ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠲᠦᠷᠢᠮ
ᠨᠡᠶ᠋ᠢᠲᠡᠯᠡᠭᠰᠡᠨ ᠴᠠᠭ᠄ 2021-11-22

     (2021 ᠣᠨ᠎ᠤ 7 ᠰᠠᠷ᠎ᠠ ᠵᠢᠨ 29᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢᠨ ᠳᠣᠯᠣᠳᠤᠭ᠋ᠠᠷ ᠬᠤᠷᠠᠯ᠎ᠠᠴᠠ ᠪᠠᠲᠤᠯᠠᠪᠠ)

      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠠᠯᠪᠠᠨ ᠵᠠᠷᠯᠠᠯ (ᠲᠠᠪᠢᠨ ᠵᠢᠷᠭᠤᠳᠤᠭ᠋ᠠᠷ ᠲᠣᠭ᠋ᠠᠲᠤ) 2021 ᠣᠨ᠎ᠤ 7 ᠰᠠᠷ᠎ᠠ ᠵᠢᠨ 29᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠬᠤᠷᠢᠨ ᠳᠣᠯᠣᠳᠤᠭ᠋ᠠᠷ ᠬᠤᠷᠠᠯ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠤᠨ ᠲᠠᠩᠴᠡᠬᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠲᠦᠷᠢᠮ》᠎ᠢ ᠪᠠᠲᠤᠯᠠᠪᠠ᠂ ᠤᠳᠤ ᠨᠡᠶ᠋ᠢᠲᠡᠯᠡᠰᠤᠭᠡᠢ᠂ 2021 ᠣᠨ᠎ᠤ 10 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃

              2021 ᠣᠨ᠎ᠤ 7 ᠰᠠᠷ᠎ᠠ ᠵᠢᠨ 29᠎ᠤ ᠡᠳᠦᠷ

      ᠨᠢᠭᠡᠳᠦᠭᠡᠷ ᠵᠦᠢ᠍ᠯ ᠬᠠᠤᠯᠢ ᠶᠤᠰᠤᠭ᠋ᠠᠷ ᠨᠤᠲᠤᠭ ᠪᠡᠯᠴᠢᠭᠡᠷ᠎ᠢ ᠬᠠᠮᠠᠭ᠋ᠠᠯᠠᠨ ᠠᠮᠢ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠥᠨᠢᠳᠡ ᠦᠷᠭᠦᠯᠵᠢᠯᠡᠨ ᠠᠰᠢᠡᠡᠯᠠᠬᠤ ᠵᠢ ᠪᠡᠶᠡᠯᠡᠭᠦᠯᠵᠦ᠂ ᠪᠡᠯᠴᠢᠬᠡᠷ᠎ᠤᠨ ᠮᠠᠯ ᠠᠵᠤ ᠠᠬᠤᠶ ᠵᠢᠨ ᠬᠥᠭᠵᠢᠯᠲᠡ ᠬᠢᠭᠡᠳ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢ ᠬᠠᠷᠢᠯᠴᠠᠨ ᠵᠣᠬᠢᠴᠠᠭᠤᠯᠬᠤ ᠵᠢᠨ ᠲᠦᠯᠦᠭᠡ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 ᠪᠣᠯᠤᠨ ᠤᠯᠤᠰ᠎ᠤᠨ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭ᠋ᠠᠪᠠ᠃

    ᠬᠤᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠪᠠᠶ᠋ᠢᠭ᠋ᠠᠯᠢ ᠵᠢᠨ ᠨᠤᠲᠤᠭ ᠪᠡᠯᠴᠢᠭᠡᠷ᠎ᠢ ᠠᠰᠢᠡᠡᠯᠠᠨ ᠮᠠᠯ ᠠᠵᠤ ᠠᠬᠤᠶ ᠵᠢᠨ ᠦᠢ᠍ᠯᠡᠳᠪᠤᠷᠢᠯᠡᠯ ᠡᠵᠡᠩᠨᠡᠯᠲᠡ ᠵᠢᠨ ᠠᠵᠢᠯᠯᠠᠭ᠎ᠠ ᠡᠷᠬᠢᠯᠡᠵᠦ᠂ ᠬᠠᠮᠢᠶ᠎ᠠ ᠪᠥᠬᠦᠶ ᠬᠢᠨᠠᠯᠲᠠ ᠬᠠᠮᠢᠶᠠᠷᠤᠯᠲᠠ ᠵᠢᠨ ᠠᠵᠢᠯ ᠥᠷᠨᠢᠭᠦᠯᠬᠦ᠎ᠳᠤ ᠲᠣᠰ ᠲᠦᠷᠢᠮ᠎ᠢ ᠵᠢᠷᠤᠮᠯᠠᠨ᠎ᠠ᠃

      ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠠᠵᠢᠯ᠎ᠳᠤ ᠠᠮᠢ ᠠᠬᠤᠶ ᠵᠢ ᠤᠷᠢᠳ ᠵᠶ᠋ᠠᠷ ᠪᠤᠳᠤᠯᠬᠢᠯᠠᠬᠤ ᠪᠣᠬᠢᠷᠲᠤᠯ ᠥᠬᠡᠶ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠎ᠠ; ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠬᠤ᠎ᠪᠠᠷ ᠬᠠᠷᠠᠯᠲᠠ ᠪᠣᠯᠭ᠋ᠠᠵᠤ᠂ ᠠᠶᠠᠨᠳᠠᠭ᠋ᠠᠨ ᠰᠡᠷᠭᠦᠬᠦ᠎ᠪᠠᠷ ᠭᠤᠣᠯ ᠪᠣᠯᠭ᠋ᠠᠬᠤ ᠴᠢᠭᠯᠡᠯᠲᠡ ᠵᠢ ᠪᠠᠷᠢᠮᠲᠠᠯᠠᠨ᠎ᠠ; ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠵᠤ ᠲᠥᠷᠥᠯ ᠬᠤᠪᠢᠶᠠᠨ ᠵᠢᠯᠣᠭᠤᠳᠬᠤ᠂ ᠪᠡᠯᠴᠢᠭᠡᠷ᠎ᠤᠨ ᠪᠠᠶ᠋ᠢᠳᠠᠯ ᠵᠶ᠋ᠠᠷ ᠮᠠᠯ᠎ᠤᠨ ᠲᠤᠭ᠎ᠠ ᠵᠢ ᠳᠤᠭᠳᠠᠭ᠋ᠠᠵᠤ ᠬᠥᠳᠡᠯᠦᠩᠭᠦᠶ ᠲᠡᠩᠴᠡᠭᠦᠷᠢ ᠵᠢ ᠪᠠᠳᠤᠯᠠᠬᠤ᠂ ᠡᠷᠬᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ ᠱᠠᠩᠨᠠᠵᠤ ᠲᠤᠷᠭ᠋ᠠᠬᠤ ᠵᠢ ᠵᠡᠷᠭᠡ᠎ᠪᠠᠷ ᠬᠡᠷᠡᠭᠵᠢᠭᠦᠯᠬᠦ ᠵᠠᠷᠴᠢᠮ᠎ᠢ ᠪᠠᠷᠢᠮᠲᠠᠯᠠᠨ᠎ᠠ᠃

      ᠳᠥᠷᠪᠡᠳᠦᠭᠡᠷ ᠵᠦᠢ᠍ᠯ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠠᠵᠢᠯ᠎ᠢ ᠨᠠᠶ᠋ᠢᠳᠠᠪᠤᠷᠢᠵᠢᠭᠤᠯᠬᠤ᠎ᠳᠠᠭᠠᠨ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠵᠤ ᠰᠡᠷᠭᠦᠭᠡᠨ ᠵᠠᠰᠠᠬᠤ ᠢᠨᠵᠧᠨᠧᠷᠢᠩ᠎ᠤᠨ ᠲᠥᠷᠥᠯ ᠵᠦᠢ᠍ᠯ᠎ᠲᠠᠢ ᠤᠶᠠᠯᠳᠤᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠶ ᠣᠷᠴᠢᠨ ᠲᠣᠭᠤᠷᠢᠨ᠎ᠢ ᠰᠠᠶ᠋ᠢᠵᠢᠷᠠᠭᠤᠯᠤᠨ᠎ᠠ᠃

      ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠠᠴᠠ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠣᠯᠠᠨ ᠡᠰᠢᠵᠢᠭᠰᠡᠨ ᠨᠥᠬᠦᠪᠥᠷᠢ ᠤᠯᠭᠤᠬᠤ ᠲᠣᠭᠲᠠᠴᠠ ᠵᠢ ᠪᠠᠶ᠋ᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠭᠰᠠᠨ ᠦᠷ᠎ᠡ ᠪᠦᠲᠦᠮᠵᠢ ᠵᠢ ᠨᠦᠬᠦᠪᠤᠷᠢ ᠪᠠ ᠱᠠᠩᠨᠠᠯ᠎ᠤᠨ ᠮᠥᠩᠭᠦ ᠵᠢᠨ ᠬᠤᠪᠢᠶᠠᠷᠢᠯᠠᠯᠲᠠ᠎ᠲᠠᠢ ᠬᠤᠯᠪᠣᠭᠳᠠᠭᠤᠯᠬᠤ ᠤᠷᠮᠠᠰᠢᠭᠤᠯᠵᠤ ᠬᠢᠵᠠᠭ᠋ᠠᠷᠯᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠤ᠂ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠭᠰᠠᠳ᠎ᠲᠤ ᠨᠥᠬᠦᠪᠥᠷᠢ ᠤᠯᠭᠤᠵᠤ ᠨᠤᠲᠤᠭ ᠪᠡᠯᠴᠢᠭᠡᠷ᠎ᠤᠨ ᠠᠮᠢ ᠠᠬᠤᠢ ᠵᠢ ᠬᠤᠬᠢᠷᠠᠭᠤᠯᠤᠭᠰᠠᠳ᠎ᠠᠴᠠ ᠲᠦᠯᠦᠪᠤᠷᠢ ᠠᠪᠬᠤ ᠳᠦᠷᠢᠮ᠎ᠢ ᠴᠢᠩᠭ᠎ᠠ ᠬᠡᠷᠡᠭᠵᠢᠭᠦᠯᠦᠨ᠎ᠡ᠃

      ᠵᠢᠷᠭᠤᠳᠤᠭ᠋ᠠᠷ ᠵᠦᠢ᠍ᠯ ᠨᠤᠲᠤᠭ ᠪᠡᠯᠴᠢᠭᠡᠷ᠎ᠤᠨ ᠬᠡᠷᠡᠭᠯᠡᠭᠴᠢᠳ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠭᠴᠢ ᠪᠣᠯ ᠨᠤᠲᠤᠭ ᠪᠡᠯᠴᠢᠭᠡᠷ᠎ᠢ ᠬᠠᠮᠠᠭ᠋ᠠᠯᠠᠬᠤ ᠭᠤᠣᠯ ᠴᠣᠭᠴᠠ ᠪᠤᠯᠬᠤᠷ ᠨᠤᠲᠤᠭ ᠪᠡᠯᠴᠢᠭᠡᠷ᠎ᠢ ᠬᠠᠤᠯᠢ ᠶᠣᠰᠣᠭ᠋ᠠᠷ ᠬᠠᠮᠠᠭ᠋ᠠᠯᠠᠨ ᠵᠦᠢ ᠵᠣᠬᠢᠰᠲᠠᠶ ᠠᠰᠢᠡᠡᠯᠠᠵᠤ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠳᠦᠷᠢᠮ᠎ᠢ ᠵᠢᠷᠤᠮᠯᠠᠵᠤ᠂ ᠨᠤᠲᠤᠭ ᠪᠡᠯᠴᠢᠭᠡᠷ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠶ᠃

      ᠳᠣᠯᠣᠳᠤᠭ᠋ᠠᠷ ᠵᠦᠢ᠍ᠯ ᠨᠤᠲᠤᠭ ᠪᠡᠯᠴᠢᠭᠡᠷ᠎ᠤᠨ ᠬᠡᠷᠡᠭᠯᠡᠭᠴᠢᠳ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠭᠴᠢᠳ᠎ᠤᠨ ᠳᠠᠷᠢᠵᠤ ᠲᠡᠵᠢᠭᠡᠬᠦ ᠵᠢ ᠤᠶᠠᠯᠳᠤᠭᠤᠯᠬᠤ᠂ ᠬᠠᠰᠢᠶᠠᠯᠠᠨ ᠲᠡᠵᠢᠭᠡᠬᠦ᠂ ᠡᠭᠦᠯᠳᠡᠷ ᠰᠠᠶ᠋ᠢᠵᠢᠷᠠᠭᠤᠯᠬᠤ᠂ ᠰᠦᠷᠦᠭ᠎ᠤᠨ ᠪᠦᠲᠦᠴᠡ᠎ᠪᠠᠨ ᠰᠢᠯᠢᠳᠡᠭᠵᠢᠭᠦᠯᠬᠦ᠂ ᠰᠦᠷᠦᠭ᠎ᠤᠨ ᠡᠷᠭᠢᠯᠲᠡ᠎ᠪᠠᠨ ᠲᠦᠷᠭᠡᠳᠬᠡᠬᠦ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠨ ᠪᠡᠯᠴᠢᠬᠡᠷ᠎ᠤᠨ ᠮᠠᠯ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠪᠡᠯᠴᠢᠭᠡᠷ᠎ᠤᠨ ᠳᠠᠷᠤᠭ᠋ᠠᠰᠤ ᠵᠢ ᠬᠥᠩᠭᠡᠷᠡᠭᠦᠯᠬᠦ ᠵᠢ ᠵᠣᠷᠢᠭᠵᠢᠭᠤᠯᠤᠨ᠎ᠠ᠃

      ᠨᠠᠢ᠍ᠮᠠᠳᠣᠭ᠋ᠠᠷ ᠵᠦᠢ᠍ᠯ ᠲᠣᠰ ᠲᠦᠷᠢᠮ᠎ᠳᠤ ᠬᠡᠯᠡᠵᠦ ᠪᠠᠶ᠋ᠢᠭ᠎ᠠ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠭᠡᠳᠡᠭ᠎ᠨᠢ ᠨᠤᠳᠤᠭ ᠪᠡᠯᠴᠢᠭᠡᠷ᠎ᠤᠨ ᠡᠪᠡᠰᠤᠨ᠎ᠤ ᠤᠨᠠᠯᠳᠠ ᠪᠤᠯᠤᠨ ᠵᠦᠶ ᠵᠣᠬᠢᠰᠲᠠᠶ ᠠᠰᠢᠡᠡᠯᠠᠯᠳᠠ᠎ᠳᠤ ᠬᠠᠩᠭ᠋ᠠᠵᠤ ᠪᠤᠯᠬᠤᠢ᠍ᠢ᠍ᠴᠠ ᠲᠠᠵᠢᠬᠡᠯ ᠡᠪᠡᠰᠦᠨ᠎ᠤ ᠬᠡᠮᠵᠢᠶ᠎ᠡ ᠬᠢᠬᠡᠳ ᠪᠡᠯᠴᠢᠬᠡᠷᠯᠡᠬᠦᠯᠦᠨ ᠮᠠᠯᠵᠢᠬᠤ ᠮᠠᠯ ᠤᠨᠤᠭ᠎ᠠ ᠵᠢᠨ ᠬᠡᠷᠡᠭᠰᠡᠬᠦ ᠲᠠᠵᠢᠬᠡᠯ ᠡᠪᠡᠰᠦᠨ᠎ᠤ ᠬᠡᠮᠵᠢᠶ᠎ᠡ᠎ᠯᠦᠭᠡ ᠵᠢᠨ ᠬᠥᠳᠡᠯᠦᠩᠭᠦᠶ ᠲᠡᠩᠴᠡᠭᠦᠷᠢ ᠵᠢ ᠪᠠᠳᠤᠯᠠᠬᠤ ᠵᠢ ᠵᠢᠭ᠋ᠠᠵᠤ ᠪᠠᠶ᠋ᠢᠨ᠎ᠠ᠃ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠣᠷᠣᠨ᠎ᠳᠤ ᠨᠤᠲᠤᠭ ᠪᠡᠯᠴᠢᠭᠡᠷ᠎ᠤᠨ ᠬᠦᠯᠢᠶᠡᠨ ᠠᠪᠬᠤ ᠴᠢᠳᠠᠪᠤᠷᠢ ᠵᠢ ᠦᠨᠳᠦᠰᠦᠯᠡᠨ ᠲᠣᠬᠢᠷᠠᠮᠵᠢᠳᠠᠢ ᠲᠠᠭ᠋ᠠᠭ᠋ᠠᠴᠠ ᠵᠢ ᠬᠢᠨᠠᠨ ᠲᠣᠭᠲᠠᠭ᠋ᠠᠵᠤ᠂ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠳᠦᠷᠢᠮ᠎ᠢ ᠴᠢᠩᠭ᠎ᠠ ᠬᠡᠷᠡᠭᠵᠢᠭᠦᠯᠵᠤ᠂ ᠪᠡᠯᠴᠢᠭᠡᠷ ᠵᠶ᠋ᠠᠨ ᠬᠡᠰᠡᠭᠯᠡᠨ ᠰᠡᠯᠭᠦᠨ ᠮᠠᠯᠵᠢᠬᠤ ᠵᠢ ᠵᠣᠷᠢᠭᠵᠢᠭᠤᠯᠤᠨ᠎ᠠ᠃

    ᠶᠢᠰᠦᠳᠦᠭᠡᠷ ᠵᠦᠢ᠍ᠯ ᠲᠣᠰ ᠲᠦᠷᠢᠮ᠎ᠳᠤ ᠬᠡᠯᠡᠵᠦ ᠪᠠᠶ᠋ᠢᠭ᠎ᠠ ᠪᠡᠯᠴᠢᠭᠡᠷ᠎ᠢ ᠰᠡᠷᠭᠦᠭᠡᠬᠦ ᠭᠡᠳᠡᠭ᠎ᠨᠢ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠤᠷᠤᠨ᠎ᠳᠤ ᠤᠯᠠᠷᠢᠯ᠎ᠤᠨ ᠴᠢᠨᠠᠷᠲᠠᠶ᠎ᠪᠠᠷ ᠪᠡᠯᠴᠢᠭᠡᠷᠯᠡᠭᠦᠯᠬᠦ ᠵᠢ ᠵᠤᠭᠰᠤᠭ᠋ᠠᠬᠤ ᠵᠢ ᠵᠢᠭ᠋ᠠᠵᠤ ᠪᠠᠶ᠋ᠢᠨ᠎ᠠ᠃ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠲᠤᠬᠠᠶ ᠵᠢᠨ ᠭᠠᠵᠠᠷ᠎ᠤᠨ ᠵᠶ᠋ᠠᠨ ᠠᠭᠤᠷ ᠠᠮᠢᠰᠬᠤᠯ᠎ᠤᠨ ᠨᠥᠬᠦᠴᠡᠯ ᠪᠣᠯᠤᠨ ᠪᠡᠯᠴᠢᠬᠡᠷ ᠡᠪᠡᠰᠦ ᠪᠡᠯᠴᠢᠭᠡᠷ᠎ᠤᠨ ᠤᠷᠭᠤᠯᠲᠠ ᠵᠢᠨ ᠵᠢᠮ᠎ᠡ ᠶᠣᠰᠣ ᠵᠢ ᠦᠨᠳᠦᠰᠦᠯᠡᠨ᠂ ᠵᠢᠯ ᠪᠦᠷᠢ ᠵᠢᠨ ᠡᠪᠡᠰᠦ ᠪᠡᠯᠴᠢᠭᠡᠷ ᠨᠣᠭᠤᠭ᠋ᠠᠷᠠᠬᠤ ᠬᠤᠭᠤᠴᠠᠭ᠋ᠠᠨ᠎ᠳᠤ ᠪᠡᠯᠴᠢᠭᠡᠷ᠎ᠢ ᠰᠡᠷᠭᠦᠭᠡᠬᠦ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠪᠡᠯᠴᠢᠭᠡᠷ᠎ᠢ ᠰᠡᠷᠭᠦᠭᠡᠬᠦ ᠬᠤᠭᠤᠴᠠᠭ᠎ᠠ ᠵᠢ ᠳᠥᠴᠢᠨ ᠲᠠᠪᠤᠨ ᠡᠳᠦᠷ᠎ᠠᠴᠠ ᠳᠤᠤᠷ᠎ᠠ ᠪᠠᠶ᠋ᠢᠯᠭ᠋ᠠᠵᠤ ᠪᠣᠯᠬᠤ ᠥᠬᠡᠶ᠃

      ᠠᠷᠪᠠᠳᠤᠭ᠋ᠠᠷ ᠵᠦᠢ᠍ᠯ ᠲᠤᠰ ᠲᠦᠷᠢᠮ᠎ᠳᠤ ᠬᠡᠯᠡᠵᠦ ᠪᠠᠶ᠋ᠢᠭ᠎ᠠ ᠰᠡᠯᠭᠦᠨ ᠮᠠᠯᠵᠢᠬᠤ ᠭᠡᠳᠡᠭ᠎ᠨᠢ ᠨᠤᠲᠤᠭ ᠪᠡᠯᠴᠢᠭᠡᠷ᠎ᠤᠨ ᠦᠢ᠍ᠯᠡᠳᠪᠦᠷᠢᠯᠡᠯ᠎ᠤᠨ ᠬᠦᠴᠦᠨ ᠪᠣᠯᠤᠨ ᠪᠡᠯᠴᠢᠬᠡᠷᠯᠡᠬᠦᠯᠦᠨ ᠮᠠᠯᠵᠢᠬᠤ ᠮᠠᠯ ᠤᠨᠤᠭ᠎ᠠ ᠵᠢᠨ ᠬᠡᠷᠡᠭᠴᠡᠭᠡ ᠵᠢ ᠦᠨᠳᠦᠰᠦᠯᠡᠨ᠂ ᠮᠠᠯᠵᠢᠯ᠎ᠤᠨ ᠪᠡᠯᠴᠢᠭᠡᠷ ᠵᠶ᠋ᠠᠨ ᠡᠳᠦᠶ ᠲᠡᠳᠦᠶ ᠬᠡᠰᠡᠭ ᠬᠤᠪᠢᠶᠠᠵᠤ᠂ ᠪᠠᠯᠴᠢᠬᠡᠷᠯᠡᠬᠦᠯᠦᠨ ᠮᠠᠯᠵᠢᠬᠤ ᠳᠡᠰ ᠳᠠᠷᠠᠭ᠋ᠠᠯᠠᠯ ᠪᠣᠯᠤᠨ ᠦᠶᠡᠯᠡᠯ᠎ᠤᠨ ᠬᠤᠭᠤᠴᠠᠭ᠎ᠠ ᠵᠢ ᠲᠣᠭᠲᠠᠭ᠋ᠠᠬᠤ ᠠᠷᠭ᠎ᠠ ᠬᠡᠮᠵᠢᠶ᠎ᠡ ᠵᠢ ᠵᠢᠭ᠋ᠠᠵᠤ ᠪᠠᠶ᠋ᠢᠨ᠎ᠠ᠃ ᠨᠤᠲᠤᠭ ᠪᠡᠯᠴᠢᠭᠡᠷ᠎ᠤᠨ ᠬᠡᠷᠡᠭᠯᠡᠭᠴᠢᠳ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠭᠴᠢᠳ᠎ᠤᠨ ᠡᠷᠦᠬᠡ ᠬᠤᠯᠪᠣᠭ᠋ᠠᠯᠠᠨ ᠡᠵᠡᠩᠨᠡᠭ᠊᠂ ᠬᠤᠷᠰᠢᠨ ᠡᠵᠡᠩᠨᠡᠬᠦ ᠵᠡᠷᠭᠡ ᠵᠠᠭᠪᠤᠷ ᠵᠶ᠋ᠠᠷ ᠳᠠᠮᠵᠢᠨ ᠪᠡᠯᠴᠢᠭᠡᠷ ᠵᠶ᠋ᠠᠨ ᠬᠡᠰᠡᠭᠯᠡᠨ ᠰᠡᠯᠭᠦᠨ ᠮᠠᠯᠵᠢᠬᠤ ᠵᠢ ᠵᠣᠷᠢᠭᠵᠢᠭᠤᠯᠤᠨ ᠳᠡᠮᠵᠢᠨ᠎ᠡ᠃

      ᠠᠷᠪᠠᠨ ᠨᠢᠭᠡᠳᠦᠭᠡᠷ ᠵᠦᠢ᠍ᠯ ᠲᠤᠰ ᠲᠦᠷᠢᠮ᠎ᠳᠤ ᠬᠡᠯᠡᠵᠦ ᠪᠠᠶ᠋ᠢᠭ᠎ᠠ ᠪᠡᠯᠴᠢᠭᠡᠷᠯᠡᠭᠦᠯᠬᠦ ᠵᠢ ᠵᠤᠭᠰᠤᠭ᠋ᠠᠬᠤ ᠭᠡᠳᠡᠭ᠎ᠨᠢ ᠨᠤᠲᠤᠭ ᠪᠡᠯᠴᠢᠭᠡᠷ᠎ᠲᠤ ᠨᠢᠭᠡ ᠵᠢᠯ᠎ᠠᠴᠠ ᠳᠡᠭᠡᠭᠰᠢ ᠮᠠᠯ ᠪᠡᠯᠴᠢᠭᠡᠷᠯᠡᠭᠦᠯᠬᠦ ᠵᠢ ᠵᠤᠭᠰᠤᠭ᠋ᠠᠬᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠵᠢᠭ᠋ᠠᠵᠤ ᠪᠠᠶ᠋ᠢᠨ᠎ᠠ᠃ ᠳᠣᠣᠷᠠᠬᠢ ᠮᠡᠳᠤ ᠵᠢᠨ ᠨᠤᠲᠤᠭ ᠪᠡᠯᠴᠢᠭᠡᠷ᠎ᠢ ᠪᠡᠯᠴᠢᠭᠡᠷᠯᠡᠭᠦᠯᠬᠦ ᠵᠢ ᠵᠤᠭᠰᠤᠭ᠋ᠠᠬᠤ ᠣᠷᠣᠨ ᠵᠶ᠋ᠠᠷ ᠵᠠᠭ᠋ᠠᠭᠯᠠᠨ ᠲᠣᠭᠲᠠᠭ᠋ᠠᠬᠤ ᠬᠡᠷᠡᠭᠳᠠᠢ᠄ (ᠨᠢᠭᠡ) ᠬᠦᠨᠳᠦ ᠨᠣᠴᠢᠲᠠᠶ ᠲᠠᠴᠢᠷᠰᠢᠭᠰᠠᠨ ᠪᠠ ᠡᠯᠡᠰᠦᠷᠬᠡᠭᠵᠢᠭᠰᠡᠨ ᠨᠤᠲᠤᠭ ᠪᠡᠯᠴᠢᠭᠡᠷ; (ᠬᠤᠶᠠᠷ) ᠮᠠᠯ ᠪᠡᠯᠴᠢᠭᠡᠷᠯᠡᠭᠦᠯᠬᠦ᠎ᠳᠤ ᠲᠣᠬᠢᠷᠠᠬᠤ ᠦᠭᠡᠶ ᠲᠠᠴᠢᠷᠰᠢᠭᠰᠠᠨ ᠪᠠ ᠡᠯᠡᠰᠦᠷᠬᠡᠭᠵᠢᠭᠰᠡᠨ ᠨᠤᠲᠤᠭ ᠪᠡᠯᠴᠢᠭᠡᠷ; (ᠭᠤᠷᠪᠠ) ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠠ ᠴᠢᠬᠤᠯᠠ ᠨᠤᠭᠤ ᠭᠠᠵᠠᠷ᠎ᠤᠨ ᠨᠤᠲᠤᠭ ᠪᠡᠯᠴᠢᠭᠡᠷ; (ᠳᠥᠷᠪᠡ) ᠪᠡᠯᠴᠢᠭᠡᠷᠯᠡᠭᠦᠯᠬᠦ ᠵᠢ ᠵᠤᠭᠰᠤᠭ᠋ᠠᠬᠤ ᠴᠢᠬᠤᠯᠠᠲᠠᠶ ᠪᠤᠰᠤᠳ ᠨᠤᠲᠤᠭ ᠪᠡᠯᠴᠢᠭᠡᠷ᠃

      ᠠᠷᠪᠠᠨ ᠬᠤᠶᠠᠳᠤᠭ᠋ᠠᠷ ᠵᠦᠢ᠍ᠯ ᠪᠡᠯᠴᠢᠭᠡᠷᠯᠡᠭᠦᠯᠬᠦ ᠵᠢ ᠵᠤᠭᠰᠤᠭ᠋ᠠᠬᠤ ᠣᠷᠣᠨ᠎ᠢ ᠲᠠᠪᠤᠨ ᠵᠢᠯ ᠪᠦᠷᠢ᠎ᠳᠤ ᠨᠢᠭᠡ ᠤᠳᠠᠭ᠎ᠠ ᠵᠠᠭ᠋ᠠᠭᠯᠠᠨ ᠲᠣᠭᠲᠠᠭ᠋ᠠᠨ᠎ᠠ᠃ ᠪᠡᠯᠴᠢᠭᠡᠷᠯᠡᠭᠦᠯᠬᠦ ᠵᠢ ᠵᠤᠭᠰᠤᠭ᠋ᠠᠭᠰᠠᠨ ᠣᠷᠣᠨ᠎ᠳᠠᠬᠢ ᠪᠡᠯᠴᠢᠭᠡᠷ᠎ᠠᠴᠠ ᠡᠪᠡᠰᠦ ᠬᠠᠳᠤᠬᠤ ᠵᠢ ᠴᠢᠩᠭ᠎ᠠ ᠬᠢᠵᠠᠭ᠋ᠠᠷᠯᠠᠨ᠎ᠠ᠃ ᠤᠷᠭᠤᠮᠠᠯ᠎ᠤᠨ ᠪᠦᠷᠬᠦᠴᠡ᠎ᠨᠢ ᠨᠡᠯᠢᠶᠡᠳ ᠰᠠᠶ᠋ᠢᠨ ᠰᠡᠷᠭᠦᠭᠰᠡᠨ ᠪᠡᠯᠴᠢᠭᠡᠷᠯᠡᠭᠦᠯᠬᠦ ᠵᠢ ᠵᠤᠭᠰᠤᠭ᠋ᠠᠬᠰᠠᠨ ᠣᠷᠣᠨ᠎ᠳᠤ ᠪᠤᠯ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠬᠠᠮᠠᠭ᠋ᠠᠯᠠᠯᠲᠠ ᠵᠢᠨ ᠴᠢᠨᠠᠷᠲᠠᠶ᠎ᠪᠠᠷ ᠡᠪᠡᠰᠦ ᠬᠠᠳᠤᠵᠤ ᠪᠣᠯᠤᠨ᠎ᠠ᠃ ᠤᠷᠭᠤᠮᠠᠯ᠎ᠤᠨ ᠪᠦᠷᠬᠦᠴᠡ᠎ᠨᠢ ᠪᠦᠲᠦᠮᠵᠢᠲᠡᠶ ᠰᠡᠷᠭᠦᠭᠰᠡᠨ ᠪᠡᠯᠴᠢᠭᠡᠷᠯᠡᠭᠦᠯᠬᠦ ᠵᠢ ᠵᠤᠭᠰᠤᠭ᠋ᠠᠭᠰᠠᠨ ᠣᠷᠣᠨ᠎ᠳᠠᠬᠢ ᠨᠤᠲᠤᠭ ᠪᠡᠯᠴᠢᠭᠡᠷ᠎ᠢ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠣᠷᠣᠨ ᠪᠣᠯᠭ᠋ᠠᠨ ᠲᠣᠬᠢᠷᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠪᠡᠯᠴᠢᠭᠡᠷᠯᠡᠭᠦᠯᠦᠨ ᠠᠰᠢᠬᠯᠠᠵᠤ ᠪᠣᠯᠤᠨ᠎ᠠ᠃ ᠪᠣᠳᠠᠲᠠᠶ ᠲᠣᠬᠢᠷᠠᠭᠤᠯᠬᠤ ᠠᠷᠭ᠎ᠠ ᠬᠡᠮᠵᠢᠶ᠎ᠠ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ᠃

      ᠠᠷᠪᠠᠨ ᠭᠤᠷᠪᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠬᠦᠷᠢᠶ᠎ᠠ ᠬᠡᠪᠴᠢᠶ᠎ᠡ᠂ ᠪᠡᠯᠴᠢᠬᠡᠷ᠎ᠢ ᠰᠡᠷᠬᠦᠬᠡᠬᠦ ᠴᠠᠭ ᠬᠤᠭᠤᠴᠠᠭ᠋ᠠᠨ᠎ᠤ ᠬᠢᠵᠠᠭ᠋ᠠᠷ ᠵᠡᠷᠭᠡ ᠵᠢ ᠨᠡᠶ᠋ᠢᠲᠡᠯᠡᠬᠦ ᠵᠢᠨ ᠬᠠᠮᠲᠤ ᠢᠯᠡᠬᠡᠨ ᠭᠠᠵᠠᠷ᠎ᠲᠤ ᠬᠠᠮᠢᠶ᠎ᠠ ᠪᠦᠬᠦᠢ ᠫᠠᠶ᠋ᠢᠰᠠ ᠲᠡᠮᠳᠡᠭ᠎ᠢ ᠪᠤᠰᠬᠠᠵᠤ ᠲᠠᠯᠪᠢᠨ᠎ᠠ᠃ ᠶᠠᠮᠠᠷᠪᠠ ᠵᠣᠬᠢᠶᠠᠨ ᠪᠠᠶ᠋ᠢᠭᠤᠯᠤᠯᠲᠠ ᠪᠣᠯᠤᠨ ᠬᠤᠪᠢ ᠬᠥᠮᠦᠨ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠫᠠᠶ᠋ᠢᠰᠠ ᠲᠡᠮᠳᠡᠭ᠎ᠢ ᠡᠪᠳᠡᠵᠦ ᠪᠤᠯᠬᠤ ᠦᠬᠡ᠊᠎ᠢ᠂ ᠳᠤᠷ᠎ᠠ᠎ᠪᠠᠷ ᠵᠶ᠋ᠠᠨ ᠰᠢᠯᠵᠢᠭᠦᠯᠵᠦ ᠪᠣᠯᠬᠤ ᠦᠭᠡᠶ᠃

    ᠠᠷᠪᠠᠨ ᠳᠥᠷᠪᠡᠳᠦᠭᠡᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠤᠬᠠᠭᠤᠯᠭ᠎ᠠ ᠬᠥᠮᠦᠵᠢᠯ ᠥᠷᠨᠢᠭᠦᠯᠵᠦ᠂ ᠪᠦᠬᠦ ᠨᠡᠶ᠋ᠢᠭᠡᠮ᠎ᠤᠨ᠎ᠬᠢᠨ᠎ᠤ ᠬᠠᠤᠯᠢ ᠶᠣᠰᠣᠭ᠋ᠠᠷ ᠨᠤᠲᠤᠭ ᠪᠡᠯᠴᠢᠭᠡᠷ᠎ᠢ ᠬᠠᠮᠠᠭ᠋ᠠᠯᠠᠬᠤ ᠦᠵᠡᠯ ᠤᠬᠠᠮᠰᠠᠷ᠎ᠢ ᠲᠠᠬᠡᠭᠰᠢᠯᠡᠬᠦᠯᠤᠨ᠎ᠠ᠃

    ᠠᠷᠪᠠᠨ ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠠᠴᠠ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠳᠦᠷᠢᠮ᠎ᠢ ᠨᠠᠶ᠋ᠢᠳᠠᠪᠤᠷᠢᠵᠢᠭᠤᠯᠬᠤ ᠵᠠᠰᠠᠭ᠎ᠤᠨ ᠣᠷᠳᠣᠨ᠎ᠤ ᠬᠢᠨᠠᠯᠳᠠ ᠬᠠᠮᠢᠶᠠᠷᠤᠯᠳᠠ ᠵᠢᠨ ᠬᠠᠷᠢᠭᠤᠴᠠᠯᠭ᠎ᠠ ᠵᠢᠨ ᠲᠣᠭᠲᠠᠴᠠ ᠵᠢ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠥᠬᠦ ᠣᠷᠣᠨ᠎ᠤ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠠᠵᠢᠯ᠎ᠢ ᠨᠢᠭᠡᠳᠦᠯᠲᠡᠶ ᠲᠥᠯᠥᠪᠯᠡᠨ᠎ᠡ᠃ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠠᠵᠢᠯ᠎ᠢ ᠵᠢᠯᠣᠭᠤᠳᠴᠦ ᠬᠢᠨᠠᠯᠲᠠ ᠲᠠᠯᠪᠢᠨ᠎ᠠ᠃ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠠᠵᠢᠯ᠎ᠢ ᠪᠣᠳᠠᠲᠠᠶ ᠬᠠᠷᠢᠭᠤᠴᠠᠨ᠎ᠠ᠃ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠲᠤᠰ ᠬᠠᠷᠢᠶ᠎ᠠ ᠣᠷᠣᠨ᠎ᠤ᠎ᠪᠠᠨ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠠᠵᠢᠯ᠎ᠢ ᠪᠣᠳᠠᠲᠠᠶ ᠵᠣᠬᠢᠶᠠᠨ ᠪᠠᠶ᠋ᠢᠭᠤᠯᠵᠤ ᠬᠡᠷᠡᠭᠵᠢᠭᠦᠯᠤᠨ᠎ᠠ᠃

      ᠠᠷᠪᠠᠨ ᠵᠢᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ᠎ᠳᠤ ᠬᠢᠨᠠᠯᠲᠠ ᠲᠠᠯᠪᠢᠨ ᠬᠠᠮᠢᠶᠠᠷᠬᠤ ᠠᠵᠢᠯ᠎ᠤᠨ ᠳᠤᠮᠳᠠ᠎ᠪᠠᠨ ᠳᠣᠣᠷᠠᠬᠢ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠨ᠎ᠠ᠄ (ᠨᠢᠭᠡ) ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ᠎ᠳᠤ ᠬᠢᠨᠠᠯᠲᠠ ᠲᠠᠯᠪᠢᠨ ᠪᠠᠶ᠋ᠢᠴᠠᠭ᠋ᠠᠬᠤ᠂ ᠲᠤᠬᠠᠶ᠋ᠢᠯᠠᠭᠰᠠᠨ ᠠᠵᠢᠯ᠎ᠢ ᠵᠢᠯᠣᠭᠤᠳᠬᠤ ᠵᠢᠴᠢ ᠲᠤᠬᠢᠷᠠᠮᠵᠢᠳᠠᠢ ᠪᠡᠯᠴᠢᠭᠡᠷ᠎ᠤᠨ ᠲᠠᠭ᠋ᠠᠭ᠋ᠠᠴᠠ ᠵᠢ ᠬᠢᠨᠠᠨ ᠲᠣᠭᠲᠠᠭ᠋ᠠᠬᠤ ᠵᠡᠷᠭᠡ ᠠᠵᠢᠯ᠎ᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠬᠤ ᠨᠦᠬᠦᠪᠦᠷᠢ ᠪᠠ ᠱᠠᠩᠨᠠᠯ᠎ᠤᠨ ᠪᠠᠷᠢᠮᠵᠢᠶ᠎ᠠ ᠵᠢᠴᠢ ᠠᠷᠭ᠎ᠠ ᠬᠡᠮᠵᠢᠶ᠎ᠠ ᠵᠢ ᠲᠣᠭᠲᠠᠭ᠋ᠠᠨ᠎ᠠ; (ᠬᠤᠶᠠᠷ) ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠨᠢ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ᠎ᠳᠤ ᠨᠦᠬᠦᠪᠦᠷᠢ ᠪᠠ ᠱᠠᠩᠨᠠᠯ᠎ᠤᠨ ᠮᠥᠩᠭᠦ ᠣᠯᠭᠤᠬᠤ ᠡᠬᠡ ᠳᠠᠩᠰᠠ ᠪᠠᠶ᠋ᠢᠭᠤᠯᠬᠤ ᠵᠢ ᠬᠠᠷᠢᠭᠤᠴᠠᠵᠤ᠂ ᠪᠡᠯᠴᠢᠭᠡᠷ᠎ᠤᠨ ᠮᠠᠯ ᠠᠵᠤ ᠠᠬᠤᠶ ᠵᠢᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠬᠦᠯᠬᠦ ᠪᠠ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ; (ᠭᠤᠷᠪᠠ) ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠦᠬᠦᠪᠦᠷᠢ ᠪᠠ ᠱᠠᠩᠨᠠᠯ᠎ᠤᠨ ᠮᠥᠩᠭᠦ ᠵᠢᠨ ᠬᠠᠮᠢᠶᠠᠷᠤᠯᠲᠠ ᠵᠢ ᠴᠢᠩᠭ᠋ᠠᠳᠬᠠᠬᠤ ᠵᠢ ᠬᠠᠷᠢᠭᠤᠴᠠᠵᠤ᠂ ᠳᠤᠭᠳᠠᠭᠰᠠᠨ ᠴᠠᠭ᠎ᠲᠤ ᠣᠨᠣᠪᠴᠢᠲᠠᠶ᠎ᠪᠠᠷ ᠣᠯᠭᠤᠬᠤ ᠵᠢ ᠪᠠᠲᠤᠯᠠᠨ᠎ᠠ᠃

      ᠠᠷᠪᠠᠨ ᠳᠣᠯᠣᠳᠤᠭ᠋ᠠᠷ ᠵᠦᠢ᠍ᠯ ᠨᠤᠲᠤᠭ ᠪᠡᠯᠴᠢᠭᠡᠷ᠎ᠤᠨ ᠬᠡᠷᠡᠭᠯᠡᠭᠴᠢᠳ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠭᠴᠢᠳ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠡᠭᠦᠷᠭᠡ᠎ᠪᠠᠨ ᠭᠦᠢ᠍ᠴᠡᠳᠬᠡᠵᠦ᠂ ᠬᠢᠨᠠᠨ ᠲᠣᠭᠲᠠᠭ᠋ᠠᠭᠰᠠᠨ ᠪᠡᠯᠴᠢᠭᠡᠷ᠎ᠤᠨ ᠲᠠᠭ᠋ᠠᠭ᠋ᠠᠴᠠ᠎ᠠᠴᠠ ᠬᠡᠲᠦᠷᠡᠭᠦᠯᠦᠨ ᠮᠠᠯ ᠪᠡᠯᠴᠢᠬᠡᠷᠯᠡᠬᠦᠯᠵᠤ ᠪᠣᠯᠬᠤ ᠦᠭᠡᠶ᠂ ᠪᠡᠯᠴᠢᠭᠡᠷᠯᠡᠭᠦᠯᠬᠦ ᠵᠢ ᠵᠤᠭᠰᠤᠭ᠋ᠠᠭᠰᠠᠨ ᠣᠷᠣᠨ ᠪᠠ ᠪᠡᠯᠴᠢᠬᠡᠷ᠎ᠢ ᠰᠡᠷᠬᠦᠬᠡᠬᠦ ᠬᠤᠭᠤᠴᠠᠭ᠋ᠠᠨ᠎ᠳᠤ ᠮᠠᠯ ᠪᠡᠯᠴᠢᠬᠡᠷᠯᠡᠬᠦᠯᠵᠤ ᠪᠣᠯᠬᠤ ᠦᠭᠡᠶ᠃ ᠡᠵᠡᠩᠨᠡᠯᠳᠡ ᠵᠢᠨ ᠡᠷᠬᠡ ᠵᠢ ᠭᠦᠢ᠍ᠯᠭᠡᠬᠡᠵᠤ ᠠᠪᠤᠭ᠋ᠠᠳ ᠨᠤᠳᠤᠭ ᠪᠡᠯᠴᠢᠬᠡᠷ᠎ᠢ᠎ᠨᠢ ᠡᠵᠡᠩᠨᠡᠵᠤ ᠪᠠᠶ᠋ᠢᠭ᠎ᠠ ᠵᠣᠬᠢᠶᠠᠨ ᠪᠠᠶ᠋ᠢᠭᠤᠯᠤᠯᠳᠠ ᠪᠤᠯᠤᠨ ᠬᠤᠪᠢ ᠬᠥᠮᠦᠨ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠳᠦᠷᠢᠮ᠎ᠢ ᠵᠢᠷᠤᠮᠯᠠᠨ ᠰᠠᠬᠢᠵᠤ᠂ ᠳᠠᠭ᠋ᠠᠭ᠋ᠠᠴᠢᠯᠠᠯᠲᠠ ᠵᠢᠨ ᠭᠡᠷ᠎ᠡ ᠵᠢᠴᠢ ᠡᠵᠡᠩᠨᠡᠯᠳᠡ ᠵᠢᠨ ᠡᠷᠬᠡ ᠵᠢ ᠭᠦᠢ᠍ᠯᠭᠡᠬᠡᠯᠡᠬᠦ ᠭᠡᠷ᠎ᠡ᠎ᠳᠤ ᠪᠣᠯᠵᠣᠨ ᠲᠣᠭᠲᠠᠭᠰᠠᠨ ᠬᠡᠷᠡᠭᠴᠡᠭᠡ ᠶᠣᠰᠣᠭ᠋ᠠᠷ ᠨᠤᠲᠤᠭ ᠪᠡᠯᠴᠢᠭᠡᠷ᠎ᠢ ᠵᠦᠢ ᠵᠣᠬᠢᠰᠲᠠᠶ ᠠᠰᠢᠬᠯᠠᠬᠤ ᠬᠡᠷᠡᠭᠲᠡᠶ᠃

      ᠠᠷᠪᠠᠨ ᠨᠠᠢ᠍ᠮᠠᠳᠣᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠠᠵᠢᠯ᠎ᠢ ᠲᠤᠰ ᠱᠠᠲᠤᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠡᠭᠡᠨ ᠣᠷᠣᠭᠤᠯᠵᠤ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠠᠵᠢᠯ᠎ᠳᠤ ᠬᠡᠷᠡᠭᠰᠡᠬᠦ ᠵᠠᠷᠤᠳᠠᠯ᠎ᠢ ᠲᠤᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠡᠭᠡᠨ ᠣᠷᠣᠭᠤᠯᠬᠤ ᠬᠡᠷᠡᠭᠲᠡᠶ᠃

      ᠠᠷᠪᠠ ᠶᠢᠰᠦᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠨᠡᠶ᠋ᠢᠭᠡᠮ᠎ᠤᠨ ᠬᠢᠨᠠᠯᠲᠠ ᠲᠠᠯᠪᠢᠬᠤ ᠠᠷᠭ᠎ᠠ ᠵᠠᠮ᠎ᠢ ᠰᠠᠭ᠋ᠠᠳ ᠦᠭᠡᠶ ᠨᠡᠪᠲᠡᠷᠡᠭᠦᠯᠵᠦ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠳ᠎ᠢ ᠵᠠᠭ᠋ᠠᠯᠳᠤᠵᠤ ᠢᠯᠡᠴᠢᠯᠡᠨ ᠮᠡᠳᠡᠭᠦᠯᠬᠦ ᠤᠳᠠᠰᠤ ᠪᠠ ᠵᠠᠬᠢᠳᠠᠯ᠎ᠤᠨ ᠬᠠᠶ᠋ᠢᠷᠴᠠᠭ ᠭᠠᠷᠭ᠋ᠠᠨ ᠨᠡᠶ᠋ᠢᠲᠡᠯᠡᠵᠦ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤᠨᠢ ᠬᠢᠨᠠᠨ ᠬᠠᠷᠭᠤᠭᠤᠯᠵᠤ ᠰᠢᠢ᠍ᠳᠪᠣᠷᠢᠯᠡᠬᠦ ᠬᠡᠷᠡᠭᠲᠡᠶ᠃ ᠶᠠᠮᠠᠷᠪᠠ ᠵᠣᠬᠢᠶᠠᠨ ᠪᠠᠶ᠋ᠢᠭᠤᠯᠤᠯᠲᠠ ᠪᠤᠯᠤᠠ ᠬᠤᠪᠢ ᠬᠥᠮᠦᠨ ᠪᠦᠷ ᠨᠤᠲᠤᠭ ᠪᠡᠯᠴᠢᠭᠡᠷ᠎ᠢ ᠬᠠᠮᠠᠭ᠋ᠠᠯᠠᠬᠤ ᠡᠭᠦᠷᠭᠡ᠎ᠲᠠᠢ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠤᠷᠤᠨ᠎ᠳᠤ ᠪᠡᠯᠴᠢᠬᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯ ᠪᠡᠯᠴᠢᠭᠡᠷᠯᠡᠭᠦᠯᠬᠦ ᠪᠤᠯᠤᠨ ᠪᠡᠯᠴᠢᠭᠡᠷᠯᠡᠭᠦᠯᠬᠦ ᠵᠢ ᠵᠤᠭᠰᠤᠭ᠋ᠠᠬᠰᠠᠨ ᠣᠷᠣᠨ᠂ ᠪᠡᠯᠴᠢᠭᠡᠷ᠎ᠢ ᠰᠡᠷᠭᠦᠭᠡᠬᠦ ᠬᠤᠭᠤᠴᠠᠭ᠋ᠠᠨ᠎ᠳᠤ ᠮᠠᠯ ᠪᠡᠯᠴᠢᠭᠡᠷᠯᠡᠭᠦᠯᠬᠦ ᠦᠢ᠍ᠯᠡ ᠠᠵᠢᠯᠯᠠᠭ᠎ᠠ ᠵᠢ ᠬᠤᠷᠢᠬᠯᠠᠨ ᠵᠣᠭᠰᠣᠭ᠋ᠠᠬᠤ ᠪᠠ ᠢᠯᠡᠴᠢᠯᠡᠨ ᠮᠡᠳᠡᠭᠦᠯᠬᠦ ᠡᠷᠬᠡ᠎ᠲᠠᠢ᠃

    ᠬᠤᠷᠢᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ ᠲᠠᠪᠤᠨ ᠱᠠᠲᠤᠨ᠎ᠤ ᠣᠶ ᠰᠢᠭᠤᠶ (ᠨᠤᠲᠤᠭ ᠪᠡᠯᠴᠢᠭᠡᠷ) ᠵᠢᠨ ᠳᠠᠷᠤᠭ᠎ᠠ ᠵᠢᠨ ᠲᠦᠷᠢᠮ᠎ᠤᠨ ᠬᠠᠷᠢᠭᠤᠴᠠᠯᠭ᠎ᠠ ᠵᠢᠨ ᠰᠢᠰᠲ᠋ᠧᠮ᠎ᠢ ᠪᠠᠶ᠋ᠢᠭᠤᠯᠵᠤ᠂ ᠠᠵᠢᠯ᠎ᠤᠨ ᠬᠠᠷᠢᠭᠤᠴᠠᠯᠭ᠎ᠠ ᠵᠢ ᠲᠤᠳᠤᠷᠬᠠᠢ᠍ᠢ᠍ᠯᠠᠨ᠎ᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠮᠠᠯ ᠪᠡᠯᠴᠢᠭᠡᠷ᠎ᠤᠨ ᠲᠡᠩᠴᠡᠬᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠬᠡᠷ᠎ᠢ ᠰᠡᠷᠬᠦᠬᠡᠬᠦ ᠲᠦᠷᠢᠮ᠎ᠢ ᠨᠠᠶ᠋ᠢᠳᠠᠪᠤᠷᠢᠵᠢᠭᠤᠯᠬᠤ ᠠᠵᠢᠯ᠎ᠢ ᠵᠢᠯ᠎ᠤᠨ ᠬᠠᠷᠠᠯᠲᠠᠲᠤ ᠬᠢᠨᠠᠨ ᠰᠢᠯᠭ᠋ᠠᠯᠳᠡ᠎ᠳᠠᠭᠠᠨ ᠣᠷᠣᠭᠤᠯᠵᠤ᠂ ᠬᠢᠨᠠᠨ ᠰᠢᠯᠭ᠋ᠠᠬᠤ ᠭᠦᠢ᠍ᠴᠡᠳᠭᠡᠯ ᠲᠤᠭ᠎ᠠ ᠵᠢ ᠨᠠᠷᠢᠯᠢᠬ᠍ᠵᠢᠭᠤᠯᠬᠤ ᠬᠡᠷᠡᠭᠳᠡᠢ᠃

      ᠬᠤᠷᠢᠨ ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠲᠠᠢ ᠬᠠᠮᠳᠤᠷᠡᠵᠤ᠂ ᠠᠳᠠᠯᠢ ᠪᠤᠰᠤ ᠨᠤᠲᠤᠭ ᠪᠡᠯᠴᠢᠭᠡᠷ᠎ᠤᠨ ᠲᠥᠷᠥᠯ ᠬᠡᠯᠪᠡᠷᠢ ᠵᠢᠨ ᠣᠨᠴᠠᠯᠢᠭ᠂ ᠪᠠᠶ᠋ᠢᠳᠠᠯ ᠵᠢᠴᠢ ᠠᠭᠤᠷ ᠠᠮᠢᠰᠬᠤᠯ᠎ᠤᠨ ᠡᠯᠧᠮᠧᠨᠲ ᠵᠡᠷᠭᠡ ᠵᠢ ᠦᠨᠳᠦᠰᠦᠯᠡᠨ᠂ ᠤᠯᠤᠰ᠎ᠤᠨ ᠬᠤᠯᠪᠣᠭᠳᠠᠯ ᠪᠦᠬᠦᠢ ᠪᠠᠷᠢᠮᠵᠢᠶ᠎ᠠ᠎ᠪᠠᠷ ᠦᠨᠳᠦᠰᠦᠯᠡᠯ ᠪᠤᠯᠭ᠋ᠠᠵᠤ᠂ ᠠᠳᠠᠯᠢ ᠪᠤᠰᠤ ᠲᠥᠷᠥᠯ᠎ᠤᠨ ᠨᠤᠲᠤᠭ ᠪᠡᠯᠴᠢᠭᠡᠷ᠎ᠤᠨ ᠲᠤᠬᠢᠷᠠᠮᠵᠢᠳᠠᠢ ᠲᠠᠭ᠋ᠠᠭ᠋ᠠᠴᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠳᠡᠯᠡᠨ᠎ᠠ᠃ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠡᠭᠰᠡᠨ ᠲᠤᠬᠢᠷᠠᠮᠵᠢᠳᠡᠢ ᠪᠡᠯᠴᠢᠬᠡᠷ᠎ᠤᠨ ᠲᠠᠭ᠋ᠠᠭ᠋ᠠᠴᠠ ᠵᠢ ᠦᠨᠳᠦᠰᠦᠯᠡᠵᠤ᠂ ᠲᠤᠬᠠᠶ ᠵᠢᠨ ᠭᠠᠵᠠᠷ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠪᠣᠳᠠᠲᠠᠶ ᠪᠡᠯᠴᠢᠬᠡᠷ᠎ᠤᠨ ᠲᠠᠭ᠋ᠠᠭ᠋ᠠᠴᠠ ᠵᠢ ᠬᠢᠨᠠᠨ ᠲᠣᠭᠲᠠᠭ᠋ᠠᠬᠤ ᠵᠢᠨ ᠬᠠᠮᠲᠤ ᠨᠡᠶ᠋ᠢᠲᠡᠯᠡᠨ᠎ᠠ᠃ ᠤᠨᠴᠡ ᠶᠡᠭᠡ ᠭᠠᠩ ᠬᠠᠭᠰᠠᠷᠠᠭ᠋ᠠᠨ ᠲᠣᠬᠢᠶᠠᠯᠳᠤᠪᠠᠯ ᠲᠤᠬᠠᠢ ᠵᠢᠨ ᠵᠢᠯ᠎ᠤᠨ ᠵᠶ᠋ᠠᠨ ᠪᠣᠳᠠᠲᠠᠢ ᠪᠡᠯᠴᠢᠬᠡᠷ᠎ᠤᠨ ᠲᠠᠭ᠋ᠠᠭ᠋ᠠᠴᠠ᠎ᠳᠤ ᠲᠣᠬᠢᠷᠠᠭᠤᠯᠤᠯᠲᠠ ᠬᠢᠨ᠎ᠠ᠃ ᠪᠣᠳᠠᠲᠠᠶ ᠪᠡᠯᠴᠢᠬᠡᠷ᠎ᠤᠨ ᠲᠠᠭ᠋ᠠᠭ᠋ᠠᠴᠠ ᠵᠢ ᠬᠢᠨᠠᠨ ᠲᠣᠭᠲᠠᠭ᠋ᠠᠬᠤ᠎ᠳᠠᠭᠠᠨ ᠨᠤᠲᠤᠭ ᠪᠡᠯᠴᠢᠭᠡᠷ᠎ᠤᠨ ᠬᠡᠷᠡᠭᠯᠡᠭᠴᠢᠳ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠭᠴᠢᠳ᠎ᠤᠨ ᠰᠠᠨᠠᠯ᠎ᠢ ᠭᠦᠢ᠍ᠴᠡᠳ ᠰᠣᠨᠣᠰᠴᠤ᠂ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠵᠤ ᠨᠤᠳᠠᠯᠠᠯᠳᠠ ᠬᠢᠯᠬᠡᠬᠦ ᠬᠡᠷᠡᠭᠲᠡᠶ᠃ ᠪᠣᠳᠠᠲᠠᠶ ᠪᠡᠯᠴᠢᠬᠡᠷ᠎ᠤᠨ ᠲᠠᠭ᠋ᠠᠭ᠋ᠠᠴᠠ ᠵᠢ ᠨᠤᠲᠤᠭ ᠪᠡᠯᠴᠢᠭᠡᠷ᠎ᠤᠨ ᠬᠡᠷᠡᠭᠯᠡᠭᠴᠢ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠭᠴᠢ᠎ᠳᠤ ᠡᠷᠦᠬᠡ ᠳᠠᠷᠠᠭ᠋ᠠᠯᠠᠨ ᠨᠠᠶ᠋ᠢᠳᠠᠪᠤᠷᠢᠵᠢᠭᠤᠯᠤᠨ᠎ᠠ᠃

    ᠬᠤᠷᠢᠨ ᠬᠤᠶᠠᠳᠤᠭ᠋ᠠᠷ ᠵᠦᠢ᠍ᠯ ᠲᠠᠷᠢᠵᠤ ᠲᠡᠵᠢᠭᠡᠬᠦ ᠵᠢ ᠤᠶᠠᠯᠳᠤᠭᠤᠯᠬᠤ ᠪᠠ ᠬᠠᠰᠢᠶᠠᠯᠠᠨ ᠲᠡᠵᠢᠭᠡᠬᠦ ᠨᠥᠬᠦᠴᠡᠯ᠎ᠢ ᠪᠦᠷᠢᠯᠳᠦᠭᠦᠯᠦᠭᠰᠡᠨ ᠬᠠᠭ᠋ᠠᠰ ᠮᠠᠯᠵᠢᠬᠤ ᠬᠠᠭ᠋ᠠᠰ ᠲᠠᠷᠢᠶᠠᠯᠠᠬᠤ ᠣᠷᠣᠨ᠎ᠤ᠎ᠬᠢᠨ ᠮᠠᠯ ᠪᠡᠯᠴᠢᠭᠡᠷ᠎ᠤᠨ ᠲᠡᠩᠴᠡᠬᠦᠷᠢ ᠵᠢ ᠪᠠᠲᠤᠯᠠᠭᠰᠠᠨ ᠤᠷᠢᠲᠠᠯ ᠳᠣᠣᠷ᠎ᠠ᠂ ᠲᠠᠷᠢᠮᠠᠯ ᠡᠪᠡᠰᠦ ᠪᠣᠷᠳᠣᠭ᠋ᠠᠨ᠎ᠤ ᠬᠠᠩᠭ᠋ᠠᠯᠭ᠎ᠠ ᠵᠢᠨ ᠪᠠᠶ᠋ᠢᠳᠠᠯ ᠵᠶ᠋ᠠᠨ ᠦᠨᠳᠦᠰᠦᠯᠡᠨ᠂ ᠮᠠᠯ ᠤᠨᠤᠭ᠎ᠠ ᠲᠡᠵᠢᠭᠡᠬᠦ ᠬᠡᠮᠵᠢᠶ᠎ᠡ᠎ᠪᠠᠨ ᠵᠣᠬᠢᠰᠲᠠᠶ᠎ᠪᠠᠷ ᠨᠡᠮᠡᠭᠳᠡᠭᠦᠯᠵᠦ ᠪᠣᠯᠤᠨ᠎ᠠ᠃

      ᠬᠤᠷᠢᠨ ᠭᠤᠷᠪᠠᠳᠤᠭ᠋ᠠᠷ ᠵᠦᠢ᠍ᠯ ᠨᠤᠲᠤᠭ ᠪᠡᠯᠴᠢᠭᠡᠷ᠎ᠤᠨ ᠬᠡᠷᠡᠭᠯᠡᠭᠴᠢᠳ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠭᠴᠢᠳ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠢᠨᠠᠨ ᠲᠣᠭᠲᠠᠭ᠋ᠠᠭᠰᠠᠨ ᠪᠣᠳᠠᠲᠠᠶ ᠪᠡᠯᠴᠢᠬᠡᠷ᠎ᠤᠨ ᠲᠠᠭ᠋ᠠᠭ᠋ᠠᠴᠠ᠎ᠳᠤ ᠣᠨᠳᠣᠣ ᠰᠠᠨᠠᠯ᠎ᠲᠠᠢ ᠪᠣᠯ ᠨᠡᠶ᠋ᠢᠲᠡᠯᠡᠭᠰᠡᠨ ᠡᠳᠦᠷ᠎ᠠᠴᠠ᠎ᠨᠢ ᠡᠬᠢᠯᠡᠨ ᠭᠤᠴᠢᠨ ᠡᠳᠦᠷ᠎ᠤᠨ ᠳᠣᠲᠣᠷ᠎ᠠ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠠᠭᠠᠨ ᠳᠠᠬᠢᠨ ᠬᠢᠨᠠᠭᠤᠯᠬᠤ᠎ᠪᠠᠷ ᠭᠤᠶᠤᠴᠢᠯᠠᠵᠤ ᠪᠣᠯᠤᠨ᠎ᠠ᠃ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠳᠠᠬᠢᠨ ᠬᠢᠨᠠᠭᠤᠯᠬᠤ ᠭᠤᠶᠤᠴᠢᠯᠠᠯ᠎ᠢ ᠭᠠᠷᠳᠠᠭᠰᠠᠨ ᠡᠳᠦᠷ᠎ᠠᠴᠠ ᠡᠬᠢᠯᠡᠨ ᠠᠷᠪᠠᠨ ᠲᠠᠪᠤᠨ ᠡᠳᠦᠷ᠎ᠤᠨ ᠳᠣᠲᠣᠷ᠎ᠠ ᠳᠠᠬᠢᠨ ᠬᠢᠨᠠᠭᠰᠠᠨ ᠲᠣᠭᠲᠠᠭ᠋ᠠᠯ ᠭᠠᠷᠭ᠋ᠠᠬᠤ ᠬᠡᠷᠡᠭᠲᠡᠶ᠃

      ᠬᠤᠷᠢᠨ ᠳᠥᠷᠪᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠳᠤᠯᠠᠩ᠎ᠤᠨ ᠬᠠᠮᠢᠶᠠᠷᠤᠯᠲᠠ ᠵᠢ ᠵᠢᠷᠤᠮᠵᠢᠭᠤᠯᠵᠤ᠂ ᠡᠪᠡᠰᠦ ᠬᠠᠳᠤᠬᠤ ᠬᠤᠭᠤᠴᠠᠭ᠎ᠠ᠂ ᠡᠪᠡᠰᠤᠨ ᠦᠷ᠎ᠡ ᠲᠡᠬᠦᠬᠦ ᠬᠤᠭᠤᠴᠠᠭ᠎ᠠ᠂ ᠭᠤᠤᠷᠰᠤ ᠦᠯᠡᠳᠡᠭᠡᠬᠦ ᠦᠨᠳᠤᠷ᠎ᠤᠨ ᠬᠡᠮᠵᠢᠶ᠎ᠡ᠂ ᠬᠠᠳᠤᠵᠤ ᠬᠤᠷᠢᠶᠠᠬᠤ ᠡᠷᠴᠢᠮ᠂ ᠰᠡᠯᠬᠦᠨ ᠬᠠᠳᠤᠵᠤ ᠰᠡᠯᠬᠦᠨ ᠲᠡᠬᠦᠬᠦ᠂ ᠤᠷᠢᠳᠴᠢᠯᠠᠨ ᠦᠯᠡᠳᠡᠭᠡᠭᠰᠡᠨ ᠡᠪᠡᠰᠦᠨ ᠦᠷ᠎ᠡ ᠵᠢᠨ ᠪᠦᠰᠡ ᠵᠡᠷᠭᠡ᠎ᠳᠤ ᠲᠣᠳᠣᠷᠬᠠᠶ ᠲᠣᠭᠲᠠᠭ᠋ᠠᠯ ᠭᠠᠷᠭ᠋ᠠᠵᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠨ᠎ᠠ᠃ ᠨᠤᠲᠤᠭ ᠪᠡᠯᠴᠢᠭᠡᠷ᠎ᠤᠨ ᠬᠡᠷᠡᠭᠯᠡᠭᠴᠢᠳ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠭᠴᠢᠳ ᠲᠣᠭᠲᠠᠭ᠋ᠠᠯ᠎ᠢ ᠴᠢᠩᠭ᠎ᠠ ᠵᠢᠷᠤᠮᠯᠠᠨ ᠡᠪᠡᠰᠦ ᠬᠠᠳᠤᠬᠤ ᠬᠡᠷᠡᠭᠲᠡᠶ᠃

    ᠬᠤᠷᠢᠨ ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠨᠤᠲᠤᠭ ᠪᠡᠯᠴᠢᠭᠡᠷ᠎ᠤᠨ ᠲᠠᠯᠠᠪᠠᠶ᠂ ᠳᠡᠰ᠂ ᠤᠷᠭᠤᠮᠠᠯ᠎ᠤᠨ ᠪᠦᠷᠬᠦᠴᠡ ᠵᠢᠨ ᠪᠦᠷᠢᠯᠳᠦᠯ᠂ ᠦᠢ᠍ᠯᠡᠳᠪᠦᠷᠢᠯᠡᠯ᠎ᠤᠨ ᠴᠢᠳᠠᠪᠤᠷᠢ᠂ ᠠᠮᠢᠳᠤ ᠪᠣᠳᠠᠰ᠎ᠤᠨ ᠭᠠᠮᠰᠢᠭ ᠵᠡᠷᠭᠡ ᠨᠤᠲᠤᠭ ᠪᠡᠯᠴᠢᠭᠡᠷ᠎ᠤᠨ ᠦᠨᠳᠦᠰᠦᠨ ᠪᠠᠶ᠋ᠢᠳᠠᠯ᠎ᠳᠤ ᠬᠦᠳᠡᠯᠦᠩᠬᠦᠢ ᠬᠢᠨᠠᠨ ᠬᠡᠮᠵᠢᠯᠲᠡ ᠬᠢᠨ᠎ᠠ; ᠵᠢᠯ ᠪᠦᠷᠢ ᠡᠪᠡᠰᠦ ᠪᠡᠯᠴᠢᠬᠡᠷ᠎ᠤᠨ ᠨᠣᠭᠤᠭ᠋ᠠᠷᠠᠯᠳᠠ᠂ ᠡᠪᠡᠰᠤ ᠪᠡᠯᠴᠢᠬᠡᠷ᠎ᠤᠨ ᠤᠷᠭᠤᠯᠲᠠ᠂ ᠡᠪᠡᠰᠤ ᠬᠠᠯᠢᠭᠤᠷᠠᠬᠤ ᠬᠤᠭᠤᠴᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠬᠡᠮᠵᠢᠨ᠎ᠡ; ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠳᠦᠷᠢᠮ᠂ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠦᠭᠰᠡᠨ ᠦᠷ᠎ᠡ ᠳ᠋ᠦᠩ᠎ᠳᠤ ᠬᠢᠨᠠᠨ ᠬᠡᠮᠵᠢᠯᠳᠡ ᠬᠢᠬᠦ ᠪᠠ ᠦᠨᠡᠯᠡᠯᠲᠡ ᠬᠢᠵᠦ᠂ ᠲᠤᠰ ᠱᠠᠲᠤᠨ᠎ᠤ ᠵᠠᠰᠠᠭ᠎ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠬᠥᠳᠡᠯᠦᠩᠭᠦᠶ ᠬᠢᠨᠠᠨ ᠬᠡᠮᠵᠢᠯᠳᠡ ᠪᠤᠯᠤᠨ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠤᠢ᠍ᠢ᠍ᠯᠡᠴᠢᠯᠡᠭᠡ ᠵᠢ ᠴᠠᠭ ᠲᠤᠬᠠᠶ᠎ᠳᠤᠨᠢ ᠬᠠᠩᠭ᠋ᠠᠵᠤ᠂ ᠮᠠᠯ ᠪᠡᠯᠴᠢᠭᠡᠷ᠎ᠤᠨ ᠲᠡᠩᠴᠡᠬᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠵᠢᠴᠢ ᠰᠡᠯᠭᠦᠨ ᠮᠠᠯᠵᠢᠬᠤ ᠠᠵᠢᠯ ᠥᠷᠨᠢᠭᠦᠯᠬᠦ᠎ᠳᠤ ᠦᠨᠳᠦᠰᠦᠯᠡᠯ ᠬᠠᠩᠭ᠋ᠠᠨ᠎ᠠ᠃ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠨᠢ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠢ ᠬᠠᠪᠰᠤᠷᠤᠨ ᠨᠤᠲᠤᠭ ᠪᠡᠯᠴᠢᠭᠡᠷ᠎ᠤᠨ ᠠᠮᠢ ᠠᠬᠤᠶ ᠵᠢᠨ ᠪᠠᠶ᠋ᠢᠳᠠᠯ ᠪᠣᠯᠤᠨ ᠮᠠᠯ ᠪᠡᠯᠴᠢᠭᠡᠷ᠎ᠤᠨ ᠲᠡᠩᠴᠡᠬᠦᠷᠢ ᠵᠢ ᠪᠠᠳᠤᠯᠠᠭᠰᠠᠨ᠂ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠬᠡᠷ᠎ᠢ ᠰᠡᠷᠬᠦᠬᠡᠭᠰᠡᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠡᠷᠦᠬᠡ ᠳᠠᠷᠠᠭ᠋ᠠᠯᠠᠨ ᠬᠢᠨᠠᠨ ᠬᠡᠮᠵᠢᠨ᠎ᠠ᠂ ᠨᠤᠲᠤᠭ ᠪᠡᠯᠴᠢᠭᠡᠷ᠎ᠤᠨ ᠬᠡᠷᠡᠭᠯᠡᠭᠴᠢᠳ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠭᠴᠢᠳ ᠡᠬᠦᠨ᠎ᠳᠤ ᠬᠠᠮᠵᠢᠯᠴᠠᠬᠤ ᠬᠡᠷᠡᠭᠲᠡᠶ᠃

      ᠬᠤᠷᠢᠨ ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ᠎ᠬᠢᠨ ᠣᠳᠣᠬᠢᠴᠢᠯᠠᠭᠰᠠᠨ᠂ ᠮᠡᠳᠡᠭᠡ ᠵᠠᠩᠭᠢᠴᠢᠯᠠᠭᠰᠠᠨ᠂ ᠣᠶᠣᠨᠴᠢᠯᠠᠭᠰᠠᠨ ᠲᠧᠭᠨᠢᠭ ᠮᠡᠷᠭᠡᠵᠢᠯ᠎ᠤᠨ ᠠᠷᠭ᠎ᠠ ᠪᠠᠷᠢᠯ᠎ᠢ ᠭᠦᠢ᠍ᠴᠡᠳ ᠬᠡᠷᠡᠭᠯᠡᠵᠤ ᠪᠠᠶ᠋ᠢᠭ᠋ᠠᠳ ᠮᠠᠯ ᠪᠡᠯᠴᠢᠭᠡᠷ᠎ᠤᠨ ᠲᠡᠩᠴᠡᠬᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠬᠡᠷ᠎ᠢ ᠰᠡᠷᠬᠦᠬᠡᠬᠦ ᠠᠵᠢᠯ᠎ᠳᠤ ᠬᠢᠨᠠᠯᠲᠠ ᠲᠠᠯᠪᠢᠨ ᠬᠠᠮᠢᠶᠠᠷᠬᠤ ᠴᠢᠳᠠᠪᠤᠷᠢ ᠵᠢᠴᠢ ᠲᠦᠪᠰᠢᠨ ᠵᠶ᠋ᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠡᠪᠡᠰᠦᠨ᠎ᠤ ᠡᠭᠦᠯᠳᠡᠷ᠎ᠢ ᠰᠣᠩᠭᠤᠨ ᠪᠤᠶ᠋ᠢᠵᠢᠭᠤᠯᠬᠤ᠂ ᠡᠪᠡᠰᠦᠨ ᠦᠷ᠎ᠡ ᠵᠢᠨ ᠦᠢ᠍ᠯᠡᠳᠪᠦᠷᠢᠯᠡᠯ᠂ ᠲᠠᠴᠢᠷᠰᠢᠭᠰᠠᠨ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ ᠵᠢ ᠰᠡᠷᠭᠦᠭᠡᠬᠦ᠂ ᠲᠠᠷᠢᠮᠠᠯ ᠪᠡᠯᠴᠢᠭᠡᠷ᠎ᠢ ᠪᠦᠲᠦᠭᠡᠨ ᠪᠠᠶ᠋ᠢᠭᠤᠯᠬᠤ᠂ ᠨᠤᠲᠤᠭ ᠪᠡᠯᠴᠢᠭᠡᠷ᠎ᠢ ᠵᠦᠢ ᠵᠣᠬᠢᠰᠲᠠᠶ᠎ᠪᠠᠷ ᠠᠰᠢᠬᠯᠠᠬᠤ᠂ ᠨᠤᠲᠤᠭ ᠪᠡᠯᠴᠢᠭᠡᠷ᠎ᠤᠨ ᠬᠥᠨᠥᠭᠡᠯᠳᠤ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠵᠡᠷᠭᠡ ᠲᠠᠯ᠎ᠠ ᠵᠢᠨ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ᠎ᠢ ᠰᠤᠳᠤᠯᠤᠨ ᠬᠦᠭᠵᠢᠬᠦᠯᠵᠤ ᠲᠦᠭᠡᠮᠡᠯᠵᠢᠬᠦᠯᠬᠦ᠎ᠪᠠᠨ ᠴᠢᠩᠭ᠋ᠠᠳᠬᠠᠵᠤ᠂ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠨᠣᠷᠮ᠎ᠠ ᠪᠣᠯᠤᠨ ᠲᠧᠭᠨᠢᠭ ᠮᠡᠷᠭᠡᠵᠢᠯ ᠲᠣᠨᠣᠭᠯᠠᠯ᠎ᠤᠨ ᠲᠦᠪᠰᠢᠨ᠎ᠢ ᠳᠡᠭᠡᠭᠰᠢᠯᠡᠭᠦᠯᠤᠨ᠎ᠠ᠃

    ᠬᠤᠷᠢᠨ ᠳᠣᠯᠣᠳᠤᠭ᠋ᠠᠷ ᠵᠦᠢ᠍ᠯ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠦᠬᠦᠪᠤᠷᠢ ᠪᠠ ᠱᠠᠩᠨᠠᠯ᠎ᠤᠨ ᠮᠥᠩᠭᠦ ᠵᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠮᠠᠯ ᠪᠡᠯᠴᠢᠭᠡᠷ᠎ᠤᠨ ᠲᠡᠩᠴᠡᠬᠦᠷᠢ ᠵᠢ ᠪᠠᠳᠤᠯᠠᠬᠰᠠᠨ᠂ ᠪᠡᠯᠴᠢᠭᠡᠷᠯᠡᠭᠦᠯᠬᠦ ᠵᠢ ᠵᠤᠭᠰᠤᠭ᠋ᠠᠬᠤ ᠳᠦᠷᠢᠮ᠎ᠢ ᠨᠠᠶ᠋ᠢᠳᠠᠪᠤᠷᠢᠵᠢᠭᠤᠯᠤᠭᠰᠠᠨ ᠨᠤᠲᠤᠭ ᠪᠡᠯᠴᠢᠭᠡᠷ᠎ᠤᠨ ᠬᠡᠷᠡᠭᠯᠡᠭᠴᠢᠳ᠂ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠭᠴᠢᠳ᠎ᠲᠤ ᠴᠠᠭ ᠲᠤᠬᠠᠶ᠎ᠳᠤᠨᠢ ᠬᠦᠢ᠍ᠴᠡᠳ ᠲᠤᠭ᠎ᠠ᠎ᠪᠠᠷ ᠣᠯᠭᠤᠬᠤ ᠬᠡᠷᠡᠭᠲᠡᠶ᠂ ᠶᠠᠮᠠᠷᠪᠠ ᠵᠣᠬᠢᠶᠠᠨ ᠪᠠᠶ᠋ᠢᠭᠤᠯᠤᠯᠲᠠ ᠪᠣᠯᠤᠨ ᠬᠤᠪᠢ ᠬᠥᠮᠦᠨ ᠳᠤᠮᠳᠠ᠎ᠠᠴᠠ᠎ᠨᠢ ᠦᠯᠡᠳᠡᠭᠡᠬᠦ ᠪᠤᠶᠤ ᠰᠢᠯᠵᠢᠬᠦᠯᠦᠨ ᠬᠡᠷᠡᠭᠯᠡᠵᠦ ᠪᠣᠯᠬᠤ ᠦᠭᠡᠶ᠃ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠪᠠ ᠱᠠᠩᠨᠠᠯ᠎ᠤᠨ ᠮᠥᠩᠭᠦ ᠵᠢ ᠣᠯᠭᠤᠭᠰᠠᠨ ᠪᠠᠶ᠋ᠢᠳᠠᠯ᠎ᠢ ᠭᠠᠴᠠᠭ᠎ᠠ ᠲᠣᠰᠬᠤᠨ ᠵᠶ᠋ᠠᠷ ᠨᠢᠭᠡᠴᠢ ᠪᠣᠯᠭ᠋ᠠᠨ ᠵᠠᠷᠯᠠᠨ ᠨᠡᠶ᠋ᠢᠲᠡᠯᠡᠬᠦ ᠬᠡᠷᠡᠭᠲᠡᠶ᠃

    ᠬᠤᠷᠢᠨ ᠨᠠᠢ᠍ᠮᠠᠲᠣᠭ᠋ᠠᠷ ᠵᠦᠢ᠍ᠯ ᠨᠣᠲᠤᠬ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠦᠬᠦᠪᠦᠷᠢ ᠪᠠ ᠱᠠᠩᠨᠠᠯ᠎ᠤᠨ ᠮᠦᠩᠬᠦ ᠵᠢ ᠲᠠᠷᠬᠠᠭ᠋ᠠᠬᠤ᠎ᠳᠠᠭᠠᠨ ᠬᠦᠮᠦᠨ ᠲᠣᠮᠲᠠᠴᠢ ᠵᠢᠨ ᠨᠣᠲᠤᠬ ᠪᠡᠯᠴᠢᠭᠡᠷ᠎ᠤᠨ ᠲᠠᠯᠠᠪᠠᠢ ᠵᠢᠨ ᠶᠡᠭᠡ ᠪᠠᠭ᠎ᠠ ᠵᠡᠷᠭᠡ ᠡᠯᠧᠮᠧᠨ᠋ᠲ᠎ᠢ ᠶᠡᠷᠦᠩᠬᠡᠶ᠋ᠢᠯᠡᠨ ᠪᠣᠲᠣᠯᠬᠢᠯᠠᠵᠦ᠂ ᠨᠦᠬᠦᠪᠦᠷᠢ ᠪᠠ ᠱᠠᠩᠨᠠᠯ᠎ᠤᠨ ᠲᠦᠷᠦ ᠵᠢᠨ ᠪᠣᠲᠣᠯᠭ᠎ᠠ ᠵᠢᠨ ᠡᠷᠭᠡ ᠲᠡᠭᠰᠢ᠂ ᠲᠦᠪ ᠭᠤᠣᠯᠴᠢ ᠴᠢᠨᠠᠷ᠎ᠢ ᠬᠦᠢ᠍ᠴᠡᠳ ᠢᠯᠡᠷᠡᠬᠦᠯᠬᠦ ᠬᠡᠷᠡᠭᠲᠡᠢ᠃ ᠬᠦᠮᠦᠨ ᠲᠣᠮᠲᠠᠴᠢ ᠵᠢᠨ ᠨᠣᠲᠤᠬ ᠪᠡᠯᠴᠢᠭᠡᠷ᠎ᠤᠨ ᠲᠠᠯᠠᠪᠠᠢ ᠪᠠᠭ᠎ᠠ ᠭᠠᠵᠠᠷ ᠣᠷᠣᠨ᠎ᠳᠤ ᠨᠦᠬᠦᠪᠦᠷᠢ ᠪᠠ ᠱᠠᠩᠨᠠᠯ᠎ᠤᠨ ᠪᠠᠷᠢᠮᠵᠢᠶ᠎ᠠ ᠵᠢ ᠵᠣᠬᠢᠰᠲᠠᠢ᠎ᠪᠠᠷ ᠲᠡᠭᠡᠭᠰᠢᠯᠡᠬᠦᠯᠵᠦ ᠪᠣᠯᠣᠨ᠎ᠠ᠃ ᠨᠦᠬᠦᠴᠡᠯ᠎ᠲᠠᠢ ᠭᠠᠵᠠᠷ ᠣᠷᠣᠨ᠎ᠨᠢ ᠨᠣᠲᠤᠬ ᠪᠡᠯᠴᠢᠭᠡᠷ᠎ᠤᠨ ᠲᠠᠯᠠᠪᠠᠢ᠎ᠪᠠᠷ ᠪᠠᠭ᠎ᠠ᠂ ᠣᠷᠣᠯᠭ᠎ᠠ ᠲᠣᠣᠷ᠎ᠠ ᠮᠠᠯᠴᠢᠳ᠎ᠲᠤ ᠲᠣᠬᠠᠢ ᠵᠢᠨ ᠭᠠᠵᠠᠷ ᠣᠷᠣᠨ᠎ᠤ ᠨᠠᠭ᠋ᠠᠲᠣ ᠵᠠᠬ᠎ᠠ ᠵᠢᠨ ᠠᠮᠢᠲᠣᠷᠠᠯ᠎ᠤᠨ ᠪᠠᠲᠣᠯᠠᠭ᠎ᠠ ᠵᠢᠨ ᠪᠠᠷᠢᠮᠵᠢᠶ᠎ᠠ᠎ᠠᠴᠠ ᠲᠤᠤᠷ᠎ᠠ ᠦᠬᠡᠢ ᠪᠠᠶ᠋ᠢᠬᠤ ᠨᠦᠬᠦᠪᠦᠷᠢ ᠵᠢᠨ ᠲᠦᠷᠦ ᠵᠢᠨ ᠪᠣᠲᠣᠯᠭ᠎ᠠ ᠵᠢ ᠬᠡᠷᠡᠭᠵᠢᠬᠦᠯᠦᠨ ᠎ᠡ᠃

    ᠬᠤᠷᠢ ᠶᠢᠰᠦᠲᠦᠭᠡᠷ ᠵᠦᠢ᠍ᠯ ᠮᠠᠯ ᠪᠡᠯᠴᠢᠭᠡᠷ᠎ᠤᠨ ᠲᠡᠩᠴᠡᠬᠦᠷᠢ ᠵᠢ ᠪᠠᠳᠤᠯᠠᠬᠤ ᠪᠠ ᠪᠡᠯᠴᠢᠭᠡᠷᠯᠡᠬᠦᠯᠬᠦ ᠵᠢ ᠵᠣᠬᠰᠣᠭ᠋ᠠᠬᠤ ᠲᠦᠷᠢᠮ᠎ᠢ ᠬᠡᠷᠡᠭᠵᠢᠬᠦᠯᠥᠭᠡᠳᠤᠢ᠂ ᠮᠠᠯ ᠪᠡᠯᠴᠢᠭᠡᠷ᠎ᠤᠨ ᠲᠡᠩᠴᠡᠬᠦᠷᠢ ᠵᠢ ᠪᠠᠳᠤᠯᠠᠬᠤ ᠣᠷᠣᠨ᠎ᠳᠤ ᠪᠡᠯᠴᠢᠬᠡᠷ᠎ᠤᠨ ᠲᠠᠭ᠋ᠠᠭ᠋ᠠᠴᠠ᠎ᠠᠴᠠ ᠬᠡᠲᠦᠷᠡᠬᠦᠯᠤᠨ ᠮᠠᠯ ᠪᠡᠯᠴᠢᠬᠡᠷᠯᠡᠬᠦᠯᠦᠭᠰᠡᠨ ᠨᠣᠷᠮ᠎ᠠ᠎ᠨᠢ 10%᠎ᠠᠴᠠ ᠲᠠᠪᠠᠭᠰᠠᠨ ᠪᠣᠶᠣ ᠪᠡᠯᠴᠢᠭᠡᠷᠯᠡᠬᠦᠯᠬᠦ ᠵᠢ ᠵᠣᠬᠰᠣᠭ᠋ᠠᠬᠰᠠᠨ ᠣᠷᠣᠨ᠎ᠳᠤ ᠬᠤᠶᠠᠷ᠎ᠠᠴᠠ ᠲᠡᠭᠡᠭᠰᠢ ᠣᠲᠠᠭ᠎ᠠ ᠮᠠᠯ ᠪᠡᠯᠴᠢᠭᠡᠷᠯᠡᠬᠦᠯᠦᠭᠰᠡᠨ ᠪᠠᠶ᠋ᠢᠪᠠᠯ ᠨᠣᠲᠤᠬ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠦᠬᠦᠪᠦᠷᠢ ᠪᠠ ᠱᠠᠩᠨᠠᠯ᠎ᠤᠨ ᠮᠦᠩᠬᠦ ᠵᠢ᠎ᠨᠢ ᠰᠠᠭᠤᠯᠭ᠋ᠠᠨ ᠠᠪᠴᠦ ᠪᠣᠯᠣᠨ᠎ᠠ᠃ ᠪᠣᠲᠠᠲᠠᠢ ᠠᠷᠭ᠎ᠠ ᠵᠢ ᠦᠪᠡᠷᠲᠡᠭᠡᠨ ᠵᠠᠰᠠᠬᠤ ᠣᠷᠣᠨ᠎ᠤ ᠵᠠᠰᠠᠬ᠎ᠤᠨ ᠣᠷᠲᠣᠨ᠎ᠠᠴᠠ ᠲᠣᠬᠲᠠᠭ᠋ᠠᠨ᠎ᠠ᠃

      ᠭᠤᠴᠢᠲᠣᠭ᠋ᠠᠷ ᠵᠦᠢ᠍ᠯ ᠰᠠᠭᠤᠯᠭ᠋ᠠᠨ ᠠᠪᠣᠬᠰᠠᠨ ᠨᠣᠲᠤᠬ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠦᠬᠦᠪᠦᠷᠢ ᠪᠠ ᠱᠠᠩᠨᠠᠯ᠎ᠤᠨ ᠮᠦᠩᠬᠦ ᠵᠢ ᠬᠤᠰᠢᠭᠤ ᠰᠢᠶᠠᠨ᠎ᠤ ᠱᠠᠳᠤᠨ᠎ᠤ ᠠᠷᠠᠳ᠎ᠤᠨ ᠵᠠᠰᠠᠬ᠎ᠤᠨ ᠣᠷᠲᠣᠨ᠎ᠠᠴᠠ ᠨᠢᠭᠡᠲᠦᠯᠲᠡᠢ ᠲᠦᠯᠦᠪᠵᠢᠬᠦᠯᠦᠨ ᠲᠣᠬᠢᠷᠠᠭᠤᠯᠵᠦ᠂ ᠨᠣᠲᠤᠬ ᠪᠡᠯᠴᠢᠭᠡᠷ᠎ᠢ ᠬᠠᠮᠠᠭ᠋ᠠᠯᠠᠵᠦ ᠪᠦᠲᠦᠭᠡᠨ ᠪᠠᠶ᠋ᠢᠭᠤᠯᠬᠤ᠎ᠳᠤ ᠲᠣᠰᠬᠠᠢ ᠬᠡᠷᠡᠭᠯᠡᠨ᠎ᠡ᠃

      ᠭᠤᠴᠢᠨ ᠨᠢᠭᠡᠲᠦᠭᠡᠷ ᠵᠦᠢ᠍ᠯ ᠰᠣᠮᠣ ᠰᠢᠶᠠᠩ ᠪᠠᠯᠭ᠋ᠠᠰᠣ ᠵᠢᠨ ᠠᠷᠠᠳ᠎ᠤᠨ ᠵᠠᠰᠠᠬ᠎ᠤᠨ ᠣᠷᠲᠣᠨ᠂ ᠵᠡᠭᠡᠯᠢ ᠭᠤᠲᠣᠮᠵᠢ ᠵᠢᠨ ᠬᠡᠷᠡᠭ ᠡᠷᠬᠢᠯᠡᠬᠦ ᠭᠠᠵᠠᠷ᠎ᠤᠨ᠎ᠬᠢᠨ ᠲᠣᠰᠬᠠᠢ ᠲᠣᠰᠢᠶᠠᠯᠲᠣ ᠪᠣᠶᠣ ᠲᠣᠰᠢᠶᠠᠯ ᠬᠠᠪᠰᠣᠷᠭ᠋ᠠᠬᠰᠠᠨ ᠨᠣᠲᠤᠬ ᠪᠡᠯᠴᠢᠭᠡᠷ᠎ᠤᠨ ᠬᠠᠮᠢᠶᠠᠷᠣᠨ ᠬᠠᠮᠠᠭ᠋ᠠᠯᠠᠬ᠍ᠴᠢ ᠲᠣᠬᠢᠷᠠᠭᠤᠯᠵᠦ᠂ ᠬᠠᠮᠢᠶᠠᠷᠴᠦ ᠬᠠᠮᠠᠭ᠋ᠠᠯᠠᠬᠤ ᠬᠠᠷᠢᠭᠤᠴᠠᠯᠭ᠎ᠠ ᠵᠢᠨ ᠣᠷᠣᠨ ᠲᠣᠬᠲᠠᠭ᠋ᠠᠵᠦ᠂ ᠲᠣᠣᠷᠵᠢᠭᠤᠯᠤᠭᠰᠠᠨ ᠬᠠᠮᠢᠶᠠᠷᠣᠯᠲᠠ ᠵᠢ ᠬᠡᠷᠡᠭᠵᠢᠬᠦᠯᠬᠦ ᠬᠡᠷᠡᠭᠲᠡᠢ᠃ ᠨᠣᠲᠤᠬ ᠪᠡᠯᠴᠢᠭᠡᠷ᠎ᠤᠨ ᠬᠠᠮᠢᠶᠠᠷᠣᠨ ᠬᠠᠮᠠᠭ᠋ᠠᠯᠠᠬ᠍ᠴᠢ ᠲᠣᠣᠷᠠᠬᠢ ᠮᠡᠲᠦ ᠵᠢᠨ ᠲᠣᠰᠢᠶᠠᠯ ᠬᠠᠷᠢᠭᠤᠴᠠᠯᠭ᠎ᠠ ᠵᠢ ᠬᠦᠢ᠍ᠴᠡᠳᠭᠡᠨ᠎ᠡ᠄ (ᠨᠢᠭᠡ) ᠬᠠᠮᠢᠶᠠᠷᠴᠦ ᠬᠠᠮᠠᠭ᠋ᠠᠯᠠᠬᠤ ᠣᠷᠣᠨ᠎ᠤ᠎ᠪᠠᠨ ᠨᠣᠲᠤᠬ ᠪᠡᠯᠴᠢᠭᠡᠷ᠎ᠢ ᠴᠠᠬᠲᠠᠨ ᠪᠠᠶ᠋ᠢᠴᠠᠭ᠋ᠠᠵᠦ᠂ ᠨᠣᠲᠤᠬ ᠪᠡᠯᠴᠢᠭᠡᠷ᠎ᠤᠨ ᠬᠡᠷᠡᠭᠯᠡᠭᠴᠢᠳ᠂ ᠨᠣᠲᠤᠬ ᠪᠡᠯᠴᠢᠭᠡᠷ᠎ᠤᠨ ᠲᠠᠭ᠋ᠠᠭ᠋ᠠᠴᠢᠯᠠᠨ ᠡᠵᠡᠩᠨᠡᠭᠴᠢᠳ᠎ᠤᠨ ᠮᠠᠯ ᠣᠨᠤᠭ᠎ᠠ ᠵᠢᠨ ᠲᠤᠭ᠎ᠠ ᠵᠢ ᠡᠵᠡᠮᠲᠡᠨ᠂ ᠮᠠᠯ ᠪᠡᠯᠴᠢᠭᠡᠷ᠎ᠤᠨ ᠲᠡᠩᠴᠡᠬᠦᠷᠢ ᠵᠢ ᠪᠠᠳᠤᠯᠠᠬᠤ ᠪᠠ ᠪᠡᠯᠴᠢᠭᠡᠷᠯᠡᠬᠦᠯᠬᠦ ᠵᠢ ᠵᠣᠬᠰᠣᠭ᠋ᠠᠨ ᠪᠡᠯᠴᠢᠭᠡᠷ᠎ᠢ ᠰᠡᠷᠬᠦᠭᠡᠬᠦ ᠲᠦᠷᠢᠮ᠎ᠢ ᠨᠠᠶ᠋ᠢᠲᠠᠪᠣᠷᠢᠵᠢᠭᠤᠯᠣᠨ᠎ᠠ; (ᠬᠤᠶᠠᠷ) ᠮᠠᠯ ᠪᠡᠯᠴᠢᠭᠡᠷ᠎ᠤᠨ ᠲᠡᠩᠴᠡᠬᠦᠷᠢ ᠵᠢ ᠪᠠᠳᠤᠯᠠᠬᠤ ᠪᠠ ᠪᠡᠯᠴᠢᠭᠡᠷᠯᠡᠬᠦᠯᠬᠦ ᠵᠢ ᠵᠣᠬᠰᠣᠭ᠋ᠠᠨ ᠪᠡᠯᠴᠢᠭᠡᠷ᠎ᠢ ᠰᠡᠷᠬᠦᠭᠡᠬᠦ ᠲᠦ᠍ᠷᠢᠮ᠎ᠠᠴᠠ ᠵᠦᠷᠢᠴᠡᠭᠰᠡᠨ ᠵᠢᠴᠢ ᠨᠣᠲᠤᠬ ᠪᠡᠯᠴᠢᠭᠡᠷ᠎ᠤᠨ ᠣᠷᠭᠤᠮᠠᠯ᠎ᠤᠨ ᠪᠦᠷᠬᠦᠴᠡ ᠵᠢ ᠡᠪᠲᠡᠭᠰᠡᠨ ᠪᠣᠰᠣᠳ ᠬᠠᠣᠯᠢ᠎ᠠᠴᠠ ᠵᠦᠷᠢᠴᠡᠭᠰᠡᠨ ᠠᠵᠢᠯᠯᠠᠭ᠎ᠠ ᠵᠢ ᠬᠤᠷᠢᠬᠯᠠᠵᠦ᠂ ᠢᠯᠡᠴᠢᠯᠡᠨ ᠮᠡᠲᠡᠬᠦᠯᠦᠨ᠎ᠡ; (ᠭᠤᠷᠪᠠ) ᠨᠤᠳᠤᠭ ᠪᠡᠯᠴᠢᠬᠡᠷ᠎ᠤᠨ ᠲᠦᠢ᠍ᠮᠠᠷ ᠪᠤᠯᠤᠨ ᠬᠤᠯᠣᠭ᠋ᠠᠨ᠎ᠠ ᠵᠢᠨ ᠬᠦᠨᠦᠭᠡᠯ᠂ ᠬᠤᠷᠣᠬᠠᠢ ᠰᠢᠪᠡᠵᠢ ᠵᠢᠨ ᠬᠦᠨᠦᠭᠡᠯ ᠵᠡᠷᠭᠡ ᠪᠠᠶ᠋ᠢᠭ᠋ᠠᠯᠢ᠂ ᠠᠮᠢᠲᠣ ᠪᠣᠲᠠᠰ᠎ᠤᠨ ᠭᠠᠮᠰᠢᠬ᠎ᠤᠨ ᠪᠠᠶ᠋ᠢᠲᠠᠯ᠎ᠢ ᠮᠡᠲᠡᠬᠦᠯᠵᠦ ᠰᠢᠢ᠍ᠳᠪᠦᠷᠢᠯᠡᠨ᠎ᠡ; (ᠲᠦᠷᠪᠡ) ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠠᠮᠵᠢᠯᠴᠠᠨ ᠨᠣᠲᠤᠬ ᠪᠡᠯᠴᠢᠭᠡᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠢᠨᠠᠨ ᠬᠡᠮᠵᠢᠬᠦ ᠵᠡᠷᠭᠡ ᠨᠣᠲᠤᠬ ᠪᠡᠯᠴᠢᠭᠡᠷ᠎ᠢ ᠬᠠᠮᠠᠭ᠋ᠠᠯᠠᠵᠤ ᠬᠠᠮᠢᠶᠠᠷᠬᠤ ᠪᠣᠰᠣᠳ ᠪᠣᠲᠠᠲᠠᠢ ᠠᠵᠢᠯ᠎ᠤᠳ᠎ᠢ ᠦᠷᠨᠢᠬᠦᠯᠦᠨ᠎ᠠ᠃

      ᠭᠤᠴᠢᠨ ᠬᠤᠶᠠᠲᠣᠭ᠋ᠠᠷ ᠵᠦᠢ᠍᠊᠊ᠯ ᠲᠣᠰ ᠲᠦᠷᠢᠮ᠎ᠤᠨ ᠲᠣᠬᠲᠠᠭ᠋ᠠᠯ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ᠎ᠳᠤ ᠣᠯᠣᠰ᠎ᠤᠨ ᠬᠤᠯᠪᠣᠬᠲᠠᠯ ᠪᠦᠬᠦᠢ ᠬᠠᠣᠯᠢ ᠴᠠᠭ᠋ᠠᠵᠠ᠂ ᠬᠠᠣᠯᠢ ᠲᠣᠬᠲᠠᠭ᠋ᠠᠯ᠎ᠳᠤ ᠨᠢᠭᠡᠨᠲᠡ ᠪᠣᠲᠠᠲᠠᠢ ᠰᠢᠢ᠍ᠳᠭᠡᠬᠦ ᠲᠣᠬᠲᠠᠭ᠋ᠠᠯ ᠲᠣᠬᠲᠠᠭ᠋ᠠᠬᠰᠠᠨ ᠪᠣᠯ ᠲᠣᠬᠲᠠᠭ᠋ᠠᠯ ᠶᠣᠰᠣᠭ᠋ᠠᠷ᠎ᠨᠢ ᠬᠡᠷᠡᠭᠵᠢᠬᠦᠯᠦᠨ᠎ᠡ᠃

      ᠭᠤᠴᠢᠨ ᠭᠤᠷᠪᠠᠲᠣᠭ᠋ᠠᠷ ᠵᠦᠢ᠍ᠯ ᠲᠣᠰ ᠲᠦᠷᠢᠮ᠎ᠤᠨ ᠠᠷᠪᠠᠨ ᠬᠤᠶᠠᠲᠣᠭ᠋ᠠᠷ ᠵᠦᠢ᠍ᠯ᠂ ᠬᠤᠷᠢᠨ ᠲᠦᠷᠪᠡᠲᠦᠭᠡᠷ ᠵᠦᠢ᠍ᠯ᠎ᠠᠴᠠ ᠵᠦᠷᠢᠴᠡᠵᠦ᠂ ᠲᠣᠬᠲᠠᠭ᠋ᠠᠯ ᠶᠣᠰᠣᠭ᠋ᠠᠷ ᠡᠪᠡᠰᠦ ᠬᠠᠲᠣᠬᠰᠠᠨ ᠦᠭᠡᠢ ᠪᠠᠶ᠋ᠢᠪᠠᠯ ᠰᠣᠮᠣ ᠰᠢᠶᠠᠩ ᠪᠠᠯᠭ᠋ᠠᠰᠣ ᠵᠢᠨ ᠠᠷᠠᠳ᠎ᠤᠨ ᠵᠠᠰᠠᠬ᠎ᠤᠨ ᠣᠷᠲᠣᠨ ᠪᠣᠶᠣ ᠵᠡᠭᠡᠯᠢ ᠭᠤᠲᠣᠮᠵᠢ ᠵᠢᠨ ᠬᠡᠷᠡᠭ ᠡᠷᠬᠢᠯᠡᠬᠦ ᠭᠠᠵᠠᠷ᠎ᠠᠴᠠ ᠮᠦ᠍ ᠪᠦᠷᠢ᠎ᠳᠤ 200 ᠲᠦᠬᠦᠷᠢᠭ᠎ᠠᠴᠠ ᠲᠡᠭᠡᠭᠰᠢ 500 ᠲᠦᠬᠦᠷᠢᠭ᠎ᠠᠴᠠ ᠲᠣᠷᠣᠬᠰᠢ ᠵᠣᠭᠤᠰ ᠵᠶ᠋ᠠᠷ ᠲᠣᠷᠭ᠋ᠠᠨ᠎ᠠ᠃

      ᠭᠤᠴᠢᠨ ᠲᠦᠷᠪᠡᠲᠦᠭᠡᠷ ᠵᠦᠢ᠍ᠯ ᠲᠣᠰ ᠲᠦᠷᠢᠮ᠎ᠤᠨ ᠠᠷᠪᠠᠨ ᠭᠤᠷᠪᠠᠲᠣᠭ᠋ᠠᠷ ᠵᠦᠢ᠍ᠯ᠎ᠠᠴᠠ ᠵᠦᠷᠢᠴᠡᠵᠦ᠂ ᠪᠡᠯᠴᠢᠭᠡᠷᠯᠡᠬᠦᠯᠬᠦ ᠵᠢ ᠵᠣᠬᠰᠣᠭ᠋ᠠᠨ ᠪᠡᠯᠴᠢᠭᠡᠷ᠎ᠢ ᠰᠡᠷᠬᠦᠭᠡᠬᠦ ᠫᠠᠶ᠋ᠢᠰᠠ ᠲᠡᠮᠲᠡᠭ᠎ᠢ ᠡᠪᠲᠡᠭᠰᠡᠨ ᠪᠤᠶᠤ ᠲᠣᠷ᠎ᠠ᠎ᠪᠠᠷ ᠰᠢᠯᠵᠢᠬᠦᠯᠦᠭᠰᠡᠨ ᠪᠠᠶ᠋ᠢᠪᠠᠯ ᠰᠣᠮᠣ ᠰᠢᠶᠠᠩ ᠪᠠᠯᠭ᠋ᠠᠰᠣ ᠵᠢᠨ ᠠᠷᠠᠳ᠎ᠤᠨ ᠵᠠᠰᠠᠬ᠎ᠤᠨ ᠣᠷᠲᠣᠨ ᠪᠣᠶᠣ ᠵᠡᠭᠡᠯᠢ ᠭᠤᠲᠣᠮᠵᠢ ᠵᠢᠨ ᠬᠡᠷᠡᠭ ᠡᠷᠬᠢᠯᠡᠬᠦ ᠭᠠᠵᠠᠷ᠎ᠠᠴᠠ ᠬᠠᠣᠯᠢ᠎ᠠᠴᠠ ᠵᠦᠷᠢᠴᠡᠭᠰᠡᠨ ᠠᠵᠢᠯᠯᠠᠭ᠎ᠠ ᠵᠢ᠎ᠨᠢ ᠵᠠᠷᠯᠢᠬᠲᠠᠨ ᠵᠣᠬᠰᠣᠭ᠋ᠠᠵᠦ᠂ ᠬᠤᠭᠤᠴᠠᠭ᠎ᠠ ᠲᠣᠬᠲᠠᠭ᠋ᠠᠨ ᠣᠣᠯ ᠪᠠᠶ᠋ᠢᠲᠠᠯ᠎ᠢ᠎ᠨᠢ ᠰᠡᠷᠬᠦᠬᠡᠯᠭᠡᠨ᠎ᠡ; ᠲᠣᠬᠲᠠᠭᠰᠠᠨ ᠬᠤᠭᠤᠴᠠᠭ᠋ᠠᠨ ᠲᠣᠲᠣᠷ᠎ᠠ ᠣᠣᠯ ᠪᠠᠶ᠋ᠢᠲᠠᠯ᠎ᠢ᠎ᠨᠢ ᠰᠡᠷᠬᠦᠭᠡᠭᠰᠡᠨ ᠦᠭᠡᠢ ᠪᠣᠯ ᠡᠪᠲᠡᠭᠲᠡᠭᠰᠡᠨ ᠲᠦᠬᠦᠭᠡᠷᠦᠮᠵᠢ ᠵᠢᠨ ᠣᠣᠯ᠎ᠤᠨ ᠦᠨ᠎ᠡ ᠬᠠᠩᠰᠢ ᠵᠢᠨ ᠨᠢᠭᠡ ᠲᠠᠬᠢᠨ᠎ᠠᠴᠠ ᠲᠡᠭᠡᠭᠰᠢ ᠲᠠᠪᠣᠨ ᠲᠠᠬᠢᠨ᠎ᠠᠴᠠ ᠲᠣᠷᠣᠬᠰᠢ ᠵᠣᠭᠤᠰ ᠵᠶ᠋ᠠᠷ ᠲᠣᠷᠭ᠋ᠠᠨ᠎ᠠ᠃

      ᠭᠤᠴᠢᠨ ᠲᠠᠪᠣᠲᠣᠭ᠋ᠠᠷ ᠵᠦᠢ᠍ᠯ ᠲᠣᠰ ᠲᠦᠷᠢᠮ᠎ᠤᠨ ᠠᠷᠪᠠᠨ ᠲᠣᠯᠣᠲᠣᠭ᠋ᠠᠷ ᠵᠦᠢ᠍ᠯ᠎ᠠᠴᠠ ᠵᠦᠷᠢᠴᠡᠵᠦ᠂ ᠬᠢᠨᠡᠨ ᠲᠣᠬᠲᠠᠭ᠋ᠠᠬᠰᠠᠨ ᠲᠣᠬᠢᠷᠠᠮᠵᠢᠲᠠᠢ ᠪᠡᠯᠴᠢᠬᠡᠷ᠎ᠤᠨ ᠲᠠᠭ᠋ᠠᠭ᠋ᠠᠴᠠ᠎ᠠᠴᠠ ᠬᠡᠲᠦᠷᠡᠬᠦᠯᠤᠨ ᠮᠠᠯ ᠪᠡᠯᠴᠢᠭᠡᠷᠯᠡᠬᠦᠯᠦᠭᠰᠡᠨ ᠪᠠᠶ᠋ᠢᠪᠠᠯ ᠰᠣᠮᠣ ᠰᠢᠶᠠᠩ ᠪᠠᠯᠭ᠋ᠠᠰᠣ ᠵᠢᠨ ᠠᠷᠠᠳ᠎ᠤᠨ ᠵᠠᠰᠠᠬ᠎ᠤᠨ ᠣᠷᠲᠣᠨ ᠪᠣᠶᠣ ᠵᠡᠭᠡᠯᠢ ᠭᠤᠲᠣᠮᠵᠢ ᠵᠢᠨ ᠬᠡᠷᠡᠭ ᠡᠷᠬᠢᠯᠡᠬᠦ ᠭᠠᠵᠠᠷ᠎ᠠᠴᠠ ᠬᠤᠭᠤᠴᠠᠭ᠎ᠠ ᠲᠣᠬᠲᠠᠭ᠋ᠠᠨ ᠵᠠᠯᠠᠷᠠᠭᠤᠯᠣᠨ᠎ᠠ; ᠲᠣᠬᠲᠠᠬᠰᠠᠨ ᠬᠤᠭᠤᠴᠠᠭ᠋ᠠᠨ ᠲᠣᠲᠣᠷ᠎ᠠ ᠵᠠᠯᠠᠷᠠᠭᠤᠯᠣᠬᠰᠠᠨ ᠦᠬᠡᠢ ᠪᠤᠯ ᠪᠡᠯᠴᠢᠬᠡᠷ᠎ᠤᠨ ᠲᠠᠭ᠋ᠠᠭ᠋ᠠᠴᠠ᠎ᠠᠴᠠ ᠭᠡᠳᠦᠷᠡᠬᠦᠯᠤᠨ ᠪᠡᠯᠴᠢᠬᠡᠷᠯᠡᠬᠦᠯᠥᠭᠰᠡᠨ ᠮᠠᠯ ᠤᠨᠤᠭ᠎ᠠ᠎ᠳᠤ ᠬᠤᠨᠢᠴᠢᠯᠠᠭᠰᠠᠨ ᠨᠢᠭᠡᠴᠢ᠎ᠪᠠᠷ ᠨᠢᠭᠡᠴᠢ ᠪᠦᠷᠢ ᠵᠢ 100 ᠲᠦᠬᠦᠷᠢᠭ ᠵᠶ᠋ᠠᠷ ᠲᠣᠷᠭ᠋ᠠᠨ᠎ᠠ᠃ ᠪᠡᠯᠴᠢᠭᠡᠷᠯᠡᠬᠦᠯᠬᠦ ᠵᠢ ᠵᠣᠬᠰᠣᠭ᠋ᠠᠬᠰᠠᠨ ᠣᠷᠣᠨ ᠪᠣᠶᠣ ᠪᠡᠯᠴᠢᠭᠡᠷ᠎ᠢ ᠰᠡᠷᠬᠦᠭᠡᠬᠦ ᠬᠤᠭᠤᠴᠠᠭ᠋ᠠᠨ᠎ᠳᠤ ᠮᠠᠯ ᠪᠡᠯᠴᠢᠭᠡᠷᠯᠡᠬᠦᠯᠦᠭᠰᠡᠨ ᠪᠠᠶ᠋ᠢᠪᠠᠯ ᠰᠣᠮᠣ ᠰᠢᠶᠠᠩ ᠪᠠᠯᠭ᠋ᠠᠰᠣ ᠵᠢᠨ ᠠᠷᠠᠳ᠎ᠤᠨ ᠵᠠᠰᠠᠬ᠎ᠤᠨ ᠣᠷᠲᠣᠨ ᠪᠣᠶᠣ ᠵᠡᠭᠡᠯᠢ ᠭᠤᠲᠣᠮᠵᠢ ᠵᠢᠨ ᠬᠡᠷᠡᠭ ᠡᠷᠬᠢᠯᠡᠬᠦ ᠭᠠᠵᠠᠷ᠎ᠠᠴᠠ ᠵᠠᠷᠯᠢᠬᠲᠠᠨ ᠵᠠᠯᠠᠷᠠᠭᠤᠯᠵᠦ᠂ ᠬᠠᠣᠯᠢ᠎ᠠᠴᠠ ᠵᠦᠷᠢᠴᠡᠨ ᠪᠡᠯᠴᠢᠭᠡᠷᠯᠡᠬᠦᠯᠦᠭᠰᠡᠨ ᠮᠠᠯ ᠤᠨᠤᠭ᠎ᠠ᠎ᠳᠤ ᠬᠤᠨᠢᠴᠢᠯᠠᠭᠰᠠᠨ ᠨᠢᠭᠡᠴᠢ᠎ᠪᠠᠷ ᠨᠢᠭᠡᠴᠢ ᠪᠦᠷᠢ ᠵᠢ 120 ᠲᠦᠬᠦᠷᠢᠭ ᠵᠶ᠋ᠠᠷ ᠲᠣᠷᠭ᠋ᠠᠨ᠎ᠠ᠃

    ᠭᠤᠴᠢᠨ ᠵᠢᠷᠭᠤᠲᠣᠭ᠋ᠠᠷ ᠵᠦᠢ᠍ᠯ ᠲᠣᠰ ᠲᠦᠷᠢᠮ᠎ᠤᠨ ᠬᠤᠷᠢᠨ ᠲᠣᠯᠣᠲᠣᠭ᠋ᠠᠷ ᠵᠦᠢ᠍ᠯ᠎ᠠᠴᠠ ᠵᠦᠷᠢᠴᠡᠵᠤ᠂ ᠨᠣᠲᠤᠬ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠦᠬᠦᠪᠦᠷᠢ ᠪᠠ ᠱᠠᠩᠨᠠᠯ᠎ᠤᠨ ᠮᠦᠩᠬᠦ ᠵᠢ ᠲᠤᠮᠳᠠ᠎ᠠᠴᠠ᠎ᠨᠢ ᠦᠯᠡᠲᠡᠭᠡᠬᠦ ᠪᠤᠶᠤ ᠰᠢᠯᠵᠢᠬᠦᠯᠦᠨ ᠬᠡᠷᠡᠭᠯᠡᠭᠰᠡᠨ ᠪᠠᠶ᠋ᠢᠪᠠᠯ ᠰᠢᠭᠤᠳ ᠬᠠᠷᠢᠭᠤᠴᠠᠬᠤ ᠭᠤᠤᠯᠯᠠᠨ ᠬᠠᠮᠢᠶᠠᠷᠬᠤ ᠬᠦᠮᠦᠨ ᠪᠤᠯᠤᠨ ᠪᠣᠰᠣᠳ ᠰᠢᠭᠤᠳ ᠬᠠᠷᠢᠭᠤᠴᠠᠯᠭ᠋ᠠᠲᠠᠨ᠎ᠳᠤ ᠬᠠᠣᠯᠢ ᠶᠣᠰᠣᠭ᠋ᠠᠷ ᠰᠢᠢ᠍ᠳᠭᠡᠯ ᠦᠭᠬᠦᠨ᠎ᠡ; ᠶᠠᠯ᠎ᠠ ᠪᠣᠯᠵᠦ ᠪᠦᠷᠢᠯᠲᠦᠭᠰᠡᠨ ᠪᠠᠶ᠋ᠢᠪᠠᠯ ᠬᠠᠣᠯᠢ ᠶᠣᠰᠣᠭ᠋ᠠᠷ ᠡᠷᠡᠬᠦᠦ ᠵᠢᠨ ᠬᠡᠷᠡᠭ᠎ᠤᠨ ᠬᠠᠷᠢᠭᠤᠴᠠᠯᠭ᠎ᠠ ᠨᠡᠭᠡᠮᠵᠢᠯᠡᠨ᠎ᠡ᠃

    ᠭᠤᠴᠢᠨ ᠲᠣᠯᠣᠲᠣᠭ᠋ᠠᠷ ᠵᠦᠢ᠍ᠯ ᠨᠣᠲᠤᠬ ᠪᠡᠯᠴᠢᠭᠡᠷ᠎ᠤᠨ ᠵᠠᠰᠠᠬ ᠵᠠᠬᠢᠷᠭ᠋ᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠯᠣᠨ ᠪᠣᠰᠣᠳ ᠣᠯᠣᠰ᠎ᠤᠨ ᠪᠠᠶ᠋ᠢᠭᠤᠯᠭ᠎ᠠ ᠵᠢᠨ ᠠᠵᠢᠯᠲᠠᠨ ᠲᠣᠣᠷᠠᠬᠢ ᠵᠢᠨ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠰᠢᠭᠤᠳ ᠬᠠᠷᠢᠭᠤᠴᠠᠬᠤ ᠭᠤᠤᠯᠯᠠᠨ ᠬᠠᠮᠢᠶᠠᠷᠬᠤ ᠬᠦᠮᠦᠨ ᠪᠤᠯᠤᠨ ᠪᠣᠰᠣᠳ ᠰᠢᠭᠤᠳ ᠬᠠᠷᠢᠭᠤᠴᠠᠯᠭ᠋ᠠᠲᠠᠨ᠎ᠳᠤ ᠬᠠᠣᠯᠢ ᠶᠣᠰᠣᠭ᠋ᠠᠷ ᠰᠢᠢ᠍ᠳᠭᠡᠯ ᠦᠭᠬᠦᠨ᠎ᠡ; ᠶᠠᠯ᠎ᠠ ᠪᠣᠯᠵᠦ ᠪᠦᠷᠢᠯᠲᠦᠭᠰᠡᠨ ᠪᠠᠶ᠋ᠢᠪᠠᠯ ᠬᠠᠣᠯᠢ ᠶᠣᠰᠣᠭ᠋ᠠᠷ ᠡᠷᠡᠬᠦᠦ ᠵᠢᠨ ᠬᠡᠷᠡᠭ᠎ᠤᠨ ᠬᠠᠷᠢᠭᠤᠴᠠᠯᠭ᠎ᠠ ᠨᠡᠭᠡᠮᠵᠢᠯᠡᠨ᠎ᠡ; (ᠨᠢᠭᠡ) ᠮᠠᠯ ᠪᠡᠯᠴᠢᠭᠡᠷ᠎ᠤᠨ ᠲᠡᠩᠴᠡᠬᠦᠷᠢ ᠵᠢ ᠪᠠᠳᠤᠯᠠᠬᠤ ᠪᠠ ᠪᠡᠯᠴᠢᠭᠡᠷᠯᠡᠬᠦᠯᠬᠦ ᠵᠢ ᠵᠣᠬᠰᠣᠭ᠋ᠠᠨ ᠪᠡᠯᠴᠢᠭᠡᠷ᠎ᠢ ᠰᠡᠷᠬᠦᠭᠡᠬᠦ ᠲᠦᠷᠢᠮ᠎ᠢ ᠬᠠᠣᠯᠢ ᠶᠣᠰᠣᠭ᠋ᠠᠷ ᠬᠡᠷᠡᠭᠵᠢᠬᠦᠯᠬᠦ ᠦᠭᠡᠢ; (ᠬᠤᠶᠠᠷ) ᠬᠠᠣᠯᠢ᠎ᠠᠴᠠ ᠵᠦᠷᠢᠴᠡᠭᠰᠡᠨ ᠠᠵᠢᠯᠯᠠᠭ᠎ᠠ ᠵᠢ ᠣᠯᠵᠦ ᠮᠡᠲᠡᠬᠡᠳ ᠪᠠᠶ᠋ᠢᠴᠠᠭ᠋ᠠᠬᠤ ᠦᠭᠡᠢ ᠪᠣᠶᠣ ᠡᠰᠡᠬᠦᠯ᠎ᠡ ᠪᠠᠶ᠋ᠢᠴᠠᠭ᠋ᠠᠬᠰᠠᠨ᠎ᠨᠢ ᠵᠣᠬᠢᠰ ᠦᠭᠡᠢ; (ᠭᠤᠷᠪᠠ) ᠲᠣᠰᠢᠶᠠᠯ ᠵᠶ᠋ᠠᠨ ᠭᠤᠲᠣᠭ᠋ᠠᠭᠰᠠᠨ᠂ ᠡᠷᠭᠡ᠎ᠪᠠᠨ ᠲᠣᠷ᠎ᠠ᠎ᠪᠠᠷ ᠬᠡᠷᠡᠭᠯᠡᠭᠰᠡᠨ᠂ ᠬᠤᠪᠢ᠎ᠪᠠᠨ ᠪᠣᠷᠲᠣᠵᠦ ᠭᠡᠮ ᠬᠢᠭᠰᠡᠨ ᠪᠣᠰᠣᠳ ᠠᠵᠢᠯᠯᠠᠭ᠎ᠠ᠃

      ᠭᠤᠴᠢᠨ ᠨᠠᠢ᠍ᠮᠠᠲᠣᠭ᠋ᠠᠷ ᠵᠦᠢ᠍ᠯ ᠲᠣᠰ ᠲᠦᠷᠢᠮ᠎ᠢ 2021 ᠤᠨ᠎ᠤ 10 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠬᠦᠯᠦᠨ᠎ᠠ᠃
   

ᠢᠷᠡᠯᠲᠡ᠄ ᠦᠪᠦᠷ ᠮᠣᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠨᠢᠭᠡ)
ᠤᠯᠠᠭ᠋ᠠᠨᠴᠠᠪ ᠬᠣᠲᠠ ᠵᠢᠨ ᠳᠠᠭ᠎ᠠ ᠵᠢᠨ ᠨᠠᠭᠤᠷ᠂ ᠬᠢᠭᠢᠷᠢ ᠵᠢᠨ ᠨᠠᠭᠤᠷ᠎ᠤᠨ ᠬᠠᠮᠠᠭ᠋ᠠᠯᠠᠯᠲᠠ ᠵᠢᠨ ᠳᠦᠷᠢᠮ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠬᠤᠶᠠᠷ)
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠭᠤᠷᠪᠠ)
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠲᠦᠷᠪᠡ)
 
             蒙ICP备05000248号