ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠣᠶ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ ᠬᠤᠷᠢᠶᠠᠬᠤ
ᠨᠡᠶ᠋ᠢᠲᠡᠯᠡᠭᠰᠡᠨ ᠴᠠᠭ᠄ 2020-04-16

      ᠡᠷᠬᠡ ᠵᠢᠨ ᠨᠡᠷᠡᠶ᠋ᠢᠳᠦᠯ   ᠣᠶ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ ᠬᠤᠷᠢᠶᠠᠬᠤ
      ᠡᠷᠬᠡ ᠵᠢᠨ ᠲᠥᠷᠥᠯ ᠠᠩᠬᠢᠯᠠᠯ     ᠵᠠᠰᠠᠭ ᠵᠠᠬᠢᠷᠭ᠋ᠠᠨ᠎ᠤ ᠲᠠᠲᠠᠪᠤᠷᠢ
      ᠬᠠᠷᠢᠭᠤᠴᠠᠯᠭ᠎ᠠ ᠵᠢᠨ ᠪᠡᠶᠡᠴᠢ ᠴᠣᠭᠴᠠ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠳᠤᠭ ᠪᠡᠯᠴᠢᠭᠡᠷ᠎ᠤᠨ ᠲᠤᠪᠴᠢᠶ᠎ᠠ
      ᠲᠤᠭᠳᠠᠭ᠋ᠠᠭᠰᠠᠨ ᠦᠨᠳᠦᠰᠦᠯᠡᠯ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ》 ᠵᠢᠨ ᠠᠷᠪᠠᠨ ᠨᠠᠢ᠍ᠮᠠᠳᠤᠭ᠋ᠠᠷ ᠵᠤᠷᠪᠤᠰ᠎ᠤᠨ ᠨᠢᠭᠡᠳᠦᠭᠡᠷ   ᠵᠦᠢ᠍ᠯ᠄ ᠬᠠᠶ᠋ᠢᠨ ᠪᠠᠶ᠋ᠢᠴᠠᠭ᠋ᠠᠬᠤ᠂ ᠠᠭᠤᠷᠬᠠᠶ ᠨᠡᠭᠡᠭᠡᠬᠦ ᠪᠠ ᠡᠯ᠎ᠡ ᠵᠦᠢ᠍ᠯ᠎ᠤᠨ ᠪᠦᠳᠦᠭᠡᠠ ᠪᠠᠶ᠋ᠢᠭᠤᠯᠤᠯᠲᠠ ᠵᠢᠨ ᠪᠠᠷᠢᠯᠭ᠎ᠠ ᠪᠠᠷᠢᠬᠤ᠎ᠳᠠᠭᠠᠨ ᠰᠢᠭᠤᠶ᠋ᠢᠲᠤ ᠭᠠᠵᠠᠷ᠎ᠢ ᠦᠯᠦ ᠡᠵᠡᠯᠡᠬᠦ ᠪᠤᠶᠤ ᠪᠠᠭ᠎ᠠ ᠡᠵᠡᠯᠡᠬᠦ ᠬᠡᠷᠡᠭᠲᠡᠶ; ᠭᠠᠵᠠᠷ᠎ᠢ ᠵᠠᠪᠠᠯ ᠡᠵᠡᠯᠡᠨ ᠬᠡᠷᠡᠭᠯᠡᠬᠦ ᠪᠤᠶᠤ ᠲᠠᠳᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠴᠢᠬᠤᠯᠠᠲᠠᠶ ᠪᠣᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠲᠣᠭᠲᠠᠭ᠋ᠠᠯᠭ᠋ᠠᠵᠤ ᠵᠥᠪᠰᠢᠶᠡᠷᠡᠭᠦᠯᠦᠭᠰᠡᠨ᠎ᠤ ᠳᠠᠷᠠᠭ᠎ᠠ᠂ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠶᠣᠰᠣᠭ᠋ᠠᠷ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ ᠬᠢᠬᠦ   ᠬᠡᠷᠡᠭᠳᠡᠢ ᠪᠥᠭᠡᠳ ᠭᠠᠵᠠᠷ ᠰᠢᠷᠣᠶ ᠬᠡᠷᠡᠭᠯᠡᠬᠦ ᠨᠢᠭᠡᠴᠡ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠰᠦᠢ᠍ᠳᠬᠡᠯ ᠲᠤᠰᠢᠶᠠᠨ᠎ᠠ᠃ ᠤᠢ ᠰᠢᠭᠤᠶ ᠵᠢᠨ ᠤᠷᠭᠤᠮᠠᠯ᠎ᠤᠨ   ᠬᠤᠴᠢᠯᠭ᠎ᠠ ᠵᠢ ᠰᠡᠷᠭᠦᠭᠡᠬᠦ ᠰᠦᠢ᠍ᠳᠬᠡᠯ᠎ᠤᠨ ᠲᠤᠰᠬᠠᠶ ᠵᠣᠭᠣᠰ᠎ᠢ ᠲᠤᠰᠬᠠᠶ ᠬᠡᠷᠡᠭᠯᠡᠵᠦ᠂ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠨᠢᠭᠡᠳᠦᠯᠲᠡᠶ ᠲᠣᠬᠢᠷᠠᠭᠤᠯᠤᠨ᠎ᠠ᠂ ᠮᠣᠳᠣ ᠲᠡᠷᠢᠵᠦ ᠣᠶ᠋ᠢᠵᠢᠭᠤᠯᠬᠤ᠂ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ᠂ ᠡᠵᠡᠯᠡᠨ ᠬᠡᠷᠡᠭᠯᠡᠬᠦ ᠮᠣᠳᠣ ᠲᠠᠷᠢᠵᠤ ᠣᠶ᠋ᠢᠵᠢᠭᠤᠯᠬᠤ ᠲᠠᠯᠠᠪᠠᠶ᠎ᠨᠢ ᠡᠵᠡᠯᠠᠨ ᠬᠡᠷᠡᠭᠯᠡᠬᠦ᠂ ᠲᠠᠳᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠴᠢᠬᠤᠯᠠᠳᠠᠢ ᠪᠤᠯᠵᠦ ᠬᠠᠰᠤᠭᠳᠠᠭᠰᠠᠨ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢᠨ ᠲᠡᠯᠡᠪᠡᠢ᠎ᠠᠴᠠ ᠪᠠᠭ᠎ᠠ ᠪᠠᠶ᠋ᠢᠵᠤ ᠪᠣᠯᠬᠤ ᠦᠭᠡᠢ᠃ ᠳᠡᠭᠡᠳᠦ ᠱᠠᠲᠤᠨ᠎ᠤ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠨᠢ ᠲᠤᠤᠷᠡᠳᠦ ᠱᠠᠲᠤᠨ᠎ᠤ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠮᠣᠳᠣ ᠲᠡᠷᠢᠵᠦ ᠣᠶ᠋ᠢᠵᠢᠭᠤᠯᠬᠤ ᠪᠠ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠠᠵᠢᠯ᠎ᠢ ᠵᠣᠬᠢᠶᠠᠨ ᠪᠠᠶ᠋ᠢᠭᠤᠯᠤᠭᠰᠠᠨ ᠪᠠᠶ᠋ᠢᠳᠠᠯ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠰᠢᠪᠠᠳᠠᠨ ᠱᠠᠭ᠋ᠠᠷᠳᠠᠵᠤ ᠪᠠᠢ᠌ᠴᠠᠭ᠋ᠠᠨ᠎ᠠ᠃ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ ᠵᠢ ᠬᠡᠷᠡᠭᠵᠢᠭᠦᠯᠬᠦ ᠳᠦᠷᠢᠮ》᠎ᠤᠨ ᠠᠷᠪᠠᠨ ᠵᠢᠷᠭᠤᠳᠤᠭ᠋ᠠᠷ ᠵᠤᠷᠪᠤᠰ᠎ᠤᠨ ᠨᠢᠭᠡᠳᠦᠭᠡᠷ ᠵᠦᠢ᠍ᠯ᠄ ᠬᠠᠶ᠋ᠢᠨ ᠪᠠᠶ᠋ᠢᠴᠠᠭ᠋ᠠᠬᠤ᠂ ᠠᠭᠤᠷᠬᠠᠶ ᠨᠡᠭᠡᠭᠡᠬᠦ ᠪᠠ ᠵᠠᠮ ᠵᠠᠰᠠᠬᠤ᠂ ᠤᠰᠤᠨ ᠠᠰᠢᠭᠯᠠᠯᠲᠠ᠂ ᠴᠠᠬᠢᠯᠭ᠋ᠠᠨ ᠬᠦᠴᠦ᠂ ᠮᠡᠳᠡᠭᠡ ᠬᠤᠯᠪᠤᠭ᠎ᠠ ᠵᠡᠷᠭᠡ ᠢᠨᠵᠸᠨ᠋ᠸᠷᠢᠩ᠎ᠨᠢ ᠰᠢᠭᠤᠶ᠋ᠢᠲᠤ ᠭᠠᠵᠠᠷ᠎ᠢ ᠡᠵᠡᠯᠡᠨ ᠬᠡᠷᠡᠭᠯᠡᠬᠦ ᠪᠤᠶᠤ ᠲᠠᠲᠠᠪᠤᠷᠢᠯᠠᠨ ᠬᠡᠷᠡᠭᠯᠡᠬᠦ ᠴᠢᠬᠤᠯᠠᠲᠠᠶ ᠪᠠᠶ᠋ᠢᠪᠠᠯ᠂ ᠡᠷᠬᠡᠪᠰᠢ ᠳᠣᠣᠷᠠᠬᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠄ (ᠨᠢᠭᠡ) ᠭᠠᠵᠠᠷ ᠬᠡᠷᠡᠭᠯᠡᠬᠦ ᠨᠢᠭᠡᠴᠡ᠎ᠨᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠭᠠᠵᠠᠷ ᠰᠢᠷᠣᠶ ᠬᠡᠷᠡᠭᠯᠡᠬᠦ ᠭᠤᠶᠤᠴᠢᠯᠠᠯ ᠭᠠᠷᠭ᠋ᠠᠵᠤ᠂ ᠵᠥᠪᠰᠢᠶᠡᠷᠡᠯ ᠣᠯᠤᠭᠰᠠᠨ᠎ᠤ ᠲᠠᠷᠠᠭ᠎ᠠ᠂ ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ ᠶᠣᠰᠣᠭ᠋ᠠᠷ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠰᠦᠢ᠍ᠳᠬᠡᠯ᠎ᠢ ᠤᠷᠢᠳᠴᠢᠯᠠᠨ ᠲᠤᠰᠢᠶᠠᠵᠤ᠂ ᠰᠢᠭᠤᠶ᠋ᠢᠲᠤ ᠭᠠᠵᠠᠷ᠎ᠢ ᠬᠡᠷᠡᠭᠯᠡᠬᠦ ᠵᠢ ᠬᠢᠨᠠᠨ ᠵᠥᠪᠰᠢᠶᠡᠷᠡᠭᠰᠡᠨ ᠪᠢᠴᠢᠭ᠎ᠢ ᠠᠪᠤᠨ᠎ᠠ᠃ ᠭᠠᠵᠠᠷ ᠬᠡᠷᠡᠭᠯᠡᠬᠦ ᠨᠢᠭᠡᠴᠡ᠎ᠨᠢ ᠰᠢᠭᠤᠶ᠋ᠢᠲᠤ ᠭᠠᠵᠠᠷ᠎ᠢ ᠬᠡᠷᠡᠭᠯᠡᠬᠦ ᠵᠢ ᠬᠢᠨᠠᠨ ᠵᠥᠪᠰᠢᠶᠡᠷᠡᠭᠰᠡᠨ ᠪᠢᠴᠢᠭ ᠵᠶ᠋ᠠᠷ ᠦᠨᠳᠦᠰᠦ ᠪᠠᠷᠢᠮᠲᠠ ᠪᠣᠯᠭ᠋ᠠᠵᠤ ᠪᠦᠳᠦᠬᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠶ ᠵᠢ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ ᠬᠢᠨ᠎ᠠ᠃ ᠰᠢᠭᠤᠶ᠋ᠢᠲᠤ ᠭᠠᠵᠠᠷ᠎ᠢ ᠡᠵᠡᠯᠡᠨ ᠬᠡᠷᠡᠭᠯᠡᠬᠦ ᠪᠤᠶᠤ ᠲᠠᠲᠠᠪᠤᠷᠢᠯᠠᠨ ᠬᠡᠷᠡᠭᠯᠡᠬᠦ᠎ᠳᠡᠭᠡᠨ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠣᠯᠤᠭᠰᠠᠨ ᠦᠬᠡᠢ ᠪᠣᠯ ᠭᠠᠵᠠᠷ ᠰᠢᠷᠣᠶ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠶ ᠵᠢᠨ ᠭᠤᠶᠤᠴᠢᠯᠠᠯ᠎ᠢ ᠬᠦᠯᠢᠶᠡᠨ ᠠᠪᠴᠤ ᠰᠢᠢᠳᠪᠦᠷᠢᠯᠡᠵᠦ ᠪᠣᠯᠬᠤ ᠦᠬᠡᠢ᠃ ᠡᠳ᠋᠎ᠤᠨ ᠵᠠᠰᠠᠭ᠎ᠤᠨ   ᠬᠡᠯᠳᠡᠰ᠂ ᠤᠯᠤᠰ᠎ᠤᠨ ᠤᠢ ᠰᠢᠭᠤᠶ ᠵᠢᠨ ᠲᠣᠪᠴᠢᠶᠠᠨ᠎ᠠᠴᠠ ᠳᠠᠷᠤᠮᠠᠯᠯᠠᠨ ᠲᠠᠷᠬᠠᠭ᠋ᠠᠭᠰᠠᠨ 《ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠰᠦᠢ᠍ᠳᠬᠡᠯ᠎ᠢ ᠲᠠᠲᠠᠪᠤᠷᠢᠯᠠᠬᠤ ᠬᠡᠷᠡᠭᠯᠡᠬᠦ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ》 ᠵᠢᠨ ᠮᠡᠳᠡᠭᠳᠡᠯ (  ᠡᠳ᠋ ᠶᠡᠷᠦᠩᠬᠡᠶ [2002] 73 ᠳ᠋ᠤᠭ᠋ᠠᠷ ᠲᠣᠭ᠋ᠠᠲᠤ)
      ᠬᠠᠷᠢᠭᠤᠴᠠᠯᠭ᠎ᠠ ᠵᠢᠨ ᠵᠦᠢ᠍ᠯᠡᠰ
     1. ᠢᠯᠡ ᠨᠡᠶ᠋ᠢᠲᠡᠯᠡᠬᠦ ᠵᠠᠷᠯᠠᠯ᠎ᠤᠨ ᠱᠠᠲᠤᠨ᠎ᠤ ᠬᠠᠷᠢᠭᠤᠴᠠᠯᠭ᠎ᠠ᠄ ᠵᠠᠷᠯᠠᠨ ᠮᠡᠳᠡᠭᠳᠡᠨ᠎ᠡ (ᠣᠶ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ᠎ᠢ ᠲᠠᠲᠠᠪᠤᠷᠢᠯᠠᠬᠤ ᠵᠣᠭᠣᠰ᠎ᠤᠨ ᠲᠣᠭ᠎ᠠ᠂ ᠲᠠᠲᠠᠪᠤᠷᠢᠯᠠᠬᠤ ᠠᠷᠭ᠎ᠠ ᠮᠠᠶᠢᠭ᠂ ᠭᠦᠢ᠍ᠴᠡᠳᠬᠡᠬᠦ ᠴᠠᠭ᠎ᠤᠨ ᠬᠢᠵᠠᠭ᠋ᠠᠷ ᠪᠠ ᠰᠢᠢᠳᠪᠦᠷᠢᠯᠡᠬᠦ ᠠᠷᠭ᠎ᠠ ᠮᠠᠶᠢᠭ ᠵᠢᠴᠢ ᠪᠤᠰᠤᠳ ᠠᠭᠤᠯᠭ᠎ᠠ ᠵᠢ ᠢᠯᠡ ᠨᠡᠢ᠌ᠳᠠᠯᠡᠨ᠎ᠠ)᠃
     2. ᠬᠢᠨᠠᠨ ᠬᠠᠷᠭᠤᠭᠤᠯᠬᠤ ᠱᠠᠲᠤᠨ᠎ᠤ ᠬᠠᠷᠢᠭᠤᠴᠠᠯᠭ᠎ᠠ᠄ ᠣᠶ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠵᠠᠷᠤᠳᠠᠯ᠎ᠤᠨ ᠪᠠᠩᠬᠢ ᠵᠢᠨ ᠲᠠᠨᠭ᠌ᠰᠠᠨ᠎ᠳᠤ ᠤᠷᠤᠭᠰᠠᠨ   ᠮᠡᠳᠡᠭᠳᠡᠯ ᠪᠣᠯᠤᠨ ᠭᠠᠵᠠᠷ ᠬᠡᠷᠡᠭᠯᠡᠬᠦ ᠨᠢᠭᠡᠴᠢ ᠵᠢᠨ ᠬᠣᠯᠪᠣᠭᠳᠠᠯ ᠪᠦᠬᠦᠢ ᠭᠤᠶᠤᠴᠢᠯᠠᠯ᠎ᠤᠨ ᠮᠠᠲ᠋ᠧᠷᠢᠶᠠᠯ᠎ᠢ ᠬᠢᠨᠠᠨ ᠬᠠᠷᠭᠤᠭᠤᠯᠤᠨ᠎ᠠ᠃
     3. ᠲᠣᠭᠲᠠᠭ᠋ᠠᠬᠤ ᠱᠠᠲᠤᠨ᠎ᠤ ᠬᠠᠷᠢᠭᠤᠴᠠᠯᠭ᠎ᠠ᠄ ᠬᠢᠨᠠᠨ ᠪᠠᠶ᠋ᠢᠴᠠᠭ᠋ᠠᠭᠰᠠᠨ ᠲᠣᠭᠲᠠᠭ᠋ᠠᠯ   ᠭᠠᠷᠭ᠋ᠠᠨ᠎ᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠶ᠋ᠢᠯᠢ ᠵᠢᠨ ᠪᠤᠰᠤ ᠣᠷᠣᠯᠭ᠎ᠠ ᠵᠢᠨ ᠡᠩ᠎ᠤᠨ ᠵᠣᠭᠣᠰ ᠲᠤᠰᠢᠶᠠᠬᠤ ᠪᠢᠴᠢᠭ》᠎ᠢ ᠵᠢᠭᠰᠠᠭ᠋ᠠᠨ ᠪᠢᠴᠢᠵᠦ᠂ ᠣᠶ ᠰᠢᠭᠤᠶ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠰᠦᠢ᠍ᠳᠬᠡᠯ᠎ᠢ ᠤᠷᠢᠳᠴᠢᠯᠠᠨ ᠬᠤᠷᠢᠶᠠᠨ᠎ᠠ᠃ ᠲᠣᠭᠲᠠᠭ᠋ᠠᠯ ᠶᠣᠰᠣᠭ᠋ᠠᠷ ᠵᠠᠰᠠᠭ ᠵᠠᠬᠢᠷᠭ᠋ᠠᠨ᠎ᠤ ᠵᠥᠪᠰᠢᠶᠡᠷᠡᠯ ᠤᠯᠤᠭᠰᠠᠨ ᠲᠦᠷ ᠬᠡᠷᠡᠭᠯᠡᠬᠦ ᠰᠢᠭᠤᠶ᠋ᠢᠲᠤ ᠭᠠᠵᠠᠷ᠎ᠤᠨ ᠲᠥᠷᠥᠯ ᠵᠦᠢ᠍ᠯ᠎ᠤᠨ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠰᠦᠢ᠍ᠳᠬᠡᠯ᠎ᠢ ᠴᠠᠭ ᠲᠤᠬᠠᠶ᠎ᠳᠤᠨᠢ ᠬᠥᠮᠥᠷᠭᠡ᠎ᠳᠤ ᠲᠤᠰᠢᠶᠠᠨ᠎ᠠ; ᠰᠢᠭᠤᠶ᠋ᠢᠲᠤ ᠭᠠᠵᠠᠷ᠎ᠢ ᠳᠦᠷ ᠴᠠᠭ ᠬᠡᠷᠡᠭᠯᠡᠬᠦ ᠵᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠵᠦᠢ᠍ᠯᠡᠰ᠎ᠤᠨ ᠵᠣᠭᠣᠰ᠎ᠢ ᠲᠣᠭᠲᠠᠭ᠋ᠠᠯ ᠶᠣᠰᠣᠭ᠋ᠠᠷ   ᠪᠤᠴᠠᠭ᠋ᠠᠨ᠎ᠠ᠃
     4. ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ᠄ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠰᠦᠢ᠍ᠳᠬᠡᠯ᠎ᠤᠨ ᠲᠤᠰᠬᠠᠶ ᠵᠣᠭᠣᠰ᠎ᠢ ᠲᠤᠰᠬᠠᠶ ᠬᠡᠷᠡᠭᠯᠡᠵᠦ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠮᠣᠳᠣ ᠲᠡᠷᠢᠵᠦ ᠣᠶ᠋ᠢᠵᠢᠭᠤᠯᠬᠤ ᠵᠢ ᠨᠢᠭᠡᠳᠦᠯᠲᠡᠶ ᠲᠤᠬᠢᠷᠠᠭᠤᠯᠵᠦ᠂ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠨ᠎ᠡ᠃ ᠲᠤᠤᠷ᠎ᠠ ᠱᠠᠲᠤᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠮᠣᠳᠣ ᠲᠡᠷᠢᠵᠦ ᠣᠶ᠋ᠢᠵᠢᠭᠤᠯᠬᠤ᠂ ᠤᠢ ᠰᠢᠭᠤᠶ ᠵᠢᠨ ᠤᠷᠭᠤᠮᠠᠯ᠎ᠤᠨ ᠬᠤᠴᠢᠯᠭ᠎ᠠ ᠵᠢ   ᠰᠡᠷᠭᠦᠭᠡᠬᠦ ᠵᠢ ᠵᠣᠬᠢᠶᠠᠨ ᠪᠠᠶ᠋ᠢᠭᠤᠯᠵᠤ   ᠪᠠᠢ᠌ᠭ᠎ᠠ ᠪᠠᠶ᠋ᠢᠳᠠᠯ᠎ᠢ ᠲᠤᠭᠳᠠᠭᠰᠠᠨ ᠬᠤᠭᠤᠴᠠᠭ᠎ᠠ᠎ᠲᠠᠢ᠎ᠪᠠᠷ ᠰᠢᠪᠠᠳᠠᠨ ᠪᠠᠢ᠌ᠴᠠᠭ᠋ᠠᠨ᠎ᠠ᠃
     5. ᠪᠤᠰᠤᠳ ᠬᠠᠤᠯᠢ ᠴᠠᠭ᠋ᠠᠵᠠ᠂ ᠬᠠᠤᠯᠢ ᠲᠦᠷᠢᠮ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠶᠣᠰᠣᠭ᠋ᠠᠷ ᠭᠦᠢ᠍ᠴᠡᠳᠬᠡᠪᠡᠰᠦ ᠵᠣᠬᠢᠬᠤ ᠬᠠᠷᠢᠭᠤᠴᠠᠯᠭ᠎ᠠ᠃
      ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ    
     1. 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ》 ᠵᠢᠨ ᠳᠥᠴᠢᠨ ᠵᠢᠷᠭᠤᠳᠤᠭ᠋ᠠᠷ ᠵᠤᠷᠪᠤᠰ   ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠤᠢ ᠰᠢᠭᠤᠶ ᠵᠢ ᠬᠢᠨᠠᠨ ᠬᠠᠮᠢᠶᠠᠷᠬᠤ ᠠᠵᠢᠯ ᠬᠢᠵᠦ ᠪᠠᠶ᠋ᠢᠭ᠎ᠠ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠳᠡᠠ ᠪᠣᠯᠤᠨ ᠲᠦᠷᠦ ᠵᠢᠨ ᠪᠠᠢ᠌ᠭᠤᠯᠭ᠎ᠠ ᠵᠢᠨ ᠪᠤᠰᠤᠳ ᠬᠣᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠵᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶ᠋ᠢᠪᠠᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠃
     2. 《  ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ 〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ〉 ᠵᠢ ᠬᠡᠷᠡᠭᠵᠢᠬᠦᠯᠬᠦ ᠠᠷᠭ᠎ᠠ》 ᠵᠢᠨ ᠲᠠᠪᠢᠨ ᠨᠢᠭᠡᠳᠦᠭᠡᠷ ᠵᠦᠢ᠍ᠯ   ᠲᠦᠷᠦ ᠵᠢᠨ ᠪᠠᠶ᠋ᠢᠭᠤᠯᠭ᠎ᠠ ᠵᠢᠨ ᠠᠵᠢᠯᠳᠠᠨ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠦᠷᠢᠴᠡᠭᠰᠡᠨ ᠪᠠᠢ᠌ᠪᠠᠯ᠂ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠠᠭ᠋ᠠᠯᠠᠯᠲᠠ ᠬᠠᠮᠢᠶᠠᠷᠤᠯᠲᠠ ᠵᠢᠨ ᠰᠦᠢ᠍ᠳᠬᠡᠯ ᠬᠤᠷᠢᠶᠠᠬᠤ
ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠠᠩ᠎ᠤᠨ ᠬᠣᠷᠢᠭ᠋ᠠᠲᠤ ᠣᠷᠣᠨ᠎ᠳᠠᠬᠢ ᠤᠯᠤᠰ᠎ᠤᠨ ᠪᠤᠶᠤ ᠣᠷᠣᠨ ᠨᠤᠲᠤᠭ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ᠎ᠢ ᠡᠪᠳᠡᠭᠰᠡᠨ ᠪᠠᠢ᠌ᠳᠠᠯ᠎ᠢ ᠰᠡᠷᠬᠦᠭᠡᠬᠦ
ᠬᠣᠪᠣᠷ ᠴᠤᠬᠠᠭ ᠤᠢ ᠮᠣᠳᠣ ᠵᠢ ᠬᠠᠤᠯᠢ ᠪᠤᠰᠤ᠎ᠪᠠᠷ ᠠᠷᠠᠯᠵᠢᠶᠠᠯᠠᠬᠤ᠂ ᠬᠤᠳᠠᠯᠳᠤᠨ ᠣᠷᠣᠭᠤᠯᠬᠤ᠂ ᠪᠤᠯᠪᠠᠰᠤᠷᠠᠭᠤᠯᠬᠤ ᠵᠢ ᠰᠢᠳᠬᠡᠬᠦ
ᠤᠯᠤᠰ᠎ᠤᠨ ᠥᠮᠴᠢᠯᠡᠯ᠎ᠤᠨ ᠭᠣᠣᠯᠳᠠᠯᠭ᠎ᠠ᠎ᠲᠠᠢ ᠰᠢᠭᠤᠶ᠋ᠢᠲᠤ ᠣᠷᠣᠨ᠎ᠳᠤ ᠮᠣᠳᠣᠨ ᠮᠠᠲ᠋ᠧᠷᠢᠶᠠᠯ ᠡᠵᠡᠩᠨᠡᠬᠦ (ᠪᠣᠯᠪᠠᠰᠤᠷᠠᠭᠤᠯᠬᠤ) ᠬᠢᠨᠠᠨ ᠵᠦᠪᠰᠢᠶᠡᠷᠡᠯ
ᠤᠢ ᠮᠣᠳᠣᠨ᠎ᠤ ᠥᠮᠴᠢᠯᠡᠬᠦ ᠡᠷᠬᠡ ᠵᠢᠨ ᠮᠠᠷᠭᠤᠯᠳᠤᠭ᠋ᠠᠨ᠎ᠢ ᠰᠢᠢᠳᠪᠦᠷᠢᠯᠡᠬᠦ ᠠᠵᠢᠯ᠎ᠤᠨ ᠳᠤᠮᠳᠠ ᠲᠤᠪᠦ᠋ᠢ᠍ᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠣᠯᠤᠨ ᠬᠤᠪᠢ ᠬᠥᠮᠦᠨ᠎ᠤ ᠱᠠᠩᠨᠠᠯ
 
             蒙ICP备05000248号