ ᠬᠢᠯᠢ᠎ᠳᠠᠬᠢ ᠬᠠᠳᠤᠨ ᠭᠤᠤᠯ᠂ ᠯᠢᠶᠤᠤᠾᠧ ᠭᠤᠤᠯ᠂ ᠰᠤᠩᠭ᠋ᠠᠷᠢ ᠮᠦᠷᠡᠨ᠂ ᠬᠠᠶ᠋ᠢᠾᠧ ᠭᠤᠤᠯ ᠵᠡᠷᠭᠡ ᠭᠤᠤᠯᠳᠠᠯᠭ᠎ᠠ᠎ᠲᠠᠢ ᠰᠠᠪᠠ ᠭᠠᠵᠠᠷ᠎ᠤᠨ ᠪᠤᠬᠢᠷᠳᠤᠯ᠎ᠢ ᠰᠡᠷᠭᠡᠶ᠋ᠢᠯᠡᠨ ᠵᠠᠰᠠᠬᠰᠡᠨ ᠪᠠᠶ᠋ᠢᠳᠠᠯ;
     8. 《ᠬᠦᠯᠦᠨ ᠨᠠᠭᠤᠷ᠂ ᠲᠠᠭ᠎ᠠ ᠵᠢᠨ ᠨᠠᠭᠤᠷ᠂ ᠤᠯᠠᠭ᠋ᠠᠨᠰᠤᠬᠠᠢ》 ᠵᠢᠨ ᠠᠮᠢ ᠠᠬᠤᠢ ᠤᠷᠴᠢᠨ ᠲᠤᠭᠤᠷᠢᠨ᠎ᠤ ᠶᠡᠷᠤᠩᠭᠡᠶ᠋ᠢᠯᠡᠭᠰᠡᠨ ᠵᠠᠰᠠᠯᠳᠠ ᠵᠢᠨ ᠭᠤᠤᠯᠳᠠᠯᠭ᠋ᠠᠳᠤ ᠲᠦᠷᠦᠯ ᠵᠦᠢ᠍ᠯ᠎ᠤᠨ ᠠᠬᠢᠴᠠ ᠵᠢᠨ ᠪᠠᠶ᠋ᠢᠳᠠᠯ;
      ᠬᠠᠤᠯᠢ ᠬᠡᠷᠡᠭᠵᠢᠬᠦᠯᠥᠯᠲᠡ ᠵᠢᠨ ᠪᠠᠶ᠋ᠢᠴᠠᠭ᠋ᠠᠯᠳᠠ ᠵᠢᠨ ᠬᠤᠭᠤᠴᠠᠭ᠋ᠠᠨ᠎ᠳᠤ᠂ ᠨᠡᠶ᠋ᠢᠭᠡᠮ᠎ᠤᠨ ᠡᠯ᠎ᠡ ᠡᠳᠡᠭᠡᠳ᠎ᠤᠨ᠎ᠬᠢᠨ᠎ᠤ ᠮᠠᠨ᠎ᠤ ᠤᠷᠤᠨ᠎ᠤ 《ᠪᠦᠭᠦᠳᠠ ᠨᠠᠶ᠋ᠢᠷᠠᠮᠳᠠᠬᠤ ᠲᠤᠮᠳᠠᠳᠤ ᠠᠷᠠᠳ ᠤᠯᠤᠰ᠎ᠤᠨ ᠪᠤᠬᠢᠷᠳᠤᠯ᠎ᠢ ᠰᠡᠷᠭᠡᠶ᠋ᠢᠯᠡᠨ ᠵᠠᠰᠠᠬᠤ ᠬᠠᠤᠯᠢ》 ᠵᠢ ᠲᠤᠭᠤᠰᠢᠯᠠᠭᠤᠯᠤᠨ ᠭᠡᠷᠡᠭᠵᠢᠬᠦᠯᠦᠭᠰᠡᠨ ᠪᠠᠶ᠋ᠢᠳᠠᠯ᠎ᠳᠤ ᠰᠠᠨᠠᠯ ᠰᠠᠨᠠᠭᠤᠯᠭ᠎ᠠ ᠲᠤᠷᠠᠳᠴᠤ᠂ ᠦᠪᠡᠷᠳᠡᠭᠡᠨ ᠵᠠᠰᠠᠬᠤ ᠤᠷᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠡᠭᠭᠤ ᠵᠢᠨ ᠬᠤᠷᠢᠶᠠᠨ᠎ᠤ ᠤᠷᠴᠢᠨ ᠲᠤᠭᠤᠷᠢᠨ᠎ᠤ ᠡᠬᠢ ᠪᠠᠶᠠᠯᠢᠭ᠎ᠤᠨ ᠬᠤᠳᠠ ᠬᠦᠳᠡᠭᠡ ᠵᠢᠨ ᠪᠦᠳᠦᠭᠡᠨ ᠪᠠᠶ᠋ᠢᠭᠤᠯᠤᠯᠳᠠ ᠵᠢᠨ ᠠᠵᠢᠯ᠎ᠤᠨ ᠵᠦᠪᠯᠡᠯ᠎ᠤᠨ ᠠᠯᠪᠡᠨ ᠭᠡᠷ᠎ᠲᠤ ᠬᠠᠷᠢᠭᠤ ᠲᠤᠰᠬᠠᠬᠤ ᠵᠢ ᠬᠦᠰᠡᠵᠦ ᠪᠠᠶ᠋ᠢᠨ᠎ᠡ᠃
      ᠬᠠᠷᠢᠯᠴᠠᠬᠤ ᠬᠦᠮᠦᠨ᠄ ᠭᠤᠤ ᠯᠢᠨ
      ᠬᠠᠷᠢᠯᠴᠠᠬᠤ ᠤᠳᠠᠰᠤ᠄ 0471 — 6600536 (ᠹᠠᠺᠰ)
      ᠢᠮᠧᠯ᠄
rdgaolin@163.com
      ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠡᠭᠭᠤ ᠵᠢᠨ ᠬᠤᠷᠢᠶ᠎ᠡ ᠵᠢᠨ ᠤᠰᠤᠨ᠎ᠤ ᠪᠤᠬᠢᠷᠳᠤᠯ᠎ᠢ ᠰᠡᠷᠭᠡᠶ᠋ᠢᠯᠡᠨ ᠵᠠᠰᠠᠬᠤ ᠬᠠᠤᠯᠢ ᠵᠢᠨ ᠬᠠᠤᠯᠢ ᠬᠡᠷᠡᠭᠵᠢᠬᠦᠯᠥᠯᠲᠡ ᠵᠢ ᠪᠠᠶ᠋ᠢᠴᠠᠭ᠋ᠠᠬᠤ ᠲᠤᠭᠤᠢ᠌ᠯᠠᠩ (  ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ)





ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠤᠪᠤᠷ ᠴᠤᠬᠠᠭ ᠤᠢ ᠮᠣᠳᠣ ᠪᠤᠶᠤ ᠤᠢ ᠲᠤᠳᠤᠷᠠᠬᠢ ᠵᠡᠷᠯᠢᠭ ᠤᠷᠭᠤᠮᠠᠯ᠂ ᠡᠮ᠎ᠤᠨ ᠮᠠᠲ᠋ᠧᠷᠢᠶᠠᠯ᠎ᠢ ᠳᠤᠷ᠎ᠠ᠎ᠪᠠᠷ ᠵᠶ᠋ᠠᠨ ᠲᠡᠭᠦᠵᠦ ᠴᠤᠭᠯᠠᠭᠤᠯᠤᠭᠰᠠᠨ᠎ᠢ ᠰᠢᠳᠬᠡᠬᠦ
ᠣᠶ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ ᠬᠤᠷᠢᠶᠠᠬᠤ
ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠠᠭ᠋ᠠᠯᠠᠯᠲᠠ ᠬᠠᠮᠢᠶᠠᠷᠤᠯᠲᠠ ᠵᠢᠨ ᠰᠦᠢ᠍ᠳᠬᠡᠯ ᠬᠤᠷᠢᠶᠠᠬᠤ
ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠠᠩ᠎ᠤᠨ ᠬᠣᠷᠢᠭ᠋ᠠᠲᠤ ᠣᠷᠣᠨ᠎ᠳᠠᠬᠢ ᠤᠯᠤᠰ᠎ᠤᠨ ᠪᠤᠶᠤ ᠣᠷᠣᠨ ᠨᠤᠲᠤᠭ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ᠎ᠢ ᠡᠪᠳᠡᠭᠰᠡᠨ ᠪᠠᠢ᠌ᠳᠠᠯ᠎ᠢ ᠰᠡᠷᠬᠦᠭᠡᠬᠦ
ᠬᠣᠪᠣᠷ ᠴᠤᠬᠠᠭ ᠤᠢ ᠮᠣᠳᠣ ᠵᠢ ᠬᠠᠤᠯᠢ ᠪᠤᠰᠤ᠎ᠪᠠᠷ ᠠᠷᠠᠯᠵᠢᠶᠠᠯᠠᠬᠤ᠂ ᠬᠤᠳᠠᠯᠳᠤᠨ ᠣᠷᠣᠭᠤᠯᠬᠤ᠂ ᠪᠤᠯᠪᠠᠰᠤᠷᠠᠭᠤᠯᠬᠤ ᠵᠢ ᠰᠢᠳᠬᠡᠬᠦ
 
             蒙ICP备05000248号