ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠭᠤᠷᠪᠠ)
ᠨᠡᠶ᠋ᠢᠲᠡᠯᠡᠭᠰᠡᠨ ᠴᠠᠭ᠄ 2022-08-11

      ᠠᠷᠪᠠᠨ ᠳᠥᠷᠪᠡᠳᠦᠭᠡᠷ ᠵᠤᠷᠪᠤᠰ ᠤᠯᠤᠰ᠎ᠠᠴᠠ ᠴᠢᠭᠢᠭᠯᠢᠭ ᠭᠠᠵᠠᠷ᠎ᠢ ᠲᠠᠰ ᠬᠤᠪᠢᠶᠠᠨ   ᠬᠠᠮᠢᠶᠠᠷᠴᠤ᠂ ᠠᠮᠢ ᠠᠬᠤᠶ ᠵᠢᠨ ᠣᠷᠣᠨ ᠪᠠᠶ᠋ᠢᠷᠢ᠂ ᠲᠠᠯᠠᠪᠠᠶ ᠵᠢᠴᠢ ᠠᠮᠢ ᠠᠬᠤᠶ ᠵᠢᠨ ᠴᠢᠳᠠᠮᠵᠢ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠴᠢᠬᠤᠯᠠ ᠴᠢᠨᠠᠷ᠎ᠢ ᠦᠨᠳᠦᠰᠦᠯᠡᠨ᠂ ᠴᠢᠭᠢᠭᠯᠢᠭ ᠭᠠᠵᠠᠷ᠎ᠢ   ᠭᠤᠤᠯᠳᠠᠯᠭ᠋ᠠᠲᠦ ᠴᠢᠭᠢᠭᠯᠢᠭ ᠭᠠᠵᠠᠷ ᠪᠠ ᠡᠩ᠎ᠤᠨ ᠴᠢᠭᠢᠭᠯᠢᠭ ᠭᠠᠵᠠᠷ ᠭᠡᠵᠦ ᠬᠤᠪᠢᠶᠠᠨ᠎ᠠ᠃ ᠭᠤᠤᠯᠳᠠᠯᠭ᠋ᠠᠲᠦ ᠴᠢᠭᠢᠭᠯᠢᠭ ᠭᠠᠵᠠᠷ᠎ᠲᠤ ᠤᠯᠤᠰ᠎ᠤᠨ ᠭᠤᠤᠯᠳᠠᠯᠭ᠋ᠠᠲᠦ ᠴᠢᠭᠢᠭᠯᠢᠭ ᠭᠠᠵᠠᠷ ᠪᠠ ᠮᠤᠵᠢ ᠵᠢᠨ ᠱᠠᠲᠤᠨ᠎ᠤ ᠭᠤᠤᠯᠳᠠᠯᠭ᠋ᠠᠲᠦ ᠴᠢᠭᠢᠭᠯᠢᠭ ᠭᠠᠵᠠᠷ ᠪᠠᠭᠲᠠᠨ᠎ᠠ᠃ ᠭᠤᠤᠯᠳᠠᠯᠭ᠋ᠠᠲᠦ ᠴᠢᠭᠢᠭᠯᠢᠭ ᠭᠠᠵᠠᠷ᠎ᠠᠴᠠ ᠪᠤᠰᠤᠳ ᠴᠢᠭᠢᠭᠯᠢᠭ ᠭᠠᠵᠠᠷ᠎ᠨᠢ ᠡᠩ᠎ᠤᠨ ᠴᠢᠭᠢᠭᠯᠢᠭ ᠭᠠᠵᠠᠷ ᠪᠣᠯᠤᠨ᠎ᠠ᠃ ᠭᠤᠤᠯᠳᠠᠯᠭ᠋ᠠᠲᠦ ᠴᠢᠭᠢᠭᠯᠢᠭ ᠭᠠᠵᠠᠷ᠎ᠢ ᠬᠠᠤᠯᠢ ᠶᠣᠰᠣᠭ᠋ᠠᠷ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠳᠤ ᠬᠤᠪᠢᠶᠠᠷᠢᠯᠠᠨ ᠣᠷᠣᠭᠤᠯᠪᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠤᠰᠤᠨ᠎ᠤ ᠵᠠᠰᠠᠭ ᠵᠠᠬᠢᠷᠭ᠎ᠠ᠂ ᠣᠷᠣᠨ ᠰᠠᠭᠤᠴᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠠᠮᠢ ᠠᠬᠤᠶ ᠵᠢᠨ ᠣᠷᠴᠢᠨ ᠲᠣᠭᠣᠷᠢᠨ᠂ ᠲᠠᠷᠢᠶᠠᠯᠠᠩ ᠬᠥᠳᠡᠭᠡ ᠲᠣᠰᠬᠣᠨ ᠵᠡᠷᠭᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠤᠯᠤᠰ᠎ᠤᠨ ᠭᠤᠤᠯᠳᠠᠯᠭ᠋ᠠᠲᠦ ᠴᠢᠭᠢᠭᠯᠢᠭ ᠭᠠᠵᠠᠷ᠎ᠤᠨ ᠨᠡᠷᠡᠰ᠎ᠤᠨ ᠵᠢᠭᠰᠠᠭ᠋ᠠᠯᠲᠠ ᠵᠢᠴᠢ ᠬᠦᠷᠢᠶ᠎ᠡ ᠬᠡᠪᠴᠢᠶ᠎ᠡ ᠵᠢ ᠨᠡᠶ᠋ᠢᠲᠡᠯᠡᠬᠦ ᠵᠢᠨ ᠬᠠᠮᠲᠤ᠂ ᠬᠠᠮᠠᠭ᠋ᠠᠯᠠᠯᠲᠠ ᠵᠢᠨ ᠲᠡᠮᠳᠡᠭ ᠲᠤᠬᠢᠷᠠᠭᠤᠯᠤᠨ᠎ᠠ᠃ ᠣᠯᠠᠨ ᠤᠯᠤᠰ᠎ᠤᠨ ᠭᠤᠤᠯᠳᠠᠯᠭ᠋ᠠᠲᠦ ᠴᠢᠭᠢᠭᠯᠢᠭ ᠭᠠᠵᠠᠷ᠎ᠢ ᠤᠯᠤᠰ᠎ᠤᠨ ᠭᠤᠤᠯᠳᠠᠯᠭ᠋ᠠᠲᠦ ᠴᠢᠭᠢᠭᠯᠢᠭ ᠭᠠᠵᠠᠷ᠎ᠤᠨ ᠨᠡᠷᠡᠰ᠎ᠤᠨ ᠵᠢᠭᠰᠠᠭ᠋ᠠᠯᠲᠠ᠎ᠳᠤ ᠤᠷᠤᠭᠤᠯᠤᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠎ᠨᠢ ᠮᠤᠵᠢ ᠵᠢᠨ ᠱᠠᠲᠤᠨ᠎ᠤ ᠭᠤᠤᠯᠳᠠᠯᠭ᠋ᠠᠲᠦ ᠴᠢᠭᠢᠭᠯᠢᠭ ᠭᠠᠵᠠᠷ᠎ᠤᠨ ᠨᠡᠷᠡᠰ᠎ᠤᠨ ᠵᠢᠭᠰᠠᠭ᠋ᠠᠯᠲᠠ ᠵᠢᠴᠢ ᠬᠦᠷᠢᠶ᠎ᠡ ᠬᠡᠪᠴᠢᠶ᠎ᠡ ᠵᠢ ᠬᠠᠷᠢᠭᠤᠴᠠᠨ ᠨᠡᠶ᠋ᠢᠲᠡᠯᠡᠬᠦ ᠵᠢᠨ ᠬᠠᠮᠲᠤ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠠᠩᠰᠠᠯᠠᠭᠤᠯᠬᠤ ᠬᠡᠷᠡᠭᠲᠡᠶ᠃ ᠡᠩ᠎ᠤᠨ ᠴᠢᠭᠢᠭᠯᠢᠭ ᠭᠠᠵᠠᠷ᠎ᠤᠨ ᠨᠡᠷᠡᠰ᠎ᠤᠨ ᠵᠢᠭᠰᠠᠭ᠋ᠠᠯᠲᠠ ᠵᠢᠴᠢ ᠬᠡᠪᠴᠢᠶ᠎ᠡ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠎ᠠᠴᠠ ᠨᠡᠶ᠋ᠢᠲᠡᠯᠡᠨ᠎ᠡ᠃
      ᠠᠷᠪᠠᠨ ᠲᠠᠪᠤᠳᠤᠭ᠋ᠠᠷ ᠵᠤᠷᠪᠤᠰ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠢ ᠰᠢᠭᠤᠢ ᠨᠤᠲᠤᠭ ᠪᠡᠯᠴᠢᠭᠡᠷ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂   ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠥᠪᠵᠢᠭᠦᠯᠭᠡ ᠪᠠ ᠠᠮᠢ ᠠᠬᠤᠢ ᠵᠢᠨ ᠣᠷᠴᠢᠨ ᠨᠥᠬᠥᠴᠡᠯ᠎ᠤᠨ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠦᠨᠳᠦᠰᠦᠯᠡᠨ ᠪᠦᠬᠦ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠲᠦᠷᠦ ᠵᠢᠨ ᠶᠠᠪᠤᠳᠠᠯ᠎ᠤᠨ ᠬᠤᠷᠢᠶ᠎ᠠ ᠪᠤᠶᠤ ᠲᠡᠭᠦᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠎ᠲᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠲᠠᠷᠠᠭ᠎ᠠ ᠵᠣᠬᠢᠶᠠᠨ ᠪᠠᠶ᠋ᠢᠭᠤᠯᠵᠤ ᠬᠡᠷᠡᠭᠵᠢᠬᠦᠯᠦᠨ᠎ᠡ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ᠂ ᠲᠣᠰ ᠱᠠᠲᠤᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠪᠠ ᠳᠡᠭᠡᠷ᠎ᠡ ᠨᠢᠭᠡ ᠱᠠᠲᠤᠨ᠎ᠤ ᠴᠢᠭᠢᠭᠯᠢᠭ ᠭᠠᠵᠠᠷ᠎ᠤᠨ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠦᠨᠳᠦᠰᠦᠯᠡᠨ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠴᠢᠭᠢᠭᠯᠢᠭ ᠭᠠᠵᠠᠷ᠎ᠤᠨ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ ᠵᠣᠬᠢᠶᠠᠨ ᠪᠠᠶ᠋ᠢᠭᠤᠯᠤᠨ ᠬᠡᠷᠡᠭᠵᠢᠬᠦᠯᠦᠨ᠎ᠡ᠃ ᠴᠢᠭᠢᠭᠯᠢᠭ ᠭᠠᠵᠠᠷ᠎ᠤᠨ ᠬᠠᠮᠠᠭ᠋ᠠᠯᠠᠯᠲᠠ ᠵᠢᠨ ᠲᠥᠯᠥᠪᠵᠢᠭᠦᠯᠭᠡ᠎ᠳᠤ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠷᠠᠯᠲᠠᠲᠤ ᠡᠭᠦᠷᠭᠡ᠂ ᠶᠡᠷᠦᠩᠬᠡᠶ ᠪᠠᠶ᠋ᠢᠷᠢᠰᠢᠭᠤᠯᠤᠯᠲᠠ᠂ ᠬᠠᠮᠠᠭ᠋ᠠᠯᠠᠵᠤ ᠰᠡᠷᠭᠦᠭᠡᠬᠦ ᠭᠤᠤᠯᠳᠠᠯᠭ᠎ᠠ ᠪᠠ ᠪᠠᠲᠤᠯᠠᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠵᠢ ᠲᠤᠳᠤᠷᠬᠠᠢ᠌ᠯᠠᠨ᠎ᠠ᠃ ᠵᠥᠪᠰᠢᠶᠡᠷᠡᠭᠦᠯᠦᠭᠰᠡᠨ ᠴᠢᠭᠢᠭᠯᠢᠭ ᠭᠠᠵᠠᠷ᠎ᠢ ᠬᠠᠮᠠᠭ᠋ᠠᠯᠠᠬᠤ ᠲᠥᠯᠥᠪᠵᠢᠭᠦᠯᠭᠡ᠎ᠳᠤ ᠲᠣᠬᠢᠷᠠᠭᠤᠯᠤᠯᠲᠠ ᠬᠢᠬᠦ ᠴᠢᠬᠤᠯᠠᠲᠠᠶ ᠪᠠᠶ᠋ᠢᠪᠠᠯ᠂ ᠤᠤᠯ᠎ᠤᠨ ᠵᠥᠪᠰᠢᠶᠡᠷᠡᠭᠰᠡᠨ ᠲᠠᠰ ᠳᠠᠷᠠᠭ᠋ᠠᠯᠠᠯ ᠶᠣᠰᠣᠭ᠋ᠠᠷ ᠬᠦᠢ᠍ᠴᠡᠳᠬᠡᠨ᠎ᠡ᠃ ᠴᠢᠭᠢᠭᠯᠢᠭ ᠭᠠᠵᠠᠷ᠎ᠢ ᠬᠠᠮᠠᠭ᠋ᠠᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠤ ᠰᠠᠪᠠ ᠭᠠᠵᠠᠷ᠎ᠤᠨ ᠶᠡᠷᠦᠩᠬᠡᠶ᠋ᠢᠯᠡᠭᠰᠡᠨ ᠲᠥᠯᠥᠪᠵᠢᠭᠦᠯᠭᠡ᠂ ᠦᠶᠡᠷ᠎ᠢ ᠰᠡᠷᠭᠡᠶ᠋ᠢᠯᠡᠬᠦ ᠲᠥᠯᠥᠪᠵᠢᠭᠦᠯᠭᠡ ᠵᠡᠷᠭᠡ ᠲᠥᠯᠥᠪᠵᠢᠭᠦᠯᠭᠡ᠎ᠯᠦᠭᠡ ᠬᠠᠷᠢᠯᠴᠠᠨ ᠵᠤᠯᠭ᠋ᠠᠯᠳᠤᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠲᠦᠷᠪᠡ)
ᠲᠡᠵᠢᠭᠡᠨ ᠦᠷᠡᠵᠢᠭᠦᠯᠬᠦ ᠦᠨᠡᠮᠯᠡᠯ ᠣᠯᠭᠤᠬᠤ ᠬᠡᠪᠴᠢᠶ᠎ᠡ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠲᠠᠪᠤ)
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠵᠢᠷᠭᠤᠭ᠎ᠠ)
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠳᠤᠯᠤᠭ᠎ᠠ)
 
             蒙ICP备05000248号