ᠡᠷᠬᠡ ᠵᠢᠨ ᠨᠡᠷᠡᠶ᠋ᠢᠳᠦᠯ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠠᠭ᠋ᠠᠯᠠᠯᠲᠠ ᠬᠠᠮᠢᠶᠠᠷᠤᠯᠲᠠ ᠵᠢᠨ ᠰᠦᠢ᠍ᠳᠬᠡᠯ ᠬᠤᠷᠢᠶᠠᠬᠤ
ᠡᠷᠬᠡ ᠵᠢᠨ ᠲᠥᠷᠥᠯ ᠠᠩᠬᠢᠯᠠᠯ ᠵᠠᠰᠠᠭ ᠵᠠᠬᠢᠷᠭ᠋ᠠᠨ᠎ᠤ ᠲᠠᠲᠠᠪᠤᠷᠢ
ᠬᠠᠷᠢᠭᠤᠴᠠᠯᠭ᠎ᠠ ᠵᠢᠨ ᠪᠡᠶᠡᠴᠢ ᠴᠣᠭᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠳᠤᠭ ᠪᠡᠯᠴᠢᠭᠡᠷ᠎ᠤᠨ ᠲᠤᠪᠴᠢᠶ᠎ᠠ
ᠲᠤᠭᠳᠠᠭ᠋ᠠᠭᠰᠠᠨ ᠦᠨᠳᠦᠰᠦᠯᠡᠯ 《ᠤᠢ ᠰᠢᠭᠤᠶ ᠬᠢᠭᠡᠳ ᠵᠡᠷᠯᠢᠭ ᠠᠮᠢᠲᠠᠳ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠠᠷᠭ᠎ᠠ》 ᠵᠢᠨ ᠠᠷᠪᠠᠨ ᠭᠤᠷᠪᠠᠳᠤᠭ᠋ᠠᠷ ᠵᠤᠷᠪᠤᠰ᠄ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠵᠢᠭ᠋ᠠᠨ ᠰᠤᠷᠭ᠋ᠠᠬᠤ ᠳᠠᠳᠤᠯᠭ᠎ᠠ᠂ ᠲᠣᠭᠣᠷᠢᠨ ᠦᠵᠡᠵᠦ ᠪᠠᠶ᠋ᠢᠴᠠᠭ᠋ᠠᠬᠤ᠂ ᠺᠢᠨᠤ᠋ ᠲᠸᠯᠸᠢᠰ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠡᠷᠬᠢᠯᠡᠵᠦ ᠪᠠᠶ᠋ᠢᠭ᠎ᠠ ᠨᠢᠭᠡᠴᠡ ᠪᠠ ᠬᠤᠪᠢ ᠬᠥᠮᠦᠨ ᠡᠷᠬᠡᠪᠰᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠠᠴᠠ ᠳᠡᠭᠡᠭᠰᠢᠬᠢ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠤᠯᠬᠤ ᠬᠡᠷᠡᠭᠲᠡᠶ᠃ ᠶᠠᠮᠠᠷᠪᠠ ᠰᠠᠯᠠᠭ᠎ᠠ ᠮᠥᠴᠢᠷ᠂ ᠪᠦᠯᠦᠭᠯᠡᠯ᠂ ᠨᠢᠭᠡᠴᠡ ᠪᠣᠯᠤᠨ ᠭᠠᠳᠠᠭ᠋ᠠᠳᠤ ᠤᠯᠤᠰ᠎ᠲᠠᠢ ᠲᠤᠭᠳᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠡᠯᠡᠯᠴᠡᠭᠡᠷ᠂ ᠭᠠᠳᠠᠭ᠋ᠠᠳᠤ ᠵᠢᠨ ᠬᠥᠮᠦᠨ᠎ᠢ ᠬᠦᠯᠢᠶᠠᠨ ᠠᠪᠴᠤ ᠤᠯᠤᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠬᠣᠯᠪᠣᠭᠳᠠᠯ ᠪᠦᠬᠦᠢ ᠠᠵᠢᠯᠯᠠᠭ᠎ᠠ ᠬᠢᠬᠦ᠎ᠳᠤ ᠡᠷᠬᠡᠪᠰᠢ ᠤᠢ ᠰᠢᠭᠤᠶ ᠵᠢᠨ ᠬᠡᠯᠳᠡᠰ᠎ᠤᠨ ᠵᠥᠪᠰᠢᠶᠡᠷᠡᠯ᠎ᠢ ᠤᠯᠬᠤ ᠬᠡᠷᠡᠭᠲᠡᠶ; ᠣᠷᠣᠨ ᠨᠤᠲᠤᠭ᠎ᠲᠤ ᠬᠣᠯᠪᠣᠭᠳᠠᠬᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠨᠢ ᠡᠷᠬᠡᠪᠰᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠤᠯᠬᠤ ᠬᠡᠷᠡᠭᠲᠡᠶ᠃ ᠵᠦᠪᠰᠢᠶᠡᠷᠡᠯ ᠵᠶ᠋ᠡᠷ ᠳᠠᠮᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠲᠡᠭᠡᠷ᠎ᠡ ᠳᠤᠷᠠᠳᠤᠭᠰᠠᠨ ᠠᠵᠢᠯᠯᠠᠭ᠎ᠠ ᠬᠢᠭᠰᠡᠨ ᠪᠠᠢ᠌ᠪᠠᠯ᠂ ᠡᠷᠬᠡᠪᠰᠢ ᠲᠤᠰ ᠠᠷᠭ᠎ᠠ ᠪᠠ ᠬᠣᠯᠪᠣᠭᠳᠠᠯ ᠪᠦᠬᠦᠢ ᠲᠣᠭᠲᠠᠭ᠋ᠠᠯ᠎ᠢ ᠵᠢᠷᠤᠮᠯᠠᠨ᠂ ᠪᠣᠭᠣᠮᠲᠠ ᠵᠢᠨ ᠬᠠᠮᠠᠭ᠋ᠠᠯᠠᠯᠲᠠ ᠬᠠᠮᠢᠶᠠᠷᠤᠯᠲᠠ ᠵᠢᠨ ᠰᠦᠢ᠍ᠳᠬᠡᠯ ᠲᠤᠰᠢᠶᠠᠬᠤ ᠬᠡᠷᠡᠭᠲᠡᠶ᠃
ᠬᠠᠷᠢᠭᠤᠴᠠᠯᠭ᠎ᠠ ᠵᠢᠨ ᠵᠦᠢ᠍ᠯᠡᠰ
1 ᠢᠯᠡ ᠨᠡᠶ᠋ᠢᠲᠡᠯᠡᠬᠦ ᠠᠯᠪᠠᠨ ᠵᠠᠷᠯᠠᠯ᠄ ᠬᠠᠤᠯᠢ ᠶᠣᠰᠣᠭ᠋ᠠᠷ ᠲᠤᠰᠢᠶᠠᠬᠤ ᠶᠣᠰᠣᠲᠠᠶ ᠮᠠᠲ᠋ᠧᠷᠢᠶᠠᠯ᠎ᠢ ᠵᠠᠷᠯᠠᠨ ᠨᠡᠢ᠌ᠳᠡᠯᠠᠵᠤ᠂ ᠮᠡᠳᠡᠭᠳᠡᠬᠦ ᠪᠢᠴᠢᠭ ᠮᠠᠲ᠋ᠧᠷᠢᠶᠠᠯ᠎ᠢ ᠨᠥᠬᠥᠪᠥᠷᠢᠯᠡᠵᠦ ᠵᠠᠯᠠᠷᠠᠭᠤᠯᠬᠤ᠂ ᠬᠠᠤᠯᠢ ᠶᠣᠰᠣᠭ᠋ᠠᠷ ᠬᠦᠯᠢᠶᠠᠨ ᠠᠪᠴᠤ ᠰᠢᠢᠳᠪᠦᠷᠢᠯᠡᠬᠦ ᠪᠤᠶᠤ ᠦᠯᠦ ᠬᠦᠯᠢᠶᠡᠨ ᠠᠪᠴᠤ ᠰᠢᠢᠳᠪᠦᠷᠢᠯᠡᠬᠦ (ᠬᠦᠯᠢᠶᠡᠨ ᠠᠪᠴᠤ ᠰᠢᠢᠳᠪᠦᠷᠢᠯᠡᠬᠦ ᠦᠭᠡᠢ ᠤᠴᠢᠷ ᠰᠢᠯᠲᠠᠭ᠋ᠠᠨ ᠵᠶ᠋ᠠᠨ ᠮᠡᠳᠡᠭᠳᠡᠬᠦ ᠬᠡᠷᠡᠭᠲᠡᠶ)᠎ᠪᠠᠨ ᠮᠡᠳᠡᠭᠳᠡᠬᠦ ᠬᠡᠷᠡᠭᠳᠡᠢ ᠃
2. ᠬᠢᠨᠠᠨ ᠪᠠᠢ᠌ᠴᠠᠭ᠋ᠠᠬᠤ ᠬᠠᠷᠢᠭᠤᠴᠠᠯᠭ᠎ᠠ᠄ ᠪᠢᠴᠢᠭ᠎ᠤᠨ ᠬᠢᠨᠠᠯᠳᠠ ᠬᠢᠵᠦ᠂ ᠪᠢᠴᠢᠭ᠎ᠤᠨ ᠬᠢᠨᠠᠯᠳᠠ ᠵᠢᠨ ᠨᠥᠬᠥᠴᠡᠯ᠎ᠳᠤ ᠨᠡᠶ᠋ᠢᠴᠡᠭᠰᠡᠨ ᠪᠠᠶ᠋ᠢᠪᠠᠯ᠂ ᠲᠤᠬᠠᠶ ᠵᠢᠨ ᠲᠠᠯᠠᠪᠤᠷ᠎ᠤᠨ ᠬᠢᠨᠠᠨ ᠪᠠᠢ᠌ᠴᠠᠭ᠋ᠠᠬᠤ ᠲᠤᠰᠬᠠᠶ ᠮᠡᠷᠭᠡᠵᠢᠯᠲᠡᠨ᠎ᠢ ᠲᠤᠭᠳᠠᠭ᠋ᠠᠵᠤ᠂ ᠲᠤᠬᠠᠶ ᠵᠢᠨ ᠭᠠᠵᠠᠷ᠎ᠲᠤ ᠬᠢᠨᠠᠨ ᠬᠠᠷᠭᠤᠭᠤᠯᠬᠤ ᠵᠢ ᠵᠤᠬᠢᠶᠠᠨ ᠪᠠᠢ᠌ᠭᠤᠯᠤᠨ᠎ᠠ᠃ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠤᠨ ᠳᠤᠷᠠᠳᠤᠭᠰᠠᠨ ᠬᠢᠨᠠᠨ ᠪᠠᠶ᠋ᠢᠴᠠᠭ᠋ᠠᠭᠰᠠᠨ ᠰᠠᠨᠠᠯ᠎ᠢ ᠬᠢᠨᠠᠨ ᠬᠠᠷᠭᠤᠭᠤᠯᠵᠦ᠂ ᠬᠢᠨᠠᠨ ᠬᠠᠷᠭᠤᠭᠤᠯᠤᠭᠰᠠᠨ ᠰᠠᠨᠠᠯ ᠵᠶ᠋ᠠᠨ ᠲᠤᠷᠠᠳᠬᠤ ᠵᠢᠨ ᠬᠠᠮᠳᠤ᠂ ᠰᠠᠯᠠᠭ᠎ᠠ ᠮᠥᠴᠢᠷ᠎ᠤᠨ ᠤᠳᠤᠷᠢᠳᠤᠯᠭ᠎ᠠ᠎ᠳᠤ ᠲᠤᠰᠢᠶᠠᠨ ᠲᠣᠭᠲᠠᠭ᠋ᠠᠨ᠎ᠠ᠃
3 . ᠬᠠᠷᠢᠭᠤᠴᠠᠯᠭ᠎ᠠ ᠲᠤᠭᠳᠠᠭ᠋ᠠᠬᠤ᠄ ᠵᠠᠰᠠᠭ ᠵᠠᠬᠢᠷᠭ᠋ᠠᠨ᠎ᠤ ᠵᠦᠪᠰᠢᠶᠡᠷᠡᠯ ᠪᠤᠶᠤ ᠦᠯᠦ ᠵᠦᠪᠰᠢᠶᠡᠷᠡᠬᠦ ᠲᠤᠭᠳᠠᠭ᠋ᠠᠯ (ᠦᠯᠦ ᠵᠥᠪᠰᠢᠶᠡᠷᠡᠬᠦ ᠤᠴᠢᠷ ᠰᠢᠯᠲᠠᠭ᠋ᠠᠨ ᠵᠶ᠋ᠠᠨ ᠮᠡᠳᠡᠭᠳᠡᠬᠦ ᠬᠡᠷᠡᠭᠲᠡᠶ᠃) ᠭᠠᠷᠭ᠋ᠠᠨ᠎ᠠ᠂ ᠭᠤᠶᠤᠴᠢᠯᠠᠭᠴᠢ᠂ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ᠎ᠤ ᠴᠢᠬᠤᠯᠠ ᠶᠡᠬᠡ ᠠᠰᠢᠭ ᠲᠤᠰᠠ᠎ᠳᠤ ᠬᠤᠯᠪᠤᠭᠳᠠᠭᠰᠠᠨ ᠪᠤᠶᠤ ᠬᠠᠤᠯᠢ ᠶᠣᠰᠣᠭ᠋ᠠᠷ ᠭᠡᠷᠡᠴᠢᠯᠡᠭᠡ ᠰᠤᠨᠤᠰᠤᠭᠴᠢᠳ᠎ᠲᠤ ᠲᠣᠭᠲᠠᠭ᠋ᠠᠯ ᠭᠠᠷᠭ᠋ᠠᠬᠤ᠎ᠠᠴᠠ᠎ᠪᠠᠨ ᠡᠮᠦᠨ᠎ᠡ ᠬᠠᠤᠯᠢ᠎ᠪᠠᠷ ᠲᠣᠭᠲᠠᠭ᠋ᠠᠭᠰᠠᠨ ᠬᠠᠷᠢᠭᠤᠴᠠᠯᠭ᠎ᠠ ᠵᠢ ᠮᠡᠳᠡᠭᠳᠡᠨ᠎ᠡ᠃
4. ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ᠄ ᠠᠵᠤ ᠠᠬᠤᠶ᠋ᠢᠯᠠᠯ᠎ᠤᠨ ᠦᠨᠡᠮᠯᠡᠯ ᠤᠯᠤᠭᠰᠠᠨ᠎ᠤ ᠳᠠᠷᠠᠭ᠋ᠠᠬᠢ ᠲᠤᠭᠳᠠᠮᠠᠯ ᠪᠤᠰᠤ ᠬᠤᠭᠤᠴᠠᠭ᠋ᠠᠳᠤ ᠪᠠᠶ᠋ᠢᠴᠠᠭ᠋ᠠᠯᠲᠠ ᠵᠢ ᠴᠢᠩᠭ᠋ᠠᠳᠬᠠᠵᠦ᠂ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠦᠨᠡᠮᠯᠡᠯ᠎ᠢ᠎ᠨᠢ ᠦᠷᠬᠦᠯᠵᠢᠯᠡᠬᠦᠯᠬᠦ᠂ ᠤᠰᠠᠳᠬᠠᠬᠤ᠂ ᠬᠦᠴᠦᠨ ᠦᠭᠡᠢ ᠪᠣᠯᠭ᠋ᠠᠬᠤ ᠵᠡᠷᠭᠡ ᠰᠢᠢᠳᠪᠦᠷᠢᠯᠡᠬᠦ ᠲᠣᠭᠲᠠᠭ᠋ᠠ᠊ ᠭᠠᠷᠭ᠋ᠠᠨ᠎ᠠ᠃
5 . ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠬᠠᠷᠢᠭᠤᠴᠠᠯᠭ᠎ᠠ ᠵᠢ ᠬᠦᠢ᠍ᠴᠡᠳᠬᠡᠨ᠎ᠡ᠃
ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ
1. 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ》 ᠵᠢᠨ ᠳᠥᠴᠢᠨ ᠵᠢᠷᠭᠤᠳᠤᠭ᠋ᠠᠷ ᠵᠤᠷᠪᠤᠰ ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠤᠢ ᠰᠢᠭᠤᠶ ᠵᠢ ᠬᠢᠨᠠᠨ ᠬᠠᠮᠢᠶᠠᠷᠬᠤ ᠠᠵᠢᠯ ᠬᠢᠵᠦ ᠪᠠᠶ᠋ᠢᠭ᠎ᠠ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠳᠡᠠ ᠪᠣᠯᠤ᠋ ᠲᠦᠷᠦ ᠵᠢᠨ ᠪᠠᠢ᠌ᠭᠤᠯᠬᠠ ᠵᠢᠨ ᠪᠤᠰᠤᠳ ᠬᠣᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠵᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶ᠋ᠢᠪᠠᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠃
2 . 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》 ᠵᠢᠨ ᠭᠤᠴᠢᠨ ᠨᠠᠢ᠍ᠮᠠᠳᠤᠭ᠋ᠠᠷ ᠵᠤᠷᠪᠤᠰ ᠬᠡᠭᠡᠷ᠎ᠡ ᠵᠢᠨ ᠠᠮᠢᠲᠠᠨ᠎ᠤ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠲᠠᠳ ᠡᠭᠦᠷᠭᠡ ᠲᠤᠰᠢᠶᠠᠯ᠎ᠳᠠᠭᠠᠨ ᠣᠰᠣᠯᠳᠠᠵᠤ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠬᠦ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ ᠪᠠᠶ᠋ᠢᠪᠠᠯ᠂ ᠲᠡᠭᠦᠨ᠎ᠤ ᠪᠠᠶ᠋ᠢᠭ᠎ᠠ ᠨᠢᠭᠡᠴᠢ ᠪᠤᠶᠤ ᠳᠡᠭᠡᠳᠦ ᠱᠠᠲᠤᠨ᠎ᠤ ᠡᠷᠬᠢᠯᠡᠨ ᠬᠠᠮᠢᠶᠠᠷᠬᠤ ᠪᠠᠶ᠋ᠢᠭᠤᠯᠭ᠎ᠠ᠎ᠠᠴᠠ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ; ᠤᠢ᠌ᠯᠠ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠵᠤ ᠶᠠᠯ᠎ᠠ ᠪᠤᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃