ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠤᠢ ᠰᠢᠭᠤᠶ ᠵᠢᠨ ᠰᠠᠯᠠᠭ᠎ᠠ ᠮᠥᠴᠢᠷ᠎ᠤᠨ ᠬᠠᠮᠢᠶᠠᠷᠤᠯᠳᠠ᠎ᠳᠤ ᠪᠠᠶ᠋ᠢᠭ᠎ᠠ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠵᠢᠭ᠋ᠠᠨ ᠰᠤᠷᠭ᠋ᠠᠬᠤ ᠳᠠᠳᠤᠯᠭ᠎ᠠ᠂ ᠲᠣᠭᠣᠷᠢᠨ ᠦᠵᠡᠵᠦ ᠪᠠᠶ᠋ᠢᠴᠠᠭ᠋ᠠᠬᠤ᠂ ᠺᠢᠨᠣ᠋ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠵᠢᠨ ᠬᠢᠨᠠᠨ ᠵᠦᠪᠰᠢᠶᠡᠷᠡᠯ
ᠨᠡᠶ᠋ᠢᠲᠡᠯᠡᠭᠰᠡᠨ ᠴᠠᠭ᠄ 2021-03-16

      ᠡᠷᠬᠡ ᠵᠢᠨ ᠨᠡᠷᠡᠢ᠌ᠳᠤᠯ᠄ ᠤᠢ ᠰᠢᠭᠤᠶ ᠵᠢᠨ ᠰᠠᠯᠠᠭ᠎ᠠ ᠮᠥᠴᠢᠷ᠎ᠤᠨ ᠬᠠᠮᠢᠶᠠᠷᠤᠯᠳᠠ᠎ᠳᠤ ᠪᠠᠶ᠋ᠢᠭ᠎ᠠ ᠤᠯᠤᠰ᠎ᠤᠨ   ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠵᠢᠭ᠋ᠠᠨ ᠰᠤᠷᠭ᠋ᠠᠬᠤ ᠳᠠᠳᠤᠯᠭ᠎ᠠ᠂ ᠲᠣᠭᠣᠷᠢᠨ ᠦᠵᠡᠵᠦ   ᠪᠠᠶ᠋ᠢᠴᠠᠭ᠋ᠠᠬᠤ᠂ ᠺᠢᠨᠣ᠋ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠵᠢᠨ ᠬᠢᠨᠠᠨ ᠵᠦᠪᠰᠢᠶᠡᠷᠡᠯ      
    ᠡᠷᠬᠡ ᠵᠢᠨ ᠲᠦᠷᠦᠯ ᠠᠩᠬᠢᠯᠠᠯ᠄ ᠵᠠᠰᠠᠭ ᠵᠠᠬᠢᠷᠭ᠋ᠠᠨ᠎ᠤ ᠵᠥᠪᠰᠢᠶᠡᠷᠡᠯ          
    ᠬᠠᠷᠢᠭᠤᠴᠠᠯᠭ᠎ᠠ ᠵᠢᠨ ᠪᠡᠶᠡᠴᠢ ᠴᠣᠭᠴᠠ᠄ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠪᠠ ᠨᠤᠳᠤᠭ ᠪᠡᠯᠴᠢᠭᠡᠷ᠎ᠤᠨ ᠲᠤᠪᠴᠢᠶ᠎ᠠ      
      ᠲᠤᠭᠳᠠᠭ᠋ᠠᠭᠰᠠᠨ ᠦᠨᠳᠦᠰᠦᠯᠡᠯ᠄  《ᠤᠢ ᠰᠢᠭᠤᠶ ᠪᠠ ᠵᠡᠷᠯᠢᠭ ᠠᠮᠢᠲᠠᠨ᠎ᠤ ᠲᠦᠷᠦᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ   ᠬᠠᠮᠢᠶᠠᠷᠤᠯᠲᠠ ᠵᠢᠨ ᠠᠷᠭ᠎ᠠ》 ᠵᠢᠨ ᠠᠷᠪᠠᠨ ᠭᠤᠷᠪᠠᠳᠤᠭ᠋ᠠᠷ   ᠵᠤᠷᠪᠤᠰ   ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ   ᠣᠷᠣᠨ᠎ᠳᠤ ᠤᠷᠤᠵᠦ ᠰᠢᠨᠵᠢᠯᠡᠬᠦ ᠤᠬᠠᠭ᠋ᠠᠨ᠎ᠤ ᠰᠤᠳᠤᠯᠤᠯ᠂ ᠵᠢᠭ᠋ᠠᠨ ᠰᠤᠷᠭ᠋ᠠᠬᠤ ᠳᠠᠳᠤᠯᠭ᠎ᠠ᠂ ᠲᠣᠭᠣᠷᠢᠨ ᠦᠵᠡᠵᠦ   ᠪᠠᠶ᠋ᠢᠴᠠᠭ᠋ᠠᠬᠤ᠂ ᠺᠢᠨᠣ᠋ ᠰᠡᠬᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠡᠷᠬᠢᠯᠡᠵᠦ ᠪᠠᠶ᠋ᠢᠭ᠎ᠠ ᠨᠢᠭᠡᠴᠡ ᠪᠠ   ᠬᠤᠪᠢ ᠬᠥᠮᠦᠨ ᠡᠷᠬᠡᠪᠰᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠠᠴᠠ ᠳᠡᠭᠡᠭᠰᠢᠬᠢ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠤᠯᠬᠤ ᠬᠡᠷᠡᠭᠲᠡᠶ᠃ ᠶᠠᠮᠠᠷᠪᠠ ᠰᠠᠯᠠᠭ᠎ᠠ ᠮᠥᠴᠢᠷ᠂ ᠪᠦᠯᠬᠦᠮ᠂ ᠨᠢᠭᠡᠴᠡ ᠪᠣᠯᠤᠨ ᠭᠠᠳᠠᠭ᠋ᠠᠳᠤ ᠤᠯᠤᠰ᠎ᠲᠠᠢ ᠲᠤᠭᠳᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠡᠯᠡᠯᠴᠡᠭᠡᠷ᠂ ᠭᠠᠳᠠᠭ᠋ᠠᠳᠤ ᠵᠢᠨ ᠬᠥᠮᠦᠨ᠎ᠢ ᠬᠦᠯᠢᠶᠠᠨ ᠠᠪᠴᠤ ᠤᠯᠤᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠬᠣᠯᠪᠣᠭᠳᠠᠯ ᠪᠦᠬᠦᠢ ᠠᠵᠢᠯᠯᠠᠭ᠎ᠠ ᠬᠢᠬᠦ᠎ᠳᠤ ᠡᠷᠬᠡᠪᠰᠢ ᠤᠢ ᠰᠢᠭᠤᠶ ᠵᠢᠨ ᠬᠡᠯᠳᠡᠰ᠎ᠤᠨ ᠵᠥᠪᠰᠢᠶᠡᠷᠡᠯ᠎ᠢ ᠤᠯᠬᠤ ᠬᠡᠷᠡᠭᠲᠡᠶ; ᠣᠷᠣᠨ ᠨᠤᠲᠤᠭ᠎ᠲᠤ ᠬᠣᠯᠪᠣᠭᠳᠠᠬᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠨᠢ ᠡᠷᠬᠡᠪᠰᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠤᠯᠬᠤ ᠬᠡᠷᠡᠭᠲᠡᠶ᠃ ᠵᠦᠪᠰᠢᠶᠡᠷᠡᠯ ᠵᠶ᠋ᠡᠷ ᠳᠠᠮᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠲᠡᠭᠡᠷ᠎ᠡ ᠳᠤᠷᠠᠳᠤᠭᠰᠠᠨ ᠠᠵᠢᠯᠯᠠᠭ᠎ᠠ   ᠬᠢᠪᠡᠯ᠂ ᠲᠤᠰ ᠠᠷᠭ᠎ᠠ ᠪᠣᠯᠤᠨ ᠬᠣᠯᠪᠣᠭᠳᠠᠯ ᠪᠦᠬᠦᠢ ᠲᠣᠭᠲᠠᠭ᠋ᠠᠯ᠎ᠢ ᠡᠷᠬᠡᠪᠰᠢ ᠵᠢᠷᠤᠮᠯᠠᠨ ᠰᠠᠬᠢᠬᠤ ᠬᠡᠷᠡᠭᠲᠡᠶ ᠪᠥᠭᠡᠳ ᠬᠠᠮᠠᠭ᠋ᠠᠯᠠᠯᠲᠠ ᠬᠠᠮᠢᠶᠠᠷᠤᠯᠲᠠ ᠵᠢᠨ ᠰᠦᠢ᠍ᠳᠬᠡᠯ ᠲᠤᠰᠢᠶᠠᠬᠤ ᠬᠡᠷᠡᠭᠲᠡᠶ᠃ 《ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠢᠭᠡ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠠᠰᠤᠬᠤ ᠪᠤᠶᠤ ᠲᠣᠬᠢᠷᠠᠭᠤᠯᠬᠤ ᠲᠤᠬᠠᠶ ᠲᠣᠭᠲᠠᠭ᠋ᠠᠯ》 (ᠲᠥᠷᠥ᠎ᠠᠴᠠ ᠲᠠᠷᠬᠠᠭ᠋ᠠᠭᠰᠠᠨ [2015] 11 ᠳ᠋ᠦ᠍ᠭᠡᠷ ᠲᠣᠭ᠋ᠠᠲᠤ) ᠎ᠳᠤ ᠤᠢ ᠰᠢᠭᠤᠶ ᠵᠢᠨ ᠰᠠᠯᠠᠭ᠎ᠠ ᠮᠥᠴᠢᠷ᠎ᠤᠨ ᠬᠠᠮᠢᠶᠠᠷᠤᠯᠳᠠ᠎ᠳᠤ ᠪᠠᠶ᠋ᠢᠭ᠎ᠠ ᠤᠯᠤᠰ᠎ᠤᠨ ᠲᠠᠰ᠎ᠤᠨ ᠪᠠᠶ᠋ᠢᠭ᠋ᠠᠯᠢ ᠵᠢᠨ   ᠬᠠᠮᠠᠭ᠋ᠠᠯᠠᠯᠲᠠ ᠵᠢᠨ ᠣᠷᠣᠨ᠎ᠳᠠᠬᠢ ᠵᠢᠭ᠋ᠠᠨ ᠰᠤᠷᠭ᠋ᠠᠬᠤ ᠳᠠᠳᠤᠯᠭ᠎ᠠ᠂ ᠲᠣᠭᠣᠷᠢᠨ ᠦᠵᠡᠵᠦ ᠪᠠᠶ᠋ᠢᠴᠠᠭ᠋ᠠᠬᠤ᠂ ᠺᠢᠨᠣ᠋ ᠰᠡᠭᠦᠳᠡᠷᠯᠡᠬᠦ᠂ ᠠᠭᠤᠯᠠ ᠠᠪᠠᠷᠢᠬᠤ ᠵᠡᠷᠭᠡ ᠠᠵᠢᠯᠯᠠᠭ᠎ᠠ ᠵᠢᠨ ᠬᠢᠨᠠᠨ ᠵᠦᠪᠰᠢᠶᠡᠷᠡᠯ᠎ᠢ ᠮᠤᠵᠢ ᠵᠢᠨ ᠱᠠᠲᠤᠨ᠎ᠤ   ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠳᠣᠷᠣᠭᠰᠢ ᠮᠡᠳᠡᠭᠳᠡᠬᠦ ᠬᠡᠷᠡᠭᠲᠡᠶ᠃      
    ᠬᠠᠷᠢᠭᠤᠴᠠᠬᠤ ᠵᠦᠢ᠍ᠯᠡᠰ᠄  1. ᠬᠦᠯᠢᠶᠡᠨ ᠠᠪᠴᠤ ᠰᠢᠢᠳᠪᠦᠷᠢᠯᠡᠬᠦ ᠬᠠᠷᠢᠭᠤᠴᠠᠯᠭ᠎ᠠ᠄ ᠬᠠᠤᠯᠢ ᠶᠣᠰᠣᠭ᠋ᠠᠷ ᠲᠤᠰᠢᠶᠠᠬᠤ ᠶᠣᠰᠣᠲᠠᠶ ᠮᠠᠲ᠋ᠧᠷᠢᠶᠠᠯ᠎ᠢ ᠵᠠᠷᠯᠠᠨ᠎ᠠ; ᠮᠡᠳᠡᠭᠳᠡᠬᠦ ᠮᠠᠲ᠋ᠧᠷᠢᠶᠠᠯ᠎ᠢ ᠨᠢᠭᠡ ᠯᠡ ᠤᠳᠠᠭ᠎ᠠ ᠳᠡᠭᠡᠷ᠎ᠡ ᠨᠥᠬᠥᠪᠥᠷᠢᠯᠡᠵᠦ ᠵᠠᠯᠠᠷᠠᠭᠤᠯᠤᠨ᠎ᠠ; ᠬᠠᠤᠯᠢ ᠶᠣᠰᠣᠭ᠋ᠠᠷ ᠬᠦᠯᠢᠶᠠᠨ ᠠᠪᠴᠤ ᠰᠢᠢᠳᠪᠦᠷᠢᠯᠡᠬᠦ ᠪᠤᠶᠤ ᠦᠯᠦ ᠬᠦᠯᠢᠶᠡᠨ ᠠᠪᠴᠤ ᠰᠢᠢ᠍ᠳᠪᠦᠷᠢᠯᠡᠬᠦ᠎ᠪᠠᠨ ᠮᠡᠳᠡᠭᠳᠡᠨ᠎ᠡ (  ᠬᠦᠯᠢᠶᠡᠨ ᠠᠪᠴᠤ ᠰᠢᠢᠳᠪᠦᠷᠢᠯᠡᠬᠦ ᠦᠭᠡᠶ ᠤᠴᠢᠷ ᠰᠢᠯᠲᠠᠭ᠋ᠠᠨ᠎ᠢ ᠮᠡᠳᠡᠭᠳᠡᠬᠦ)᠃  2. ᠬᠢᠨᠠᠨ ᠪᠠᠢ᠌ᠴᠠᠭ᠋ᠠᠬᠤ ᠬᠠᠷᠢᠭᠤᠴᠠᠯᠭ᠎ᠠ᠄ ᠭᠤᠶᠤᠴᠢᠯᠠᠯ᠎ᠤᠨ ᠮᠠᠲ᠋ᠧᠷᠢᠶᠠᠯ᠎ᠢ ᠬᠢᠨᠠᠨ ᠬᠠᠷᠭᠤᠭᠤᠯᠵᠦ᠂ ᠬᠢᠨᠠᠨ   ᠪᠠᠶ᠋ᠢᠴᠠᠭ᠋ᠠᠭᠰᠠᠨ ᠰᠠᠨᠠᠯ ᠵᠶ᠋ᠠᠨ ᠳᠤᠷᠠᠳᠬᠤ ᠶᠣᠰᠣᠲᠠᠶ᠃  3. ᠬᠠᠷᠢᠭᠤᠴᠠᠯᠭ᠎ᠠ ᠲᠤᠭᠳᠠᠭ᠋ᠠᠬᠤ᠄ ᠵᠠᠰᠠᠭ ᠵᠠᠬᠢᠷᠭ᠋ᠠᠨ᠎ᠤ ᠵᠥᠪᠰᠢᠶᠡᠷᠡᠯ ᠪᠤᠶᠤ ᠦᠯᠦ ᠵᠥᠪᠰᠢᠶᠡᠷᠡᠬᠦ ᠲᠣᠭᠲᠠᠭ᠋ᠠᠯ ᠭᠠᠷᠭ᠋ᠠᠨ᠎ᠠ (ᠦᠯᠦ ᠵᠥᠪᠰᠢᠶᠡᠷᠡᠬᠦ ᠤᠴᠢᠷ ᠰᠢᠯᠲᠠᠭ᠋ᠠᠨ᠎ᠢ ᠮᠡᠳᠡᠭᠳᠡᠬᠦ ᠬᠡᠷᠡᠭᠲᠡᠶ)᠃  4. ᠬᠦᠷᠭᠡᠬᠦ ᠬᠠᠷᠢᠭᠤᠴᠠᠯᠭ᠎ᠠ᠄ ᠬᠢᠨᠠᠨ ᠵᠥᠪᠰᠢᠶᠡᠷᠡᠬᠦ ᠰᠠᠨᠠᠯ ᠭᠠᠷᠭ᠋ᠠᠨ᠂ ᠭᠤᠶᠤᠴᠢᠯᠠᠭᠴᠢ᠎ᠳᠤ ᠲᠤᠰᠢᠶᠠᠨ᠎ᠠ᠃  5. ᠬᠡᠷᠡᠭ᠎ᠤᠨ ᠲᠠᠷᠠᠭ᠎ᠠ ᠬᠢᠨᠠᠯᠲᠠ ᠲᠠᠯᠪᠢᠬᠤ ᠬᠠᠷᠢᠭᠤᠴᠠᠯᠭ᠎ᠠ᠄ ᠲᠣᠭᠲᠠᠮᠠᠯ ᠬᠤᠭᠤᠴᠠᠭ᠎ᠠ᠎ᠲᠠᠢ᠎ᠪᠠᠷ ᠯᠠᠪᠯᠠᠨ ᠠᠰᠠᠭᠤᠵᠤ᠂ ᠠᠵᠢᠯᠯᠠᠭ᠎ᠠ ᠵᠢᠨ ᠦᠷ᠎ᠡ ᠪᠦᠲᠦᠭᠡᠯ᠎ᠤᠨ ᠬᠠᠭᠤᠯᠪᠤᠷᠢ ᠳᠡᠪᠲᠡᠷ ᠵᠢ ᠨᠡᠬᠡᠮᠵᠢᠯᠡᠨ ᠲᠤᠰᠢᠶᠠᠯᠭ᠋ᠠᠨ᠎ᠠ᠃  6. ᠪᠤᠰᠤᠳ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠪᠢᠴᠢᠭ ᠮᠠᠲ᠋ᠧᠷᠢᠶᠠᠯ᠎ᠳᠤ   ᠲᠣᠭᠲᠠᠭ᠋ᠠᠭᠰᠠᠨ ᠭᠦᠢ᠍ᠴᠡᠳᠬᠡᠪᠡᠰᠦ ᠵᠣᠬᠢᠬᠤ ᠬᠠᠷᠢᠭᠤᠴᠠᠯᠭ᠎ᠠ᠃      
      ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠵᠢᠴᠢ ᠦᠨᠳᠦᠰᠦᠯᠡᠯ᠄     《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ》 ᠵᠢᠨ ᠳᠥᠴᠢᠨ   ᠵᠢᠷᠭᠤᠳᠤᠭ᠋ᠠᠷ ᠵᠤᠷᠪᠤᠰ   ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠵᠤ ᠬᠢᠨᠠᠨ ᠬᠠᠮᠢᠶᠠᠷᠬᠤ ᠠᠵᠢᠯ ᠬᠢᠵᠦ ᠪᠠᠶ᠋ᠢᠭ᠎ᠠ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠳᠡᠠ ᠪᠣᠯᠤᠨ ᠲᠦᠷᠦ ᠵᠢᠨ ᠪᠠᠢ᠌ᠭᠤᠯᠭ᠎ᠠ ᠵᠢᠨ ᠪᠤᠰᠤᠳ ᠬᠣᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ   ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠵᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶ᠋ᠢᠪᠠᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠃    《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠳᠥᠷᠢᠮ》 ᠵᠢᠨ ᠳᠥᠴᠢᠨ ᠨᠢᠭᠡᠳᠦᠭᠡᠷ ᠵᠤᠷᠪᠤᠰ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ   ᠬᠠᠮᠢᠶᠠᠷᠤᠯᠲᠠ ᠵᠢᠨ ᠠᠵᠢᠯᠳᠡᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ   ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ᠎ᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠠ; ᠦᠢ᠍ᠯᠠ ᠪᠠᠶ᠋ᠢᠳᠠᠯ᠎ᠨᠢ   ᠬᠦᠨᠭᠭᠡᠠ  ᠂ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠠᠢ᠌ᠪᠠᠯ᠂ ᠲᠡᠭᠦᠨ᠎ᠤ ᠪᠠᠶ᠋ᠢᠭ᠎ᠠ ᠨᠢᠭᠡᠴᠡ ᠪᠤᠶᠤ ᠳᠡᠭᠡᠳᠦ   ᠱᠠᠲᠤᠨ᠎ᠤ ᠪᠠᠶ᠋ᠢᠭᠤᠯᠭ᠎ᠠ᠎ᠠᠴᠠ ᠵᠠᠰᠠᠭ ᠵᠠᠬᠢᠷᠭ᠋ᠠᠨ᠎ᠤ ᠰᠢᠢ᠍ᠳᠬᠡᠯ ᠥᠭᠭᠦᠨ᠎ᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠢ ᠮᠤᠳᠤᠨ᠎ᠤ ᠲᠦᠷᠦᠯ ᠵᠦᠢ᠍ᠯ᠎ᠢ ᠢᠯᠭ᠋ᠠᠨ ᠨᠤᠲᠠᠯᠠᠬᠤ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠲᠦᠷᠢᠮ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠨᠢᠭᠡ)
ᠤᠯᠠᠭ᠋ᠠᠨᠴᠠᠪ ᠬᠣᠲᠠ ᠵᠢᠨ ᠳᠠᠭ᠎ᠠ ᠵᠢᠨ ᠨᠠᠭᠤᠷ᠂ ᠬᠢᠭᠢᠷᠢ ᠵᠢᠨ ᠨᠠᠭᠤᠷ᠎ᠤᠨ ᠬᠠᠮᠠᠭ᠋ᠠᠯᠠᠯᠲᠠ ᠵᠢᠨ ᠳᠦᠷᠢᠮ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠬᠤᠶᠠᠷ)
 
             蒙ICP备05000248号