ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠵᠢᠷᠭᠤᠭ᠎ᠠ)
ᠨᠡᠶ᠋ᠢᠲᠡᠯᠡᠭᠰᠡᠨ ᠴᠠᠭ᠄ 2023-03-09

      ᠬᠣᠷᠢᠨ ᠲᠠᠪᠤᠳᠤᠭ᠋ᠠᠷ ᠵᠤᠷᠪᠤᠰ   ᠤᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠠᠷᠭ᠎ᠠ ᠬᠡᠮᠵᠢᠶ᠎ᠡ ᠠᠪᠴᠤ᠂ ᠬᠥᠮᠦᠨ ᠲᠦᠷᠦᠯᠬᠢᠲᠡᠨ᠎ᠤ ᠴᠢᠭᠢᠭᠯᠢᠭ ᠭᠠᠵᠠᠷ ᠵᠢᠴᠢ ᠲᠡᠭᠦᠨ᠎ᠤ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠲᠤ ᠦᠵᠡᠭᠦᠯᠬᠦ ᠠᠰᠢᠭ ᠦᠭᠡᠢ ᠨᠥᠯᠥᠭᠡ ᠵᠢ ᠤᠷᠢᠳᠴᠢᠯᠠᠨ ᠰᠡᠷᠭᠡᠶ᠋ᠢᠯᠡᠬᠦ ᠪᠠ ᠬᠢᠵᠠᠭ᠋ᠠᠷᠯᠠᠵᠤ᠂ ᠴᠢᠭᠢᠭᠯᠢᠭ ᠭᠠᠵᠠᠷ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠵᠤ᠂ ᠬᠥᠮᠦᠨ᠎ᠤ ᠬᠦᠴᠦᠨ ᠵᠦᠢ᠍ᠯ ᠪᠠ ᠪᠠᠶ᠋ᠢᠭ᠋ᠠᠯᠢ ᠵᠢᠨ ᠬᠦᠴᠦᠨ ᠵᠦᠢ᠍ᠯ᠎ᠠᠴᠠ ᠪᠣᠯᠤᠭᠰᠠᠨ ᠴᠢᠭᠢᠭᠯᠢᠭ ᠭᠠᠵᠠᠷ᠎ᠤᠨ ᠮᠠᠭᠤᠳᠠᠯ᠎ᠢ ᠪᠠᠭ᠋ᠠᠰᠬᠠᠵᠤ᠂ ᠴᠢᠭᠢᠭᠯᠢᠭ ᠭᠠᠵᠠᠷ᠎ᠤᠨ ᠠᠮᠢ ᠠᠬᠤᠢ ᠵᠢᠨ ᠴᠢᠳᠠᠮᠵᠢ ᠵᠢᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ ᠬᠡᠷᠡᠭᠲᠡᠢ᠃
      ᠴᠢᠭᠢᠭᠯᠢᠭ ᠭᠠᠵᠠᠷ᠎ᠤᠨ ᠬᠡᠪᠴᠢᠶᠡᠨ᠎ᠳᠤ ᠵᠢᠭᠤᠯᠴᠢᠯᠠᠬᠤ᠂ ᠲᠠᠷᠢᠮᠠᠯ ᠲᠠᠷᠢᠬᠤ᠂ ᠮᠠᠯ ᠠᠵᠤ ᠠᠬᠤᠶ ᠡᠷᠬᠢᠯᠡᠬᠦ᠂ ᠤᠰᠤᠨ ᠭᠠᠷᠤᠯᠲᠠ ᠵᠢ ᠲᠡᠵᠢᠭᠡᠨ ᠦᠷᠡᠵᠢᠭᠦᠯᠬᠦ᠂ ᠠᠭ᠋ᠠᠷ᠎ᠤᠨ ᠵᠠᠮ᠎ᠤᠨ ᠲᠡᠭᠡᠭᠡᠪᠦᠷᠢ ᠵᠡᠷᠭᠡ ᠠᠵᠢᠯᠯᠠᠭ᠎ᠠ ᠬᠢᠬᠦ᠎ᠳᠤ᠂ ᠴᠢᠭᠢᠭᠯᠢᠭ ᠭᠠᠵᠠᠷ᠎ᠤᠨ ᠪᠠᠶ᠋ᠢᠭ᠋ᠠᠯᠢ ᠵᠢᠨ ᠪᠠᠶ᠋ᠢᠳᠠᠯ᠎ᠢ ᠬᠤᠪᠢᠷᠠᠭᠤᠯᠬᠤ᠎ᠠᠴᠠ ᠵᠠᠶ᠋ᠢᠯᠠᠰᠬᠢᠬᠦ ᠵᠢᠨ ᠬᠠᠮᠲᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠴᠢᠭᠢᠭᠯᠢᠭ ᠭᠠᠵᠠᠷ᠎ᠤᠨ ᠠᠮᠢ ᠠᠬᠤᠶ ᠵᠢᠨ ᠴᠢᠳᠠᠮᠵᠢ᠎ᠳᠤ ᠦᠵᠡᠭᠦᠯᠬᠦ ᠠᠰᠢᠭ ᠦᠭᠡᠢ ᠨᠥᠯᠥᠭᠡ ᠵᠢ ᠪᠠᠭ᠋ᠠᠰᠬᠠᠬᠤ ᠬᠡᠷᠡᠭᠲᠡᠶ᠃
      ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ ᠬᠢᠬᠦ᠂ ᠳᠠᠯᠠᠢ ᠵᠢᠨ ᠣᠷᠣᠨ᠎ᠢ ᠬᠡᠷᠡᠭᠯᠡᠬᠦ᠂ ᠲᠡᠵᠢᠭᠡᠨ ᠦᠷᠡᠵᠢᠭᠦᠯᠬᠦ᠂ ᠦᠶᠡᠷ᠎ᠢ ᠰᠡᠷᠭᠡᠶ᠋ᠢᠯᠡᠬᠦ ᠵᠡᠷᠭᠡ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠭᠦᠢ᠍ᠴᠡᠳᠬᠡᠬᠦ᠎ᠳᠡᠭᠡᠨ ᠬᠣᠯᠪᠣᠭᠳᠠᠯ ᠪᠦᠬᠦᠢ ᠴᠢᠭᠢᠭᠯᠢᠭ ᠭᠠᠵᠠᠷ᠎ᠢ ᠠᠰᠢᠭᠯᠠᠬᠤ ᠠᠵᠢᠯᠯᠠᠭ᠎ᠠ ᠵᠢᠨ ᠴᠢᠬᠤᠯᠠ ᠴᠢᠨᠠᠷ᠂ ᠵᠦᠢ ᠶᠣᠰᠣᠴᠢ ᠴᠢᠨᠠᠷ ᠵᠢᠴᠢ ᠴᠢᠭᠢᠭᠯᠢᠭ ᠭᠠᠵᠠᠷ᠎ᠢ ᠬᠠᠮᠠᠭ᠋ᠠᠯᠠᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠵᠢᠨ ᠬᠢᠨᠠᠨ ᠪᠠᠶ᠋ᠢᠴᠠᠭ᠋ᠠᠯᠲᠠ ᠵᠢ ᠴᠢᠩᠭ᠋ᠠᠳᠬᠠᠬᠤ ᠬᠡᠷᠡᠭᠲᠡᠶ᠃
      ᠬᠣᠷᠢᠨ ᠵᠢᠷᠭᠤᠳᠤᠭ᠋ᠠᠷ ᠵᠤᠷᠪᠤᠰ ᠤᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠮᠤᠵᠢ ᠵᠢᠨ ᠱᠠᠲᠤᠨ᠎ᠤ ᠭᠤᠤᠯᠳᠠᠯᠭ᠋ᠠᠲᠤ ᠴᠢᠭᠢᠭᠯᠢᠭ ᠭᠠᠵᠠᠷ ᠪᠠ ᠡᠩ᠎ᠤᠨ ᠴᠢᠭᠢᠭᠯᠢᠭ ᠭᠠᠵᠠᠷ᠎ᠢ ᠠᠰᠢᠭᠯᠠᠬᠤ ᠠᠵᠢᠯᠯᠠᠭ᠎ᠠ ᠵᠢ ᠲᠦᠷᠦᠯ ᠬᠤᠪᠢᠶᠠᠨ ᠵᠢᠯᠣᠭᠣᠳᠴᠤ᠂ ᠨᠢᠭᠡᠴᠢ ᠪᠠ ᠬᠤᠪᠢ ᠬᠥᠮᠦᠨ᠎ᠤ ᠴᠢᠭᠢᠭᠯᠢᠭ ᠭᠠᠵᠠᠷ᠎ᠢ ᠬᠠᠮᠠᠭ᠋ᠠᠯᠠᠬᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠠᠮᠢ ᠠᠬᠤᠢ ᠵᠢᠨ ᠵᠤᠭ᠋ᠠᠴᠠᠯ᠂ ᠠᠮᠢ ᠠᠬᠤᠢ ᠵᠢᠨ ᠲᠠᠷᠢᠶᠠᠯᠠᠩ᠂ ᠠᠮᠢ ᠠᠬᠤᠢ ᠵᠢᠨ ᠰᠤᠷᠭ᠋ᠠᠨ ᠬᠥᠮᠦᠵᠢᠯ᠂ ᠡᠬᠡ ᠪᠠᠢ᠌ᠭ᠋ᠠᠯᠢ᠎ᠲᠠᠢ ᠤᠢ᠌ᠷᠠᠳᠤᠯᠴᠠᠨ ᠪᠡᠶᠡᠴᠢᠯᠡᠨ ᠤᠢ᠌ᠯᠠᠭ᠋ᠠᠬᠤ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠵᠤ᠂ ᠲᠠᠷᠢᠶᠠᠯᠠᠩ᠂ ᠲᠡᠵᠢᠭᠡᠨ ᠦᠷᠡᠵᠢᠭᠦᠯᠬᠦ ᠠᠵᠢᠯᠯᠠᠭ᠎ᠠ ᠵᠡᠷᠭᠡ ᠵᠢᠨ ᠴᠢᠭᠢᠭᠯᠢᠭ ᠭᠠᠵᠠᠷ᠎ᠢ ᠠᠰᠢᠭᠯᠠᠬᠤ   ᠬᠡᠪᠴᠢᠶ᠎ᠡ ᠵᠢ ᠵᠣᠬᠢᠰᠲᠠᠢ ᠬᠢᠵᠠᠭ᠋ᠠᠷᠯᠠᠨ᠎ᠠ᠃
      ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠣᠯᠪᠣᠭᠳᠠᠯ ᠪᠥᠬᠥᠶ ᠨᠢᠭᠡᠴᠡ ᠵᠢᠨ ᠲᠤᠬᠠᠶ ᠵᠢᠨ ᠭᠠᠵᠠᠷ᠎ᠤᠨ ᠰᠠᠭᠤᠭ᠋ᠠᠯᠢ ᠠᠷᠠᠳ᠎ᠢ ᠴᠢᠭᠢᠭᠯᠢᠭ ᠭᠠᠵᠠᠷ᠎ᠢ ᠬᠠᠮᠢᠶᠠᠷᠴᠤ ᠬᠠᠮᠠᠭ᠋ᠠᠯᠠᠬᠤ᠎ᠳᠤ ᠤᠷᠤᠯᠴᠠᠬᠤ ᠵᠢ ᠱᠠᠭ᠋ᠠᠷᠳᠠᠬᠤ ᠵᠢ ᠵᠤᠷᠢᠭᠵᠢᠭᠤᠯᠬᠤ ᠬᠡᠷᠡᠭᠳᠡᠢ᠃
      ᠬᠣᠷᠢᠨ ᠳᠣᠯᠣᠳᠤᠭ᠋ᠠᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠤᠤᠯᠳᠠᠯᠭ᠋ᠠᠲᠤ ᠴᠢᠭᠢᠭᠯᠢᠭ ᠭᠠᠵᠠᠷ᠎ᠤᠨ ᠠᠮᠢ ᠠᠬᠤᠢ ᠵᠢᠨ ᠴᠢᠳᠠᠮᠵᠢ ᠵᠢ ᠪᠠᠲᠤᠯᠠᠬᠤ ᠬᠡᠷᠡᠭᠴᠡᠭᠡ ᠵᠢ ᠭᠦᠢ᠍ᠴᠡᠳ ᠪᠣᠳᠣᠯᠬᠢᠯᠠᠵᠤ᠂ ᠭᠤᠤᠯᠳᠠᠯᠭ᠋ᠠᠲᠤ ᠴᠢᠭᠢᠭᠯᠢᠭ ᠭᠠᠵᠠᠷ᠎ᠤᠨ ᠡᠷᠬᠢᠨ ᠲᠣᠭᠣᠷᠢᠨ᠎ᠤ ᠠᠵᠤ ᠦᠢ᠍ᠯᠡᠰ᠎ᠤᠨ ᠪᠠᠶ᠋ᠢᠷᠢᠰᠢᠯ᠎ᠢ ᠰᠢᠯᠢᠳᠡᠭᠵᠢᠭᠦᠯᠬᠦ ᠬᠡᠷᠡᠭᠲᠡᠢ᠃
      ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠬᠠᠨᠳᠤᠯᠭ᠎ᠠ᠎ᠲᠠᠢ᠎ᠪᠠᠷ ᠲᠡᠳᠬᠦᠨ ᠳᠡᠮᠵᠢᠬᠦ᠂ ᠠᠵᠤ ᠦᠢ᠍ᠯᠡᠰ᠎ᠢ ᠰᠢᠯᠵᠢᠭᠦᠯᠬᠦ᠂ ᠨᠡᠶ᠋ᠢᠭᠡᠮ᠎ᠤᠨ ᠪᠡᠯᠡ ᠮᠥᠩᠭᠥ ᠵᠢ ᠲᠠᠲᠠᠬᠤ᠂ ᠨᠡᠶ᠋ᠢᠭᠡᠮ ᠲᠣᠭᠣᠷᠢᠭ ᠬᠠᠮᠲᠤ᠎ᠪᠠᠷ ᠪᠠᠶ᠋ᠢᠭᠤᠯᠬᠤ ᠵᠡᠷᠭᠡ ᠠᠷᠭ᠎ᠠ ᠮᠠᠶᠢᠭ᠎ᠢ ᠠᠪᠴᠤ᠂ ᠴᠢᠭᠢᠭᠯᠢᠭ ᠭᠠᠵᠠᠷ᠎ᠤᠨ ᠡᠷᠬᠢᠨ ᠲᠣᠭᠣᠷᠢᠨ᠎ᠤ ᠭᠠᠵᠠᠷ ᠣᠷᠣᠨ᠎ᠤ ᠪᠣᠬᠢᠷᠲᠤᠯ ᠦᠭᠡᠢ ᠬᠥᠭᠵᠢᠯᠲᠡ ᠵᠢ ᠲᠦᠯᠬᠢᠨ ᠠᠬᠢᠭᠤᠯᠵᠤ᠂ ᠠᠵᠤ ᠠᠬᠤᠢ ᠵᠢᠨ ᠬᠥᠭᠵᠢᠯᠲᠡ ᠬᠢᠭᠡᠳ ᠴᠢᠭᠢᠭᠯᠢᠭ ᠭᠠᠵᠠᠷ᠎ᠤᠨ ᠬᠠᠮᠠᠭ᠋ᠠᠯᠠᠯᠲᠠ ᠵᠢᠨ ᠬᠠᠷᠢᠯᠴᠠᠨ ᠵᠣᠬᠢᠴᠠᠯᠳᠤᠬᠤ ᠵᠢ ᠠᠬᠢᠭᠤᠯᠵᠤ ᠪᠣᠯᠤᠨ᠎ᠠ᠃
      ᠬᠣᠷᠢᠨ ᠨᠠᠢ᠍ᠮᠠᠳᠤᠭ᠋ᠠᠷ ᠵᠤᠷᠪᠤᠰ   ᠴᠢᠭᠢᠭᠯᠢᠭ ᠭᠠᠵᠠᠷ ᠵᠢᠴᠢ ᠲᠡᠭᠦᠨ᠎ᠤ ᠠᠮᠢ ᠠᠬᠤᠶ ᠵᠢᠨ ᠴᠢᠳᠠᠮᠵᠢ ᠵᠢ ᠡᠪᠳᠡᠬᠦ ᠦᠢ᠍ᠯᠡ ᠠᠵᠢᠯᠯᠠᠭ᠎ᠠ ᠵᠢ ᠴᠠᠭ᠋ᠠᠵᠠᠯᠠᠨ᠎ᠠ᠄
     (ᠨᠢᠭᠡ) ᠪᠠᠶ᠋ᠢᠭ᠋ᠠᠯᠢ ᠵᠢᠨ ᠴᠢᠭᠢᠭᠯᠢᠭ ᠭᠠᠵᠠᠷ᠎ᠢ (ᠬᠦᠷᠢᠶᠡᠯᠡᠬᠦ) ᠬᠠᠭ᠋ᠠᠯᠪᠤᠷᠢᠯᠠᠬᠤ᠂ ᠴᠢᠭᠢᠭᠯᠢᠭ ᠭᠠᠵᠠᠷ᠎ᠢ ᠬᠠᠲᠠᠭ᠋ᠠᠬᠤ᠂ ᠪᠠᠶ᠋ᠢᠭ᠋ᠠᠯᠢ ᠵᠢᠨ ᠴᠢᠭᠢᠭᠯᠢᠭ ᠭᠠᠵᠠᠷ᠎ᠤᠨ ᠤᠰᠤᠨ᠎ᠤ ᠡᠬᠢ ᠰᠤᠷᠪᠤᠯᠵᠢ ᠵᠢ ᠥᠨᠢᠳᠡ ᠲᠠᠰᠤᠯᠬᠤ;
     (ᠬᠣᠶᠠᠷ) ᠪᠠᠶ᠋ᠢᠭ᠋ᠠᠯᠢ ᠵᠢᠨ ᠴᠢᠭᠢᠭᠯᠢᠭ ᠭᠠᠵᠠᠷ᠎ᠢ ᠳᠤᠷ᠎ᠠ᠎ᠪᠠᠷ ᠪᠦᠭᠯᠡᠬᠦ᠂ ᠳᠤᠷ᠎ᠠ᠎ᠪᠠᠷ ᠵᠶ᠋ᠠᠨ ᠡᠯᠡᠰᠦ ᠮᠠᠯᠲᠠᠬᠤ᠂ ᠠᠭᠤᠷᠬᠠᠶ ᠮᠠᠯᠲᠠᠬᠤ᠂ ᠰᠢᠷᠣᠶ ᠭᠠᠷᠭ᠋ᠠᠬᠤ;
     (ᠭᠤᠷᠪᠠ) ᠤᠰᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ᠎ᠳᠤ ᠨᠡᠶ᠋ᠢᠴᠡᠬᠦ ᠦᠭᠡᠢ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ᠂ ᠠᠮᠢᠳᠤᠷᠠᠯ᠎ᠤᠨ ᠪᠣᠬᠢᠷ ᠤᠰᠤ ᠵᠢᠴᠢ ᠴᠢᠭᠢᠭᠯᠢᠭ ᠭᠠᠵᠠᠷ᠎ᠢ ᠪᠣᠬᠢᠷᠲᠤᠭᠤᠯᠤᠭᠰᠠᠨ ᠪᠤᠰᠤᠳ ᠬᠠᠶᠠᠭᠳᠠᠮᠠᠯ ᠤᠰᠤ᠂ ᠪᠣᠬᠢᠷ ᠤᠰᠤ ᠵᠢ ᠭᠠᠳᠠᠭᠰᠢᠯᠠᠭᠤᠯᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠴᠢᠳᠬᠤᠬᠤ᠂ ᠣᠪᠣᠭ᠋ᠠᠯᠠᠬᠤ᠂ ᠬᠠᠶᠠᠬᠤ᠂ ᠰᠠᠴᠤᠬᠤ;
     (ᠲᠥᠷᠪᠡ)   ᠬᠡᠳᠦᠷᠡᠲᠡᠯ᠎ᠡ ᠮᠠᠯᠵᠢᠬᠤ ᠪᠤᠶᠤ ᠬᠡᠭᠡᠷ᠎ᠡ ᠵᠢᠨ ᠤᠷᠭᠤᠮᠠᠯ᠎ᠢ ᠳᠤᠷ᠎ᠠ᠎ᠪᠠᠷ ᠵᠶ᠋ᠠᠨ   ᠲᠡᠭᠦᠵᠦ ᠴᠤᠭᠯᠠᠭᠤᠯᠬᠤ᠂ ᠬᠡᠲᠦᠷᠡᠲᠡᠯ᠎ᠡ ᠠᠩᠨᠠᠵᠤ ᠱᠦᠭᠦᠬᠦ ᠪᠤᠶᠤ ᠪᠦᠷᠢᠮᠦᠰᠦᠨ ᠤᠰᠠᠳᠬᠠᠬᠤ ᠬᠡᠯᠪᠡᠷᠢ᠎ᠪᠠᠷ ᠠᠩᠨᠠᠵᠤ ᠱᠦᠭᠦᠬᠦ᠂ ᠬᠡᠲᠦᠷᠡᠲᠡᠯ᠎ᠡ ᠪᠣᠷᠳᠣᠭᠣᠷ ᠣᠷᠣᠭᠤᠯᠬᠤ᠂ ᠡᠮ ᠲᠠᠯᠪᠢᠬᠤ᠂ ᠥᠭᠶᠥᠭᠡ ᠲᠠᠯᠪᠢᠬᠤ ᠵᠡᠷᠭᠡ ᠴᠢᠭᠢᠭᠯᠢᠭ ᠭᠠᠵᠠᠷ᠎ᠢ ᠪᠣᠬᠢᠷᠲᠤᠭᠤᠯᠤᠭᠰᠠᠨ ᠲᠠᠷᠢᠮᠠᠯ ᠲᠡᠷᠢᠬᠤ ᠪᠤᠶᠤ ᠲᠡᠵᠢᠭᠡᠨ ᠦᠷᠡᠵᠢᠭᠦᠯᠬᠦ ᠥᠢ᠍ᠯᠡ ᠠᠵᠢᠯᠯᠠᠭ᠎ᠠ :
     (ᠲᠠᠪᠤ)   ᠴᠢᠭᠢᠭᠯᠢᠭ ᠭᠠᠵᠠᠷ ᠵᠢᠴᠢ ᠲᠡᠭᠦᠨ᠎ᠤ ᠠᠮᠢ ᠠᠬᠤᠶ ᠵᠢᠨ ᠴᠢᠳᠠᠮᠵᠢ ᠵᠢ ᠡᠪᠳᠡᠭᠰᠡᠨ ᠪᠤᠰᠤᠳ ᠦᠢ᠍ᠯᠡ ᠠᠵᠢᠯᠯᠠᠭ᠎ᠠ᠃
      ᠬᠣᠷᠢ ᠶᠢᠰᠦᠳᠦᠭᠡᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠴᠢᠭᠢᠭᠯᠢᠭ ᠭᠠᠵᠠᠷ᠎ᠤᠨ ᠬᠦᠨᠦᠭᠡᠯᠲᠦ ᠠᠮᠢᠳᠤ ᠪᠣᠳᠠᠰ᠎ᠢ ᠬᠢᠨᠠᠨ ᠬᠡᠮᠵᠢᠬᠦ ᠠᠵᠢᠯ᠎ᠢ ᠥᠷᠨᠢᠭᠦᠯᠵᠦ᠂ ᠴᠠᠭ ᠲᠤᠬᠠᠶ᠎ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠴᠢᠭᠢᠭᠯᠢᠭ ᠭᠠᠵᠠᠷ᠎ᠤᠨ ᠠᠮᠢ ᠠᠬᠤᠶ ᠵᠢᠨ ᠰᠢᠰᠲ᠋ᠧᠮ᠎ᠳᠤ ᠤᠴᠠᠷᠠᠭᠤᠯᠬᠤ ᠬᠥᠨᠥᠭᠡᠯ᠎ᠢ ᠤᠷᠢᠳᠴᠢᠯᠠᠨ ᠰᠡᠷᠭᠡᠶ᠋ᠢᠯᠡᠵᠦ ᠬᠢᠵᠠᠭ᠋ᠠᠷᠯᠠᠬᠤ ᠬᠡᠷᠡᠭᠲᠡᠶ᠃
      ᠭᠤᠴᠢᠳᠤᠭ᠋ᠠᠷ ᠵᠤᠷᠪᠤᠰ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ ᠤᠷᠭᠤᠮᠠᠯ᠎ᠤᠨ ᠲᠥᠪᠯᠡᠷᠡᠨ ᠲᠠᠷᠬᠠᠵᠤ ᠪᠠᠶ᠋ᠢᠭ᠎ᠠ ᠴᠢᠭᠢᠭᠯᠢᠭ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠬᠡᠷᠡᠭᠲᠡᠶ᠃ ᠶᠠᠮᠠᠷᠪᠠ ᠨᠢᠭᠡᠴᠢ ᠪᠠ ᠬᠤᠪᠢ ᠬᠥᠮᠦᠨ ᠰᠢᠪᠠᠭᠤᠨ᠎ᠤ ᠲᠥᠷᠥᠯ ᠪᠠ ᠤᠰᠤᠨ᠎ᠤ ᠠᠮᠢᠳᠤ ᠪᠣᠳᠠᠰ᠎ᠤᠨ ᠣᠷᠣᠰᠢᠨ ᠠᠮᠢᠳᠤᠷᠠᠬᠤ ᠣᠷᠴᠢᠨ ᠲᠣᠭᠣᠷᠢᠨ᠎ᠢ ᠡᠪᠳᠡᠵᠦ ᠪᠣᠯᠬᠤ ᠦᠭᠡᠶ᠃
      ᠤᠰᠤᠨ᠎ᠤ ᠰᠢᠪᠠᠭᠤ ᠵᠢ ᠬᠠᠮᠠᠭ᠋ᠠᠯᠠᠬᠤ ᠡᠲᠡᠭᠡᠳ ᠵᠶ᠋ᠠᠨ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ ᠵᠢᠴᠢ ᠪᠤᠰᠤᠳ ᠴᠢᠬᠤᠯᠠ ᠤᠷᠤᠩᠨᠠᠨ ᠠᠮᠢᠳᠤᠷᠠᠬᠤ ᠭᠠᠵᠠᠷ᠎ᠲᠤ ᠵᠢᠭ᠋ᠠᠰᠤ ᠠᠩᠨᠠᠬᠤ᠂ ᠤᠷᠤᠩᠨᠠᠨ ᠠᠮᠢᠳᠤᠷᠠᠵᠤ ᠪᠠᠢ᠌ᠭ᠎ᠠ ᠠᠮᠢᠳᠤ ᠪᠣᠳᠠᠰ᠎ᠢ ᠠᠩᠨᠠᠬᠤ᠂ ᠰᠢᠪᠠᠭᠤᠨ᠎ᠤ ᠥᠨᠳᠡᠭᠡ ᠲᠡᠭᠦᠬᠦ᠂ ᠰᠢᠪᠠᠭᠤᠨ᠎ᠤ ᠡᠭᠦᠷ᠎ᠢ ᠡᠪᠳᠡᠬᠦ ᠵᠡᠷᠭᠡ ᠤᠰᠤᠨ᠎ᠤ ᠰᠢᠪᠠᠭᠤᠨ᠎ᠤ ᠤᠷᠤᠩᠨᠠᠨ ᠦᠷᠡᠵᠢᠬᠦ᠎ᠳᠤ ᠠᠶᠤᠯ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠃ ᠰᠢᠪᠠᠭᠤ ᠰᠣᠨᠢᠷᠬᠠᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ ᠵᠢᠴᠢ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ᠎ᠳᠤ ᠠᠮᠤᠷ ᠲᠦᠪᠰᠢᠨ ᠤᠷᠤᠨ ᠵᠠᠶ ᠵᠢ ᠪᠠᠲᠤᠯᠠᠵᠤ᠂ ᠰᠢᠪᠠᠭᠤᠨ᠎ᠤ ᠲᠥᠷᠥᠯ᠎ᠤᠨ ᠬᠡᠪ᠎ᠤᠨ ᠪᠠᠶ᠋ᠢᠳᠠᠯ ᠵᠶ᠋ᠠᠷ ᠢᠳᠡᠰᠢ ᠡᠷᠢᠬᠦ ᠪᠠ ᠦᠷᠡᠵᠢᠬᠦ ᠵᠢ ᠨᠥᠯᠥᠭᠡᠯᠡᠬᠦ᠎ᠠᠴᠠ ᠵᠠᠶ᠋ᠢᠯᠠᠰᠬᠢᠬᠦ ᠬᠡᠷᠡᠭᠲᠡᠶ᠃
      ᠤᠰᠤᠨ᠎ᠤ ᠴᠢᠬᠤᠯᠠ ᠠᠮᠢᠳᠤ ᠪᠣᠳᠠᠰ᠎ᠤᠨ ᠥᠨᠳᠡᠭᠡᠯᠡᠬᠦ ᠲᠠᠯᠠᠪᠤᠷ᠂ ᠥᠭᠶᠥᠭᠡ ᠠᠪᠬᠤ ᠲᠠᠯᠠᠪᠤᠷ᠂ ᠡᠪᠦᠯᠵᠢᠬᠦ ᠲᠠᠯᠠᠪᠤᠷ ᠪᠠ ᠨᠡᠭᠦᠳᠡᠯᠯᠡᠬᠦ ᠵᠠᠮ ᠵᠡᠷᠭᠡ ᠴᠢᠬᠤᠯᠠ ᠣᠷᠣᠰᠢᠨ ᠠᠮᠢᠳᠤᠷᠠᠬᠤ ᠭᠠᠵᠠᠷ᠎ᠲᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃ ᠬᠠᠤᠯᠢ ᠶᠣᠰᠣᠭ᠋ᠠᠷ ᠵᠥᠪᠰᠢᠶᠡᠷᠡᠭᠦᠯᠦᠭᠡᠳ ᠨᠡᠭᠦᠳᠡᠯᠯᠡᠬᠦ ᠵᠠᠮ ᠳᠡᠭᠡᠷ᠎ᠡ ᠬᠤᠷᠢᠭ᠎ᠠ ᠬᠠᠰᠢᠯᠭ᠎ᠠ ᠪᠠᠷᠢᠵᠤ᠂ ᠤᠰᠤᠨ᠎ᠤ ᠠᠮᠢᠳᠤ ᠪᠣᠳᠠᠰ᠎ᠤᠨ ᠨᠡᠭᠦᠳᠡᠯᠯᠡᠬᠦ᠎ᠳᠤ ᠨᠥᠯᠥᠭᠡ ᠦᠵᠡᠭᠦᠯᠵᠦ ᠮᠡᠳᠡᠬᠦ᠎ᠳᠤ ᠬᠦᠷᠪᠡᠯ᠂ ᠪᠦᠳᠦᠭᠡᠠ ᠪᠠᠶ᠋ᠢᠭᠤᠯᠤᠭᠰᠠᠨ ᠨᠢᠭᠡᠴᠢ᠎ᠨᠢ   ᠤᠰᠤᠨ᠎ᠤ ᠠᠮᠢᠳᠤ ᠪᠤᠳᠠᠰ ᠥᠩᠭᠡᠷᠡᠬᠦ ᠲᠥᠬᠥᠭᠡᠷᠦᠮᠵᠢ ᠪᠠᠶ᠋ᠢᠭᠤᠯᠬᠤ ᠪᠤᠶᠤ ᠪᠤᠰᠤᠳ ᠨᠥᠬᠥᠪᠥᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ᠤᠰᠤᠨ᠎ᠤ ᠠᠮᠢᠳᠤ ᠪᠣᠳᠠᠰ᠎ᠤᠨ ᠨᠡᠭᠦᠳᠡᠯᠯᠡᠬᠦ᠎ᠳᠤ ᠨᠥᠯᠥᠭᠡ ᠦᠵᠡᠭᠦᠯᠵᠦ ᠮᠡᠳᠡᠬᠦ᠎ᠳᠤ ᠬᠦᠷᠪᠡᠯ᠂ ᠪᠦᠳᠦᠭᠡᠠ ᠪᠠᠶ᠋ᠢᠭᠤᠯᠤᠭᠰᠠᠨ ᠨᠢᠭᠡᠴᠢ᠎ᠨᠢ ᠤᠰᠤᠨ᠎ᠤ ᠠᠮᠢᠳᠤ ᠪᠤᠳᠠᠰ ᠥᠩᠭᠡᠷᠡᠬᠦ ᠲᠥᠬᠥᠭᠡᠷᠦᠮᠵᠢ ᠪᠠᠶ᠋ᠢᠭᠤᠯᠬᠤ ᠪᠤᠶᠤ ᠪᠤᠰᠤᠳ ᠨᠥᠬᠥᠪᠥᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃
      ᠴᠢᠭᠢᠭᠯᠢᠭ ᠭᠠᠵᠠᠷ᠎ᠲᠤ ᠭᠠᠳᠠᠨ᠎ᠠ᠎ᠠᠴᠠ ᠢᠷᠡᠯᠲᠠᠢ ᠠᠮᠢᠳᠤ ᠪᠣᠳᠠᠰ᠎ᠤᠨ ᠳᠦᠷᠰᠦ ᠵᠢ ᠤᠷᠤᠭᠤᠯᠤᠨ ᠠᠪᠴᠢᠷᠠᠬᠤ ᠪᠠ ᠲᠠᠯᠪᠢᠵᠤ ᠭᠠᠷᠭ᠋ᠠᠬᠤ ᠵᠢ ᠴᠠᠭ᠋ᠠᠵᠠᠯᠠᠨ᠎ᠠ᠂   ᠤᠷᠤᠭᠤᠯᠤᠨ ᠠᠪᠴᠢᠷᠠᠬᠤ ᠴᠢᠬᠤᠯᠠ᠎ᠲᠠᠢ ᠪᠣᠯ ᠰᠢᠨᠵᠢᠯᠡᠬᠦ ᠤᠬᠠᠭ᠋ᠠᠨᠴᠢ ᠦᠨᠡᠯᠡᠨ ᠵᠢᠱ᠌ᠢᠯᠲᠡ ᠬᠢᠬᠦ ᠵᠢᠨ ᠬᠠᠮᠲᠤ ᠬᠠᠤᠯᠢ ᠶᠣᠰᠣᠭ᠋ᠠᠷ ᠵᠥᠪᠰᠢᠶᠡᠷᠡᠯ ᠤᠯᠬᠤ ᠬᠡᠷᠡᠭᠲᠡᠶ᠃
   

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠳᠤᠯᠤᠭ᠎ᠠ)
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠭᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠨᠠᠢ᠍ᠮᠠ )
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠬᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠶᠢᠰᠦ)
ᠶᠠᠮᠠᠷ ᠪᠠᠶ᠋ᠢᠳᠠᠯ ᠳᠣᠣᠷ᠎ᠠ ᠰᠢᠭᠤᠶ᠋ᠢᠲᠤ ᠭᠠᠵᠠᠷ᠎ᠢ ᠬᠡᠷᠡᠭᠯᠡᠬᠦ ᠭᠠᠷ ᠭᠦᠢ᠍ᠴᠡᠳᠬᠡᠯ ᠬᠢᠬᠦ ᠬᠡᠷᠡᠭᠲᠡᠶ ᠪᠤᠢ?
ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠨᠢᠭᠡᠴᠡ ᠤᠢ᠌ᠲᠤ ᠭᠠᠵᠠᠷ᠎ᠢ ᠬᠡᠷᠡᠭᠯᠡᠬᠦ᠎ᠪᠠᠷ ᠭᠤᠶᠤᠴᠢᠯᠠᠬᠤ ᠡᠩ᠎ᠤᠨ ᠠᠯᠬᠤᠮ ᠳᠠᠷᠠᠭ᠋ᠠᠯᠠᠯ
 
             蒙ICP备05000248号