ᠡᠷᠬᠡ ᠵᠢᠨ ᠨᠡᠷᠡᠶ᠋ᠢᠳᠦᠯ᠄ ᠭᠠᠳᠠᠭ᠋ᠠᠳᠤ᠎ᠠᠴᠠ ᠣᠷᠣᠭᠣᠯᠣᠭᠰᠠᠨ ᠦᠷ᠎ᠡ ᠴᠢᠬᠢ ᠵᠢᠨ ᠬᠢᠵᠢᠭ᠎ᠤᠨ ᠪᠠᠢ᠌ᠴᠠᠭ᠋ᠠᠯᠳᠠ ᠵᠢᠴᠢ ᠵᠦᠪᠰᠢᠶᠡᠷᠡᠯ
ᠡᠷᠬᠡ ᠵᠢᠨ ᠲᠥᠷᠥᠯ ᠠᠩᠭᠢᠯᠠᠯ᠄ ᠵᠠᠰᠠᠭ ᠵᠠᠬᠢᠷᠭ᠋ᠠᠨ᠎ᠤ ᠵᠥᠪᠰᠢᠶᠡᠷᠡᠯ
ᠬᠠᠷᠢᠭᠤᠴᠠᠯᠭ᠎ᠠ ᠵᠢᠨ ᠭᠣᠣᠯ ᠴᠣᠭᠴᠠ᠄ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠪᠠ ᠨᠤᠳᠤᠭ ᠪᠡᠯᠴᠢᠭᠡᠷ᠎ᠤᠨ ᠲᠤᠪᠴᠢᠶ᠎ᠠ
ᠲᠤᠭᠲᠠᠭ᠋ᠠᠭᠰᠠᠨ ᠦᠨᠳᠦᠰᠦᠯᠡᠯ᠄ 《ᠤᠷᠭᠤᠮᠠᠯ᠎ᠤᠨ ᠬᠢᠵᠢᠭ᠎ᠢ ᠪᠠᠶ᠋ᠢᠴᠠᠭ᠋ᠠᠬᠤ ᠳᠦᠷᠢᠮ》 ᠵᠢᠨ ᠠᠷᠪᠠᠨ ᠬᠣᠶᠠᠳᠤᠭ᠋ᠠᠷ ᠵᠣᠷᠪᠤᠰ ᠭᠠᠳᠠᠭ᠋ᠠᠳᠤ᠎ᠠᠴᠠ ᠦᠷ᠎ᠡ ᠴᠢᠬᠢ ᠣᠷᠣᠭᠤᠯᠬᠤ ᠨᠢᠭᠡᠴᠡ᠎ᠠᠴᠠ ᠲᠤᠬᠠᠢ ᠵᠢᠨ ᠭᠠᠵᠠᠷ᠎ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠤᠷᠭᠤᠮᠠᠯ᠎ᠤᠨ ᠬᠢᠵᠢᠭ᠎ᠢ ᠪᠠᠶ᠋ᠢᠴᠠᠭ᠋ᠠᠬᠤ ᠪᠠᠶ᠋ᠢᠭᠤᠯᠤᠮᠵᠢ᠎ᠳᠤ ᠭᠤᠶᠤᠴᠢᠯᠠᠯ ᠭᠠᠷᠭ᠋ᠠᠵᠤ᠂ ᠬᠢᠵᠢᠭ᠎ᠢ ᠪᠠᠶ᠋ᠢᠴᠠᠭ᠋ᠠᠵᠤ ᠬᠢᠨᠠᠨ ᠵᠥᠪᠰᠢᠶᠡᠷᠡᠬᠦ ᠭᠠᠷ ᠭᠦᠢ᠍ᠴᠡᠳᠬᠡᠯ ᠬᠢᠬᠦ ᠬᠡᠷᠡᠭᠲᠡᠶ᠃ ᠭᠡᠲᠡᠯ᠎ᠡ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠬᠠᠷᠢᠶᠠᠯᠠᠭᠳᠠᠬᠤ ᠪᠡᠭᠡᠵᠢᠩ᠎ᠳᠤ ᠪᠠᠶ᠋ᠢᠭ᠎ᠠ ᠨᠢᠭᠡᠴᠡ᠎ᠨᠦᠭᠦᠳ᠎ᠨᠢ ᠭᠠᠳᠠᠭ᠋ᠠᠳᠤ᠎ᠠᠴᠠ ᠦᠷ᠎ᠡ ᠴᠢᠬᠢ ᠵᠢ ᠣᠷᠣᠭᠤᠯᠣᠭᠰᠠᠨ ᠪᠠᠶ᠋ᠢᠪᠠᠯ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠬᠠᠷᠢᠶ᠎ᠠ ᠪᠦᠬᠦᠢ ᠤᠷᠭᠤᠮᠠᠯ᠎ᠤᠨ ᠬᠢᠵᠢᠭ᠎ᠢ ᠪᠠᠶ᠋ᠢᠴᠠᠭ᠋ᠠᠬᠤ ᠪᠠᠶ᠋ᠢᠭᠤᠯᠤᠮᠵᠢ᠎ᠳᠤ ᠭᠤᠶᠤᠴᠢᠯᠠᠯ ᠭᠠᠷᠭ᠋ᠠᠵᠤ᠂ ᠬᠢᠵᠢᠭ᠎ᠢ ᠪᠠᠶ᠋ᠢᠴᠠᠭ᠋ᠠᠵᠤ ᠬᠢᠨᠠᠨ ᠵᠥᠪᠰᠢᠶᠡᠷᠡᠬᠦ ᠭᠠᠷ ᠭᠦᠢ᠍ᠴᠡᠳᠬᠡᠯ ᠬᠢᠬᠦ ᠬᠡᠷᠡᠭᠲᠡᠶ᠃ ᠪᠣᠳᠠᠲᠠᠶ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠷᠢᠶᠠᠯᠠᠩ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃ ᠭᠠᠳᠠᠭ᠋ᠠᠳᠤ᠎ᠠᠴᠠ ᠨᠢᠭᠤᠭᠳᠠᠮᠠᠯ ᠬᠦᠨᠦᠭᠡᠯᠲᠤ ᠡᠪᠡᠳᠴᠢᠨ ᠬᠣᠷᠣᠬᠠᠶ ᠵᠢᠨ ᠬᠢᠵᠢᠭ᠎ᠲᠠᠢ ᠦᠷ᠎ᠡ ᠴᠢᠬᠢ ᠪᠠ ᠪᠤᠰᠤᠳ ᠪᠤᠢ᠌ᠵᠢᠭᠤᠯᠬᠤ ᠪᠤᠳᠠᠰ ᠣᠷᠣᠭᠣᠯᠣᠭᠰᠠᠨ ᠪᠠᠢ᠌ᠪᠠᠯ᠂ ᠡᠷᠬᠡᠪᠰᠢ ᠲᠤᠰᠠᠭ᠋ᠠᠷᠯᠠᠨ ᠪᠠᠢ᠌ᠴᠠᠭ᠋ᠠᠨ᠎ᠠ᠃
ᠬᠠᠷᠢᠭᠤᠴᠠᠬᠤ ᠵᠦᠢ᠍ᠯᠡᠰ᠄ 1. ᠬᠠᠷᠢᠭᠤᠴᠠᠯᠭ᠎ᠠ ᠵᠢ ᠬᠦᠯᠢᠶᠡᠨ ᠠᠪᠴᠤ ᠰᠢᠢᠳᠪᠦᠷᠢᠯᠡᠬᠦ᠄ ᠬᠠᠤᠯᠢ ᠶᠣᠰᠣᠭ᠋ᠠᠷ ᠲᠤᠰᠢᠶᠠᠬᠤ ᠶᠣᠰᠣᠲᠠᠶ ᠮᠠᠲ᠋ᠧᠷᠢᠶᠠᠯ᠎ᠢ ᠨᠠᠢ᠌ᠲᠠᠯᠠᠨᠠ; ᠨᠢᠭᠡ ᠯᠡ ᠤᠳᠠᠭ᠎ᠠ ᠳᠡᠭᠡᠷ᠎ᠡ ᠨᠥᠬᠥᠪᠥᠷᠢᠯᠡᠵᠦ ᠵᠠᠯᠠᠷᠠᠭᠤᠯᠬᠤ ᠪᠢᠴᠢᠭ ᠮᠠᠲ᠋ᠧᠷᠢᠶᠠᠯ᠎ᠢ ᠮᠡᠳᠡᠭᠳᠡᠬᠦ ᠬᠡᠷᠡᠭᠲᠡᠢ; ᠬᠠᠤᠯᠢ ᠶᠣᠰᠣᠭ᠋ᠠᠷ ᠬᠦᠯᠢᠶᠡᠨ ᠠᠪᠴᠤ ᠰᠢᠢᠳᠪᠦᠷᠢᠯᠡᠬᠦ ᠪᠤᠶᠤ ᠬᠦᠯᠢᠶᠡᠨ ᠠᠪᠴᠤ ᠡᠰᠡ ᠰᠢᠢᠳᠪᠦᠷᠢᠯᠡᠬᠦ ᠵᠢᠴᠢ ᠤᠴᠢᠷ ᠰᠢᠯᠲᠠᠭ᠋ᠠᠨ ᠵᠶ᠋ᠠᠨ ᠮᠡᠳᠡᠭᠳᠡᠬᠦ ᠬᠡᠷᠡᠭᠲᠡᠶ)᠃ 2. ᠬᠢᠨᠠᠨ ᠪᠠᠶ᠋ᠢᠴᠠᠭ᠋ᠠᠬᠤ ᠬᠠᠷᠢᠭᠤᠴᠠᠯᠭ᠎ᠠ᠄ ᠤᠢ ᠮᠣᠳᠣᠨ᠎ᠤ ᠦᠷ᠎ᠡ ᠴᠢᠬᠢ ᠵᠢ ᠭᠠᠳᠠᠭ᠋ᠠᠳᠣ᠎ᠠᠴᠠ ᠣᠷᠣᠭᠣᠯᠣᠨ ᠠᠪᠴᠢᠷᠠᠬᠤ ᠭᠤᠶᠤᠴᠢᠯᠠᠭᠴᠢ (ᠨᠢᠭᠡᠴᠡ)᠎ᠠᠴᠠ ᠲᠤᠰᠢᠶᠠᠭᠰᠠᠨ ᠪᠢᠴᠢᠭ᠎ᠤᠨ ᠭᠤᠶᠤᠴᠢᠯᠠᠯ᠎ᠢ ᠴᠤᠬᠤᠯᠠᠪᠣᠷᠢᠯᠠᠬᠤ ᠪᠤᠶᠤ ᠤᠯᠤᠰ᠎ᠤᠨ ᠤᠢ ᠰᠢᠭᠤᠶ ᠵᠢᠨ ᠲᠣᠪᠴᠢᠶ᠎ᠠ᠎ᠳᠤ ᠮᠡᠳᠡᠭᠦᠯᠦᠨ ᠬᠢᠨᠠᠨ ᠪᠠᠶ᠋ᠢᠴᠠᠭ᠋ᠠᠬᠤ ᠬᠡᠷᠡᠭᠲᠡᠶ᠃ ᠬᠢᠨᠠᠨ ᠪᠠᠶ᠋ᠢᠴᠠᠭ᠋ᠠᠯᠭ᠋ᠠᠭ᠋ᠠᠳ ᠬᠢᠷᠢ ᠲᠡᠩᠴᠡᠭᠰᠡᠨ ᠦᠭᠡᠢ ᠪᠠᠢ᠌ᠪᠠᠯ᠂ ᠥᠪᠥᠷ ᠮᠣᠩᠭᠣᠯ᠎ᠤᠨ ᠤᠢ ᠰᠢᠭᠤᠶ ᠵᠢᠨ ᠡᠪᠡᠳᠴᠢᠨ ᠬᠣᠷᠣᠬᠠᠶ ᠵᠢᠨ ᠭᠠᠮᠰᠢᠭ᠎ᠢ ᠰᠡᠷᠭᠡᠶ᠋ᠢᠯᠡᠨ ᠵᠠᠰᠠᠵᠣ᠂ ᠬᠢᠵᠢᠭ᠎ᠢ ᠪᠠᠶ᠋ᠢᠴᠠᠭ᠋ᠠᠬᠤ ᠦᠷᠲᠡᠭᠡ᠎ᠠᠴᠠ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠬᠦ ᠪᠥᠭᠡᠳ ᠤᠴᠢᠷ ᠰᠢᠯᠲᠠᠭ᠋ᠠᠨ ᠵᠶ᠋ᠠᠨ ᠲᠣᠳᠣᠷᠬᠠᠶ᠋ᠢᠯᠠᠵᠤ᠂ ᠳᠠᠬᠢᠨ ᠵᠥᠪᠯᠡᠭᠦᠯᠬᠦ ᠪᠤᠶᠤ ᠵᠠᠷᠭᠤ ᠬᠢᠬᠦ ᠡᠷᠬᠡ ᠵᠢ ᠮᠡᠳᠡᠭᠳᠡᠬᠦ ᠬᠡᠷᠡᠭᠲᠡᠢ᠃ 3. ᠬᠠᠷᠢᠭᠤᠴᠠᠯᠭ᠎ᠠ ᠲᠣᠭᠲᠠᠭ᠋ᠠᠨ᠎ᠠ᠄ ᠵᠠᠰᠠᠭ ᠵᠠᠬᠢᠷᠭ᠋ᠠᠨ᠎ᠤ ᠵᠥᠪᠰᠢᠶᠡᠷᠡᠯ ᠪᠤᠶᠤ ᠦᠯᠦ ᠵᠥᠪᠰᠢᠶᠡᠷᠡᠬᠦ ᠲᠣᠭᠲᠠᠭ᠋ᠠᠯ (ᠦᠯᠦ ᠵᠥᠪᠰᠢᠶᠡᠷᠡᠬᠦ ᠤᠴᠢᠷ ᠰᠢᠯᠲᠠᠭ᠋ᠠᠨ ᠵᠶ᠋ᠠᠨ ᠮᠡᠳᠡᠭᠳᠡᠬᠦ ᠬᠡᠷᠡᠭᠲᠡᠶ)᠂ ᠭᠤᠶᠤᠴᠢᠯᠠᠭᠴᠢ᠂ ᠠᠰᠢᠭ ᠲᠤᠰᠠ ᠵᠢᠨ ᠬᠠᠷᠢᠴᠠᠭ᠎ᠠ᠎ᠲᠠᠢ ᠬᠠᠮᠢᠶᠠᠳᠠᠨᠤ ᠴᠢᠬᠤᠯᠠ ᠶᠡᠬᠡ ᠠᠰᠢᠭ ᠲᠤᠰᠠ᠎ᠳᠤ ᠬᠤᠯᠪᠤᠭᠳᠠᠭᠰᠠᠨ᠂ ᠡᠰᠡᠬᠦᠯ᠎ᠡ ᠬᠠᠤᠯᠢ ᠶᠣᠰᠣᠭ᠋ᠠᠷ ᠭᠡᠷᠡᠴᠢᠯᠡᠭᠡ ᠰᠣᠨᠣᠰᠬᠤ ᠴᠢᠬᠤᠯᠠᠲᠠᠶ ᠪᠠᠶ᠋ᠢᠪᠠᠯ ᠲᠣᠭᠲᠠᠭ᠋ᠠᠯ ᠭᠠᠷᠭ᠋ᠠᠬᠤ᠎ᠠᠴᠠ᠎ᠪᠠᠨ ᠡᠮᠦᠨ᠎ᠡ ᠬᠠᠤᠯᠢ᠎ᠪᠠᠷ ᠲᠣᠭᠲᠠᠭ᠋ᠠᠭᠰᠠᠨ ᠬᠠᠷᠢᠭᠤᠴᠠᠯᠭ᠎ᠠ ᠵᠢ ᠮᠡᠳᠡᠭᠳᠡᠬᠦ ᠬᠡᠷᠡᠭᠲᠡᠶ᠃ 4. ᠬᠦᠷᠭᠡᠵᠦ ᠥᠭᠬᠦ ᠬᠠᠷᠢᠭᠤᠴᠠᠯᠭ᠎ᠠ᠄ ᠴᠠᠭ ᠲᠤᠬᠠᠢᠳᠤᠨᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠦᠨᠡᠮᠯᠡᠯ᠎ᠢ ᠰᠢᠢ᠍ᠳᠪᠦᠷᠢᠯᠡᠡ ᠳᠠᠭᠤᠰᠬᠠᠵᠤ᠂ ᠬᠦᠷᠭᠡᠭᠰᠡᠨ ᠪᠠᠢ᠌ᠪᠠᠯ᠂ ᠳᠠᠩᠰᠠ ᠡᠪᠬᠡᠮᠡᠯ ᠪᠠᠶ᠋ᠢᠭᠤᠯᠵᠤ᠂ ᠵᠥᠪᠰᠢᠶᠡᠷᠡᠯ᠎ᠤᠨ ᠦᠨᠡᠮᠯᠡᠯ ᠣᠯᠭᠣᠬᠤ ᠵᠢᠨ ᠬᠠᠮᠲᠤ ᠵᠠᠷᠯᠠᠨ ᠨᠡᠶ᠋ᠢᠲᠡᠯᠡᠬᠦ ᠬᠡᠷᠡᠭᠲᠡᠶ᠃ 5. ᠬᠡᠷᠡᠭ᠎ᠤᠨ ᠳᠠᠷᠠᠭ᠋ᠠᠬᠢ ᠬᠢᠨᠠᠠ ᠬᠠᠮᠢᠶᠠᠷᠤᠯᠲᠠ᠄ ᠦᠨᠡᠮᠯᠡᠯ ᠤᠯᠭᠤᠭᠰᠠᠨ᠎ᠤ ᠲᠠᠷᠠᠭ᠎ᠠ᠂ ᠭᠤᠶᠤᠴᠢᠯᠠᠭᠴᠢ ᠵᠢ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠬᠤ ᠵᠢ ᠴᠢᠩᠭ᠋ᠠᠳᠬᠠᠵᠤ᠂ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠦᠨᠡᠮᠯᠡᠯ᠎ᠢ ᠦᠷᠭᠦᠯᠵᠢᠯᠡᠭᠦᠯᠬᠦ᠂ ᠬᠦᠴᠦᠨ ᠦᠭᠡᠢ ᠪᠣᠯᠭ᠋ᠠᠬᠤ᠂ ᠦᠭᠡᠢ᠌ᠰᠭᠡᠬᠦ ᠵᠢ ᠲᠣᠭᠲᠠᠭ᠋ᠠᠨ᠎ᠠ᠃ 6. ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠶ᠃
ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠵᠢᠴᠢ ᠦᠨᠳᠦᠰᠦᠯᠡᠯ ᠄ 1. 《 ᠤᠷᠭᠤᠮᠠᠯ᠎ᠤᠨ ᠬᠢᠵᠢᠭ᠎ᠢ ᠪᠠᠶ᠋ᠢᠴᠠᠭ᠋ᠠᠬᠤ ᠳᠦᠷᠢᠮ》᠎ᠤᠨ ᠠᠷᠪᠠ ᠶᠢᠰᠦᠳᠦᠭᠡᠷ ᠵᠤᠷᠪᠤᠰ ᠤᠷᠭᠤᠮᠠᠯ᠎ᠤᠨ ᠬᠢᠵᠢᠭ᠎ᠢ ᠪᠠᠶ᠋ᠢᠴᠠᠭ᠋ᠠᠬᠤ ᠠᠵᠢᠯᠲᠠᠨ᠎ᠨᠢ ᠤᠷᠭᠤᠮᠠᠯ᠎ᠤᠨ ᠬᠢᠵᠢᠭ᠎ᠢ ᠪᠠᠶ᠋ᠢᠴᠠᠭ᠋ᠠᠬᠤ ᠠᠵᠢᠯ᠎ᠤᠨ ᠳᠤᠮᠳᠠ᠂ ᠵᠠᠮ ᠲᠡᠭᠡᠭᠡᠪᠦᠷᠢ ᠵᠢᠨ ᠰᠠᠯᠠᠭ᠎ᠠ ᠮᠥᠴᠢᠷ ᠪᠠ ᠰᠢᠦᠳᠠᠨ᠎ᠤ ᠰᠠᠯᠠᠭ᠎ᠠ ᠮᠥᠴᠢᠷ᠎ᠤᠨ ᠬᠣᠯᠪᠣᠭᠳᠠᠯ ᠪᠥᠬᠥᠶ ᠠᠵᠢᠯᠲᠠᠨ ᠤᠷᠭᠤᠮᠠᠯ᠎ᠤᠨ ᠦᠢ᠍ᠯᠡᠳᠬᠦᠨ᠎ᠢ ᠵᠥᠭᠡᠭᠡᠪᠦᠷᠢᠯᠡᠬᠦ᠂ ᠰᠢᠦᠳᠠᠨ ᠵᠶ᠋ᠠᠷ ᠶᠠᠪᠤᠭᠤᠯᠬᠤ ᠠᠵᠢᠯ᠎ᠤᠨ ᠳᠤᠮᠳᠠ᠂ ᠬᠤᠪᠢ ᠵᠢᠨ ᠨᠠᠶ᠋ᠢᠷ ᠵᠶ᠋ᠠᠷ ᠬᠠᠤᠯᠢ ᠶᠤᠰᠤ᠎ᠠᠴᠠ ᠵᠥᠷᠢᠴᠡᠬᠦ᠂ ᠠᠯᠪᠠᠨ ᠲᠤᠰᠢᠶᠠᠯ᠎ᠳᠠᠭᠠᠨ ᠠᠯᠮᠠᠶ᠋ᠢᠷᠠᠨ ᠣᠰᠣᠯᠳᠠᠭᠰᠠᠨ ᠪᠠᠶ᠋ᠢᠪᠠᠯ᠂ ᠲᠡᠭᠦᠨ᠎ᠤ ᠪᠠᠶ᠋ᠢᠭ᠎ᠠ ᠨᠢᠭᠡᠴᠡ ᠪᠤᠶᠤ ᠳᠡᠭᠡᠳᠦ ᠱᠠᠲᠤᠨ᠎ᠤ ᠡᠷᠬᠢᠯᠡᠨ ᠬᠠᠮᠢᠶᠠᠷᠬᠤ ᠪᠠᠶ᠋ᠢᠭᠤᠯᠭ᠎ᠠ᠎ᠠᠴᠠ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠠᠴᠠ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃ 2 . 《 ᠤᠷᠭᠤᠮᠠᠯ᠎ᠤᠨ ᠬᠢᠵᠢᠭ᠎ᠢ ᠪᠠᠶ᠋ᠢᠴᠠᠭ᠋ᠠᠬᠤ ᠳᠦᠷᠢᠮ᠎ᠢ ᠬᠡᠷᠡᠭᠵᠢᠭᠦᠯᠬᠦ ᠨᠠᠷᠢᠨ ᠳᠦᠷᠢᠮ (ᠤᠢ ᠰᠢᠭᠤᠶ ᠵᠢᠨ ᠬᠡᠰᠡᠭ)》 ᠵᠢᠨ ᠭᠤᠴᠢᠨ ᠨᠢᠭᠡᠳᠦᠭᠡᠷ ᠵᠤᠷᠪᠤᠰ ᠬᠢᠵᠢᠭ ᠪᠠᠶ᠋ᠢᠴᠠᠭ᠋ᠠᠬᠤ ᠠᠵᠢᠯᠲᠠᠨ᠎ᠨᠢ ᠠᠵᠢᠯ᠎ᠤᠨ ᠳᠤᠮᠳᠠ ᠬᠤᠪᠢ ᠵᠢᠨ ᠨᠠᠶ᠋ᠢᠷ ᠵᠶ᠋ᠠᠷ ᠬᠠᠤᠯᠢ ᠶᠤᠰᠤ᠎ᠠᠴᠠ ᠵᠥᠷᠢᠴᠡᠬᠦ᠂ ᠠᠯᠪᠠᠨ ᠲᠤᠰᠢᠶᠠᠯ᠎ᠳᠠᠭᠠᠨ ᠠᠯᠮᠠᠶ᠋ᠢᠷᠠᠨ ᠣᠰᠣᠯᠳᠠᠵᠤ᠂ ᠬᠦᠨᠳᠦ ᠶᠡᠬᠡ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠲᠡᠭᠦᠨ᠎ᠤ ᠪᠠᠶ᠋ᠢᠭ᠎ᠠ ᠨᠢᠭᠡᠴᠡ ᠪᠤᠶᠤ ᠳᠡᠭᠡᠳᠦ ᠱᠠᠲᠤᠨ᠎ᠤ ᠡᠷᠬᠢᠯᠡᠨ ᠬᠠᠮᠢᠶᠠᠷᠬᠤ ᠪᠠᠶ᠋ᠢᠭᠤᠯᠭ᠎ᠠ᠎ᠠᠴᠠ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠠᠴᠠ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃ 3. 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠪᠠᠷ ᠣᠷᠣᠭᠤᠯᠵᠤ ᠭᠠᠷᠭ᠋ᠠᠬᠤ ᠠᠮᠢᠲᠠᠨ ᠤᠷᠭᠤᠮᠠᠯ᠎ᠤᠨ ᠬᠢᠵᠢᠭ᠎ᠢ ᠪᠠᠶ᠋ᠢᠴᠠᠭ᠋ᠠᠬᠤ ᠬᠠᠤᠯᠢ》 ᠵᠢᠨ ᠳᠥᠴᠢᠨ ᠲᠠᠪᠤᠳᠤᠭ᠋ᠠᠷ ᠵᠤᠷᠪᠤᠰ ᠠᠮᠢᠳᠡᠠ ᠤᠷᠭᠤᠮᠠᠯ᠎ᠤᠨ ᠬᠢᠵᠢᠭ᠎ᠢ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠢᠵᠢᠭ᠎ᠢ ᠪᠠᠢ᠌ᠴᠠᠭ᠋ᠠᠬᠣ ᠠᠵᠢᠯᠳᠡᠠ᠎ᠨᠢ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠬᠤᠪᠢ ᠵᠢᠨ ᠨᠠᠶ᠋ᠢᠷ ᠵᠶ᠋ᠠᠷ ᠬᠠᠤᠯᠢ ᠳᠦᠷᠢᠮ᠎ᠢ ᠵᠥᠷᠢᠴᠡᠬᠦ᠂ ᠬᠢᠵᠢᠭ ᠪᠠᠶ᠋ᠢᠴᠠᠭ᠋ᠠᠭᠰᠠᠨ ᠦᠷ᠎ᠡ ᠳ᠋ᠦᠩ᠎ᠢ ᠬᠠᠭᠤᠷᠮᠠᠭᠯᠠᠨ ᠵᠣᠬᠢᠶᠠᠬᠤ ᠪᠤᠶᠤ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠵᠤ᠂ ᠬᠢᠵᠢᠭ᠎ᠢ ᠪᠠᠶ᠋ᠢᠴᠠᠭ᠋ᠠᠭᠰᠠᠨ ᠭᠡᠷᠡᠴᠢ ᠥᠭᠬᠦ ᠵᠢ ᠤᠳᠠᠭ᠋ᠠᠰᠢᠷᠠᠭᠤᠯᠤᠭ᠋ᠠᠳ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠵᠢ᠎ᠨᠢ ᠨᠡᠬᠡᠮᠵᠢᠯᠡᠬᠦ ᠬᠡᠷᠡᠭᠲᠡᠢ; ᠶᠠᠯ᠎ᠠ ᠪᠤᠯᠵᠦ ᠪᠦᠷᠢᠯᠳᠦᠭᠰᠡᠨ ᠦᠭᠡᠢ ᠪᠠᠶ᠋ᠢᠪᠠᠯ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠃