ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠲᠡᠵᠢᠭᠡᠨ ᠦᠷᠡᠵᠢᠭᠦᠯᠬᠦ ᠦᠨᠡᠮᠯᠡᠯ ᠣᠯᠭᠤᠬᠤ ᠬᠡᠪᠴᠢᠶ᠎ᠡ
ᠨᠡᠶ᠋ᠢᠲᠡᠯᠡᠭᠰᠡᠨ ᠴᠠᠭ᠄ 2023-01-06

      ᠤᠰᠤᠨ᠎ᠤ ᠴᠠᠷᠠᠭ᠎ᠠ᠂ ᠭᠤᠣᠯ᠎ᠤᠨ ᠰᠠᠶ᠋ᠢᠷᠭ᠋ᠠᠯ᠎ᠤᠨ ᠡᠷᠬᠡ ᠵᠢᠨ ᠬᠠᠷᠢᠶᠠᠯᠠᠯ᠎ᠤᠨ ᠰᠢᠨᠵᠢ ᠴᠢᠨᠠᠷ᠎ᠤᠨ ᠠᠳᠠᠯᠢ ᠪᠤᠰᠤ ᠵᠢ ᠦᠨᠳᠦᠰᠦᠯᠡᠨ᠂ ᠪᠣᠳᠠᠲᠠᠢ᠎ᠪᠠᠷ ᠬᠤᠶᠠᠷ ᠵᠦᠢ᠍ᠯ᠎ᠤᠨ ᠪᠠᠶ᠋ᠢᠳᠠᠯ᠎ᠳᠤ ᠬᠤᠪᠢᠶᠠᠨ᠎ᠠ᠄ ᠨᠢᠭᠡ᠂ ᠠᠷᠠᠳ ᠨᠡᠶ᠋ᠢᠲᠡ ᠵᠢᠨ ᠥᠮᠴᠢᠯᠡᠯ᠎ᠤᠨ ᠤᠰᠤᠨ᠎ᠤ ᠴᠠᠷᠠᠭ᠎ᠠ᠂ ᠭᠤᠣᠯ᠎ᠤᠨ ᠰᠠᠶ᠋ᠢᠷᠭ᠋ᠠᠯ᠎ᠳᠤ 《ᠵᠢᠭ᠋ᠠᠰᠤᠨ ᠠᠵᠤ ᠠᠬᠤᠢ ᠵᠢᠨ ᠬᠠᠤᠯᠢ》 ᠪᠠ 《ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》 ᠵᠢᠨ ᠲᠣᠭᠲᠠᠭ᠋ᠠᠯ ᠶᠣᠰᠣᠭ᠋ᠠᠷ ᠤᠰᠦᠠ᠎ᠤ ᠴᠠᠷᠠᠭ᠎ᠠ᠂ ᠭᠤᠣᠯ᠎ᠤᠨ ᠰᠠᠶ᠋ᠢᠷᠭ᠋ᠠᠯ᠎ᠤᠨ ᠲᠡᠵᠢᠭᠡᠨ ᠦᠷᠡᠵᠢᠭᠦᠯᠭᠡ᠎ᠳᠤ ᠬᠡᠷᠡᠭᠯᠡᠬᠦ ᠡᠷᠬᠡ ᠵᠢ ᠲᠣᠭᠲᠠᠭ᠋ᠠᠨ᠎ᠠ᠃ ᠬᠤᠶᠠᠷ᠂ ᠲᠠᠷᠢᠶᠠᠯᠠᠩ᠎ᠤᠨ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠬᠡᠷᠡᠭᠯᠡᠵᠦ ᠪᠠᠶ᠋ᠢᠭ᠎ᠠ ᠬᠠᠮᠲᠤ ᠵᠢᠨ ᠥᠮᠴᠢᠯᠡᠯ᠎ᠤᠨ ᠪᠤᠶᠤ ᠠᠷᠠᠳ ᠨᠡᠶ᠋ᠢᠲᠡ ᠵᠢᠨ ᠥᠮᠴᠢᠯᠡᠯ᠎ᠤᠨ ᠤᠰᠦᠠ᠎ᠤ ᠴᠠᠷᠠᠭ᠎ᠠ᠂ ᠭᠤᠣᠯ᠎ᠤᠨ ᠰᠠᠶ᠋ᠢᠷᠭ᠋ᠠᠯ᠎ᠢ 《ᠵᠢᠭ᠋ᠠᠰᠤᠨ ᠠᠵᠤ ᠠᠬᠤᠢ ᠵᠢᠨ ᠬᠠᠤᠯᠢ》᠂ 《ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》 ᠪᠣᠯᠣᠨ ᠭᠠᠵᠠᠷ ᠰᠢᠷᠣᠢ ᠵᠢ ᠳᠠᠭ᠋ᠠᠭ᠋ᠠᠴᠢᠯᠠᠨ ᠡᠵᠡᠩᠨᠡᠬᠦ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠤᠰᠦᠠ᠎ᠤ ᠴᠠᠷᠠᠭ᠎ᠠ᠂ ᠭᠤᠣᠯ᠎ᠤᠨ ᠰᠠᠶ᠋ᠢᠷᠭ᠋ᠠᠯ᠎ᠤᠨ ᠲᠡᠵᠢᠭᠡᠨ ᠦᠷᠡᠵᠢᠭᠦᠯᠬᠦ ᠦᠢ᠍ᠯᠡᠰ᠎ᠤᠨ ᠳᠠᠭ᠋ᠠᠭ᠋ᠠᠴᠢᠯᠠᠨ ᠡᠵᠡᠩᠨᠡᠬᠦ ᠡᠷᠬᠡ ᠵᠢ ᠲᠣᠭᠲᠠᠭ᠋ᠠᠨ᠎ᠠ᠃ ᠳᠡᠭᠡᠷ᠎ᠡ ᠳᠤᠷᠠᠳᠤᠭᠰᠠᠨ ᠬᠤᠶᠠᠷ ᠵᠦᠢ᠍ᠯ᠎ᠤᠨ ᠲᠡᠵᠢᠭᠡᠨ ᠦᠷᠡᠵᠢᠭᠦᠯᠬᠦ ᠦᠨᠡᠮᠯᠡᠯ᠎ᠤᠨ ᠦᠨᠡᠮᠯᠡᠯ ᠣᠯᠭᠤᠭᠰᠠᠨ ᠬᠡᠪᠴᠢᠶ᠎ᠡ᠎ᠠᠴᠠ ᠦᠵᠡᠪᠡᠯ᠂ ᠲᠠᠷᠢᠶᠠᠯᠠᠩ᠎ᠤᠨ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠬᠡᠷᠡᠭᠯᠡᠵᠦ ᠪᠠᠶ᠋ᠢᠭ᠎ᠠ ᠬᠠᠮᠲᠤ ᠵᠢᠨ ᠥᠮᠴᠢᠯᠡᠯ᠎ᠤᠨ ᠪᠤᠶᠤ ᠠᠷᠠᠳ ᠨᠡᠶ᠋ᠢᠲᠡ ᠵᠢᠨ ᠥᠮᠴᠢᠯᠡᠯ᠎ᠤᠨ ᠤᠰᠦᠠ᠎ᠤ ᠴᠠᠷᠠᠭ᠎ᠠ᠂ ᠭᠤᠣᠯ᠎ᠤᠨ ᠰᠠᠶ᠋ᠢᠷᠭ᠋ᠠᠯ᠎ᠢ ᠳᠠᠭ᠋ᠠᠭ᠋ᠠᠴᠢᠯᠠᠨ ᠬᠡᠷᠡᠭᠯᠡᠵᠦ ᠲᠡᠵᠢᠭᠡᠨ ᠦᠷᠡᠵᠢᠭᠦᠯᠬᠦ ᠦᠢ᠍ᠯᠡᠳᠪᠦᠷᠢᠯᠡᠯ ᠡᠷᠬᠢᠯᠡᠬᠦ᠎ᠳᠤ ᠣᠯᠭᠤᠭᠰᠠᠨ ᠲᠡᠵᠢᠭᠡᠨ ᠦᠷᠡᠵᠢᠭᠦᠯᠬᠦ ᠦᠨᠡᠮᠯᠡᠯ᠎ᠨᠢ ᠬᠠᠤᠯᠢ ᠴᠠᠭ᠋ᠠᠵᠠ ᠵᠢᠨ ᠰᠢᠨᠵᠢ ᠴᠢᠨᠠᠷ᠎ᠤᠨ ᠲᠠᠯ᠎ᠠ᠎ᠪᠠᠷ ᠠᠷᠠᠳ ᠨᠡᠶ᠋ᠢᠲᠡ ᠵᠢᠨ ᠥᠮᠴᠢᠯᠡᠯ᠎ᠤᠨ ᠤᠰᠦᠠ᠎ᠤ ᠴᠠᠷᠠᠭ᠎ᠠ᠂ ᠭᠤᠣᠯ᠎ᠤᠨ ᠰᠠᠶ᠋ᠢᠷᠭ᠋ᠠᠯ᠎ᠢ ᠬᠡᠷᠡᠭᠯᠡᠵᠦ ᠲᠡᠵᠢᠭᠡᠨ ᠦᠷᠡᠵᠢᠭᠦᠯᠬᠦ ᠦᠢ᠍ᠯᠡᠳᠪᠦᠷᠢᠯᠡᠯ ᠡᠷᠬᠢᠯᠡᠬᠦ ᠲᠡᠵᠢᠭᠡᠨ ᠦᠷᠡᠵᠢᠭᠦᠯᠬᠦ ᠦᠨᠡᠮᠯᠡᠯ᠎ᠲᠠᠢ ᠠᠳᠠᠯᠢ ᠤᠶ᠋ᠢᠭᠡᠢ ᠪᠠᠶ᠋ᠢᠬᠤ ᠬᠡᠷᠡᠭᠲᠡᠢ᠃ ᠦᠢ᠍ᠯᠡᠳᠦᠯᠭᠡ ᠵᠢᠨ ᠳᠤᠮᠳᠠ᠂ ᠡᠯ᠎ᠡ ᠭᠠᠵᠠᠷ᠎ᠤᠨ᠎ᠬᠢᠨ ᠶᠡᠷᠦ᠎ᠳᠤ᠎ᠪᠠᠨ ᠦᠨᠡᠮᠯᠡᠯ᠎ᠤᠨ ᠥᠩᠭᠡ᠂ ᠠᠭᠤᠯᠭ᠎ᠠ ᠵᠢᠨ ᠲᠠᠯ᠎ᠠ ᠵᠢᠨ ᠠᠳᠠᠯᠢ ᠪᠤᠰᠤ᠎ᠪᠠᠷ ᠬᠤᠶᠠᠷ ᠵᠦᠢ᠍ᠯ᠎ᠤᠨ ᠦᠨᠡᠮᠯᠡᠯ᠎ᠢ ᠢᠯᠭ᠋ᠠᠳᠠᠭ᠃
 

ᠢᠷᠡᠯᠲᠡ᠄ ᠦᠪᠦᠷ ᠮᠤᠩᠭᠤᠯ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠡᠮ
          
ᠬᠠᠮᠢᠶ᠎ᠡ ᠪᠦᠬᠦᠢ ᠰᠣᠨᠢᠨ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠲᠠᠪᠤ)
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠵᠢᠷᠭᠤᠭ᠎ᠠ)
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠳᠤᠯᠤᠭ᠎ᠠ)
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠨᠠᠢ᠍ᠮᠠ )
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠬᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠶᠢᠰᠦ)
 
             蒙ICP备05000248号