ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠲᠠᠪᠤ)
ᠨᠡᠶ᠋ᠢᠲᠡᠯᠡᠭᠰᠡᠨ ᠴᠠᠭ᠄ 2023-01-19

      ᠬᠣᠷᠢᠨ ᠨᠢᠭᠡᠳᠦᠭᠡᠷ ᠵᠤᠷᠪᠤᠰ   ᠦᠶᠡᠷ᠎ᠢ ᠰᠡᠷᠭᠡᠶ᠋ᠢᠯᠡᠬᠦ᠂ ᠠᠶᠠᠯᠠᠯ᠎ᠤᠨ ᠵᠠᠮ᠂ ᠭᠠᠷᠠᠮ ᠪᠤᠶᠤ ᠪᠤᠰᠤᠳ ᠤᠰᠤᠨ᠎ᠤ ᠢᠨᠵᠧᠨᠧᠷᠢᠩ᠎ᠨᠢ ᠭᠤᠤᠯ᠎ᠤᠨ ᠵᠠᠮ᠎ᠤᠨ ᠬᠠᠮᠢᠶᠠᠷᠤᠯᠲᠠ ᠵᠢᠨ ᠬᠡᠪᠴᠢᠶ᠎ᠡ ᠵᠢᠴᠢ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠤ ᠳᠣᠲᠣᠷᠠᠬᠢ ᠴᠢᠭᠢᠭᠯᠢᠭ ᠭᠠᠵᠠᠷ᠎ᠢ ᠡᠵᠡᠯᠡᠨ ᠬᠡᠷᠡᠭᠯᠡᠬᠦ᠎ᠳᠤ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠭᠤᠤᠯᠳᠠᠯᠭ᠋ᠠᠲᠤ ᠴᠢᠭᠢᠭᠯᠢᠭ ᠭᠠᠵᠠᠷ᠎ᠢ ᠡᠵᠡᠯᠡᠨ ᠬᠡᠷᠡᠭᠯᠡᠭᠰᠡᠨ ᠨᠢᠭᠡᠴᠡ᠎ᠨᠢ ᠲᠤᠬᠠᠶ ᠵᠢᠨ ᠭᠠᠵᠠᠷ᠎ᠤᠨ ᠪᠠᠶ᠋ᠢᠭ᠋ᠠᠯᠢ ᠵᠢᠨ ᠨᠥᠬᠥᠴᠡᠯ᠎ᠢ ᠦᠨᠳᠦᠰᠦᠯᠡᠨ ᠡᠵᠡᠯᠡᠨ ᠬᠡᠷᠡᠭᠯᠡᠭᠰᠡᠨ ᠴᠢᠭᠢᠭᠯᠢᠭ ᠭᠠᠵᠠᠷ᠎ᠤᠨ ᠲᠠᠯᠠᠪᠠᠶ ᠪᠠ ᠶᠠᠰᠤ ᠴᠢᠨᠠᠷ᠎ᠯᠤᠭ᠎ᠠ ᠠᠳᠠᠯᠢᠬᠠᠨ ᠴᠢᠭᠢᠭᠯᠢᠭ ᠭᠠᠵᠠᠷ᠎ᠢ ᠰᠡᠷᠭᠦᠭᠡᠬᠦ ᠪᠤᠶᠤ ᠳᠠᠬᠢᠨ ᠪᠠᠶ᠋ᠢᠭᠤᠯᠬᠤ ᠬᠡᠷᠡᠭᠲᠡᠶ; ᠰᠡᠷᠭᠦᠭᠡᠬᠦ᠂ ᠳᠠᠬᠢᠨ ᠪᠠᠶ᠋ᠢᠭᠤᠯᠬᠤ ᠨᠥᠬᠥᠴᠡᠯ ᠥᠬᠡᠶ ᠪᠣᠯ ᠴᠢᠭᠢᠭᠯᠢᠭ ᠭᠠᠵᠠᠷ᠎ᠢ ᠰᠡᠷᠭᠦᠭᠡᠬᠦ ᠰᠦᠢ᠍ᠳᠬᠡᠯ ᠲᠤᠰᠢᠶᠠᠬᠤ ᠬᠡᠷᠡᠭᠲᠡᠶ᠃ ᠴᠢᠭᠢᠭᠯᠢᠭ ᠭᠠᠵᠠᠷ᠎ᠢ ᠰᠡᠷᠭᠦᠭᠡᠬᠦ ᠵᠠᠷᠤᠳᠠᠯ ᠲᠤᠰᠢᠶᠠᠭᠰᠠᠨ ᠪᠠᠶ᠋ᠢᠪᠠᠯ᠂ ᠪᠤᠰᠤᠳ ᠠᠳᠠᠯᠢᠬᠠᠨ ᠰᠢᠨᠵᠢ ᠴᠢᠨᠠᠷ᠎ᠲᠠᠢ ᠰᠡᠷᠭᠦᠭᠡᠬᠦ ᠵᠠᠷᠤᠳᠠᠯ᠎ᠢ ᠳᠠᠭᠢᠵᠤ ᠲᠤᠰᠢᠶᠠᠬᠤ ᠥᠬᠡᠶ᠃ ᠴᠢᠭᠢᠭᠯᠢᠭ ᠭᠠᠵᠠᠷ᠎ᠢ ᠰᠡᠷᠭᠦᠭᠡᠬᠦ ᠰᠦᠢ᠍ᠳᠬᠡᠯ ᠲᠤᠰᠢᠶᠠᠬᠤ ᠪᠠ ᠬᠡᠷᠡᠭᠯᠡᠬᠦ ᠬᠠᠮᠢᠶᠠᠷᠤᠯᠲᠠ ᠵᠢᠨ ᠠᠷᠭ᠎ᠠ ᠵᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠣᠶ ᠰᠢᠭᠤᠶ ᠨᠤᠲᠤᠭ ᠪᠡᠯᠴᠢᠭᠡᠷ ᠵᠡᠷᠭᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃
      ᠬᠣᠷᠢᠨ ᠬᠣᠶᠠᠳᠤᠭ᠋ᠠᠷ ᠵᠤᠷᠪᠤᠰ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠢᠨᠠᠨ ᠰᠢᠨᠵᠢᠬᠦ ᠮᠡᠷᠭᠡᠵᠢᠯ᠎ᠤᠨ ᠵᠢᠷᠤᠮᠵᠢᠯ ᠶᠣᠰᠣᠭ᠋ᠠᠷ ᠤᠯᠤᠰ᠎ᠤᠨ ᠭᠤᠤᠯᠳᠠᠯᠭ᠋ᠠᠲᠤ ᠴᠢᠭᠢᠭᠯᠢᠭ ᠭᠠᠵᠠᠷ᠎ᠤᠨ ᠬᠥᠳᠡᠯᠦᠩᠭᠦᠶ ᠬᠢᠨᠠᠨ ᠰᠢᠨᠵᠢᠯᠲᠡ ᠵᠢ ᠥᠷᠨᠢᠭᠦᠯᠵᠦ᠂ ᠴᠢᠭᠢᠭᠯᠢᠭ ᠭᠠᠵᠠᠷ᠎ᠤᠨ ᠲᠠᠷᠬᠠᠯᠲᠠ᠂ ᠲᠠᠯᠠᠪᠠᠶ᠂ ᠤᠰᠤᠨ᠎ᠤ ᠬᠡᠮᠵᠢᠶ᠎ᠡ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠂ ᠰᠦᠷᠳᠡᠭᠦᠯᠦᠯ᠎ᠳᠤ ᠤᠴᠠᠷᠠᠭᠰᠠᠨ ᠪᠠᠶ᠋ᠢᠳᠠᠯ ᠵᠡᠷᠭᠡ ᠬᠤᠪᠢᠷᠠᠯᠲᠠ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠡᠵᠡᠮᠰᠢᠬᠦ ᠬᠡᠷᠡᠭᠲᠡᠶ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠦᠨᠳᠦᠰᠦᠯᠡᠨ᠂ ᠤᠯᠤᠰ᠎ᠤᠨ ᠭᠤᠤᠯᠳᠠᠯᠭ᠋ᠠᠲᠤ ᠴᠢᠭᠢᠭᠯᠢᠭ ᠭᠠᠵᠠᠷ᠎ᠤᠨ ᠠᠮᠢ ᠠᠬᠤᠶ ᠵᠢᠨ ᠪᠠᠶ᠋ᠢᠳᠠᠯ᠎ᠳᠤ ᠦᠨᠡᠯᠡᠨ ᠵᠢᠱ᠌ᠢᠯᠲᠡ ᠬᠢᠬᠦ ᠵᠢᠨ ᠬᠠᠮᠲᠤ᠂ ᠲᠣᠭᠲᠠᠭ᠋ᠠᠯ ᠶᠣᠰᠣᠭ᠋ᠠᠷ ᠰᠡᠷᠡᠮᠵᠢᠯᠡᠭᠦᠯᠬᠦ ᠮᠡᠳᠡᠭᠡ ᠨᠡᠶ᠋ᠢᠲᠡᠯᠡᠬᠦ ᠬᠡᠷᠡᠭᠲᠡᠶ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠢᠨᠠᠨ ᠬᠡᠮᠵᠢᠬᠦ ᠮᠡᠷᠭᠡᠵᠢᠯ᠎ᠤᠨ ᠵᠢᠷᠤᠮᠵᠢᠯ ᠶᠣᠰᠣᠭ᠋ᠠᠷ ᠮᠤᠵᠢ ᠵᠢᠨ ᠱᠠᠲᠤᠨ᠎ᠤ ᠭᠤᠤᠯᠳᠠᠯᠭ᠋ᠠᠲᠤ ᠴᠢᠭᠢᠭᠯᠢᠭ ᠭᠠᠵᠠᠷ᠎ᠤᠨ ᠪᠠᠶ᠋ᠢᠳᠠᠯ᠎ᠢ ᠬᠢᠨᠠᠨ ᠬᠡᠮᠵᠢᠬᠦ᠂ ᠦᠨᠡᠯᠡᠨ ᠵᠢᠱ᠌ᠢᠬᠦ ᠪᠠ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠥᠷᠨᠢᠭᠦᠯᠬᠦ ᠬᠡᠷᠡᠭᠲᠡᠶ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠣᠢ ᠰᠢᠭᠤᠢ ᠨᠤᠲᠤᠭ ᠪᠡᠯᠴᠢᠭᠡᠷ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠡᠩ᠎ᠤᠨ ᠴᠢᠭᠢᠭᠯᠢᠭ ᠭᠠᠵᠠᠷ᠎ᠤᠨ ᠬᠥᠳᠡᠯᠦᠩᠭᠦᠢ ᠬᠢᠨᠠᠨ ᠬᠡᠮᠵᠢᠯᠲᠡ ᠵᠢ ᠴᠢᠩᠭ᠋ᠠᠳᠬᠠᠬᠤ ᠬᠡᠷᠡᠭᠲᠡᠢ᠃

      ᠭᠤᠷᠪᠠᠳᠤᠭ᠋ᠠᠷ ᠪᠦᠯᠦᠭ ᠴᠢᠭᠢᠭᠯᠢᠭ ᠭᠠᠵᠠᠷ᠎ᠢ ᠬᠠᠮᠠᠭ᠋ᠠᠯᠠᠬᠤ ᠪᠠ ᠠᠰᠢᠭᠯᠠᠬᠤ

      ᠬᠣᠷᠢᠨ ᠭᠤᠷᠪᠠᠳᠤᠭ᠋ᠠᠷ ᠵᠤᠷᠪᠤᠰ ᠤᠯᠤᠰ᠎ᠠᠴᠠ ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠨᠤᠭᠤᠭ᠋ᠠᠨᠯᠢᠭ ᠬᠦᠭᠵᠢᠯᠲᠡ ᠵᠢ ᠪᠠᠷᠢᠮᠲᠠᠯᠠᠵᠤ᠂ ᠴᠢᠭᠢᠭᠯᠢᠭ ᠭᠠᠵᠠᠷ᠎ᠢ ᠬᠠᠮᠠᠭ᠋ᠠᠯᠠᠬᠤ ᠲᠦᠷᠢᠮ᠎ᠢ ᠲᠡᠭᠦᠯᠳᠡᠷᠵᠢᠭᠦᠯᠦᠨ᠂ ᠴᠢᠭᠢᠭᠯᠢᠭ ᠭᠠᠵᠠᠷ᠎ᠢ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠤᠨ ᠲᠣᠭᠲᠠᠴᠠ ᠵᠢ ᠪᠦᠷᠢᠨᠰᠢᠬᠦᠯᠵᠦ᠂ ᠴᠢᠭᠢᠭᠯᠢᠭ ᠭᠠᠵᠠᠷ᠎ᠤᠨ ᠠᠮᠢ ᠠᠬᠤᠶ ᠵᠢᠨ ᠴᠢᠳᠠᠮᠵᠢ ᠪᠠ ᠦᠷᠭᠦᠯᠵᠢᠯᠡᠨ ᠠᠰᠢᠭᠯᠠᠬᠤ ᠵᠢ ᠪᠠᠲᠤᠯᠠᠨ᠂ ᠠᠮᠢ ᠠᠬᠤᠶ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ᠂ ᠠᠵᠤ ᠠᠬᠤᠶ ᠵᠢᠨ ᠦᠷ᠎ᠡ ᠠᠰᠢᠭ᠎ᠤᠨ ᠬᠠᠷᠢᠯᠴᠠᠨ ᠨᠢᠭᠡᠳᠬᠦ ᠵᠢ ᠪᠡᠶᠡᠯᠡᠭᠦᠯᠦᠨ᠎ᠡ᠃
      ᠬᠣᠷᠢᠨ ᠳᠥᠷᠪᠡᠳᠦᠭᠡᠷ ᠵᠤᠷᠪᠤᠰ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠥᠬᠥᠶ ᠰᠠᠯᠠᠭ᠎ᠠ ᠮᠥᠴᠢᠷ᠎ᠨᠢ ᠴᠢᠭᠢᠭᠯᠢᠭ ᠭᠠᠵᠠᠷ᠎ᠢ ᠬᠠᠮᠠᠭ᠋ᠠᠯᠠᠬᠤ ᠲᠥᠯᠥᠪᠵᠢᠭᠦᠯᠭᠡ ᠪᠠ ᠴᠢᠭᠢᠭᠯᠢᠭ ᠭᠠᠵᠠᠷ᠎ᠢ ᠬᠠᠮᠠᠭ᠋ᠠᠯᠠᠬᠤ ᠬᠡᠷᠡᠭᠴᠡᠭᠡ ᠵᠢ ᠦᠨᠳᠦᠰᠦᠯᠡᠨ᠂ ᠴᠢᠭᠢᠭᠯᠢᠭ ᠭᠠᠵᠠᠷ᠎ᠢ ᠬᠠᠤᠯᠢ ᠶᠣᠰᠣᠭ᠋ᠠᠷ ᠤᠯᠤᠰ᠎ᠤᠨ ᠴᠡᠴᠡᠷᠯᠢᠭ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠤᠶᠤ ᠪᠠᠶ᠋ᠢᠭ᠋ᠠᠯᠢ ᠵᠢᠨ ᠴᠡᠴᠡᠷᠯᠢᠭ᠎ᠲᠤ ᠣᠷᠣᠭᠤᠯᠬᠤ ᠬᠡᠷᠡᠭᠲᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠵᠢᠷᠭᠤᠭ᠎ᠠ)
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠳᠤᠯᠤᠭ᠎ᠠ)
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠨᠠᠢ᠍ᠮᠠ )
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠬᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠶᠢᠰᠦ)
ᠶᠠᠮᠠᠷ ᠪᠠᠶ᠋ᠢᠳᠠᠯ ᠳᠣᠣᠷ᠎ᠠ ᠰᠢᠭᠤᠶ᠋ᠢᠲᠤ ᠭᠠᠵᠠᠷ᠎ᠢ ᠬᠡᠷᠡᠭᠯᠡᠬᠦ ᠭᠠᠷ ᠭᠦᠢ᠍ᠴᠡᠳᠬᠡᠯ ᠬᠢᠬᠦ ᠬᠡᠷᠡᠭᠲᠡᠶ ᠪᠤᠢ?
 
             蒙ICP备05000248号