《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠦᠷ᠎ᠡ ᠵᠢᠨ ᠳᠦᠷᠢᠮ》
(2002 ᠣᠨ᠎ᠤ 8 ᠰᠠᠷ᠎ᠠ ᠵᠢᠨ 2᠎ᠤᠨ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠢᠰᠦᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠭᠤᠴᠢᠨ ᠨᠢᠭᠡᠳᠦᠭᠡᠷ ᠬᠤᠷᠠᠯ᠎ᠠᠴᠠ ᠪᠠᠲᠤᠯᠠᠪᠠ 2020 ᠣᠨ᠎ᠤ 7 ᠰᠠᠷ᠎ᠠ ᠵᠢᠨ 23᠎ᠤ ᠡᠳᠦᠷ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠨ ᠨᠢᠭᠡᠳᠦᠭᠡᠷ ᠬᠤᠷᠠᠯ᠎ᠤᠨ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠮᠡᠷᠭᠡᠵᠢᠯ ᠵᠶ᠋ᠠᠷ ᠰᠡᠷᠭᠡᠶ᠋ᠢᠯᠡᠨ ᠬᠠᠮᠢᠶᠠᠷᠬᠤ ᠲᠦᠷᠢᠮ〉 ᠵᠡᠷᠭᠡ 4 ᠬᠤᠪᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠤᠷᠢ ᠣᠷᠣᠭᠤᠯᠪᠠ 2021 ᠣᠨ᠎ᠤ 11 ᠰᠠᠷ᠎ᠠ ᠵᠢᠨ 16᠎ᠤ ᠡᠳᠦᠷ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠭᠤᠴᠢᠨ ᠨᠢᠭᠡᠳᠦᠭᠡᠷ ᠬᠤᠷᠠᠯ᠎ᠤᠨ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠦᠷ᠎ᠡ ᠵᠢᠨ ᠲᠦᠷᠢᠮ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠤᠷᠢ ᠣᠷᠣᠭᠤᠯᠪᠠ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠵᠦᠢ ᠵᠣᠬᠢᠰᠲᠠᠢ ᠠᠰᠢᠭᠯᠠᠨ᠂ ᠤᠢ ᠮᠣᠳᠣᠨ᠎ᠤ ᠦᠷ᠎ᠡ ᠦᠢ᠍ᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠥᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ ᠤᠢ ᠮᠣᠳᠣᠨ᠎ᠤ ᠦᠷ᠎ᠡ ᠵᠢᠨ ᠦᠢ᠍ᠯᠡᠰ᠎ᠤᠨ ᠬ᠋᠊¨ ᠊ᠥ᠋ᠭᠵᠢᠯᠲᠡ ᠵᠢ ᠠᠬᠢᠭᠤᠯᠬᠤ ᠵᠢᠨ ᠲᠤᠰᠠᠳᠠ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠡ ᠵᠢᠨ ᠬᠠᠤᠯᠢ》 ᠪᠣᠯᠤᠨ ᠤᠯᠤᠰ᠎ᠤᠨ ᠬᠣᠯᠪᠣᠭᠳᠠᠯ ᠪᠥᠬᠥᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠲᠤᠰ ᠲᠥᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠤᠢ ᠮᠣᠳᠣᠨ᠎ᠤ ᠡᠭᠦᠯᠳᠡᠷ ᠰᠣᠩᠭᠣᠨ ᠪᠣᠶ᠋ᠢᠵᠢᠭᠤᠯᠬᠤ᠂ ᠣᠷᠣᠭᠤᠯᠬᠤ᠂ ᠤᠢ ᠮᠣᠳᠣᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠪᠠ ᠬᠠᠮᠢᠶᠠᠷᠬᠤ ᠵᠡᠷᠭᠡ ᠠᠵᠢᠯᠯᠠᠭ᠎ᠠ ᠡᠷᠬᠢᠯᠡᠬᠥ᠎ᠳᠤ ᠲᠤᠰ ᠲᠥᠷᠢᠮ ᠲᠤᠬᠢᠷᠠᠨ᠎ᠠ᠃
ᠲᠤᠰ ᠲᠦᠷᠢᠮ᠎ᠳᠤ ᠬᠡᠯᠡᠵᠦ ᠪᠠᠶ᠋ᠢᠭ᠎ᠠ ᠤᠢ ᠮᠣᠳᠣᠨ᠎ᠤ ᠦᠷ᠎ᠡ ᠭᠡᠳᠡᠭ᠎ᠨᠢ ᠤᠢ ᠮᠣᠳᠣ ᠲᠡᠷᠢᠬᠤ ᠮᠠᠲᠸᠷᠢᠶᠠᠯ ᠪᠤᠶᠤ ᠪᠤᠢ᠌ᠵᠢᠭᠤᠯᠬᠤ ᠮᠠᠲᠸᠷᠢᠶᠠᠯ᠎ᠢ ᠵᠢᠭ᠋ᠠᠵᠤ ᠪᠤᠢ᠂ ᠡᠭᠦᠨ᠎ᠳᠤ ᠦᠷ᠎ᠡ᠂ ᠦᠷ᠎ᠡ ᠵᠢᠮᠢᠰ᠂ ᠦᠨᠳᠦᠰᠦ᠂ ᠡᠰᠢ᠂ ᠴᠢᠬᠢ᠂ ᠨᠠᠬᠢᠶ᠎ᠠ᠂ ᠨᠠᠪᠴᠢ ᠵᠡᠷᠭᠡ ᠪᠤᠢ᠃
ᠭᠤᠷᠪᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠢ ᠮᠣᠳᠣᠨ᠎ᠤ ᠦᠷ᠎ᠡ ᠵᠢᠨ ᠠᠵᠢᠯ᠎ᠢ ᠭᠣᠣᠯᠴᠢᠯᠠᠨ ᠬᠠᠮᠢᠶᠠᠷᠴᠤ᠂ ᠡᠳᠦᠷ ᠲᠤᠳᠤᠮ᠎ᠤᠨ ᠬᠠᠮᠢᠶᠠᠷᠤᠯᠲᠠ ᠵᠢᠨ ᠠᠵᠢᠯ᠎ᠢ ᠤᠢ ᠮᠣᠳᠣᠨ᠎ᠤ ᠦᠷ᠎ᠡ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠬᠠᠷᠢᠭᠤᠴᠠᠨ᠎ᠠ᠃
ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠢ ᠮᠣᠳᠣᠨ᠎ᠤ ᠦᠷ᠎ᠡ ᠵᠢᠨ ᠢᠨᠵᠸᠨ᠋ᠸᠷᠢᠩ᠎ᠢ ᠶᠡᠬᠡᠪᠡᠷ ᠬᠡᠷᠡᠭᠵᠢᠭᠦᠯᠵᠦ᠂ ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ᠂ ᠤᠢ ᠮᠣᠳᠣᠨ᠎ᠤ ᠰᠢᠯᠢᠳᠡᠭ ᠡᠭᠦᠯᠳᠡᠷ᠎ᠢ ᠰᠣᠩᠭᠣᠨ ᠪᠣᠶ᠋ᠢᠵᠢᠭᠤᠯᠬᠤ᠂ ᠦᠢ᠍ᠯᠡᠳᠪᠦᠷᠢᠯᠡᠬᠦ᠂ ᠬᠡᠷᠡᠭᠯᠡᠬᠦ᠂ ᠳᠡᠯᠭᠡᠷᠡᠭᠦᠯᠬᠦ᠂ ᠰᠢᠨᠡᠴᠢᠯᠡᠬᠦ᠂ ᠤᠢ ᠮᠣᠳᠣᠨ᠎ᠤ ᠦᠷ᠎ᠡ ᠦᠢ᠍ᠯᠡᠳᠪᠦᠷᠢᠯᠡᠬᠦ ᠰᠠᠭᠤᠷᠢᠨ ᠭᠠᠵᠠᠷ᠎ᠤᠨ ᠪᠦᠳᠦᠬᠡᠨ ᠪᠠᠶ᠋ᠢᠭᠤᠯᠤᠯᠲᠠ᠂ ᠤᠢ ᠮᠣᠳᠣᠨ᠎ᠤ ᠦᠷ᠎ᠡ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ ᠪᠣᠯᠤᠨ ᠮᠡᠷᠭᠡᠵᠢᠯ ᠳᠡᠯᠭᠡᠷᠡᠭᠦᠯᠬᠦ᠂ ᠤᠢ ᠮᠣᠳᠣᠨ᠎ᠤ ᠦᠷ᠎ᠡ ᠵᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲᠸᠮᠵᠢ ᠵᠢᠨ ᠪᠦᠳᠦᠬᠡᠨ ᠪᠠᠶ᠋ᠢᠭᠤᠯᠤᠯᠲᠠ ᠵᠢ ᠤᠢ ᠰᠢᠭᠤᠢ ᠵᠢᠨ ᠬᠥᠭᠵᠢᠯᠲᠡ ᠵᠢᠨ ᠲᠥᠯᠥᠪᠵᠢᠭᠦᠯᠭᠡ ᠪᠣᠯᠤᠨ ᠣᠨ᠎ᠤ ᠲᠥᠯᠥᠪᠯᠡᠭᠡ᠎ᠳᠤ ᠣᠷᠣᠭᠤᠯᠬᠤ ᠬᠡᠷᠡᠭᠲᠡᠢ᠃
ᠨᠢᠭᠡᠴᠡ ᠪᠣᠯᠤᠨ ᠬᠤᠪᠢ ᠬᠥᠮᠦᠨ᠎ᠤ ᠤᠢ ᠮᠣᠳᠣᠨ᠎ᠤ ᠦᠷ᠎ᠡ ᠵᠢᠨ ᠰᠢᠯᠢᠳᠡᠭ ᠡᠭᠦᠯᠳᠡᠷ ᠪᠣᠯᠤᠨ ᠰᠢᠨ᠎ᠡ ᠡᠭᠦᠯᠳᠡᠷ᠎ᠢ ᠰᠤᠳᠤᠯᠵᠤ᠂ ᠨᠡᠭᠡᠭᠡᠨ ᠠᠰᠢᠭᠯᠠᠵᠤ᠂ ᠡᠵᠡᠩᠨᠡᠬᠦ ᠪᠠ ᠳᠡᠯᠭᠡᠷᠡᠭᠦᠯᠬᠦ ᠵᠢ ᠵᠤᠷᠢᠭᠵᠢᠭᠤᠯᠤᠨ ᠳᠠᠮᠵᠢᠨ᠎ᠠ; ᠡᠭᠦᠯᠳᠡᠷ ᠰᠣᠩᠭᠣᠨ ᠪᠣᠶ᠋ᠢᠵᠢᠭᠤᠯᠬᠤ ᠪᠠ ᠣᠶ ᠮᠣᠳᠣᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠢ ᠬᠠᠷᠢᠯᠴᠠᠨ ᠤᠶᠠᠯᠳᠤᠭᠤᠯᠬᠤ ᠵᠢ ᠵᠣᠷᠢᠭᠵᠢᠭᠤᠯᠵᠤ᠂ ᠣᠶ ᠮᠣᠳᠣᠨ᠎ᠤ ᠦᠷ᠎ᠡ ᠵᠢᠨ ᠠᠵᠤ ᠦᠢ᠍ᠯᠡᠰ᠎ᠢ ᠬᠥᠭᠵᠢᠭᠦᠯᠬᠦ ᠬᠡᠷᠡᠭᠲᠡᠶ᠃
ᠲᠠᠪᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠯ ᠶᠣᠰᠣᠭ᠋ᠠᠷ ᠤᠢ ᠮᠣᠳᠣᠨ᠎ᠤ ᠦᠷ᠎ᠡ ᠵᠢᠨ ᠲᠤᠰᠬᠠᠢ ᠵᠦᠢ᠍ᠯ᠎ᠤᠨ ᠪᠡᠯᠡ ᠮᠥᠩᠭᠥ ᠪᠠᠶ᠋ᠢᠭᠤᠯᠵᠤ᠂ ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠤᠢ ᠮᠣᠳᠣᠨ᠎ᠤ ᠰᠢᠯᠢᠳᠡᠭ ᠡᠭᠦᠯᠳᠡᠷ᠎ᠢ ᠰᠣᠩᠭᠣᠨ ᠪᠣᠶ᠋ᠢᠵᠢᠭᠤᠯᠬᠤ᠂ ᠬᠢᠨᠠᠨ ᠲᠣᠭᠲᠠᠭ᠋ᠠᠬᠤ ᠪᠠ ᠳᠡᠯᠭᠡᠷᠡᠭᠦᠯᠬᠦ᠂ ᠤᠢ ᠮᠣᠳᠣᠨ᠎ᠤ ᠰᠢᠨ᠎ᠡ ᠡᠭᠦᠯᠳᠡᠷ᠎ᠢ ᠣᠷᠣᠭᠤᠯᠵᠤ ᠢᠷᠡᠬᠦ ᠪᠠ ᠲᠤᠷᠰᠢᠯᠲᠠ ᠵᠢᠨ ᠵᠢᠱ᠌ᠢᠶ᠎ᠡ ᠦᠵᠡᠭᠦᠯᠬᠦ᠂ ᠦᠷ᠎ᠡ ᠵᠢ ᠰᠢᠯᠭ᠋ᠠᠨ ᠪᠠᠶ᠋ᠢᠴᠠᠭ᠋ᠠᠬᠤ᠂ ᠦᠷ᠎ᠡ ᠵᠢᠨ ᠮᠡᠳᠡᠭᠡ ᠵᠠᠩᠭᠢ ᠵᠢᠨ ᠰᠦᠯᠵᠢᠶᠡᠨ᠎ᠤ ᠪᠠᠶ᠋ᠢᠭᠤᠯᠤᠯᠲᠠ ᠵᠡᠷᠭᠡ᠎ᠳᠤ ᠬᠡᠷᠡᠭᠯᠡᠬᠦ ᠬᠡᠷᠡᠭᠯᠡᠨ᠎ᠡ᠃
ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠠᠶ᠋ᠢᠮᠠᠭ᠎ᠤᠨ ᠵᠠᠬᠢᠷᠭ᠎ᠠ ᠪᠣᠯᠤᠨ ᠲᠣᠭᠣᠷᠢᠭ ᠪᠠᠢ᠌ᠭᠤᠯᠥᠭ᠍ᠰᠠᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠤᠢ ᠮᠣᠳᠣᠨ᠎ᠤ ᠦᠷ᠎ᠡ ᠨᠥᠭᠡᠴᠡᠯᠡᠬᠦ ᠲᠥᠷᠢᠮ᠎ᠢ ᠪᠠᠶ᠋ᠢᠭᠤᠯᠵᠤ᠂ ᠭᠣᠣᠯᠳᠠᠭᠤ ᠭᠠᠮᠰᠢᠭ ᠭᠠᠷᠬᠤ ᠪᠠ ᠤᠢ ᠮᠣᠳᠣᠨ᠎ᠤ ᠦᠷ᠎ᠡ ᠵᠢᠨ ᠭᠠᠷᠤᠯᠳᠠ ᠮᠠᠭᠤᠳᠠᠭᠰᠠᠨ ᠦᠶ᠎ᠡ ᠵᠢᠨ ᠣᠶ᠋ᠢᠵᠢᠭᠤᠯᠬᠤ ᠬᠡᠷᠡᠭᠴᠡᠭᠡ᠎ᠳᠤ ᠬᠡᠷᠡᠭᠯᠡᠨ᠎ᠡ᠃
ᠬᠣᠶᠠᠳᠤᠭ᠋ᠠᠷ ᠪᠦᠯᠦᠭ ᠦᠷ᠎ᠡ ᠵᠢᠨ ᠡᠬᠢ ᠪᠠᠶᠠᠯᠢᠭ᠎ᠢ ᠬᠠᠮᠠᠭ᠋ᠠᠯᠠᠬᠤ
ᠳᠤᠯᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ ᠤᠢ ᠮᠣᠳᠣᠨ᠎ᠤ ᠦᠷ᠎ᠡ ᠵᠢᠨ ᠡᠬᠢ ᠪᠠᠶᠠᠯᠢᠭ ᠢ ᠬᠠᠤᠯᠢ ᠶᠣᠰᠣᠭ᠋ᠠᠷ ᠬᠠᠮᠠᠭ᠋ᠠᠯᠠᠨ᠎ᠠ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠡᠵᠡᠯᠡᠬᠦ ᠪᠠ ᠡᠪᠳᠡᠵᠦ ᠪᠣᠯᠬᠤ ᠥᠭᠡᠢ᠃
ᠤᠯᠤᠰ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠬᠠᠮᠠᠭ᠋ᠠᠯᠠᠬᠤ ᠪᠠᠶ᠋ᠢᠭ᠋ᠠᠯᠢ ᠵᠢᠨ ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠢ ᠲᠡᠭᠦᠵᠦ ᠴᠤᠭᠯᠠᠭᠤᠯᠬᠤ ᠪᠤᠶᠤ ᠣᠭᠲᠣᠯᠬᠤ ᠵᠢ ᠴᠠᠭ᠋ᠠᠵᠠᠯᠠᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠤᠯ ᠵᠡᠷᠭᠡ ᠣᠨᠴᠣᠭᠣᠶ ᠪᠠᠶ᠋ᠢᠳᠠᠯ᠎ᠠᠴᠠ ᠪᠣᠯᠵᠤ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠬᠠᠮᠠᠭ᠋ᠠᠯᠠᠬᠤ ᠪᠠᠶ᠋ᠢᠭ᠋ᠠᠯᠢ ᠵᠢᠨ ᠣᠶ ᠮᠤᠳᠤᠨ᠎ᠤ ᠦᠷ᠎ᠡ ᠵᠢᠨ ᠡᠬᠢ ᠪᠠᠶᠠᠯᠢᠭ᠎ᠢ ᠲᠡᠭᠦᠵᠦ ᠴᠤᠭᠯᠠᠭᠤᠯᠬᠤ ᠪᠤᠶᠤ ᠣᠭᠲᠣᠯᠬᠤ ᠴᠢᠬᠤᠯᠠᠲᠠᠢ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠬᠡᠷᠡᠭᠲᠡᠶ᠃
ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠬᠠᠮᠠᠭ᠋ᠠᠯᠠᠬᠤ ᠪᠠᠶ᠋ᠢᠭ᠋ᠠᠯᠢ ᠵᠢᠨ ᠣᠶ ᠮᠤᠳᠤᠨ᠎ᠤ ᠦᠷ᠎ᠡ ᠵᠢᠨ ᠡᠬᠢ ᠪᠠᠶᠠᠯᠢᠭ᠎ᠤᠨ ᠭᠠᠷᠴᠠᠭ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠬᠤ ᠵᠢᠨ ᠬᠠᠮᠲᠤ ᠵᠠᠷᠯᠠᠨ ᠨᠡᠶ᠋ᠢᠲᠡᠯᠡᠨ᠎ᠡ᠃
ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ ᠣᠶ ᠮᠣᠳᠣᠨ᠎ᠤ ᠦᠷ᠎ᠡ ᠵᠢᠨ ᠡᠬᠢ ᠪᠠᠶᠠᠯᠢᠭ᠎ᠤᠨ ᠨᠡᠶ᠋ᠢᠳᠡᠮ ᠪᠠᠶ᠋ᠢᠴᠠᠭ᠋ᠠᠯᠲᠠ ᠪᠤᠶᠤ ᠲᠤᠰᠬᠠᠶ ᠵᠦᠢ᠍ᠯ᠎ᠤᠨ ᠪᠠᠶ᠋ᠢᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠵᠦ᠂ ᠤᠢ ᠮᠤᠳᠤᠨ᠎ᠤ ᠦᠷ᠎ᠡ ᠵᠢᠨ ᠡᠬᠢ ᠪᠠᠶᠠᠯᠢᠭ᠎ᠢ ᠲᠥᠯᠥᠪᠯᠡᠭᠡ᠎ᠲᠠᠢ᠎ᠪᠠᠷ ᠬᠤᠷᠢᠶᠠᠨ ᠴᠤᠭᠯᠠᠭᠤᠯᠬᠤ᠂ ᠡᠮᠬᠢᠳᠬᠡᠬᠦ᠂ ᠬᠢᠨᠠᠨ ᠲᠤᠭᠲᠠᠭ᠋ᠠᠬᠤ᠂ ᠲᠠᠩᠰᠠᠯᠠᠬᠤ᠂ ᠬᠠᠳᠠᠭ᠋ᠠᠯᠠᠬᠤ᠂ ᠰᠤᠯᠢᠯᠴᠠᠭ᠎ᠠ ᠪᠠ ᠠᠰᠢᠭᠯᠠᠬᠤ ᠵᠡᠷᠭᠡ ᠠᠵᠢᠯᠯᠠᠭ᠎ᠠ ᠠᠪᠴᠤ ᠪᠤᠯᠤᠨ᠎ᠠ᠃ ᠣᠶ ᠮᠣᠳᠣᠨ᠎ᠤ ᠦᠷ᠎ᠡ ᠵᠢᠨ ᠡᠬᠢ ᠪᠠᠶᠠᠯᠢᠭ᠎ᠢ ᠠᠰᠢᠭᠯᠠᠨ᠂ ᠣᠶ ᠮᠣᠳᠣᠨ᠎ᠤ ᠦᠷ᠎ᠡ ᠵᠢᠨ ᠡᠬᠢ ᠪᠠᠶᠠᠯᠢᠭ᠎ᠤᠨ ᠳ᠋ᠡᠢ᠌ᠲ᠋ᠠ ᠬᠥᠮᠥᠷᠭᠡ ᠪᠠᠶ᠋ᠢᠭᠤᠯᠵᠤ᠂ ᠠᠰᠢᠭᠯᠠᠵᠤ ᠪᠣᠯᠬᠤ ᠣᠶ ᠮᠣᠳᠣᠨ᠎ᠤ ᠦᠷ᠎ᠡ ᠵᠢᠨ ᠡᠬᠢ ᠪᠠᠶᠠᠯᠢᠭ᠎ᠤᠨ ᠭᠠᠷᠴᠠᠭ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠲᠡᠯᠡᠬᠦ ᠬᠡᠷᠡᠭᠲᠡᠶ᠃
ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠳᠠᠯᠢ ᠪᠤᠰᠤ ᠠᠮᠢ ᠠᠬᠤᠢ ᠵᠢᠨ ᠣᠷᠣᠨ ᠪᠦᠰᠡ ᠵᠢ ᠦᠨᠳᠦᠰᠦᠯᠡᠨ ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠤᠨ ᠬᠥᠮᠥᠷᠭᠡ᠂ ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠣᠷᠣᠨ ᠪᠤᠶᠤ ᠬᠠᠮᠠᠭ᠋ᠠᠯᠠᠯᠲᠠ ᠵᠢᠨ ᠭᠠᠵᠠᠷ᠎ᠢ ᠪᠠᠶ᠋ᠢᠭᠤᠯᠵᠤ᠂ ᠤᠨᠴᠠᠯᠢᠭᠲᠤ ᠤᠢ ᠮᠣᠳᠣᠨ᠎ᠤ ᠦᠷ᠎ᠡ ᠵᠢᠨ ᠡᠬᠢ ᠪᠠᠶᠠᠯᠢᠭ ᠤᠨ ᠬᠠᠮᠢᠶᠠᠷᠤᠯᠲᠠ ᠬᠢᠭᠡᠳ ᠬᠠᠮᠠᠭ᠋ᠠᠯᠠᠯᠲᠠ ᠵᠢ ᠴᠢᠩᠭ᠋ᠠᠳᠬᠠᠬᠤ ᠬᠡᠷᠡᠭᠲᠡᠢ᠃
ᠠᠷᠪᠠᠳᠤᠭ᠋ᠠᠷ ᠵᠦᠢ᠍ᠯ ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠤᠨ ᠬᠥᠮᠥᠷᠭᠡ᠂ ᠤᠢ ᠮᠤᠳᠤᠨ᠎ᠤ ᠦᠷ᠎ᠡ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠣᠷᠣᠨ ᠪᠤᠶᠤ ᠬᠠᠮᠠᠭ᠋ᠠᠯᠠᠯᠲᠠ ᠵᠢᠨ ᠭᠠᠵᠠᠷ ᠳᠣᠲᠣᠷ᠎ᠠ ᠦᠷ᠎ᠡ ᠵᠢᠨ ᠡᠬᠢ ᠪᠠᠶᠠᠯᠢᠭ᠎ᠲᠤ ᠬᠥᠨᠥᠭᠡᠯ᠎ᠲᠠᠢ ᠲᠤᠷᠰᠢᠯᠲᠠ ᠵᠢ ᠳᠤᠷ᠎ᠠ᠎ᠪᠠᠷ ᠵᠶ᠋ᠠᠨ ᠬᠢᠵᠦ ᠪᠣᠯᠬᠤ ᠥᠭᠡᠢ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ ᠵᠡᠷᠭᠡ ᠣᠨᠴᠠᠭ᠋ᠠᠢ ᠪᠠᠶ᠋ᠢᠳᠠᠯ᠎ᠠᠴᠠ ᠪᠤᠯᠵᠦ ᠦᠨᠡᠬᠡᠷ ᠲᠤᠷᠰᠢᠯᠲᠠ ᠬᠢᠬᠦ ᠴᠢᠬᠤᠯᠠᠲᠠᠢ ᠪᠠᠶ᠋ᠢᠪᠠᠯ᠂ ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠤᠨ ᠬᠥᠮᠥᠷᠭᠡ ᠪᠠᠶ᠋ᠢᠭᠤᠯᠬᠤ ᠵᠢ ᠵᠥᠪᠰᠢᠶᠡᠷᠡᠭᠰᠡᠨ ᠦᠷ᠎ᠡ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠣᠷᠣᠨ ᠪᠤᠶᠤ ᠬᠠᠮᠠᠭ᠋ᠠᠯᠠᠯᠲᠠ ᠵᠢᠨ ᠭᠠᠵᠠᠷ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠬᠡᠷᠡᠭᠲᠡᠢ᠃
ᠭᠤᠷᠪᠠᠳᠤᠭ᠋ᠠᠷ ᠪᠦᠯᠦᠭ ᠡᠭᠦᠯᠳᠡᠷ᠎ᠢ ᠬᠢᠨᠠᠨ ᠲᠣᠭᠲᠠᠭ᠋ᠠᠬᠤ ᠪᠠ ᠤᠷᠤᠭᠤᠯᠬᠤ
ᠠᠷᠪᠠᠨ ᠨᠢᠭᠡᠳᠦᠭᠡᠷ ᠵᠦᠢ᠍ᠯ ᠭᠣᠣᠯ ᠪᠣᠯᠬᠤ ᠤᠢ ᠮᠣᠳᠣᠨ᠎ᠤ ᠡᠭᠦᠯᠳᠡᠷ᠎ᠢ ᠳᠡᠯᠭᠡᠷᠡᠭᠦᠯᠦᠨ ᠬᠡᠷᠡᠭᠯᠡᠬᠦ᠎ᠠᠴᠠ ᠡᠮᠦᠨ᠎ᠡ ᠬᠢᠨᠠᠨ ᠲᠣᠭᠲᠠᠭ᠋ᠠᠬᠤ ᠲᠤᠢ᠍ᠷᠢᠮ᠎ᠢ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠣᠶ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠵᠥᠪᠯᠡᠯ᠎ᠢ ᠪᠠᠶ᠋ᠢᠭᠤᠯᠵᠤ᠂ ᠭᠣᠤᠯ ᠪᠣᠯᠬᠤ ᠣᠶ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠠᠵᠢᠯ᠎ᠢ ᠡᠭᠦᠷᠭᠡᠯᠡᠨ᠎ᠡ᠃
ᠠᠷᠪᠠᠨ ᠬᠣᠶᠠᠳᠤᠭ᠋ᠠᠷ ᠵᠦᠢ᠍ᠯ ᠭᠣᠣᠯ ᠪᠣᠯᠬᠤ ᠤᠢ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠵᠤ ᠪᠠᠲᠤᠯᠠᠭᠤᠯᠤᠭᠰᠠᠨ ᠥᠭᠡᠢ᠂ ᠦᠢ᠍ᠯᠡᠳᠪᠦᠷᠢᠯᠡᠯ᠎ᠠᠴᠠ ᠪᠣᠯᠣᠭ᠋ᠠᠳ ᠦᠨᠡᠨᠬᠦ ᠬᠡᠷᠡᠭᠯᠡᠬᠦ ᠴᠢᠬᠤᠯᠠᠲᠠᠢ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠬᠠᠷᠭᠤᠭᠤᠯᠤᠭᠤᠯᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠤᠢ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ ᠵᠶ᠋ᠠᠷ ᠬᠢᠨᠠᠨ ᠲᠣᠭᠲᠠᠭ᠋ᠠᠯᠭ᠋ᠠᠬᠤ ᠬᠡᠷᠡᠭᠲᠡᠶ᠃
ᠮᠠᠭ᠋ᠠᠳᠯᠠᠨ ᠲᠣᠭᠲᠠᠭ᠋ᠠᠵᠤ ᠪᠠᠲᠤᠯᠠᠭᠤᠯᠤᠭᠰᠠᠨ ᠤᠢ ᠮᠣᠳᠣᠨ᠎ᠤ ᠡᠭᠦᠯᠳᠡᠷ᠎ᠢ ᠬᠡᠷᠡᠭᠯᠡᠬᠦ ᠬᠤᠭᠤᠴᠠᠭ᠎ᠠ ᠵᠢ ᠤᠢ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠬᠤ ᠺᠣᠮᠢᠰ᠎ᠠᠴᠠ ᠤᠢ ᠮᠣᠳᠣᠨ᠎ᠤ ᠡᠭᠦᠯᠳᠡᠷ᠎ᠢ ᠰᠣᠩᠭᠣᠨ ᠪᠣᠶ᠋ᠢᠵᠢᠭᠤᠯᠬᠤ ᠵᠣᠷᠢᠯᠭ᠎ᠠ ᠪᠣᠯᠤᠨ ᠠᠮᠢᠳᠤ ᠪᠣᠳᠠᠰ᠎ᠤᠨ ᠤᠬᠠᠭ᠋ᠠᠨ᠎ᠤ ᠣᠨᠴᠠᠯᠢᠭ᠎ᠢ ᠦᠨᠳᠦᠰᠦᠯᠡᠨ ᠲᠣᠭᠲᠠᠭ᠋ᠠᠨ᠎ᠠ᠃
ᠠᠷᠪᠠᠨ ᠭᠤᠷᠪᠠᠳᠤᠭ᠋ᠠᠷ ᠵᠦᠢ᠍ᠯ ᠭᠣᠣᠯ ᠪᠣᠯᠬᠤ ᠤᠢ ᠮᠣᠳᠣᠨ᠎ᠤ ᠡᠭᠦᠯᠳᠡᠷ᠎ᠢ ᠬᠢᠨᠠᠨ ᠲᠣᠭᠲᠠᠭ᠋ᠠᠵᠤ ᠪᠠᠲᠤᠯᠠᠭᠤᠯᠤᠭᠰᠠᠨ ᠤᠢ᠍ᠭᠡᠢ ᠪᠠᠶ᠋ᠢᠪᠠᠯ᠂ ᠤᠢ ᠮᠣᠳᠣᠨ᠎ᠤ ᠰᠢᠯᠢᠳᠡᠭ ᠡᠭᠦᠯᠳᠡᠷ ᠪᠣᠯᠭ᠋ᠠᠨ ᠵᠡᠷ ᠨᠡᠶ᠋ᠢᠲᠡᠯᠡᠵᠦ ᠪᠣᠯᠬᠤ ᠤᠢ᠍ᠭᠡᠢ᠂ ᠤᠢ ᠮᠣᠳᠣᠨ᠎ᠤ ᠰᠢᠯᠢᠳᠡᠭ ᠡᠭᠦᠯᠳᠡᠷ ᠪᠣᠯᠭ᠋ᠠᠨ ᠡᠵᠡᠩᠨᠡᠵᠦ ᠳᠡᠯᠭᠡᠷᠡᠭᠦᠯᠵᠦ ᠪᠣᠯᠬᠤ ᠤᠢ᠍ᠭᠡᠢ᠃
ᠬᠢᠨᠠᠨ ᠲᠣᠭᠲᠠᠭ᠋ᠠᠵᠤ ᠪᠠᠲᠤᠯᠠᠭᠰᠠᠨ ᠤᠢ ᠮᠣᠳᠣᠨ᠎ᠤ ᠰᠢᠯᠢᠳᠡᠭ ᠡᠭᠦᠯᠳᠡᠷ᠎ᠢ ᠵᠠᠷᠯᠠᠨ ᠨᠡᠶ᠋ᠢᠲᠡᠯᠡᠭᠰᠡᠨ ᠲᠣᠬᠢᠷᠠᠮᠵᠢᠲᠠᠶ ᠠᠮᠢ ᠠᠬᠤᠶ ᠵᠢᠨ ᠣᠷᠣᠨ ᠪᠦᠰᠡ᠎ᠠᠴᠠ ᠳᠠᠪᠠᠭᠤᠯᠤᠨ ᠳᠡᠯᠭᠡᠷᠡᠭᠦᠯᠵᠦ ᠪᠣᠯᠬᠤ ᠤᠢ᠍ᠭᠡᠢ᠃
ᠠᠷᠪᠠᠨ ᠳᠥᠷᠪᠡᠳᠦᠭᠡᠷ ᠵᠦᠢ᠍ᠯ ᠠᠳᠠᠯᠢ ᠨᠢᠭᠡᠨ ᠠᠮᠢ ᠠᠬᠤᠶ ᠵᠢᠨ ᠣᠷᠣᠨ ᠪᠦᠰᠡ᠎ᠳᠤ ᠳᠤᠬᠢᠷᠠᠬᠤ ᠤᠢ ᠮᠣᠳᠣᠨ᠎ᠤ ᠡᠭᠦᠯᠳᠡᠷ᠎ᠢ ᠣᠷᠣᠭᠤᠯᠤᠨ ᠠᠪᠴᠢᠷᠠᠵᠤ ᠲᠡᠷᠢᠭ᠍ᠰᠡᠠᠨᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠠᠴᠠ ᠭᠠᠳᠠᠨ᠎ᠠ ᠪᠠᠶ᠋ᠢᠪᠠᠯ᠂ ᠡᠭᠦᠯᠳᠡᠷ ᠣᠷᠣᠭᠤᠯᠤᠭᠴᠢ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ; ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠠᠶ᠋ᠢᠮᠠᠭ ᠬᠤᠳᠠ᠎ᠳᠤ ᠬᠠᠷᠢᠶᠠᠯᠠᠭᠳᠠᠪᠠᠯ᠂ ᠦᠷ᠎ᠡ ᠣᠷᠣᠭᠤᠯᠤᠭᠴᠢ᠎ᠨᠢ ᠪᠠᠶ᠋ᠢᠭ᠎ᠠ ᠠᠶ᠋ᠢᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃
ᠠᠳᠠᠯᠢ ᠨᠢᠭᠡᠨ ᠲᠣᠬᠢᠷᠠᠮᠵᠢᠲᠠᠶ ᠠᠮᠢ ᠠᠬᠤᠶ ᠵᠢᠨ ᠣᠷᠣᠨ ᠪᠦᠰᠡ᠎ᠳᠤ ᠪᠠᠭᠲᠠᠬᠤ ᠤᠢ᠍ᠭᠡᠢ ᠤᠢ ᠮᠣᠳᠣᠨ᠎ᠤ ᠡᠭᠦᠯᠳᠡᠷ᠎ᠢ ᠣᠷᠣᠭᠤᠯᠵᠤ ᠲᠠᠷᠢᠬᠤ᠎ᠳᠤ ᠤᠯᠤᠰ᠎ᠤᠨ ᠡᠭᠦᠯᠳᠡᠷ ᠣᠷᠣᠭᠤᠯᠬᠤ ᠪᠠᠷᠢᠮᠵᠢᠶ᠎ᠠ ᠶᠣᠰᠣᠭ᠋ᠠᠷ ᠲᠤᠷᠰᠢᠯᠲᠠ ᠵᠢ ᠥᠩᠭᠡᠷᠡᠭᠡᠬᠦ ᠬᠡᠷᠡᠭᠲᠡᠶ᠃
ᠳᠥᠷᠪᠡᠳᠦᠭᠡᠷ ᠪᠦᠯᠦᠭ ᠦᠷ᠎ᠡ ᠦᠢ᠍ᠯᠡᠳᠪᠦᠷᠢᠯᠡᠵᠦ ᠡᠵᠡᠩᠨᠡᠬᠦ
ᠠᠷᠪᠠᠨ ᠲᠠᠪᠤᠳᠤᠭ᠋ᠠᠷ ᠵᠦᠢ᠍ᠯ ᠤᠢ ᠮᠣᠳᠣᠨ᠎ᠤ ᠦᠷ᠎ᠡ ᠡᠵᠡᠩᠨᠡᠬᠦ ᠪᠠ ᠭᠣᠣᠯ ᠪᠣᠯᠬᠤ ᠤᠢ ᠮᠣᠳᠣᠨ᠎ᠤ ᠦᠷ᠎ᠡ ᠦᠢ᠍ᠯᠡᠳᠪᠦᠷᠢᠯᠡᠬᠦ ᠠᠵᠢᠯ᠎ᠢ ᠡᠷᠬᠢᠯᠡᠵᠦ ᠪᠠᠶ᠋ᠢᠭ᠎ᠠ ᠨᠢᠭᠡᠴᠡ ᠪᠣᠯᠤᠨ ᠬᠤᠪᠢ ᠬᠥᠮᠦᠨ ᠤᠢ ᠮᠣᠳᠣᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠬᠠᠤᠯᠢ ᠶᠣᠰᠣᠭ᠋ᠠᠷ ᠣᠯᠤᠭᠰᠠᠨ ᠪᠠᠶ᠋ᠢᠬᠤ ᠬᠡᠷᠡᠭᠲᠡᠶ᠃ ᠤᠢ ᠮᠣᠳᠣᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ᠎ᠳᠤ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠡ ᠵᠢᠨ ᠬᠠᠤᠯᠢ》 ᠪᠣᠯᠤᠨ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠵᠥᠪᠬᠡᠨ ᠭᠣᠣᠯ ᠪᠤᠰᠤ ᠤᠢ ᠮᠣᠳᠣᠨ᠎ᠤ ᠦᠷ᠎ᠡ ᠵᠢᠨ ᠦᠢ᠍ᠯᠡᠳᠪᠦᠷᠢᠯᠡᠯ᠎ᠢ ᠡᠷᠬᠢᠯᠡᠬᠦ᠎ᠳᠤ ᠬᠦᠷᠪᠡᠯ᠂ ᠤᠢ ᠮᠣᠳᠣᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠠᠪᠬᠤ ᠴᠢᠬᠤᠯᠠ ᠤᠢ᠍ᠭᠡᠢ᠃
ᠠᠷᠪᠠᠨ ᠵᠢᠷᠭᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠢ ᠮᠣᠳᠣᠨ᠎ᠤ ᠦᠷ᠎ᠡ ᠦᠢ᠍ᠯᠡᠳᠪᠦᠷᠢᠯᠡᠬᠦ ᠰᠠᠭᠤᠷᠢᠨ ᠭᠠᠵᠠᠷ ᠬᠢᠭᠡᠳ ᠰᠠᠭᠤᠷᠢ ᠪᠡᠯᠡᠳᠬᠡᠮᠵᠢ ᠵᠢᠨ ᠬᠠᠮᠠᠭ᠋ᠠᠯᠠᠯᠲᠠ ᠵᠢ ᠬᠠᠤᠯᠢ ᠶᠣᠰᠣᠭ᠋ᠠᠷ ᠴᠢᠩᠭ᠋ᠠᠳᠬᠠᠬᠤ ᠬᠡᠷᠡᠭᠲᠡᠶ᠃
ᠠᠷᠪᠠᠨ ᠳᠣᠯᠣᠳᠤᠭ᠋ᠠᠷ ᠵᠦᠢ᠍ᠯ ᠤᠢ ᠮᠣᠳᠣᠨ᠎ᠤ ᠦᠷ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠦᠢ᠍ᠯᠡᠳᠪᠦᠷᠢᠯᠡᠭᠰᠡᠨ ᠦᠷ᠎ᠡ ᠵᠢ ᠲᠡᠭᠦᠨ᠎ᠤ ᠦᠢ᠍ᠯᠡᠳᠪᠦᠷᠢᠯᠡᠨ ᠡᠵᠡᠩᠨᠡᠭᠴᠢ ᠵᠣᠬᠢᠶᠠᠨ ᠪᠠᠶ᠋ᠢᠭᠤᠯᠵᠤ ᠲᠡᠭᠦᠵᠦ ᠴᠤᠭᠯᠠᠭᠤᠯᠤᠨ᠎ᠠ᠃
ᠤᠢ ᠮᠣᠳᠣᠨ᠎ᠤ ᠦᠷ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠪᠤᠰᠤ ᠭᠠᠵᠠᠷ ᠪᠠ ᠴᠢᠨᠠᠷ ᠮᠠᠭᠤᠲᠠᠶ ᠤᠢ ᠵᠢᠴᠢ ᠴᠢᠨᠠᠷ ᠮᠠᠭᠤᠲᠠᠶ ᠡᠭᠡ ᠮᠣᠳᠣᠨ᠎ᠠᠴᠠ ᠤᠢ ᠮᠣᠳᠣᠨ᠎ᠤ ᠦᠷ᠎ᠡ ᠲᠡᠭᠦᠵᠦ ᠴᠤᠭᠯᠠᠭᠤᠯᠬᠤ ᠵᠢ ᠴᠠᠭ᠋ᠠᠵᠠᠯᠠᠨ᠎ᠠ᠃ ᠪᠤᠯᠪᠠᠰᠤᠷᠠᠭᠠ ᠦᠭᠡᠢ ᠦᠶᠡᠰ ᠲᠡᠭᠦᠨ ᠴᠤᠭᠯᠠᠭᠤᠯᠬᠤ ᠪᠠ ᠡᠭᠡ ᠮᠣᠳᠣ ᠵᠢ ᠡᠪᠳᠡᠨ ᠰᠦᠢ᠍ᠳᠬᠡᠬᠦ ᠵᠢ ᠴᠠᠭ᠋ᠠᠵᠠᠯᠠᠨ᠎ᠠ᠃ ᠶᠠᠮᠠᠷᠪᠠ ᠨᠢᠭᠡᠴᠡ ᠪᠠ ᠬᠤᠪᠢ ᠬᠥᠮᠦᠨ᠎ᠤ ᠤᠢ ᠮᠣᠳᠣᠨ᠎ᠤ ᠦᠷ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠲᠤ ᠡᠪᠡᠳᠴᠢᠨ ᠬᠣᠷᠣᠬᠠᠶ ᠵᠢᠨ ᠭᠠᠮᠰᠢᠭ᠎ᠤᠨ ᠲᠠᠷᠢᠯᠭ᠎ᠠ ᠪᠠ ᠲᠤᠷᠰᠢᠯᠲᠠ ᠬᠢᠬᠦ ᠵᠢ ᠴᠠᠭ᠋ᠠᠵᠠᠯᠠᠨ᠎ᠠ᠃
ᠤᠢ ᠮᠣᠳᠣᠨ᠎ᠤ ᠦᠷ᠎ᠡ ᠲᠡᠭᠦᠬᠦ ᠬᠤᠭᠤᠴᠠᠭ᠎ᠠ ᠵᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠡᠷᠡᠭᠴᠡᠭᠡ᠎ᠪᠠᠨ ᠦᠨᠳᠦᠰᠦᠯᠡᠨ ᠲᠣᠭᠲᠠᠭ᠋ᠠᠬᠤ ᠵᠢᠨ ᠬᠠᠮᠲᠤ ᠨᠡᠶ᠋ᠢᠲᠡᠯᠡᠨ᠎ᠡ᠃
ᠲᠠᠪᠤᠳᠤᠭ᠋ᠠᠷ ᠪᠦᠯᠦᠭ ᠦᠷ᠎ᠡ ᠵᠢᠨ ᠶᠠᠰᠤ ᠴᠢᠨᠠᠷ
ᠠᠷᠪᠠᠨ ᠨᠠᠢ᠍ᠮᠠᠳᠤᠭ᠋ᠠᠷ ᠵᠦᠢ᠍ᠯ ᠡᠯ᠎ᠡ ᠱᠠᠲᠤᠨ᠎ᠤ ᠤᠢ ᠰᠢᠭᠤᠶ ᠪᠠ ᠨᠤᠲᠤᠭ ᠪᠡᠯᠴᠢᠭᠡᠷ᠎ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠢ ᠮᠣᠳᠣᠨ᠎ᠤ ᠦᠷ᠎ᠡ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠨ᠎ᠠ᠃ ᠤᠢ ᠮᠣᠳᠣᠨ᠎ᠤ ᠦᠷ᠎ᠡ ᠵᠢ ᠦᠢ᠍ᠯᠡᠳᠪᠦᠷᠢᠯᠡᠬᠦ᠂ ᠡᠵᠡᠩᠨᠡᠬᠦ ᠪᠠ ᠬᠡᠷᠡᠭᠯᠡᠬᠦ ᠠᠵᠢᠯ᠎ᠢ ᠡᠷᠬᠢᠯᠡᠵᠦ ᠪᠠᠶ᠋ᠢᠭ᠎ᠠ ᠨᠢᠭᠡᠴᠡ ᠪᠣᠯᠤᠨ ᠬᠤᠪᠢ ᠬᠥᠮᠦᠨ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠤᠢ ᠰᠢᠭᠤᠶ ᠪᠠ ᠨᠤᠲᠤᠭ ᠪᠡᠯᠴᠢᠭᠡᠷ᠎ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠤᠢ ᠮᠣᠳᠣᠨ᠎ᠤ ᠦᠷ᠎ᠡ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠠᠷᠭ᠎ᠠ ᠪᠣᠯᠤᠨ ᠠᠵᠢᠯ ᠲᠤᠢ᠍ᠷᠦᠯ᠎ᠤᠨ ᠪᠠᠷᠢᠮᠵᠢᠶ᠎ᠠ ᠵᠢ ᠬᠡᠷᠡᠭᠵᠢᠭᠦᠯᠬᠦ ᠬᠡᠷᠡᠭᠲᠡᠶ᠃
ᠤᠯᠤᠰ᠎ᠠᠴᠠ ᠬᠠᠷᠠᠬᠠᠨ ᠶᠠᠰᠤ ᠴᠢᠨᠠᠷ᠎ᠤᠨ ᠬᠠᠮᠢᠶᠠᠷᠤᠯᠲᠠ ᠵᠢᠨ ᠠᠷᠭ᠎ᠠ ᠪᠣᠯᠤᠨ ᠪᠠᠷᠢᠮᠵᠢᠶ᠎ᠠ ᠲᠣᠭᠲᠠᠭ᠋ᠠᠭ᠋ᠠᠳᠤᠶ ᠪᠤᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠥᠬᠥᠶ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠬᠠᠮᠢᠶᠠᠷᠤᠯᠲᠠ ᠵᠢᠨ ᠠᠷᠭ᠎ᠠ ᠪᠣᠯᠤᠨ ᠣᠷᠣᠨ ᠨᠤᠲᠤᠭ᠎ᠤᠨ ᠪᠠᠷᠢᠮᠵᠢᠶ᠎ᠠ ᠵᠢ ᠬᠡᠷᠡᠭᠵᠢᠭᠦᠯᠦᠨ᠎ᠡ᠃
ᠠᠷᠪᠠ ᠶᠢᠰᠦᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ ᠤᠨ ᠣᠷᠳᠣᠨ᠎ᠤ ᠤᠢ ᠰᠢᠭᠤᠶ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠢ ᠮᠣᠳᠣᠨ᠎ᠤ ᠦᠷ᠎ᠡ ᠵᠢᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠳᠤ ᠨᠠᠶ᠋ᠢᠳᠠᠵᠤ ᠲᠤᠰ ᠵᠠᠰᠠᠭ ᠵᠠᠬᠢᠷᠭ᠋ᠠᠨ᠎ᠤ ᠣᠷᠣᠨ ᠳᠣᠲᠣᠷᠠᠬᠢ ᠤᠢ ᠮᠣᠳᠣᠨ᠎ᠤ ᠦᠷ᠎ᠡ ᠵᠢᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠠᠵᠢᠯ᠎ᠢ ᠡᠭᠦᠷᠭᠡᠯᠡᠭᠦᠯᠵᠦ ᠪᠣᠯᠤᠨ᠎ᠠ᠃
ᠬᠣᠷᠢᠳᠤᠭ᠋ᠠᠷ ᠵᠦᠢ᠍ᠯ ᠤᠢ ᠰᠢᠭᠤᠶ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠨᠠᠶ᠋ᠢᠳᠠᠯᠭ᠎ᠠ᠎ᠪᠠᠷ ᠤᠢ ᠮᠣᠳᠣᠨ᠎ᠤ ᠦᠷ᠎ᠡ ᠵᠢᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠵᠢ ᠡᠭᠦᠷᠭᠡᠯᠡᠬᠦ ᠪᠠᠶ᠋ᠢᠭᠤᠯᠤᠮᠵᠢ᠎ᠨᠤᠭᠤᠳ ᠵᠤᠬᠢᠴᠠᠭᠰᠠᠨ ᠪᠠᠶ᠋ᠢᠴᠠᠭ᠋ᠠᠨ ᠰᠢᠯᠭ᠋ᠠᠬᠤ ᠨᠥᠬᠥᠴᠡᠯ ᠪᠣᠯᠤᠨ ᠴᠢᠳᠠᠪᠤᠷᠢ ᠵᠢ ᠪᠦᠷᠢᠳᠦᠭᠦᠯᠬᠦ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠲᠡᠭᠦᠨ ᠤ ᠡᠷᠬᠡ ᠤᠯᠭᠤᠬᠤ ᠰᠠᠯᠠᠭ᠎ᠠ ᠮᠥᠴᠢᠷ ᠵᠶ᠋ᠠᠷ ᠬᠢᠨᠠᠨ ᠰᠢᠯᠭ᠋ᠠᠭᠤᠯᠵᠤ ᠬᠢᠷᠢ ᠲᠡᠩᠴᠡᠭᠰᠡᠨ ᠪᠠᠶ᠋ᠢᠬᠤ ᠬᠡᠷᠡᠭᠲᠡᠶ᠃
ᠤᠢ ᠮᠣᠳᠣᠨ᠎ᠤ ᠦᠷ᠎ᠡ ᠵᠢᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ ᠪᠠᠶ᠋ᠢᠭᠤᠯᠤᠮᠵᠢ ᠵᠢᠨ ᠬᠢᠨᠠᠨ ᠰᠢᠯᠭ᠋ᠠᠵᠤ ᠦᠨᠡᠯᠡᠬᠦ ᠬᠠᠮᠢᠶᠠᠷᠤᠯᠲᠠ ᠵᠢᠨ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠠᠷᠠᠳ ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠥᠬᠥᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
ᠬᠣᠷᠢᠨ ᠨᠢᠭᠡᠳᠦᠭᠡᠷ ᠵᠦᠢ᠍ᠯ ᠬᠠᠭᠤᠷᠮᠠᠭ᠂ ᠴᠢᠨᠠᠷ ᠮᠠᠭᠤᠲᠠᠢ ᠤᠢ ᠮᠣᠳᠣᠨ᠎ᠤ ᠦᠷ᠎ᠡ ᠵᠢ ᠦᠢ᠍ᠯᠡᠳᠪᠦᠷᠢᠯᠡᠬᠦ᠂ ᠡᠵᠡᠩᠨᠡᠬᠦ ᠪᠠ ᠬᠡᠷᠡᠭᠯᠡᠬᠦ ᠵᠢ ᠴᠠᠭ᠋ᠠᠵᠠᠯᠠᠨ᠎ᠠ᠃
ᠤᠯᠤᠰ᠎ᠠᠴᠠ ᠪᠡᠯᠠ ᠣᠷᠣᠭᠤᠯᠤᠭᠰᠠᠨ ᠪᠤᠶᠤ ᠤᠯᠤᠰ᠎ᠤᠨ ᠪᠡᠯᠠ ᠣᠷᠣᠭᠤᠯᠤᠯᠲᠠ᠎ᠪᠠᠷ ᠭᠣᠣᠯ ᠪᠣᠯᠭ᠋ᠠᠭᠰᠠᠨ ᠣᠶ᠋ᠢᠵᠢᠭᠤᠯᠬᠤ ᠵᠦᠢ᠍ᠯᠡᠰ ᠪᠠ ᠤᠯᠤᠰ᠎ᠤᠨ ᠦᠮᠴᠢᠯᠡᠯᠲᠦ ᠤᠢ ᠰᠢᠭᠤᠶ ᠵᠢᠨ ᠨᠢᠭᠡᠴᠡ ᠣᠶ᠋ᠢᠵᠢᠭᠤᠯᠬᠤ᠎ᠳᠠᠭᠠᠨ ᠤᠢ ᠰᠢᠭᠤᠶ ᠵᠢᠨ ᠪᠠᠷᠢᠯᠭ᠎ᠠ ᠵᠢᠨ ᠵᠢᠷᠤᠭ ᠲᠥᠯᠥᠪᠯᠡᠭᠡ ᠪᠤᠶᠤ ᠤᠢ ᠰᠢᠭᠤᠶ ᠪᠠ ᠨᠤᠲᠤᠭ ᠪᠡᠯᠴᠢᠭᠡᠷ᠎ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠠᠷᠢᠮᠵᠢᠶ᠎ᠠ ᠵᠢ ᠦᠨᠳᠦᠰᠦᠯᠡᠨ ᠤᠢ ᠮᠣᠳᠣᠨ᠎ᠤ ᠦᠷ᠎ᠡ ᠵᠢ ᠬᠡᠷᠡᠭᠯᠡᠬᠦ ᠬᠡᠷᠡᠭᠲᠡᠶ᠃
ᠡᠰᠡᠷᠭᠦᠴᠡᠰᠢ ᠤᠢ᠍ᠭᠡᠢ ᠰᠢᠯᠲᠠᠭ᠋ᠠᠨ᠎ᠠᠴᠠ ᠪᠤᠯᠵᠦ᠂ ᠦᠢ᠍ᠯᠡᠳᠪᠦᠷᠢᠯᠡᠯ᠎ᠤᠨ ᠬᠡᠷᠡᠭᠴᠡᠭᠡ᠎ᠳᠤ ᠡᠷᠬᠡᠪᠰᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠲᠣᠭᠲᠠᠭ᠋ᠠᠭᠰᠠᠨ ᠦᠷ᠎ᠡ ᠬᠡᠷᠡᠭᠯᠡᠬᠦ ᠪᠠᠷᠢᠮᠵᠢᠶ᠎ᠠ᠎ᠠᠴᠠ ᠳᠣᠣᠷ᠎ᠠ ᠤᠢ ᠮᠣᠳᠣᠨ᠎ᠤ ᠦᠷ᠎ᠡ ᠵᠢ ᠬᠡᠷᠡᠭᠯᠡᠬᠦ ᠴᠢᠬᠤᠯᠠᠲᠠᠢ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠬᠦ ᠬᠡᠷᠡᠭᠲᠡᠶ᠃
ᠵᠢᠷᠭᠤᠳᠤᠭ᠋ᠠᠷ ᠪᠦᠯᠦᠭ ᠦᠷ᠎ᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ
ᠬᠣᠷᠢᠨ ᠬᠣᠶᠠᠳᠤᠭ᠋ᠠᠷ ᠵᠦᠢ᠍ᠯ ᠤᠢ ᠰᠢᠭᠤᠶ ᠪᠣᠯᠤᠨ ᠨᠤᠲᠤᠭ ᠪᠡᠯᠴᠢᠭᠡᠷ᠎ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠣᠯ ᠤᠢ ᠮᠣᠳᠣᠨ᠎ᠤ ᠦᠷ᠎ᠡ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ ᠮᠥᠨ᠃ ᠤᠢ ᠮᠣᠳᠣᠨ᠎ᠤ ᠦᠷ᠎ᠡ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠳᠠᠨ ᠬᠠᠤᠯᠢ ᠶᠣᠰᠣᠭ᠋ᠠᠷ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠯᠲᠠ ᠬᠢᠬᠦ ᠪᠤᠶᠤ ᠤᠢ ᠮᠣᠳᠣᠨ᠎ᠤ ᠦᠷ᠎ᠡ ᠵᠢ ᠬᠠᠤᠯᠢ᠎ᠠᠴᠠ ᠵᠥᠷᠢᠴᠡᠨ ᠦᠢ᠍ᠯᠡᠳᠪᠦᠷᠢᠯᠡᠭᠰᠡᠨ᠂ ᠡᠵᠡᠩᠨᠡᠭᠰᠡᠨ ᠪᠠ ᠬᠡᠷᠡᠭᠯᠡᠭᠰᠡᠨ ᠥᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ᠎ᠳᠡᠭᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠭᠠᠷᠭ᠋ᠠᠵᠤ ᠦᠵᠡᠭᠦᠯᠬᠦ ᠬᠡᠷᠡᠭᠲᠡᠶ᠃
ᠤᠢ ᠮᠣᠳᠣᠨ᠎ᠤ ᠦᠷ᠎ᠡ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠳᠡᠠ ᠦᠢ᠍ᠯᠡᠳᠪᠦᠷᠢᠯᠡᠬᠦ᠂ ᠡᠵᠡᠩᠨᠡᠬᠦ ᠪᠠ ᠬᠡᠷᠡᠭᠯᠡᠵᠦ ᠪᠠᠶ᠋ᠢᠭ᠎ᠠ ᠤᠢ ᠮᠣᠳᠣᠨ᠎ᠤ ᠦᠷ᠎ᠡ ᠵᠢᠨ ᠶᠠᠰᠤ ᠴᠢᠨᠠᠷ᠎ᠲᠤ ᠪᠠᠶ᠋ᠢᠴᠠᠭ᠋ᠠᠯᠲᠠ ᠬᠢᠬᠦ᠎ᠳᠡᠭᠡᠨ ᠤᠢ ᠮᠣᠳᠣᠨ᠎ᠤ ᠦᠷ᠎ᠡ ᠵᠢᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠤᠢ᠍ᠯᠢᠭᠡᠷ ᠠᠪᠬᠤ ᠬᠡᠷᠡᠭᠲᠡᠶ᠂ ᠤᠢ᠍ᠯᠢᠭᠡᠷ ᠡᠳ᠋᠎ᠢ ᠰᠣᠩᠭᠣᠨ ᠪᠠᠶ᠋ᠢᠴᠠᠭ᠋ᠠᠭᠳᠠᠭᠴᠢ ᠦᠨ᠎ᠡ ᠲᠥᠯᠥᠪᠦᠷᠢ ᠤᠢ᠍ᠭᠡᠢ᠎ᠪᠠᠷ ᠬᠠᠩᠭ᠋ᠠᠬᠤ ᠬᠡᠷᠡᠭᠲᠡᠶ᠃
ᠬᠣᠷᠢᠨ ᠭᠤᠷᠪᠠᠳᠤᠭ᠋ᠠᠷ ᠵᠦᠢ᠍ᠯ ᠤᠢ ᠰᠢᠭᠤᠶ ᠪᠠ ᠨᠤᠲᠤᠭ ᠪᠡᠯᠴᠢᠭᠡᠷ᠎ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠂ ᠤᠢ ᠮᠣᠳᠣᠨ᠎ᠤ ᠦᠷ᠎ᠡ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠴᠢ ᠲᠡᠭᠦᠨ᠎ᠤ ᠠᠵᠢᠯᠲᠠᠳ ᠤᠢ ᠮᠣᠳᠣᠨ᠎ᠤ ᠦᠷ᠎ᠡ ᠵᠢᠨ ᠦᠢ᠍ᠯᠡᠳᠪᠦᠷᠢᠯᠡᠯ᠂ ᠡᠵᠡᠩᠨᠡᠯᠲᠡ ᠵᠢᠨ ᠠᠵᠢᠯᠯᠠᠭ᠎ᠠ᠎ᠳᠤ ᠣᠷᠣᠯᠴᠠᠬᠤ ᠪᠠ ᠲᠡᠭᠦᠨ᠎ᠢ ᠡᠷᠬᠢᠯᠡᠵᠦ ᠪᠣᠯᠬᠤ ᠤᠢ᠍ᠭᠡᠢ; ᠤᠢ ᠮᠣᠳᠣᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠪᠠᠶ᠋ᠢᠭᠤᠯᠤᠮᠵᠢ ᠤᠢ ᠮᠣᠳᠣᠨ᠎ᠤ ᠦᠷ᠎ᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠠᠵᠢᠯ᠎ᠳᠤ ᠣᠷᠣᠯᠴᠠᠵᠤ ᠪᠣᠯᠬᠤ ᠤᠢ᠍ᠭᠡᠢ᠃ ᠤᠢ ᠰᠢᠭᠤᠶ ᠪᠠ ᠨᠤᠲᠤᠭ ᠪᠡᠯᠴᠢᠭᠡᠷ᠎ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠂ ᠤᠢ ᠮᠣᠳᠣᠨ᠎ᠤ ᠦᠷ᠎ᠡ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠣᠯᠤᠨ ᠦᠢ᠍ᠯᠡᠳᠪᠦᠷᠢᠯᠡᠯ ᠡᠵᠡᠩᠨᠡᠯᠲᠡ ᠵᠢᠨ ᠪᠠᠶ᠋ᠢᠭᠤᠯᠤᠮᠵᠢ᠎ᠨᠢ ᠠᠵᠢᠯᠳᠡᠠ ᠪᠣᠯᠤᠨ ᠡᠳ᠋᠎ᠤᠨ ᠶᠠᠪᠤᠳᠠᠯ᠎ᠤᠨ ᠲᠠᠯ᠎ᠠ᠎ᠪᠠᠷ ᠡᠷᠬᠡᠪᠰᠢ ᠰᠠᠯᠭ᠋ᠠᠬᠤ ᠬᠡᠷᠡᠭᠲᠡᠶ᠃
ᠳᠣᠯᠣᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
ᠬᠣᠷᠢᠨ ᠳᠥᠷᠪᠡᠳᠦᠭᠡᠷ ᠵᠦᠢ᠍ᠯ ᠲᠤᠰ ᠲᠥᠷᠢᠮ᠎ᠤᠨ ᠲᠤᠭᠲᠠᠭ᠋ᠠᠯ᠎ᠠᠴᠠ ᠵᠦᠷᠢᠴᠡᠨ᠂ ᠦᠪᠡᠷᠳᠡᠭᠡᠨ ᠵᠠᠰᠠᠬᠤ ᠤᠷᠤᠨ᠎ᠤ ᠦᠷ᠎ᠡ ᠵᠢᠨ ᠡᠬᠢ ᠪᠠᠶᠠᠯᠢᠭ᠎ᠢ ᠡᠵᠡᠯᠡᠭᠰᠡᠨ᠂ ᠡᠪᠳᠡᠭᠰᠡᠨ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠬᠠᠮᠠᠭ᠋ᠠᠯᠠᠵᠤ ᠪᠠᠶ᠋ᠢᠭ᠎ᠠ ᠪᠠᠶ᠋ᠢᠭ᠋ᠠᠯᠢ ᠵᠢᠨ ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠢ ᠳᠤᠷ᠎ᠠ᠎ᠪᠠᠷ ᠵᠶ᠋ᠠᠨ ᠴᠤᠭᠯᠠᠭᠤᠯᠤᠭᠰᠠᠨ ᠪᠤᠶᠤ ᠣᠭᠲᠣᠯᠤᠭᠰᠠᠨ ᠪᠠᠶ᠋ᠢᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠦᠷ᠎ᠡ ᠵᠢᠨ ᠡᠬᠢ ᠪᠠᠶᠠᠯᠢᠭ ᠪᠣᠯᠤᠨ ᠬᠠᠤᠯᠢ᠎ᠠᠴᠠ ᠵᠥᠷᠢᠴᠡᠵᠦ ᠣᠯᠤᠭᠰᠠᠨ ᠣᠯᠵᠠᠪᠤᠷᠢ ᠵᠢ᠎ᠨᠢ ᠬᠤᠷᠢᠶᠠᠨ ᠠᠪᠬᠤ ᠵᠢᠨ ᠬᠠᠮᠲᠤ 5000 ᠲᠥᠭᠥᠷᠢᠭ᠎ᠠᠴᠠ ᠳᠡᠭᠡᠭᠰᠢ 5 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠳᠬᠡᠨ᠎ᠡ᠂ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃
ᠬᠣᠷᠢᠨ ᠲᠠᠪᠤᠳᠤᠭ᠋ᠠᠷ ᠵᠦᠢ᠍ᠯ ᠲᠤᠰ ᠲᠥᠷᠢᠮ᠎ᠤᠨ ᠲᠣᠭᠲᠠᠭ᠋ᠠᠯ᠎ᠠᠴᠠ ᠵᠥᠷᠢᠴᠡᠨ᠂ ᠤᠢ ᠮᠣᠳᠣᠨ ᠤ ᠦᠷ᠎ᠡ ᠵᠢᠨ ᠡᠬᠢ ᠪᠠᠶᠠᠯᠢᠭ᠎ᠤᠨ ᠬᠥᠮᠥᠷᠭᠡ᠂ ᠦᠷ᠎ᠡ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠣᠷᠣᠨ ᠪᠤᠶᠤ ᠬᠠᠮᠠᠭ᠋ᠠᠯᠠᠯᠲᠠ ᠵᠢᠨ ᠭᠠᠵᠠᠷ᠎ᠲᠤ ᠳᠤᠷ᠎ᠠ᠎ᠪᠠᠷ ᠵᠶ᠋ᠠᠨ ᠦᠷ᠎ᠡ ᠵᠢᠨ ᠡᠬᠢ ᠪᠠᠶᠠᠯᠢᠭ᠎ᠲᠤ ᠬᠤᠬᠢᠷᠠᠯ ᠤᠴᠠᠷᠠᠭᠤᠯᠤᠭᠰᠠᠨ ᠲᠤᠷᠰᠢᠯᠲᠠ ᠵᠢ ᠬᠢᠭᠰᠡᠨ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠶ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠣᠭᠰᠣᠭ᠋ᠠᠵᠤ᠂ ᠰᠢᠭᠤᠳ ᠬᠠᠷᠢᠭᠤᠴᠠᠯᠭ᠎ᠠ᠎ᠲᠠᠢ ᠬᠥᠮᠦᠰ᠎ᠢ 5000 ᠲᠥᠭᠥᠷᠢᠭ᠎ᠠᠴᠠ ᠳᠡᠭᠡᠭᠰᠢ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃
ᠬᠣᠷᠢᠨ ᠵᠢᠷᠭᠤᠳᠤᠭ᠋ᠠᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠵᠦ᠂ ᠬᠠᠭᠤᠷᠮᠠᠭ᠂ ᠴᠢᠨᠠᠷ ᠮᠠᠭᠤᠲᠠᠢ ᠤᠢ ᠮᠣᠳᠣᠨ᠎ᠤ ᠦᠷ᠎ᠡ ᠵᠢ ᠦᠢ᠍ᠯᠡᠳᠪᠦᠷᠢᠯᠡᠭᠰᠡᠨ᠂ ᠡᠵᠡᠩᠨᠡᠭᠰᠡᠨ ᠪᠠ ᠤᠢ ᠮᠣᠳᠣᠨ᠎ᠤ ᠦᠷ᠎ᠡ ᠵᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠣᠯᠤᠭᠰᠠᠨ ᠤᠢ᠍ᠭᠡᠢ ᠪᠤᠶᠤ ᠤᠢ ᠮᠣᠳᠣᠨ᠎ᠤ ᠦᠷ᠎ᠡ ᠵᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ᠂ ᠬᠤᠳᠠᠯᠳᠤᠭ᠋ᠠᠯᠠᠭᠰᠠᠨ᠂ ᠲᠦᠷᠢᠶᠡᠰᠦᠯᠡᠭᠦᠯᠦᠭᠰᠡᠨ᠂ ᠡᠰᠡᠬᠦᠯ᠎ᠡ ᠤᠢ ᠮᠣᠳᠣᠨ᠎ᠤ ᠦᠷ᠎ᠡ ᠵᠢ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠤᠨ ᠲᠣᠭᠲᠠᠭ᠋ᠠᠯ ᠶᠣᠰᠣᠭ᠋ᠠᠷ ᠤᠢ ᠮᠣᠳᠣᠨ᠎ᠤ ᠦᠷ᠎ᠡ ᠵᠢ ᠦᠢ᠍ᠯᠡᠳᠪᠦᠷᠢᠯᠡᠭᠰᠡᠨ᠂ ᠡᠵᠡᠩᠨᠡᠭᠰᠡᠨ ᠤᠢ᠍ᠭᠡᠢ ᠪᠠᠶ᠋ᠢᠪᠠᠯ᠂ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠶᠣᠰᠣᠭ᠋ᠠᠷ ᠰᠢᠳᠬᠡᠨ᠎ᠡ᠃
ᠬᠣᠷᠢᠨ ᠳᠣᠯᠣᠳᠤᠭ᠋ᠠᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠵᠦ᠂ ᠤᠯᠤᠰ᠎ᠠᠴᠠ ᠪᠠᠯᠠ ᠣᠷᠣᠭᠤᠯᠤᠭᠰᠠᠨ ᠪᠤᠶᠤ ᠤᠯᠤᠰ᠎ᠠᠴᠠ ᠪᠠᠯᠠ ᠣᠷᠣᠭᠤᠯᠬᠤ᠎ᠪᠠᠷ ᠭᠣᠤᠯ ᠪᠣᠯᠭ᠋ᠠᠭᠰᠠᠨ ᠣᠶ᠋ᠢᠵᠢᠭᠤᠯᠬᠤ ᠲᠥᠷᠥᠯ ᠵᠦᠢ᠍ᠯ ᠪᠠ ᠤᠯᠤᠰ᠎ᠤᠨ ᠥᠮᠴᠢᠯᠡᠯᠲᠦ ᠣᠶ ᠰᠢᠭᠤᠶ ᠵᠢᠨ ᠨᠢᠭᠡᠴᠡ ᠵᠢᠨ ᠣᠶ᠋ᠢᠵᠢᠭᠤᠯᠤᠯᠲᠠ᠎ᠳᠤ᠂ ᠣᠶ ᠰᠢᠭᠤᠶ ᠵᠢᠨ ᠢᠨᠵᠧᠨᠧᠷᠢᠩ᠎ᠤᠨ ᠵᠢᠷᠤᠭ ᠲᠥᠯᠥᠪᠯᠡᠭᠡ ᠪᠤᠶᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠠᠷᠢᠮᠵᠢᠶ᠎ᠠ ᠶᠣᠰᠣᠭ᠋ᠠᠷ ᠣᠶ ᠮᠣᠳᠣᠨ᠎ᠤ ᠦᠷ᠎ᠡ ᠵᠢ ᠬᠡᠷᠡᠭᠯᠡᠭᠰᠡᠨ ᠥᠬᠡᠶ ᠪᠠᠶ᠋ᠢᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠬᠤ ᠵᠢᠨ ᠬᠠᠮᠲᠤ᠂ ᠬᠣᠯᠪᠣᠭᠳᠠᠯ ᠪᠥᠬᠥᠶ ᠬᠠᠷᠢᠭᠤᠴᠠᠯᠭ᠎ᠠ᠎ᠲᠠᠢ ᠬᠥᠮᠦᠰ᠎ᠤᠨ ᠵᠠᠰᠠᠭ ᠵᠠᠬᠢᠷᠭ᠋ᠠᠨ᠎ᠤ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠬᠣᠷᠢᠨ ᠨᠠᠢ᠍ᠮᠠᠳᠤᠭ᠋ᠠᠷ ᠵᠦᠢ᠍ᠯ ᠤᠢ ᠮᠣᠳᠣᠨ᠎ᠤ ᠦᠷ᠎ᠡ ᠵᠢᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠬᠤᠳᠠᠯ ᠬᠠᠭᠤᠷᠮᠠᠭ ᠰᠢᠯᠭ᠋ᠠᠨ ᠪᠠᠶ᠋ᠢᠴᠠᠭ᠋ᠠᠭᠰᠠᠨ ᠭᠡᠷᠡᠴᠢ ᠪᠢᠴᠢᠭ ᠭᠠᠷᠭ᠋ᠠᠭᠰᠠᠨ ᠪᠠᠶ᠋ᠢᠪᠠᠯ᠂ ᠤᠢ ᠮᠣᠳᠣᠨ᠎ᠤ ᠦᠷ᠎ᠡ ᠦᠢ᠍ᠯᠡᠳᠪᠦᠷᠢᠯᠡᠭᠴᠢ᠂ ᠪᠣᠷᠣᠯᠠᠭᠤᠯᠤᠭᠴᠢᠯᠤᠭᠠ ᠬᠣᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠵᠢᠨ ᠬᠠᠮᠲᠤ ᠤᠢ ᠮᠣᠳᠣᠨ᠎ᠤ ᠦᠷ᠎ᠡ ᠵᠢᠨ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢᠴᠢ ᠲᠡᠭᠦᠨ᠎ᠤ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠦᠰ᠎ᠠᠴᠠ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠬᠠᠷᠢᠭᠤᠴᠠᠯᠭ᠎ᠠ ᠨᠡᠬᠡᠮᠵᠢᠯᠡᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠬᠣᠷᠢ ᠶᠢᠰᠦᠳᠦᠭᠡᠷ ᠵᠦᠢ᠍ᠯ ᠤᠢ ᠰᠢᠭᠤᠶ ᠪᠠ ᠨᠤᠲᠤᠭ ᠪᠡᠯᠴᠢᠭᠡᠷ᠎ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤᠰ ᠲᠤᠢ᠍ᠷᠢᠮ᠎ᠤᠨ ᠲᠣᠭᠲᠠᠭ᠋ᠠᠯ᠎ᠢ ᠵᠥᠷᠢᠴᠡᠵᠦ᠂ ᠨᠥᠬᠥᠴᠡᠯ ᠪᠦᠷᠢᠯᠳᠦᠭᠦᠯᠦᠭᠰᠡᠨ ᠤᠢ᠍ᠭᠡᠢ ᠤᠢ ᠮᠣᠳᠣᠨ᠎ᠤ ᠦᠷ᠎ᠡ ᠦᠢ᠍ᠯᠡᠳᠪᠦᠷᠢᠯᠡᠨ ᠡᠵᠡᠩᠨᠡᠭᠴᠢ᠎ᠳᠤ ᠤᠢ ᠮᠣᠳᠣᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠭᠰᠠᠨ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠳᠬᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠭᠤᠴᠢᠳᠤᠭ᠋ᠠᠷ ᠵᠦᠢ᠍ᠯ ᠤᠢ ᠰᠢᠭᠤᠶ ᠪᠠ ᠨᠤᠲᠤᠭ ᠪᠡᠯᠴᠢᠭᠡᠷ᠎ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤᠰ ᠲᠤᠢ᠍ᠷᠢᠮ᠎ᠤᠨ ᠲᠣᠭᠲᠠᠭ᠋ᠠᠯ᠎ᠢ ᠵᠥᠷᠢᠴᠡᠵᠦ᠂ ᠤᠢ ᠮᠣᠳᠣᠨ᠎ᠤ ᠦᠷ᠎ᠡ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠢ ᠡᠷᠬᠡ᠎ᠠᠴᠠ᠎ᠪᠠᠨ ᠳᠠᠪᠠᠵᠤ ᠬᠢᠨᠠᠨ ᠣᠯᠭᠣᠭᠰᠠᠨ ᠪᠠᠶ᠋ᠢᠪᠠᠯ᠂ ᠡᠷᠬᠡ᠎ᠠᠴᠠ᠎ᠪᠠᠨ ᠳᠠᠪᠠᠭᠰᠠᠨ ᠬᠡᠰᠡᠭ᠎ᠨᠢ ᠬᠦᠴᠦᠨ ᠤᠢ᠍ᠭᠡᠢ ᠪᠣᠯᠬᠤ ᠪᠥᠭᠡᠳ ᠰᠢᠭᠤᠳ ᠬᠠᠷᠢᠭᠤᠴᠠᠵᠤ ᠪᠠᠶ᠋ᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠲᠡᠭᠦᠨ᠎ᠤ ᠪᠠᠶ᠋ᠢᠭ᠎ᠠ ᠨᠢᠭᠡᠴᠡ ᠪᠤᠶᠤ ᠳᠡᠭᠡᠳᠦ ᠱᠠᠲᠤᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠃
ᠭᠤᠴᠢᠨ ᠨᠢᠭᠡᠳᠦᠭᠡᠷ ᠵᠦᠢ᠍ᠯ ᠤᠢ ᠰᠢᠭᠤᠶ ᠪᠠ ᠨᠤᠲᠤᠭ ᠪᠡᠯᠴᠢᠭᠡᠷ᠎ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠂ ᠤᠢ ᠮᠣᠳᠣᠨ᠎ᠤ ᠦᠷ᠎ᠡ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠠᠵᠢᠯᠳᠡᠠ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠵᠤ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ ᠪᠠᠶ᠋ᠢᠪᠠᠯ ᠡᠰᠡᠬᠦᠯ᠎ᠡ ᠲᠤᠰ ᠲᠦᠷᠢᠮ᠎ᠤᠨ ᠲᠣᠭᠲᠠᠭ᠋ᠠᠯ᠎ᠢ ᠵᠥᠷᠢᠴᠡᠨ ᠤᠢ ᠮᠣᠳᠣᠨ᠎ᠤ ᠦᠷ᠎ᠡ ᠵᠢᠨ ᠦᠢ᠍ᠯᠡᠳᠪᠦᠷᠢᠯᠡᠯ᠂ ᠡᠵᠡᠩᠨᠡᠯᠲᠡ ᠵᠢᠨ ᠠᠵᠢᠯᠯᠠᠭ᠎ᠠ᠎ᠳᠤ ᠣᠷᠣᠯᠴᠠᠭᠰᠠᠨ ᠪᠠ ᠲᠡᠭᠦᠨ᠎ᠢ ᠡᠷᠬᠢᠯᠡᠭᠰᠡᠨ ᠪᠠᠶ᠋ᠢᠪᠠᠯ᠂ ᠲᠡᠭᠦᠨ᠎ᠤ ᠪᠠᠶ᠋ᠢᠭ᠎ᠠ ᠨᠢᠭᠡᠴᠡ ᠪᠤᠶᠤ ᠳᠡᠭᠡᠳᠦ ᠱᠠᠲᠤᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠬᠦ ᠵᠢᠨ ᠬᠠᠮᠲᠤ ᠤᠢ ᠮᠣᠳᠣᠨ᠎ᠤ ᠦᠷ᠎ᠡ ᠪᠣᠯᠤᠨ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠨ ᠠᠪᠤᠨ᠎ᠠ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠨᠠᠢ᠍ᠮᠠᠳᠤᠭ᠋ᠠᠷ ᠪᠦᠯᠦᠭ ᠳᠠᠭ᠋ᠠᠯᠳᠤᠭᠤᠯᠤᠯ ᠲᠦᠷᠢᠮ
ᠭᠤᠴᠢᠨ ᠬᠣᠶᠠᠳᠤᠭ᠋ᠠᠷ ᠵᠦᠢ᠍ᠯ ᠲᠤᠰ ᠲᠦᠷᠢᠮ᠎ᠤᠨ ᠳᠣᠣᠷ᠎ᠠ ᠵᠢᠭᠰᠠᠭ᠋ᠠᠭᠰᠠᠨ ᠦᠭᠡᠰ᠎ᠤᠨ ᠤᠳᠬ᠎ᠠ ᠪᠣᠯ᠄
(ᠨᠢᠭᠡ) ᠭᠣᠤᠯ ᠪᠣᠯᠬᠤ ᠣᠶ ᠮᠣᠳᠣ ᠭᠡᠳᠡᠭ᠎ᠨᠢ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ ᠨᠡᠶ᠋ᠢᠲᠡᠯᠡᠭᠰᠡᠨ ᠣᠶ ᠮᠣᠳᠣ ᠵᠢ ᠵᠢᠭ᠋ᠠᠵᠤ ᠪᠣᠶ᠃
(ᠬᠣᠶᠠᠷ) ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠤᠨ ᠬᠥᠮᠥᠷᠭᠡ ᠭᠡᠳᠡᠭ᠎ᠨᠢ ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠢ ᠴᠤᠭᠯᠠᠭᠤᠯᠬᠤ ᠪᠠ ᠬᠠᠳᠠᠭ᠋ᠠᠯᠠᠬᠤ ᠲᠠᠯᠠᠪᠤᠷ ᠭᠠᠵᠠᠷ᠎ᠢ ᠵᠢᠭ᠋ᠠᠵᠤ ᠪᠠᠶ᠋ᠢᠨ᠎ᠠ; ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠣᠷᠣᠨ ᠭᠡᠳᠡᠭ ᠪᠣᠯ ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠢ ᠤᠤᠯ ᠭᠠᠵᠠᠷ᠎ᠲᠤᠨᠢ ᠬᠠᠳᠠᠭ᠋ᠠᠯᠠᠬᠤ ᠬᠤᠪᠢᠷᠠᠯᠲᠠ ᠭᠠᠷᠭ᠋ᠠᠬᠤ ᠤᠢ᠍ᠭᠡᠢ ᠲᠠᠯᠠᠪᠤᠷ᠎ᠢ ᠵᠢᠭ᠋ᠠᠵᠤ ᠪᠠᠶ᠋ᠢᠨ᠎ᠠ; ᠤᠢ ᠮᠣᠳᠣᠨ᠎ᠤ ᠦᠷ᠎ᠡ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠭᠠᠵᠠᠷ ᠭᠡᠳᠡᠭ ᠪᠣᠯ ᠤᠤᠯ᠎ᠤᠨ ᠪᠠᠶ᠋ᠢᠭᠰᠠᠨ ᠭᠠᠵᠠᠷ᠎ᠠᠴᠠ ᠭᠠᠳᠠᠨ᠎ᠠ ᠲᠠᠷᠢᠵᠦ ᠤᠷᠭᠤᠭᠤᠯᠤᠭᠰᠠᠨ ᠤᠢ ᠮᠣᠳᠣᠨ᠎ᠤ ᠦᠷ᠎ᠡ ᠡᠳ᠋᠎ᠤᠨ ᠡᠬᠢ ᠪᠠᠶᠠᠯᠢᠭ᠎ᠢ ᠬᠠᠳᠠᠭ᠋ᠠᠯᠠᠬᠤ ᠲᠠᠯᠠᠪᠤᠷ᠎ᠢ ᠵᠢᠭ᠋ᠠᠵᠤ ᠪᠠᠶ᠋ᠢᠨ᠎ᠠ᠃
(ᠭᠤᠷᠪᠠ) ᠤᠢ ᠮᠣᠳᠣᠨ᠎ᠤ ᠦᠷ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠲᠤ ᠡᠭᠡ ᠮᠣᠳᠣᠨ᠎ᠤ ᠤᠢ᠂ ᠦᠷ᠎ᠡ ᠵᠢᠨ ᠬᠦᠷᠢᠶᠡᠯᠡᠩ᠂ ᠲᠦᠷᠦᠭᠦᠦ ᠲᠡᠭᠦᠬᠦ ᠬᠦᠷᠢᠶᠡᠯᠡᠩ᠂ ᠡᠩ᠎ᠤᠨ ᠦᠷ᠎ᠡ ᠲᠡᠭᠦᠬᠦ ᠤᠢ᠂ ᠦᠷ᠎ᠡ ᠵᠢᠨ ᠲᠤᠷᠰᠢᠯᠲᠠ ᠵᠢᠨ ᠤᠢ᠂ ᠵᠤᠯᠵᠠᠭ᠎ᠠ ᠮᠣᠳᠣᠨ᠎ᠤ ᠬᠦᠷᠢᠶᠡᠯᠡᠩ ᠵᠡᠷᠭᠡ ᠵᠢ ᠪᠠᠭᠲᠠᠭ᠋ᠠᠨ᠎ᠠ; ᠤᠢ ᠮᠣᠳᠣᠨ᠎ᠤ ᠦᠷ᠎ᠡ ᠵᠢᠨ ᠰᠠᠭᠤᠷᠢ ᠪᠡᠯᠡᠳᠬᠡᠮᠵᠢ᠎ᠳᠤ ᠦᠷ᠎ᠡ ᠵᠢᠨ ᠬᠥᠮᠥᠷᠭᠡ᠂ ᠦᠷ᠎ᠡ ᠬᠠᠳᠡᠭ᠋ᠠᠬᠤ ᠲᠠᠪᠴᠠᠩ᠂ ᠦᠷ᠎ᠡ ᠪᠣᠯᠪᠠᠰᠤᠷᠠᠭᠤᠯᠬᠤ ᠲᠥᠬᠥᠭᠡᠷᠦᠮᠵᠢ᠂ ᠴᠢᠬᠢ ᠬᠠᠳᠠᠭ᠋ᠠᠯᠠᠬᠤ ᠵᠣᠭᠣᠷᠢ᠂ ᠰᠢᠯᠭ᠋ᠠᠨ ᠪᠠᠶ᠋ᠢᠴᠠᠭ᠋ᠠᠬᠤ ᠲᠥᠬᠥᠭᠡᠷᠦᠮᠵᠢ ᠵᠢᠴᠢ ᠤᠢ ᠮᠣᠳᠣᠨ᠎ᠤ ᠦᠷ᠎ᠡ ᠵᠢᠨ ᠰᠠᠭᠤᠷᠢᠨ ᠭᠠᠵᠠᠷ᠎ᠤᠨ ᠪᠡᠯᠡᠳᠬᠡᠮᠵᠢ ᠲᠥᠬᠥᠭᠡᠷᠦᠮᠵᠢ ᠵᠡᠷᠭᠡ ᠪᠠᠭᠲᠠᠨ᠎ᠠ᠃
ᠭᠤᠴᠢᠨ ᠭᠤᠷᠪᠠᠳᠤᠭ᠋ᠠᠷ ᠵᠦᠢ᠍ᠯ ᠡᠪᠡᠰᠦᠨ᠎ᠤ ᠲᠦᠷᠦᠯ᠎ᠤᠨ ᠦᠷ᠎ᠡ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠡᠪᠡᠰᠦᠨ᠎ᠤ ᠡᠭᠦᠯᠳᠡᠷ᠎ᠢ ᠰᠣᠩᠭᠣᠨ ᠪᠣᠶ᠋ᠢᠵᠢᠭᠤᠯᠬᠤ᠂ ᠭᠠᠳᠠᠭ᠋ᠠᠳᠤ᠎ᠠᠴᠠ ᠣᠷᠣᠭᠤᠯᠬᠤ᠂ ᠡᠪᠡᠰᠦᠨ ᠦᠷ᠎ᠡ ᠵᠢ ᠦᠢ᠍ᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠪᠠ ᠬᠠᠮᠢᠶᠠᠷᠬᠤ ᠵᠡᠷᠭᠡ ᠠᠵᠢᠯᠯᠠᠭ᠎ᠠ ᠵᠢ ᠲᠤᠰ ᠲᠦᠷᠢᠮ ᠵᠶ᠋ᠠᠷ ᠯᠠᠪᠯᠠᠯᠲᠠ ᠪᠣᠯᠭ᠋ᠠᠵᠤ ᠬᠡᠷᠡᠭᠵᠢᠭᠦᠯᠦᠨ᠎ᠡ᠃
ᠭᠤᠴᠢᠨ ᠳᠥᠷᠪᠡᠳᠦᠭᠡᠷ ᠵᠦᠢ᠍ᠯ ᠲᠤᠰ ᠳᠦᠷᠢᠮ᠎ᠢ 2002 ᠣᠨ᠎ᠤ 12 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃