ᠡᠷᠬᠡ ᠵᠢᠨ ᠨᠡᠷᠡᠶ᠋ᠢᠳᠦᠯ᠄ ᠬᠤᠪᠤᠷ ᠴᠤᠬᠠᠭ ᠤᠢ ᠮᠣᠳᠣ ᠪᠤᠶᠤ ᠤᠢ ᠲᠤᠳᠤᠷᠠᠬᠢ ᠵᠡᠷᠯᠢᠭ ᠤᠷᠭᠤᠮᠠᠯ᠂ ᠡᠮ᠎ᠤᠨ ᠮᠠᠲ᠋ᠧᠷᠢᠶᠠᠯ᠎ᠢ ᠳᠤᠷ᠎ᠠ᠎ᠪᠠᠷ ᠵᠶ᠋ᠠᠨ ᠲᠡᠭᠦᠵᠦ ᠴᠤᠭᠯᠠᠭᠤᠯᠤᠭᠰᠠᠨ᠎ᠢ ᠰᠢᠳᠬᠡᠬᠦ
ᠡᠷᠬᠡ ᠵᠢᠨ ᠲᠥᠷᠥᠯ ᠠᠩᠬᠢᠯᠠᠯ᠄ ᠵᠠᠰᠠᠭ ᠵᠠᠬᠢᠷᠭ᠋ᠠᠨ᠎ᠤ ᠰᠢᠳᠬᠡᠯᠲᠡ
ᠬᠠᠷᠢᠭᠤᠴᠠᠯᠭ᠎ᠠ ᠵᠢᠨ ᠭᠣᠣᠯ ᠴᠣᠭᠴᠠ᠄
ᠲᠤᠭᠳᠠᠭ᠋ᠠᠭᠰᠠᠨ ᠦᠨᠳᠦᠰᠦᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠪᠣᠷ ᠴᠤᠬᠠᠭ ᠤᠢ ᠮᠣᠳᠣ ᠵᠢ ᠬᠠᠮᠠᠭ᠋ᠠᠯᠠᠬᠤ ᠳᠦᠷᠢᠮ》᠎ᠤᠨ ᠠᠷᠪᠠ ᠶᠢᠰᠦᠳᠦᠭᠡᠷ ᠵᠤᠷᠪᠤᠰ᠄ ᠲᠡᠬᠦᠨ ᠴᠤᠭᠯᠠᠭᠤᠯᠬᠤ ᠦᠨᠡᠮᠯᠡᠯ ᠠᠪᠤᠭᠰᠠᠨ ᠦᠭᠡᠢ ᠪᠤᠶᠤ ᠴᠤᠭᠯᠠᠭᠤᠯᠬᠤ ᠦᠨᠡᠮᠯᠡᠯ᠎ᠤᠨ ᠲᠣᠭᠲᠠᠭ᠋ᠠᠯ᠎ᠢ ᠵᠦᠷᠢᠴᠡᠨ ᠬᠡᠭᠡᠷ᠎ᠡ ᠵᠢᠨ ᠬᠣᠪᠣᠷ ᠴᠤᠬᠠᠭ ᠤᠢ ᠮᠣᠳᠣ ᠵᠢ ᠴᠤᠭᠯᠠᠭᠤᠯᠤᠭᠰᠠᠨ ᠪᠠᠢ᠌ᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠡᠬᠦᠨ ᠴᠤᠭᠯᠠᠭᠤᠯᠤᠭᠰᠠᠨ ᠬᠣᠪᠣᠷ ᠴᠤᠬᠠᠭ ᠤᠢ ᠮᠣᠳᠣ ᠪᠠ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ ᠬᠤᠷᠢᠶᠠᠨ ᠠᠪᠤᠨ᠎ᠠ᠃ ᠬᠠᠤᠯᠢ ᠪᠤᠰᠤ᠎ᠪᠠᠷ ᠲᠡᠬᠦᠬᠦᠨ ᠴᠤᠭᠯᠠᠭᠤᠯᠤᠭᠰᠠᠨ ᠬᠣᠪᠣᠷ ᠴᠤᠬᠠᠭ ᠮᠣᠳᠣᠨ᠎ᠤ ᠲᠤᠭ᠎ᠠ ᠵᠢᠨ ᠲᠠᠪᠤ᠎ᠠᠴᠠ ᠠᠷᠪᠠᠨ ᠲᠡᠬᠢᠠ ᠵᠶ᠋ᠡᠷ ᠨᠦᠬᠦᠨ ᠲᠠᠷᠢᠭᠤᠯᠵᠦ᠂ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠨ ᠬᠢᠨᠢ ᠬᠣᠶᠠᠷ᠎ᠠᠴᠠ ᠠᠷᠪᠠᠨ ᠲᠡᠬᠢᠠ ᠵᠣᠭᠣᠰ ᠵᠶ᠋ᠠᠷ ᠲᠤᠷᠭ᠋ᠠᠨ᠎ᠠ; ᠲᠡᠬᠦᠵᠦ ᠴᠤᠭᠯᠠᠭᠤᠯᠬᠤ ᠦᠨᠡᠮᠯᠡᠯ ᠲᠠᠢ ᠪᠤᠯ᠂ ᠲᠡᠬᠦᠵᠦ ᠴᠤᠭᠯᠠᠭᠤᠯᠬᠤ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃ ᠲᠡᠬᠦᠵᠦ ᠴᠤᠭᠯᠠᠭᠤᠯᠬᠤ ᠦᠨᠡᠮᠯᠡᠯ ᠦᠭᠡᠢ ᠪᠤᠶᠤ ᠲᠡᠬᠦᠵᠦ ᠴᠤᠭᠯᠠᠭᠤᠯᠬᠤ ᠦᠨᠡᠮᠯᠡᠯ᠎ᠤᠨ ᠲᠤᠭᠳᠠᠭ᠋ᠠᠯ᠎ᠠᠴᠠ ᠵᠦᠷᠢᠴᠡᠨ ᠬᠡᠭᠡᠷ᠎ᠡ ᠵᠢᠨ ᠬᠣᠪᠣᠷ ᠴᠤᠬᠠᠭ ᠤᠢ ᠮᠤᠳᠤ᠂ ᠤᠢ ᠲᠤᠳᠤᠷᠠᠬᠢ ᠵᠡᠷᠯᠢᠭ ᠤᠷᠭᠤᠮᠠᠯ ᠪᠠ ᠡᠮ᠎ᠤᠨ ᠮᠠᠲ᠋ᠧᠷᠢᠶᠠᠯ᠎ᠢ ᠴᠤᠭᠯᠠᠭᠤᠯᠤᠭᠰᠠᠨ ᠪᠠᠢ᠌ᠪᠠᠯ ᠦᠨᠡᠮᠯᠡᠯ᠎ᠳᠤ ᠲᠣᠭᠲᠠᠭ᠋ᠠᠭᠰᠠᠨ ᠶᠣᠰᠣᠭ᠋ᠠᠷ᠂ ᠬᠠᠦᠯᠢ᠎ᠠᠴᠠ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠬᠤ ᠵᠢᠨ ᠬᠠᠮᠳᠤ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ ᠵᠢᠨ ᠨᠢᠭᠡ᠎ᠠᠴᠠ ᠲᠠᠪᠤᠨ ᠳᠠᠬᠢᠨ ᠵᠣᠭᠣᠰ ᠵᠶ᠋ᠠᠷ ᠲᠤᠷᠭ᠋ᠠᠨ᠎ᠠ᠃
ᠬᠠᠷᠢᠭᠤᠴᠠᠯᠭ᠎ᠠ ᠵᠢᠨ ᠵᠦᠢ᠍ᠯᠡᠰ᠄
1. ᠬᠡᠷᠡᠭ ᠪᠣᠯᠭ᠋ᠠᠨ ᠳᠠᠩᠰᠠᠯᠠᠬᠤ ᠬᠠᠷᠢᠭᠤᠴᠠᠯᠭ᠎ᠠ᠄ ᠡᠷᠬᠡ ᠲᠤᠰᠢᠶᠠᠯ ᠵᠶ᠋ᠠᠨ ᠦᠨᠳᠦᠰᠦᠯᠡᠨ ᠣᠯᠵᠤ ᠮᠡᠳᠡᠭᠰᠡᠨ ᠪᠤᠶᠤ ᠢᠯᠡᠴᠢᠯᠡᠯᠲᠡ᠂ ᠵᠠᠭ᠋ᠠᠯᠳᠤᠯᠭ᠎ᠠ᠂ ᠰᠢᠯᠵᠢᠭᠦᠯᠦᠨ ᠬᠦᠷᠭᠡᠬᠦ᠂ ᠳᠡᠭᠡᠷ᠎ᠡ ᠱᠠᠲᠤᠨ᠎ᠳᠤ ᠲᠤᠰᠢᠶᠠᠨ ᠰᠢᠢᠳᠪᠦᠷᠢᠯᠡᠭᠦᠯᠦᠭᠰᠡᠨ᠂ ᠰᠠᠨᠠᠭ᠋ᠠᠴᠢᠯᠠᠭ᠎ᠠ᠎ᠠᠴᠠ᠎ᠪᠠᠨ ᠲᠤᠰᠢᠶᠠᠭᠰᠠᠨ ᠵᠡᠷᠭᠡ ᠤᠢ ᠰᠢᠭᠤᠶ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠠᠴᠠ ᠵᠦᠷᠢᠴᠡᠭᠰᠡᠨ ᠬᠠᠦᠯᠢ ᠪᠤᠰᠤ ᠦᠢ᠍ᠯᠡ ᠠᠵᠢᠯᠯᠠᠭ᠎ᠠ ᠵᠢ ᠬᠦᠯᠢᠶᠠᠨ ᠠᠪᠤᠭᠰᠠᠨ ᠪᠠᠢ᠌ᠪᠠᠯ᠂ ᠬᠢᠨᠠᠨ ᠪᠠᠢ᠌ᠴᠠᠭ᠋ᠠᠵᠦ᠂ ᠬᠡᠷᠡᠭ ᠪᠣᠯᠭ᠋ᠠᠨ ᠳᠠᠩᠰᠠᠯᠠᠬᠤ ᠡᠰᠡᠬᠦ᠎ᠪᠠᠨ ᠲᠤᠭᠳᠠᠭ᠋ᠠᠨ᠎ᠠ᠃ 2. ᠪᠠᠢ᠌ᠴᠠᠭ᠋ᠠᠬᠤ ᠬᠠᠷᠢᠭᠤᠴᠠᠯᠭ᠎ᠠ᠄ ᠬᠡᠷᠡᠭ ᠪᠣᠯᠭ᠋ᠠᠨ ᠳᠠᠩᠰᠠᠯᠠᠬᠤ ᠬᠡᠷᠡᠭ᠎ᠢ ᠲᠤᠰᠬᠠᠶ ᠬᠥᠮᠦᠨ ᠵᠶ᠋ᠠᠷ ᠬᠠᠷᠢᠭᠤᠴᠠᠭᠤᠯᠵᠦ᠂ ᠴᠠᠭ ᠲᠤᠬᠠᠶ᠎ᠳᠤᠨᠢ ᠵᠣᠬᠢᠶᠠᠨ ᠪᠠᠢ᠌ᠭᠤᠯᠵᠦ ᠪᠠᠶ᠋ᠢᠴᠠᠭ᠋ᠠᠨ ᠭᠡᠷᠡᠴᠢ ᠠᠪᠴᠤ᠂ ᠪᠠᠶ᠋ᠢᠴᠠᠭ᠋ᠠᠯᠲᠠ ᠬᠢᠬᠦ᠎ᠳᠡᠭᠡᠨ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠭᠠᠷᠭ᠋ᠠᠵᠤ ᠦᠵᠡᠬᠦᠯᠦᠨ᠂ ᠲᠤᠬᠠᠶ ᠵᠢᠨ ᠬᠥᠮᠦᠨ᠎ᠤ ᠵᠦᠪᠳᠡᠭᠡᠨ ᠲᠣᠭ᠋ᠠᠴᠢᠯᠲᠠ ᠵᠢ ᠰᠣᠨᠣᠰᠬᠤ ᠪᠥᠭᠡᠳ ᠲᠡᠮᠳᠡᠭᠯᠡᠯ ᠬᠢᠨ᠎ᠡ᠃ ᠬᠠᠤᠯᠢ ᠬᠡᠷᠡᠭᠵᠢᠭᠦᠯᠬᠦ ᠠᠵᠢᠯᠲᠠᠨ ᠬᠣᠯᠪᠣᠭᠳᠠᠯ ᠪᠦᠬᠦᠢ ᠨᠢᠭᠤᠴᠠ ᠵᠢ ᠬᠠᠮᠠᠭ᠋ᠠᠯᠠᠨ᠎ᠠ᠃ 3. ᠬᠢᠨᠠᠨ ᠪᠠᠢ᠌ᠴᠠᠭ᠋ᠠᠬᠤ ᠬᠠᠷᠢᠭᠤᠴᠠᠯᠭ᠎ᠠ᠄ ᠬᠡᠷᠡᠭ᠎ᠤᠨ ᠬᠠᠤᠯᠢ᠎ᠠᠴᠠ ᠵᠥᠷᠢᠴᠡᠭᠰᠡᠨ ᠪᠣᠳᠠᠲᠤ ᠪᠠᠢ᠌ᠳᠠᠯ᠂ ᠭᠡᠷᠡᠴᠢ ᠪᠠᠷᠢᠮᠲᠠ᠂ ᠪᠠᠶ᠋ᠢᠴᠠᠭ᠋ᠠᠯᠲᠠ ᠬᠢᠵᠦ ᠭᠡᠷᠡᠴᠢ ᠠᠪᠬᠤ ᠵᠢᠷᠤᠮ᠂ ᠬᠠᠤᠯᠢ ᠴᠠᠭ᠋ᠠᠵᠠ ᠵᠢᠨ ᠲᠤᠬᠢᠷᠠᠯᠲᠠ᠂ ᠰᠢᠳᠭᠡᠯ᠎ᠤᠨ ᠲᠥᠷᠥᠯ ᠵᠦᠢ᠍ᠯ ᠪᠤᠯᠤᠨ ᠦᠷᠭᠡᠴᠡ᠂ ᠲᠤᠬᠠᠶ ᠵᠢᠨ ᠬᠥᠮᠦᠨ᠎ᠤ ᠲᠣᠭ᠋ᠠᠴᠢᠯᠲᠠ ᠬᠢᠬᠦ ᠪᠠ ᠵᠥᠪᠲᠦᠭᠡᠨ ᠲᠣᠳᠣᠷᠬᠠᠶ᠋ᠢᠯᠠᠬᠤ ᠤᠴᠢᠷ ᠰᠢᠯᠲᠠᠭ᠋ᠠᠨ ᠵᠡᠷᠭᠡ ᠲᠠᠯ᠎ᠠ ᠵᠢ ᠬᠢᠨᠠᠨ ᠪᠠᠶ᠋ᠢᠴᠠᠭ᠋ᠠᠵᠤ᠂ ᠰᠢᠢᠳᠪᠦᠷᠢᠯᠡᠬᠦ ᠰᠠᠨᠠᠯ ᠵᠶ᠋ᠠᠨ ᠲᠤᠷᠠᠳᠤᠨ᠎ᠠ᠃ 4. ᠮᠡᠳᠡᠭᠳᠡᠬᠦ ᠬᠠᠷᠢᠭᠤᠴᠠᠯᠭ᠎ᠠ᠄ ᠵᠠᠰᠠᠭ ᠵᠠᠬᠢᠷᠭ᠋ᠠᠨ᠎ᠤ ᠰᠢᠳᠬᠡᠯ ᠥᠭᠬᠦ ᠲᠣᠭᠲᠠᠭ᠋ᠠᠯ ᠭᠠᠷᠭ᠋ᠠᠬᠤ᠎ᠠᠴᠠ ᠡᠮᠦᠨ᠎ᠡ᠂ ᠲᠤᠬᠠᠶ ᠵᠢᠨ ᠬᠥᠮᠦᠨ᠎ᠳᠤ ᠬᠠᠤᠯᠢ ᠵᠢ ᠵᠥᠷᠢᠴᠡᠭᠰᠡᠨ ᠪᠣᠳᠠᠲᠤ ᠬᠡᠷᠡᠭ᠂ ᠤᠴᠢᠷ ᠰᠢᠯᠲᠠᠭ᠋ᠠᠨ ᠪᠠ ᠦᠨᠳᠦᠰᠦ ᠪᠠᠷᠢᠮᠲᠠ ᠵᠢᠴᠢ ᠲᠣᠭ᠋ᠠᠴᠢᠯᠲᠠ ᠬᠢᠬᠦ ᠡᠷᠬᠡ ᠪᠠ ᠵᠥᠪᠲᠦᠭᠡᠨ ᠲᠣᠳᠣᠷᠬᠠᠶ᠋ᠢᠯᠠᠬᠤ ᠡᠷᠬᠡ ᠵᠢ ᠪᠢᠴᠢᠭ ᠵᠶ᠋ᠠᠷ ᠮᠡᠳᠡᠭᠳᠡᠨ᠎ᠡ᠃ ᠰᠠᠨᠠᠯ ᠰᠣᠨᠣᠰᠬᠤ ᠨᠥᠬᠥᠴᠡᠯ᠎ᠳᠤ ᠨᠡᠢ᠌ᠴᠡᠭᠰᠡᠳ᠎ᠲᠤ ᠲᠡᠭᠦᠨ᠎ᠤ ᠡᠳ᠋ᠯᠡᠬᠦ ᠬᠡᠷᠡᠴᠢᠯᠡᠬᠡ ᠰᠤᠨᠤᠰᠬᠤ ᠡᠷᠬᠡ ᠵᠢ ᠮᠡᠳᠡᠭᠳᠡᠬᠦ ᠬᠡᠷᠡᠭᠳᠡᠢ᠂ ᠭᠡᠷᠡᠴᠢᠯᠡᠭᠡ ᠰᠣᠨᠣᠰᠬᠤ᠎ᠪᠠᠷ ᠱᠠᠭ᠋ᠠᠷᠳᠠᠭᠰᠠᠳᠢ ᠲᠣᠭᠲᠠᠭ᠋ᠠᠯ ᠶᠣᠰᠣᠭ᠋ᠠᠷ ᠵᠣᠬᠢᠶᠠᠨ ᠪᠠᠶ᠋ᠢᠭᠤᠯᠵᠤ ᠭᠡᠷᠡᠴᠢᠯᠡᠭᠡ ᠰᠤᠨᠤᠰᠤᠭᠤᠯᠬᠤ ᠬᠡᠷᠡᠭᠲᠡᠶ᠃ 5. ᠰᠢᠢᠳᠪᠦᠷᠢᠲᠦ ᠪᠤᠳᠤᠯᠭ᠎ᠠ ᠲᠣᠭᠲᠠᠭ᠋ᠠᠬᠤ ᠬᠠᠷᠢᠭᠤᠴᠠᠯᠭ᠎ᠠ᠄ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠳᠬᠡᠯ ᠥᠭᠭᠦᠭᠰᠡᠨ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠲᠤ᠎ᠪᠠᠷ ᠶᠠᠷᠢᠯᠴᠠᠵᠤ᠂ ᠰᠢᠳᠬᠡᠨ ᠲᠣᠷᠭ᠋ᠠᠬᠤ ᠪᠣᠳᠠᠲᠠᠶ ᠠᠭᠤᠯᠭ᠎ᠠ ᠵᠢ ᠲᠤᠭᠳᠠᠭ᠋ᠠᠨ᠎ᠠ᠃ 6. ᠬᠠᠷᠢᠭᠤᠴᠠᠯᠭ᠎ᠠ ᠲᠣᠭᠲᠠᠭ᠋ᠠᠨ᠎ᠠ᠄ ᠵᠠᠰᠠᠭ ᠵᠠᠬᠢᠷᠭ᠋ᠠᠨ᠎ᠤ ᠰᠢᠳᠬᠡᠯ᠎ᠤᠨ ᠲᠣᠭᠲᠠᠭ᠋ᠠᠯ᠎ᠤᠨ ᠪᠢᠴᠢᠭ᠎ᠢ ᠵᠤᠬᠢᠶᠠᠵᠦ᠂ ᠵᠠᠰᠠᠭ ᠵᠠᠬᠢᠷᠭ᠋ᠠᠨ᠎ᠤ ᠰᠢᠳᠬᠡᠯ᠎ᠤᠨ ᠮᠡᠳᠡᠭᠳᠡᠯ᠂ ᠲᠤᠬᠠᠶ ᠵᠢᠨ ᠬᠥᠮᠦᠨ᠎ᠤ ᠲᠣᠭ᠋ᠠᠴᠢᠭᠰᠠᠨ ᠵᠥᠪᠲᠦᠭᠡᠨ ᠲᠤᠳᠤᠷᠬᠠᠢ᠌ᠯᠠᠯ ᠪᠤᠶᠤ ᠭᠡᠷᠡᠴᠢᠯᠡᠭᠡ ᠰᠤᠨᠤᠰᠤᠭᠰᠠᠨ ᠪᠠᠶ᠋ᠢᠳᠠᠯ ᠵᠡᠷᠭᠡ ᠠᠭᠤᠯᠭ᠎ᠠ ᠵᠢ ᠲᠣᠳᠣᠷᠬᠠᠶ ᠲᠡᠮᠳᠡᠭᠯᠡᠨ᠎ᠡ ᠃ 7. ᠬᠦᠷᠭᠡᠬᠦ ᠬᠠᠷᠢᠭᠤᠴᠠᠯᠭ᠎ᠠ᠄ ᠵᠠᠰᠠᠭ ᠵᠠᠬᠢᠷᠭ᠋ᠠᠨ᠎ᠤ ᠰᠢᠳᠬᠡᠯ᠎ᠤᠨ ᠲᠣᠭᠲᠠᠭ᠋ᠠᠯ᠎ᠤᠨ ᠪᠢᠴᠢᠭ᠎ᠢ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠠᠷᠭ᠎ᠠ ᠮᠠᠶᠢᠭ ᠵᠶ᠋ᠠᠷ ᠲᠤᠬᠠᠶ ᠵᠢᠨ ᠬᠥᠮᠦᠨ᠎ᠳᠤ ᠬᠦᠷᠭᠡᠨ᠎ᠡ᠃ 8. ᠭᠦᠢ᠍ᠴᠡᠳᠬᠡᠬᠦ ᠬᠠᠷᠢᠭᠤᠴᠠᠯᠭ᠎ᠠ᠄ ᠬᠦᠴᠦᠨ᠎ᠲᠠᠢ ᠪᠣᠯᠤᠭᠰᠠᠨ ᠵᠠᠰᠠᠭ ᠵᠠᠬᠢᠷᠭ᠋ᠠᠨ᠎ᠤ ᠰᠢᠳᠬᠡᠯ ᠥᠭᠬᠦ ᠲᠣᠭᠲᠠᠭ᠋ᠠᠯ᠎ᠤᠨ ᠶᠣᠰᠣᠭ᠋ᠠᠷ᠂ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠵᠢ ᠬᠦᠢ᠍ᠴᠡᠳᠬᠡᠵᠦ᠂ ᠬᠠᠤᠯᠢ᠎ᠠᠴᠠ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠬᠤ᠂ ᠵᠣᠭᠣᠰ ᠵᠶ᠋ᠠᠷ ᠲᠣᠷᠭ᠋ᠠᠬᠤ ᠵᠡᠷᠭᠡ ᠰᠢᠳᠬᠡᠯ ᠥᠭᠬᠦ ᠵᠦᠢ᠍ᠯᠡᠰ᠎ᠢ ᠲᠤᠳᠤᠷᠬᠠᠢ᠌ᠯᠠᠭᠰᠠᠨ ᠪᠠᠢ᠌ᠬᠤ ᠬᠡᠷᠡᠭᠳᠡᠢ᠃ 9. ᠪᠤᠰᠤᠳ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠥᠷᠢᠮ ᠲᠣᠭᠲᠠᠭ᠋ᠠᠯ᠎ᠤᠨ ᠭᠦᠢ᠍ᠴᠡᠳᠬᠡᠪᠡᠰᠦ ᠵᠣᠬᠢᠬᠤ ᠬᠠᠷᠢᠭᠤᠴᠠᠯᠭ᠎ᠠ᠃
ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠪᠠ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠤᠷᠭᠤᠮᠠᠯ᠎ᠢ ᠬᠠᠮᠠᠭ᠋ᠠᠯᠠᠬᠤ ᠬᠠᠤᠯᠢ》 ᠵᠢᠨ ᠬᠣᠷᠢ ᠶᠢᠰᠦᠳᠦᠭᠡᠷ ᠵᠤᠷᠪᠤᠰ ᠬᠡᠭᠡᠷ᠎ᠡ ᠵᠢᠨ ᠤᠷᠭᠤᠮᠠᠯ᠎ᠢ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠳᠡᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠵᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠠ; ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶ᠋ᠢᠪᠠᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠃
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ》 ᠵᠢᠨ ᠳᠥᠴᠢᠨ ᠵᠢᠷᠭᠤᠳᠤᠭ᠋ᠠᠷ ᠵᠤᠷᠪᠤᠰ ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠤᠢ ᠰᠢᠭᠤᠶ ᠵᠢ ᠬᠢᠨᠠᠨ ᠬᠠᠮᠢᠶᠠᠷᠬᠤ ᠠᠵᠢᠯ ᠬᠢᠵᠦ ᠪᠠᠶ᠋ᠢᠭ᠎ᠠ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠳᠡᠠ ᠪᠣᠯᠤᠨ ᠲᠦᠷᠦ ᠵᠢᠨ ᠪᠠᠢ᠌ᠭᠤᠯᠭ᠎ᠠ ᠵᠢᠨ ᠪᠤᠰᠤᠳ ᠬᠣᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠵᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠠ; ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶ᠋ᠢᠪᠠᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ ᠃