ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠢᠬᠢᠭᠯᠢᠭ ᠭᠠᠵᠠᠷ᠎ᠢ ᠬᠠᠮᠠᠭ᠋ᠠᠯᠠᠬᠤ ᠬᠠᠤᠯᠢ (ᠶᠢᠰᠦ)
ᠨᠡᠶ᠋ᠢᠲᠡᠯᠡᠭᠰᠡᠨ ᠴᠠᠭ᠄ 2023-09-07

      ᠳᠥᠴᠢᠨ ᠨᠢᠭᠡᠳᠦᠭᠡᠷ ᠵᠤᠷᠪᠤᠰ ᠬᠦᠯᠦᠷ᠎ᠡ ᠨᠠᠮᠤᠭᠲᠤ ᠴᠢᠬᠢᠭᠯᠢᠭ ᠭᠠᠵᠠᠷ᠎ᠤᠨ ᠪᠠᠶ᠋ᠢᠭ᠎ᠠ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠳᠣᠭᠢᠷᠠᠭᠤᠯᠤᠨ᠂ ᠲᠠᠴᠢᠷᠳᠠᠮᠠᠯ ᠬᠦᠯᠦᠷ᠎ᠡ ᠨᠠᠮᠤᠭᠲᠤ ᠴᠢᠭᠢᠭᠯᠢᠭ ᠭᠠᠵᠠᠷ᠎ᠢ ᠵᠠᠰᠠᠨ ᠰᠡᠷᠭᠦᠭᠡᠬᠦ ᠠᠵᠢᠯ᠎ᠢ ᠵᠣᠬᠢᠶᠠᠨ ᠪᠠᠶ᠋ᠢᠭᠤᠯᠬᠤ ᠵᠢᠨ ᠬᠠᠮᠲᠤ᠂ ᠬᠦᠯᠦᠷ᠎ᠡ ᠨᠠᠮᠤᠭᠲᠤ ᠴᠢᠭᠢᠭᠯᠢᠭ ᠭᠠᠵᠠᠷ᠎ᠤᠨ ᠲᠥᠷᠥᠯ ᠬᠡᠯᠪᠡᠷᠢ᠂ ᠤᠷᠭᠤᠯᠲᠠ ᠵᠢᠨ ᠪᠠᠶ᠋ᠢᠳᠠᠯ ᠪᠠ ᠲᠠᠴᠢᠷᠳᠠᠭᠰᠠᠨ ᠬᠡᠮᠵᠢᠶ᠎ᠡ ᠵᠡᠷᠭᠡ ᠵᠢ ᠦᠨᠳᠦᠰᠦᠯᠡᠨ᠂ ᠵᠣᠬᠢᠬᠤ ᠵᠠᠰᠠᠨ ᠰᠡᠷᠭᠦᠭᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃
      ᠳᠥᠴᠢᠨ ᠬᠣᠶᠠᠳᠤᠭ᠋ᠠᠷ ᠵᠤᠷᠪᠤᠰ ᠭᠤᠤᠯᠳᠠᠯᠭ᠋ᠠᠲᠤ ᠴᠢᠬᠢᠭᠯᠢᠭ ᠭᠠᠵᠠᠷ᠎ᠢ ᠰᠡᠷᠭᠦᠭᠡᠬᠦ᠎ᠳᠤ ᠴᠢᠭᠢᠭᠯᠢᠭ ᠭᠠᠵᠠᠷ᠎ᠢ ᠰᠡᠷᠭᠦᠭᠡᠬᠦ ᠲᠥᠰᠦᠯ᠎ᠢ ᠨᠠᠶ᠋ᠢᠷᠠᠭᠤᠯᠤᠨ ᠵᠣᠬᠢᠶᠠᠬᠤ ᠬᠡᠷᠡᠭᠲᠡᠶ᠃
      ᠭᠤᠤᠯᠳᠠᠯᠭ᠋ᠠᠲᠤ ᠴᠢᠭᠢᠭᠯᠢᠭ ᠭᠠᠵᠠᠷ᠎ᠢ ᠰᠡᠷᠭᠦᠭᠡᠬᠦ ᠲᠥᠰᠦᠯ᠎ᠢ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠰᠡᠷᠭᠦᠭᠡᠬᠦ ᠲᠥᠰᠦᠯ᠎ᠢ ᠵᠥᠪᠰᠢᠶᠡᠷᠡᠬᠦ᠎ᠠᠴᠠ ᠡᠮᠦᠨ᠎ᠡ᠂ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠤᠰᠤᠨ᠎ᠤ ᠵᠠᠰᠠᠭ ᠵᠠᠬᠢᠷᠭ᠋ᠠᠨ᠂ ᠣᠷᠣᠨ ᠰᠠᠭᠤᠴᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠠᠮᠢ ᠠᠬᠤᠶ ᠵᠢᠨ ᠣᠷᠴᠢᠨ ᠲᠣᠭᠣᠷᠢᠨ᠂ ᠲᠠᠷᠢᠶᠠᠯᠠᠩ ᠬᠥᠳᠡᠭᠡ ᠲᠣᠰᠬᠣᠨ ᠵᠡᠷᠭᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ᠃
      ᠳᠥᠴᠢᠨ ᠭᠤᠷᠪᠠᠳᠤᠭ᠋ᠠᠷ ᠵᠤᠷᠪᠤᠰ ᠭᠤᠤᠯᠳᠠᠯᠭ᠋ᠠᠲᠤ ᠴᠢᠬᠢᠭᠯᠢᠭ ᠭᠠᠵᠠᠷ᠎ᠢ ᠰᠡᠷᠭᠦᠭᠡᠬᠦ᠎ᠳᠤ ᠵᠥᠪᠰᠢᠶᠡᠷᠡᠭᠦᠯᠦᠭᠰᠡᠨ ᠴᠢᠭᠢᠭᠯᠢᠭ ᠭᠠᠵᠠᠷ᠎ᠢ ᠰᠡᠷᠭᠦᠭᠡᠬᠦ ᠲᠥᠰᠦᠯ ᠶᠣᠰᠣᠭ᠋ᠠᠷ ᠰᠡᠷᠭᠦᠭᠡᠬᠦ ᠬᠡᠷᠡᠭᠲᠡᠶ᠃
      ᠭᠤᠤᠯᠳᠠᠯᠭ᠋ᠠᠲᠤ ᠴᠢᠭᠢᠭᠯᠢᠭ ᠭᠠᠵᠠᠷ᠎ᠢ ᠰᠡᠷᠭᠦᠭᠡᠨ ᠵᠠᠰᠠᠭᠰᠠᠨ᠎ᠤ ᠳᠠᠷᠠᠭ᠎ᠠ᠂ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠰᠢᠯᠭ᠋ᠠᠭᠤᠯᠵᠤ ᠬᠢᠷᠢ ᠲᠡᠩᠴᠡᠭᠦᠯᠦᠨ᠂ ᠰᠡᠷᠭᠦᠭᠡᠨ ᠵᠠᠰᠠᠭᠰᠠᠨ ᠪᠠᠶ᠋ᠢᠳᠠᠯ᠎ᠢ ᠬᠠᠤᠯᠢ ᠶᠣᠰᠣᠭ᠋ᠠᠷ ᠢᠯᠡ ᠪᠣᠯᠭ᠋ᠠᠬᠤ ᠬᠡᠷᠡᠭᠲᠡᠶ᠃ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠴᠢᠭᠢᠭᠯᠢᠭ ᠭᠠᠵᠠᠷ᠎ᠢ ᠰᠡᠷᠭᠦᠭᠡᠬᠦ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠪᠠ ᠬᠥᠳᠡᠯᠦᠩᠭᠦᠶ ᠬᠢᠨᠠᠨ ᠰᠢᠨᠵᠢᠯᠲᠡ ᠵᠢ ᠴᠢᠩᠭ᠋ᠠᠳᠬᠠᠬᠤ ᠵᠢᠨ ᠬᠠᠮᠲᠤ᠂ ᠬᠡᠷᠡᠭᠴᠡᠭᠡ᠎ᠪᠠᠨ ᠦᠨᠳᠦᠰᠦᠯᠡᠨ ᠰᠡᠷᠭᠦᠭᠡᠭᠰᠡᠨ ᠦᠷ᠎ᠡ ᠪᠦᠲᠦᠮᠵᠢ ᠵᠢᠨ ᠰᠡᠭᠦᠯᠴᠢ ᠵᠢᠨ ᠬᠤᠭᠤᠴᠠᠭ᠋ᠠᠨ᠎ᠤ ᠦᠨᠡᠯᠡᠨ ᠵᠢᠱ᠌ᠢᠯᠲᠡ ᠵᠢ ᠥᠷᠨᠢᠭᠦᠯᠬᠦ ᠬᠡᠷᠡᠭᠲᠡᠶ᠃
      ᠳᠥᠴᠢᠨ ᠳᠥᠷᠪᠡᠳᠦᠭᠡᠷ ᠵᠤᠷᠪᠤᠰ ᠬᠠᠤᠯᠢ᠎ᠠᠴᠠ ᠵᠥᠷᠢᠴᠡᠨ ᠡᠵᠡᠯᠡᠨ ᠬᠡᠷᠡᠭᠯᠡᠬᠦ᠂ ᠨᠡᠭᠡᠭᠡᠨ ᠮᠠᠯᠲᠠᠬᠤ᠂ ᠬᠠᠭ᠋ᠠᠯᠪᠤᠷᠢᠯᠠᠬᠤ᠂ ᠪᠤᠯᠠᠬᠤ᠂ ᠪᠣᠬᠢᠷᠲᠤᠯ ᠭᠠᠳᠠᠭᠰᠢᠯᠠᠭᠤᠯᠬᠤ ᠵᠡᠷᠭᠡ ᠠᠵᠢᠯᠯᠠᠭ᠎ᠠ᠎ᠠᠴᠠ ᠪᠣᠯᠵᠤ ᠴᠢᠭᠢᠭᠯᠢᠭ ᠭᠠᠵᠠᠷ᠎ᠢ ᠡᠪᠳᠡᠭᠰᠡᠨ ᠪᠠᠢ᠌ᠪᠠᠯ᠂ ᠬᠠᠤᠯᠢ᠎ᠠᠴᠠ ᠵᠥᠷᠢᠴᠡᠭᠰᠡᠨ ᠬᠥᠮᠦᠨ ᠬᠠᠷᠢᠭᠤᠴᠠᠵᠤ ᠰᠡᠷᠭᠦᠭᠡᠬᠦ ᠬᠡᠷᠡᠭᠲᠡᠢ᠃ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠋ᠠᠲᠤ ᠬᠥᠮᠦᠨ᠎ᠨᠢ ᠬᠤᠪᠢᠷᠠᠭᠰᠠᠨ ᠪᠠᠶ᠋ᠢᠪᠠᠯ᠂ ᠲᠡᠭᠦᠨ᠎ᠤ ᠠᠪᠴᠠᠭ᠎ᠠ᠂ ᠥᠭᠴᠡᠭᠡ ᠵᠢ ᠵᠠᠯᠭ᠋ᠠᠮᠵᠢᠯᠠᠬᠤ ᠪᠡᠶᠡᠴᠢ ᠴᠣᠭᠴᠠ᠎ᠠᠴᠠ ᠬᠠᠷᠢᠭᠤᠴᠠᠵᠤ ᠰᠡᠷᠭᠦᠭᠡᠨ᠎ᠡ᠃
      ᠬᠦᠨᠳᠦ ᠶᠡᠬᠡ ᠪᠠᠶ᠋ᠢᠭ᠋ᠠᠯᠢ ᠵᠢᠨ ᠭᠠᠮᠰᠢᠭ᠎ᠠᠴᠠ ᠪᠣᠯᠵᠣ ᠴᠢᠭᠢᠭᠯᠢᠭ ᠭᠠᠵᠠᠷ᠎ᠢ ᠡᠪᠳᠡᠭᠰᠡᠨ ᠵᠢᠴᠢ ᠴᠢᠭᠢᠭᠯᠢᠭ ᠭᠠᠵᠠᠷ᠎ᠢ ᠰᠡᠷᠭᠦᠭᠡᠬᠦ ᠬᠠᠷᠢᠭᠤᠴᠠᠯᠭ᠎ᠠ ᠵᠢᠨ ᠭᠤᠤᠯ ᠴᠣᠭᠴᠠ᠎ᠨᠢ ᠤᠰᠠᠳᠬᠠᠭᠰᠠᠨ ᠪᠤᠶᠤ ᠲᠣᠭᠲᠠᠭ᠋ᠠᠬᠤ ᠵᠢᠨ ᠠᠷᠭ᠎ᠠ ᠥᠬᠡᠶ ᠪᠣᠯᠤᠭᠰᠠᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ ᠰᠡᠷᠭᠦᠭᠡᠬᠦ ᠬᠡᠷᠡᠭᠲᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
 
             蒙ICP备05000248号