ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠳᠠ ᠵᠢ ᠠᠬᠢᠭᠤᠯᠬᠤ ᠲᠦᠷᠢᠮ
(2023 ᠣᠨ᠎ᠤ 7 ᠰᠠᠷ᠎ᠠ ᠵᠢᠨ 31᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠲᠠᠪᠤᠳᠤᠭ᠋ᠠᠷ ᠬᠤᠷᠠᠯ᠎ᠠᠴᠠ ᠪᠠᠲᠤᠯᠠᠪᠠ)
ᠨᠢᠭᠡᠳᠦᠭᠡᠷ ᠪᠦᠯᠦᠭ ᠶᠡᠷᠦᠩᠬᠡᠶ ᠳᠦᠷᠢᠮ
ᠨᠢᠭᠡᠳᠦᠭᠡᠷ ᠵᠦᠢ᠍ᠯ ᠤᠯᠤᠰ᠎ᠤᠨ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠴᠢᠨᠠᠷ ᠰᠠᠶ᠋ᠢᠲᠠᠶ ᠪᠦᠲᠦᠭᠡᠨ ᠪᠠᠶ᠋ᠢᠭᠤᠯᠵᠤ᠂ ᠠᠮᠤ ᠪᠤᠳᠠᠭ᠎ᠠ ᠪᠣᠯᠤᠨ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠲᠣᠭᠲᠠᠭᠤᠨ ᠪᠥᠭᠡᠳ ᠠᠶᠤᠯ ᠦᠭᠡᠶ ᠬᠠᠩᠭ᠋ᠠᠯᠭ᠎ᠠ ᠵᠢ ᠠᠬᠢᠭᠤᠯᠬᠤ ᠵᠢᠨ ᠲᠤᠰᠠᠳᠠ᠂ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠤᠯᠤᠰ᠎ᠤᠨ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠳᠠ ᠵᠢ ᠠᠬᠢᠭᠤᠯᠬᠤ ᠠᠵᠢᠯ ᠵᠢᠴᠢ ᠬᠠᠮᠢᠶ᠎ᠠ ᠪᠦᠬᠦᠢ ᠠᠵᠢᠯᠯᠠᠭ᠎ᠠ᠎ᠳᠤ ᠲᠤᠰ ᠳᠦᠷᠢᠮ ᠲᠣᠬᠢᠷᠠᠨ᠎ᠠ᠃
ᠭᠤᠷᠪᠠᠳᠤᠭ᠋ᠠᠷ ᠵᠦᠢ᠍ᠯ ᠤᠯᠤᠰ᠎ᠠᠴᠠ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ᠂ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠠᠬᠢ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠪᠦᠲᠦᠨ᠂ ᠣᠨᠣᠪᠴᠢᠲᠠᠶ᠂ ᠪᠥᠬᠥ ᠲᠠᠯ᠎ᠠ᠎ᠪᠠᠷ ᠲᠤᠤᠱᠯᠠᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ᠎ᠪᠠᠷ ᠭᠤᠤᠯ ᠰᠢᠵᠢᠮ ᠪᠣᠯᠭ᠋ᠠᠵᠤ᠂ ᠠᠮᠢ ᠠᠬᠤᠶ ᠵᠢ ᠲᠡᠷᠢᠭᠦᠨ᠎ᠳᠤ ᠲᠠᠯᠪᠢᠵᠤ᠂ ᠪᠣᠬᠢᠷᠲᠤᠯ ᠥᠬᠡᠶ ᠬᠦᠭᠵᠢᠯᠲᠡ᠎ᠪᠠᠷ ᠤᠳᠤᠷᠢᠳᠤᠮᠵᠢ ᠪᠣᠯᠭ᠋ᠠᠨ᠂ ᠲᠠᠷᠢᠶᠠᠯᠠᠩ ᠮᠠᠯ ᠠᠵᠤ ᠠᠬᠤᠶ᠂ ᠮᠠᠯᠵᠢᠬᠤ ᠲᠠᠷᠢᠶᠠᠯᠠᠬᠤ ᠣᠷᠣᠨ᠎ᠢ ᠤᠷᠢᠳᠠᠪᠠᠷ ᠬᠥᠭᠵᠢᠭᠦᠯᠬᠦ ᠵᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠵᠢᠨ ᠬᠦᠴᠦᠷᠬᠡᠭ ᠣᠷᠣᠨ᠎ᠢ ᠲᠦᠷᠭᠡᠳᠬᠡᠨ ᠪᠦᠲᠦᠭᠡᠨ ᠪᠠᠶ᠋ᠢᠭᠤᠯᠵᠤ᠂ ᠲᠠᠷᠢᠶᠠᠯᠠᠩ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠬᠦ ᠬᠡᠷᠡᠭᠲᠡᠶ᠃
ᠳᠥᠷᠪᠡᠳᠦᠭᠡᠷ ᠵᠦᠢ᠍ᠯ ᠤᠯᠤᠰ᠎ᠤᠨ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠬᠤ᠎ᠳᠤ᠂ ᠲᠠᠷᠢᠶᠠᠨ ᠭᠠᠵᠠᠷ᠎ᠤᠨ ᠠᠮᠤ ᠪᠤᠳᠠᠭ᠋ᠠᠨ᠎ᠤ ᠤᠨᠠᠯᠲᠠ ᠵᠢ ᠪᠠᠲᠤᠯᠠᠬᠤ᠂ ᠰᠢᠨᠵᠢᠯᠡᠬᠦ ᠤᠬᠠᠭ᠋ᠠᠨᠴᠢ᠎ᠪᠠᠷ ᠲᠠᠷᠢᠶᠠᠨ ᠭᠠᠵᠠᠷ᠎ᠤᠨ ᠡᠬᠢ ᠪᠠᠶᠠᠯᠢᠭ᠎ᠢ ᠠᠰᠢᠭᠯᠠᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠤᠨ᠂ ᠦᠢ᠍ᠯᠡᠳᠪᠦᠷᠢᠯᠡᠯ᠎ᠤᠨ ᠠᠷᠭ᠎ᠠ ᠮᠠᠶᠢᠭ᠂ ᠡᠬᠢ ᠪᠠᠶᠠᠯᠢᠭ᠎ᠢ ᠠᠰᠢᠭᠯᠠᠬᠤ ᠠᠷᠭ᠎ᠠ ᠮᠠᠶᠢᠭ᠂ ᠡᠵᠡᠩᠨᠡᠯᠲᠡ ᠵᠢᠨ ᠠᠷᠭ᠎ᠠ ᠮᠠᠶᠢᠭ᠂ ᠠᠵᠤ ᠦᠢ᠍ᠯᠡᠰ᠎ᠤᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠵᠤ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠶ ᠵᠢᠨ ᠲᠠᠷᠢᠶᠠᠯᠠᠩ ᠮᠠᠯ ᠠᠵᠤ ᠠᠬᠤᠶ ᠵᠢ ᠶᠡᠬᠡᠪᠡᠷ ᠬᠥᠭᠵᠢᠭᠦᠯᠦᠨ᠂ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠶ᠋ᠢᠲᠠᠶ ᠡᠬᠢ ᠪᠠᠶᠠᠯᠢᠭ᠎ᠤᠨ ᠲᠣᠭ᠎ᠠ ᠬᠡᠮᠵᠢᠶ᠎ᠡ ᠵᠢ ᠨᠡᠮᠡᠭᠳᠡᠬᠦᠯᠵᠦ᠂ ᠪᠣᠬᠢᠷᠲᠤᠯ ᠥᠬᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠭᠠᠷᠤᠯᠲᠠ ᠵᠢ ᠨᠡᠮᠡᠭᠳᠡᠭᠦᠯᠦᠨ᠂ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠪᠠᠶ᠋ᠢᠭᠤᠯᠬᠤ ᠬᠡᠷᠡᠭᠲᠡᠶ᠃
ᠲᠠᠪᠤᠳᠤᠭ᠋ᠠᠷ ᠵᠦᠢ᠍ᠯ ᠤᠯᠤᠰ᠎ᠠᠴᠠ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠳᠤ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠬᠤ᠂ ᠲᠥᠷᠥᠯ ᠬᠤᠪᠢᠶᠠᠨ ᠲᠥᠷᠥ ᠵᠢᠨ ᠪᠣᠳᠣᠯᠭ᠎ᠠ ᠬᠡᠷᠡᠭᠵᠢᠭᠦᠯᠬᠦ᠂ ᠲᠠᠷᠢᠬᠤ᠎ᠳᠤ ᠲᠣᠬᠢᠷᠠᠬᠤ ᠵᠢ᠎ᠨᠢ ᠲᠠᠷᠢᠵᠤ᠂ ᠲᠡᠵᠢᠭᠡᠬᠦ᠎ᠳᠤ ᠲᠣᠬᠢᠷᠠᠬᠤ ᠵᠢ᠎ᠨᠢ ᠲᠡᠵᠢᠭᠡᠵᠦ᠂ ᠲᠤᠰ ᠭᠠᠵᠠᠷ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠨ᠂ ᠪᠠᠶ᠋ᠢᠷᠢᠰᠢᠭᠤᠯᠤᠯᠲᠠ ᠪᠠ ᠦᠢ᠍ᠯᠡᠳᠪᠦᠷᠢᠯᠡᠯ᠎ᠤᠨ ᠪᠦᠲᠦᠴᠡ᠎ᠪᠠᠨ ᠰᠢᠯᠢᠳᠡᠭᠵᠢᠭᠦᠯᠬᠦ ᠬᠡᠷᠡᠭᠲᠡᠶ᠃
ᠵᠢᠷᠭᠤᠳᠤᠭ᠋ᠠᠷ ᠵᠦᠢ᠍ᠯ ᠤᠯᠤᠰ᠎ᠤᠨ ᠴᠢᠬᠤᠯᠠ ᠪᠦᠬᠦᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠳᠤ᠂ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠵᠢ ᠪᠠᠷᠢᠮᠲᠠᠯᠠᠵᠤ᠂ ᠨᠠᠮ᠎ᠤᠨ ᠬᠣᠷᠢᠶ᠎ᠠ ᠤᠳᠤᠷᠢᠳᠬᠤ᠂ ᠵᠠᠰᠠᠭ᠎ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶ᠋ᠢᠭᠡᠮ ᠵᠶ᠋ᠠᠷ ᠵᠶ᠋ᠠᠨ ᠣᠷᠣᠯᠴᠠᠬᠤ᠂ ᠵᠠᠬ᠎ᠠ ᠳᠡᠯᠭᠡᠭᠦᠷ ᠵᠶ᠋ᠠᠷ ᠤᠳᠤᠷᠢᠳᠤᠮᠵᠢ ᠪᠣᠯᠭ᠋ᠠᠬᠤ ᠠᠵᠢᠯ᠎ᠤᠨ ᠲᠣᠭᠲᠠᠴᠠ ᠵᠢ ᠬᠡᠷᠡᠭᠵᠢᠭᠦᠯᠬᠦ ᠬᠡᠷᠡᠭᠲᠡᠶ᠃
ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠠᠴᠠ ᠤᠯᠤᠰ᠎ᠤᠨ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠠᠵᠢᠯ᠎ᠤᠨ ᠵᠣᠬᠢᠴᠠᠭᠤᠯᠬᠤ ᠪᠠᠶ᠋ᠢᠭᠤᠯᠤᠮᠵᠢ ᠵᠢ ᠪᠠᠶ᠋ᠢᠭᠤᠯᠤᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠵᠢᠯᠣᠭᠣᠳᠤᠨ ᠠᠬᠢᠭᠤᠯᠬᠤ᠂ ᠰᠢᠮᠳᠠᠭᠤᠯᠤᠨ ᠨᠠᠶ᠋ᠢᠳᠠᠪᠤᠷᠢᠵᠢᠭᠤᠯᠬᠤ ᠵᠡᠷᠭᠡ ᠡᠯ᠎ᠡ ᠵᠦᠢ᠍ᠯ᠎ᠤᠨ ᠠᠵᠢᠯ᠎ᠢ ᠬᠠᠷᠢᠭᠤᠴᠠᠵᠤ᠂ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ ᠪᠠ ᠭᠣᠣᠯᠳᠠᠯᠭ᠎ᠠ᠎ᠲᠠᠢ ᠵᠦᠢ᠍ᠯᠡᠰ᠎ᠢ ᠰᠤᠳᠤᠯᠤᠨ ᠰᠢᠢ᠍ᠳᠪᠦᠷᠢᠯᠡᠨ᠎ᠡ᠃
ᠨᠠᠢ᠍ᠮᠠᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠯᠤᠰ᠎ᠤᠨ ᠴᠢᠬᠤᠯᠠ ᠪᠦᠬᠦᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠪᠠᠶ᠋ᠢᠭᠤᠯᠬᠤ ᠠᠵᠢᠯ᠎ᠢ ᠬᠠᠷᠢᠭᠤᠴᠠᠬᠤ ᠬᠡᠷᠡᠭᠲᠡᠶ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠮᠠᠯ ᠠᠵᠤ ᠠᠬᠤᠶ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠯᠤᠰ᠎ᠤᠨ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠵᠢᠯᠣᠭᠣᠳᠬᠤ ᠦᠢ᠍ᠯᠡᠴᠢᠯᠡᠭᠡ ᠪᠣᠯᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠥᠭᠡᠷᠡᠴᠢᠯᠡᠯᠲᠡ᠂ ᠰᠢᠨᠵᠢᠯᠡᠬᠦ ᠤᠬᠠᠭ᠋ᠠᠨ ᠮᠡᠷᠭᠡᠵᠢᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠡᠳ᠋᠎ᠤᠨ ᠵᠠᠰᠠᠭ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠶ ᠵᠢᠨ ᠣᠷᠴᠢᠨ ᠲᠣᠭᠣᠷᠢᠨ᠂ ᠤᠰᠤᠨ᠎ᠤ ᠵᠠᠰᠠᠭ ᠵᠠᠬᠢᠷᠭ᠋ᠠᠨ᠂ ᠬᠤᠳᠠᠯᠳᠤᠭ᠋ᠠᠨ᠎ᠤ ᠶᠠᠪᠤᠳᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠣᠶ ᠰᠢᠭᠤᠶ ᠪᠠ ᠨᠤᠲᠤᠭ ᠪᠡᠯᠴᠢᠭᠡᠷ᠂ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠬᠠᠩᠭ᠋ᠠᠨ ᠪᠣᠷᠣᠯᠠᠭᠤᠯᠬᠤ ᠬᠣᠷᠰᠢᠶ᠎ᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ᠎ᠨᠦᠭᠦᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠶᠣᠰᠣᠭ᠋ᠠᠷ᠂ ᠤᠯᠤᠰ᠎ᠤᠨ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠬᠤ ᠬᠠᠮᠢᠶ᠎ᠠ ᠪᠥᠬᠥᠶ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠨᠢ ᠤᠯᠤᠰ᠎ᠤᠨ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠬᠤ ᠬᠠᠮᠢᠶ᠎ᠠ ᠪᠥᠬᠥᠶ ᠠᠵᠢᠯ᠎ᠢ ᠬᠠᠤᠯᠢ ᠶᠣᠰᠣᠭ᠋ᠠᠷ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠶ᠃
ᠶᠢᠰᠦᠳᠦᠭᠡᠷ ᠵᠦᠢ᠍ᠯ ᠤᠯᠤᠰ᠎ᠠᠴᠠ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠳᠤ᠂ ᠮᠠᠯᠴᠢᠨ ᠲᠠᠷᠢᠶᠠᠴᠢᠨ᠎ᠤ ᠭᠣᠣᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠮᠠᠯᠴᠢᠨ ᠲᠠᠷᠢᠶᠠᠴᠢᠨ᠎ᠤ ᠬᠦᠰᠡᠯ ᠰᠠᠨᠠᠭ᠎ᠠ ᠵᠢ ᠬᠦᠨᠳᠦᠳᠬᠡᠨ᠂ ᠮᠠᠯᠴᠢᠨ ᠲᠠᠷᠢᠶᠠᠴᠢᠨ᠎ᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠭᠦᠢ᠍ᠴᠡᠳ ᠳᠠᠶ᠋ᠢᠴᠢᠯᠠᠵᠤ᠂ ᠮᠠᠯᠴᠢᠨ ᠲᠠᠷᠢᠶᠠᠴᠢᠨ᠎ᠤ ᠦᠷᠭᠦᠯᠵᠢᠯᠡᠨ ᠲᠣᠭᠲᠠᠭᠤᠨ ᠵᠶ᠋ᠠᠷ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠤᠨ᠂ ᠮᠠᠯᠴᠢᠨ ᠲᠠᠷᠢᠶᠠᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠢ᠃
ᠠᠷᠠᠳ᠎ᠤᠨ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠡᠷᠭᠡ ᠨᠡᠶ᠋ᠢᠭᠡᠮ᠎ᠤᠨ ᠡᠯ᠎ᠡ ᠲᠠᠯ᠎ᠠ ᠵᠢᠨ ᠬᠦᠴᠦᠨ᠎ᠢ ᠵᠣᠷᠢᠭᠵᠢᠭᠤᠯᠤᠨ ᠳᠡᠮᠵᠢᠵᠦ ᠪᠠᠶ᠋ᠢᠭ᠋ᠠᠳ ᠤᠯᠤᠰ᠎ᠤᠨ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠭᠤᠯᠬᠤ ᠬᠡᠷᠡᠭᠲᠡᠶ᠃
ᠬᠣᠶᠠᠳᠤᠭ᠋ᠠᠷ ᠪᠦᠯᠦᠭ ᠰᠠᠭᠤᠷᠢ ᠲᠦᠬᠦᠭᠡᠷᠤᠮᠵᠢ ᠵᠢᠨ ᠪᠦᠲᠦᠭᠡᠨ ᠪᠠᠶ᠋ᠢᠭᠤᠯᠤᠯᠲᠠ
ᠠᠷᠪᠠᠳᠤᠭ᠋ᠠᠷ ᠵᠦᠢ᠍ᠯ ᠤᠯᠤᠰ᠎ᠤᠨ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠳᠤ᠂ ᠲᠠᠷᠢᠶᠠᠯᠠᠩ ᠮᠠᠯ ᠠᠵᠤ ᠠᠬᠤᠢ ᠵᠢᠨ ᠡᠬᠢ ᠪᠠᠶᠠᠯᠢᠭ᠎ᠤᠨ ᠬᠠᠮᠠᠭ᠋ᠠᠯᠠᠯᠳᠠ ᠠᠰᠢᠭᠯᠠᠯᠲᠠ ᠵᠢ ᠴᠢᠩᠭ᠋ᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠰᠠᠭᠤᠷᠢ ᠲᠦᠬᠦᠭᠡᠷᠤᠮᠵᠢ ᠵᠢ ᠪᠡᠬᠢᠵᠢᠭᠦᠯᠦᠨ ᠰᠠᠢ᠌ᠵᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠰᠢᠰᠲ᠋ᠧᠮᠵᠢ ᠵᠢ ᠪᠦᠷᠢᠨ ᠪᠣᠯᠭ᠋ᠠᠨ᠂ ᠦᠷᠭᠦᠯᠵᠢᠯᠡᠨ ᠬᠥᠭᠵᠢᠬᠦ ᠵᠢ ᠠᠬᠢᠭᠤᠯᠬᠤ ᠬᠡᠷᠡᠭᠲᠡᠶ᠃
ᠠᠷᠪᠠᠨ ᠨᠢᠭᠡᠳᠦᠭᠡᠷ ᠵᠦᠢ᠍ᠯ ᠤᠯᠤᠰ᠎ᠤᠨ ᠴᠢᠬᠤᠯᠠ ᠪᠦᠬᠦᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠳᠤ᠂ ᠭᠠᠵᠠᠷ ᠰᠢᠷᠣᠢ ᠵᠢᠨ ᠬᠡᠷᠡᠭᠯᠡᠯᠲᠡ ᠵᠢᠨ ᠬᠠᠮᠢᠶᠠᠷᠤᠯᠳᠠ ᠵᠢᠨ ᠳᠦᠷᠢᠮ ᠪᠠ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ᠎ᠳᠤ ᠲᠦᠯᠦᠪᠦᠷᠢ ᠥᠭᠬᠦ ᠳᠦᠷᠢᠮ᠎ᠢ ᠨᠠᠢ᠌ᠳᠠᠪᠤᠷᠢᠵᠢᠭᠤᠯᠵᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠴᠢᠩᠭ᠎ᠠ ᠬᠢᠵᠠᠭ᠋ᠠᠷᠯᠠᠵᠤ᠂ ᠲᠠᠷᠢᠶᠠᠨ ᠭᠠᠵᠠᠷ᠎ᠢ ᠣᠶ᠋ᠢᠲᠤ ᠭᠠᠵᠠᠷ᠂ ᠡᠪᠡᠰᠦᠲᠦ ᠭᠠᠵᠠᠷ᠂ ᠴᠡᠴᠡᠷᠯᠢᠭ ᠵᠡᠷᠭᠡ ᠪᠤᠰᠤᠳ ᠲᠠᠷᠢᠶᠠᠯᠠᠩ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠴᠢᠩᠭ᠎ᠠ ᠬᠢᠵᠠᠭ᠋ᠠᠷᠯᠠᠬᠤ ᠬᠡᠷᠡᠭᠲᠡᠢ᠃
ᠠᠷᠪᠠᠨ ᠬᠣᠶᠠᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠠᠷᠭ᠎ᠠ ᠬᠡᠮᠵᠢᠶ᠎ᠡ ᠠᠪᠴᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠡᠭᠤᠯᠦᠠ ᠡᠭᠡᠯᠵᠢᠯᠡᠨ ᠲᠡᠷᠢᠵᠦ ᠥᠨᠵᠢᠭᠦᠯᠦᠨ ᠲᠠᠷᠢᠬᠤ ᠵᠢ ᠬᠦᠳᠦᠯᠦᠠ ᠵᠢᠯᠣᠭᠣᠳᠴᠤ᠂ ᠬᠥᠷᠥᠰᠥ ᠰᠢᠷᠣᠢ ᠵᠢ ᠰᠠᠶ᠋ᠢᠵᠢᠷᠠᠭᠤᠯᠤᠨ᠂ ᠲᠠᠷᠢᠶᠠᠨ ᠭᠠᠵᠠᠷ᠎ᠤᠨ ᠬᠦᠴᠦ ᠰᠢᠮ᠎ᠡ ᠵᠢ ᠳᠡᠭᠡᠭᠰᠢᠯᠡᠭᠦᠯᠵᠦ᠂ ᠤᠰᠤ ᠵᠠᠯᠠᠬᠤ ᠪᠠᠷᠢᠯᠭ᠎ᠠ ᠵᠢᠨ ᠲᠥᠬᠥᠭᠡᠷᠦᠮᠵᠢ ᠵᠢ ᠬᠠᠮᠠᠭ᠋ᠠᠯᠠᠨ᠂ ᠭᠠᠵᠠᠷ ᠰᠢᠷᠣᠢ ᠵᠢᠨ ᠡᠯᠡᠰᠦᠵᠢᠬᠦ᠂ ᠬᠤᠵᠢᠷᠰᠢᠬᠤ᠂ ᠬᠥᠷᠥᠰᠥ ᠰᠢᠷᠣᠢ ᠢᠳᠡᠭᠳᠡᠬᠦ ᠪᠠ ᠬᠥᠷᠥᠰᠥ ᠰᠢᠷᠣᠢ ᠵᠢᠨ ᠪᠣᠬᠢᠷᠲᠤᠬᠤ ᠵᠢ ᠰᠡᠷᠭᠡᠶ᠋ᠢᠯᠡᠬᠦ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠮᠠᠯ ᠠᠵᠤ ᠠᠬᠤᠶ ᠵᠢᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠬᠠᠤᠯᠢ ᠶᠣᠰᠣᠭ᠋ᠠᠷ ᠨᠠᠶ᠋ᠢᠷᠠᠭᠤᠯᠤᠨ ᠵᠣᠬᠢᠶᠠᠵᠤ᠂ ᠣᠷᠣᠨ ᠪᠦᠰᠡ᠂ ᠲᠥᠷᠥᠯ ᠬᠡᠯᠪᠡᠷᠢ ᠬᠤᠪᠢᠶᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢᠴᠢ ᠲᠣᠭᠲᠠᠭᠰᠠᠨ ᠨᠣᠷᠮ᠎ᠠ ᠵᠢ ᠲᠣᠭᠲᠠᠭ᠋ᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠠᠭᠤᠯᠭ᠎ᠠ ᠵᠢ ᠲᠡᠭᠦᠯᠳᠡᠷᠵᠢᠭᠦᠯᠵᠦ᠂ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠪᠣᠯᠤᠨ ᠪᠠᠶ᠋ᠢᠭᠤᠯᠤᠭᠰᠠᠨ᠎ᠤ ᠳᠠᠷᠠᠭ᠋ᠠᠬᠢ ᠬᠠᠮᠢᠶᠠᠷᠤᠯᠲᠠ ᠬᠠᠮᠠᠭ᠋ᠠᠯᠠᠯᠲᠠ ᠵᠢ ᠨᠢᠭᠡᠳᠦᠯᠲᠡᠶ ᠵᠢᠷᠤᠮᠵᠢᠭᠤᠯᠤᠨ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠠᠯᠬᠤᠮ ᠠᠯᠬᠤᠮ ᠵᠶ᠋ᠠᠷ ᠪᠥᠲᠥᠭᠡᠨ ᠪᠠᠶ᠋ᠢᠭᠤᠯᠬᠤ ᠬᠡᠷᠡᠭᠲᠡᠶ᠃
ᠠᠷᠪᠠᠨ ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠬᠠᠷ᠎ᠠ ᠬᠥᠷᠥᠰᠥᠲᠦ ᠲᠠᠷᠢᠶᠠᠨ ᠭᠠᠵᠠᠷ᠎ᠤᠨ ᠰᠠᠭᠤᠷᠢ ᠲᠦᠬᠦᠭᠡᠷᠤᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠮᠠᠭ᠋ᠠᠯᠠᠯᠲᠠ ᠵᠢᠨ ᠴᠢᠨᠠᠷᠲᠠᠶ ᠲᠠᠷᠢᠶᠠᠯᠠᠬᠤ᠂ ᠬᠠᠷ᠎ᠠ ᠬᠥᠷᠥᠰᠥᠲᠦ ᠲᠠᠷᠢᠶᠠᠨ ᠭᠠᠵᠠᠷ᠎ᠤᠨ ᠬᠠᠭ᠋ᠠᠯᠪᠤᠷᠢᠯᠠᠬᠤ ᠳᠠᠪᠬᠤᠷᠭ᠎ᠠ ᠵᠢᠨ ᠵᠤᠵᠠᠭ᠋ᠠᠨ᠎ᠤ ᠬᠡᠮᠵᠢᠶ᠎ᠡ ᠪᠠ ᠣᠷᠭ᠋ᠠᠨᠢᠭ ᠪᠣᠳᠠᠰ᠎ᠤᠨ ᠠᠭᠤᠯᠤᠭᠳᠠᠴᠠ ᠵᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ᠬᠠᠷ᠎ᠠ ᠬᠥᠷᠥᠰᠥᠲᠦ ᠲᠠᠷᠢᠶᠠᠨ ᠭᠠᠵᠠᠷ᠎ᠤᠨ ᠦᠢ᠍ᠯᠡᠳᠪᠦᠷᠢᠯᠡᠬᠦ ᠴᠢᠳᠠᠪᠤᠷᠢ ᠵᠢ ᠬᠠᠮᠠᠭ᠋ᠠᠯᠠᠨ᠂ ᠬᠠᠷ᠎ᠠ ᠬᠥᠷᠥᠰᠥᠲᠦ ᠲᠠᠷᠢᠶᠠᠨ ᠭᠠᠵᠠᠷ᠎ᠤᠨ ᠶᠡᠷᠦᠩᠬᠡᠶ ᠬᠡᠮᠵᠢᠶ᠎ᠡ ᠵᠢ ᠪᠠᠭ᠋ᠠᠰᠬᠠᠬᠤ ᠦᠭᠡᠶ ᠪᠠᠢ᠌ᠬᠤ᠂ ᠴᠢᠳᠠᠮᠵᠢ ᠵᠢ ᠮᠠᠭᠤᠳᠠᠭᠤᠯᠬᠤ ᠦᠭᠡᠶ ᠪᠠᠢ᠌ᠬᠤ᠂ ᠶᠠᠰᠤ ᠴᠢᠨᠠᠷ᠎ᠢ ᠳᠡᠭᠡᠭᠰᠢᠯᠡᠭᠦᠯᠬᠦ᠂ ᠦᠢ᠍ᠯᠡᠳᠪᠦᠷᠢᠯᠡᠬᠦ ᠴᠢᠳᠠᠪᠤᠷᠢ ᠵᠢ ᠦᠷᠭᠦᠯᠵᠢᠯᠡᠭᠦᠯᠬᠦ ᠵᠢ ᠦᠨᠡᠨᠬᠦ ᠪᠠᠲᠤᠯᠠᠨ᠎ᠠ᠃
ᠠᠷᠪᠠᠨ ᠲᠠᠪᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠬᠤᠵᠢᠷᠯᠢᠭ ᠭᠠᠵᠠᠷ᠎ᠤᠨ ᠡᠬᠢ ᠪᠠᠶᠠᠯᠢᠭ᠎ᠤᠨ ᠪᠠᠶ᠋ᠢᠴᠠᠭ᠋ᠠᠯᠲᠠ ᠵᠢ ᠥᠷᠨᠢᠭᠦᠯᠵᠦ᠂ ᠬᠤᠵᠢᠷᠯᠢᠭ ᠭᠠᠵᠠᠷ᠎ᠢ ᠶᠡᠷᠦᠩᠬᠡᠶ᠋ᠢᠯᠡᠨ ᠠᠰᠢᠭᠯᠠᠬᠤ ᠲᠥᠯᠥᠪᠵᠢᠭᠦᠯᠭᠡ ᠵᠢ ᠵᠦᠶ ᠵᠣᠬᠢᠰᠲᠠᠶ ᠨᠠᠶ᠋ᠢᠷᠠᠭᠤᠯᠤᠨ ᠵᠣᠬᠢᠶᠠᠵᠤ᠂ ᠬᠤᠵᠢᠷᠯᠢᠭ ᠭᠠᠵᠠᠷ᠎ᠢ ᠥᠭᠡᠷᠡᠴᠢᠯᠡᠨ ᠰᠠᠢ᠌ᠵᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠂ ᠬᠤᠵᠢᠷᠯᠢᠭ ᠭᠠᠵᠠᠷ᠎ᠤᠨ ᠲᠠᠷᠢᠮᠠᠯ᠎ᠤᠨ ᠲᠥᠷᠥᠯ ᠵᠦᠢ᠍ᠯ᠎ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ᠎ᠪᠠᠨ ᠴᠢᠩᠭ᠋ᠠᠳᠬᠠᠵᠤ᠂ ᠬᠤᠵᠢᠷᠯᠢᠭ ᠭᠠᠵᠠᠷ᠎ᠢ ᠶᠡᠷᠦᠩᠬᠡᠶ᠋ᠢᠯᠡᠨ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ ᠤᠯᠤᠰ᠎ᠤᠨ ᠴᠢᠬᠤᠯᠠ ᠪᠦᠬᠦᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠳᠤ ᠦᠨᠳᠦᠰᠦᠨ ᠨᠤᠲᠤᠭ ᠪᠡᠯᠴᠢᠭᠡᠷ᠎ᠤᠨ ᠬᠠᠮᠠᠭ᠋ᠠᠯᠠᠯᠲᠠ᠂ ᠮᠠᠯ ᠪᠡᠯᠴᠢᠭᠡᠷ᠎ᠤᠨ ᠲᠡᠩᠴᠡᠭᠦᠷᠢ᠂ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠰᠡᠯᠭᠦᠨ ᠮᠠᠯᠵᠢᠬᠤ ᠳᠦᠷᠢᠮ᠎ᠢ ᠨᠠᠶ᠋ᠢᠳᠠᠪᠤᠷᠢᠵᠢᠭᠤᠯᠬᠤ ᠬᠡᠷᠡᠭᠲᠡᠶ᠃ ᠨᠤᠲᠤᠭ ᠪᠡᠯᠴᠢᠭᠡᠷ᠎ᠢ ᠲᠣᠭᠣᠷᠢᠭ ᠬᠤᠪᠢᠶᠠᠨ ᠬᠡᠷᠡᠭᠯᠡᠬᠦ ᠵᠢ ᠬᠠᠮᠢᠶᠠᠷᠤᠨ ᠡᠵᠡᠮᠳᠡᠬᠦ ᠵᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠵᠡᠷᠭᠡ ᠲᠦᠷᠢᠮ᠎ᠢ ᠨᠠᠶ᠋ᠢᠳᠠᠪᠤᠷᠢᠵᠢᠭᠤᠯᠤᠨ᠎ᠠ᠃
ᠠᠷᠪᠠᠨ ᠳᠣᠯᠣᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠣᠯᠠᠨ ᠲᠠᠯᠠᠲᠤ᠂ ᠥᠨᠳᠥᠷ ᠦᠷ᠎ᠡ ᠠᠰᠢᠭ᠎ᠲᠤ ᠪᠡᠯᠡᠳᠬᠡᠮᠵᠢ ᠲᠦᠭᠦᠭᠡᠷᠤᠮᠵᠢ᠎ᠲᠠᠢ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ᠂ ᠤᠶᠤᠨᠴᠢᠯᠠᠭᠰᠠᠨ ᠪᠡᠯᠡᠳᠬᠡᠮᠵᠢ ᠲᠦᠬᠦᠭᠡᠷᠤᠮᠵᠢ᠎ᠲᠠᠢ ᠲᠠᠷᠢᠶᠠᠯᠠᠩ ᠪᠠ ᠣᠲᠣ ᠦᠶ᠎ᠡ ᠵᠢᠨ ᠪᠡᠯᠡᠳᠬᠡᠮᠵᠢ ᠲᠦᠬᠦᠭᠡᠷᠤᠮᠵᠢ᠎ᠲᠠᠢ ᠮᠠᠯ ᠠᠵᠤ ᠠᠬᠤᠶ ᠵᠢ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠵᠢᠨ ᠰᠠᠭᠤᠷᠢ ᠲᠦᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠪᠣᠯᠤᠨ ᠬᠠᠮᠢᠶᠠᠷᠤᠯᠲᠠ ᠬᠠᠮᠠᠭ᠋ᠠᠯᠠᠯᠲᠠ ᠪᠠ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠰᠤ ᠨᠡᠪᠴᠢᠵᠦ ᠭᠣᠭᠣᠵᠢᠬᠤ ᠵᠢ ᠪᠠᠭ᠋ᠠᠰᠬᠠᠵᠤ᠂ ᠤᠰᠤ ᠠᠷᠪᠢᠯᠠᠬᠤ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠳᠡᠯᠭᠡᠷᠡᠭᠦᠯᠦᠨ᠂ ᠲᠠᠷᠢᠶᠠᠯᠠᠩ ᠮᠠᠯ ᠠᠵᠤ ᠠᠬᠤᠶ ᠵᠢᠨ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃
ᠠᠷᠪᠠ ᠶᠢᠰᠦᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠬᠠᠶ ᠵᠢᠨ ᠭᠠᠵᠠᠷ᠎ᠤᠨ ᠳᠠᠪᠠᠭᠤᠯᠢᠭ ᠣᠨᠴᠠᠯᠢᠠᠠᠳᠣ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ᠎ᠪᠠᠨ ᠦᠨᠳᠦᠰᠦᠯᠡᠨ᠂ ᠰᠢᠨ᠎ᠡ ᠰᠤᠷᠭᠤᠭ ᠪᠠᠢ᠌ᠯᠭ᠋ᠠᠬᠤ ᠦᠢ᠍ᠯᠡᠳᠪᠦᠷᠢᠯᠡᠯ᠎ᠤᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢᠨ ᠭᠠᠵᠠᠷ ᠪᠠ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠭᠠᠷᠤᠯᠲᠠ ᠵᠢᠨ ᠣᠷᠣᠨ᠎ᠤ ᠰᠢᠨ᠎ᠡ ᠰᠤᠷᠭᠤᠭ ᠪᠠᠢ᠌ᠯᠭ᠋ᠠᠬᠤ ᠦᠢ᠍ᠯᠡᠳᠪᠦᠷᠢᠯᠡᠯ᠎ᠤᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢ ᠲᠦᠭᠦᠭᠡᠷᠤᠮᠵᠢ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠰᠢᠨ᠎ᠡ ᠰᠤᠷᠭᠤᠭ ᠪᠠᠢ᠌ᠯᠭ᠋ᠠᠬᠤ ᠦᠢ᠍ᠯᠡᠳᠪᠦᠷᠢᠯᠡᠯ᠎ᠤᠨ ᠬᠡᠯᠬᠢᠶᠡᠲᠦ ᠰᠠᠭᠤᠷᠢ ᠲᠥᠬᠥᠭᠡᠷᠦᠮᠵᠢ ᠵᠢ ᠬᠡᠷᠡᠭᠯᠡᠬᠦ ᠪᠠ ᠥᠭᠡᠷᠡᠴᠢᠯᠡᠨ ᠰᠠᠢ᠌ᠵᠢᠷᠠᠭᠤᠯᠬᠤ ᠵᠢ ᠳᠡᠮᠵᠢᠵᠦ᠂ ᠰᠢᠨ᠎ᠡ ᠰᠤᠷᠭᠤᠭ ᠪᠠᠢ᠌ᠯᠭ᠋ᠠᠬᠤ ᠦᠢ᠍ᠯᠡᠳᠪᠦᠷᠢᠯᠡᠯ᠎ᠤᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠤᠤᠷ ᠰᠦᠯᠵᠢᠶ᠎ᠡ ᠵᠢ ᠳᠤᠮᠳᠠ ᠵᠢᠵᠢᠭ ᠬᠣᠲᠠ ᠪᠠᠯᠭ᠋ᠠᠰᠤ ᠪᠠ ᠨᠥᠬᠥᠴᠡᠯ ᠪᠦᠷᠢᠯᠳᠦᠭᠦᠯᠦᠭᠰᠡᠨ ᠮᠠᠯᠵᠢᠬᠤ ᠲᠠᠷᠢᠶᠠᠯᠠᠬᠤ ᠣᠷᠣᠨ ᠳᠠᠰᠢ ᠦᠷᠭᠡᠳᠬᠡᠬᠦ ᠵᠢ ᠠᠬᠢᠭᠤᠯᠬᠤ ᠬᠡᠷᠡᠭᠲᠡᠶ᠃
ᠬᠣᠷᠢᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠠᠷᠢᠶᠠᠯᠠᠩ ᠮᠠᠯ ᠠᠵᠤ ᠠᠬᠤᠢ ᠵᠢᠨ ᠭᠠᠢ ᠭᠠᠮᠰᠢᠭ᠎ᠢ ᠰᠡᠷᠭᠡᠶ᠋ᠢᠯᠡᠬᠦ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠷᠣᠨ ᠪᠦᠰᠡ ᠬᠤᠪᠢᠶᠠᠭᠰᠠᠨ᠂ ᠲᠠᠷᠢᠮᠠᠯ᠎ᠤᠨ ᠲᠦᠷᠦᠯ ᠠᠩᠭᠢᠯᠠᠯ ᠬᠤᠪᠢᠶᠠᠭᠰᠠᠨ᠂ ᠭᠠᠮᠰᠢᠭ᠎ᠤᠨ ᠲᠦᠷᠦᠯ ᠬᠤᠪᠢᠶᠠᠭᠰᠠᠨ ᠲᠠᠷᠢᠶᠠᠯᠠᠩ ᠮᠠᠯ ᠠᠵᠤ ᠠᠬᠤᠢ ᠵᠢᠨ ᠴᠠᠭ ᠠᠭᠤᠷ᠎ᠤᠨ ᠭᠠᠮᠰᠢᠭ᠎ᠤᠨ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠥᠷᠨᠢᠭᠦᠯᠵᠦ᠂ ᠲᠡᠵᠢᠭᠡᠯ ᠡᠪᠡᠰᠦ ᠪᠣᠷᠳᠣᠭ᠎ᠠ ᠨᠥᠭᠡᠴᠡᠯᠡᠬᠦ ᠵᠢ ᠴᠢᠩᠭ᠋ᠠᠳᠬᠠᠨ᠂ ᠠᠮᠢᠳᠤ ᠪᠣᠳᠠᠰ᠎ᠤᠨ ᠭᠠᠢ ᠭᠠᠮᠰᠢᠭ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠵᠢ ᠳᠡᠭᠡᠭᠰᠢᠯᠡᠭᠦᠯᠵᠦ᠂ ᠠᠮᠢᠲᠠᠨ᠎ᠤ ᠬᠢᠵᠢᠭ ᠡᠪᠡᠳᠴᠢᠨ᠎ᠢ ᠪᠠᠶ᠋ᠢᠩᠭᠤᠵᠢᠭᠤᠯᠤᠨ ᠰᠡᠷᠭᠡᠶ᠋ᠢᠯᠡᠨ ᠡᠵᠡᠮᠳᠡᠬᠦ ᠪᠠ ᠬᠥᠮᠦᠨ ᠮᠠᠯ᠎ᠳᠤ ᠪᠦᠷ ᠲᠤᠰᠳᠠᠭ ᠭᠣᠣᠯᠳᠠᠯᠭ᠎ᠠ᠎ᠲᠠᠢ ᠡᠪᠡᠳᠴᠢᠨ᠎ᠤ ᠡᠬᠢ ᠡᠭᠦᠰᠦᠯ᠎ᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠵᠢᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃
ᠭᠤᠷᠪᠠᠳᠤᠭ᠋ᠠᠷ ᠪᠦᠯᠦᠭ ᠦᠢ᠍ᠯᠡᠳᠪᠦᠷᠢᠯᠡᠯ᠎ᠤᠨ ᠴᠢᠳᠠᠪᠤᠷᠢ ᠵᠢᠨ ᠪᠠᠶ᠋ᠢᠭᠤᠯᠤᠯᠲᠠ
ᠬᠣᠷᠢᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢᠨ ᠪᠠᠢ᠌ᠭᠤᠯᠤᠯᠳᠠ ᠵᠢ ᠴᠢᠩᠭ᠋ᠠᠳᠬᠠᠵᠤ᠂ ᠮᠢᠬᠠᠨ᠎ᠤ ᠲᠥᠷᠥᠯ᠎ᠤᠨ ᠪᠠᠲᠤᠯᠠᠭ᠋ᠠᠲᠤ ᠬᠠᠩᠭ᠋ᠠᠯᠭ᠎ᠠ ᠵᠢ ᠳᠡᠭᠡᠭᠰᠢᠯᠡᠭᠦᠯᠵᠦ᠂ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠲᠡᠵᠢᠭᠡᠯ ᠡᠪᠡᠰᠦᠨ᠎ᠤ ᠰᠠᠭᠤᠷᠢᠨ᠎ᠤ ᠪᠦᠲᠦᠭᠡᠨ ᠪᠠᠢ᠍ᠭᠤᠯᠤᠯᠲᠠ ᠵᠢ ᠴᠢᠩᠭ᠋ᠠᠳᠬᠠᠵᠤ᠂ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠪᠠᠲᠤᠯᠠᠭ᠎ᠠ ᠵᠢᠨ ᠰᠢᠰᠲ᠋ᠧᠮ᠎ᠢ ᠴᠢᠨᠠᠷ ᠰᠠᠢ᠌ᠲᠠᠢ ᠪᠠᠶ᠋ᠢᠭᠤᠯᠬᠤ ᠬᠡᠷᠡᠭᠲᠡᠢ᠃
ᠬᠣᠷᠢᠨ ᠬᠣᠶᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠤᠮᠳᠠ ᠣᠷᠳᠣ ᠬᠤᠭᠤᠴᠠᠭ᠋ᠠᠨ᠎ᠤ ᠲᠥᠯᠥᠪᠵᠢᠭᠦᠯᠭᠡ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠡᠷᠭᠡ ᠵᠢ ᠦᠨᠳᠦᠰᠦᠯᠡᠨ᠂ ᠣᠷᠣᠨ ᠪᠦᠰᠡ ᠵᠢᠨ ᠳᠠᠪᠠᠭᠤᠯᠢᠭ᠎ᠲᠠᠢ ᠤᠶᠠᠯᠳᠤᠭᠤᠯᠵᠤ᠂ ᠠᠵᠤ ᠠᠬᠤᠶ ᠵᠢᠨ ᠪᠦᠲᠦᠴᠡ ᠵᠢ ᠳᠣᠭᠢᠷᠠᠭᠤᠯᠤᠨ᠂ ᠣᠷᠣᠨ ᠪᠦᠰᠡ ᠵᠢᠨ ᠪᠠᠶ᠋ᠢᠷᠢᠰᠢᠭᠤᠯᠤᠯ᠎ᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠲᠥᠯᠥᠪᠵᠢᠭᠦᠯᠭᠡ ᠵᠢ ᠲᠣᠭᠲᠠᠭ᠋ᠠᠬᠤ ᠬᠡᠷᠡᠭᠲᠡᠶ᠃
ᠬᠣᠷᠢᠨ ᠭᠤᠷᠪᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠦᠲᠦᠴᠡ᠎ᠨᠢ ᠵᠦᠶ ᠵᠣᠬᠢᠰᠲᠠᠶ ᠲᠠᠷᠢᠶᠠᠯᠠᠩ ᠮᠠᠯ ᠠᠵᠤ ᠠᠬᠤᠶ ᠵᠢᠨ ᠪᠠᠷᠢᠮᠵᠢᠶᠠᠲᠤ ᠰᠢᠰᠲ᠋ᠧᠮᠵᠢ ᠵᠢ ᠪᠠᠶ᠋ᠢᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠂ ᠪᠣᠬᠢᠷᠲᠤᠯ ᠥᠬᠡᠶ ᠥᠨᠳᠥᠷ ᠦᠷ᠎ᠡ ᠪᠦᠲᠦᠮᠵᠢᠲᠡᠶ ᠦᠢ᠍ᠯᠡᠳᠪᠦᠷᠢᠯᠡᠯ᠎ᠤᠨ ᠮᠡᠷᠭᠡᠵᠢᠯ᠎ᠤᠨ ᠪᠠᠷᠢᠮᠵᠢᠶ᠎ᠠ ᠵᠢ ᠳᠡᠯᠭᠡᠷᠡᠭᠦᠯᠵᠦ᠂ ᠳᠠᠪᠠᠭᠤᠯᠢᠭ ᠣᠨᠴᠠᠯᠢᠠᠠᠳᠦ ᠠᠵᠤ ᠦᠢ᠍ᠯᠡᠰ᠎ᠤᠨ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢ ᠠᠬᠢᠭᠤᠯᠤᠨ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠶᠠᠰᠤ ᠴᠢᠨᠠᠷ ᠪᠣᠯᠤᠨ ᠳᠠᠷᠢᠵᠤ ᠲᠡᠵᠢᠭᠡᠬᠦ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠶ᠃
ᠬᠣᠷᠢᠨ ᠳᠥᠷᠪᠡᠳᠦᠭᠡᠷ ᠵᠦᠢ᠍ᠯ ᠤᠯᠤᠰ᠎ᠤᠨ ᠴᠢᠬᠤᠯᠠ ᠪᠦᠬᠦᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠳᠤ ᠤᠯᠠᠨ ᠡᠰᠢᠵᠢᠭᠰᠡᠨ ᠢᠳᠡᠭᠡᠨ᠎ᠤ ᠦᠵᠡᠯᠲᠡ ᠵᠢ ᠪᠣᠶ ᠪᠣᠯᠭ᠋ᠠᠵᠤ᠂ ᠠᠮᠤ ᠪᠤᠳᠠᠭ᠎ᠠ ᠠᠵᠤ ᠠᠬᠤᠶ ᠵᠢᠨ ᠲᠠᠷᠢᠮᠠᠯ ᠲᠡᠵᠢᠭᠡᠯ ᠪᠣᠷᠳᠣᠭ᠎ᠠ ᠵᠢ ᠨᠢᠭᠡᠳᠦᠯᠲᠡᠶ ᠲᠥᠯᠥᠪᠯᠡᠬᠦ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢ ᠤᠶᠠᠯᠳᠤᠭᠤᠯᠬᠤ᠂ ᠠᠮᠢᠲᠠᠨ ᠤᠷᠭᠤᠮᠠᠯ᠎ᠤᠨ ᠮᠢᠺᠷᠣᠪ᠎ᠢ ᠵᠡᠷᠭᠡ᠎ᠳᠤ᠎ᠨᠢ ᠬᠥᠭᠵᠢᠭᠦᠯᠬᠦ ᠠᠮᠤ ᠪᠤᠳᠠᠭ᠎ᠠ ᠲᠣᠰᠣ ᠰᠢᠬᠢᠷ᠂ ᠮᠢᠬ᠎ᠠ ᠥᠨᠳᠡᠭᠡ ᠰᠦ᠂ ᠵᠢᠮᠢᠰ ᠨᠣᠭᠣᠭ᠎ᠠ ᠵᠢᠭ᠋ᠠᠰᠤ᠂ ᠮᠥᠭᠥ ᠵᠢᠨ ᠰᠦᠶ᠎ᠡ ᠵᠡᠷᠭᠡ ᠣᠯᠠᠨ ᠡᠰᠢᠵᠢᠭᠰᠡᠨ ᠢᠳᠡᠭᠡᠨ ᠬᠠᠩᠭ᠋ᠠᠬᠤ ᠰᠢᠰᠲᠸᠮᠵᠢ ᠵᠢ ᠪᠠᠶ᠋ᠢᠭᠤᠯᠬᠤ ᠬᠡᠷᠡᠭᠲᠡᠶ᠃
ᠬᠣᠷᠢᠨ ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠠᠴᠠ ᠲᠠᠷᠢᠶᠠᠴᠢᠳ᠎ᠤᠨ ᠲᠠᠷᠢᠶᠠᠯᠠᠩ᠎ᠤᠨ ᠠᠰᠢᠭ ᠣᠯᠵᠠᠪᠤᠷᠢ ᠵᠢ ᠪᠠᠲᠤᠯᠠᠬᠤ ᠲᠣᠭᠲᠠᠴᠠ ᠵᠢ ᠪᠦᠷᠢᠨᠰᠢᠭᠦᠯᠵᠦ᠂ ᠡᠯ᠎ᠡ ᠲᠥᠷᠥᠯ᠎ᠤᠨ ᠱᠠᠩᠨᠠᠬᠤ᠂ ᠨᠥᠬᠥᠪᠥᠷᠢ ᠥᠭᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠣᠷᠣᠨ ᠨᠤᠲᠤᠭ᠎ᠤᠨ ᠲᠠᠷᠢᠶᠠᠯᠠᠩ᠎ᠢ ᠴᠢᠬᠤᠯᠠᠴᠢᠯᠠᠵᠤ᠂ ᠲᠠᠷᠢᠶᠠᠴᠢᠳ᠎ᠤᠨ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠳᠠᠶ᠋ᠢᠴᠢᠯᠠᠬᠤ ᠬᠡᠷᠡᠭᠲᠡᠶ; ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠢ ᠵᠢ ᠪᠠᠲᠤᠯᠠᠵᠤ᠂ ᠠᠮᠤ ᠪᠤᠳᠠᠭ᠋ᠠᠨ᠎ᠤ ᠲᠠᠯᠠᠪᠠᠢ ᠨᠢᠭᠡᠴᠢ ᠵᠢᠨ ᠤᠨᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠰᠢᠷ᠎ᠠ ᠪᠤᠷᠴᠠᠭ ᠵᠡᠷᠭᠡ ᠲᠣᠰᠣᠯᠢᠭ ᠲᠠᠷᠢᠮᠠᠯ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠦᠨ᠎ᠡ᠃
ᠬᠣᠷᠢᠨ ᠵᠢᠷᠭᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠯᠠᠩ ᠮᠠᠯ ᠠᠵᠤ ᠠᠬᠤᠶ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠲᠥᠯᠥᠪᠵᠢᠭᠦᠯᠭᠡ ᠵᠢ ᠦᠨᠳᠦᠰᠦᠯᠡᠨ᠂ ᠣᠷᠣᠨ ᠪᠦᠰᠡ ᠵᠢᠨ ᠡᠬᠢ ᠪᠠᠶᠠᠯᠢᠭ᠎ᠯᠤᠭ᠎ᠠ ᠬᠠᠷᠢᠯᠴᠠᠨ ᠵᠣᠬᠢᠴᠠᠯᠳᠤᠭᠰᠠᠨ ᠮᠠᠯ ᠠᠵᠤ ᠠᠬᠤᠶ ᠵᠢᠨ ᠠᠵᠤ ᠦᠢ᠍ᠯᠡᠰ᠎ᠤᠨ ᠪᠦᠲᠦᠴᠡ ᠵᠢ ᠵᠢᠯᠣᠭᠣᠳᠤᠨ ᠪᠠᠶ᠋ᠢᠭᠤᠯᠵᠤ᠂ ᠮᠠᠯ ᠤᠨᠤᠭ᠎ᠠ ᠲᠡᠵᠢᠭᠡᠪᠦᠷᠢ ᠵᠢᠭᠦᠷᠲᠡᠨ᠎ᠢ ᠲᠡᠵᠢᠭᠡᠨ ᠦᠷᠡᠵᠢᠭᠦᠯᠬᠦ ᠲᠥᠷᠥᠯ ᠵᠦᠢ᠍ᠯ᠂ ᠬᠦᠷᠢᠶ᠎ᠡ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠨ᠂ ᠬᠠᠰᠢᠶᠠᠯᠠᠨ ᠠᠷᠠᠴᠢᠯᠠᠵᠤ ᠲᠡᠵᠢᠭᠡᠬᠦ ᠵᠢ ᠶᠡᠬᠡᠪᠡᠷ ᠬᠥᠭᠵᠢᠭᠦᠯᠵᠦ᠂ ᠬᠡᠪᠴᠢᠶᠡᠵᠢᠭᠦᠯᠦᠨ ᠬᠠᠰᠢᠶᠠᠯᠠᠨ ᠲᠡᠵᠢᠭᠡᠬᠦ᠂ ᠲᠡᠵᠢᠭᠡᠯ ᠡᠪᠡᠰᠦ ᠪᠣᠷᠳᠣᠭ᠎ᠠ ᠬᠤᠷᠢᠶᠠᠨ ᠬᠠᠳᠠᠭ᠋ᠠᠯᠠᠵᠤ ᠡᠳ᠋ᠰᠢᠭᠦᠯᠬᠦ᠂ ᠪᠠᠷᠢᠮᠵᠢᠶᠠᠵᠢᠭᠤᠯᠤᠨ ᠲᠡᠵᠢᠭᠡᠬᠦ ᠵᠡᠷᠭᠡ ᠮᠸᠬᠠᠨᠢᠭᠵᠢᠭᠰᠠᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠮᠠᠯ ᠤᠨᠤᠭ᠎ᠠ ᠲᠡᠵᠢᠭᠡᠪᠦᠷᠢ ᠵᠢᠭᠦᠷᠲᠡᠨ᠎ᠤ ᠪᠦᠲᠦᠭᠡᠭᠳᠡᠬᠦᠨ᠎ᠤ ᠪᠠᠲᠤᠯᠠᠭ᠎ᠠ ᠬᠠᠩᠭ᠋ᠠᠯᠭ᠎ᠠ ᠵᠢᠨ ᠴᠢᠳᠠᠪᠤᠷᠢ ᠵᠢ ᠨᠡᠮᠡᠭᠳᠡᠭᠦᠯᠬᠦ ᠬᠡᠷᠡᠭᠲᠡᠶ᠃
ᠬᠣᠷᠢᠨ ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠠᠴᠠ ᠠᠯᠠᠰᠢᠨ ᠦᠬᠡᠷ᠂ ᠠᠯᠠᠰᠢᠨ ᠬᠣᠨᠢ ᠵᠢ ᠪᠤᠷᠤᠯᠠᠭᠤᠯᠬᠤ ᠲᠣᠮᠣ ᠰᠢᠶᠠᠨ᠎ᠢ ᠱᠠᠩᠨᠠᠨ ᠬᠥᠬᠢᠭᠦᠯᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠠᠯᠠᠰᠢᠨ ᠦᠬᠡᠷ᠎ᠤᠨ ᠰᠦᠷᠦᠭ᠎ᠢ ᠥᠷᠭᠡᠳᠬᠡᠨ ᠬᠡᠮᠵᠢᠶ᠎ᠡ ᠵᠢ ᠨᠡᠮᠡᠭᠳᠡᠭᠦᠯᠬᠦ ᠵᠢ ᠠᠬᠢᠭᠤᠯᠤᠨ᠂ ᠰᠠᠭᠤᠷᠢ ᠡᠬᠡ ᠮᠠᠯ᠎ᠢ ᠠᠷᠠᠴᠢᠯᠠᠨ ᠲᠡᠵᠢᠭᠡᠬᠦ ᠬᠡᠪᠴᠢᠶ᠎ᠡ ᠵᠢ ᠥᠷᠭᠡᠳᠬᠡᠵᠦ᠂ ᠰᠠᠶ᠋ᠢᠨ ᠡᠭᠦᠯᠳᠡᠷ᠎ᠤᠨ ᠢᠴᠡᠭᠡᠯ ᠦᠷ᠎ᠡ᠎ᠪᠠᠷ ᠬᠡᠭᠡᠯᠲᠦᠭᠦᠯᠬᠦ᠂ ᠬᠦᠪᠦᠷᠡᠯ᠎ᠢ ᠰᠢᠯᠵᠢᠭᠦᠯᠦᠨ ᠰᠠᠭᠤᠯᠭ᠋ᠠᠬᠤ᠎ᠳᠤ ᠬᠡᠷᠡᠭᠯᠡᠬᠦ ᠵᠢ ᠳᠡᠯᠭᠡᠷᠡᠭᠦᠯᠦᠨ᠎ᠡ; ᠠᠯᠠᠰᠢᠨ ᠬᠣᠨᠢᠨ᠎ᠤ ᠬᠡᠪᠴᠢᠶ᠎ᠡ ᠵᠢ ᠲᠣᠭᠲᠠᠭᠤᠨ ᠪᠠᠶ᠋ᠢᠯᠭ᠋ᠠᠵᠤ᠂ ᠡᠭᠦᠯᠳᠡᠷ ᠰᠣᠩᠭᠣᠨ ᠪᠣᠶ᠋ᠢᠵᠢᠭᠤᠯᠬᠤ ᠵᠢ ᠴᠢᠩᠭ᠋ᠠᠳᠬᠠᠨ᠂ ᠪᠣᠳᠠᠭ᠋ᠠᠯᠢ ᠪᠡᠶ᠎ᠡ ᠵᠢᠨ ᠭᠠᠷᠤᠯᠲᠠ ᠪᠠ ᠦᠷᠡᠵᠢᠯᠲᠡ ᠵᠢᠨ ᠨᠣᠷᠮ᠎ᠠ ᠵᠢ ᠳᠡᠭᠡᠭᠰᠢᠯᠡᠭᠦᠯᠦᠨ᠎ᠡ᠃ ᠠᠯᠠᠰᠢᠨ ᠦᠬᠡᠷ᠂ ᠠᠯᠠᠰᠢᠨ ᠬᠣᠨᠢ ᠲᠡᠵᠢᠭᠡᠨ ᠦᠷᠡᠵᠢᠭᠦᠯᠬᠦ ᠵᠢ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠣᠳᠣᠬᠢᠴᠢᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
ᠬᠣᠷᠢᠨ ᠨᠠᠢ᠍ᠮᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠠᠬᠠᠶ ᠮᠢᠬᠠᠨ᠎ᠤ ᠦᠢ᠍ᠯᠡᠳᠪᠦᠷᠢᠯᠡᠯ᠎ᠤᠨ ᠤᠷᠲᠤ ᠬᠤᠭᠤᠴᠠᠭ᠋ᠠᠨ᠎ᠤ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠭᠠᠬᠠᠶ ᠮᠢᠬᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠲᠣᠬᠢᠷᠠᠭᠤᠯᠤᠨ ᠡᠵᠡᠮᠳᠡᠵᠦ ᠳᠠᠶ᠋ᠢᠴᠢᠯᠠᠬᠤ ᠲᠣᠭᠲᠠᠴᠠ ᠵᠢ ᠪᠠᠶ᠋ᠢᠭᠤᠯᠤᠨ᠂ ᠦᠷᠡᠵᠢᠯ᠎ᠤᠨ ᠭᠠᠬᠠᠢ ᠵᠢᠨ ᠬᠡᠮᠵᠢᠶ᠎ᠡ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠵᠢᠨ ᠲᠣᠭ᠎ᠠ ᠬᠡᠮᠵᠢᠶ᠎ᠡ ᠵᠢ ᠲᠣᠭᠲᠠᠭᠤᠨ ᠪᠠᠶ᠋ᠢᠯᠭ᠋ᠠᠵᠤ᠂ ᠭᠠᠬᠠᠶ ᠵᠢᠨ ᠮᠢᠬᠠᠨ᠎ᠤ ᠬᠠᠩᠭ᠋ᠠᠯᠭ᠎ᠠ ᠵᠢ ᠪᠠᠲᠤᠯᠠᠬᠤ ᠬᠡᠷᠡᠭᠲᠡᠶ᠃
ᠬᠣᠷᠢ ᠶᠢᠰᠦᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠬᠢ ᠪᠠᠶᠠᠯᠢᠭ᠎ᠤᠨ ᠨᠥᠬᠥᠴᠡᠯ ᠪᠣᠯᠤᠨ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠪᠠᠨ ᠦᠨᠳᠦᠰᠦᠯᠡᠨ᠂ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠯᠠᠭᠤᠯᠵᠤ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠦ ᠵᠢᠨ ᠠᠵᠤ ᠦᠢ᠍ᠯᠡᠰ᠎ᠢ ᠬᠥᠭᠵᠢᠭᠦᠯᠵᠦ᠂ ᠣᠷᠣᠨ ᠨᠤᠲᠤᠭ᠎ᠤᠨ ᠣᠨᠴᠠᠯᠢᠭ ᠪᠦᠬᠦᠢ ᠴᠠᠭ᠋ᠠᠨ ᠢᠳᠡᠭᠡᠨ᠎ᠤ ᠬᠥᠭᠵᠢᠯᠲᠡ ᠵᠢ ᠲᠦᠯᠬᠢᠨ ᠠᠬᠢᠭᠤᠯᠵᠤ᠂ ᠰᠦ ᠵᠢᠨ ᠢᠷᠡᠯᠲᠡ᠂ ᠡᠭᠦᠯᠳᠡᠷ᠎ᠤᠨ ᠢᠷᠡᠯᠲᠡ᠂ ᠡᠪᠡᠰᠦᠨ᠎ᠤ ᠢᠷᠡᠯᠲᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠵᠢ ᠳᠡᠮᠵᠢᠵᠦ᠂ ᠰᠠᠶ᠋ᠢᠨ ᠡᠭᠦᠯᠳᠡᠷ᠎ᠢ ᠦᠷᠡᠵᠢᠭᠦᠯᠦᠨ ᠪᠣᠶ᠋ᠢᠵᠢᠭᠤᠯᠬᠤ ᠵᠢ ᠴᠢᠩᠭ᠋ᠠᠷᠠᠭᠤᠯᠤᠨ᠂ ᠲᠡᠵᠢᠭᠡᠯ ᠡᠪᠡᠰᠦ ᠵᠢᠨ ᠬᠠᠩᠭ᠋ᠠᠯᠭ᠎ᠠ ᠵᠢ ᠪᠠᠲᠤᠯᠠᠵᠤ᠂ ᠲᠡᠵᠢᠭᠡᠨ ᠦᠷᠡᠵᠢᠭᠦᠯᠬᠦ ᠥᠪᠡᠷ᠎ᠤᠨ ᠥᠷᠲᠡᠭ᠎ᠢ ᠪᠠᠭᠤᠷᠠᠭᠤᠯᠤᠨ᠂ ᠲᠠᠯᠠᠪᠠᠶ ᠨᠢᠭᠡᠴᠢ ᠵᠢᠨ ᠤᠨᠠᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃ ᠲᠦᠭᠦᠬᠡᠶ ᠰᠦ ᠵᠢᠨ ᠦᠨ᠎ᠡ ᠬᠠᠩᠰᠢ ᠵᠢ ᠵᠣᠬᠢᠴᠠᠭᠤᠯᠬᠤ ᠲᠣᠭᠲᠠᠴᠠ ᠵᠢ ᠪᠦᠷᠢᠨᠰᠢᠭᠦᠯᠵᠦ᠂ ᠰᠠᠭ᠋ᠠᠯᠢᠴᠢᠳ ᠵᠡᠷᠭᠡ ᠡᠯ᠎ᠡ ᠭᠤᠤᠯ ᠴᠣᠭᠴᠠ ᠵᠢᠨ ᠠᠰᠢᠭ ᠲᠤᠰᠠ ᠵᠢ ᠪᠠᠲᠤᠯᠠᠨ᠂ ᠰᠦ ᠵᠢᠨ ᠢᠷᠡᠯᠲᠡ ᠵᠢᠨ ᠰᠠᠭᠤᠷᠢ ᠵᠢ ᠲᠣᠭᠲᠠᠪᠤᠷᠢᠵᠢᠭᠤᠯᠵᠤ᠂ ᠰᠦ ᠵᠢᠨ ᠦᠢ᠍ᠯᠡᠰ᠎ᠤᠨ ᠬᠥᠭᠵᠢᠨ ᠮᠠᠨᠳᠤᠬᠤ ᠵᠢ ᠠᠬᠢᠭᠤᠯᠤᠨ᠎ᠠ᠃
ᠭᠤᠴᠢᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠣᠯᠤᠤᠷ᠎ᠤᠨ ᠠᠵᠤ ᠦᠢ᠍ᠯᠡᠰ᠎ᠤᠨ ᠬᠥᠭᠵᠢᠯᠲᠡ ᠵᠢ ᠵᠣᠷᠢᠭᠵᠢᠭᠤᠯᠤᠨ ᠳᠡᠮᠵᠢᠵᠦ᠂ ᠨᠣᠯᠤᠤᠷ᠎ᠤᠨ ᠢᠮᠠᠭ᠋ᠠᠨ᠎ᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠂ ᠴᠢᠨᠠᠷ ᠰᠠᠶ᠋ᠢᠲᠠᠶ ᠪᠥᠭᠡᠳ ᠰᠢᠯᠢᠳᠡᠭ ᠦᠨ᠎ᠡ ᠵᠢᠨ ᠲᠣᠭᠲᠠᠴᠠ ᠵᠢ ᠪᠦᠷᠢᠨᠰᠢᠭᠦᠯᠵᠦ᠂ ᠮᠡᠷᠭᠡᠵᠢᠯ᠎ᠤᠨ ᠥᠭᠡᠷᠡᠴᠢᠯᠡᠯᠲᠡ ᠬᠢᠬᠦ ᠪᠠ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠂ ᠨᠣᠯᠤᠤᠷ᠎ᠤᠨ ᠠᠵᠤ ᠦᠢ᠍ᠯᠡᠰ᠎ᠤᠨ ᠲᠥᠪᠯᠡᠷᠡᠯ᠎ᠤᠨ ᠬᠡᠮᠵᠢᠶ᠎ᠡ ᠪᠠ ᠨᠡᠷᠡᠲᠦ ᠲᠥᠷᠥᠯ ᠲᠡᠮᠳᠡᠭᠲᠦ ᠵᠢᠨ ᠳᠡᠯᠡᠬᠡᠶ᠎ᠳᠠᠬᠢ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃
ᠭᠤᠴᠢᠨ ᠨᠢᠭᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ ᠤᠨ ᠣᠷᠳᠣᠨ᠎ᠨᠤᠭᠤᠳ ᠡᠯ᠎ᠡ ᠲᠥᠷᠥᠯ᠎ᠤᠨ ᠭᠠᠵᠠᠷ ᠰᠢᠷᠣᠢ ᠵᠢᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ᠂ ᠲᠠᠷᠢᠮᠠᠯ ᠲᠡᠵᠢᠭᠡᠯ ᠡᠪᠡᠰᠦᠨ᠎ᠤ ᠰᠠᠭᠤᠷᠢᠨ ᠭᠠᠵᠠᠷ᠂ ᠡᠪᠡᠰᠦᠨ ᠦᠷ᠎ᠡ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠥᠳᠥᠭᠡᠨ ᠪᠠᠶ᠋ᠢᠭᠤᠯᠤᠯᠲᠠ ᠵᠢ ᠥᠷᠨᠢᠭᠦᠯᠵᠦ᠂ ᠬᠥᠬᠡ ᠳᠠᠷᠤᠰᠢ ᠵᠢᠨ ᠡᠷᠳᠡᠨᠢ ᠰᠢᠰᠢ᠂ ᠴᠠᠷᠭ᠋ᠠᠰᠤ᠂ ᠲᠡᠵᠢᠭᠡᠯ ᠪᠣᠷᠳᠣᠭ᠋ᠠᠨ᠎ᠳᠤ ᠬᠡᠷᠡᠭᠯᠡᠬᠦ ᠨᠣᠬᠠᠢ ᠵᠢᠨ ᠬᠣᠰᠢᠭᠤ᠂ ᠬᠢᠶᠠᠭ ᠵᠡᠷᠭᠡ ᠲᠡᠵᠢᠭᠡᠯ ᠡᠪᠡᠰᠦ ᠵᠢᠴᠢ ᠡᠪᠡᠰᠦᠨ ᠦᠷ᠎ᠡ ᠵᠢᠨ ᠦᠢ᠍ᠯᠡᠳᠪᠦᠷᠢᠯᠡᠯ᠎ᠢ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠤᠬᠢᠷᠠᠭᠤᠯᠤᠨ ᠬᠥᠭᠵᠢᠭᠦᠯᠵᠦ᠂ ᠲᠡᠵᠢᠭᠡᠯ ᠡᠪᠡᠰᠦ ᠪᠣᠷᠳᠣᠭ᠎ᠠ ᠵᠢᠨ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃