ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠤᠢ ᠮᠤᠳᠤᠨ᠎ᠤ ᠲᠦᠷᠦᠯ ᠵᠦᠢ᠍ᠯ᠎ᠢ ᠢᠯᠭ᠋ᠠᠨ ᠨᠤᠲᠠᠯᠠᠬᠤ
ᠨᠡᠶ᠋ᠢᠲᠡᠯᠡᠭᠰᠡᠨ ᠴᠠᠭ᠄ 2021-04-07

      ᠡᠷᠬᠡ ᠵᠢᠨ ᠨᠡᠷᠡᠶ᠋ᠢᠳᠦᠯ᠄ ᠤᠢ ᠮᠤᠳᠤᠨ᠎ᠤ ᠲᠦᠷᠦᠯ ᠵᠦᠢ᠍ᠯ᠎ᠢ ᠢᠯᠭ᠋ᠠᠨ ᠨᠤᠲᠠᠯᠠᠬᠤ        
      ᠡᠷᠬᠡ ᠵᠢᠨ ᠲᠥᠷᠥᠯ ᠠᠩᠭᠢᠯᠠᠯ᠄ ᠵᠠᠰᠠᠭ ᠵᠠᠬᠢᠷᠭ᠋ᠠᠨ᠎ᠤ ᠮᠠᠭ᠋ᠠᠳᠯᠠᠯ      
      ᠬᠠᠷᠢᠭᠤᠴᠠᠯᠭ᠎ᠠ ᠵᠢᠨ ᠭᠣᠣᠯ ᠴᠣᠭᠴᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ   ᠰᠢᠭᠤᠶ ᠪᠠ ᠨᠤᠳᠤᠭ ᠪᠡᠯᠴᠢᠭᠡᠷ᠎ᠤᠨ ᠲᠤᠪᠴᠢᠶ᠎ᠠ    
      ᠲᠤᠭᠲᠠᠭ᠋ᠠᠭᠰᠠᠨ ᠦᠨᠳᠦᠰᠦᠯᠡᠯ᠄ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ ᠵᠢ ᠬᠡᠷᠡᠭᠵᠢᠭᠦᠯᠬᠦ ᠳᠦᠷᠢᠮ》 ᠎ᠤᠨ ᠨᠠᠢ᠍ᠮᠠᠳᠣᠭ᠋ᠠᠷ ᠵᠣᠷᠪᠤᠰ᠄ ᠤᠯᠤᠰ᠎ᠤᠨ ᠭᠣᠣᠯᠳᠠᠯᠭ᠎ᠠ᠎ᠲᠠᠢ ᠬᠠᠯᠬᠠᠪᠴᠢ ᠤᠢ ᠪᠣᠯᠤᠨ ᠣᠨᠴᠠᠭ᠋ᠠᠶ ᠬᠡᠷᠡᠭᠯᠡᠭᠡᠨ᠎ᠤ   ᠤᠢ ᠵᠢ ᠠᠩᠭᠢᠯᠠᠨ ᠲᠤᠭᠲᠠᠭ᠋ᠠᠬᠣ᠎ᠳᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠢ ᠰᠢᠭᠤᠶ ᠵᠢᠨ ᠡᠷᠬᠢᠯᠡᠨ   ᠬᠠᠮᠢᠶᠠᠷᠬᠤ ᠰᠠᠯᠠᠭ᠎ᠠ ᠮᠥᠴᠢᠷ᠎ᠠᠴᠠ ᠰᠠᠨᠠᠯ ᠳᠤᠷᠠᠳᠴᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠦᠨ   ᠵᠥᠪᠰᠢᠶᠡᠷᠡᠭᠦᠯᠵᠦ ᠨᠡᠶ᠋ᠢᠲᠡᠯᠡᠨ᠎ᠡ; ᠣᠷᠣᠨ ᠨᠤᠲᠤᠭ᠎ᠤᠨ ᠭᠣᠣᠯᠳᠠᠯᠭ᠎ᠠ᠎ᠲᠠᠢ ᠬᠠᠯᠬᠠᠪᠴᠢ ᠤᠢ ᠪᠣᠯᠤᠨ ᠣᠨᠴᠠᠭ᠋ᠠᠶ   ᠬᠡᠷᠡᠭᠯᠡᠭᠡᠨ᠎ᠤ ᠤᠢ ᠵᠢ ᠠᠩᠭᠢᠯᠠᠨ ᠲᠣᠭᠲᠠᠭ᠋ᠠᠬᠤ᠎ᠳᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ   ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ   ᠰᠠᠨᠠᠯ ᠳᠤᠷᠠᠳᠴᠤ᠂ ᠳᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠵᠦ   ᠨᠡᠶ᠋ᠢᠲᠡᠯᠡᠨ᠎ᠡ; ᠡᠲᠡᠭᠡᠷ᠎ᠠᠴᠠ ᠪᠤᠰᠤᠳ ᠬᠠᠯᠬᠠᠪᠴᠢ ᠤᠢ᠂ ᠮᠠᠲ᠋ᠧᠷᠢᠶᠠᠯ᠎ᠤᠨ ᠤᠢ᠂ ᠣᠨᠴᠠᠭ᠋ᠠᠶ ᠬᠡᠷᠡᠭᠯᠡᠭᠡᠨ᠎ᠤ ᠤᠢ   ᠪᠣᠯᠤᠨ ᠠᠵᠤ ᠠᠬᠤᠶ ᠵᠢᠨ ᠤᠢ᠂ ᠲᠦᠯᠡᠰᠢᠨ ᠤᠢ ᠵᠢ ᠠᠩᠭᠢᠯᠠᠨ ᠲᠣᠭᠲᠠᠭ᠋ᠠᠬᠤ᠎ᠳᠤ᠂ ᠰᠢᠶᠠᠨ᠎ᠤ ᠱᠠᠲᠤᠨ᠎ᠤ   ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠤᠯᠤᠰ᠎ᠤᠨ   ᠤᠢ ᠮᠣᠳᠣᠨ᠎ᠤ ᠲᠦᠷᠦᠯ ᠵᠦᠢ᠍ᠯ᠎ᠢ ᠢᠯᠭ᠋ᠠᠨ ᠲᠤᠭᠳᠠᠭ᠋ᠠᠬᠤ ᠲᠤᠬᠠᠶ ᠲᠣᠭᠲᠠᠭ᠋ᠠᠯ ᠵᠢᠴᠢ ᠳᠤᠰ ᠱᠠᠲᠤᠨ᠎ᠤ ᠠᠷᠠᠳ᠎ᠤᠨ ᠵᠠᠰᠠᠭ᠎ᠤᠨ   ᠣᠷᠳᠣᠨ᠎ᠤ ᠪᠠᠶ᠋ᠢᠷᠢᠯᠠᠭᠤᠯᠤᠯᠲᠠ ᠵᠢ ᠦᠨᠳᠦᠰᠦᠯᠡᠨ ᠵᠣᠬᠢᠶᠠᠨ ᠪᠠᠶ᠋ᠢᠭᠤᠯᠵᠤ ᠵᠠᠭ᠋ᠠᠭᠯᠠᠨ ᠲᠣᠭᠲᠠᠭ᠋ᠠᠭ᠋ᠠᠳ᠂ ᠲᠤᠰ   ᠱᠠᠲᠤᠨ᠎ᠤ᠎ᠪᠠᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠨᠡᠶ᠋ᠢᠲᠡᠯᠡᠨ᠎ᠡ᠃ ᠮᠤᠵᠢ᠂   ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ ᠵᠠᠬᠢᠷᠭ᠋ᠠᠨ᠎ᠤ ᠣᠷᠣᠨ᠎ᠤ ᠭᠣᠣᠯᠳᠠᠯᠭ᠎ᠠ᠎ᠲᠠᠢ   ᠬᠠᠯᠬᠠᠪᠴᠢ ᠤᠢ ᠪᠣᠯᠤᠨ ᠣᠨᠴᠠᠭ᠋ᠠᠶ ᠬᠡᠷᠡᠭᠯᠡᠭᠡᠨ᠎ᠤ ᠤᠢ ᠵᠢᠨ ᠡᠵᠡᠯᠡᠬᠦ ᠳᠠᠯᠠᠪᠠᠢ ᠵᠢ ᠲᠤᠰ ᠵᠠᠰᠠᠭ ᠵᠠᠬᠢᠷᠭ᠋ᠠᠨ᠎ᠤ   ᠣᠷᠣᠨ᠎ᠤ ᠤᠢ ᠰᠢᠭᠤᠶ ᠵᠢᠨ ᠶᠡᠷᠦᠩᠬᠡᠶ ᠳᠠᠯᠠᠪᠠᠢ ᠵᠢᠨ 30 %᠎ᠠᠴᠠ ᠳᠤᠲᠠᠭᠤ   ᠪᠠᠢ᠌ᠯᠭ᠋ᠠᠵᠣ ᠪᠣᠯᠬᠤ ᠦᠭᠡᠢ᠃   ᠵᠥᠪᠰᠢᠶᠡᠷᠡᠭᠦᠯᠵᠦ ᠨᠡᠶ᠋ᠢᠲᠡᠯᠡᠭᠰᠡᠨ ᠤᠢ ᠮᠣᠳᠣᠨ᠎ᠤ ᠳᠦᠷᠦᠯ ᠵᠦᠢ᠍ᠯ᠎ᠢ   ᠪᠤᠰᠣᠳ ᠣᠢ ᠮᠣᠳᠣᠨ᠎ᠤ ᠲᠦᠷᠦᠯ ᠵᠦᠢ᠍ᠯ ᠪᠤᠯᠭ᠋ᠠᠨ ᠬᠤᠪᠢᠷᠠᠭᠤᠯᠬᠤ᠎ᠳᠤ ᠤᠤᠯ᠎ᠤᠨ ᠵᠦᠪᠰᠢᠶᠡᠷᠡᠭᠰᠡᠨ ᠪᠠᠶ᠋ᠢᠭᠤᠯᠭ᠎ᠠ᠎ᠳᠤ ᠮᠡᠳᠡᠭᠦᠯᠵᠦ ᠵᠥᠪᠰᠢᠶᠡᠷᠡᠭᠦᠯᠦᠨ᠎ᠡ᠃        
      ᠬᠠᠷᠢᠭᠤᠴᠠᠬᠤ ᠵᠦᠢ᠍ᠯᠡᠰ᠄  1. ᠬᠦᠯᠢᠶᠡᠨ ᠠᠪᠴᠤ ᠰᠢᠢᠳᠪᠦᠷᠢᠯᠡᠬᠦ ᠬᠠᠷᠢᠭᠤᠴᠠᠯᠭ᠎ᠠ᠄ ᠠᠳᠠᠯᠢ ᠪᠤᠰᠤ ᠡᠵᠡᠩᠨᠡᠯᠲᠠ ᠵᠢᠨ ᠵᠣᠷᠢᠯᠭ᠎ᠠ ᠵᠢ   ᠦᠨᠳᠦᠰᠦᠯᠡᠨ᠂ ᠠᠳᠠᠯᠢ ᠪᠤᠰᠤ ᠲᠦᠷᠦᠯ᠎ᠤᠨ ᠤᠢ ᠮᠣᠳᠣ ᠵᠢᠨ ᠰᠢᠨᠵᠢ ᠴᠢᠨᠠᠷ᠂ ᠡᠭᠦᠷᠭᠡ ᠬᠠᠷᠢᠭᠤᠴᠠᠯᠭ᠎ᠠ᠂   ᠡᠵᠡᠩᠨᠡᠯᠲᠡ ᠵᠢᠨ ᠴᠢᠭᠯᠡᠯᠲᠡ ᠪᠠ ᠠᠷᠭ᠎ᠠ ᠠᠪᠴᠠᠯ᠎ᠢ ᠲᠤᠭᠲᠠᠭ᠋ᠠᠵᠣ᠂ ᠤᠢ ᠮᠣᠳᠣᠨ᠎ᠤ ᠲᠦᠷᠦᠯ ᠵᠦᠢ᠍ᠯ᠎ᠳᠤ ᠠᠩᠭᠢᠯᠠᠯ   ᠬᠢᠨ᠎ᠡ᠃   2. ᠬᠢᠨᠠᠨ ᠪᠠᠶ᠋ᠢᠴᠠᠭ᠋ᠠᠬᠤ ᠬᠠᠷᠢᠭᠤᠴᠠᠯᠭ᠎ᠠ᠄ ᠣᠷᠣᠨ ᠨᠤᠲᠤᠭ᠎ᠤᠨ ᠭᠣᠣᠯᠳᠠᠯᠭ᠎ᠠ᠎ᠲᠠᠢ ᠬᠠᠯᠬᠠᠪᠴᠢ ᠤᠢ   ᠪᠣᠯᠤᠨ ᠣᠨᠴᠠᠭ᠋ᠠᠶ ᠬᠡᠷᠡᠭᠯᠡᠭᠡᠨ᠎ᠤ ᠤᠢ ᠵᠢ ᠠᠩᠭᠢᠯᠠᠨ ᠲᠣᠭᠲᠠᠭ᠋ᠠᠬᠤ᠎ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠡᠷᠬᠢᠯᠡᠨ ᠬᠠᠮᠢᠶᠠᠷᠬᠤ   ᠰᠠᠯᠠᠭ᠎ᠠ ᠮᠥᠴᠢᠷ᠎ᠠᠴᠠ ᠰᠠᠨᠠᠯ ᠳᠤᠷᠠᠳᠴᠤ᠂ ᠳᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ   ᠵᠥᠪᠰᠢᠶᠡᠷᠡᠭᠦᠯᠵᠦ ᠨᠡᠶ᠋ᠢᠲᠡᠯᠡᠨ᠎ᠡ; ᠨᠢᠭᠡᠨᠲᠡ ᠵᠥᠪᠰᠢᠶᠡᠷᠡᠭᠦᠯᠵᠦ ᠨᠡᠶ᠋ᠢᠲᠡᠯᠡᠭᠰᠡᠨ ᠤᠢ ᠮᠣᠳᠣᠨ᠎ᠤ ᠳᠦᠷᠦᠯ ᠵᠦᠢ᠍ᠯ᠎ᠢ   ᠪᠤᠰᠣᠳ ᠣᠢ ᠮᠣᠳᠣᠨ᠎ᠤ ᠲᠦᠷᠦᠯ ᠵᠦᠢ᠍ᠯ ᠪᠤᠯᠭ᠋ᠠᠨ ᠬᠤᠪᠢᠷᠠᠭᠤᠯᠬᠤ᠎ᠳᠤ ᠤᠤᠯ᠎ᠤᠨ ᠵᠦᠪᠰᠢᠶᠡᠷᠡᠭᠰᠡᠨ   ᠪᠠᠶ᠋ᠢᠭᠤᠯᠭ᠎ᠠ᠎ᠳᠤ ᠮᠡᠳᠡᠭᠦᠯᠵᠦ ᠵᠥᠪᠰᠢᠶᠡᠷᠡᠭᠦᠯᠦᠨ᠎ᠡ᠃    3. ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠬᠠᠷᠢᠭᠤᠴᠠᠯᠭ᠎ᠠ ᠵᠢ   ᠭᠦᠢ᠍ᠴᠡᠳᠬᠡᠨ᠎ᠡ᠃      
      ᠬᠠᠷᠢᠭᠤᠴᠠᠯᠭ᠎ᠠ ᠨᠡᠬᠡᠮᠵᠢᠯᠡᠬᠦ ᠪᠠᠶ᠋ᠢᠳᠠᠯ ᠵᠢᠴᠢ ᠦᠨᠳᠦᠰᠦᠯᠡᠯ᠄       1. 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ》 ᠵᠢᠨ ᠳᠥᠴᠢᠨ   ᠵᠢᠷᠭᠤᠳᠤᠭ᠋ᠠᠷ ᠵᠣᠷᠪᠤᠰ     ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠤᠢ ᠰᠢᠭᠤᠶ ᠵᠢ ᠬᠢᠨᠠᠨ ᠬᠠᠮᠢᠶᠠᠷᠬᠤ   ᠠᠵᠢᠯ ᠬᠢᠵᠦ ᠪᠠᠶ᠋ᠢᠭ᠎ᠠ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠳᠡᠠ ᠪᠣᠯᠤᠨ ᠪᠤᠰᠤᠳ   ᠲᠦᠷᠦ ᠵᠢᠨ ᠪᠠᠶ᠋ᠢᠭᠤᠯᠤᠯᠭ᠎ᠠ ᠵᠢᠨ ᠬᠣᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ   ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠶᠤᠰᠣ ᠵᠢ   ᠵᠥᠷᠢᠴᠡᠬᠦ᠂ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠡᠷᠡᠭᠦᠦ ᠵᠢᠨ ᠬᠠᠷᠢᠭᠤᠴᠠᠯᠭ᠎ᠠ   ᠨᠡᠬᠡᠮᠵᠢᠯᠡᠨ᠎ᠡ; ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶ᠋ᠢᠪᠠᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ   ᠰᠢᠢ᠍ᠳᠭᠡᠯ ᠥᠭᠭᠦᠨ᠎ᠡ᠃   2 . 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠬᠦᠯᠬᠦ 〈ᠪᠥᠬᠥᠳᠡ ᠨᠠᠶ᠋ᠢᠷᠠᠮᠳᠠᠬᠤ   ᠳᠤᠮᠳᠠᠳᠤ ᠠᠷᠠᠳ ᠤᠯᠤᠰ᠎ᠤᠨ ᠤᠢ ᠰᠢᠭᠤᠶ ᠵᠢᠨ ᠬᠠᠤᠯᠢ〉 ᠵᠢᠨ ᠠᠷᠭ᠎ᠠ》 ᠵᠢᠨ ᠲᠠᠪᠢᠨ ᠨᠢᠭᠡᠳᠦᠭᠡᠷ ᠵᠣᠷᠪᠤᠰ   ᠲᠦᠷᠦ ᠵᠢᠨ ᠪᠠᠶ᠋ᠢᠭᠤᠯᠭ᠎ᠠ ᠵᠢᠨ ᠠᠵᠢᠯᠳᠠᠨ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠡᠷᠬᠡ ᠲᠤᠰᠢᠶᠠᠯ ᠵᠶ᠋ᠠᠨ   ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ   ᠶᠣᠰᠣ ᠵᠢ ᠵᠥᠷᠢᠴᠡᠭᠰᠡᠨ ᠪᠤᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ; ᠶᠠᠯ᠎ᠠ ᠪᠣᠯᠵᠤ   ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃  
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠨ ᠪᠡᠯᠴᠢᠭᠡᠷ᠎ᠢ ᠰᠡᠷᠭᠦᠭᠡᠬᠦ ᠲᠦᠷᠢᠮ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠨᠢᠭᠡ)
ᠤᠯᠠᠭ᠋ᠠᠨᠴᠠᠪ ᠬᠣᠲᠠ ᠵᠢᠨ ᠳᠠᠭ᠎ᠠ ᠵᠢᠨ ᠨᠠᠭᠤᠷ᠂ ᠬᠢᠭᠢᠷᠢ ᠵᠢᠨ ᠨᠠᠭᠤᠷ᠎ᠤᠨ ᠬᠠᠮᠠᠭ᠋ᠠᠯᠠᠯᠲᠠ ᠵᠢᠨ ᠳᠦᠷᠢᠮ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠬᠤᠶᠠᠷ)
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠭᠤᠷᠪᠠ)
 
             蒙ICP备05000248号