ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠠᠩ᠎ᠤᠨ ᠬᠣᠷᠢᠭ᠋ᠠᠲᠤ ᠣᠷᠣᠨ᠎ᠳᠠᠬᠢ ᠤᠯᠤᠰ᠎ᠤᠨ ᠪᠤᠶᠤ ᠣᠷᠣᠨ ᠨᠤᠲᠤᠭ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ᠎ᠢ ᠡᠪᠳᠡᠭᠰᠡᠨ ᠪᠠᠢ᠌ᠳᠠᠯ᠎ᠢ ᠰᠡᠷᠬᠦᠭᠡᠬᠦ
ᠨᠡᠶ᠋ᠢᠲᠡᠯᠡᠭᠰᠡᠨ ᠴᠠᠭ᠄ 2020-04-23

      ᠡᠷᠬᠡ ᠵᠢᠨ ᠨᠡᠷᠡᠶ᠋ᠢᠳᠦᠯ   ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠠᠩ᠎ᠤᠨ ᠬᠣᠷᠢᠭ᠋ᠠᠲᠤ ᠣᠷᠣᠨ᠎ᠳᠠᠬᠢ ᠤᠯᠤᠰ᠎ᠤᠨ ᠪᠤᠶᠤ ᠣᠷᠣᠨ ᠨᠤᠲᠤᠭ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ᠎ᠢ ᠡᠪᠳᠡᠭᠰᠡᠨ ᠪᠠᠢ᠌ᠳᠠᠯ᠎ᠢ ᠰᠡᠷᠬᠦᠭᠡᠬᠦ
     

      ᠡᠷᠬᠡ ᠵᠢᠨ ᠲᠦᠷᠦᠯ ᠠᠩᠬᠢᠯᠠᠯ   ᠵᠠᠰᠠᠭ ᠵᠠᠬᠢᠷᠭ᠋ᠠᠨ᠎ᠤ ᠠᠯᠪᠠᠳᠠᠨ ᠬᠦᠢ᠍ᠴᠡᠳᠬᠡᠬᠦ
     

      ᠬᠠᠷᠢᠭᠤᠴᠠᠯᠭ᠎ᠠ ᠵᠢᠨ ᠭᠣᠣᠯ ᠴᠣᠭᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ
ᠲᠤᠭᠳᠠᠭ᠋ᠠᠭᠰᠠᠨ ᠦᠨᠳᠦᠰᠦᠯᠡᠯ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》 ᠵᠢᠨ ᠭᠤᠴᠢᠨ ᠳᠥᠷᠪᠡᠳᠦᠭᠡᠷ   ᠵᠤᠷᠪᠤᠰ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠠᠩ᠎ᠤᠨ ᠬᠣᠷᠢᠭ᠋ᠠᠲᠤ ᠣᠷᠣᠨ᠎ᠳᠠᠬᠢ ᠤᠯᠤᠰ᠎ᠤᠨ ᠪᠤᠶᠤ ᠣᠷᠣᠨ ᠨᠤᠲᠤᠭ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ᠎ᠢ ᠡᠪᠳᠡᠭᠰᠡᠨ ᠪᠠᠶ᠋ᠢᠪᠠᠯ᠂ ᠡᠷᠬᠢᠯᠡᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠡᠪᠳᠡᠬᠦ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ   ᠤᠤᠯ ᠪᠠᠶ᠋ᠢᠳᠠᠯ᠎ᠢ ᠰᠡᠷᠬᠦᠭᠡᠵᠦ᠂ ᠵᠣᠭᠣᠰ ᠵᠶ᠋ᠠᠷ ᠲᠤᠷᠭ᠋ᠠᠨ᠎ᠠ᠃ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠬᠡ ᠬᠠᠭᠤᠷᠠᠶ ᠵᠢᠨ ᠪᠠ ᠬᠡᠭᠡᠷ᠎ᠡ ᠵᠢᠨ ᠵᠡᠷᠯᠢᠭ ᠠᠮᠢᠳᠠᠠ᠎ᠤ ᠬᠠᠮᠠᠭ᠋ᠠᠯᠠᠯᠲᠠ ᠵᠢᠨ ᠬᠡᠷᠡᠭᠵᠢᠭᠦᠯᠬᠦ ᠲᠦᠷᠢᠮ》᠎ᠤᠨ ᠭᠤᠴᠢᠨ ᠵᠢᠷᠭᠤᠳᠤᠭ᠋ᠠᠷ ᠵᠤᠷᠪᠤᠰ᠄ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ ᠲᠣᠭᠲᠠᠭ᠋ᠠᠯ᠎ᠠᠴᠠ ᠵᠥᠷᠢᠴᠡᠵᠦ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠠᠩ᠎ᠤᠨ ᠬᠣᠷᠢᠭ᠋ᠠᠲᠤ ᠣᠷᠣᠨ᠎ᠳᠠᠬᠢ ᠤᠯᠤᠰ᠎ᠤᠨ ᠪᠤᠶᠤ ᠣᠷᠣᠨ ᠨᠤᠲᠤᠭ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ᠎ᠢ ᠡᠪᠳᠡᠭᠰᠡᠨ ᠪᠠᠢ᠌ᠪᠠᠯ᠂ 《ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》 ᠵᠢᠨ ᠭᠤᠴᠢᠨ ᠳᠥᠷᠪᠡᠳᠦᠭᠡᠷ ᠵᠤᠷᠪᠤᠰ᠎ᠤᠨ ᠲᠣᠭᠲᠠᠭ᠋ᠠᠯ ᠶᠣᠰᠣᠭ᠋ᠠᠷ ᠵᠣᠭᠣᠰ ᠵᠶ᠋ᠠᠷ ᠲᠣᠷᠭ᠋ᠠᠬᠤ᠎ᠪᠠᠷ ᠰᠢᠳᠬᠡᠭᠰᠡᠨ ᠪᠠᠶ᠋ᠢᠪᠠᠯ᠂ ᠡᠨᠡ᠎ᠨᠢ ᠤᠤᠯ᠎ᠤᠨ ᠪᠠᠶ᠋ᠢᠳᠠᠯ᠎ᠢ᠎ᠨᠢ ᠰᠡᠷᠬᠦᠬᠡᠬᠦ᠎ᠳᠤ   ᠬᠡᠷᠡᠭᠰᠡᠭᠰᠡᠨ ᠵᠠᠷᠤᠳᠠᠯ᠎ᠤᠨ ᠬᠢᠨᠢ ᠭᠤᠷᠪᠠᠨ ᠲᠠᠬᠢᠨ᠎ᠠᠴᠠ ᠲᠤᠷᠤᠭᠰᠢ ᠪᠠᠷᠢᠮᠵᠢᠶ᠎ᠠ ᠶᠤᠰᠤᠭ᠋ᠠᠷ   ᠬᠡᠷᠡᠭᠵᠢᠬᠦᠯᠦᠨ᠎ᠡ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠠᠩ᠎ᠤᠨ ᠬᠣᠷᠢᠭ᠋ᠠᠲᠤ ᠣᠷᠣᠨ᠎ᠳᠤ ᠤᠯᠤᠰ᠎ᠤᠨ ᠪᠤᠶᠤ ᠣᠷᠣᠨ ᠨᠤᠲᠤᠭ᠎ᠤᠨ   ᠭᠤᠤᠯᠳᠠᠯᠭ᠎ᠠ᠎ᠲᠠᠢ ᠬᠠᠮᠠᠭ᠋ᠠᠯᠠᠬᠤ   ᠬᠡᠭᠡᠷ᠎ᠡ ᠵᠢᠨ ᠠᠮᠢᠲᠠᠨ᠎ᠤ ᠠᠮᠢᠳᠤᠷᠠᠵᠤ ᠦᠷᠡᠵᠢᠬᠦ ᠲᠠᠯᠠᠪᠤᠷ ᠪᠤᠰᠤ ᠭᠠᠵᠠᠷ᠎ᠢ ᠡᠪᠳᠡᠭᠰᠡᠨ ᠪᠠᠶ᠋ᠢᠪᠠᠯ᠂ ᠡᠷᠬᠢᠯᠡᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠡᠪᠳᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠤᠤᠯ᠎ᠤᠨ ᠪᠠᠶ᠋ᠢᠳᠠᠯ᠎ᠢ ᠰᠡᠷᠭᠦᠭᠡᠬᠦ ᠵᠢᠨ ᠬᠠᠮᠳᠤ ᠤᠤᠯ᠎ᠤᠨ ᠪᠠᠶ᠋ᠢᠳᠠᠯ᠎ᠢ᠎ᠨᠢ ᠰᠡᠷᠬᠦᠬᠡᠬᠦ᠎ᠳᠤ ᠬᠡᠷᠡᠭᠰᠡᠬᠦ ᠵᠠᠷᠤᠳᠠᠯ᠎ᠤᠨ ᠬᠢᠨᠢ ᠬᠣᠶᠠᠷ ᠲᠡᠬᠢᠠ᠎ᠠᠴᠠ ᠲᠤᠷᠤᠭᠰᠢ ᠵᠣᠭᠣᠰ ᠵᠶ᠋ᠠᠷ ᠲᠤᠷᠭ᠋ᠠᠨ᠎ᠠ᠃

      ᠬᠠᠷᠢᠭᠤᠴᠠᠯᠭ᠎ᠠ ᠵᠢᠨ ᠵᠦᠢ᠍ᠯᠡᠰ
     1. ᠬᠢᠨᠠᠨ ᠪᠠᠶ᠋ᠢᠴᠠᠭ᠋ᠠᠵᠤ ᠰᠢᠪᠠᠳᠠᠨ ᠮᠡᠳᠡᠭᠳᠡᠬᠦ ᠬᠠᠷᠢᠭᠤᠴᠠᠯᠭ᠎ᠠ᠄ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠠᠩ᠎ᠤᠨ ᠬᠣᠷᠢᠭ᠋ᠠᠲᠤ ᠣᠷᠣᠨ᠎ᠳᠠᠬᠢ ᠤᠯᠤᠰ᠎ᠤᠨ ᠪᠤᠶᠤ ᠣᠷᠣᠨ ᠨᠤᠲᠤᠭ᠎ᠤᠨ   ᠭᠤᠤᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ᠎ᠢ ᠡᠪᠳᠡᠭᠰᠡᠨ ᠠᠵᠢᠯᠯᠠᠭ᠎ᠠ ᠵᠢ ᠬᠢᠨᠠᠨ ᠪᠠᠶ᠋ᠢᠴᠠᠭ᠋ᠠᠵᠤ᠂ ᠲᠤᠬᠠᠶ ᠵᠢᠨ ᠬᠥᠮᠦᠨ᠎ᠤ ᠬᠠᠤᠯᠢ ᠵᠢ ᠵᠥᠷᠢᠴᠡᠭᠰᠡᠨ ᠪᠣᠳᠠᠲᠤ ᠬᠡᠷᠡᠭ ᠵᠢᠴᠢ ᠡᠳ᠋ᠯᠡᠬᠦ ᠶᠣᠰᠣᠲᠠᠶ ᠲᠣᠭ᠋ᠠᠴᠢᠯᠲᠠ ᠬᠢᠬᠦ᠂ ᠵᠥᠪᠲᠦᠭᠡᠨ ᠲᠣᠳᠣᠷᠬᠠᠶ᠋ᠢᠯᠠᠬᠤ ᠵᠡᠷᠭᠡ ᠡᠷᠬᠡ ᠵᠢ ᠮᠡᠳᠡᠭᠳᠡᠨ᠎ᠡ; ᠲᠤᠭᠳᠠᠭᠰᠠᠨ ᠬᠤᠭᠤᠴᠠᠭ᠎ᠠ ᠶᠣᠰᠣᠭ᠋ᠠᠷ ᠡᠭᠦᠷᠭᠡ᠎ᠪᠠᠨ ᠬᠦᠢ᠍ᠴᠡᠳᠬᠡᠭᠰᠡᠨ ᠦᠭᠡᠢ ᠪᠠᠢ᠌ᠪᠠᠯ᠂   ᠰᠢᠪᠠᠳᠠᠨ ᠮᠡᠳᠡᠭᠳᠡᠬᠦ ᠪᠢᠴᠢᠭ᠎ᠢ   ᠵᠤᠬᠢᠶᠠᠬᠤ ᠵᠢᠨ ᠬᠠᠮᠳᠤ᠂ ᠢᠯᠠ᠎ᠪᠠᠷ ᠵᠠᠷᠯᠠᠨ ᠨᠡᠢ᠌ᠳᠠᠯᠡᠨ᠎ᠡ᠃
     2. ᠲᠣᠭᠲᠠᠭ᠋ᠠᠬᠤ ᠬᠠᠷᠢᠭᠤᠴᠠᠯᠭ᠎ᠠ᠄ ᠲᠤᠬᠠᠶ ᠵᠢᠨ ᠬᠥᠮᠦᠨ᠎ᠤ ᠰᠠᠨᠠᠯ᠎ᠢ ᠭᠦᠢ᠍ᠴᠡᠳ ᠰᠣᠨᠣᠰᠴᠤ᠂ ᠲᠤᠬᠠᠶ ᠵᠢᠨ ᠬᠥᠮᠦᠨ᠎ᠤ ᠰᠠᠨᠠᠯ᠂ ᠲᠤᠬᠠᠶ ᠵᠢᠨ ᠬᠥᠮᠦᠨ᠎ᠤ ᠳᠤᠷᠠᠳᠤᠭᠰᠠᠨ ᠪᠣᠳᠠᠲᠤ ᠬᠡᠷᠡᠭ᠂ ᠤᠴᠢᠷ ᠰᠢᠯᠲᠠᠭ᠋ᠠᠨ ᠪᠠ ᠭᠡᠷᠡᠴᠢ ᠪᠠᠷᠢᠮᠲᠠ ᠵᠢ ᠲᠡᠮᠳᠡᠭᠯᠡᠨ ᠳᠠᠬᠢᠨ ᠬᠢᠨᠠᠵᠦ᠂ ᠠᠯᠪᠠᠳᠠᠨ   ᠬᠦᠢ᠍ᠴᠡᠳᠬᠡᠬᠦ ᠡᠰᠡᠬᠦ ᠲᠤᠬᠠᠶ ᠲᠣᠭᠲᠠᠭ᠋ᠠᠯ ᠭᠠᠷᠭ᠋ᠠᠵᠦ᠂ ᠵᠠᠰᠠᠭ ᠵᠠᠬᠢᠷᠭ᠋ᠠᠨ᠎ᠤ ᠠᠯᠪᠠᠳᠠᠨ   ᠬᠦᠢ᠍ᠴᠡᠳᠬᠡᠬᠦ ᠲᠣᠭᠲᠠᠭ᠋ᠠᠯ᠎ᠤᠨ ᠪᠢᠴᠢᠭ ᠵᠤᠬᠢᠶᠠᠨ᠎ᠠ᠃
     3. ᠬᠡᠷᠡᠭᠵᠢᠬᠦᠯᠬᠦ ᠬᠠᠷᠢᠭᠤᠴᠠᠯᠭ᠎ᠠ᠄ ᠬᠠᠤᠯᠢ ᠬᠡᠷᠡᠭᠵᠢᠭᠦᠯᠬᠦ ᠪᠢᠴᠢᠭ ᠮᠠᠲ᠋ᠧᠷᠢᠶᠠᠯ᠎ᠢ ᠬᠦᠷᠭᠡᠵᠦ᠂ ᠠᠯᠪᠠᠲᠠᠨ ᠬᠦᠢ᠍ᠴᠡᠳᠬᠡᠬᠦᠯᠬᠦ ᠪᠤᠶᠤ ᠰᠢᠭᠤᠳ ᠠᠰᠢᠭ ᠬᠣᠣᠷ᠎ᠤᠨ ᠬᠠᠷᠢᠴᠠᠭ᠎ᠠ᠎ᠲᠠᠢ ᠭᠤᠷᠪᠠᠳᠠᠬᠢ ᠬᠥᠮᠦᠨ᠎ᠳᠤ ᠨᠠᠶ᠋ᠢᠳᠠᠵᠤ ᠣᠷᠣᠯᠠᠨ ᠬᠦᠢ᠍ᠴᠡᠳᠬᠡᠬᠦᠯᠬᠦ ᠵᠢ ᠬᠡᠷᠡᠭᠵᠢᠬᠦᠯᠦᠨ᠎ᠡ᠃
     4. ᠤᠴᠢᠷ ᠶᠠᠪᠤᠳᠠᠯ᠎ᠤᠨ ᠳᠠᠷᠠᠭ᠋ᠠᠬᠢ ᠬᠢᠨᠠᠨ ᠬᠠᠮᠢᠶᠠᠷᠤᠯᠲᠠ ᠵᠢᠨ ᠬᠠᠷᠢᠭᠤᠴᠠᠯᠭ᠎ᠠ᠄   ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠠᠩ᠎ᠤᠨ ᠬᠣᠷᠢᠭ᠋ᠠᠲᠤ ᠣᠷᠣᠨ᠎ᠳᠠᠬᠢ ᠤᠯᠤᠰ᠎ᠤᠨ ᠪᠤᠶᠤ ᠣᠷᠣᠨ ᠨᠤᠲᠤᠭ᠎ᠤᠨ ᠭᠤᠤᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ᠎ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ᠎ᠤᠨ ᠡᠪᠳᠡᠭᠰᠡᠨ ᠪᠠᠢ᠌ᠳᠠᠯ᠎ᠤᠨ ᠤᠤᠯ ᠪᠠᠶ᠋ᠢᠳᠠᠯ᠎ᠤᠨ ᠰᠡᠷᠬᠦᠯᠳᠡ ᠵᠢᠨ ᠪᠠᠢ᠌ᠳᠠᠯ᠎ᠢ ᠪᠠᠢ᠌ᠴᠠᠭ᠋ᠠᠨ᠎ᠠ᠃
     5. ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠬᠠᠷᠢᠭᠤᠴᠠᠯᠭ᠎ᠠ ᠵᠢ ᠬᠦᠢ᠍ᠴᠡᠳᠬᠡᠨ᠎ᠡ᠃


      ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ

     《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠬᠠᠤᠯᠢ》 ᠵᠢᠨ ᠵᠢᠷᠠᠨ ᠨᠢᠭᠡᠳᠦᠭᠡᠷ ᠵᠤᠷᠪᠤᠰ   ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢ ᠬᠡᠷᠡᠭᠵᠢᠭᠦᠯᠬᠦ᠎ᠳᠤ᠂ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠳᠡᠭᠡᠷ᠎ᠡ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠤᠶᠤ ᠬᠣᠯᠪᠣᠭᠳᠠᠯ ᠪᠦ᠍ᠬᠦᠢ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠵᠤ ᠪᠠᠶ᠋ᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠳᠬᠡᠯ ᠥᠭᠭᠦᠨ᠎ᠡ᠄ (ᠨᠢᠭᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠦᠨᠳᠦᠰᠦ ᠪᠠᠷᠢᠮᠲᠠ ᠪᠠᠢ᠌ᠬᠤ ᠦᠭᠡᠢ; (ᠬᠣᠶᠠᠷ) ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠡᠳᠡᠭᠡᠳ᠂ ᠨᠥᠬᠥᠴᠡᠯ᠂ ᠠᠷᠭ᠎ᠠ ᠮᠠᠶᠢᠭ᠎ᠢ ᠬᠤᠪᠢᠷᠠᠭᠤᠯᠤᠭᠰᠠᠨ; (ᠭᠤᠷᠪᠠ) ᠬᠠᠤᠯᠢ᠎ᠳᠤ ᠲᠣᠭᠲᠠᠭ᠋ᠠᠭᠰᠠᠨ ᠵᠢᠷᠤᠮ᠎ᠢ ᠵᠥᠷᠢᠴᠡᠨ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢ ᠬᠡᠷᠡᠭᠵᠢᠭᠦᠯᠦᠭᠰᠡᠨ; (ᠳᠦᠷᠪᠡ) ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠰᠥᠨᠢ ᠲᠤᠮᠳᠠ ᠪᠤᠶᠤ ᠬᠠᠤᠯᠢ᠎ᠳᠤ ᠲᠣᠭᠲᠠᠭ᠋ᠠᠭᠰᠠᠨ ᠪᠠᠶᠠᠷ᠎ᠤᠨ ᠡᠳᠦᠷ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠵᠠᠰᠠᠭ ᠵᠠᠬᠢᠷᠭ᠋ᠠᠨ᠎ᠤ ᠠᠯᠪᠠᠳᠠᠨ ᠬᠦᠢ᠍ᠴᠡᠳᠬᠡᠬᠦ ᠵᠢ ᠬᠡᠷᠡᠭᠵᠢᠭᠦᠯᠦᠭᠰᠡᠨ; (ᠲᠠᠪᠤ) ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ᠂ ᠢᠯᠴᠢ ᠬᠦᠷᠭᠡᠬᠦ᠂ ᠰᠢᠳᠠᠮᠠᠬᠠᠢ ᠬᠡᠢ ᠬᠠᠩᠭ᠋ᠠᠬᠤ ᠵᠢ ᠵᠤᠭᠰᠤᠭ᠋ᠠᠬᠤ ᠵᠡᠷᠭᠡ ᠠᠷᠭ᠎ᠠ ᠮᠠᠶᠢᠭ ᠵᠶ᠋ᠠᠷ ᠲᠤᠬᠠᠶ ᠵᠢᠨ ᠬᠥᠮᠦᠨ᠎ᠢ ᠰᠢᠬᠠᠮᠳᠠᠭᠤᠯᠤᠨ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠲᠣᠭᠲᠠᠭ᠋ᠠᠯ᠎ᠢ ᠬᠦᠢ᠍ᠴᠡᠳᠬᠡᠬᠦᠯᠬᠦ; (ᠵᠢᠷᠭᠤᠭ᠎ᠠ) ᠬᠠᠤᠯᠢ ᠵᠢ ᠵᠥᠷᠢᠴᠡᠨ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢ ᠬᠡᠷᠡᠭᠵᠢᠭᠦᠯᠦᠭᠰᠡᠨ ᠪᠤᠰᠤᠳ ᠪᠠᠶ᠋ᠢᠳᠠᠯ᠃ ᠵᠢᠷᠠᠨ ᠬᠣᠶᠠᠳᠤᠭ᠋ᠠᠷ   ᠵᠤᠷᠪᠤᠰ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠤᠶᠤ ᠬᠣᠯᠪᠣᠭᠳᠠᠯ ᠪᠦ᠍ᠬᠦᠢ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠷᠠᠭᠤᠯᠤᠭᠤᠯᠵᠦ᠂ ᠰᠢᠭᠤᠳ ᠬᠠᠷᠢᠭᠤᠴᠠᠵᠤ ᠪᠠᠶ᠋ᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠦᠨ᠎ᠳᠤ ᠬᠠᠤᠯᠢ ᠶᠣᠰᠣᠭ᠋ᠠᠷ ᠰᠢᠳᠬᠡᠯ ᠥᠭᠭᠦᠨ᠎ᠡ᠄ (ᠨᠢᠭᠡ) ᠪᠠᠶ᠋ᠢᠴᠠᠭ᠋ᠠᠨ ᠪᠢᠲᠡᠭᠦᠮᠵᠢᠯᠡᠭᠰᠡᠨ᠂ ᠪᠠᠷᠢᠴᠠᠭ᠋ᠠᠨ᠎ᠳᠤ ᠦᠯᠡᠳᠡᠭᠡᠬᠦ᠂ ᠴᠡᠪᠳᠡᠭᠯᠡᠬᠦ ᠬᠦᠷᠢᠶ᠎ᠡ ᠬᠡᠪᠴᠢᠶ᠎ᠡ ᠵᠢ ᠦᠷᠬᠡᠳᠭᠡᠭᠰᠡᠨ; (ᠬᠣᠶᠠᠷ)   ᠪᠢᠲᠡᠭᠦᠮᠵᠢᠯᠡᠭᠰᠡᠨ᠂ ᠳᠠᠷᠤᠵᠤ ᠠᠪᠤᠭᠰᠠᠨ ᠲᠠᠯᠠᠪᠤᠷ᠂ ᠲᠥᠬᠥᠭᠡᠷᠦᠮᠵᠢ ᠪᠤᠶᠤ ᠡᠳ᠋ ᠪᠣᠳᠠᠰ᠎ᠢ ᠬᠡᠷᠡᠭᠯᠡᠭᠰᠡᠨ ᠪᠤᠶᠤ ᠡᠪᠳᠡᠯᠡᠵᠦ ᠰᠦᠢ᠍ᠳᠬᠡᠭᠰᠡᠨ; (ᠭᠤᠷᠪᠠ) ᠬᠠᠤᠯᠢ᠎ᠳᠤ ᠲᠣᠭᠲᠠᠭ᠋ᠠᠭᠰᠠᠨ ᠪᠠᠶ᠋ᠢᠴᠠᠭ᠋ᠠᠨ ᠪᠢᠲᠡᠭᠦᠮᠵᠢᠯᠡᠬᠦ᠂ ᠳᠠᠷᠤᠵᠤ ᠠᠪᠬᠤ ᠬᠤᠭᠤᠴᠠᠭ᠋ᠠᠨ᠎ᠳᠤ ᠰᠢᠢᠳᠪᠦᠷᠢᠯᠡᠬᠦ ᠲᠣᠭᠲᠠᠭ᠋ᠠᠯ ᠭᠠᠷᠭ᠋ᠠᠭᠰᠠᠨ ᠦᠭᠡᠢ ᠪᠤᠶᠤ ᠬᠠᠤᠯᠢ ᠶᠣᠰᠣᠭ᠋ᠠᠷ ᠴᠠᠭ ᠲᠤᠬᠠᠢ᠎ᠳᠤᠨᠢ ᠪᠠᠶ᠋ᠢᠴᠠᠭ᠋ᠠᠨ ᠪᠢᠲᠡᠭᠦᠮᠵᠢᠯᠡᠬᠦ᠂ ᠳᠠᠷᠤᠵᠤ ᠠᠪᠬᠤ ᠵᠢ ᠬᠦᠴᠦᠨ ᠦᠭᠡᠢ ᠪᠣᠯᠭ᠋ᠠᠭᠰᠠᠨ ᠦᠭᠡᠢ; (ᠳᠥᠷᠪᠡ) ᠬᠠᠤᠯᠢ᠎ᠳᠤ ᠲᠣᠭᠲᠠᠭ᠋ᠠᠭᠰᠠᠨ ᠬᠠᠳᠠᠭ᠋ᠠᠯᠠᠮᠵᠢ᠂ ᠭᠤᠪᠢᠭᠤᠯᠭ᠎ᠠ ᠵᠢᠨ ᠵᠣᠭᠣᠰ᠎ᠢ ᠴᠡᠪᠳᠡᠭᠯᠡᠬᠦ ᠬᠤᠭᠤᠴᠠᠭ᠋ᠠᠨ᠎ᠳᠤ ᠰᠢᠢᠳᠪᠦᠷᠢᠯᠡᠬᠦ ᠲᠣᠭᠲᠠᠭ᠋ᠠᠯ ᠭᠠᠷᠭ᠋ᠠᠭᠰᠠᠨ ᠦᠭᠡᠢ ᠪᠤᠶᠤ ᠴᠡᠪᠳᠡᠭᠯᠡᠯ᠎ᠢ ᠴᠠᠭ ᠲᠤᠬᠠᠶ᠎ᠳᠤᠨᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠭᠰᠠᠨ ᠦᠭᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠣᠪᠣᠷ ᠴᠤᠬᠠᠭ ᠤᠢ ᠮᠣᠳᠣ ᠵᠢ ᠬᠠᠤᠯᠢ ᠪᠤᠰᠤ᠎ᠪᠠᠷ ᠠᠷᠠᠯᠵᠢᠶᠠᠯᠠᠬᠤ᠂ ᠬᠤᠳᠠᠯᠳᠤᠨ ᠣᠷᠣᠭᠤᠯᠬᠤ᠂ ᠪᠤᠯᠪᠠᠰᠤᠷᠠᠭᠤᠯᠬᠤ ᠵᠢ ᠰᠢᠳᠬᠡᠬᠦ
ᠤᠯᠤᠰ᠎ᠤᠨ ᠥᠮᠴᠢᠯᠡᠯ᠎ᠤᠨ ᠭᠣᠣᠯᠳᠠᠯᠭ᠎ᠠ᠎ᠲᠠᠢ ᠰᠢᠭᠤᠶ᠋ᠢᠲᠤ ᠣᠷᠣᠨ᠎ᠳᠤ ᠮᠣᠳᠣᠨ ᠮᠠᠲ᠋ᠧᠷᠢᠶᠠᠯ ᠡᠵᠡᠩᠨᠡᠬᠦ (ᠪᠣᠯᠪᠠᠰᠤᠷᠠᠭᠤᠯᠬᠤ) ᠬᠢᠨᠠᠨ ᠵᠦᠪᠰᠢᠶᠡᠷᠡᠯ
ᠤᠢ ᠮᠣᠳᠣᠨ᠎ᠤ ᠥᠮᠴᠢᠯᠡᠬᠦ ᠡᠷᠬᠡ ᠵᠢᠨ ᠮᠠᠷᠭᠤᠯᠳᠤᠭ᠋ᠠᠨ᠎ᠢ ᠰᠢᠢᠳᠪᠦᠷᠢᠯᠡᠬᠦ ᠠᠵᠢᠯ᠎ᠤᠨ ᠳᠤᠮᠳᠠ ᠲᠤᠪᠦ᠋ᠢ᠍ᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠣᠯᠤᠨ ᠬᠤᠪᠢ ᠬᠥᠮᠦᠨ᠎ᠤ ᠱᠠᠩᠨᠠᠯ
ᠭᠠᠳᠠᠭ᠋ᠠᠳᠤ᠎ᠠᠴᠠ ᠣᠷᠣᠭᠣᠯᠣᠭᠰᠠᠨ ᠦᠷ᠎ᠡ ᠴᠢᠬᠢ ᠵᠢᠨ ᠬᠢᠵᠢᠭ᠎ᠤᠨ ᠪᠠᠢ᠌ᠴᠠᠭ᠋ᠠᠯᠳᠠ ᠵᠢᠴᠢ ᠵᠦᠪᠰᠢᠶᠡᠷᠡᠯ
ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠬᠣᠯᠪᠣᠭᠳᠠᠯ ᠪᠦᠬᠦᠢ ᠲᠦᠷᠢᠮ ᠲᠤᠭᠳᠠᠭ᠋ᠠᠯ
 
             蒙ICP备05000248号