ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠬᠠᠤᠯᠢ》
ᠨᠡᠶ᠋ᠢᠲᠡᠯᠡᠭᠰᠡᠨ ᠴᠠᠭ᠄ 2024-09-20

   《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠬᠠᠤᠯᠢ》
   (2001 ᠣᠨ᠎ᠤ 8 ᠰᠠᠷ᠎ᠠ ᠵᠢᠨ 31᠎ᠤ ᠡᠳᠦᠷ ᠶᠢᠰᠦᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠨ ᠭᠤᠷᠪᠠᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ)
 

    ᠭᠠᠷᠴᠠᠭ
    ᠨᠢᠭᠡᠳᠦᠭᠡᠷ ᠪᠦᠯᠦᠭ ᠶᠡᠷᠦᠩᠬᠡᠢ ᠲᠤᠢ᠍ᠷᠢᠮ
    ᠬᠣᠶᠠᠳᠤᠭ᠋ᠠᠷ ᠪᠦᠯᠦᠭ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠲᠥᠯᠥᠪᠵᠢᠭᠦᠯᠭᠡ
    ᠭᠤᠷᠪᠠᠳᠤᠭ᠋ᠠᠷ ᠪᠦᠯᠦᠭ ᠭᠠᠵᠠᠷ ᠰᠢᠷᠣᠢ ᠵᠢᠨ ᠡᠯᠡᠰᠦᠵᠢᠬᠦ ᠵᠢ ᠤᠷᠢᠳᠴᠢᠯᠠᠨ ᠰᠡᠷᠭᠡᠶ᠋ᠢᠯᠡᠬᠦ
    ᠳᠥᠷᠪᠡᠳᠦᠭᠡᠷ ᠪᠦᠯᠦᠭ ᠡᠯᠡᠰᠦᠷᠬᠡᠭᠵᠢᠭᠰᠡᠨ ᠭᠠᠵᠠᠷ ᠰᠢᠷᠣᠢ ᠵᠢ ᠵᠠᠰᠠᠬᠤ
    ᠲᠠᠪᠤᠳᠤᠭ᠋ᠠᠷ ᠪᠦᠯᠦᠭ ᠪᠠᠲᠤᠯᠠᠬᠤ ᠠᠷᠭ᠎ᠠ ᠬᠡᠮᠵᠢᠶ᠎ᠡ
    ᠵᠢᠷᠭᠤᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
    ᠳᠣᠯᠣᠳᠤᠭ᠋ᠠᠷ ᠪᠦᠯᠦᠭ ᠳᠠᠭ᠋ᠠᠯᠳᠤᠭᠤᠯᠤᠭᠰᠠᠨ ᠲᠤᠢ᠍ᠷᠢᠮ

   

    ᠨᠢᠭᠡᠳᠦᠭᠡᠷ ᠪᠦᠯᠦᠭ ᠶᠡᠷᠦᠩᠬᠡᠶ ᠳᠦᠷᠢᠮ
    ᠨᠢᠭᠡᠳᠦᠭᠡᠷ ᠵᠦᠢ᠍ᠯ ᠭᠠᠵᠠᠷ ᠰᠢᠷᠣᠢ ᠵᠢᠨ ᠡᠯᠡᠰᠦᠵᠢᠬᠦ ᠵᠢ ᠤᠷᠢᠳᠴᠢᠯᠠᠨ ᠰᠡᠷᠭᠡᠶ᠋ᠢᠯᠡᠵᠦ᠂ ᠡᠯᠡᠰᠦᠵᠢᠭᠰᠡᠨ ᠭᠠᠵᠠᠷ ᠰᠢᠷᠣᠢ ᠵᠢ ᠵᠠᠰᠠᠵᠤ᠂ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠨ᠂ ᠠᠵᠤ ᠠᠬᠤᠢ ᠪᠠ ᠨᠡᠶ᠋ᠢᠭᠡᠮ᠎ᠤᠨ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ ᠵᠢᠨ
ᠲᠥᠯᠥᠭᠡ ᠲᠤᠰ ᠬᠠᠤᠯᠢ ᠵᠢ ᠲᠣᠭᠲᠠᠭ᠋ᠠᠪᠠ᠃
    ᠬᠣᠶᠠᠳᠤᠭ᠋ᠠᠷ ᠵᠦᠢ᠍ᠯ ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷ᠎ᠠ᠂ ᠭᠠᠵᠠᠷ ᠰᠢᠷᠣᠢ ᠵᠢᠨ ᠡᠯᠡᠰᠦᠵᠢᠬᠦ ᠵᠢ ᠤᠷᠢᠳᠴᠢᠯᠠᠨ ᠰᠡᠷᠭᠡᠶ᠋ᠢᠯᠡᠬᠦ᠂ ᠡᠯᠡᠰᠦᠵᠢᠭᠰᠡᠨ ᠭᠠᠵᠠᠷ ᠰᠢᠷᠣᠢ ᠵᠢ ᠵᠠᠰᠠᠬᠤ ᠪᠠ ᠨᠡᠭᠡᠭᠡᠨ ᠠᠰᠢᠭᠯᠠᠬᠤ ᠠᠵᠢᠯᠯᠠᠭ᠎ᠠ ᠬᠢᠬᠦ᠎ᠳᠤ ᠡᠷᠬᠡᠪᠰᠢ ᠲᠤᠰ ᠬᠠᠤᠯᠢ ᠵᠢ ᠵᠢᠷᠤᠮᠯᠠᠬᠤ ᠬᠡᠷᠡᠭᠲᠡᠢ᠃ ᠭᠠᠵᠠᠷ ᠰᠢᠷᠣᠢ ᠵᠢᠨ ᠡᠯᠡᠰᠦᠵᠢᠬᠦ ᠭᠡᠳᠡᠭ ᠪᠣᠯ ᠠᠭᠤᠷ ᠠᠮᠢᠰᠬᠤᠯ᠎ᠤᠨ ᠬᠤᠪᠢᠷᠠᠯᠲᠠ ᠪᠠ ᠬᠥᠮᠦᠨ ᠲᠥᠷᠥᠯᠬᠢᠲᠡᠨ᠎ᠤ ᠠᠵᠢᠯᠯᠠᠭ᠎ᠠ᠎ᠠᠴᠠ ᠪᠣᠯᠤᠭᠰᠠᠨ ᠪᠠᠶ᠋ᠢᠭ᠋ᠠᠯᠢ ᠵᠢᠨ ᠡᠯᠡᠰᠦ ᠮᠠᠩᠬ᠎ᠠ ᠵᠢᠨ ᠲᠡᠯᠡᠭᠳᠡᠬᠦ ᠪᠠ ᠡᠯᠡᠰᠦᠷᠬᠡᠭ ᠬᠥᠷᠥᠰᠥᠨ ᠳᠡᠭᠡᠷᠡᠬᠢ ᠤᠷᠭᠤᠮᠠᠯ᠎ᠤᠨ ᠬᠤᠴᠢᠯᠭ᠎ᠠ ᠡᠪᠳᠡᠭᠳᠡᠬᠦ᠂ ᠮᠠᠩᠬᠠᠵᠢᠬᠤ ᠶᠠᠪᠤᠴᠠ ᠵᠢ ᠵᠢᠭ᠋ᠠᠵᠤ ᠪᠠᠶ᠋ᠢᠨ᠎ᠠ᠃
    ᠲᠤᠰ ᠬᠠᠤᠯᠢ᠎ᠳᠤ ᠬᠡᠯᠡᠵᠦ ᠪᠠᠶ᠋ᠢᠭ᠎ᠠ ᠭᠠᠵᠠᠷ ᠰᠢᠷᠣᠢ ᠵᠢᠨ ᠡᠯᠡᠰᠦᠵᠢᠬᠦ ᠭᠡᠳᠡᠭ ᠪᠣᠯ ᠭᠣᠣᠯᠳᠠᠭᠤ ᠬᠥᠮᠦᠨ ᠲᠥᠷᠥᠯᠬᠢᠲᠡᠨ᠎ᠤ ᠵᠦᠢ ᠵᠤᠬᠢᠰ ᠤᠢ᠍ᠭᠡᠢ ᠠᠵᠢᠯᠯᠠᠭ᠎ᠠ᠎ᠠᠴᠠ ᠪᠣᠯᠤᠭᠰᠠᠨ ᠪᠠᠶ᠋ᠢᠭ᠋ᠠᠯᠢ ᠵᠢᠨ ᠡᠯᠡᠰᠦ ᠮᠠᠩᠬ᠎ᠠ ᠵᠢᠨ ᠲᠡᠯᠡᠭᠳᠡᠯ ᠪᠠ ᠡᠯᠡᠰᠦᠷᠬᠡᠭ ᠬᠥᠷᠥᠰᠥᠨ ᠳᠡᠭᠡᠷᠡᠬᠢ ᠤᠷᠭᠤᠮᠠᠯ᠎ᠤᠨ ᠬᠤᠴᠢᠯᠭ᠎ᠠ ᠵᠢᠴᠢ ᠪᠦᠷᠬᠦᠴᠡ᠎ᠨᠢ ᠡᠪᠳᠡᠭᠳᠡᠵᠦ᠂ ᠨᠡᠭᠦᠳᠡᠯ ᠡᠯᠡᠰᠦ ᠪᠤᠢ ᠪᠣᠯᠬᠤ ᠵᠢᠴᠢ ᠮᠠᠩᠬᠠᠵᠢᠬᠤ ᠶᠠᠪᠤᠴᠠ ᠵᠢ ᠵᠢᠭ᠋ᠠᠵᠤ ᠪᠠᠶ᠋ᠢᠨ᠎ᠠ᠃ ᠲᠤᠰ ᠬᠠᠤᠯᠢ᠎ᠳᠤ ᠬᠡᠯᠡᠵᠦ ᠪᠠᠶ᠋ᠢᠭ᠎ᠠ ᠡᠯᠡᠰᠦᠵᠢᠭᠰᠡᠨ ᠭᠠᠵᠠᠷ ᠰᠢᠷᠣᠢ ᠭᠡᠳᠡᠭ᠎ᠲᠤ ᠨᠢᠭᠡᠨᠲᠡ ᠡᠯᠡᠰᠦᠵᠢᠭᠰᠡᠨ ᠭᠠᠵᠠᠷ ᠰᠢᠷᠣᠢ ᠪᠠ ᠢᠯᠡᠳᠲᠡ ᠡᠯᠡᠰᠦᠵᠢᠬᠦ ᠬᠠᠨᠳᠤᠰᠢ᠎ᠲᠠᠢ ᠪᠣᠯᠤᠭᠰᠠᠨ ᠭᠠᠵᠠᠷ ᠰᠢᠷᠣᠢ ᠪᠠᠭᠲᠠᠨ᠎ᠠ᠃ ᠪᠣᠳᠠᠲᠠᠢ ᠬᠡᠪᠴᠢᠶ᠎ᠡ ᠵᠢ ᠲᠤᠢ᠍ᠷᠦ ᠵᠢᠨ ᠶᠠᠪᠤᠳᠠᠯ᠎ᠤᠨ ᠬᠤᠷᠢᠶ᠎ᠠ᠎ᠠᠴᠠ ᠵᠥᠪᠰᠢᠶᠡᠷᠡᠭᠰᠡᠨ ᠪᠦᠬᠦ ᠤᠯᠤᠰ᠎ᠤᠨ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠲᠥᠯᠥᠪᠵᠢᠭᠦᠯᠭᠡ᠎ᠪᠠᠷ ᠲᠣᠭᠲᠠᠭ᠋ᠠᠨ᠎ᠠ᠃
    ᠭᠤᠷᠪᠠᠳᠤᠭ᠋ᠠᠷ ᠵᠦᠢ᠍ᠯ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠠᠵᠢᠯ᠎ᠳᠤ ᠳᠤᠤᠷᠠᠬᠢ ᠵᠠᠷᠴᠢᠮ᠎ᠢ ᠵᠢᠷᠤᠮᠯᠠᠬᠤ ᠬᠡᠷᠡᠭᠲᠡᠶ᠄
   (ᠨᠢᠭᠡ) ᠨᠢᠭᠡᠳᠦᠯᠲᠡᠶ ᠲᠥᠯᠥᠪᠵᠢᠭᠦᠯᠦᠨ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠵᠤ᠂ ᠠᠯᠬᠤᠮ ᠬᠤᠪᠢᠶᠠᠨ ᠶᠠᠪᠤᠭᠳᠠᠭᠤᠯᠵᠤ᠂ ᠣᠷᠣᠨ ᠪᠦᠰᠡ ᠵᠢᠨ ᠰᠡᠷᠭᠡᠶ᠋ᠢᠯᠡᠨ ᠵᠠᠰᠠᠬᠤ ᠬᠢᠭᠡᠳ ᠭᠤᠤᠯᠳᠠᠯᠭ᠎ᠠ᠎ᠲᠠᠢ ᠰᠡᠷᠭᠡᠶ᠋ᠢᠯᠡᠨ ᠵᠠᠰᠠᠬᠤ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠬᠤ ᠬᠡᠷᠡᠭᠲᠡᠶ;
   (ᠬᠣᠶᠠᠷ) ᠰᠡᠷᠭᠡᠶ᠋ᠢᠯᠡᠬᠦ᠎ᠪᠠᠷ ᠭᠣᠣᠯ ᠪᠣᠯᠭ᠋ᠠᠵᠤ᠂ ᠰᠡᠷᠭᠡᠶ᠋ᠢᠯᠡᠬᠦ ᠪᠠ ᠵᠠᠰᠠᠬᠤ ᠵᠢ ᠤᠶᠠᠯᠳᠤᠭᠤᠯᠤᠨ᠂ ᠶᠡᠷᠦᠩᠬᠡᠶ᠋ᠢᠯᠡᠨ ᠵᠠᠰᠠᠬᠤ ᠬᠡᠷᠡᠭᠲᠡᠶ;
   (ᠭᠤᠷᠪᠠ) ᠤᠷᠭᠤᠮᠠᠯ᠎ᠤᠨ ᠬᠤᠴᠢᠯᠭ᠎ᠠ ᠵᠢ ᠬᠠᠮᠠᠭ᠋ᠠᠯᠠᠨ ᠰᠡᠷᠭᠦᠭᠡᠬᠦ ᠬᠢᠭᠡᠳ ᠪᠠᠶ᠋ᠢᠭ᠋ᠠᠯᠢ ᠵᠢᠨ ᠡᠬᠢ ᠪᠠᠶᠠᠯᠢᠭ᠎ᠢ ᠵᠦᠢ ᠵᠣᠬᠢᠰᠲᠠᠢ ᠠᠰᠢᠭᠯᠠᠬᠤ ᠵᠢ ᠤᠶᠠᠯᠳᠤᠭᠤᠯᠬᠤ;
   (ᠳᠥᠷᠪᠡ) ᠠᠮᠢ ᠠᠬᠤᠶ ᠵᠢᠨ ᠵᠢᠮ᠎ᠡ ᠶᠣᠰᠣ ᠵᠢ ᠵᠢᠷᠤᠮᠯᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ᠎ᠳᠤ ᠲᠦᠰᠢᠭᠯᠡᠨ᠎ᠡ;
   (ᠲᠠᠪᠤ) ᠠᠮᠢ ᠠᠬᠤᠶ ᠵᠢᠨ ᠣᠷᠴᠢᠨ ᠲᠣᠭᠣᠷᠢᠨ᠎ᠢ ᠰᠠᠶ᠋ᠢᠵᠢᠷᠠᠭᠤᠯᠬᠤ ᠬᠢᠭᠡᠳ ᠲᠠᠷᠢᠶᠠᠴᠢᠨ ᠮᠠᠯᠴᠢᠳ᠎ᠢ ᠬᠠᠪᠰᠤᠷᠤᠨ ᠶᠠᠳᠠᠭᠤ᠎ᠠᠴᠠ᠎ᠨᠢ ᠠᠩᠭᠢᠵᠢᠷᠠᠭᠤᠯᠤᠨ ᠪᠠᠶᠠᠵᠢᠭᠤᠯᠬᠤ ᠵᠢ ᠬᠠᠷᠢᠯᠴᠠᠨ ᠤᠶᠠᠯᠳᠤᠭᠤᠯᠬᠤ ᠬᠡᠷᠡᠭᠲᠡᠶ;
   (ᠵᠢᠷᠭᠤᠭ᠎ᠠ) ᠤᠯᠤᠰ᠎ᠠᠴᠠ ᠳᠡᠮᠵᠢᠬᠦ ᠪᠠ ᠣᠷᠣᠨ ᠨᠤᠲᠤᠭ᠎ᠤᠨ ᠥᠪᠡᠷ᠎ᠤᠨ ᠬᠦᠴᠦ᠎ᠪᠠᠷ ᠵᠶ᠋ᠠᠨ ᠳᠡᠭᠵᠢᠷᠡᠬᠦ ᠵᠢ ᠤᠶᠠᠯᠳᠤᠭᠤᠯᠵᠤ᠂ ᠵᠠᠰᠠᠭ᠎ᠤᠨ ᠣᠷᠳᠣᠨ᠎ᠠᠴᠠ ᠵᠣᠬᠢᠶᠠᠨ ᠪᠠᠶ᠋ᠢᠭᠤᠯᠬᠤ ᠪᠠ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠣᠷᠣᠯᠴᠠᠬᠤ ᠵᠢ ᠤᠶᠠᠯᠳᠤᠭᠤᠯᠵᠤ᠂ ᠨᠢᠭᠡᠴᠢ᠂ ᠬᠤᠪᠢ ᠬᠥᠮᠦᠨ᠎ᠤ ᠳᠠᠭ᠋ᠠᠭ᠋ᠠᠴᠢᠯᠠᠨ ᠠᠪᠴᠤ ᠰᠡᠷᠭᠡᠶ᠋ᠢᠯᠡᠨ ᠵᠠᠰᠠᠬᠤ ᠵᠢ ᠵᠣᠷᠢᠭᠵᠢᠭᠤᠯᠤᠨ᠎ᠠ;
   (ᠳᠣᠯᠣᠭ᠎ᠠ) ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠬᠡᠷᠡᠭᠲᠡᠶ᠃
    ᠳᠥᠷᠪᠡᠳᠦᠭᠡᠷ ᠵᠦᠢ᠍ᠯ ᠲᠤᠢ᠍ᠷᠦ ᠵᠢᠨ ᠶᠠᠪᠤᠳᠠᠯ᠎ᠤᠨ ᠬᠤᠷᠢᠶ᠎ᠠ ᠪᠣᠯᠤᠨ ᠡᠯᠡᠰᠦᠵᠢᠭᠰᠡᠨ ᠭᠠᠵᠠᠷ ᠰᠢᠷᠣᠢ ᠵᠢᠨ ᠣᠷᠣᠰᠢᠵᠤ ᠪᠠᠶ᠋ᠢᠭ᠎ᠠ ᠭᠠᠵᠠᠷ ᠣᠷᠣᠨ᠎ᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠢ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡᠨ᠎ᠳᠡᠭᠡᠨ ᠣᠷᠣᠭᠤᠯᠵᠤ᠂ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠤᠨ ᠶᠠᠪᠤᠭᠳᠠᠬᠤ ᠵᠢ ᠪᠠᠲᠤᠯᠠᠬᠤ ᠬᠡᠷᠡᠭᠲᠡᠢ᠃
    ᠡᠯᠡᠰᠦᠵᠢᠭᠰᠡᠨ ᠭᠠᠵᠠᠷ ᠰᠢᠷᠣᠢ ᠵᠢᠨ ᠣᠷᠣᠰᠢᠵᠤ ᠪᠠᠶ᠋ᠢᠭ᠎ᠠ ᠭᠠᠵᠠᠷ ᠣᠷᠣᠨ᠎ᠤ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠭᠠᠵᠠᠷ ᠰᠢᠷᠣᠢ ᠵᠢᠨ ᠡᠯᠡᠰᠦᠵᠢᠬᠦ ᠵᠢ ᠤᠷᠢᠳᠴᠢᠯᠠᠨ ᠰᠡᠷᠭᠡᠶ᠋ᠢᠯᠡᠵᠦ᠂ ᠡᠯᠡᠰᠦᠵᠢᠭᠰᠡᠨ ᠭᠠᠵᠠᠷ ᠰᠢᠷᠣᠢ ᠵᠢ ᠵᠠᠰᠠᠵᠤ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠠᠮᠢ ᠠᠬᠤᠢ ᠵᠢᠨ ᠶᠠᠰᠤ ᠴᠢᠨᠠᠷ᠎ᠢ ᠬᠠᠮᠠᠭ᠋ᠠᠯᠠᠨ ᠰᠠᠶ᠋ᠢᠵᠢᠷᠠᠭᠤᠯᠬᠤ ᠬᠡᠷᠡᠭᠲᠡᠢ᠃
    ᠤᠯᠤᠰ᠎ᠠᠴᠠ ᠡᠯᠡᠰᠦᠷᠬᠡᠭᠵᠢᠭᠰᠡᠨ ᠭᠠᠵᠠᠷ ᠰᠢᠷᠣᠶ ᠵᠢᠨ ᠪᠠᠶ᠋ᠢᠭ᠎ᠠ ᠭᠠᠵᠠᠷ ᠣᠷᠣᠨ᠎ᠳᠤ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠤᠳᠤᠷᠢᠳᠤᠯᠭ᠎ᠠ ᠵᠢᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠲᠤᠰᠢᠶᠠᠯ᠎ᠤᠨ ᠬᠤᠭᠤᠴᠠᠭ᠋ᠠᠨ᠎ᠤ ᠬᠠᠷᠠᠯᠲᠠᠲᠤ ᠬᠠᠷᠢᠭᠤᠴᠠᠯᠭ᠎ᠠ ᠵᠢ ᠬᠢᠨᠠᠨ ᠰᠢᠯᠭ᠋ᠠᠵᠤ ᠱᠠᠩᠨᠠᠵᠤ ᠲᠣᠷᠭ᠋ᠠᠬᠤ ᠳᠦᠷᠢᠮ᠎ᠢ ᠪᠠᠶ᠋ᠢᠭᠤᠯᠤᠨ᠎ᠠ᠃ ᠡᠯᠡᠰᠦᠵᠢᠭᠰᠡᠨ ᠭᠠᠵᠠᠷ ᠰᠢᠷᠣᠢ ᠵᠢᠨ ᠣᠷᠣᠰᠢᠵᠤ ᠪᠠᠶ᠋ᠢᠭ᠎ᠠ ᠭᠠᠵᠠᠷ ᠣᠷᠣᠨ᠎ᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠠᠳᠠᠯᠢ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠣᠷᠢᠶᠠᠨ᠎ᠳᠤ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠭᠰᠠᠨ ᠠᠵᠢᠯ᠎ᠤᠨ ᠪᠠᠶ᠋ᠢᠳᠠᠯ ᠵᠶ᠋ᠠᠨ ᠮᠡᠳᠡᠭᠦᠯᠬᠦ ᠬᠡᠷᠡᠭᠲᠡᠢ᠃
    ᠲᠠᠪᠤᠳᠤᠭ᠋ᠠᠷ ᠵᠦᠢ᠍ᠯ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠤᠳᠤᠷᠢᠳᠤᠯᠭ᠎ᠠ ᠵᠢᠨ ᠳᠣᠣᠷ᠎ᠠ᠂ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠤᠢ ᠰᠢᠭᠤᠢ ᠵᠢᠨ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠠᠴᠠ ᠪᠦᠬᠦ ᠤᠯᠤᠰ᠎ᠤᠨ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠢ ᠬᠠᠷᠢᠭᠤᠴᠠᠨ ᠵᠣᠬᠢᠶᠠᠨ ᠪᠠᠶ᠋ᠢᠭᠤᠯᠵᠤ᠂ ᠵᠣᠬᠢᠴᠠᠭᠤᠯᠵᠤ᠂ ᠵᠢᠯᠣᠭᠣᠳᠤᠨ᠎ᠠ᠃ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠤᠢ ᠰᠢᠭᠤᠢ᠂ ᠲᠠᠷᠢᠶᠠᠯᠠᠩ᠂ ᠤᠰᠦᠠ ᠠᠰᠢᠭᠯᠠᠯᠲᠠ᠂ ᠭᠠᠵᠠᠷ ᠰᠢᠷᠣᠢ᠂ ᠣᠷᠴᠢᠨ ᠠᠬᠤᠢ ᠵᠢᠨ ᠬᠠᠮᠠᠭ᠋ᠠᠯᠠᠯᠲᠠ ᠵᠡᠷᠭᠡ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠣᠯᠤᠨ ᠴᠠᠭ ᠠᠭᠤᠷ᠎ᠤᠨ ᠠᠵᠢᠯ᠎ᠢ ᠡᠷᠬᠢᠯᠡᠠ ᠬᠠᠮᠢᠶᠠᠷᠬᠤ ᠪᠠᠶ᠋ᠢᠭᠤᠯᠤᠮᠵᠢ᠎ᠨᠤᠭᠤᠳ ᠬᠣᠯᠪᠣᠭᠳᠠᠯ ᠪᠦᠬᠦᠢ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ ᠪᠣᠯᠤᠨ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠠᠴᠠ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠢᠭᠲᠠ ᠬᠠᠮᠵᠢᠯᠴᠠᠨ᠂ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠢ ᠬᠠᠮᠲᠤ᠎ᠪᠠᠷ ᠰᠠᠶ᠋ᠢᠲᠤᠷ ᠬᠢᠬᠦ ᠬᠡᠷᠡᠭᠲᠡᠢ᠃
    ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠥᠪᠡᠷ᠎ᠤᠨ ᠬᠠᠷᠢᠶᠠᠨ᠎ᠳᠠᠬᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠤᠳᠤᠷᠢᠳᠴᠤ᠂ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠢᠭᠲᠠ ᠬᠠᠮᠵᠢᠯᠴᠠᠵᠤ ᠪᠠᠶ᠋ᠢᠭ᠋ᠠᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠢ ᠬᠠᠮᠲᠤ᠎ᠪᠠᠷ ᠰᠠᠶ᠋ᠢᠲᠤᠷ ᠬᠢᠨ᠎ᠡ᠃
    ᠵᠢᠷᠭᠤᠳᠤᠭ᠋ᠠᠷ ᠵᠦᠢ᠍ᠯ ᠭᠠᠵᠠᠷ ᠰᠢᠷᠣᠢ ᠵᠢ ᠬᠡᠷᠡᠭᠯᠡᠬᠦ ᠨᠢᠭᠡᠴᠢ ᠪᠠ ᠬᠤᠪᠢ ᠬᠥᠮᠦᠨ ᠲᠤᠰ ᠭᠠᠵᠠᠷ ᠰᠢᠷᠣᠢ ᠵᠢᠨ ᠡᠯᠡᠰᠦᠵᠢᠬᠦ ᠵᠢ ᠰᠡᠷᠭᠡᠶ᠋ᠢᠯᠡᠨ ᠵᠣᠭᠰᠣᠭ᠋ᠠᠬᠤ ᠡᠭᠦᠷᠭᠡ᠎ᠲᠠᠢ᠃ ᠨᠢᠭᠡᠨᠲᠡ ᠡᠯᠡᠰᠦᠵᠢᠭᠰᠡᠨ ᠭᠠᠵᠠᠷ ᠰᠢᠷᠣᠢ ᠵᠢ ᠬᠡᠷᠡᠭᠯᠡᠭᠰᠡᠨ ᠨᠢᠭᠡᠴᠢ ᠪᠠ ᠬᠤᠪᠢ ᠬᠥᠮᠦᠨ ᠲᠤᠰ ᠡᠯᠡᠰᠦᠵᠢᠭᠰᠡᠨ ᠭᠠᠵᠠᠷ ᠰᠢᠷᠣᠢ ᠵᠢ ᠵᠠᠰᠠᠬᠤ ᠡᠭᠦᠷᠭᠡ᠎ᠲᠠᠢ᠃
    ᠳᠣᠯᠣᠳᠤᠭ᠋ᠠᠷ ᠵᠦᠢ᠍ᠯ ᠤᠯᠤᠰ᠎ᠠᠴᠠ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ ᠪᠠ ᠲᠧᠭᠨᠢᠭ ᠮᠡᠷᠭᠡᠵᠢᠯ᠎ᠢ ᠳᠡᠯᠭᠡᠷᠡᠭᠦᠯᠬᠦ ᠠᠵᠢᠯ᠎ᠢ ᠲᠡᠮᠵᠢᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠯᠠᠭ᠎ᠠ ᠮᠥᠴᠢᠷ᠂ ᠪᠠᠶ᠋ᠢᠭᠤᠯᠤᠮᠵᠢ ᠵᠢᠨ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠤᠨ ᠳᠤᠮᠳᠠᠬᠢ ᠦᠢ᠍ᠯᠡᠳᠦᠯ᠎ᠢ ᠪᠠᠳᠠᠷᠠᠭᠤᠯᠤᠨ᠂ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠲᠤᠰᠬᠠᠢ ᠮᠡᠷᠭᠡᠵᠢᠯ᠎ᠤᠨ ᠠᠵᠢᠯᠳᠡᠠ᠎ᠢ ᠬᠥᠮᠦᠵᠢᠭᠦᠯᠵᠦ᠂ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠤᠯᠤᠰ᠎ᠠᠴᠠ ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠤᠯᠡᠠ ᠤᠯᠤᠰ᠎ᠤᠨ ᠬᠠᠮᠲᠤᠷᠠᠯᠴᠠᠭ᠎ᠠ ᠥᠷᠨᠢᠭᠦᠯᠬᠦ ᠵᠢ ᠲᠡᠮᠵᠢᠨ᠎ᠡ᠃
    ᠨᠠᠢ᠍ᠮᠠᠳᠤᠭ᠋ᠠᠷ ᠵᠦᠢ᠍ᠯ   ᠡᠯᠡᠰᠦᠷᠬᠡᠭᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠤᠨ ᠳᠤᠮᠳᠠ ᠢᠯᠡᠳᠲᠡ ᠠᠮᠵᠢᠯᠲᠠ ᠭᠠᠷᠭ᠋ᠠᠭᠰᠠᠨ ᠨᠢᠭᠡᠴᠢ ᠪᠠ ᠬᠤᠪᠢ ᠬᠥᠮᠦᠨ᠎ᠢ ᠠᠷᠠᠳ᠎ᠤᠨ ᠵᠠᠰᠠᠭ᠎ᠤᠨ ᠣᠷᠳᠣᠨ᠎ᠠᠴᠠ ᠬᠥᠬᠢᠭᠦᠯᠦᠨ ᠱᠠᠩᠨᠠᠨ᠎ᠠ; ᠠᠮᠢ ᠠᠬᠤᠢ ᠵᠢᠨ ᠶᠠᠰᠤ ᠴᠢᠨᠠᠷ᠎ᠢ ᠬᠠᠮᠠᠭ᠋ᠠᠯᠠᠨ ᠰᠠᠶ᠋ᠢᠵᠢᠷᠠᠭᠤᠯᠬᠤ᠎ᠳᠤ ᠲᠤᠪᠤᠢ᠍ᠢ᠍ᠮ᠎ᠠ ᠬᠤᠪᠢ ᠨᠡᠮᠡᠷᠢ ᠦᠵᠡᠭᠦᠯᠦᠭᠰᠡᠨ ᠪᠠᠶ᠋ᠢᠪᠠᠯ ᠬᠦᠨᠳᠦ᠎ᠪᠠᠷ ᠱᠠᠩᠨᠠᠬᠤ ᠬᠡᠷᠡᠭᠲᠡᠢ᠃
    ᠶᠢᠰᠦᠳᠦᠭᠡᠷ ᠵᠦᠢ᠍ᠯ ᠡᠯᠡᠰᠦᠷᠬᠡᠭᠵᠢᠭᠰᠡᠨ ᠭᠠᠵᠠᠷ ᠰᠢᠷᠣᠶ ᠵᠢᠨ ᠪᠠᠶ᠋ᠢᠭ᠎ᠠ ᠭᠠᠵᠠᠷ ᠣᠷᠣᠨ᠎ᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠣᠯᠪᠣᠭᠳᠠᠯ ᠪᠥᠬᠥᠶ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠮᠡᠳᠡᠯᠭᠡ ᠵᠢᠨ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠠᠷᠠᠳ ᠢᠷᠭᠡᠳ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠦᠵᠡᠯ ᠤᠬᠠᠮᠰᠠᠷ᠎ᠢ ᠨᠡᠮᠡᠭᠳᠡᠭᠦᠯᠵᠦ᠂ ᠠᠷᠠᠳ ᠢᠷᠭᠡᠳ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
 
             蒙ICP备05000248号