ᠡᠷᠬᠡ᠎ᠤᠨ ᠨᠡᠷᠡᠢ᠌ᠳᠤᠯ ᠤᠯᠤᠰ᠎ᠤᠨ ᠥᠮᠴᠢᠯᠡᠯ᠎ᠤᠨ ᠭᠣᠣᠯᠳᠠᠯᠭ᠎ᠠ᠎ᠲᠠᠢ ᠰᠢᠭᠤᠶ᠋ᠢᠲᠤ ᠣᠷᠣᠨ᠎ᠳᠤ ᠮᠣᠳᠣᠨ ᠮᠠᠲ᠋ᠧᠷᠢᠶᠠᠯ ᠡᠵᠡᠩᠨᠡᠬᠦ (ᠪᠣᠯᠪᠠᠰᠤᠷᠠᠭᠤᠯᠬᠤ) ᠬᠢᠨᠠᠨ ᠵᠦᠪᠰᠢᠶᠡᠷᠡᠯ
ᠡᠷᠬᠡ ᠵᠢᠨ ᠲᠦᠷᠦᠯ ᠵᠦᠢ᠍ᠯ ᠵᠠᠰᠠᠭ ᠵᠠᠬᠢᠷᠭ᠋ᠠᠨ᠎ᠤ ᠵᠥᠪᠰᠢᠶᠡᠷᠡᠯ
ᠬᠠᠷᠢᠭᠤᠴᠠᠯᠭ᠎ᠠ ᠵᠢᠨ ᠪᠡᠶᠡᠴᠢ ᠴᠣᠭᠴᠠ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
ᠲᠤᠭᠳᠠᠭ᠋ᠠᠭᠰᠠᠨ ᠦᠨᠳᠦᠰᠦᠯᠡᠯ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ ᠵᠢ ᠬᠡᠷᠡᠭᠵᠢᠭᠦᠯᠬᠦ ᠳᠦᠷᠢᠮ》᠎ᠤᠨ ᠭᠤᠴᠢᠨ ᠳᠥᠷᠪᠡᠳᠦᠭᠡᠷ ᠵᠦᠢ᠍ᠯ ᠰᠢᠭᠤᠶ᠋ᠢᠲᠤ ᠣᠷᠣᠨ᠎ᠳᠤ ᠮᠣᠳᠣᠨ ᠮᠠᠲ᠋ᠧᠷᠢᠶᠠᠯ ᠡᠵᠡᠩᠨᠡᠬᠦ (ᠪᠣᠯᠪᠠᠰᠤᠷᠠᠭᠤᠯᠬᠤ)᠎ᠳᠤ ᠡᠷᠬᠡᠪᠰᠢ ᠰᠢᠶᠠᠨ᠎ᠤ ᠱᠠᠲᠤᠨ᠎ᠠᠴᠠ ᠳᠡᠭᠡᠭᠰᠢᠬᠢ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠬᠡᠷᠡᠭᠲᠡᠶ᠃ ᠮᠣᠳᠣᠨ ᠮᠠᠲ᠋ᠧᠷᠢᠶᠠᠯ ᠬᠤᠳᠠᠯᠳᠤᠨ ᠠᠪᠬᠤ ᠨᠢᠭᠡᠴᠡ ᠪᠠ ᠬᠤᠪᠢ ᠬᠥᠮᠦᠨ ᠮᠣᠳᠣ ᠣᠭᠲᠣᠯᠬᠤ ᠵᠥᠪᠰᠢᠶᠡᠷᠡᠯ᠎ᠤᠨ ᠦᠨᠡᠮᠯᠡᠯ ᠪᠤᠶᠤ ᠬᠠᠤᠯᠢ ᠶᠣᠰᠣᠨ᠎ᠤ ᠢᠷᠡᠯᠳᠡ ᠵᠢᠨ ᠬᠡᠷᠡᠴᠢ ᠦᠭᠡᠢ ᠮᠣᠳᠣᠨ ᠮᠠᠲ᠋ᠧᠷᠢᠶᠠᠯ᠎ᠢ ᠬᠤᠳᠠᠯᠳᠤᠨ ᠠᠪᠴᠤ ᠪᠣᠯᠬᠤ ᠦᠭᠡᠢ᠃ ᠲᠦᠷᠦᠭᠦᠦ ᠪᠠᠳᠠᠭ᠎ᠲᠤ ᠬᠡᠯᠡᠭᠰᠡᠨ ᠮᠣᠳᠣᠨ ᠮᠠᠲ᠋ᠧᠷᠢᠶᠠᠯ ᠭᠡᠲᠡᠭ ᠪᠣᠯ ᠲᠦᠬᠦᠬᠡᠢ ᠮᠠᠲᠸᠷᠢᠶᠠᠯ᠂ ᠬᠢᠷᠦᠭᠡᠳᠦᠭᠰᠡᠨ ᠮᠣᠳᠣ᠂ ᠬᠤᠯᠤᠰᠤᠨ ᠮᠠᠲ᠋ᠧᠷᠢᠶᠠᠯ᠂ ᠮᠣᠳᠣᠨ ᠬᠠᠪᠲᠠᠰᠤ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠠᠴᠠ ᠲᠣᠭᠲᠠᠭ᠋ᠠᠭᠰᠠᠨ ᠪᠤᠰᠤᠳ ᠮᠣᠳᠣᠨ ᠮᠠᠲ᠋ᠧᠷᠢᠶᠠᠯ᠎ᠢ ᠬᠡᠯᠡᠵᠦ ᠪᠠᠶ᠋ᠢᠨ᠎ᠠ᠃ 《ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠨᠢᠭᠡ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯ᠎ᠢ ᠬᠠᠰᠤᠬᠤ ᠪᠤᠶᠤ ᠲᠣᠬᠢᠷᠠᠭᠤᠯᠬᠤ ᠵᠡᠷᠭᠡ ᠶᠠᠪᠤᠳᠠᠯ᠎ᠤᠳ᠎ᠤᠨ ᠲᠤᠬᠠᠶ ᠲᠣᠭᠲᠠᠭ᠋ᠠᠯ》 (ᠲᠦᠷᠦ ᠲᠠᠷᠬᠠᠭ᠋ᠠᠭᠰᠠᠨ [2014] 50 ᠳ᠋ᠤᠭ᠋ᠠᠷ ᠲᠣᠭ᠋ᠠᠲᠤ)᠂ ᠭᠣᠣᠯᠳᠠᠯᠭ᠎ᠠ᠎ᠲᠠᠢ ᠤᠯᠤᠰ᠎ᠤᠨ ᠥᠮᠴᠢᠯᠡᠯ᠎ᠤᠨ ᠰᠢᠭᠤᠶ᠋ᠢᠲᠤ ᠣᠷᠣᠨ᠎ᠳᠤ ᠮᠣᠳᠣᠨ ᠮᠠᠲ᠋ᠧᠷᠢᠶᠠᠯ ᠡᠵᠡᠩᠨᠡᠬᠦ (ᠪᠣᠯᠪᠠᠰᠤᠷᠠᠭᠤᠯᠬᠤ) ᠬᠢᠨᠠᠨ ᠵᠦᠪᠰᠢᠶᠡᠷᠡᠯ᠎ᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠳᠣᠷᠣᠭᠰᠢ ᠪᠠᠭᠤᠯᠭ᠋ᠠᠬᠤ ᠬᠡᠷᠡᠭᠲᠡᠶ᠃
ᠬᠠᠷᠢᠭᠤᠴᠠᠯᠭ᠎ᠠ ᠵᠢᠨ ᠵᠦᠢ᠍ᠯᠡᠰ
1. ᠬᠦᠯᠢᠶᠡᠨ ᠠᠪᠴᠤ ᠰᠢᠢᠳᠪᠦᠷᠢᠯᠡᠬᠦ ᠬᠠᠷᠢᠭᠤᠴᠠᠯᠭ᠎ᠠ᠄ ᠬᠠᠤᠯᠢ ᠶᠣᠰᠣᠭ᠋ᠠᠷ ᠲᠤᠰᠢᠶᠠᠬᠤ ᠶᠣᠰᠣᠲᠠᠶ ᠮᠠᠲ᠋ᠧᠷᠢᠶᠠᠯ᠎ᠢ ᠨᠡᠢ᠌ᠲᠡᠯᠡᠬᠦ; ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠮᠠᠲ᠋ᠧᠷᠢᠶᠠᠯ᠎ᠢ ᠨᠥᠬᠥᠪᠥᠷᠢᠯᠡᠵᠦ ᠵᠠᠯᠠᠷᠠᠭᠤᠯᠬᠤ; ᠬᠠᠤᠯᠢ ᠶᠣᠰᠣᠭ᠋ᠠᠷ ᠬᠦᠯᠢᠶᠠᠨ ᠠᠪᠴᠤ ᠰᠢᠢᠳᠪᠦᠷᠢᠯᠡᠬᠦ ᠪᠤᠶᠤ ᠦᠯᠦ ᠬᠦᠯᠢᠶᠡᠨ ᠠᠪᠴᠤ ᠰᠢᠢᠳᠪᠦᠷᠢᠯᠡᠬᠦ (ᠬᠦᠯᠢᠶᠡᠨ ᠠᠪᠴᠤ ᠰᠢᠢᠳᠪᠦᠷᠢᠯᠡᠬᠦ ᠦᠭᠡᠶ ᠤᠴᠢᠷ ᠰᠢᠯᠲᠠᠭ᠋ᠠᠨ᠎ᠢ ᠮᠡᠳᠡᠭᠳᠡᠬᠦ); 2. ᠬᠢᠨᠠᠨ ᠪᠠᠢ᠌ᠴᠠᠭ᠋ᠠᠬᠤ ᠬᠠᠷᠢᠭᠤᠴᠠᠯᠭ᠎ᠠ᠄ ᠭᠤᠶᠤᠴᠢᠯᠠᠯ᠎ᠤᠨ ᠮᠠᠲ᠋ᠧᠷᠢᠶᠠᠯ᠎ᠢ ᠬᠢᠨᠠᠨ ᠬᠠᠷᠭᠤᠭᠤᠯᠬᠤ᠂ ᠬᠢᠨᠠᠨ ᠪᠠᠶ᠋ᠢᠴᠠᠭ᠋ᠠᠭᠰᠠᠨ ᠰᠠᠨᠠᠯ ᠳᠤᠷᠠᠳᠬᠤ ᠶᠣᠰᠣᠲᠠᠶ᠃ 3. ᠬᠠᠷᠢᠭᠤᠴᠠᠯᠭ᠎ᠠ ᠲᠣᠭᠲᠠᠭ᠋ᠠᠨ᠎ᠠ᠄ ᠤᠯᠤᠰ᠎ᠤᠨ ᠥᠮᠴᠢᠯᠡᠯ᠎ᠤᠨ ᠭᠣᠣᠯᠳᠠᠯᠭ᠎ᠠ᠎ᠲᠠᠢ ᠰᠢᠭᠤᠶ᠋ᠢᠲᠤ ᠣᠷᠣᠨ᠎ᠳᠤ ᠮᠣᠳᠣᠨ ᠮᠠᠲ᠋ᠧᠷᠢᠶᠠᠯ ᠡᠵᠡᠩᠨᠡᠬᠦ (ᠪᠣᠯᠪᠠᠰᠤᠷᠠᠭᠤᠯᠬᠤ) ᠦᠨᠡᠮᠯᠡᠯ ᠬᠢᠨᠠᠨ ᠤᠯᠭᠤᠬᠤ ᠪᠤᠶᠤ ᠦᠯᠦ ᠬᠢᠨᠠᠨ ᠤᠯᠭᠤᠬᠤ ᠲᠤᠭᠳᠠᠭ᠋ᠠᠯ (ᠦᠯᠦ ᠬᠢᠨᠠᠨ ᠣᠯᠭᠣᠭᠰᠠᠨ ᠤᠴᠢᠷ ᠰᠢᠯᠲᠠᠭ᠋ᠠᠨ ᠵᠶ᠋ᠠᠨ ᠮᠡᠳᠡᠭᠳᠡᠬᠦ ᠬᠡᠷᠡᠭᠳᠡᠢ) ᠭᠠᠷᠭ᠋ᠠᠬᠤ᠎ᠠᠴᠠ ᠡᠮᠦᠨ᠎ᠡ ᠬᠠᠤᠯᠢ᠎ᠳᠤ ᠲᠣᠭᠲᠠᠭ᠋ᠠᠭᠰᠠᠨ ᠮᠡᠳᠡᠭᠳᠡᠬᠦ ᠬᠠᠷᠢᠭᠤᠴᠠᠯᠭ᠎ᠠ ᠵᠢ ᠬᠦᠢ᠍ᠴᠡᠳᠬᠡᠨᠠ᠃ 4. ᠬᠦᠷᠭᠡᠬᠦ ᠬᠠᠷᠢᠭᠤᠴᠠᠯᠭ᠎ᠠ᠄ ᠴᠠᠭ ᠲᠤᠬᠠᠶ᠎ᠳᠤᠨᠢ ᠰᠢᠢᠳᠪᠦᠷᠢᠯᠡᠨ ᠳᠠᠭᠤᠰᠬᠠᠵᠤ᠂ ᠤᠯᠤᠰ᠎ᠤᠨ ᠥᠮᠴᠢᠯᠡᠯ᠎ᠤᠨ ᠭᠣᠣᠯᠳᠠᠯᠭ᠎ᠠ᠎ᠲᠠᠢ ᠰᠢᠭᠤᠶ᠋ᠢᠲᠤ ᠣᠷᠣᠨ᠎ᠳᠤ ᠮᠣᠳᠣᠨ ᠮᠠᠲ᠋ᠧᠷᠢᠶᠠᠯ ᠡᠵᠡᠩᠨᠡᠬᠦ (ᠪᠣᠯᠪᠠᠰᠤᠷᠠᠭᠤᠯᠬᠤ) ᠦᠨᠡᠮᠯᠡᠯ᠎ᠢ ᠭᠠᠷᠭ᠋ᠠᠵᠤ᠂ ᠳᠠᠩᠰᠠ ᠡᠪᠬᠡᠮᠡᠯ᠎ᠢ ᠪᠠᠢ᠌ᠭᠤᠯᠵᠦ᠂ ᠲᠡᠷᠡᠴᠢᠯᠡᠨ ᠮᠡᠳᠡᠭᠡ ᠵᠠᠩᠭᠢ ᠵᠢ ᠵᠠᠷᠯᠠᠨ ᠨᠡᠶ᠋ᠢᠲᠡᠯᠡᠬᠦ ᠬᠡᠷᠡᠭᠲᠡᠶ᠃ 5. ᠬᠡᠷᠡᠭ᠎ᠤᠨ ᠲᠠᠷᠠᠭ᠎ᠠ ᠬᠢᠨᠠᠯᠲᠠ ᠲᠠᠯᠪᠢᠬᠤ ᠬᠠᠷᠢᠭᠤᠴᠠᠯᠭ᠎ᠠ᠄ ᠭᠤᠶᠤᠴᠢᠯᠠᠭᠴᠢ ᠵᠥᠪᠰᠢᠶᠡᠷᠡᠯ᠎ᠤᠨ ᠦᠨᠡᠮᠯᠡᠯ ᠠᠪᠤᠭᠰᠠᠨ᠎ᠤ ᠳᠠᠷᠠᠭ᠎ᠠ᠎ᠨᠢ ᠦᠨᠡᠮᠡᠯᠡᠯ᠎ᠤᠨ ᠶᠤᠰᠤᠭ᠋ᠠᠷ ᠮᠣᠳᠣᠨ ᠮᠠᠲ᠋ᠧᠷᠢᠶᠠᠯ ᠡᠵᠡᠩᠨᠡᠵᠦ (ᠪᠣᠯᠪᠠᠰᠤᠷᠠᠭᠤᠯᠬᠤ) ᠪᠠᠶ᠋ᠢᠬᠤ ᠡᠰᠡᠬᠦ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠦᠨᠡᠮᠯᠡᠯ ᠥᠭᠡᠢ᠎ᠪᠠᠷ ᠡᠵᠡᠩᠨᠡᠬᠦ (ᠪᠣᠯᠪᠠᠰᠤᠷᠠᠭᠤᠯᠬᠤ) ᠦᠢ᠍ᠯᠡ ᠠᠵᠢᠯᠯᠠᠭ᠎ᠠ ᠵᠢᠨ ᠬᠠᠷᠢᠭᠤᠴᠠᠯᠭ᠎ᠠ ᠵᠢ ᠨᠡᠬᠡᠮᠵᠢᠯᠡᠵᠦ ᠪᠣᠯᠤᠨ᠎ᠠ᠃ 6. ᠪᠤᠰᠤᠳ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠭᠦᠢ᠍ᠴᠡᠳᠬᠡᠪᠡᠰᠦ ᠵᠣᠬᠢᠬᠤ ᠬᠠᠷᠢᠭᠤᠴᠠᠯᠭ᠎ᠠ ᠃
ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠵᠢᠴᠢ ᠦᠨᠳᠦᠰᠦᠯᠡᠯ
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ》 ᠵᠢᠨ ᠳᠥᠴᠢᠨ ᠵᠢᠷᠭᠤᠳᠤᠭ᠋ᠠᠷ ᠵᠦᠢ᠍ᠯ ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠤᠢ ᠰᠢᠭᠤᠶ ᠵᠢ ᠬᠢᠨᠠᠨ ᠬᠠᠮᠢᠶᠠᠷᠬᠤ ᠠᠵᠢᠯ ᠬᠢᠵᠦ ᠪᠠᠶ᠋ᠢᠭ᠎ᠠ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠳᠡᠠ ᠪᠣᠯᠤᠨ ᠲᠦᠷᠦ ᠵᠢᠨ ᠪᠠᠢ᠌ᠭᠤᠯᠭ᠎ᠠ ᠵᠢᠨ ᠪᠤᠰᠤᠳ ᠬᠣᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠠ; ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶ᠋ᠢᠪᠠᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ ᠃