ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠬᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠶᠢᠰᠦ)
ᠨᠡᠶ᠋ᠢᠲᠡᠯᠡᠭᠰᠡᠨ ᠴᠠᠭ᠄ 2023-11-07

      ᠲᠠᠪᠤᠳᠤᠭ᠋ᠠᠷ ᠪᠦᠯᠦᠭ ᠬᠢᠨᠠᠯᠲᠠ ᠲᠠᠯᠪᠢᠵᠤ ᠪᠠᠶ᠋ᠢᠴᠠᠭ᠋ᠠᠬᠤ
      ᠳᠥᠴᠢᠨ ᠲᠠᠪᠤᠳᠤᠭ᠋ᠠᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠨᠤᠲᠤᠭ ᠪᠡᠯᠴᠢᠭᠡᠷ᠂ ᠪᠠᠶ᠋ᠢᠭ᠋ᠠᠯᠢ ᠵᠢᠨ ᠡᠬᠢ ᠪᠠᠶᠠᠯᠢᠭ᠂ ᠤᠰᠤᠨ᠎ᠤ ᠵᠠᠰᠠᠭ   ᠵᠠᠬᠢᠷᠭ᠎ᠠ᠂ ᠣᠷᠣᠨ ᠰᠠᠭᠤᠴᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠠᠮᠢ ᠠᠬᠤᠶ ᠵᠢᠨ ᠣᠷᠴᠢᠨ ᠲᠣᠭᠣᠷᠢᠨ᠂ ᠲᠠᠷᠢᠶᠠᠯᠠᠩ ᠬᠥᠳᠡᠭᠡ ᠲᠣᠰᠬᠣᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰ ᠬᠠᠤᠯᠢ ᠵᠢᠨ ᠲᠣᠭᠲᠠᠭ᠋ᠠᠯ ᠶᠣᠰᠣᠭ᠋ᠠᠷ᠂ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠴᠢᠭᠢᠭᠯᠢᠭ ᠭᠠᠵᠠᠷ᠎ᠢ ᠬᠠᠮᠠᠭ᠋ᠠᠯᠠᠬᠤ᠂ ᠰᠡᠷᠭᠦᠭᠡᠬᠦ᠂ ᠠᠰᠢᠭᠯᠠᠬᠤ ᠵᠡᠷᠭᠡ ᠠᠵᠢᠯᠯᠠᠭ᠎ᠠ᠎ᠳᠤ ᠬᠢᠨᠠᠯᠲᠠ ᠳᠡᠯᠪᠢᠨ ᠪᠠᠶ᠋ᠢᠴᠠᠭ᠋ᠠᠵᠤ᠂ ᠴᠢᠭᠢᠭᠯᠢᠭ ᠭᠠᠵᠠᠷ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃
      ᠳᠥᠴᠢᠨ ᠵᠢᠷᠭᠤᠳᠤᠭ᠋ᠠᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠢ ᠨᠤᠲᠤᠭ ᠪᠡᠯᠴᠢᠭᠡᠷ᠂ ᠪᠠᠶ᠋ᠢᠭ᠋ᠠᠯᠢ ᠵᠢᠨ ᠡᠬᠢ ᠪᠠᠶᠠᠯᠢᠭ᠂ ᠤᠰᠤᠨ᠎ᠤ ᠵᠠᠰᠠᠭ ᠵᠠᠬᠢᠷᠭ᠎ᠠ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ᠂ ᠠᠮᠢ ᠠᠬᠤᠢ ᠵᠢᠨ ᠣᠷᠴᠢᠨ ᠲᠤᠭᠤᠷᠢᠨ᠂ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠳ ᠬᠢᠨᠠᠯᠲᠠ ᠲᠠᠯᠪᠢᠵᠤ ᠪᠠᠶ᠋ᠢᠴᠠᠭ᠋ᠠᠬᠤ᠎ᠳᠠᠭᠠᠨ ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ ᠵᠢ ᠠᠪᠬᠤ ᠡᠷᠬᠡ᠎ᠲᠠᠢ᠄
     (ᠨᠢᠭᠡ) ᠪᠠᠶ᠋ᠢᠴᠠᠭ᠋ᠠᠭᠳᠠᠬᠤ ᠨᠢᠭᠡᠴᠢ ᠪᠤᠶᠤ ᠬᠤᠪᠢ ᠬᠥᠮᠦᠨ᠎ᠠᠴᠠ ᠯᠠᠪᠯᠠᠨ ᠠᠰᠠᠭᠤᠵᠤ᠂ ᠬᠢᠨᠠᠵᠤ ᠪᠠᠶ᠋ᠢᠴᠠᠭ᠋ᠠᠬᠤ ᠵᠦᠢ᠍ᠯ᠎ᠲᠠᠢ ᠬᠣᠯᠪᠣᠭᠳᠠᠬᠤ ᠪᠠᠶ᠋ᠢᠳᠠᠯ᠎ᠤᠨ ᠲᠤᠬᠠᠢ ᠲᠣᠳᠣᠷᠬᠠᠶ᠋ᠢᠯᠠᠯᠲᠠ ᠬᠢᠯᠭᠡᠬᠦ᠎ᠪᠠᠷ ᠲᠡᠳᠡᠨ᠎ᠢ ᠱᠠᠭ᠋ᠠᠷᠳᠠᠬᠤ;
     (ᠬᠣᠶᠠᠷ) ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠯᠲᠠ ᠬᠢᠬᠦ;
     (ᠭᠤᠷᠪᠠ) ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠪᠠᠶ᠋ᠢᠴᠠᠭ᠋ᠠᠨ ᠦᠵᠡᠵᠦ᠂ ᠪᠠᠭᠤᠯᠭ᠋ᠠᠨ ᠠᠪᠴᠤ᠂ ᠰᠢᠯᠵᠢᠭᠦᠯᠬᠦ᠂ ᠤᠰᠠᠳᠬᠠᠬᠤ᠂ ᠨᠢᠭᠤᠬᠤ ᠪᠤᠶᠤ ᠥᠭᠡᠷᠡᠲᠦᠭᠦᠯᠵᠦ ᠮᠡᠳᠡᠬᠦ ᠪᠤᠯᠤᠮᠵᠢ᠎ᠲᠠᠢ ᠪᠢᠴᠢᠭ ᠮᠠᠲ᠋ᠧᠷᠢᠶᠠᠯ᠎ᠢ ᠪᠢᠲᠡᠭᠦᠮᠵᠢᠯᠡᠨ ᠬᠠᠳᠠᠭ᠋ᠠᠯᠠᠬᠤ;
     (ᠲᠦᠷᠪᠡ) ᠬᠠᠤᠯᠢ ᠵᠢ ᠵᠥᠷᠢᠴᠡᠭᠰᠡᠨ ᠰᠡᠵᠢᠭᠯᠡᠯᠲᠡᠢ ᠠᠵᠢᠯᠯᠠᠭ᠎ᠠ ᠵᠢᠨ ᠲᠠᠯᠠᠪᠤᠷ᠂ ᠲᠤᠨᠤᠭ ᠲᠥᠬᠥᠭᠡᠷᠦᠮᠵᠢ ᠪᠤᠶᠤ ᠡᠳ᠋ ᠮᠥᠩᠭᠥ ᠵᠢ ᠪᠠᠶ᠋ᠢᠴᠠᠭ᠋ᠠᠨ ᠪᠢᠲᠡᠭᠦᠮᠵᠢᠯᠡᠬᠦ᠂ ᠬᠤᠷᠢᠶᠠᠨ ᠠᠪᠤᠨ᠎ᠠ᠃
      ᠳᠥᠴᠢᠨ ᠳᠣᠯᠣᠳᠤᠭ᠋ᠠᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠢ ᠨᠤᠲᠤᠭ ᠪᠡᠯᠴᠢᠭᠡᠷ᠂ ᠪᠠᠶ᠋ᠢᠭ᠋ᠠᠯᠢ ᠵᠢᠨ ᠡᠬᠢ ᠪᠠᠶᠠᠯᠢᠭ᠂ ᠤᠰᠤᠨ᠎ᠤ ᠵᠠᠰᠠᠭ ᠵᠠᠬᠢᠷᠭ᠎ᠠ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ᠂ ᠠᠮᠢ ᠠᠬᠤᠢ ᠵᠢᠨ ᠣᠷᠴᠢᠨ ᠨᠥᠬᠥᠴᠡᠯ᠂ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠳ ᠬᠠᠤᠯᠢ ᠶᠣᠰᠣᠭ᠋ᠠᠷ ᠬᠢᠨᠠᠵᠤ ᠪᠠᠶ᠋ᠢᠴᠠᠭ᠋ᠠᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ᠂ ᠬᠣᠯᠪᠣᠭᠳᠠᠯ ᠪᠦᠬᠦᠢ ᠨᠢᠭᠡᠴᠡ ᠪᠠ ᠬᠤᠪᠢ ᠬᠥᠮᠦᠨ ᠬᠠᠮᠵᠢᠯᠴᠠᠬᠤ ᠬᠡᠷᠡᠭᠲᠡᠢ᠂ ᠬᠠᠮᠵᠢᠯᠴᠠᠬᠤ ᠵᠢ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃
      ᠳᠥᠴᠢᠨ ᠨᠠᠢ᠍ᠮᠠᠳᠤᠭ᠋ᠠᠷ ᠵᠤᠷᠪᠤᠰ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠯᠤᠰ᠎ᠤᠨ ᠴᠢᠬᠤᠯᠠ ᠴᠢᠭᠢᠭᠯᠢᠭ ᠭᠠᠵᠠᠷ᠎ᠤᠨ ᠬᠠᠮᠠᠭ᠋ᠠᠯᠠᠯᠲᠠ ᠵᠢᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠶ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠮᠤᠵᠢ ᠵᠢᠨ ᠱᠠᠲᠤᠨ᠎ᠤ ᠴᠢᠬᠤᠯᠠ ᠴᠢᠭᠢᠭᠯᠢᠭ ᠭᠠᠵᠠᠷ᠎ᠤᠨ ᠬᠠᠮᠠᠭ᠋ᠠᠯᠠᠯᠲᠠ ᠵᠢᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠶ᠃ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠨᠢ ᠮᠡᠳᠡᠭᠡ ᠵᠠᠩᠬᠢ ᠵᠢᠨ ᠮᠡᠷᠭᠡᠵᠢᠯ᠎ᠢ   ᠬᠦᠢ᠍ᠴᠡᠳ ᠠᠰᠢᠭᠯᠠᠨ᠂ ᠴᠢᠭᠢᠭᠯᠢᠭ ᠭᠠᠵᠠᠷ᠎ᠤᠨ ᠬᠠᠮᠠᠭ᠋ᠠᠯᠠᠯᠲᠠ ᠵᠢᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠬᠡᠷᠡᠭᠲᠡᠶ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠥᠬᠥᠶ ᠰᠠᠯᠠᠭ᠎ᠠ ᠮᠥᠴᠢᠷ᠎ᠨᠢ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠮᠢᠶ᠎ᠠ ᠪᠥᠬᠥᠶ ᠮᠡᠳᠡᠭᠡ ᠵᠠᠩᠭᠢ ᠵᠢ ᠬᠠᠤᠯᠢ ᠶᠣᠰᠣᠭ᠋ᠠᠷ ᠢᠯᠡ ᠪᠣᠯᠭ᠋ᠠᠵᠤ᠂ ᠨᠡᠶ᠋ᠢᠭᠡᠮ᠎ᠤᠨ ᠬᠢᠨᠠᠯᠲᠠ ᠵᠢ ᠬᠦᠯᠢᠶᠡᠬᠦ ᠬᠡᠷᠡᠭᠲᠡᠶ᠃
      ᠳᠥᠴᠢ ᠶᠢᠰᠦᠳᠦᠭᠡᠷ ᠵᠤᠷᠪᠤᠰ ᠤᠯᠤᠰ᠎ᠠᠴᠠ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠷᠠᠯᠲᠠᠲᠤ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠵᠦ᠂ ᠴᠢᠭᠢᠭᠯᠢᠭ ᠭᠠᠵᠠᠷ᠎ᠢ ᠬᠠᠮᠠᠭ᠋ᠠᠯᠠᠬᠤ ᠵᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠶᠡᠷᠦᠩᠬᠡᠶ᠋ᠢᠯᠡᠭᠰᠡᠨ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠠᠭᠤᠯᠭ᠎ᠠ᠎ᠳᠤ ᠣᠷᠣᠭᠤᠯᠤᠨ᠎ᠠ᠃ ᠴᠢᠭᠢᠭᠯᠢᠭ ᠭᠠᠵᠠᠷ᠎ᠢ ᠡᠪᠳᠡᠭᠰᠡᠨ ᠠᠰᠠᠭᠤᠳᠠᠯ ᠲᠣᠪᠣᠶ᠋ᠢᠮ᠎ᠠ᠂ ᠴᠢᠭᠢᠭᠯᠢᠭ ᠭᠠᠵᠠᠷ᠎ᠢ ᠬᠠᠮᠠᠭ᠋ᠠᠯᠠᠬᠤ ᠠᠵᠢᠯ ᠬᠦᠴᠦᠲᠡᠶ ᠪᠤᠰᠤ᠂ ᠣᠯᠠᠨ ᠲᠦᠮᠡᠨ᠎ᠤ ᠲᠤᠰᠬᠠᠯ ᠴᠢᠩᠭ᠎ᠠ ᠪᠠᠶ᠋ᠢᠭ᠎ᠠ ᠭᠠᠵᠠᠷ ᠣᠷᠣᠨ᠎ᠳᠤ᠂ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠲᠣᠰ ᠭᠠᠵᠠᠷ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠤᠤᠯ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠬᠤ ᠬᠡᠷᠡᠭᠲᠡᠶ᠃  
      ᠲᠠᠪᠢᠳᠤᠭ᠋ᠠᠷ ᠵᠤᠷᠪᠤᠰ   ᠴᠢᠭᠢᠭᠯᠢᠭ ᠭᠠᠵᠠᠷ᠎ᠢ ᠬᠠᠮᠠᠭ᠋ᠠᠯᠠᠬᠤ᠂ ᠰᠡᠷᠭᠦᠭᠡᠬᠦ ᠪᠠ ᠬᠠᠮᠢᠶᠠᠷᠤᠭᠰᠠᠨ ᠪᠠᠶ᠋ᠢᠳᠠᠯ᠎ᠢ ᠤᠳᠤᠷᠢᠳᠬᠤ ᠺᠠᠳ᠋ᠷ᠎ᠤᠨ ᠲᠤᠰᠢᠶᠠᠯ᠎ᠠᠴᠠ᠎ᠪᠠᠨ ᠪᠠᠭᠤᠬᠤ ᠦᠶ᠎ᠡ ᠵᠢᠨ ᠪᠠᠶ᠋ᠢᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢᠨ ᠬᠢᠨᠠᠨ ᠪᠤᠳᠤᠯᠲᠠ᠎ᠳᠤ ᠣᠷᠣᠭᠤᠯᠬᠤ ᠬᠡᠷᠡᠭᠲᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
 
             蒙ICP备05000248号