ᠠᠷᠪᠠᠨ ᠵᠢᠷᠭᠤᠳᠤᠭ᠋ᠠᠷ ᠵᠤᠷᠪᠤᠰ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠣᠶ ᠰᠢᠭᠤᠶ ᠪᠠ ᠨᠤᠲᠤᠭ ᠪᠡᠯᠴᠢᠭᠡᠷ᠂ ᠪᠠᠷᠢᠮᠵᠢᠶᠠᠵᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠂ ᠤᠰᠤᠨ᠎ᠤ ᠵᠠᠰᠠᠭ ᠵᠠᠬᠢᠷᠭ᠋ᠠᠨ᠂ ᠣᠷᠣᠨ ᠰᠠᠭᠤᠴᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠠᠮᠢ ᠠᠬᠤᠶ ᠣᠷᠴᠢᠨ ᠲᠣᠭᠣᠷᠢᠨ᠂ ᠲᠠᠷᠢᠶᠠᠯᠠᠩ ᠬᠥᠳᠡᠭᠡ ᠲᠣᠰᠬᠣᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠬᠠᠮᠵᠢᠯᠴᠠᠨ ᠴᠢᠭᠢᠭᠯᠢᠭ ᠭᠠᠵᠠᠷ᠎ᠢ ᠲᠠᠰ ᠲᠥᠷᠥᠯ ᠬᠤᠪᠢᠶᠠᠬᠤ᠂ ᠬᠢᠨᠠᠨ ᠰᠢᠨᠵᠢᠵᠦ ᠰᠡᠷᠡᠮᠵᠢᠯᠡᠭᠦᠯᠬᠦ᠂ ᠠᠮᠢ ᠠᠬᠤᠶ ᠵᠢ ᠰᠡᠷᠭᠦᠭᠡᠬᠦ ᠵᠡᠷᠭᠡ ᠤᠯᠤᠰ᠎ᠤᠨ ᠪᠠᠷᠢᠮᠵᠢᠶ᠎ᠠ ᠵᠢ ᠵᠣᠬᠢᠶᠠᠨ ᠪᠠᠶ᠋ᠢᠭᠤᠯᠤᠨ ᠲᠣᠭᠲᠠᠭ᠋ᠠᠬᠤ ᠬᠡᠷᠡᠭᠲᠡᠶ; ᠤᠯᠤᠰ᠎ᠤᠨ ᠪᠠᠷᠢᠮᠵᠢᠶ᠎ᠠ᠎ᠳᠤ ᠲᠣᠭᠲᠠᠭ᠋ᠠᠯ ᠭᠠᠷᠭ᠋ᠠᠭᠰᠠᠨ ᠦᠭᠡᠢ ᠪᠠᠶ᠋ᠢᠪᠠᠯ᠂ ᠬᠠᠤᠯᠢ ᠶᠣᠰᠣᠭ᠋ᠠᠷ ᠣᠷᠣᠨ ᠨᠤᠲᠤᠭ᠎ᠤᠨ ᠪᠠᠷᠢᠮᠵᠢᠶ᠎ᠠ ᠲᠣᠭᠲᠠᠭ᠋ᠠᠬᠤ ᠵᠢᠨ ᠬᠠᠮᠲᠤ ᠳᠠᠩᠰᠠᠯᠠᠭᠤᠯᠵᠤ ᠪᠣᠯᠤᠨ᠎ᠠ᠃
ᠠᠷᠪᠠᠨ ᠳᠣᠯᠣᠳᠤᠭ᠋ᠠᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠴᠢᠭᠢᠭᠯᠢᠭ ᠭᠠᠵᠠᠷ᠎ᠢ ᠬᠠᠮᠠᠭ᠋ᠠᠯᠠᠬᠤ ᠲᠤᠰᠬᠠᠶ ᠮᠡᠷᠭᠡᠵᠢᠯᠲᠡᠨ᠎ᠤ ᠵᠦᠪᠯᠡᠯᠭᠡ ᠦᠭᠬᠦ ᠲᠣᠭᠲᠠᠴᠠ ᠵᠢ ᠪᠠᠶ᠋ᠢᠭᠤᠯᠵᠤ᠂ ᠴᠢᠭᠢᠭᠯᠢᠭ ᠭᠠᠵᠠᠷ᠎ᠢ ᠬᠠᠮᠠᠭ᠋ᠠᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠂ ᠴᠢᠭᠢᠭᠯᠢᠭ ᠭᠠᠵᠠᠷ᠎ᠤᠨ ᠨᠡᠷᠡᠰ᠎ᠤᠨ ᠵᠢᠭᠰᠠᠭ᠋ᠠᠯᠲᠠ ᠵᠢ ᠲᠣᠭᠲᠠᠭ᠋ᠠᠬᠤ᠂ ᠬᠠᠮᠢᠶ᠎ᠠ ᠪᠥᠬᠥᠶ ᠪᠠᠷᠢᠮᠵᠢᠶ᠎ᠠ ᠵᠢ ᠲᠣᠭᠲᠠᠭ᠋ᠠᠬᠤ ᠵᠡᠷᠭᠡ᠎ᠳᠤ ᠦᠨᠡᠯᠡᠨ ᠵᠢᠱ᠌ᠢᠯᠲᠠ ᠨᠤᠲᠠᠯᠠᠭ᠎ᠠ ᠦᠭᠬᠦ ᠵᠡᠷᠭᠡ ᠦᠢ᠍ᠯᠡᠴᠢᠯᠡᠬᠡ ᠬᠠᠩᠭ᠋ᠠᠬᠤ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠤᠷᠪᠤᠰ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠬᠡ ᠵᠢᠨ ᠬᠠᠷᠢᠶ᠎ᠠ ᠵᠢᠨ ᠳᠠᠩᠰᠠᠯᠠᠯ ᠬᠢᠬᠦ᠎ᠳᠤ ᠴᠢᠭᠢᠭᠯᠢᠭ ᠭᠠᠵᠠᠷ᠎ᠲᠤ ᠬᠣᠯᠪᠣᠭᠳᠠᠭᠰᠠᠨ ᠪᠠᠢ᠌ᠪᠠᠯ᠂ ᠲᠣᠭᠲᠠᠭ᠋ᠠᠯ ᠶᠣᠰᠣᠭ᠋ᠠᠷ ᠴᠢᠭᠢᠭᠯᠢᠭ ᠭᠠᠵᠠᠷ᠎ᠤᠨ ᠭᠠᠵᠠᠷ ᠵᠦᠶ ᠵᠢᠨ ᠪᠠᠶ᠋ᠢᠷᠢᠰᠢᠯ᠂ ᠣᠷᠣᠨ ᠵᠠᠶ ᠵᠢᠨ ᠬᠦᠷᠢᠶ᠎ᠡ ᠬᠡᠪᠴᠢᠶ᠎ᠡ᠂ ᠲᠥᠷᠥᠯ ᠬᠡᠯᠪᠡᠷᠢ᠂ ᠲᠠᠯᠠᠪᠠᠢ ᠵᠡᠷᠭᠡ ᠮᠡᠳᠡᠭᠡ ᠵᠠᠩᠭᠢ ᠵᠢ ᠲᠡᠮᠳᠡᠭᠯᠡᠬᠦ ᠬᠡᠷᠡᠭᠲᠡᠶ᠃
ᠠᠷᠪᠠ ᠶᠢᠰᠦᠳᠦᠭᠡᠷ ᠵᠤᠷᠪᠤᠰ ᠤᠯᠤᠰ᠎ᠠᠴᠠ ᠴᠢᠭᠢᠭᠯᠢᠭ ᠭᠠᠵᠠᠷ᠎ᠢ ᠡᠵᠡᠯᠡᠨ ᠬᠡᠷᠡᠭᠯᠡᠬᠦ ᠵᠢ ᠴᠢᠩᠭ᠎ᠠ ᠬᠢᠵᠠᠭ᠋ᠠᠷᠯᠠᠨ᠎ᠠ᠃
ᠤᠯᠤᠰ᠎ᠤᠨ ᠭᠤᠤᠯᠳᠠᠯᠭ᠋ᠠᠲᠦ ᠴᠢᠭᠢᠭᠯᠢᠭ ᠭᠠᠵᠠᠷ᠂ ᠤᠯᠤᠰ᠎ᠤᠨ ᠭᠤᠤᠯᠳᠠᠯᠭ᠋ᠠᠲᠤ ᠲᠥᠷᠥᠯ ᠵᠦᠢ᠍ᠯ᠂ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠲᠥᠷᠥᠯ ᠵᠦᠢ᠍ᠯ᠂ ᠭᠤᠤᠯᠳᠠᠯᠭ᠋ᠠᠲᠤ ᠤᠰᠤᠨ ᠠᠰᠢᠭᠯᠠᠯᠲᠠ ᠵᠢᠴᠢ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠲᠥᠷᠥᠯ ᠵᠦᠢ᠍ᠯ᠂ ᠴᠢᠭᠢᠭᠯᠢᠭ ᠭᠠᠵᠠᠷ᠎ᠢ ᠬᠠᠮᠠᠭ᠋ᠠᠯᠠᠬᠤ ᠲᠥᠷᠥᠯ ᠵᠦᠢ᠍ᠯ ᠵᠡᠷᠭᠡ ᠵᠢ ᠡᠵᠡᠯᠡᠨ ᠬᠡᠷᠡᠭᠯᠡᠬᠦ᠎ᠨᠢ ᠡᠭᠦᠨ᠎ᠳᠤ ᠪᠠᠭᠲᠠᠬᠤ ᠦᠭᠡᠶ᠃
ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠭᠠᠵᠠᠷ ᠰᠣᠩᠭᠣᠬᠤ᠂ ᠱᠤᠭᠤᠮ ᠰᠣᠩᠭᠣᠬᠤ᠎ᠳᠠᠭᠠᠨ ᠴᠢᠭᠢᠭᠯᠢᠭ ᠭᠠᠵᠠᠷ᠎ᠢ ᠰᠤᠩᠭᠤᠬᠤ᠎ᠠᠴᠠ ᠵᠠᠢ᠌ᠯᠠᠰᠬᠢᠵᠤ᠂ ᠡᠵᠡᠯᠡᠨ ᠬᠡᠷᠡᠭᠯᠡᠬᠦ ᠵᠢ ᠴᠢᠩᠭ᠎ᠠ ᠬᠢᠵᠠᠭ᠋ᠠᠷᠯᠠᠬᠤ ᠵᠢᠨ ᠬᠠᠮᠲᠤ᠂ ᠬᠠᠮᠢᠶ᠎ᠠ ᠪᠥᠬᠥᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠴᠢᠭᠢᠭᠯᠢᠭ ᠭᠠᠵᠠᠷ᠎ᠤᠨ ᠠᠮᠢ ᠠᠬᠤᠶ ᠵᠢᠨ ᠴᠢᠳᠠᠮᠵᠢᠳᠤ ᠦᠵᠡᠭᠦᠯᠬᠦ ᠠᠰᠢᠭ ᠥᠬᠡᠶ ᠨᠥᠯᠥᠭᠡ ᠵᠢ ᠬᠥᠩᠭᠡᠷᠡᠭᠦᠯᠬᠦ ᠬᠡᠷᠡᠭᠲᠡᠶ᠃
ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠲᠥᠯᠥᠪᠵᠢᠭᠦᠯᠭᠡ᠎ᠳᠤ ᠭᠠᠵᠠᠷ ᠰᠣᠩᠭᠣᠬᠤ᠂ ᠱᠤᠭᠤᠮ ᠰᠣᠩᠭᠣᠬᠤ ᠵᠢ ᠬᠢᠨᠠᠨ ᠵᠥᠪᠰᠢᠶᠡᠷᠡᠬᠦ ᠪᠤᠶᠤ ᠬᠢᠨᠠᠨ ᠰᠢᠯᠭ᠋ᠠᠬᠤ ᠦᠶᠡᠰ᠂ ᠤᠯᠤᠰ᠎ᠤᠨ ᠭᠤᠤᠯᠳᠠᠯᠭ᠋ᠠᠲᠤ ᠴᠢᠭᠢᠭᠯᠢᠭ ᠭᠠᠵᠠᠷ᠎ᠲᠤ ᠬᠣᠯᠪᠣᠭᠳᠠᠭᠰᠠᠨ ᠪᠠᠢ᠌ᠪᠠᠯ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠣᠢ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ; ᠮᠤᠵᠢ ᠵᠢᠨ ᠱᠠᠲᠤᠨ᠎ᠤ ᠭᠤᠤᠯᠳᠠᠯᠭ᠋ᠠᠲᠤ ᠴᠢᠭᠢᠭᠯᠢᠭ ᠭᠠᠵᠠᠷ ᠪᠤᠶᠤ ᠡᠩ᠎ᠤᠨ ᠴᠢᠭᠢᠭᠯᠢᠭ ᠭᠠᠵᠠᠷ᠎ᠲᠤ ᠬᠣᠯᠪᠣᠭᠳᠠᠭᠰᠠᠨ ᠪᠠᠶ᠋ᠢᠪᠠᠯ᠂ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠡᠷᠬᠡ ᠣᠯᠭᠣᠭᠰᠠᠨ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ᠃
ᠬᠣᠷᠢᠳᠤᠭ᠋ᠠᠷ ᠵᠤᠷᠪᠤᠰ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠴᠢᠭᠢᠭᠯᠢᠭ ᠭᠠᠵᠠᠷ᠎ᠢ ᠦᠨᠡᠨᠬᠦ ᠲᠦᠷ ᠴᠠᠭ ᠡᠵᠡᠯᠡᠨ ᠬᠡᠷᠡᠭᠯᠡᠬᠦ ᠴᠢᠬᠤᠯᠠᠲᠠᠶ ᠪᠠᠶ᠋ᠢᠪᠠᠯ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》᠂ 《 ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠶ ᠰᠢᠭᠤᠶ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠯᠡᠶ ᠵᠢᠨ ᠣᠷᠣᠨ᠎ᠢ ᠬᠡᠷᠡᠭᠯᠡᠬᠦ ᠬᠠᠮᠢᠶᠠᠷᠤᠯᠲᠠ ᠵᠢᠨ ᠬᠠᠤᠯᠢ》 ᠵᠡᠷᠭᠡ ᠬᠣᠯᠪᠣᠭᠳᠠᠯ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠬᠦᠢ᠍ᠴᠡᠳᠬᠡᠨ᠎ᠡ᠃ ᠴᠢᠭᠢᠭᠯᠢᠭ ᠭᠠᠵᠠᠷ᠎ᠢ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠵᠢ ᠡᠩ᠎ᠤᠨ ᠪᠠᠢ᠌ᠳᠠᠯ᠎ᠳᠤ ᠬᠣᠶᠠᠷ ᠵᠢᠯ᠎ᠠᠴᠠ ᠬᠡᠲᠦᠷᠡᠭᠦᠯᠵᠦ ᠪᠣᠯᠬᠤ ᠥᠬᠡᠶ ᠪᠥᠭᠡᠳ ᠲᠦᠷ ᠴᠠᠭ ᠡᠵᠡᠯᠡᠨ ᠬᠡᠷᠡᠭᠯᠡᠭᠰᠡᠨ ᠴᠢᠭᠢᠭᠯᠢᠭ ᠭᠠᠵᠠᠷ ᠳᠡᠭᠡᠷ᠎ᠡ ᠡᠭᠦᠷᠢᠳᠡ ᠵᠢᠨ ᠴᠢᠨᠠᠷᠲᠠᠶ ᠪᠠᠷᠢᠯᠭ᠎ᠠ ᠪᠠᠷᠢᠵᠤ ᠪᠣᠯᠬᠤ ᠥᠬᠡᠶ᠃
ᠴᠢᠭᠢᠭᠯᠢᠭ ᠭᠠᠵᠠᠷ᠎ᠢ ᠲᠦᠷ ᠴᠠᠭ ᠡᠵᠡᠯᠡᠨ ᠬᠡᠷᠡᠭᠯᠡᠭᠡᠳ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ ᠨᠢᠭᠡ ᠵᠢᠯ᠎ᠤᠨ ᠳᠣᠲᠣᠷ᠎ᠠ᠂ ᠭᠠᠵᠠᠷ ᠬᠡᠷᠡᠭᠯᠡᠭᠰᠡᠨ ᠨᠢᠭᠡᠴᠡ ᠪᠤᠶᠤ ᠬᠤᠪᠢ ᠬᠥᠮᠦᠨ᠎ᠨᠢ ᠴᠢᠭᠢᠭᠯᠢᠭ ᠭᠠᠵᠠᠷ᠎ᠤᠨ ᠲᠠᠯᠠᠪᠠᠶ ᠪᠠ ᠠᠮᠢ ᠠᠬᠤᠶ ᠵᠢᠨ ᠨᠥᠬᠥᠴᠡᠯ᠎ᠢ ᠰᠡᠷᠭᠦᠭᠡᠬᠦ ᠬᠡᠷᠡᠭᠲᠡᠶ᠃