ᠤᠯᠠᠭ᠋ᠠᠨᠴᠠᠪ ᠬᠣᠲᠠ ᠵᠢᠨ ᠳᠠᠭ᠎ᠠ ᠵᠢᠨ ᠨᠠᠭᠤᠷ᠂ ᠬᠢᠭᠢᠷᠢ ᠵᠢᠨ ᠨᠠᠭᠤᠷ᠎ᠤᠨ ᠬᠠᠮᠠᠭ᠋ᠠᠯᠠᠯᠲᠠ ᠵᠢᠨ ᠳᠦᠷᠢᠮ (2017 ᠣᠨ᠎ᠤ 12 ᠰᠠᠷ᠎ᠠ ᠵᠢᠨ 29᠎ᠤ ᠡᠳᠦᠷ ᠤᠯᠠᠭ᠋ᠠᠨᠴᠠᠪ ᠬᠣᠲᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠲᠠᠪᠤᠳᠤᠭ᠋ᠠᠷ ᠤᠳᠠᠭ᠋ᠠᠨ᠎ᠤ ᠬᠤᠷᠠᠯᠳᠤᠭ᠋ᠠᠨ ᠵᠶ᠋ᠠᠷ ᠪᠠᠲᠤᠯᠠᠪᠠ)
(2018 ᠣᠨ᠎ᠤ 3 ᠰᠠᠷ᠎ᠠ ᠵᠢᠨ 31᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠶᠠᠳᠤᠭ᠋ᠠᠷ ᠤᠳᠠᠭ᠋ᠠᠨ᠎ᠤ ᠬᠤᠷᠠᠯᠳᠤᠭ᠋ᠠᠨ ᠵᠶ᠋ᠠᠷ ᠵᠥᠪᠰᠢᠶᠡᠷᠡᠭᠦᠯᠪᠡ)
ᠨᠢᠭᠡᠳᠦᠭᠡᠷ ᠪᠦᠯᠦᠭ
ᠶᠡᠷᠦᠩᠬᠡᠢ ᠳᠦᠷᠢᠮ
ᠨᠢᠭᠡᠳᠦᠭᠡᠷ ᠵᠦᠢ᠍ᠯ ᠳᠠᠭ᠎ᠠ ᠵᠢᠨ ᠨᠠᠭᠤᠷ᠂ ᠬᠢᠭᠢᠷᠢ ᠵᠢᠨ ᠨᠠᠭᠤᠷ (ᠳᠣᠷᠣᠭᠰᠢ 《ᠬᠣᠶᠠᠷ ᠨᠠᠭᠤᠷ》 ᠭᠡᠵᠦ ᠳᠥᠭᠥᠮᠴᠢᠯᠡᠪᠡ)᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢ ᠴᠢᠩᠭ᠋ᠠᠳᠬᠠᠵᠤ᠂ ᠬᠣᠶᠠᠷ ᠨᠠᠭᠤᠷ᠎ᠤᠨ ᠲᠠᠯᠠᠪᠠᠢ ᠵᠢᠨ ᠬᠠᠰᠤᠭᠳᠠᠯ ᠪᠠ ᠤᠰᠤᠨ ᠴᠣᠭᠴᠠ ᠵᠢᠨ ᠪᠣᠬᠢᠷᠲᠤᠯ᠎ᠢ ᠰᠡᠷᠭᠡᠶ᠋ᠢᠯᠡᠵᠦ᠂ ᠬᠣᠶᠠᠷ ᠨᠠᠭᠤᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠰᠠᠶ᠋ᠢᠵᠢᠷᠠᠭᠤᠯᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠣᠬᠢᠷᠲᠤᠯ᠎ᠤᠨ ᠰᠡᠷᠭᠡᠶ᠋ᠢᠯᠡᠨ ᠵᠠᠰᠠᠯᠲᠠ ᠵᠢᠨ ᠬᠠᠤᠯᠢ》 ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠳ᠎ᠢ ᠦᠨᠳᠦᠰᠦᠯᠡᠵᠦ᠂ ᠤᠯᠠᠭ᠋ᠠᠨᠴᠠᠪ ᠬᠣᠲᠠ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠲᠤᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠬᠣᠶᠠᠷ ᠨᠠᠭᠤᠷ᠎ᠤᠨ ᠬᠡᠪᠴᠢᠶᠡᠨ᠎ᠳᠤ ᠯᠢᠶᠠᠩᠴᠧᠩ ᠰᠢᠶᠠᠨ᠎ᠤ ᠳᠠᠭ᠎ᠠ ᠵᠢᠨ ᠨᠠᠭᠤᠷ᠎ᠤᠨ ᠨᠤᠭᠤ ᠭᠠᠵᠠᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠠ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠢᠭᠢᠷᠢ ᠵᠢᠨ ᠨᠠᠭᠤᠷ᠎ᠤᠨ ᠨᠤᠭᠤ ᠭᠠᠵᠠᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ (ᠳᠣᠷᠣᠭᠰᠢ 《ᠬᠣᠶᠠᠷ ᠨᠠᠭᠤᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ》 ᠭᠡᠵᠦ ᠳᠥᠭᠥᠮᠴᠢᠯᠡᠪᠡ) ᠵᠢᠴᠢ ᠰᠠᠪᠠ ᠭᠠᠵᠠᠷ ᠪᠠᠭᠲᠠᠨ᠎ᠠ᠃ ᠬᠣᠶᠠᠷ ᠨᠠᠭᠤᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠨᠢ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠪᠠᠭᠲᠠᠵᠤ᠂ ᠲᠡᠭᠦᠨ᠎ᠤ ᠲᠠᠯᠠᠪᠠᠢ᠂ ᠵᠠᠭ᠋ᠠᠭ ᠱᠤᠭᠤᠮ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠯ ᠶᠣᠰᠣᠭ᠋ᠠᠷ ᠪᠠᠷᠢᠮᠵᠢ᠊ ᠢ᠎ᠠ ᠪᠣᠯᠭ᠋ᠠᠨ᠎ᠠ᠃ ᠬᠣᠶᠠᠷ ᠨᠠᠭᠤᠷ᠎ᠤᠨ ᠰᠠᠪᠠ ᠭᠠᠵᠠᠷ ᠭᠡᠳᠡᠭ᠎ᠨᠢ ᠳᠠᠭ᠎ᠠ ᠵᠢᠨ ᠨᠠᠭᠤᠷ᠂ ᠬᠢᠭᠢᠷᠢ ᠵᠢᠨ ᠨᠠᠭᠤᠷ᠎ᠤᠨ ᠲᠤᠰ ᠲᠤᠰ᠎ᠲᠤ᠎ᠪᠠᠨ ᠪᠢᠲᠡᠭᠦᠮᠵᠢᠯᠡᠭᠰᠡᠨ ᠰᠠᠪᠠ ᠭᠠᠵᠠᠷ᠎ᠤᠨ ᠵᠠᠭ᠋ᠠᠭ ᠱᠤᠭᠤᠮ᠎ᠤᠨ ᠳᠣᠲᠣᠷᠠᠬᠢ ᠬᠤᠷᠠᠭᠰᠠᠨ ᠤᠰᠤᠨ᠎ᠤ ᠣᠷᠣᠨ᠎ᠢ ᠵᠢᠭ᠋ᠠᠵᠤ ᠪᠤᠢ᠃ ᠳᠠᠭ᠎ᠠ ᠵᠢᠨ ᠨᠠᠭᠤᠷ᠎ᠤᠨ ᠰᠠᠪᠠ ᠭᠠᠵᠠᠷ᠎ᠤᠨ ᠵᠠᠰᠠᠭ ᠵᠠᠬᠢᠷᠭ᠋ᠠᠨ᠎ᠤ ᠬᠤᠪᠢᠶᠠᠷᠢᠯᠠᠯ᠎ᠨᠢ ᠯᠢᠶᠠᠩᠴᠧᠩ ᠰᠢᠶᠠᠨ᠂ ᠹᠧᠩᠵᠧᠨ ᠬᠣᠲᠠ ᠪᠠ ᠵᠦᠸᠧᠽᠢ ᠰᠢᠶᠠᠨ᠎ᠳᠤ ᠬᠣᠯᠪᠣᠭᠳᠠᠵᠤ᠂ ᠶᠡᠷᠦᠩᠬᠡᠢ ᠲᠠᠯᠠᠪᠠᠢ᠎ᠨᠢ 2312.75 ᠲᠡᠭᠰᠢ ᠳᠥᠷᠪᠡᠯᠵᠢᠨ ᠺᠢᠯᠤᠮᠸᠲᠷ᠃ ᠬᠢᠭᠢᠷᠢ ᠵᠢᠨ ᠨᠠᠭᠤᠷ᠎ᠤᠨ ᠵᠠᠰᠠᠭ ᠵᠠᠬᠢᠷᠭ᠋ᠠᠨ᠎ᠤ ᠬᠤᠪᠢᠶᠠᠷᠢᠯᠠᠯ᠎ᠨᠢ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤ᠂ ᠵᠢᠨᠢᠩ ᠲᠣᠭᠣᠷᠢᠭ᠂ ᠹᠧᠩᠵᠧᠨ ᠬᠤᠳᠠ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤ᠂ ᠴᠠᠬᠠᠷ ᠪᠠᠷᠠᠭᠤᠨ ᠭᠠᠷᠤᠨ ᠬᠣᠶ᠋ᠢᠲᠤ ᠬᠣᠰᠢᠭᠤ᠂ ᠵᠦᠸᠧᠽᠢ ᠰᠢᠶᠠᠨ ᠪᠠ ᠰᠢᠩ ᠾᠧ ᠰᠢᠶᠠᠨ᠎ᠳᠤ ᠬᠣᠯᠪᠣᠭᠳᠠᠵᠤ᠂ ᠶᠡᠷᠦᠩᠬᠡᠢ ᠲᠠᠯᠠᠪᠠᠢ᠎ᠨᠢ 4511.20 ᠲᠡᠭᠰᠢ ᠳᠥᠷᠪᠡᠯᠵᠢᠨ ᠺᠢᠯᠤᠮᠸᠲᠷ᠃
ᠭᠤᠷᠪᠠᠳᠤᠭ᠋ᠠᠷ ᠵᠦᠢ᠍ᠯ ᠬᠣᠶᠠᠷ ᠨᠠᠭᠤᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠠᠳᠠᠨ᠎ᠠ ᠲᠥᠯᠥᠪᠵᠢᠭᠦᠯᠭᠡ᠂ ᠬᠠᠮᠠᠭ᠋ᠠᠯᠠᠯᠲᠠ᠂ ᠵᠠᠰᠠᠯᠲᠠ᠂ ᠬᠡᠷᠡᠭᠯᠡᠯᠲᠡ ᠪᠠ ᠬᠢᠨᠠᠯᠲᠠ ᠬᠠᠮᠢᠶᠠᠷᠤᠯᠲᠠ ᠵᠡᠷᠭᠡ ᠠᠵᠢᠯᠯᠠᠭ᠎ᠠ᠎ᠳᠤ᠎ᠪᠠᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠃ ᠬᠣᠶᠠᠷ ᠨᠠᠭᠤᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠠᠳᠠᠨ᠎ᠠ ᠰᠠᠪᠠ ᠭᠠᠵᠠᠷ᠎ᠲᠤ ᠡᠮᠦᠨᠡᠬᠢ ᠵᠦᠢ᠍ᠯ᠎ᠤᠨ ᠠᠵᠢᠯᠯᠠᠭ᠎ᠠ ᠬᠢᠬᠦ᠎ᠳᠡᠭᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠵᠢᠷᠤᠮᠯᠠᠬᠤ᠎ᠠᠴᠠ ᠪᠤᠰᠤᠳ᠂ ᠮᠥᠨ ᠲᠤᠰ ᠳᠦᠷᠢᠮ᠎ᠤᠨ ᠲᠣᠭᠲᠠᠭ᠋ᠠᠯ ᠶᠣᠰᠣᠭ᠋ᠠᠷ ᠶᠠᠪᠤᠭᠤᠯᠬᠤ ᠬᠡᠷᠡᠭᠲᠡᠢ᠃
ᠳᠥᠷᠪᠡᠳᠦᠭᠡᠷ ᠵᠦᠢ᠍ᠯ ᠬᠣᠶᠠᠷ ᠨᠠᠭᠤᠷ᠎ᠤᠨ ᠬᠠᠮᠠᠭ᠋ᠠᠯᠠᠯᠲᠠ᠎ᠳᠤ᠎ᠪᠠᠨ᠂ ᠬᠠᠮᠠᠭ᠋ᠠᠯᠠᠯᠲᠠ ᠵᠢ ᠤᠷᠢᠳ ᠵᠶ᠋ᠠᠷ ᠪᠠᠶ᠋ᠢᠯᠭ᠋ᠠᠬᠤ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠬᠦ᠂ ᠶᠡᠷᠦᠩᠬᠡᠶ᠋ᠢᠯᠡᠨ ᠵᠠᠰᠠᠬᠤ᠂ ᠬᠠᠤᠯᠢ ᠶᠣᠰᠣᠭ᠋ᠠᠷ ᠬᠠᠮᠢᠶᠠᠷᠬᠤ ᠪᠠ ᠡᠭᠦᠷᠢᠳᠡ ᠦᠷᠭᠦᠯᠵᠢᠯᠡᠨ ᠬᠥᠭᠵᠢᠭᠦᠯᠬᠦ ᠵᠠᠷᠴᠢᠮ᠎ᠢ ᠵᠢᠷᠤᠮᠯᠠᠬᠤ ᠬᠡᠷᠡᠭᠲᠡᠢ᠃
ᠲᠠᠪᠤᠳᠤᠭ᠋ᠠᠷ ᠵᠦᠢ᠍ᠯ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠬᠠᠷᠢᠶᠠᠯᠠᠭᠳᠠᠬᠤ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ ᠬᠣᠶᠠᠷ ᠨᠠᠭᠤᠷ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠪᠣᠳᠠᠲᠠᠢ ᠠᠵᠢᠯ᠎ᠢ ᠬᠠᠷᠢᠭᠤᠴᠠᠨ᠎ᠠ᠂ ᠳᠣᠣᠷ᠎ᠠ ᠵᠢᠭᠰᠠᠭ᠋ᠠᠭᠰᠠᠨ ᠲᠤᠰᠢᠶᠠᠯ ᠬᠠᠷᠢᠭᠤᠴᠠᠯᠭᠠᠤᠳᠢ ᠭᠦᠢ᠍ᠴᠡᠳᠬᠡᠨ᠎ᠡ᠄ (ᠨᠢᠭᠡ) ᠤᠯᠤᠰ᠂ ᠥᠪᠡᠷᠲᠡᠭᠡᠨ ᠵᠠᠰᠠᠬᠤ ᠣᠷᠣᠨ ᠪᠠ ᠲᠤᠰ ᠬᠣᠲᠠ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠵᠢᠴᠢ ᠴᠢᠭᠯᠡᠯᠲᠡ᠂ ᠲᠥᠷᠥ ᠵᠢᠨ ᠪᠣᠳᠣᠯᠭ᠎ᠠ ᠵᠢ ᠲᠤᠤᠱᠯᠠᠭᠤᠯᠤᠨ ᠬᠡᠷᠡᠭᠵᠢᠭᠦᠯᠦᠨ᠎ᠡ᠃ (ᠬᠣᠶᠠᠷ) ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠶᠡᠷᠦᠩᠬᠡᠢ ᠲᠥᠯᠥᠪᠵᠢᠭᠦᠯᠭᠡ ᠪᠠ ᠲᠤᠰᠬᠠᠢ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠂ ᠵᠠᠰᠠᠪᠤᠷᠢ ᠣᠷᠣᠭᠤᠯᠬᠤ ᠪᠠ ᠬᠡᠷᠡᠭᠵᠢᠭᠦᠯᠬᠦ ᠠᠵᠢᠯ᠎ᠢ ᠵᠣᠬᠢᠶᠠᠨ ᠪᠠᠶ᠋ᠢᠭᠤᠯᠵᠤ᠂ ᠬᠣᠶᠠᠷ ᠨᠠᠭᠤᠷ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠬᠤ ᠪᠠ ᠬᠡᠷᠡᠭᠵᠢᠭᠦᠯᠦᠨ᠎ᠡ; (ᠭᠤᠷᠪᠠ) ᠬᠣᠶᠠᠷ ᠨᠠᠭᠤᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠬᠣᠶᠠᠷ ᠨᠠᠭᠤᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠢᠨᠠᠨ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠵᠢ᠎ᠨᠢ ᠵᠢᠭ᠋ᠠᠨ ᠵᠢᠯᠣᠭᠣᠳᠴᠤ ᠵᠣᠬᠢᠴᠠᠭᠤᠯᠤᠨ᠎ᠠ; ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠬᠠᠷᠢᠶᠠᠯᠠᠭᠳᠠᠬᠤ ᠤᠰᠤᠨ ᠠᠰᠢᠭᠯᠠᠯᠲᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠤᠯᠤᠰ᠎ᠤᠨ ᠭᠠᠵᠠᠷ ᠰᠢᠷᠣᠢ ᠡᠬᠢ ᠪᠠᠶᠠᠯᠢᠭ ᠵᠡᠷᠭᠡ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠣᠶᠠᠷ ᠨᠠᠭᠤᠷ᠎ᠤᠨ ᠰᠠᠪᠠ ᠭᠠᠵᠠᠷ᠎ᠤᠨ ᠬᠢᠨᠠᠨ ᠬᠠᠮᠢᠶᠠᠷᠤᠯᠲᠠ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠠᠵᠢᠯ᠎ᠢ ᠰᠠᠶ᠋ᠢᠲᠤᠷ ᠬᠢᠬᠦ ᠵᠢ᠎ᠨᠢ ᠵᠣᠬᠢᠴᠠᠭᠤᠯᠤᠨ᠎ᠠ; (ᠳᠥᠷᠪᠡ) ᠬᠣᠶᠠᠷ ᠨᠠᠭᠤᠷ᠎ᠤᠨ ᠰᠠᠪᠠ ᠭᠠᠵᠠᠷ᠎ᠤᠨ ᠤᠰᠤᠨ ᠴᠣᠭᠴᠠ᠂ ᠨᠤᠭᠤ ᠭᠠᠵᠠᠷ᠂ ᠪᠡᠯᠴᠢᠭᠡᠷ᠎ᠤᠨ ᠲᠠᠯᠠᠪᠠᠢ ᠵᠢᠨ ᠪᠠᠶ᠋ᠢᠳᠠᠯ ᠵᠡᠷᠭᠡ᠎ᠳᠤ ᠨᠡᠶ᠋ᠢᠳᠡᠮ ᠪᠠᠶ᠋ᠢᠴᠠᠭ᠋ᠠᠯᠲᠠ ᠬᠢᠬᠦ ᠪᠠ ᠮᠡᠳᠡᠭᠡ ᠵᠠᠩᠭᠢ ᠨᠡᠶ᠋ᠢᠲᠡᠯᠡᠨ᠎ᠡ; (ᠲᠠᠪᠤ) ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠵᠤ ᠤᠰᠤᠨ᠎ᠤ ᠣᠷᠴᠢᠨ ᠲᠣᠭᠣᠷᠢᠨ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠢ ᠵᠢᠨ ᠶᠠᠰᠤ ᠴᠢᠨᠠᠷ᠎ᠲᠤ ᠬᠢᠨᠠᠨ ᠬᠡᠮᠵᠢᠯᠲᠡ ᠬᠢᠵᠦ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠬᠢᠨᠠᠨ ᠬᠡᠮᠵᠢᠯᠲᠡ ᠵᠢᠨ ᠦᠷ᠎ᠡ ᠳ᠋ᠦᠩ ᠵᠡᠷᠭᠡ ᠮᠡᠳᠡᠭᠡ ᠵᠠᠩᠭᠢ ᠵᠢ ᠴᠠᠭ ᠲᠤᠬᠠᠢᠳᠤᠨᠢ ᠨᠡᠶ᠋ᠢᠭᠡᠮ᠎ᠳᠤ ᠨᠡᠶ᠋ᠢᠲᠡᠯᠡᠨ᠎ᠡ; (ᠵᠢᠷᠭᠤᠭ᠎ᠠ) ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠵᠤ ᠤᠰᠤᠨ᠎ᠤ ᠪᠣᠬᠢᠷᠲᠤᠯ᠎ᠳᠤ ᠬᠢᠨᠠᠨ ᠪᠠᠶ᠋ᠢᠴᠠᠭ᠋ᠠᠯᠲᠠ ᠪᠠ ᠶᠡᠷᠦᠩᠬᠡᠢ ᠵᠠᠰᠠᠯᠲᠠ ᠬᠢᠨ᠎ᠡ; (ᠳᠣᠯᠣᠭ᠎ᠠ) ᠤᠰᠤᠨ᠎ᠤ ᠪᠣᠬᠢᠷᠲᠤᠯ᠎ᠤᠨ ᠡᠬᠢ ᠵᠢᠨ ᠬᠢᠨᠠᠨ ᠪᠠᠶ᠋ᠢᠴᠠᠭ᠋ᠠᠯᠲᠠ᠂ ᠴᠡᠭ᠎ᠤᠨ ᠡᠬᠢ᠂ ᠲᠠᠯᠠᠪᠠᠢ ᠵᠢᠨ ᠡᠬᠢ ᠵᠢᠨ ᠪᠣᠬᠢᠷᠲᠤᠯ᠎ᠤᠨ ᠰᠡᠷᠭᠡᠶ᠋ᠢᠯᠡᠨ ᠵᠠᠰᠠᠯᠲᠠ; (ᠨᠠᠢ᠍ᠮᠠ) ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠠᠢ ᠬᠠᠮᠲᠤᠷᠠᠵᠤ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠰᠢᠭᠤᠢ (ᠡᠪᠡᠰᠦᠨ) ᠵᠢᠨ ᠪᠠᠷᠢᠯᠭ᠎ᠠ ᠵᠢ ᠪᠦᠲᠦᠭᠡᠨ ᠪᠠᠶ᠋ᠢᠭᠤᠯᠤᠨ᠎ᠠ; (ᠶᠢᠰᠦ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠲᠤᠰᠢᠶᠠᠯ ᠬᠠᠷᠢᠭᠤᠴᠠᠯᠭ᠎ᠠ;
ᠵᠢᠷᠭᠤᠳᠤᠭ᠋ᠠᠷ ᠵᠦᠢ᠍ᠯ ᠬᠣᠶᠠᠷ ᠨᠠᠭᠤᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ᠎ᠲᠠᠢ ᠬᠠᠮᠵᠢᠯᠴᠠᠵᠤ ᠬᠣᠶᠠᠷ ᠨᠠᠭᠤᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠢᠨᠠᠨ ᠬᠠᠮᠢᠶᠠᠷᠤᠯᠲᠠ ᠵᠢᠨ ᠲᠤᠰᠢᠶᠠᠯ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠭᠦᠢ᠍ᠴᠡᠳᠬᠡᠬᠦ ᠬᠡᠷᠡᠭᠲᠡᠢ᠃
ᠳᠣᠯᠣᠳᠤᠭ᠋ᠠᠷ ᠵᠦᠢ᠍ᠯ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠬᠠᠷᠢᠶᠠᠯᠠᠭᠳᠠᠬᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠤᠰᠤᠨ ᠠᠰᠢᠭᠯᠠᠯᠲᠠ᠂ ᠵᠠᠮ ᠲᠡᠭᠡᠭᠡᠪᠦᠷᠢ᠂ ᠲᠥᠯᠥᠪᠵᠢᠭᠦᠯᠭᠡ᠂ ᠤᠯᠤᠰ᠎ᠤᠨ ᠭᠠᠵᠠᠷ ᠰᠢᠷᠣᠢ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ᠂ ᠣᠢ ᠰᠢᠭᠤᠢ᠂ ᠵᠤᠭ᠋ᠠᠴᠠᠯ ᠵᠡᠷᠭᠡ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠥᠪᠡᠷᠰᠡᠳ᠎ᠤᠨ ᠲᠤᠰᠢᠶᠠᠯ ᠬᠠᠷᠢᠭᠤᠴᠠᠯᠭ᠎ᠠ ᠶᠣᠰᠣᠭ᠋ᠠᠷ᠂ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ᠎ᠲᠠᠢ ᠬᠠᠮᠲᠤᠷᠠᠵᠤ ᠬᠣᠶᠠᠷ ᠨᠠᠭᠤᠷ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠢ᠃
ᠨᠠᠢ᠍ᠮᠠᠳᠤᠭ᠋ᠠᠷ ᠵᠦᠢ᠍ᠯ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠬᠣᠶᠠᠷ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠣᠶᠠᠷ ᠨᠠᠭᠤᠷ᠎ᠤᠨ ᠬᠠᠮᠠᠭ᠋ᠠᠯᠠᠯᠲᠠ ᠵᠢ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ ᠣᠷᠣᠭᠤᠯᠵᠤ᠂ ᠬᠣᠶᠠᠷ ᠨᠠᠭᠤᠷ᠎ᠤᠨ ᠬᠠᠮᠠᠭ᠋ᠠᠯᠠᠯᠲᠠ᠎ᠳᠤ ᠬᠡᠷᠡᠭᠰᠡᠬᠦ ᠵᠠᠷᠤᠳᠠᠯ᠎ᠢ ᠡᠳ᠋᠎ᠤᠨ ᠵᠠᠰᠠᠭ᠎ᠤᠨ ᠲᠥᠰᠦᠪ᠎ᠲᠤ ᠣᠷᠣᠭᠤᠯᠬᠤ ᠬᠡᠷᠡᠭᠲᠡᠢ᠃ ᠬᠣᠶᠠᠷ ᠨᠠᠭᠤᠷ᠎ᠤᠨ ᠰᠠᠪᠠ ᠭᠠᠵᠠᠷ᠎ᠤᠨ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠪᠣᠳᠠᠲᠠᠢ ᠱᠠᠭ᠋ᠠᠷᠳᠠᠯᠭ᠎ᠠ ᠵᠢ ᠦᠨᠳᠦᠰᠦᠯᠡᠵᠦ᠂ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠬᠣᠶᠠᠷ ᠨᠠᠭᠤᠷ᠎ᠤᠨ ᠰᠠᠪᠠ ᠭᠠᠵᠠᠷ᠎ᠤᠨ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ᠎ᠲᠠᠢ ᠬᠠᠮᠵᠢᠯᠴᠠᠵᠤ ᠨᠠᠭᠤᠷ ᠴᠥᠭᠥᠷᠥᠮ᠎ᠤᠨ ᠬᠠᠮᠠᠭ᠋ᠠᠯᠠᠯᠲᠠ ᠵᠢᠨ ᠠᠵᠢᠯ᠎ᠢ ᠬᠢᠵᠦ᠂ ᠲᠣᠰᠬᠣᠨ᠎ᠤ ᠠᠷᠠᠳ᠎ᠤᠨ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠡᠭᠦᠷᠭᠡ ᠵᠢ ᠬᠠᠤᠯᠢ ᠶᠣᠰᠣᠭ᠋ᠠᠷ ᠭᠦᠢ᠍ᠴᠡᠳᠬᠡᠬᠦ ᠵᠢ᠎ᠨᠢ ᠰᠢᠮᠳᠠᠭᠤᠯᠬᠤ᠂ ᠬᠥᠲᠥᠯᠬᠦ ᠬᠡᠷᠡᠭᠲᠡᠢ᠃
ᠶᠢᠰᠦᠳᠦᠭᠡᠷ ᠵᠦᠢ᠍ᠯ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠢᠯᠡᠴᠢᠯᠡᠯ ᠪᠠ ᠱᠠᠩᠨᠠᠯ᠎ᠤᠨ ᠳᠦᠷᠢᠮ᠎ᠢ ᠪᠠᠶ᠋ᠢᠭᠤᠯᠬᠤ ᠬᠡᠷᠡᠭᠲᠡᠢ᠃
ᠬᠣᠶᠠᠳᠤᠭ᠋ᠠᠷ ᠪᠦᠯᠦᠭ ᠲᠥᠯᠥᠪᠵᠢᠭᠦᠯᠭᠡ ᠪᠠ ᠬᠠᠮᠠᠭ᠋ᠠᠯᠠᠯᠲᠠ
ᠠᠷᠪᠠᠳᠤᠭ᠋ᠠᠷ ᠵᠦᠢ᠍ᠯ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ᠎ᠠᠴᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠬᠣᠶᠠᠷ ᠨᠠᠭᠤᠷ᠎ᠤᠨ ᠰᠠᠪᠠ ᠭᠠᠵᠠᠷ ᠪᠠᠶ᠋ᠢᠭ᠎ᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠵᠤ᠂ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠶᠡᠷᠦᠩᠬᠡᠢ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠢ ᠬᠠᠷᠢᠭᠤᠴᠠᠨ᠎ᠠ᠃ ᠶᠡᠷᠦᠩᠬᠡᠢ ᠲᠥᠯᠥᠪᠵᠢᠭᠦᠯᠭᠡ ᠵᠢ ᠤᠰᠤᠨ᠎ᠤ ᠪᠣᠬᠢᠷᠲᠤᠯ᠎ᠤᠨ ᠰᠡᠷᠭᠡᠶ᠋ᠢᠯᠡᠨ ᠵᠠᠰᠠᠯᠲᠠ ᠵᠢᠨ ᠲᠥᠯᠥᠪᠵᠢᠭᠦᠯᠭᠡ᠂ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠠᠰᠢᠭᠯᠠᠯᠲᠠ ᠵᠢᠨ ᠲᠥᠯᠥᠪᠵᠢᠭᠦᠯᠭᠡ᠂ ᠬᠥᠷᠥᠰᠥ ᠰᠢᠷᠣᠢ ᠵᠢᠨ ᠬᠠᠮᠠᠭ᠋ᠠᠯᠠᠯᠲᠠ ᠵᠢᠨ ᠲᠥᠯᠥᠪᠵᠢᠭᠦᠯᠭᠡ᠂ ᠠᠮᠢ ᠠᠬᠤᠢ᠎ᠪᠠᠷ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠲᠥᠯᠥᠪᠵᠢᠭᠦᠯᠭᠡ᠂ ᠨᠤᠭᠤ ᠭᠠᠵᠠᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠥᠯᠥᠪᠵᠢᠭᠦᠯᠭᠡ᠂ ᠭᠠᠵᠠᠷ ᠰᠢᠷᠣᠢ ᠵᠢᠨ ᠠᠰᠢᠭᠯᠠᠯᠲᠠ ᠵᠢᠨ ᠶᠡᠷᠦᠩᠬᠡᠢ ᠲᠥᠯᠥᠪᠵᠢᠭᠦᠯᠭᠡ᠂ ᠦᠶᠡᠷ᠎ᠤᠨ ᠰᠡᠷᠭᠡᠶ᠋ᠢᠯᠡᠯᠲᠡ ᠵᠢᠨ ᠲᠥᠯᠥᠪᠵᠢᠭᠦᠯᠭᠡ᠂ ᠤᠰᠤᠨ᠎ᠤ ᠴᠢᠳᠠᠮᠵᠢ ᠵᠢᠨ ᠬᠤᠪᠢᠶᠠᠷᠢᠯᠠᠯ᠂ ᠨᠣᠭᠣᠭ᠋ᠠᠷᠠᠭᠤᠯᠤᠯᠲᠠ ᠵᠢᠨ ᠰᠢᠰᠲ᠋ᠧᠮ᠎ᠤᠨ ᠲᠥᠯᠥᠪᠵᠢᠭᠦᠯᠭᠡ ᠵᠢᠴᠢ ᠤᠰᠤ ᠨᠥᠬᠥᠪᠥᠷᠢᠯᠡᠯᠲᠡ ᠵᠢᠨ ᠲᠥᠯᠥᠪᠵᠢᠭᠦᠯᠭᠡ ᠵᠡᠷᠭᠡ ᠵᠢ ᠬᠠᠷᠢᠯᠴᠠᠨ ᠵᠤᠯᠭ᠋ᠠᠯᠳᠤᠭᠤᠯᠬᠤ ᠬᠡᠷᠡᠭᠲᠡᠢ᠃
ᠠᠷᠪᠠᠨ ᠨᠢᠭᠡᠳᠦᠭᠡᠷ ᠵᠦᠢ᠍ᠯ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠶᠡᠷᠦᠩᠬᠡᠢ ᠲᠥᠯᠥᠪᠵᠢᠭᠦᠯᠭᠡ᠎ᠳᠤ ᠨᠤᠭᠤ ᠭᠠᠵᠠᠷ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠵᠡᠷᠭᠡ ᠰᠡᠷᠭᠡᠭ ᠣᠷᠣᠨ᠎ᠤ ᠤᠰᠤᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠬᠠᠷᠠᠯᠲᠠᠲᠤ ᠡᠭᠦᠷᠭᠡ᠂ ᠪᠠᠲᠤᠯᠠᠬᠤ ᠠᠷᠭ᠎ᠠ ᠪᠠᠷᠢᠯ᠂ ᠨᠡᠭᠡᠭᠡᠨ ᠠᠰᠢᠭᠯᠠᠵᠤ ᠪᠦᠲᠦᠭᠡᠨ ᠪᠠᠶ᠋ᠢᠭᠤᠯᠬᠤ ᠵᠢ ᠴᠠᠭ᠋ᠠᠵᠠᠯᠠᠭᠰᠠᠨ ᠣᠷᠣᠨ᠂ ᠨᠡᠭᠡᠭᠡᠨ ᠠᠰᠢᠭᠯᠠᠵᠤ ᠪᠦᠲᠦᠭᠡᠨ ᠪᠠᠶ᠋ᠢᠭᠤᠯᠬᠤ ᠵᠢ ᠬᠢᠵᠠᠭ᠋ᠠᠷᠯᠠᠭᠰᠠᠨ ᠣᠷᠣᠨ ᠵᠢᠴᠢ ᠬᠠᠮᠠᠭ᠋ᠠᠯᠠᠯᠲᠠ᠂ ᠠᠰᠢᠭᠯᠠᠯᠲᠠ᠂ ᠰᠡᠯᠪᠢᠨ ᠵᠠᠰᠠᠯᠲᠠ ᠵᠢᠨ ᠠᠷᠭ᠎ᠠ ᠮᠠᠶᠢᠭ ᠵᠡᠷᠭᠡ ᠠᠭᠤᠯᠭᠠᠤᠳᠢ ᠲᠣᠳᠣᠷᠬᠠᠶ᠋ᠢᠯᠠᠬᠤ ᠬᠡᠷᠡᠭᠲᠡᠢ᠃
ᠠᠷᠪᠠᠨ ᠬᠣᠶᠠᠳᠤᠭ᠋ᠠᠷ ᠵᠦᠢ᠍ᠯ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠶᠡᠷᠦᠩᠬᠡᠢ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠤ᠎ᠪᠠᠨ᠂ ᠨᠤᠲᠠᠯᠠᠯᠲᠠ ᠵᠢᠨ ᠬᠤᠷᠠᠯ᠂ ᠭᠡᠷᠡᠴᠢᠯᠡᠭᠡ ᠰᠣᠨᠣᠰᠬᠤ ᠬᠤᠷᠠᠯ ᠵᠡᠷᠭᠡ ᠠᠷᠭ᠎ᠠ ᠮᠠᠶᠢᠭ ᠵᠶ᠋ᠠᠷ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠲᠤᠰᠬᠠᠢ ᠮᠡᠷᠭᠡᠵᠢᠯᠲᠡᠨ ᠪᠠ ᠣᠯᠠᠨ ᠨᠡᠶ᠋ᠢᠲᠡ ᠵᠢᠨ ᠰᠠᠨᠠᠯ᠎ᠢ ᠥᠷᠭᠡᠨ ᠳᠡᠯᠭᠡᠷ ᠬᠤᠷᠢᠶᠠᠬᠤ ᠬᠡᠷᠡᠭᠲᠡᠢ᠃ ᠶᠡᠷᠦᠩᠬᠡᠢ ᠲᠥᠯᠥᠪᠵᠢᠭᠦᠯᠭᠡ ᠵᠢ ᠤᠯᠠᠭ᠋ᠠᠨᠴᠠᠪ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠪᠠᠲᠤᠯᠠᠭᠤᠯᠬᠤ ᠪᠥᠭᠡᠳ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠮᠡᠳᠡᠭᠦᠯᠦᠨ ᠭᠤᠶᠤᠴᠢᠯᠠᠵᠤ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠬᠠᠮᠢᠶ᠎ᠠ ᠪᠦᠬᠦᠢ ᠶᠠᠪᠤᠴᠠ ᠶᠣᠰᠣᠭ᠋ᠠᠷ ᠮᠡᠳᠡᠭᠦᠯᠦᠨ ᠵᠥᠪᠰᠢᠶᠡᠷᠡᠭᠦᠯᠵᠦ᠂ ᠵᠥᠪᠰᠢᠶᠡᠷᠡᠭᠦᠯᠦᠭᠰᠡᠨ᠎ᠤ ᠳᠠᠷᠠᠭ᠎ᠠ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠵᠥᠪᠰᠢᠶᠡᠷᠡᠭᠦᠯᠦᠭᠰᠡᠨ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠶᠡᠷᠦᠩᠬᠡᠢ ᠲᠥᠯᠥᠪᠵᠢᠭᠦᠯᠭᠡ ᠵᠢ ᠴᠢᠩᠭ᠎ᠠ ᠬᠡᠷᠡᠭᠵᠢᠭᠦᠯᠬᠦ᠎ᠠᠴᠠ ᠪᠢᠰᠢ᠂ ᠶᠠᠮᠠᠷᠪᠠ ᠨᠢᠭᠡᠴᠡ ᠪᠤᠶᠤ ᠬᠤᠪᠢ ᠬᠥᠮᠦᠨ ᠳᠤᠷ᠎ᠠ᠎ᠪᠠᠷ ᠵᠶ᠋ᠠᠨ ᠬᠤᠪᠢᠷᠠᠭᠤᠯᠵᠤ ᠪᠣᠯᠬᠤ ᠦᠭᠡᠢ; ᠦᠨᠡᠬᠡᠷ ᠬᠤᠪᠢᠷᠠᠭᠤᠯᠬᠤ ᠴᠢᠬᠤᠯᠠᠲᠠᠢ ᠪᠣᠯ᠂ ᠤᠤᠯ᠎ᠤᠨ ᠵᠥᠪᠰᠢᠶᠡᠷᠡᠭᠦᠯᠬᠦ ᠶᠠᠪᠤᠴᠠ᠎ᠪᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃
ᠠᠷᠪᠠᠨ ᠳᠥᠷᠪᠡᠳᠦᠭᠡᠷ ᠵᠦᠢ᠍ᠯ ᠬᠣᠶᠠᠷ ᠨᠠᠭᠤᠷ᠎ᠤᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ᠎ᠨᠢ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ ᠪᠠᠶ᠋ᠢᠭ᠎ᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ ᠠᠰᠢᠭᠯᠠᠯᠲᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠣᠢ ᠰᠢᠭᠤᠢ᠂ ᠲᠠᠷᠢᠶᠠᠯᠠᠩ ᠮᠠᠯ ᠠᠵᠤ ᠠᠬᠤᠢ᠂ ᠤᠯᠤᠰ᠎ᠤᠨ ᠭᠠᠵᠠᠷ ᠰᠢᠷᠣᠢ ᠡᠬᠢ ᠪᠠᠶᠠᠯᠢᠭ ᠵᠡᠷᠭᠡ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠵᠤ ᠬᠣᠶᠠᠷ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠪᠠᠶ᠋ᠢᠴᠠᠭ᠋ᠠᠯᠲᠠ ᠬᠢᠵᠦ᠂ ᠰᠡᠯᠪᠢᠨ ᠵᠠᠰᠠᠬᠤ ᠲᠥᠰᠦᠯ ᠲᠣᠭᠲᠠᠭ᠋ᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃
ᠠᠷᠪᠠᠨ ᠲᠠᠪᠤᠳᠤᠭ᠋ᠠᠷ ᠵᠦᠢ᠍ᠯ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ᠎ᠨᠢ ᠬᠣᠶᠠᠷ ᠨᠠᠭᠤᠷ᠎ᠤᠨ ᠰᠠᠪᠠ ᠭᠠᠵᠠᠷ ᠪᠠᠶ᠋ᠢᠭ᠎ᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠵᠤ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠶ᠋ᠢᠭᠤᠯᠤᠯᠲᠠ᠎ᠪᠠᠷ ᠰᠠᠪᠠ ᠭᠠᠵᠠᠷ᠎ᠤᠨ ᠠᠮᠢ ᠠᠬᠤᠢ ᠵᠢᠨ ᠤᠰᠤ ᠨᠥᠬᠥᠪᠥᠷᠢᠯᠡᠯᠲᠡ ᠵᠢᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠰᠠᠪᠠ ᠭᠠᠵᠠᠷ᠎ᠤᠨ ᠠᠮᠢ ᠠᠬᠤᠢ ᠵᠢᠨ ᠤᠰᠤ ᠬᠡᠷᠡᠭᠯᠡᠬᠦ ᠬᠡᠷᠡᠭᠴᠡᠭᠡ ᠵᠢ ᠪᠠᠲᠤᠯᠠᠬᠤ ᠬᠡᠷᠡᠭᠲᠡᠢ᠃
ᠠ᠊ ᠷᠪᠠᠨ ᠵᠢᠷᠭᠤᠳᠤᠭ᠋ᠠᠷ ᠵᠦᠢ᠍ᠯ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ᠎ᠨᠢ ᠰᠠᠪᠠ ᠭᠠᠵᠠᠷ ᠪᠠᠶ᠋ᠢᠭ᠎ᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠵᠤ᠂ ᠨᠠᠭᠤᠷ ᠴᠥᠭᠥᠷᠥᠮ᠎ᠤᠨ ᠤᠰᠤᠨ᠎ᠤ ᠴᠢᠨᠠᠷ᠎ᠤᠨ ᠪᠠᠶ᠋ᠢᠳᠠᠯ᠎ᠤᠨ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠬᠢᠨᠠᠨ ᠬᠡᠮᠵᠢᠭᠰᠡᠨ ᠦᠷ᠎ᠡ ᠳ᠋ᠦᠩ ᠵᠶ᠋ᠠᠨ ᠴᠠᠭ ᠲᠤᠬᠠᠢᠳᠤᠨᠢ ᠲᠤᠰ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ᠂ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠢᠳᠤᠨᠢ ᠰᠠᠶ᠋ᠢᠵᠢᠷᠠᠭᠤᠯᠬᠤ ᠬᠡᠷᠡᠭᠲᠡᠢ᠃
ᠠᠷᠪᠠᠨ ᠳᠣᠯᠣᠳᠤᠭ᠋ᠠᠷ ᠵᠦᠢ᠍ᠯ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ ᠪᠠᠶ᠋ᠢᠭ᠎ᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠨᠠᠭᠤᠷ᠎ᠲᠤ ᠣᠷᠣᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠠᠶᠤᠯ᠎ᠠᠴᠠ ᠵᠠᠪᠳᠤᠨ ᠠᠪᠤᠷᠠᠬᠤ᠂ ᠭᠠᠮᠰᠢᠭ᠎ᠠᠴᠠ ᠠᠪᠤᠷᠠᠬᠤ᠂ ᠰᠠᠭᠤᠭ᠋ᠠᠯᠢ ᠠᠷᠠᠳ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ᠎ᠳᠤ ᠤᠰᠤ ᠬᠠᠩᠭ᠋ᠠᠬᠤ᠎ᠠᠴᠠ ᠭᠠᠳᠠᠨ᠎ᠠ᠂ ᠬᠣᠶᠠᠷ ᠨᠠᠭᠤᠷ᠎ᠤᠨ ᠰᠠᠪᠠ ᠭᠠᠵᠠᠷ᠎ᠲᠤ ᠨᠠᠭᠤᠷ᠎ᠲᠤ ᠣᠷᠣᠬᠤ ᠤᠰᠤᠨ᠎ᠤ ᠡᠬᠢ ᠰᠤᠷᠪᠤᠯᠵᠢ ᠵᠢ ᠲᠠᠰᠤᠯᠬᠤ ᠪᠤᠶᠤ ᠳᠤᠷ᠎ᠠ᠎ᠪᠠᠷ ᠵᠶ᠋ᠠᠨ ᠤᠰᠤ ᠠᠪᠬᠤ ᠵᠢ ᠴᠠᠭ᠋ᠠᠵᠠᠯᠠᠬᠤ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠬᠣᠶᠠᠷ ᠨᠠᠭᠤᠷ᠎ᠤᠨ ᠰᠠᠪᠠ ᠭᠠᠵᠠᠷ᠎ᠲᠤ ᠴᠠᠬᠢᠯᠭ᠋ᠠᠨ ᠥᠩᠭᠡᠯᠡᠯᠲᠡ᠂ ᠬᠢᠮᠢ ᠵᠢᠨ ᠠᠵᠤ ᠦᠢ᠍ᠯᠡᠳᠪᠦᠷᠢ᠂ ᠡᠮ᠎ᠤᠨ ᠦᠢ᠍ᠯᠡᠳᠬᠡᠯ᠂ ᠠᠷᠠᠰᠤ ᠰᠢᠷᠢ ᠵᠡᠷᠭᠡ ᠠᠽᠣᠲ᠂ ᠹᠣᠰᠹᠣᠷ᠂ ᠬᠦᠨᠳᠦ ᠲᠡᠮᠦᠷᠯᠢᠭ ᠵᠡᠷᠭᠡ ᠵᠢ ᠠᠭᠤᠯᠤᠭᠰᠠᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠠᠵᠤ ᠠᠬᠤᠶ᠋ᠢᠯᠠᠯ ᠵᠢᠴᠢ ᠥᠨᠳᠥᠷ ᠬᠣᠷᠣᠭᠳᠠᠯ᠎ᠲᠤ ᠤᠰᠤ᠂ ᠥᠨᠳᠥᠷ ᠪᠣᠬᠢᠷᠲᠤᠯ᠎ᠤᠨ ᠲᠥᠷᠥᠯ ᠵᠦᠢ᠍ᠯ᠎ᠤᠳ᠎ᠢ ᠰᠢᠨ᠎ᠡ᠎ᠪᠠᠷ ᠪᠠᠶ᠋ᠢᠭᠤᠯᠬᠤ ᠵᠢ ᠴᠠᠭ᠋ᠠᠵᠠᠯᠠᠨ᠎ᠠ᠃ ᠤᠯᠤᠰ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠷᠢᠮᠵᠢᠶᠠᠵᠢᠯ᠎ᠳᠤ ᠬᠦᠷᠦᠭᠡᠳᠦᠢ ᠨᠢᠭᠡᠨᠲᠡ ᠪᠠᠶ᠋ᠢᠭ᠎ᠠ ᠠᠵᠤ ᠠᠬᠤᠶ᠋ᠢᠯᠠᠯ᠎ᠳᠤ᠂ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠲᠡᠭᠦᠨ᠎ᠤ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ᠂ ᠥᠭᠡᠷ᠎ᠡ ᠪᠦᠲᠦᠭᠡᠭᠳᠡᠬᠦᠨ ᠦᠢ᠍ᠯᠡᠳᠬᠦ ᠪᠤᠶᠤ ᠡᠭᠦᠳᠡ ᠬᠠᠭ᠋ᠠᠬᠤ ᠵᠢ᠎ᠨᠢ ᠬᠠᠤᠯᠢ ᠶᠣᠰᠣᠭ᠋ᠠᠷ ᠵᠠᠷᠯᠢᠭᠳᠠᠨ᠎ᠠ᠃
ᠠᠷᠪᠠ ᠶᠢᠰᠦᠳᠦᠭᠡᠷ ᠵᠦᠢ᠍ᠯ ᠬᠣᠶᠠᠷ ᠨᠠᠭᠤᠷ᠎ᠤᠨ ᠰᠠᠪᠠ ᠭᠠᠵᠠᠷ᠎ᠲᠤ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠬᠢᠵᠦ᠂ ᠲᠠᠷᠢᠶᠠᠯᠠᠩ᠎ᠤᠨ ᠤᠰᠤᠯᠠᠯᠲᠠ ᠵᠢᠨ ᠤᠰᠤᠨ᠎ᠤ ᠡᠬᠢ ᠰᠤᠷᠪᠤᠯᠵᠢ᠂ ᠤᠰᠤᠯᠠᠬᠤ ᠵᠢ ᠲᠠᠲᠠᠷᠠᠭᠤᠯᠬᠤ ᠪᠠᠷᠢᠯᠭ᠎ᠠ ᠵᠢᠨ ᠲᠥᠬᠥᠭᠡᠷᠦᠮᠵᠢ ᠵᠢ ᠡᠵᠡᠯᠡᠬᠦ ᠪᠤᠶᠤ ᠤᠤᠯ᠎ᠤᠨ ᠤᠰᠤᠯᠠᠯᠲᠠ ᠵᠢᠨ ᠬᠡᠷᠡᠭᠯᠡᠭᠡᠨ᠎ᠤ ᠤᠰᠤ᠂ ᠬᠠᠩᠭ᠋ᠠᠯᠲᠠ ᠵᠢᠨ ᠤᠰᠤᠨ᠎ᠤ ᠡᠬᠢ ᠰᠤᠷᠪᠤᠯᠵᠢ᠎ᠳᠤ ᠠᠰᠢᠭ ᠦᠭᠡᠢ ᠨᠥᠯᠥᠭᠡ᠎ᠲᠠᠢ ᠪᠣᠯᠤᠭᠰᠠᠨ ᠪᠣᠯ᠂ ᠪᠦᠲᠦᠭᠡᠨ ᠪᠠᠶ᠋ᠢᠭᠤᠯᠤᠯᠲᠠ ᠵᠢᠨ ᠨᠢᠭᠡᠴᠡ ᠵᠣᠬᠢᠴᠠᠩᠭᠤᠢ ᠨᠥᠬᠥᠵᠦ ᠵᠠᠰᠠᠬᠤ ᠠᠷᠭ᠎ᠠ ᠪᠠᠷᠢᠯ ᠠᠪᠬᠤ ᠬᠡᠷᠡᠭᠲᠡᠢ; ᠬᠣᠬᠢᠷᠠᠯ ᠤᠴᠠᠷᠠᠭᠤᠯᠤᠭᠰᠠᠨ ᠪᠣᠯ᠂ ᠬᠠᠤᠯᠢ ᠶᠣᠰᠣᠭ᠋ᠠᠷ ᠨᠥᠬᠥᠵᠦ ᠲᠥᠯᠥᠬᠦ ᠬᠡᠷᠡᠭᠲᠡᠢ᠃
ᠬᠣᠷᠢᠳᠤᠭ᠋ᠠᠷ ᠵᠦᠢ᠍ᠯ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ ᠬᠣᠶᠠᠷ ᠨᠠᠭᠤᠷ᠎ᠤᠨ ᠰᠠᠪᠠ ᠭᠠᠵᠠᠷ᠎ᠲᠤ ᠮᠠᠯᠲᠠᠬᠤ ᠵᠢ ᠴᠠᠭ᠋ᠠᠵᠠᠯᠠᠭᠰᠠᠨ ᠲᠣᠭᠣᠷᠢᠭ᠎ᠢ ᠬᠡᠰᠡᠭᠯᠡᠨ ᠲᠣᠭᠲᠠᠭ᠋ᠠᠵᠤ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠵᠦ᠂ ᠮᠠᠯᠲᠠᠬᠤ ᠵᠢ ᠴᠠᠭ᠋ᠠᠵᠠᠯᠠᠭᠰᠠᠨ ᠲᠣᠭᠣᠷᠢᠭ᠎ᠲᠤ ᠬᠠᠶ᠋ᠢᠷ ᠴᠢᠯᠠᠭᠤ ᠮᠠᠯᠲᠠᠬᠤ᠂ ᠰᠢᠷᠣᠢ ᠠᠪᠬᠤ ᠵᠢ ᠴᠠᠭ᠋ᠠᠵᠠᠯᠠᠬᠤ ᠬᠡᠷᠡᠭᠲᠡᠢ᠃
ᠬᠣᠷᠢᠨ ᠨᠢᠭᠡᠳᠦᠭᠡᠷ ᠵᠦᠢ᠍ᠯ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠤᠰᠤᠨ᠎ᠤ ᠡᠬᠢ ᠰᠤᠷᠪᠤᠯᠵᠢ ᠵᠢᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠳᠦᠷᠢᠮ᠎ᠢ ᠬᠡᠷᠡᠭᠵᠢᠭᠦᠯᠵᠦ᠂ ᠤᠰᠤ ᠠᠷᠪᠢᠯᠠᠬᠤ ᠮᠠᠶᠢᠭ᠎ᠤᠨ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ ᠬᠢᠵᠦ ᠪᠠᠶ᠋ᠢᠭᠤᠯᠤᠯᠲᠠ ᠬᠢᠵᠦ᠂ ᠲᠠᠷᠢᠶᠠᠯᠠᠩ᠎ᠤᠨ ᠤᠰᠤ ᠠᠷᠪᠢᠯᠠᠯᠲᠠ᠂ ᠠᠵᠤ ᠦᠢ᠍ᠯᠡᠳᠪᠦᠷᠢ ᠵᠢᠨ ᠤᠰᠤ ᠬᠡᠷᠡᠭᠯᠡᠯᠲᠡ ᠬᠠᠯᠠᠬᠤ ᠠᠷᠭ᠎ᠠ ᠪᠠᠷᠢᠯ᠎ᠢ ᠬᠡᠷᠡᠭᠵᠢᠭᠦᠯᠵᠦ᠂ ᠰᠢᠨ᠎ᠡ ᠤᠰᠤ ᠵᠢ ᠠᠪᠴᠤ ᠬᠡᠷᠡᠭᠯᠡᠬᠦ ᠬᠡᠮᠵᠢᠶ᠎ᠡ ᠵᠢ ᠪᠠᠭ᠋ᠠᠰᠬᠠᠵᠤ᠂ ᠰᠠᠪᠠ ᠭᠠᠵᠠᠷ᠎ᠤᠨ ᠤᠰᠤ ᠬᠡᠷᠡᠭᠯᠡᠬᠦ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠯᠠᠩ᠎ᠳᠤ ᠤᠰᠤ ᠬᠡᠷᠡᠭᠯᠡᠬᠦ᠎ᠳᠤ᠎ᠪᠠᠨ ᠤᠰᠤ ᠠᠷᠪᠢᠯᠠᠬᠤ ᠤᠰᠤᠯᠠᠯᠲᠠ ᠵᠢᠨ ᠠᠷᠭ᠎ᠠ ᠮᠠᠶᠢᠭ ᠪᠠ ᠤᠰᠤ ᠠᠷᠪᠢᠯᠠᠬᠤ ᠮᠡᠷᠭᠡᠵᠢᠯ᠎ᠢ ᠳᠡᠯᠭᠡᠷᠡᠭᠦᠯᠵᠦ᠂ ᠲᠠᠷᠢᠶᠠᠯᠠᠩ᠎ᠤᠨ ᠤᠰᠤ ᠬᠠᠳᠠᠭ᠋ᠠᠯᠠᠬᠤ᠂ ᠤᠰᠤ ᠳᠠᠮᠵᠢᠭᠤᠯᠬᠤ ᠪᠠᠷᠢᠯᠭ᠎ᠠ᠎ᠳᠤ ᠨᠡᠪᠴᠢᠬᠦ ᠭᠣᠭᠣᠵᠢᠬᠤ ᠵᠢ ᠰᠡᠷᠭᠡᠶ᠋ᠢᠯᠡᠬᠦ ᠴᠢᠬᠤᠯᠠ ᠪᠦᠬᠦᠢ ᠠᠷᠭ᠎ᠠ ᠪᠠᠷᠢᠯ ᠠᠪᠴᠤ᠂ ᠲᠠᠷᠢᠶᠠᠯᠠᠩ᠎ᠳᠤ ᠤᠰᠤ ᠬᠡᠷᠡᠭᠯᠡᠬᠦ ᠦᠷ᠎ᠡ ᠠᠰᠢᠭ᠎ᠢ ᠳᠡᠭᠡᠭᠰᠢᠯᠡᠭᠦᠯᠵᠦ᠂ ᠤᠰᠤᠯᠠᠬᠤ᠎ᠪᠠᠨ ᠪᠤᠯᠢᠵᠤ ᠤᠰᠤ ᠠᠷᠪᠢᠳᠤᠭᠤᠯᠬᠤ᠂ ᠲᠠᠷᠢᠶᠠᠯᠠᠬᠤ᠎ᠪᠠᠨ ᠪᠤᠯᠢᠵᠤ ᠨᠤᠭᠤ ᠭᠠᠵᠠᠷ (ᠣᠢ᠂ ᠡᠪᠡᠰᠦ) ᠪᠣᠯᠭ᠋ᠠᠬᠤ ᠵᠢ ᠠᠭ᠋ᠠᠵᠢᠮ ᠵᠶ᠋ᠠᠷ ᠶᠠᠪᠤᠭᠳᠠᠭᠤᠯᠵᠤ᠂ ᠤᠰᠤᠨ᠎ᠤ ᠡᠬᠢ ᠰᠤᠷᠪᠤᠯᠵᠢ ᠵᠢᠨ ᠬᠣᠷᠣᠭᠳᠠᠯ᠎ᠤᠨ ᠬᠡᠮᠵᠢᠶ᠎ᠡ ᠵᠢ ᠪᠠᠭ᠋ᠠᠰᠬᠠᠬᠤ ᠬᠡᠷᠡᠭᠲᠡᠢ᠃ ᠠᠵᠤ ᠦᠢ᠍ᠯᠡᠳᠪᠦᠷᠢ᠎ᠳᠤ ᠤᠰᠤ ᠬᠡᠷᠡᠭᠯᠡᠬᠦ᠎ᠳᠤ᠎ᠪᠠᠨ ᠲᠡᠷᠢᠭᠦᠨ᠎ᠤ ᠮᠡᠷᠭᠡᠵᠢᠯ᠂ ᠤᠷᠠᠨ ᠳᠠᠷᠬ᠎ᠠ ᠪᠠ ᠲᠥᠬᠥᠭᠡᠷᠦᠮᠵᠢ ᠵᠢ ᠬᠡᠷᠡᠭᠯᠡᠵᠦ᠂ ᠣᠷᠴᠢᠯᠲᠠᠢᠪᠠᠷ ᠤᠰᠤ ᠬᠡᠷᠡᠭᠯᠡᠬᠦ ᠤᠳᠠᠭ᠎ᠠ ᠲᠣᠭ᠎ᠠ ᠵᠢ ᠨᠡᠮᠡᠭᠳᠡᠭᠦᠯᠵᠦ᠂ ᠤᠰᠤᠨ᠎ᠤ ᠳᠠᠬᠢᠨ ᠳᠠᠪᠲᠠᠨ ᠠᠰᠢᠭᠯᠠᠬᠤ ᠨᠣᠷᠮ᠎ᠠ ᠵᠢ ᠳᠡᠭᠡᠭᠰᠢᠯᠡᠭᠦᠯᠵᠦ᠂ ᠬᠣᠴᠣᠷᠤᠩᠭᠤᠢ᠂ ᠤᠰᠤᠨ᠎ᠤ ᠬᠣᠷᠣᠭᠳᠠᠯ᠎ᠤᠨ ᠬᠡᠮᠵᠢᠶ᠎ᠡ᠎ᠪᠠᠷ ᠶᠡᠬᠡ ᠤᠷᠠᠨ ᠳᠠᠷᠬ᠎ᠠ᠂ ᠲᠥᠬᠥᠭᠡᠷᠦᠮᠵᠢ ᠪᠠ ᠪᠦᠲᠦᠭᠡᠭᠳᠡᠬᠦᠨ᠎ᠢ ᠠᠭ᠋ᠠᠵᠢᠮ ᠵᠶ᠋ᠠᠷ ᠰᠢᠭᠰᠢᠭᠳᠡᠭᠦᠯᠬᠦ ᠬᠡᠷᠡᠭᠲᠡᠢ᠃ ᠬᠣᠲᠠ ᠵᠢᠨ ᠠᠮᠢᠳᠤᠷᠠᠯ᠎ᠳᠤ ᠤᠰᠤ ᠬᠡᠷᠡᠭᠯᠡᠬᠦ᠎ᠳᠤ᠎ᠪᠠᠨ ᠲᠤᠬᠠᠢ ᠵᠢᠨ ᠭᠠᠵᠠᠷ᠎ᠤᠨ ᠪᠠᠶ᠋ᠢᠳᠠᠯ᠎ᠳᠤᠨᠢ ᠲᠣᠬᠢᠷᠠᠭᠤᠯᠤᠨ ᠪᠦᠲᠦᠮᠵᠢᠲᠡᠢ ᠠᠷᠭ᠎ᠠ ᠪᠠᠷᠢᠯ ᠠᠪᠴᠤ᠂ ᠤᠰᠤ ᠠᠷᠪᠢᠯᠠᠬᠤ ᠮᠠᠶᠢᠭ᠎ᠤᠨ ᠠᠮᠢᠳᠤᠷᠠᠯ᠎ᠤᠨ ᠤᠰᠤ ᠬᠡᠷᠡᠭᠯᠡᠬᠦ ᠪᠠᠭ᠋ᠠᠵᠢ ᠬᠡᠷᠡᠭᠰᠡᠯ᠎ᠢ ᠳᠡᠯᠭᠡᠷᠡᠭᠦᠯᠵᠦ᠂ ᠬᠣᠲᠠ ᠵᠢᠨ ᠤᠰᠤ ᠬᠠᠩᠭ᠋ᠠᠬᠤ ᠬᠣᠭᠣᠯᠠᠢ ᠵᠢᠨ ᠲᠣᠣᠷ᠎ᠤᠨ ᠭᠣᠭᠣᠵᠢᠬᠤ ᠨᠣᠷᠮ᠎ᠠ ᠵᠢ ᠳᠣᠷᠣᠭᠰᠢᠯᠠᠭᠤᠯᠵᠤ᠂ ᠠᠮᠢᠳᠤᠷᠠᠯ᠎ᠤᠨ ᠤᠰᠤ ᠬᠡᠷᠡᠭᠯᠡᠬᠦ ᠦᠷ᠎ᠡ ᠠᠰᠢᠭ᠎ᠢ ᠳᠡᠭᠡᠭᠰᠢᠯᠡᠭᠦᠯᠵᠦ᠂ ᠬᠣᠲᠠ ᠵᠢᠨ ᠪᠤᠵᠠᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠵᠢ ᠴᠢᠩᠭ᠋ᠠᠳᠬᠠᠵᠤ᠂ ᠳᠠᠬᠢᠯᠲᠠ ᠤᠰᠤ ᠬᠡᠷᠡᠭᠯᠡᠬᠦ ᠵᠢ ᠵᠣᠷᠢᠭᠵᠢᠭᠤᠯᠵᠤ᠂ ᠪᠤᠵᠠᠷ ᠤᠰᠤ ᠵᠢ ᠳᠠᠬᠢᠯᠳᠠ᠎ᠲᠠᠢ ᠠᠰᠢᠭᠯᠠᠬᠤ ᠨᠣᠷᠮ᠎ᠠ ᠵᠢ ᠳᠡᠭᠡᠭᠰᠢᠯᠡᠭᠦᠯᠬᠦ ᠬᠡᠷᠡᠭᠲᠡᠢ᠃
ᠬᠣᠷᠢᠨ ᠬᠣᠶᠠᠳᠤᠭ᠋ᠠᠷ ᠵᠦᠢ᠍ᠯ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠣᠲᠠ ᠬᠥᠳᠡᠭᠡ ᠵᠢᠨ ᠬᠣᠭ ᠨᠣᠪᠰᠢ ᠴᠤᠭᠯᠠᠭᠤᠯᠬᠤ᠂ ᠵᠥᠭᠡᠭᠡᠪᠦᠷᠢᠯᠡᠬᠦ᠂ ᠰᠢᠢ᠍ᠳᠪᠦᠷᠢᠯᠡᠬᠦ ᠲᠥᠬᠥᠭᠡᠷᠦᠮᠵᠢ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ ᠪᠦᠲᠦᠭᠡᠨ ᠪᠠᠶ᠋ᠢᠭᠤᠯᠵᠤ᠂ ᠭᠠᠴᠠᠭ᠎ᠠ ᠲᠣᠰᠬᠣᠨ᠎ᠳᠤ ᠬᠣᠭ ᠨᠣᠪᠰᠢ ᠴᠤᠭᠯᠠᠭᠤᠯᠬᠤ ᠴᠢᠭ᠋ ᠭᠠᠷᠭ᠋ᠠᠵᠤ᠂ ᠬᠢᠮᠢ ᠵᠢᠨ ᠪᠣᠷᠳᠣᠭᠤᠷ᠂ ᠲᠠᠷᠢᠶᠠᠨ ᠡᠮ᠂ ᠡᠪᠡᠰᠦ ᠠᠷᠢᠯᠭ᠋ᠠᠬᠤ ᠡᠳ᠋ ᠵᠡᠷᠭᠡ ᠵᠢ ᠪᠠᠭᠯᠠᠬᠤ ᠪᠣᠳᠠᠰ᠎ᠢ ᠢᠯᠭ᠋ᠠᠪᠤᠷᠢᠯᠠᠨ ᠰᠢᠢ᠍ᠳᠪᠦᠷᠢᠯᠡᠵᠦ᠂ ᠬᠣᠭ ᠨᠣᠪᠰᠢ ᠵᠢᠨ ᠰᠢᠢ᠍ᠳᠪᠦᠷᠢᠯᠡᠯᠲᠡ ᠵᠢᠨ ᠬᠡᠮᠵᠢᠭᠳᠡᠯ ᠬᠠᠰᠤᠭᠳᠠᠭᠤᠯᠤᠯᠲᠠ᠂ ᠬᠣᠣᠷ ᠦᠭᠡᠶ᠋ᠢᠲᠦᠭᠦᠯᠦᠯᠲᠡ ᠪᠠ ᠡᠬᠢ ᠪᠠᠶᠠᠯᠢᠭᠵᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃
ᠬᠣᠷᠢᠨ ᠭᠤᠷᠪᠠᠳᠤᠭ᠋ᠠᠷ ᠵᠦᠢ᠍ᠯ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠴᠢᠳᠠᠮᠵᠢ ᠵᠢᠨ ᠬᠡᠷᠡᠭᠴᠡᠭᠡ ᠵᠢ ᠦᠨᠳᠦᠰᠦᠯᠡᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠭᠣᠣᠯ ᠤᠷᠤᠰᠬᠠᠯ᠂ ᠨᠠᠭᠤᠷ ᠴᠥᠭᠥᠷᠥᠮ᠂ ᠨᠤᠭᠤ ᠭᠠᠵᠠᠷ᠎ᠤᠨ ᠬᠠᠮᠠᠭ᠋ᠠᠯᠠᠯᠲᠠ ᠪᠠ ᠰᠡᠯᠪᠢᠨ ᠵᠠᠰᠠᠯᠲᠠ ᠬᠢᠵᠦ᠂ ᠲᠤᠬᠠᠢ ᠵᠢᠨ ᠭᠠᠵᠠᠷ᠎ᠤᠨ ᠪᠠᠶ᠋ᠢᠳᠠᠯ᠎ᠳᠤᠨᠢ ᠲᠣᠬᠢᠷᠠᠭᠤᠯᠤᠨ ᠬᠢᠮᠡᠯ ᠨᠤᠭᠤ ᠭᠠᠵᠠᠷ᠂ ᠤᠰᠤᠨ᠎ᠤ ᠡᠬᠢ ᠰᠤᠷᠪᠤᠯᠵᠢ ᠵᠢᠨ ᠪᠠᠭᠲᠠᠭ᠋ᠠᠮᠵᠢ ᠵᠢᠨ ᠣᠢ᠂ ᠭᠣᠣᠯ ᠳᠠᠭ᠋ᠠᠤ ᠨᠠᠭᠤᠷ ᠳᠠᠭ᠋ᠠᠤ ᠵᠢᠨ ᠤᠷᠭᠤᠮᠠᠯ᠎ᠤᠨ ᠬᠤᠴᠢᠯᠲᠠ ᠵᠢᠨ ᠨᠠᠮᠬᠠᠳᠬᠠᠬᠤ ᠪᠦᠰᠡ ᠪᠠ ᠲᠤᠰᠠᠭ᠋ᠠᠷᠯᠠᠬᠤ ᠪᠦᠰᠡ ᠵᠡᠷᠭᠡ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠪᠠ ᠬᠠᠮᠠᠭ᠋ᠠᠯᠠᠯᠲᠠ ᠵᠢᠨ ᠪᠠᠷᠢᠯᠭ᠎ᠠ ᠵᠢ ᠪᠦᠲᠦᠭᠡᠨ ᠪᠠᠶ᠋ᠢᠭᠤᠯᠵᠤ᠂ ᠬᠠᠷ᠎ᠠ ᠦᠮᠡᠬᠡᠢ ᠤᠰᠤᠨ ᠴᠣᠭᠴᠠ ᠵᠢ ᠴᠡᠭᠴᠡᠯᠡᠨ ᠵᠠᠰᠠᠵᠤ᠂ ᠰᠠᠪᠠ ᠭᠠᠵᠠᠷ᠎ᠤᠨ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠰᠢᠨᠵᠢᠯᠡᠬᠦ ᠤᠬᠠᠭ᠋ᠠᠨᠴᠢ ᠵᠣᠬᠢᠰᠲᠠᠢ ᠠᠷᠭ᠎ᠠ ᠪᠠᠷᠢᠯ ᠠᠪᠴᠤ᠂ ᠬᠤᠭᠤᠴᠠᠭ᠎ᠠ ᠲᠣᠭᠲᠠᠭ᠋ᠠᠵᠤ ᠨᠠᠭᠤᠷ ᠴᠥᠭᠥᠷᠥᠮ ᠨᠠᠭᠤᠷ᠎ᠲᠤ ᠣᠷᠣᠬᠤ ᠭᠣᠣᠯ᠎ᠤᠨ ᠵᠠᠮ᠎ᠤᠨ ᠬᠤᠷᠠᠮᠠᠭ ᠴᠡᠪᠡᠷᠯᠡᠬᠦ ᠵᠢ ᠵᠣᠬᠢᠶᠠᠨ ᠪᠠᠶ᠋ᠢᠭᠤᠯᠵᠤ᠂ ᠲᠦᠷ ᠴᠠᠭ ᠭᠠᠵᠠᠷ ᠰᠢᠷᠣᠢ ᠡᠵᠡᠯᠡᠵᠦ ᠬᠡᠷᠡᠭᠯᠡᠬᠦ ᠴᠢᠬᠤᠯᠠᠲᠠᠢ ᠪᠣᠯ᠂ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠬᠢᠷᠠᠭᠤᠯᠬᠤ ᠬᠡᠷᠡᠭᠲᠡᠢ᠃
ᠬᠣᠷᠢᠨ ᠳᠥᠷᠪᠡᠳᠦᠭᠡᠷ ᠵᠦᠢ᠍ᠯ ᠬᠣᠶᠠᠷ ᠨᠠᠭᠤᠷ᠎ᠤᠨ ᠰᠠᠪᠠ ᠭᠠᠵᠠᠷ᠎ᠲᠤ ᠶᠡᠬᠡ ᠬᠣᠣᠷᠲᠠᠢ᠂ ᠶᠡᠬᠡ ᠦᠯᠡᠳᠡᠭᠳᠡᠯ᠎ᠲᠠᠢ ᠲᠠᠷᠢᠶᠠᠨ ᠡᠮ ᠬᠡᠷᠡᠭᠯᠡᠬᠦ ᠵᠢ ᠴᠠᠭ᠋ᠠᠵᠠᠯᠠᠵᠤ᠂ ᠣᠷᠭ᠋ᠠᠨᠢᠭ ᠪᠣᠷᠳᠣᠭᠤᠷ ᠪᠠ ᠥᠨᠳᠥᠷ ᠠᠰᠢᠭᠲᠠᠢ᠂ ᠪᠠᠭ᠎ᠠ ᠬᠣᠣᠷᠲᠠᠢ᠂ ᠪᠠᠭ᠎ᠠ ᠦᠯᠡᠳᠡᠭᠳᠡᠯ᠎ᠲᠠᠢ᠂ ᠬᠢᠯᠪᠡᠷ ᠪᠠᠭᠤᠷᠠᠨ ᠵᠠᠳᠠᠷᠠᠬᠤ ᠲᠠᠷᠢᠶᠠᠨ ᠡᠮ᠎ᠢ ᠳᠡᠯᠭᠡᠷᠡᠭᠦᠯᠦᠨ ᠬᠡᠷᠡᠭᠯᠡᠵᠦ᠂ ᠣᠨᠣᠪᠴᠢᠲᠠᠢ ᠪᠣᠷᠳᠣᠭᠤᠷ ᠣᠷᠣᠭᠤᠯᠬᠤ᠂ ᠨᠠᠶ᠋ᠢᠷᠠᠯᠭ᠎ᠠ᠎ᠲᠠᠢ ᠪᠣᠷᠳᠣᠭᠤᠷ ᠣᠷᠣᠭᠤᠯᠬᠤ ᠵᠡᠷᠭᠡ ᠰᠢᠨᠵᠢᠯᠡᠬᠦ ᠤᠬᠠᠭ᠋ᠠᠨᠴᠢ᠎ᠪᠠᠷ ᠪᠣᠷᠳᠣᠭᠤᠷ ᠣᠷᠣᠭᠤᠯᠬᠤ ᠮᠡᠷᠭᠡᠵᠢᠯ᠎ᠢ ᠳᠡᠯᠭᠡᠷᠡᠭᠦᠯᠵᠦ᠂ ᠠᠮᠢᠳᠤ ᠪᠣᠳᠠᠰ᠎ᠤᠨ ᠲᠠᠷᠢᠶᠠᠨ ᠡᠮ ᠬᠡᠷᠡᠭᠯᠡᠬᠦ ᠪᠠ ᠭᠡᠮ ᠬᠣᠷᠣᠬᠠᠢ ᠵᠢᠨ ᠬᠥᠨᠥᠭᠡᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠮᠡᠷᠭᠡᠵᠢᠯ ᠬᠡᠷᠡᠭᠯᠡᠬᠦ ᠵᠢ᠎ᠨᠢ ᠵᠣᠷᠢᠭᠵᠢᠭᠤᠯᠵᠤ᠂ ᠲᠠᠷᠢᠶᠠᠯᠠᠩ᠎ᠤᠨ ᠠᠷᠢᠭᠤᠨ ᠴᠡᠪᠡᠷ ᠦᠢ᠍ᠯᠡᠳᠪᠦᠷᠢᠯᠡᠯ ᠪᠠ ᠬᠥᠳᠡᠭᠡ ᠲᠣᠰᠬᠣᠨ᠎ᠤ ᠠᠷᠢᠭᠤᠨ ᠴᠡᠪᠡᠷ ᠢᠨᠵᠧᠨᠧᠷᠢᠩ᠎ᠢ ᠳᠡᠯᠭᠡᠷᠡᠭᠦᠯᠵᠦ᠂ ᠰᠠᠪᠠ ᠭᠠᠵᠠᠷ᠎ᠳᠠᠬᠢ ᠲᠠᠷᠢᠶᠠᠨ ᠭᠠᠵᠠᠷ᠎ᠤᠨ ᠬᠢᠮᠢ ᠵᠢᠨ ᠪᠣᠷᠳᠣᠭᠤᠷ᠂ ᠲᠠᠷᠢᠶᠠᠨ ᠡᠮ᠎ᠤᠨ ᠬᠡᠷᠡᠭᠯᠡᠭᠡᠨ᠎ᠤ ᠶᠡᠷᠦᠩᠬᠡᠢ ᠬᠡᠮᠵᠢᠶᠡᠨ᠎ᠤ ᠬᠢᠨᠠᠨ ᠬᠠᠮᠢᠶᠠᠷᠤᠯᠲᠠ ᠵᠢ ᠴᠢᠩᠭ᠋ᠠᠳᠬᠠᠵᠤ᠂ ᠰᠠᠪᠠ ᠭᠠᠵᠠᠷ᠎ᠤᠨ ᠤᠰᠤᠨ ᠴᠣᠭᠴᠠ ᠵᠢᠨ ᠪᠣᠬᠢᠷᠲᠤᠬᠤ ᠵᠢ ᠰᠡᠷᠭᠡᠶ᠋ᠢᠯᠡᠬᠦ ᠬᠡᠷᠡᠭᠲᠡᠢ᠃
ᠬᠣᠷᠢᠨ ᠲᠠᠪᠤᠳᠤᠭ᠋ᠠᠷ ᠵᠦᠢ᠍ᠯ ᠬᠣᠶᠠᠷ ᠨᠠᠭᠤᠷ᠎ᠤᠨ ᠰᠠᠪᠠ ᠭᠠᠵᠠᠷ᠎ᠲᠤ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭᠠᠤᠳᠢ ᠬᠢᠵᠦ ᠪᠣᠯᠬᠤ ᠦᠭᠡᠢ᠄ (ᠨᠢᠭᠡ) ᠭᠠᠵᠠᠷ ᠳᠣᠣᠷᠠᠬᠢ ᠤᠰᠤ ᠵᠢ ᠳᠣᠣᠷ᠎ᠠ᠎ᠪᠠᠷ ᠵᠶ᠋ᠠᠨ ᠨᠡᠭᠡᠭᠡᠨ ᠮᠠᠯᠲᠠᠬᠤ; (ᠬᠣᠶᠠᠷ) ᠰᠢᠢ᠍ᠳᠪᠦᠷᠢᠯᠡᠯᠲᠡ᠎ᠪᠠᠷ ᠳᠠᠮᠵᠢᠭᠰᠠᠨ ᠦᠭᠡᠢ ᠪᠤᠶᠤ ᠬᠡᠳᠦ᠋ᠢ᠍ᠪᠡᠷ ᠰᠢᠢ᠍ᠳᠪᠦᠷᠢᠯᠡᠯᠲᠡ᠎ᠪᠠᠷ ᠳᠠᠮᠵᠢᠭᠰᠠᠨ ᠪᠣᠯᠪᠠᠴᠤ ᠬᠠᠷᠠᠬᠠᠨ ᠪᠠᠷᠢᠮᠵᠢᠶᠠᠨ᠎ᠳᠤ ᠬᠦᠷᠦᠭᠡᠳᠦᠢ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ᠂ ᠠᠮᠢᠳᠤᠷᠠᠯ᠎ᠤᠨ ᠪᠤᠵᠠᠷ ᠤᠰᠤ ᠵᠢᠴᠢ ᠪᠤᠰᠤᠳ ᠬᠠᠶᠠᠭᠳᠠᠮᠠᠯ ᠰᠢᠩᠭᠡᠨ᠎ᠢ ᠭᠠᠳᠠᠭᠰᠢᠯᠠᠭᠤᠯᠬᠤ; (ᠭᠤᠷᠪᠠ) ᠭᠣᠣᠯ ᠤᠷᠤᠰᠬᠠᠯ᠂ ᠨᠠᠭᠤᠷ ᠴᠥᠭᠥᠷᠥᠮ᠎ᠳᠤ ᠬᠠᠶᠠᠭᠳᠠᠮᠠᠯ ᠪᠣᠳᠠᠰ ᠴᠢᠳᠬᠤᠬᠤ᠂ ᠪᠥᠭᠯᠡᠵᠦ ᠪᠤᠯᠠᠬᠤ; (ᠲᠦᠷᠪᠡ) ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠪᠤᠰᠤᠳ ᠪᠣᠬᠢᠷᠲᠤᠯ ᠪᠣᠳᠠᠰ᠎ᠢ ᠣᠪᠣᠭ᠋ᠠᠯᠠᠵᠤ ᠲᠠᠯᠪᠢᠬᠤ᠂ ᠬᠠᠳᠠᠭ᠋ᠠᠯᠠᠬᠤ; (ᠲᠠᠪᠤ) ᠨᠠᠭᠤᠷ (ᠭᠣᠣᠯ)᠎ᠢ ᠪᠥᠭᠯᠡᠵᠦ ᠭᠠᠵᠠᠷ ᠪᠣᠯᠭ᠋ᠠᠬᠤ᠂ ᠳᠠᠯᠠᠩ ᠪᠠᠶ᠋ᠢᠭᠤᠯᠤᠨ ᠰᠠᠯᠪᠤᠷᠢ ᠵᠢ ᠬᠠᠰᠢᠬᠤ ᠵᠢᠴᠢ ᠤᠰᠤᠨ ᠲᠠᠯᠠᠪᠠᠢ ᠵᠢ ᠡᠵᠡᠯᠡᠬᠦ ᠪᠠ ᠬᠡᠰᠡᠭᠯᠡᠬᠦ ᠪᠤᠰᠤᠳ ᠦᠢ᠍ᠯᠡ ᠠᠵᠢᠯᠯᠠᠭ᠎ᠠ; (ᠵᠢᠷᠭᠤᠭ᠎ᠠ) ᠪᠠᠶ᠋ᠢᠭ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠤᠪᠢᠶᠠᠷᠢᠯᠠᠨ ᠲᠣᠭᠲᠠᠭ᠋ᠠᠭᠰᠠᠨ ᠮᠠᠯ ᠪᠡᠯᠴᠢᠭᠡᠷᠯᠡᠭᠦᠯᠬᠦ ᠵᠢ ᠴᠠᠭ᠋ᠠᠵᠠᠯᠠᠭᠰᠠᠨ ᠲᠣᠭᠣᠷᠢᠭ ᠳᠣᠲᠣᠷ᠎ᠠ ᠮᠠᠯ ᠠᠳᠤᠭᠤᠯᠠᠬᠤ; (ᠲᠤᠯᠤᠭ᠎ᠠ) ᠭᠣᠣᠯ ᠤᠷᠤᠰᠬᠠᠯ ᠨᠠᠭᠤᠷ ᠴᠥᠭᠥᠷᠥᠮ᠎ᠳᠤ ᠪᠣᠬᠢᠷᠲᠤᠯ᠎ᠢ ᠭᠠᠳᠠᠭᠰᠢᠯᠠᠭᠤᠯᠬᠤ ᠠᠮᠠᠰᠠᠷ᠎ᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠬᠦ᠂ ᠳᠠᠯᠳᠠᠭᠤᠷ ᠳᠠᠯᠳᠠ ᠬᠣᠭᠣᠯᠠᠢ ᠭᠠᠷᠭ᠋ᠠᠵᠤ ᠤᠰᠤ ᠪᠣᠬᠢᠷᠲᠤᠭᠤᠯᠬᠤ ᠪᠣᠳᠠᠰ᠎ᠢ ᠭᠠᠳᠠᠭᠰᠢᠯᠠᠭᠤᠯᠬᠤ; (ᠨᠠᠢ᠍ᠮᠠ) ᠤᠰᠤᠨ᠎ᠤ ᠴᠢᠨᠠᠷ᠎ᠢ ᠪᠣᠬᠢᠷᠲᠤᠭᠤᠯᠬᠤ᠂ ᠤᠰᠤᠨ᠎ᠤ ᠰᠤᠷᠪᠤᠯᠵᠢ ᠵᠢ ᠡᠵᠡᠯᠡᠬᠦ᠂ ᠤᠰᠤᠨ᠎ᠤ ᠠᠮᠢ ᠠᠬᠤᠢ ᠵᠢ ᠡᠪᠳᠡᠬᠦ ᠪᠤᠰᠤᠳ ᠦᠢ᠍ᠯᠡ ᠠᠵᠢᠯᠯᠠᠭ᠎ᠠ;
ᠬᠣᠷᠢᠨ ᠵᠢᠷᠭᠤᠳᠤᠭ᠋ᠠᠷ ᠵᠦᠢ᠍ᠯ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠤᠰᠤᠨ ᠠᠰᠢᠭᠯᠠᠯᠲᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠨᠠᠭᠤᠷ ᠴᠥᠭᠥᠷᠥᠮ᠎ᠤᠨ ᠪᠣᠬᠢᠷᠲᠤᠯ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠨᠠᠶ᠋ᠢᠷᠠᠭᠤᠯᠤᠨ ᠵᠣᠬᠢᠶᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠲᠣᠭᠲᠠᠭᠰᠠᠨ ᠬᠤᠭᠤᠴᠠᠭ᠎ᠠ᠎ᠲᠠᠢ ᠶᠠᠪᠤᠭᠳᠠᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ᠂ ᠪᠠᠴᠢᠮ ᠪᠠᠶ᠋ᠢᠳᠠᠯ᠎ᠢ ᠠᠷᠭ᠋ᠠᠴᠠᠬᠤ ᠵᠢᠨ ᠰᠢᠢ᠍ᠳᠪᠦᠷᠢᠯᠡᠯᠲᠡ ᠪᠠ ᠶᠠᠪᠤᠳᠠᠯ᠎ᠤᠨ ᠳᠠᠷᠠᠭ᠋ᠠᠬᠢ ᠰᠡᠷᠭᠦᠭᠡᠯᠲᠡ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠢ᠃
ᠭᠤᠷᠪᠠᠳᠤᠭ᠋ᠠᠷ ᠪᠦᠯᠦᠭ ᠬᠢᠨᠠᠯᠲᠠ ᠪᠠ ᠬᠠᠮᠢᠶᠠᠷᠤᠯᠲᠠ
ᠬᠣᠷᠢᠨ ᠳᠣᠯᠣᠳᠤᠭ᠋ᠠᠷ ᠵᠦᠢ᠍ᠯ ᠬᠣᠶᠠᠷ ᠨᠠᠭᠤᠷ᠎ᠤᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ᠎ᠨᠢ ᠬᠣᠶᠠᠷ ᠨᠠᠭᠤᠷ᠎ᠤᠨ ᠰᠠᠪᠠ ᠭᠠᠵᠠᠷ᠎ᠤᠨ ᠡᠳᠦᠷ ᠲᠤᠲᠤᠮ᠎ᠤᠨ ᠲᠣᠭᠣᠷᠢᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠲᠤᠰ ᠳᠦᠷᠢᠮ ᠵᠢᠴᠢ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠭᠰᠡᠨ ᠠᠵᠢᠯᠯᠠᠭ᠎ᠠ ᠵᠢ ᠴᠠᠭ ᠲᠤᠬᠠᠢᠳᠤᠨᠢ ᠬᠣᠷᠢᠭᠯᠠᠬᠤ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠴᠠᠯᠳᠤᠭᠤᠯᠤᠨ ᠰᠢᠢ᠍ᠳᠪᠦᠷᠢᠯᠡᠬᠦ ᠬᠡᠷᠡᠭᠲᠡᠢ᠃
ᠬᠣᠷᠢᠨ ᠨᠠᠢ᠍ᠮᠠᠳᠤᠭ᠋ᠠᠷ ᠵᠦᠢ᠍ᠯ ᠬᠣᠶᠠᠷ ᠨᠠᠭᠤᠷ᠎ᠤᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ᠎ᠨᠢ ᠵᠢᠯ ᠪᠣᠯᠭ᠋ᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠬᠣᠶᠠᠷ ᠨᠠᠭᠤᠷ᠎ᠤᠨ ᠰᠠᠪᠠ ᠭᠠᠵᠠᠷ᠎ᠤᠨ ᠬᠠᠮᠠᠭ᠋ᠠᠯᠠᠯᠲᠠ ᠬᠠᠮᠢᠶᠠᠷᠤᠯᠲᠠ ᠵᠢᠨ ᠪᠠᠶ᠋ᠢᠳᠠᠯ ᠵᠶ᠋ᠠᠨ ᠮᠡᠳᠡᠭᠦᠯᠬᠦ ᠪᠥᠭᠡᠳ ᠰᠠᠪᠠ ᠭᠠᠵᠠᠷ ᠪᠠᠶ᠋ᠢᠭ᠎ᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠳᠡᠬᠦ ᠬᠡᠷᠡᠭᠲᠡᠢ᠃
ᠬᠣᠷᠢ ᠶᠢᠰᠦᠳᠦᠭᠡᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠤᠯᠤᠰ᠎ᠤᠨ ᠲᠣᠭᠲᠠᠭ᠋ᠠᠯ ᠵᠶ᠋ᠠᠷ ᠭᠣᠣᠯ ᠨᠠᠭᠤᠷ᠎ᠤᠨ ᠳᠠᠷᠤᠭ᠎ᠠ ᠭᠠᠷᠭ᠋ᠠᠵᠤ᠂ ᠭᠣᠣᠯ ᠨᠠᠭᠤᠷ᠎ᠤᠨ ᠳᠠᠷᠤᠭ᠎ᠠ ᠵᠢᠨ ᠬᠠᠷᠢᠭᠤᠴᠠᠯᠭ᠋ᠠᠲᠤ ᠳᠦᠷᠢᠮ᠎ᠢ ᠬᠡᠷᠡᠭᠵᠢᠭᠦᠯᠵᠦ᠂ ᠱᠠᠲᠤ ᠳᠠᠷᠠᠭ᠋ᠠᠯᠠᠨ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠢ᠃ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠂ ᠲᠥᠷᠥ ᠵᠢᠨ ᠪᠣᠳᠣᠯᠭ᠎ᠠ ᠪᠠ ᠠᠵᠢᠯ᠎ᠤᠨ ᠳᠦᠷᠢᠮ᠎ᠢ ᠵᠥᠷᠢᠴᠡᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠢ ᠪᠤᠶᠤ ᠵᠥᠪ ᠣᠨᠣᠪᠴᠢᠲᠠᠢ ᠭᠦᠢ᠍ᠴᠡᠳᠬᠡᠬᠦ ᠦᠭᠡᠢ᠎ᠠᠴᠠ ᠪᠣᠯᠵᠤ᠂ ᠨᠠᠭᠤᠷ ᠴᠥᠭᠥᠷᠥᠮ (ᠭᠣᠣᠯ᠎ᠤᠨ ᠵᠠᠮ)᠎ᠤᠨ ᠤᠰᠤᠨ᠎ᠤ ᠣᠷᠴᠢᠨ ᠲᠣᠭᠣᠷᠢᠨ᠎ᠤ ᠴᠡᠭᠴᠡᠯᠡᠨ ᠵᠠᠰᠠᠯᠲᠠ ᠵᠢ ᠢᠳᠡ ᠬᠦᠴᠦᠨ ᠦᠭᠡᠢ ᠪᠤᠶᠤ ᠭᠡᠳᠡᠷᠭᠦ ᠪᠤᠴᠠᠬᠤ ᠪᠣᠯᠭ᠋ᠠᠭᠰᠠᠨ ᠭᠣᠣᠯ ᠨᠠᠭᠤᠷ᠎ᠤᠨ ᠳᠠᠷᠤᠭ᠎ᠠ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ ᠠᠮᠠᠨ ᠢᠳᠡ᠎ᠪᠠᠷ ᠰᠠᠨᠠᠭᠤᠯᠬᠤ᠂ ᠨᠡᠶ᠋ᠢᠲᠡᠯᠡᠨ ᠰᠢᠭᠦᠮᠵᠢᠯᠡᠬᠦ᠂ ᠪᠢᠴᠢᠭ᠎ᠤᠨ ᠢᠳᠡ᠎ᠪᠠᠷ ᠰᠠᠨᠠᠭᠤᠯᠬᠤ᠂ ᠲᠤᠰᠢᠶᠠᠯ᠎ᠢ᠎ᠨᠢ ᠲᠣᠬᠢᠷᠠᠭᠤᠯᠬᠤ᠂ ᠵᠠᠰᠠᠭ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠵᠡᠷᠭᠡ ᠠᠷᠭ᠎ᠠ ᠮᠠᠶᠢᠭ ᠵᠶ᠋ᠠᠷ ᠬᠠᠷᠢᠭᠤᠴᠠᠯᠭ᠎ᠠ ᠨᠡᠬᠡᠮᠵᠢᠯᠡᠨ᠎ᠡ᠃
ᠭᠤᠴᠢᠳᠤᠭ᠋ᠠᠷ ᠵᠦᠢ᠍ᠯ ᠶᠠᠮᠠᠷᠪᠠ ᠨᠢᠭᠡᠴᠡ ᠪᠠ ᠬᠤᠪᠢ ᠬᠥᠮᠦᠨ ᠴᠥᠮ ᠬᠣᠶᠠᠷ ᠨᠠᠭᠤᠷ᠎ᠤᠨ ᠰᠠᠪᠠ ᠭᠠᠵᠠᠷ᠎ᠤᠨ ᠣᠷᠴᠢᠨ ᠲᠤᠭᠤᠴᠢᠨ᠂ ᠡᠬᠢ ᠪᠠᠶᠠᠯᠢᠭ᠂ ᠠᠮᠢ ᠠᠬᠤᠢ ᠵᠢ ᠬᠣᠬᠢᠷᠠᠭᠤᠯᠤᠭᠰᠠᠨ ᠦᠢ᠍ᠯᠡ ᠠᠵᠢᠯᠯᠠᠭ᠎ᠠ ᠵᠢ ᠢᠯᠡᠴᠢᠯᠡᠨ ᠭᠠᠷᠭ᠋ᠠᠬᠤ ᠪᠠ ᠢᠯᠡᠴᠢᠯᠡᠨ ᠮᠡᠳᠡᠭᠦᠯᠬᠦ ᠡᠷᠬᠡ᠎ᠲᠠᠢ᠂ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ ᠢᠯᠡᠴᠢᠯᠡᠨ ᠭᠠᠷᠭ᠋ᠠᠬᠤ ᠪᠠ ᠢᠯᠡᠴᠢᠯᠡᠨ ᠮᠡᠳᠡᠭᠦᠯᠬᠦ ᠵᠢ ᠲᠣᠰᠴᠤ ᠠᠪᠤᠭᠰᠠᠨ᠎ᠤ ᠳᠠᠷᠠᠭ᠎ᠠ᠂ ᠴᠠᠭ ᠲᠤᠬᠠᠢᠳᠤᠨᠢ ᠬᠠᠷᠭᠤᠭᠤᠯᠤᠨ ᠪᠠᠶ᠋ᠢᠴᠠᠭ᠋ᠠᠬᠤ᠂ ᠰᠢᠢ᠍ᠳᠪᠦᠷᠢᠯᠡᠬᠦ ᠬᠡᠷᠡᠭᠲᠡᠢ᠃
ᠭᠤᠴᠢᠨ ᠨᠢᠭᠡᠳᠦᠭᠡᠷ ᠵᠦᠢ᠍ᠯ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢ᠊ ᠢ᠎ᠠ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠪᠠᠶ᠋ᠢᠳᠠᠯ᠎ᠤᠨ ᠲᠤᠬᠠᠢ ᠲᠤᠰᠬᠠᠢ ᠠᠵᠢᠯ᠎ᠤᠨ ᠮᠡᠳᠡᠭᠦᠯᠦᠯᠲᠡ ᠵᠢ ᠰᠣᠨᠣᠰᠴᠤ ᠬᠢᠨᠠᠨ ᠵᠥᠪᠯᠡᠵᠦ᠂ ᠲᠤᠰ ᠳᠦᠷᠢᠮ᠎ᠤᠨ ᠬᠡᠷᠡᠭᠵᠢᠭᠦᠯᠦᠯᠲᠡ ᠵᠢᠨ ᠪᠠᠶ᠋ᠢᠳᠠᠯ᠎ᠳᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠬᠤ ᠬᠡᠷᠡᠭᠲᠡᠢ; ᠲᠤᠰ ᠳᠦᠷᠢᠮ᠎ᠤᠨ ᠬᠠᠮᠢᠶ᠎ᠠ ᠪᠦᠬᠦᠢ ᠲᠣᠭᠲᠠᠭ᠋ᠠᠯ᠎ᠢ ᠵᠥᠷᠢᠴᠡᠭᠰᠡᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠪᠦᠷᠢᠯᠳᠦᠬᠦᠨ ᠰᠠᠯᠠᠭ᠎ᠠ ᠮᠥᠴᠢᠷ᠂ ᠪᠦᠷᠢᠯᠳᠦᠬᠦᠨ ᠬᠥᠮᠦᠰ᠎ᠲᠤ ᠯᠠᠪᠯᠠᠨ ᠠᠰᠠᠭᠤᠬᠤ᠂ ᠣᠨᠴᠠ ᠲᠣᠭᠲᠠᠭ᠋ᠠᠭᠰᠠᠨ ᠠᠰᠠᠭᠤᠳᠠᠯ᠎ᠤᠨ ᠪᠠᠶ᠋ᠢᠴᠠᠭ᠋ᠠᠯᠲᠠ ᠪᠠ ᠲᠤᠰᠢᠶᠠᠯ᠎ᠠᠴᠠ᠎ᠨᠢ ᠤᠭᠴᠠᠷᠠᠭᠤᠯᠬᠤ ᠵᠡᠷᠭᠡ ᠬᠢᠨᠠᠯᠲᠠ ᠲᠠᠯᠪᠢᠬᠤ ᠶᠠᠪᠤᠴᠠ ᠵᠢ ᠬᠠᠤᠯᠢ ᠶᠣᠰᠣᠭ᠋ᠠᠷ ᠬᠥᠳᠡᠯᠭᠡᠬᠦ ᠬᠡᠷᠡᠭᠲᠡᠢ᠃
ᠳᠥᠷᠪᠡᠳᠦᠭᠡᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠭᠤᠴᠢᠨ ᠬᠣᠶᠠᠳᠤᠭ᠋ᠠᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠪᠣᠳᠠᠲᠠᠢ ᠲᠣᠷᠭ᠋ᠠᠨ ᠰᠢᠢ᠍ᠳᠬᠡᠬᠦ ᠵᠢ ᠨᠢᠭᠡᠨᠲᠡ ᠲᠣᠭᠲᠠᠭ᠋ᠠᠭᠰᠠᠨ ᠪᠣᠯ᠂ ᠲᠡᠭᠦᠨ᠎ᠤ ᠲᠣᠭᠲᠠᠭ᠋ᠠᠯ᠎ᠢ ᠳᠠᠭ᠋ᠠᠨ᠎ᠠ᠃
ᠭᠤᠴᠢᠨ ᠭᠤᠷᠪᠠᠳᠤᠭ᠋ᠠᠷ ᠵᠦᠢ᠍ᠯ ᠬᠣᠶᠠᠷ ᠨᠠᠭᠤᠷ᠎ᠤᠨ ᠰᠠᠪᠠ ᠭᠠᠵᠠᠷ᠎ᠲᠤ ᠵᠥᠪᠰᠢᠶᠡᠷᠡᠭᠦᠯᠦᠭᠰᠡᠨ ᠦᠭᠡᠢ᠎ᠪᠠᠷ ᠨᠠᠭᠤᠷ᠎ᠲᠤ ᠣᠷᠣᠬᠤ ᠤᠰᠤᠨ᠎ᠤ ᠡᠬᠢ ᠰᠤᠷᠪᠤᠯᠵᠢ ᠵᠢ ᠲᠠᠰᠤᠯᠬᠤ ᠪᠤᠶᠤ ᠳᠤᠷ᠎ᠠ᠎ᠪᠠᠷ ᠵᠶ᠋ᠠᠨ ᠤᠰᠤ ᠠᠪᠤᠭᠰᠠᠨ ᠪᠣᠯ᠂ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠬᠤᠭᠤᠴᠠᠭ᠎ᠠ ᠬᠢᠵᠠᠭ᠋ᠠᠷᠯᠠᠨ ᠨᠥᠬᠥᠵᠦ ᠵᠠᠰᠠᠬᠤ ᠠᠷᠭ᠎ᠠ ᠬᠡᠮᠵᠢᠶ᠎ᠡ ᠠᠪᠤᠭᠤᠯᠬᠤ ᠪᠥᠭᠡᠳ 5 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠰᠢᠢ᠍ᠳᠬᠡᠨ᠎ᠡ᠃
ᠭᠤᠴᠢᠨ ᠳᠥᠷᠪᠡᠳᠦᠭᠡᠷ ᠵᠦᠢ᠍ᠯ ᠬᠣᠶᠠᠷ ᠨᠠᠭᠤᠷ᠎ᠤᠨ ᠰᠠᠪᠠ ᠭᠠᠵᠠᠷ᠎ᠤᠨ ᠮᠠᠯᠲᠠᠬᠤ ᠵᠢ ᠴᠠᠭ᠋ᠠᠵᠠᠯᠠᠭᠰᠠᠨ ᠭᠠᠵᠠᠷ᠎ᠲᠤ ᠬᠠᠶ᠋ᠢᠷ ᠴᠢᠯᠠᠭᠤ ᠮᠠᠯᠲᠠᠬᠤ᠂ ᠰᠢᠷᠣᠢ ᠠᠪᠬᠤ ᠵᠡᠷᠭᠡ ᠠᠵᠢᠯᠯᠠᠭ᠎ᠠ ᠬᠢᠭᠰᠡᠨ ᠨᠢᠭᠡᠴᠡ ᠪᠠ ᠬᠤᠪᠢ ᠬᠥᠮᠦᠨ᠎ᠳᠤ᠂ ᠶᠠᠯᠠᠳᠤ ᠬᠦᠷᠦᠭᠰᠡᠨᠠᠴᠠᠨᠢ ᠬᠠᠤᠯᠢ ᠶᠣᠰᠣᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ; ᠡᠷᠡᠭᠦᠦ ᠵᠢᠨ ᠬᠡᠷᠡᠭ ᠵᠶ᠋ᠠᠷ ᠲᠣᠷᠭ᠋ᠠᠨ ᠰᠢᠢ᠍ᠳᠬᠡᠬᠦ᠎ᠳᠤ ᠬᠠᠷᠠᠬᠠᠨ ᠬᠦᠷᠦᠭᠡᠳᠦᠢ ᠮᠥᠷᠲᠡᠭᠡᠨ ᠦᠶᠡᠷ᠎ᠢ ᠰᠡᠷᠭᠡᠶ᠋ᠢᠯᠡᠬᠦ ᠬᠠᠤᠯᠢ᠎ᠳᠤ ᠲᠣᠭᠲᠠᠭ᠋ᠠᠯ ᠭᠠᠷᠭ᠋ᠠᠭᠰᠠᠨ ᠦᠭᠡᠢ ᠪᠠᠶ᠋ᠢᠪᠠᠯ᠂ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠨᠥᠬᠥᠵᠦ ᠵᠠᠰᠠᠬᠤ ᠠᠷᠭ᠎ᠠ ᠪᠠᠷᠢᠯ ᠠᠪᠤᠭᠤᠯᠬᠤ ᠪᠥᠭᠡᠳ 2 ᠲᠦᠮᠡᠨ ᠲᠥᠭᠥᠷᠢᠭ᠎ᠠᠴᠠ ᠳᠡᠭᠡᠭᠰᠢ 5 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠰᠢᠢ᠍ᠳᠬᠡᠨ᠎ᠡ᠃
ᠭᠤᠴᠢᠨ ᠲᠠᠪᠤᠳᠤᠭ᠋ᠠᠷ ᠵᠦᠢ᠍ᠯ ᠬᠣᠶᠠᠷ ᠨᠠᠭᠤᠷ᠎ᠤᠨ ᠰᠠᠪᠠ ᠭᠠᠵᠠᠷ᠎ᠲᠤ ᠶᠡᠬᠡ ᠬᠣᠣᠷᠳᠠᠯ᠎ᠲᠠᠢ᠂ ᠶᠡᠬᠡ ᠦᠯᠡᠳᠡᠭᠳᠡᠯ᠎ᠲᠠᠢ ᠲᠠᠷᠢᠶᠠᠨ ᠡᠮ ᠬᠡᠷᠡᠭᠯᠡᠭᠰᠡᠨ ᠪᠠᠶ᠋ᠢᠪᠠᠯ᠂ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠲᠠᠷᠢᠶᠠᠯᠠᠩ᠎ᠤᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠯᠠᠷᠠᠭᠤᠯᠬᠤ ᠵᠢ᠎ᠨᠢ ᠵᠠᠷᠯᠢᠭᠳᠠᠵᠤ᠂ ᠲᠠᠷᠢᠶᠠᠨ ᠡᠮ᠎ᠤᠨ ᠬᠡᠷᠡᠭᠯᠡᠭᠴᠢᠳ᠎ᠨᠢ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠂ ᠢᠳᠡᠭᠡᠨ ᠪᠠ ᠢᠳᠡᠬᠦ᠎ᠳᠤ ᠬᠡᠷᠡᠭᠯᠡᠬᠦ ᠲᠠᠷᠢᠶᠠᠯᠠᠩ᠎ᠤᠨ ᠪᠦᠲᠦᠭᠡᠭᠳᠡᠬᠦᠨ᠎ᠤ ᠰᠠᠩ ᠬᠠᠳᠠᠭ᠋ᠠᠯᠠᠯᠲᠠ ᠵᠢᠨ ᠠᠵᠤ ᠠᠬᠤᠶ᠋ᠢᠯᠠᠯ᠂ ᠲᠤᠰᠬᠠᠶ᠋ᠢᠵᠢᠭᠰᠠᠨ ᠭᠡᠮ ᠬᠣᠷᠣᠬᠠᠢ ᠵᠢᠨ ᠬᠥᠨᠥᠭᠡᠯ᠎ᠢ ᠰᠡᠷᠭᠡᠶ᠋ᠢᠯᠡᠨ ᠵᠠᠰᠠᠬᠤ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠪᠠ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠲᠠᠷᠢᠶᠠᠴᠢᠨ᠎ᠤ ᠲᠤᠰᠬᠠᠢ ᠬᠤᠷᠰᠢᠶ᠎ᠠ ᠵᠡᠷᠭᠡ ᠨᠢᠭᠡᠴᠡ ᠪᠠᠶ᠋ᠢᠪᠠᠯ᠂ 8 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠰᠢᠢ᠍ᠳᠬᠡᠨ᠎ᠡ᠂ ᠲᠠᠷᠢᠶᠠᠨ ᠡᠮ᠎ᠤᠨ ᠬᠡᠷᠡᠭᠯᠡᠭᠴᠢᠳ᠎ᠨᠢ ᠬᠤᠪᠢ ᠬᠥᠮᠦᠨ ᠪᠠᠶ᠋ᠢᠪᠠᠯ᠂ 500 ᠲᠥᠭᠥᠷᠢᠭ᠎ᠠᠴᠠ ᠳᠡᠭᠡᠭᠰᠢ 5000 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠰᠢᠢ᠍ᠳᠬᠡᠨ᠎ᠡ᠃ ᠶᠠᠯᠠᠳᠤ ᠬᠦᠷᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠃
ᠭᠤᠴᠢᠨ ᠵᠢᠷᠭᠤᠳᠤᠭ᠋ᠠᠷ ᠵᠦᠢ᠍ᠯ ᠬᠣᠶᠠᠷ ᠨᠠᠭᠤᠷ᠎ᠤᠨ ᠰᠠᠪᠠ ᠭᠠᠵᠠᠷ᠎ᠲᠤ ᠵᠥᠪᠰᠢᠶᠡᠷᠡᠭᠦᠯᠦᠭᠰᠡᠨ ᠦᠭᠡᠢ ᠪᠤᠶᠤ ᠵᠥᠪᠰᠢᠶᠡᠷᠡᠭᠰᠡᠨ ᠱᠠᠭ᠋ᠠᠷᠳᠠᠯᠭ᠎ᠠ ᠶᠣᠰᠣᠭ᠋ᠠᠷ ᠭᠠᠵᠠᠷ ᠳᠣᠣᠷᠠᠬᠢ ᠤᠰᠤᠨ᠎ᠤ ᠡᠬᠢ ᠰᠤᠷᠪᠤᠯᠵᠢ ᠵᠢ ᠨᠡᠭᠡᠭᠡᠨ ᠮᠠᠯᠲᠠᠭᠰᠠᠨ ᠦᠭᠡᠢ ᠪᠠᠶ᠋ᠢᠪᠠᠯ᠂ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠯᠠᠷᠠᠭᠤᠯᠬᠤ ᠵᠢ᠎ᠨᠢ ᠵᠠᠷᠯᠢᠭᠳᠠᠬᠤ ᠪᠥᠭᠡᠳ 5 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠰᠢᠢ᠍ᠳᠬᠡᠨ᠎ᠡ᠃
ᠭᠤᠴᠢᠨ ᠳᠣᠯᠣᠳᠤᠭ᠋ᠠᠷ ᠵᠦᠢ᠍ᠯ ᠬᠣᠶᠠᠷ ᠨᠠᠭᠤᠷ᠎ᠤᠨ ᠰᠠᠪᠠ ᠭᠠᠵᠠᠷ᠎ᠲᠤ ᠰᠢᠢ᠍ᠳᠪᠦᠷᠢᠯᠡᠯᠲᠡ᠎ᠪᠠᠷ ᠳᠠᠮᠵᠢᠭᠰᠠᠨ ᠦᠭᠡᠢ ᠪᠤᠶᠤ ᠰᠢᠢ᠍ᠳᠪᠦᠷᠢᠯᠡᠯᠲᠡ᠎ᠨᠢ ᠪᠠᠷᠢᠮᠵᠢᠶᠠᠨ᠎ᠳᠤ ᠬᠦᠷᠦᠭᠰᠡᠨ ᠦᠭᠡᠢ ᠠᠵᠤ ᠦᠢ᠍ᠯᠡᠳᠪᠦᠷᠢ ᠵᠢᠨ ᠪᠣᠬᠢᠷ ᠤᠰᠤ ᠭᠠᠳᠠᠭᠰᠢᠯᠠᠭᠤᠯᠵᠤ᠂ ᠬᠠᠶᠠᠭᠳᠠᠯ ᠪᠣᠳᠠᠰ ᠪᠠ ᠪᠤᠰᠤᠳ ᠪᠣᠬᠢᠷᠲᠤᠯ ᠪᠣᠳᠠᠰ᠎ᠢ ᠣᠪᠣᠭ᠋ᠠᠯᠠᠵᠤ᠂ ᠴᠢᠳᠬᠤᠭᠰᠠᠨ ᠪᠤᠶᠤ ᠪᠤᠯᠠᠭᠰᠠᠨ ᠪᠠᠶ᠋ᠢᠪᠠᠯ᠂ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠷᠯᠢᠭᠳᠠᠵᠤ ᠪᠠᠶ᠋ᠢᠭ᠋ᠠᠳ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠬᠤᠭᠤᠴᠠᠭ᠎ᠠ ᠬᠢᠵᠠᠭ᠋ᠠᠷᠯᠠᠨ ᠵᠠᠰᠠᠬᠤ ᠠᠷᠭ᠎ᠠ ᠪᠠᠷᠢᠯ ᠠᠪᠤᠭᠤᠯᠵᠤ᠂ ᠪᠣᠬᠢᠷᠲᠤᠯ᠎ᠢ ᠠᠷᠢᠯᠭ᠋ᠠᠭᠤᠯᠬᠤ ᠪᠥᠭᠡᠳ 10 ᠲᠦᠮᠡᠨ ᠲᠥᠭᠥᠷᠢᠭ᠎ᠠᠴᠠ ᠳᠡᠭᠡᠭᠰᠢ 20 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠰᠢᠢ᠍ᠳᠬᠡᠨ᠎ᠡ; ᠬᠤᠭᠤᠴᠠᠭ᠎ᠠ᠎ᠨᠢ ᠬᠡᠲᠦᠷᠡᠭᠡᠳ ᠵᠠᠰᠠᠬᠤ ᠠᠷᠭ᠎ᠠ ᠪᠠᠷᠢᠯ ᠠᠪᠤᠭᠰᠠᠨ ᠦᠭᠡᠢ ᠪᠠᠶ᠋ᠢᠪᠠᠯ᠂ ᠣᠷᠴᠢᠨ ᠲᠣᠭᠣᠷᠢᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠰᠠᠬᠤ ᠴᠢᠳᠠᠪᠤᠷᠢ᠎ᠲᠠᠢ ᠨᠢᠭᠡᠴᠡ᠎ᠪᠠᠷ ᠣᠷᠣᠯᠠᠭᠤᠯᠤᠨ ᠵᠠᠰᠠᠭᠤᠯᠬᠤ ᠵᠢ ᠵᠢᠭ᠋ᠠᠨ ᠲᠣᠭᠲᠠᠭ᠋ᠠᠵᠤ᠂ ᠬᠡᠷᠡᠭᠰᠡᠭᠰᠡᠨ ᠵᠠᠷᠤᠳᠠᠯ᠎ᠢ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠬᠥᠮᠦᠨ ᠵᠶ᠋ᠠᠷ ᠡᠭᠦᠷᠭᠡᠯᠡᠭᠦᠯᠵᠦ ᠪᠣᠯᠤᠨ᠎ᠠ᠃
ᠭᠤᠴᠢᠨ ᠨᠠᠢ᠍ᠮᠠᠳᠤᠭ᠋ᠠᠷ ᠵᠦᠢ᠍ᠯ ᠬᠣᠶᠠᠷ ᠨᠠᠭᠤᠷ᠎ᠤᠨ ᠰᠠᠪᠠ ᠭᠠᠵᠠᠷ᠎ᠲᠤ ᠨᠠᠭᠤᠷ᠎ᠢ ᠪᠥᠭᠯᠡᠵᠦ ᠭᠠᠵᠠᠷ ᠪᠣᠯᠭ᠋ᠠᠬᠤ᠂ ᠨᠠᠭᠤᠷ᠎ᠢ ᠬᠦᠷᠢᠶᠡᠯᠡᠵᠦ ᠲᠠᠷᠢᠶᠠᠨ ᠭᠠᠵᠠᠷ ᠪᠣᠯᠭ᠋ᠠᠬᠤ᠂ ᠨᠠᠭᠤᠷ ᠤᠬᠤᠬᠤ᠂ ᠠᠭᠤᠷᠬᠠᠢ ᠨᠡᠭᠡᠭᠡᠬᠦ᠂ ᠳᠠᠯᠠᠩ ᠪᠣᠰᠬᠠᠵᠤ ᠰᠠᠯᠪᠤᠷᠢ ᠤᠷᠤᠰᠬᠠᠯ᠎ᠢ ᠬᠠᠰᠢᠬᠤ ᠵᠢᠴᠢ ᠤᠰᠤᠨ᠎ᠤ ᠲᠠᠯᠠᠪᠠᠢ ᠵᠢ ᠡᠵᠡᠯᠡᠭᠰᠡᠨ ᠪᠠ ᠬᠡᠰᠡᠭᠯᠡᠭᠰᠡᠨ ᠪᠤᠰᠤᠳ ᠦᠢ᠍ᠯᠡ ᠠᠵᠢᠯᠯᠠᠭ᠎ᠠ ᠬᠢᠭᠰᠡᠨ ᠪᠠᠶ᠋ᠢᠪᠠᠯ᠂ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠷᠯᠢᠭᠳᠠᠵᠤ ᠪᠠᠶ᠋ᠢᠭ᠋ᠠᠳ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠬᠤᠭᠤᠴᠠᠭ᠎ᠠ ᠬᠢᠵᠠᠭ᠋ᠠᠷᠯᠠᠨ ᠬᠠᠤᠯᠢ ᠵᠥᠷᠢᠴᠡᠭᠰᠡᠨ ᠪᠠᠷᠢᠯᠭ᠎ᠠ ᠵᠢ᠎ᠨᠢ ᠨᠤᠷᠠᠭ᠋ᠠᠨ ᠠᠷᠢᠯᠭ᠋ᠠᠵᠤ᠂ ᠬᠠᠷᠰᠢ ᠰᠠᠭ᠋ᠠᠳ᠎ᠢ᠎ᠨᠢ ᠴᠡᠪᠡᠷᠯᠡᠬᠦ ᠪᠤᠶᠤ ᠪᠤᠰᠤᠳ ᠨᠥᠬᠥᠵᠦ ᠵᠠᠰᠠᠬᠤ ᠠᠷᠭ᠎ᠠ ᠪᠠᠷᠢᠯ ᠠᠪᠤᠭᠤᠯᠬᠤ ᠪᠥᠭᠡᠳ 2 ᠲᠦᠮᠡᠨ ᠲᠥᠭᠥᠷᠢᠭ᠎ᠠᠴᠠ ᠳᠡᠭᠡᠭᠰᠢ 5 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠰᠢᠢ᠍ᠳᠬᠡᠨ᠎ᠡ; ᠬᠤᠭᠤᠴᠠᠭ᠎ᠠ᠎ᠨᠢ ᠬᠡᠲᠦᠷᠡᠭᠡᠳ ᠨᠤᠷᠠᠭ᠋ᠠᠵᠤ ᠠᠷᠢᠯᠭ᠋ᠠᠭᠰᠠᠨ ᠦᠭᠡᠢ ᠪᠠᠶ᠋ᠢᠪᠠᠯ᠂ ᠬᠠᠤᠯᠢ ᠶᠣᠰᠣᠭ᠋ᠠᠷ ᠠᠯᠪᠠᠳᠠᠵᠤ ᠪᠠᠶ᠋ᠢᠭ᠋ᠠᠳ ᠨᠤᠷᠠᠭ᠋ᠠᠵᠤ ᠠᠷᠢᠯᠭ᠋ᠠᠭᠤᠯᠤᠨ᠎ᠠ᠃
ᠭᠤᠴᠢ ᠶᠢᠰᠦᠳᠦᠭᠡᠷ ᠵᠦᠢ᠍ᠯ ᠬᠣᠶᠠᠷ ᠨᠠᠭᠤᠷ᠎ᠤᠨ ᠰᠠᠪᠠ ᠭᠠᠵᠠᠷ᠎ᠤᠨ ᠮᠠᠯ ᠮᠠᠯᠵᠢᠬᠤ ᠵᠢ ᠴᠠᠭ᠋ᠠᠵᠠᠯᠠᠭᠰᠠᠨ ᠣᠷᠣᠨ᠎ᠳᠤ ᠮᠠᠯ ᠬᠠᠷᠢᠭᠤᠯᠠᠭᠰᠠᠨ ᠪᠠᠶ᠋ᠢᠪᠠᠯ᠂ ᠣᠢ ᠰᠢᠭᠤᠢ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠨᠤᠲᠤᠭ ᠪᠡᠯᠴᠢᠭᠡᠷ᠎ᠤᠨ ᠬᠢᠨᠠᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠰᠡᠷᠡᠮᠵᠢᠯᠡᠭᠦᠯᠬᠦ ᠪᠥᠭᠡᠳ ᠬᠣᠨᠢᠨ ᠨᠢᠭᠡᠴᠢ ᠪᠦᠷᠢ᠎ᠠᠴᠠ 30 ᠲᠥᠭᠥᠷᠢᠭ ᠵᠣᠭᠣᠰ ᠵᠶ᠋ᠠᠷ ᠲᠣᠷᠭ᠋ᠠᠵᠤ ᠰᠢᠢ᠍ᠳᠬᠡᠨ᠎ᠡ᠃
ᠳᠥᠴᠢᠳᠦᠭᠡᠷ ᠵᠦᠢ᠍ᠯ ᠬᠣᠶᠠᠷ ᠨᠠᠭᠤᠷ᠎ᠤᠨ ᠰᠠᠪᠠ ᠭᠠᠵᠠᠷ᠎ᠤᠨ ᠭᠣᠣᠯ ᠤᠷᠤᠰᠬᠠᠯ ᠨᠠᠭᠤᠷ ᠴᠥᠭᠥᠷᠥᠮ᠎ᠳᠤ ᠪᠣᠬᠢᠷᠲᠤᠯ᠎ᠢ ᠭᠠᠳᠠᠭᠰᠢᠯᠠᠭᠤᠯᠬᠤ ᠠᠮᠠᠰᠠᠷ᠎ᠢ ᠰᠢᠨ᠎ᠡ᠎ᠪᠠᠷ ᠪᠠᠶ᠋ᠢᠭᠤᠯᠵᠤ᠂ ᠥᠭᠡᠷᠡᠴᠢᠯᠡᠨ ᠪᠠᠶ᠋ᠢᠭᠤᠯᠵᠤ᠂ ᠥᠷᠭᠡᠳᠬᠡᠨ ᠪᠠᠶ᠋ᠢᠭᠤᠯᠤᠭᠰᠠᠨ ᠪᠠᠶ᠋ᠢᠪᠠᠯ᠂ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠬᠤᠭᠤᠴᠠᠭ᠎ᠠ ᠬᠢᠵᠠᠭ᠋ᠠᠷᠯᠠᠨ ᠤᠤᠯ ᠳᠦᠷᠰᠦ ᠵᠢ ᠰᠡᠷᠭᠦᠭᠡᠯᠭᠡᠬᠦ ᠪᠥᠭᠡᠳ 8 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠰᠢᠢ᠍ᠳᠬᠡᠨ᠎ᠡ; ᠬᠤᠭᠤᠴᠠᠭ᠎ᠠ᠎ᠨᠢ ᠬᠡᠲᠦᠷᠡᠭᠡᠳ ᠨᠤᠷᠠᠭ᠋ᠠᠵᠤ ᠠᠷᠢᠯᠭ᠋ᠠᠭᠰᠠᠨ ᠦᠭᠡᠢ ᠪᠠᠶ᠋ᠢᠪᠠᠯ᠂ ᠬᠠᠤᠯᠢ ᠶᠣᠰᠣᠭ᠋ᠠᠷ ᠠᠯᠪᠠᠳᠠᠵᠤ ᠪᠠᠶ᠋ᠢᠭ᠋ᠠᠳ ᠨᠤᠷᠠᠭ᠋ᠠᠵᠤ ᠠᠷᠢᠯᠭ᠋ᠠᠭᠤᠯᠤᠨ᠎ᠠ᠃ ᠨᠢᠭᠤᠴᠠ᠎ᠪᠠᠷ ᠳᠠᠯᠳᠠ ᠬᠣᠭᠣᠯᠠᠢ ᠭᠠᠷᠭ᠋ᠠᠵᠤ ᠪᠣᠬᠢᠷᠲᠤᠯ ᠪᠣᠳᠠᠰ᠎ᠢ ᠭᠠᠳᠠᠭᠰᠢᠯᠠᠭᠤᠯᠤᠭᠰᠠᠨ ᠪᠠᠶ᠋ᠢᠪᠠᠯ᠂ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠤᠭᠤᠯᠬᠤ ᠪᠤᠶᠤ ᠵᠠᠷᠯᠢᠭᠳᠠᠵᠤ ᠪᠠᠶ᠋ᠢᠭ᠋ᠠᠳ ᠦᠢ᠍ᠯᠡᠳᠪᠦᠷᠢᠯᠡᠬᠦ ᠵᠢ᠎ᠨᠢ ᠵᠣᠭᠰᠣᠭ᠋ᠠᠬᠤ᠂ ᠦᠢ᠍ᠯᠡᠳᠪᠦᠷᠢᠯᠡᠯ᠎ᠢ᠎ᠨᠢ ᠵᠣᠭᠰᠣᠭ᠋ᠠᠵᠤ ᠴᠡᠭᠴᠡᠯᠡᠨ ᠵᠠᠰᠠᠭᠤᠯᠬᠤ ᠪᠥᠭᠡᠳ 30 ᠲᠦᠮᠡᠨ ᠲᠥᠭᠥᠷᠢᠭ᠎ᠠᠴᠠ ᠳᠡᠭᠡᠭᠰᠢ 100 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠰᠢᠢ᠍ᠳᠬᠡᠨ᠎ᠡ; ᠪᠠᠶ᠋ᠢᠳᠠᠯ ᠵᠶ᠋ᠠᠷ ᠬᠦᠨᠳᠦ ᠪᠣᠯᠤᠭᠰᠠᠨ ᠪᠠᠶ᠋ᠢᠪᠠᠯ᠂ ᠵᠥᠪᠰᠢᠶᠡᠷᠡᠬᠦ ᠡᠷᠬᠡ᠎ᠲᠠᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠵᠦ᠂ ᠵᠠᠷᠯᠢᠭᠳᠠᠵᠤ ᠪᠠᠶ᠋ᠢᠭ᠋ᠠᠳ ᠠᠵᠢᠯᠯᠠᠬᠤ ᠵᠢ᠎ᠨᠢ ᠵᠣᠭᠰᠣᠭ᠋ᠠᠵᠤ ᠬᠠᠭ᠋ᠠᠨ᠎ᠠ᠃
ᠳᠥᠴᠢᠨ ᠨᠢᠭᠡᠳᠦᠭᠡᠷ ᠵᠦᠢ᠍ᠯ ᠬᠣᠲᠠ ᠵᠢᠴᠢ ᠬᠣᠶᠠᠷ ᠨᠠᠭᠤᠷ᠎ᠤᠨ ᠰᠠᠪᠠ ᠭᠠᠵᠠᠷ᠎ᠤᠨ ᠬᠣᠰᠢᠭᠤ ᠰᠢᠶᠠᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠭᠣᠣᠯᠴᠢᠯᠠᠨ ᠬᠠᠮᠢᠶᠠᠷᠬᠤ ᠪᠠᠶ᠋ᠢᠭᠤᠯᠤᠮᠵᠢ ᠪᠠ ᠬᠣᠶᠠᠷ ᠨᠠᠭᠤᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ ᠪᠠᠶ᠋ᠢᠭᠤᠯᠭ᠎ᠠ ᠡᠷᠬᠡ ᠲᠤᠰᠢᠶᠠᠯ ᠵᠶ᠋ᠠᠨ ᠦᠨᠳᠦᠰᠦᠯᠡᠵᠦ ᠵᠠᠯᠠᠷᠠᠭᠤᠯᠬᠤ ᠵᠢ᠎ᠨᠢ ᠵᠠᠷᠯᠢᠭᠳᠠᠵᠤ᠂ ᠨᠡᠶ᠋ᠢᠲᠡᠯᠡᠨ ᠰᠢᠭᠦᠮᠵᠢᠯᠡᠨ᠎ᠡ; ᠰᠢᠭᠤᠳ ᠬᠠᠷᠢᠭᠤᠴᠠᠭᠰᠠᠨ ᠭᠣᠣᠯ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠭᠴᠢ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠣᠯᠭᠣᠨ᠎ᠠ; ᠶᠠᠯᠠᠳᠤ ᠬᠦᠷᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠄ (ᠨᠢᠭᠡ) ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠶᠡᠷᠦᠩᠬᠡᠢ ᠲᠥᠯᠥᠪᠵᠢᠭᠦᠯᠭᠡ ᠪᠠ ᠲᠤᠰᠬᠠᠢ ᠲᠥᠯᠥᠪᠵᠢᠭᠦᠯᠭᠡ ᠵᠢ ᠬᠠᠤᠯᠢ ᠶᠣᠰᠣᠭ᠋ᠠᠷ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠭᠰᠠᠨ ᠦᠭᠡᠢ; (ᠬᠣᠶᠠᠷ) ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠶᠡᠷᠦᠩᠬᠡᠢ ᠲᠥᠯᠥᠪᠵᠢᠭᠦᠯᠭᠡ ᠪᠠ ᠲᠤᠰᠬᠠᠢ ᠲᠥᠯᠥᠪᠵᠢᠭᠦᠯᠭᠡ ᠵᠢ ᠳᠤᠷ᠎ᠠ᠎ᠪᠠᠷ ᠵᠶ᠋ᠠᠨ ᠬᠤᠪᠢᠷᠠᠭᠤᠯᠤᠭᠰᠠᠨ; (ᠭᠤᠷᠪᠠ) ᠬᠣᠶᠠᠷ ᠨᠠᠭᠤᠷ᠎ᠤᠨ ᠬᠠᠮᠠᠭ᠋ᠠᠯᠠᠯᠲᠠ ᠵᠢᠨ ᠶᠡᠷᠦᠩᠬᠡᠢ ᠲᠥᠯᠥᠪᠵᠢᠭᠦᠯᠭᠡ ᠪᠠ ᠲᠤᠰᠬᠠᠢ ᠲᠥᠯᠥᠪᠵᠢᠭᠦᠯᠭᠡ ᠵᠢ ᠵᠥᠷᠢᠴᠡᠵᠦ᠂ ᠨᠠᠭᠤᠷ ᠴᠥᠭᠥᠷᠥᠮ᠎ᠤᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠵᠥᠪᠰᠢᠶᠡᠷᠡᠭᠰᠡᠨ ᠪᠤᠶᠤ ᠲᠥᠯᠥᠪᠯᠡᠭᠡ ᠶᠣᠰᠣᠭ᠋ᠠᠷ ᠲᠠᠷᠢᠶᠠᠯᠠᠬᠤ (ᠮᠠᠯᠵᠢᠬᠤ)᠎ᠪᠠᠨ ᠵᠣᠭᠰᠣᠵᠤ ᠨᠠᠭᠤᠷ ᠪᠣᠯᠭ᠋ᠠᠭᠰᠠᠨ ᠦᠭᠡᠢ᠂ ᠨᠤᠭᠤ ᠭᠠᠵᠠᠷ ᠪᠣᠯᠭ᠋ᠠᠭᠰᠠᠨ ᠦᠭᠡᠢ᠂ ᠪᠡᠯᠴᠢᠭᠡᠷ ᠪᠣᠯᠭ᠋ᠠᠭᠰᠠᠨ ᠦᠭᠡᠢ᠂ ᠣᠢ ᠪᠣᠯᠭ᠋ᠠᠭᠰᠠᠨ ᠦᠭᠡᠢ; (ᠳᠥᠷᠪᠡ) ᠬᠢᠨᠠᠨ ᠬᠠᠮᠢᠶᠠᠷᠤᠯᠲᠠ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠢ ᠪᠤᠶᠤ ᠬᠠᠮᠠᠭ᠋ᠠᠯᠠᠯᠲᠠ᠎ᠪᠠᠷ ᠬᠦᠴᠦᠨ ᠦᠭᠡᠢ ᠪᠣᠯᠤᠭᠰᠠᠨ᠎ᠠᠴᠠ ᠪᠣᠯᠵᠤ᠂ ᠬᠦᠨᠳᠦ ᠨᠣᠴᠢᠲᠠᠢ ᠦᠷ᠎ᠡ ᠤᠷᠰᠢᠭ ᠭᠠᠷᠭ᠋ᠠᠭᠰᠠᠨ; (ᠲᠠᠪᠤ) ᠠᠯᠪᠠᠨ ᠲᠤᠰᠢᠶᠠᠯ᠎ᠳᠤ ᠠᠯᠮᠠᠶ᠋ᠢᠷᠠᠨ ᠣᠰᠣᠯᠳᠠᠭᠰᠠᠨ᠂ ᠡᠷᠬᠡ ᠲᠤᠰᠢᠶᠠᠯ᠎ᠢ ᠳᠤᠷ᠎ᠠ᠎ᠪᠠᠷ ᠬᠡᠷᠡᠭᠯᠡᠭᠰᠡᠨ ᠬᠠᠤᠯᠢ ᠶᠣᠰᠣ ᠵᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠳᠥᠴᠢᠨ ᠬᠣᠶᠠᠳᠤᠭ᠋ᠠᠷ ᠵᠦᠢ᠍ᠯ ᠲᠤᠰ ᠳᠦᠷᠢᠮ᠎ᠢ 2018 ᠣᠨ᠎ᠤ 7 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃