ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠪᠠᠷᠢᠯᠭ᠎ᠠ ᠵᠢᠨ ᠲᠥᠬᠦᠭᠡᠷᠦᠮᠵᠢ ᠪᠠᠶ᠋ᠢᠭᠤᠯᠬᠤ᠎ᠳᠤ ᠬᠡᠷᠡᠭᠯᠡᠬᠦ ᠨᠤᠲᠤᠭ ᠪᠡᠯᠴᠢᠭᠡᠷ᠎ᠢ ᠬᠢᠨᠠᠨ ᠵᠥᠪᠰᠢᠶᠡᠷᠡᠬᠦ
ᠨᠡᠶ᠋ᠢᠲᠡᠯᠡᠭᠰᠡᠨ ᠴᠠᠭ᠄ 2024-01-15

      ᠬᠦᠯᠢᠶᠡᠨ ᠰᠢᠢ᠍ᠳᠪᠦᠷᠢᠯᠡᠬᠦ ᠨᠥᠬᠥᠴᠡᠯ      

     1. ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠮᠡᠯ ᠠᠵᠤ ᠠᠬᠤᠢ ᠵᠢᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠪᠠᠷᠢᠯᠭ᠎ᠠ ᠵᠢᠨ ᠲᠥᠬᠦᠭᠡᠷᠦᠮᠵᠢ ᠭᠡᠳᠡᠭ᠎ᠨᠢ᠄      

     (1) ᠡᠪᠡᠰᠦᠨ ᠦᠷ᠎ᠡ ᠪᠠ ᠲᠡᠵᠢᠭᠡᠯ ᠡᠪᠡᠰᠦ ᠪᠣᠷᠳᠣᠭ᠎ᠠ ᠵᠢ ᠦᠢ᠍ᠯᠡᠳᠪᠦᠷᠢᠯᠡᠬᠦ᠂   ᠬᠠᠳᠠᠭ᠋ᠠᠯᠠᠬᠤ ᠲᠥᠬᠦᠭᠡᠷᠦᠮᠵᠢ;      

     (2) ᠮᠠᠯ᠎ᠤᠨ ᠬᠠᠰᠢᠶ᠎ᠠ ᠰᠠᠷᠠᠪᠴᠢ᠂ ᠬᠡᠭᠡᠯᠲᠦᠭᠦᠯᠭᠡ ᠬᠢᠬᠦ ᠭᠠᠵᠠᠷ᠂   ᠨᠣᠣᠰᠣ ᠬᠠᠢ᠌ᠴᠢᠯᠠᠬᠤ ᠭᠠᠵᠠᠷ᠂ ᠡᠮᠲᠦ ᠤᠬᠢᠶᠠᠯᠭ᠎ᠠ ᠵᠢᠨ ᠭᠠᠵᠠᠷ᠂   ᠬᠥᠮᠥᠨ ᠮᠠᠯ᠎ᠤᠨ ᠤᠤᠭᠤᠬᠤ ᠤᠰᠤᠨ᠎ᠤ ᠲᠥᠬᠦᠭᠡᠷᠦᠮᠵᠢ;      

     (3) ᠰᠢᠨᠵᠢᠯᠡᠬᠦ ᠤᠬᠠᠭ᠋ᠠᠨ᠎ᠤ ᠰᠤᠳᠤᠯᠤᠯ᠂ ᠲᠤᠷᠰᠢᠯᠲᠠ᠂ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ;      

     (4) ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ ᠪᠠ ᠤᠰᠤᠯᠠᠯᠲᠠ ᠵᠢᠨ ᠲᠥᠬᠦᠭᠡᠷᠦᠮᠵᠢ᠃      

     2. ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭᠯᠡᠬᠦ ᠲᠠᠯ᠎ᠠ᠎ᠪᠠᠷ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠲᠤ ᠨᠡᠢ᠌ᠴᠡᠭᠰᠡᠨ ᠪᠠᠢ᠌ᠬᠤ ᠬᠡᠷᠡᠭᠲᠡᠢ᠄      

     (1) ᠤᠯᠤᠰ᠎ᠤᠨ ᠠᠵᠤ ᠦᠢ᠍ᠯᠡᠰ᠎ᠤᠨ ᠲᠥᠷᠦ ᠵᠢᠨ ᠪᠣᠳᠣᠯᠭ᠎ᠠ᠎ᠳᠤ ᠨᠡᠢ᠌ᠴᠡᠵᠦ᠂ ᠤᠯᠤᠰ᠎ᠠᠴᠠ ᠲᠣᠳᠣᠷᠬᠠᠢ ᠵᠠᠷᠯᠢᠭ ᠵᠶ᠋ᠠᠷ ᠴᠠᠭ᠋ᠠᠵᠠᠯᠠᠭᠰᠠᠨ ᠲᠦᠷᠦᠯ ᠵᠦᠢ᠍ᠯ᠎ᠳᠤ ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭᠯᠡᠵᠦ ᠪᠣᠯᠬᠤ ᠦᠭᠡᠢ;      

     (2) ᠪᠠᠢ᠌ᠭ᠎ᠠ ᠭᠠᠵᠠᠷ᠎ᠤᠨ ᠵᠶ᠋ᠠᠨ ᠬᠤᠰᠢᠭᠤ ᠰᠢᠶᠠᠨ᠎ᠤ ᠱᠠᠲᠤᠨ᠎ᠤ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠦᠲᠦᠭᠡᠨ ᠪᠠᠢ᠌ᠭᠤᠯᠤᠯᠲᠠ ᠵᠢᠨ ᠠᠰᠢᠭᠯᠠᠯᠲᠠ ᠵᠢᠨ ᠲᠥᠯᠦᠪᠵᠢᠭᠦᠯᠭᠡ᠎ᠳᠤ ᠨᠡᠢ᠌ᠴᠡᠵᠦ᠂ ᠲᠣᠳᠣᠷᠬᠠᠢ ᠬᠡᠷᠡᠭᠯᠡᠬᠦ ᠲᠠᠯᠠᠪᠠᠢ ᠪᠤᠶᠤ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ᠎ᠲᠠᠢ ᠪᠠᠢ᠌ᠬᠤ;      

     (3) ᠪᠠᠢ᠌ᠭ᠎ᠠ ᠭᠠᠵᠠᠷ᠎ᠤᠨ ᠵᠶ᠋ᠠᠨ ᠠᠮᠢ ᠠᠬᠤᠢ ᠵᠢᠨ ᠣᠷᠴᠢᠨ ᠲᠣᠭᠣᠷᠢᠨ᠂ ᠮᠠᠯ ᠠᠵᠤ ᠠᠬᠤᠢ ᠵᠢᠨ ᠦᠢ᠍ᠯᠡᠳᠪᠦᠷᠢᠯᠡᠯ ᠪᠠ ᠮᠠᠯᠴᠢᠨ ᠲᠠᠷᠢᠶᠠᠴᠢᠨ᠎ᠤ ᠠᠮᠢᠳᠤᠷᠠᠯ᠎ᠳᠤ ᠬᠦᠨᠳᠦ ᠶᠡᠬᠡ ᠨᠠᠵᠠᠭ᠋ᠠᠢ ᠨᠥᠯᠥᠭᠡ ᠦᠵᠡᠭᠦᠯᠬᠦ ᠦᠭᠡᠢ ᠪᠠᠢ᠌ᠬᠤ;      

     (4) ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ᠎ᠳᠡᠭᠡᠨ ᠨᠤᠲᠤᠭ ᠪᠡᠯᠴᠢᠭᠡᠷ᠎ᠤᠨ ᠥᠮᠴᠢᠯᠡᠭᠴᠢ ᠪᠤᠶᠤ ᠬᠡᠷᠡᠭᠯᠡᠭᠴᠢ ᠵᠢᠨ ᠵᠥᠪᠰᠢᠶᠡᠷᠡᠯ᠎ᠢ ᠣᠯᠬᠤ ᠬᠡᠷᠡᠭᠲᠡᠢ; ᠨᠢᠭᠡᠨᠲᠡ ᠳᠠᠭ᠋ᠠᠭ᠋ᠠᠴᠢᠯᠠᠨ ᠡᠵᠡᠩᠨᠡᠭᠰᠡᠨ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠨ ᠬᠡᠷᠡᠭᠯᠡᠭᠰᠡᠨ ᠪᠠᠢ᠌ᠪᠠᠯ᠂ ᠪᠠᠰᠠ ᠨᠤᠲᠤᠭ ᠪᠡᠯᠴᠢᠭᠡᠷ᠎ᠤᠨ ᠳᠠᠭ᠋ᠠᠭ᠋ᠠᠴᠢᠯᠠᠨ ᠡᠵᠡᠩᠨᠡᠭᠴᠢ᠎ᠲᠠᠢ ᠨᠥᠬᠥᠪᠦᠷᠢ ᠥᠭᠬᠦ ᠬᠡᠯᠡᠯᠴᠡᠭᠡᠷ ᠲᠣᠭᠲᠠᠭ᠋ᠠᠬᠤ ᠬᠡᠷᠡᠭᠲᠡᠢ;      

     (5) ᠨᠤᠲᠤᠭ ᠪᠡᠯᠴᠢᠭᠡᠷ᠎ᠢ ᠲᠦᠷ ᠴᠠᠭ ᠡᠵᠡᠯᠡᠨ ᠬᠡᠷᠡᠭᠯᠡᠬᠦ᠎ᠳᠤ ᠬᠦᠷᠪᠡᠯ᠂ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ ᠵᠢ ᠰᠡᠷᠭᠦᠭᠡᠬᠦ ᠲᠥᠰᠥᠯ ᠲᠤᠭᠲᠠᠭ᠋ᠠᠬᠤ ᠬᠡᠷᠡᠭᠲᠡᠢ;      

     (6) ᠭᠤᠶᠤᠴᠢᠯᠠᠬᠤ ᠮᠠᠲ᠋ᠧᠷᠢᠶᠠᠯ᠎ᠨᠢ ᠪᠦᠷᠢᠨ ᠭᠦᠢ᠍ᠴᠡᠳ᠂ ᠦᠨᠡᠨ ᠪᠣᠳᠠᠲᠠᠢ ᠪᠠᠢ᠌ᠬᠤ ᠬᠡᠷᠡᠭᠲᠡᠢ;      

     (7) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠎ᠤᠳ᠃    

      ᠲᠤᠭᠲᠠᠭ᠋ᠠᠭᠰᠠᠨ ᠦᠨᠳᠦᠰᠦᠯᠡᠯ  

  【ᠬᠠᠤᠯᠢ ᠴᠠᠭ᠋ᠠᠵᠠ】 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 (2013 ᠣᠨ᠎ᠤ ᠵᠠᠰᠠᠪᠤᠷᠢ ᠣᠷᠣᠭᠤᠯᠤᠭᠰᠠᠨ ᠳᠡᠪᠲᠡᠷ) ᠵᠢᠨ ᠳᠥᠴᠢᠨ ᠨᠢᠭᠡᠳᠦᠭᠡᠷ ᠵᠦᠢ᠍ᠯ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠮᠡᠯ ᠠᠵᠤ ᠠᠬᠤᠢ ᠵᠢᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠪᠠᠷᠢᠯᠭ᠎ᠠ ᠵᠢᠨ ᠲᠥᠬᠦᠭᠡᠷᠦᠮᠵᠢ ᠵᠢ ᠪᠠᠶ᠋ᠢᠭᠤᠯᠬᠤ᠎ᠳᠤ ᠨᠤᠲᠤᠭ ᠪᠡᠯᠴᠢᠭᠡᠷ᠎ᠢ ᠬᠡᠷᠡᠭᠯᠡᠬᠦ ᠴᠢᠬᠤᠯᠠᠲᠠᠢ ᠪᠠᠢ᠌ᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠦᠨ᠎ᠡ; ᠪᠤᠰᠤᠳ ᠪᠠᠷᠢᠯᠭ᠎ᠠ ᠪᠠᠷᠢᠬᠤ᠎ᠳᠤ ᠨᠤᠲᠤᠭ ᠪᠡᠯᠴᠢᠭᠡᠷ᠎ᠢ ᠮᠡᠯ ᠠᠵᠤ ᠠᠬᠤᠢ ᠵᠢᠨ ᠪᠣᠰᠤ ᠦᠢ᠍ᠯᠡᠳᠪᠦᠷᠢᠯᠡᠯ᠎ᠳᠤ ᠬᠡᠷᠡᠭᠯᠡᠬᠦ ᠭᠠᠵᠠᠷ ᠪᠣᠯᠭ᠋ᠠᠬᠤ ᠴᠢᠬᠤᠯᠠᠲᠠᠢ ᠪᠣᠯ ᠡᠷᠬᠡᠪᠰᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ᠎ᠢ ᠬᠠᠤᠯᠢ ᠶᠣᠰᠣᠭ᠋ᠠᠷ ᠬᠢᠬᠦ ᠬᠡᠷᠡᠭᠲᠡᠢ᠃      

      ᠡᠮᠦᠨ᠎ᠡ ᠬᠡᠯᠡᠵᠦ ᠪᠠᠢ᠌ᠭ᠎ᠠ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠮᠡᠯ ᠠᠵᠤ ᠠᠬᠤᠢ ᠵᠢᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠪᠠᠷᠢᠯᠭ᠎ᠠ ᠵᠢᠨ ᠲᠥᠬᠦᠭᠡᠷᠦᠮᠵᠢ ᠭᠡᠳᠡᠭ᠎ᠨᠢ᠄  

     (ᠨᠢᠭᠡ) ᠡᠪᠡᠰᠦᠨ ᠦᠷ᠎ᠡ ᠪᠠ ᠲᠡᠵᠢᠭᠡᠯ ᠡᠪᠡᠰᠦ ᠲᠡᠵᠢᠭᠡᠯ ᠪᠣᠷᠳᠣᠭ᠎ᠠ ᠵᠢ ᠦᠢ᠍ᠯᠡᠳᠪᠦᠷᠢᠯᠡᠬᠦ᠂ ᠬᠠᠳᠠᠭ᠋ᠠᠯᠠᠬᠤ ᠲᠥᠬᠦᠭᠡᠷᠦᠮᠵᠢ;

     (ᠬᠣᠶᠠᠷ) ᠮᠠᠯ᠎ᠤᠨ ᠬᠠᠰᠢᠶ᠎ᠠ ᠰᠠᠷᠠᠪᠴᠢ᠂ ᠬᠡᠭᠡᠯᠲᠦᠭᠦᠯᠭᠡ ᠬᠢᠬᠦ ᠭᠠᠵᠠᠷ᠂ ᠨᠣᠣᠰᠣ ᠬᠠᠢ᠌ᠴᠢᠯᠠᠬᠤ ᠭᠠᠵᠠᠷ᠂ ᠡᠮᠲᠦ ᠤᠬᠢᠶᠠᠯᠭ᠎ᠠ ᠵᠢᠨ ᠭᠠᠵᠠᠷ᠂ ᠬᠥᠮᠥᠨ ᠮᠠᠯ᠎ᠤᠨ ᠤᠤᠭᠤᠬᠤ ᠤᠰᠤᠨ᠎ᠤ ᠲᠥᠬᠦᠭᠡᠷᠦᠮᠵᠢ;

     (ᠭᠤᠷᠪᠠ) ᠰᠢᠨᠵᠢᠯᠡᠬᠦ ᠤᠬᠠᠭ᠋ᠠᠨ᠎ᠤ ᠰᠤᠳᠤᠯᠤᠯ᠂ ᠲᠤᠷᠰᠢᠯᠲᠠ᠂ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ;

     (ᠳᠥᠷᠪᠡ) ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ ᠪᠠ ᠤᠰᠤᠯᠠᠯᠲᠠ ᠵᠢᠨ ᠲᠥᠬᠦᠭᠡᠷᠦᠮᠵᠢ᠃    

  【ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ 】 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠳᠦᠷᠢᠮ》 (1984 ᠣᠨ᠎ᠤ 6 ᠳ᠋ᠤᠭ᠋ᠠᠷ ᠰᠠᠷ᠎ᠠ ᠵᠢᠨ 7᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ 2004 ᠣᠨ᠎ᠤ 11 ᠳ᠋ᠦ᠍ᠭᠡᠷ ᠰᠠᠷ᠎ᠠ ᠵᠢᠨ 26᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠵᠠᠷᠯᠠᠯ 20 ᠳ᠋ᠤᠭ᠋ᠠᠷ ᠲᠣᠭ᠋ᠠᠲᠤ᠎ᠪᠠᠷ ᠨᠡᠢ᠌ᠲᠡᠯᠡᠪᠡ)      

      ᠬᠣᠷᠢᠨ ᠳᠣᠯᠣᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠪᠠᠷᠢᠯᠭ᠎ᠠ ᠵᠢᠨ ᠲᠥᠬᠦᠭᠡᠷᠦᠮᠵᠢ ᠪᠠᠶ᠋ᠢᠭᠤᠯᠬᠤ᠎ᠳᠤ ᠨᠤᠲᠤᠭ ᠪᠡᠯᠴᠢᠭᠡᠷ᠎ᠢ ᠠᠷᠪᠠᠨ ᠮᠦ᠍᠎ᠠᠴᠠ ᠳᠣᠭᠣᠭᠰᠢ ᠬᠡᠷᠡᠭᠯᠡᠬᠦ ᠴᠢᠬᠤᠯᠠᠲᠠᠢ ᠪᠠᠢ᠌ᠪᠠᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠦᠨ᠎ᠡ; ᠠᠷᠪᠠᠨ ᠮᠦ᠍᠎ᠠᠴᠠ ᠳᠡᠭᠡᠭᠰᠢ ᠵᠠᠭᠤᠨ ᠮᠦ᠍᠎ᠠᠴᠠ ᠳᠣᠷᠣᠭᠰᠢ ᠪᠠᠢ᠌ᠪᠠᠯ᠂ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠦᠨ᠎ᠡ; ᠵᠠᠭᠤᠨ   ᠮᠦ᠍᠎ᠠᠴᠠ ᠳᠡᠭᠡᠭᠰᠢ ᠪᠠᠢ᠌ᠪᠠᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠎ᠤᠨ ᠣᠷᠳᠣᠨ᠎ᠤ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠦᠨ᠎ᠡ᠃    

  【ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ 】《ᠨᠢᠭᠡ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠥᠷᠥᠯ ᠵᠦᠢ᠍ᠯ᠎ᠢ ᠬᠦᠴᠦᠨ ᠦᠭᠡᠢ ᠪᠣᠯᠭ᠋ᠠᠬᠤ ᠪᠠ ᠡᠷᠬᠡ ᠵᠢ ᠳᠣᠷᠣᠭᠰᠢ ᠪᠠᠭᠤᠯᠭ᠋ᠠᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》 (ᠲᠥᠷᠦ ᠲᠠᠷᠬᠠᠭ᠋ᠠᠭᠰᠠᠨ [2014] 5 ᠳ᠋ᠤᠭ᠋ᠠᠷ ᠲᠣᠭ᠋ᠠᠲᠤ)᠎ᠤᠨ 29 ᠳ᠋ᠦ᠍ᠭᠡᠷ ᠵᠤᠷᠪᠤᠰ᠂ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠠ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠳᠤ ᠰᠢᠭᠤᠳ ᠦᠢ᠍ᠯᠡᠴᠢᠯᠡᠬᠦ ᠪᠠᠷᠢᠯᠭ᠎ᠠ ᠵᠢᠨ ᠲᠥᠬᠦᠭᠡᠷᠦᠮᠵᠢ ᠵᠢ ᠪᠠᠶ᠋ᠢᠭᠤᠯᠬᠤ᠎ᠳᠤ ᠳᠠᠯᠠᠨ ᠾᠧᠺᠲ᠋ᠠᠷ᠎ᠠᠴᠠ ᠳᠡᠭᠡᠭᠰᠢᠬᠢ ᠨᠤᠲᠤᠭ ᠪᠡᠯᠴᠢᠭᠡᠷ᠎ᠢ ᠬᠡᠷᠡᠭᠯᠡᠬᠦ ᠬᠢᠨᠠᠨ ᠵᠥᠪᠰᠢᠶᠡᠷᠡᠯ᠎ᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠪᠠᠭᠤᠯᠭ᠋ᠠᠨ᠎ᠠ᠃    

     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 〈ᠰᠤᠮᠤ ᠰᠢᠶᠠᠩ ᠪᠠᠯᠭ᠋ᠠᠰᠤ ᠪᠠ ᠵᠡᠭᠡᠯᠢ ᠭᠤᠳᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠦᠨᠳᠦᠰᠦᠨ ᠱᠠᠲᠤᠨ᠎ᠤ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠬᠠᠤᠯᠢ ᠬᠡᠷᠡᠭᠵᠢᠭᠦᠯᠬᠦ ᠬᠦᠴᠦᠨ᠎ᠢ ᠡᠮᠬᠢᠯᠡᠨ ᠨᠡᠢ᠌ᠯᠡᠭᠦᠯᠬᠦ ᠵᠢ ᠲᠦᠯᠬᠢᠨ ᠠᠬᠢᠭᠤᠯᠬᠤ ᠬᠡᠷᠡᠭᠵᠢᠭᠦᠯᠬᠦ ᠰᠠᠨᠠᠯ〉᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ》᠎ᠤᠨ ᠳᠠᠭ᠋ᠠᠯᠳᠤᠭᠤᠯᠤᠯ᠎ᠤᠨ 5 ᠳ᠋ᠤᠭ᠋ᠠᠷ ᠵᠤᠷᠪᠤᠰ᠃      

      ᠰᠦᠢ᠍ᠳᠬᠡᠯ ᠬᠤᠷᠢᠶᠠᠬᠤ ᠪᠠᠷᠢᠮᠵᠢᠶ᠎ᠠ ᠪᠣᠯᠣᠨ ᠦᠨᠳᠦᠰᠦᠯᠡᠯ      

      ᠰᠦᠢ᠍ᠳᠬᠡᠯ ᠬᠤᠷᠢᠶᠠᠬᠤ ᠪᠠᠷᠢᠮᠵᠢᠶ᠎ᠠ᠄ ᠲᠦᠷ ᠪᠠᠢ᠌ᠬᠤ ᠦᠭᠡᠢ      

      ᠰᠦᠢ᠍ᠳᠬᠡᠯ ᠬᠤᠷᠢᠶᠠᠬᠤ ᠦᠨᠳᠦᠰᠦᠯᠡᠯ᠄ ᠲᠦᠷ ᠪᠠᠢ᠌ᠬᠤ ᠦᠭᠡᠢ      

   

ᠢᠷᠡᠯᠲᠡ᠄ ᠠᠷᠤ ᠬᠣᠷᠴᠢᠨ ᠬᠤᠰᠢᠭᠤᠨ ᠵᠠᠰᠠᠭ᠎ᠤᠨ ᠣᠷᠳᠣᠨ᠎ᠤ ᠮᠣᠩᠭᠤᠯ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
             蒙ICP备05000248号