ᠪᠠᠶᠠᠨᠨᠠᠭᠤᠷ ᠬᠣᠲᠠ ᠵᠢᠨ ᠡᠯᠡᠰᠦ ᠵᠢ ᠪᠢᠳᠡᠬᠦᠮᠵᠢᠯᠡᠨ ᠨᠢᠰᠬᠡᠯ ᠵᠶ᠋ᠡᠷ ᠤᠢ᠌ᠵᠢᠭᠤᠯᠬᠤ ᠦᠷᠳᠡᠭᠡ 《ᠰᠢᠨ᠎ᠡ ᠴᠠᠭ ᠦᠶ᠎ᠡ᠂ ᠰᠢᠨ᠎ᠡ ᠪᠠᠶ᠋ᠢᠳᠠᠯ᠂ ᠰᠢᠨ᠎ᠡ ᠠᠵᠢᠯᠯᠠᠭ᠎ᠠ》᠎ᠪᠠᠷ ᠭᠣᠣᠯ ᠰᠡᠳᠦᠪ ᠪᠤᠯᠭ᠋ᠠᠭᠰᠠᠨ ᠴᠢᠩ ᠴᠦᠨ ᠬᠤ᠌ ᠨᠠᠭᠤᠷ᠎ᠲᠠᠬᠢ ᠠᠯᠬᠤᠭ᠎ᠠ ᠤᠷᠤᠯᠳᠤᠭ᠋ᠠᠨ᠎ᠤ ᠠᠵᠢᠯᠯᠠᠭ᠎ᠠ ᠶᠠᠪᠤᠭᠳᠠᠭᠤᠯᠪᠠ
《ᠬᠤᠲᠠ ᠵᠢᠨ ᠡᠯ᠎ᠡ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠵᠦᠪᠯᠡᠯ᠎ᠤᠨ 2018 ᠣᠨ᠎ᠤ ᠤᠯᠠᠨ ᠲᠦᠮᠡᠨᠴᠢ ᠴᠢᠨᠠᠷᠲᠠᠶ ᠰᠣᠶᠣᠯ ᠰᠤᠷᠭ᠋ᠠᠨ ᠬᠥᠮᠦᠵᠢᠯ᠎ᠤᠨ ᠠᠵᠢᠯᠯᠠᠭ᠎ᠠ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ》 ᠪᠠ 《ᠪᠠᠶᠠᠨᠨᠠᠭᠤᠷ ᠬᠣᠲᠠ ᠵᠢᠨ ᠤᠢ ᠰᠢᠭᠤᠶ ᠵᠢᠨ ᠲᠣᠪᠴᠢᠶ᠎ᠠ ᠵᠢᠨ 2018 ᠣᠨ᠎ᠤ ᠤᠯᠠᠨ ᠲᠦᠮᠡᠨᠴᠢ ᠴᠢᠨᠠᠷᠲᠠᠶ ᠰᠣᠶᠣᠯ ᠪᠣᠯᠪᠠᠰᠤᠷᠠᠯ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠥᠷᠨᠢᠭᠦᠯᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠡᠯᠡᠰᠦ ᠵᠢ ᠪᠢᠳᠡᠬᠦᠮᠵᠢᠯᠡᠨ ᠨᠢᠰᠬᠡᠯ ᠵᠶ᠋ᠡᠷ ᠤᠢ᠌ᠵᠢᠭᠤᠯᠬᠤ ᠦᠷᠳᠡᠭᠡ ᠢᠳᠡᠪᠬᠢᠲᠡᠶ᠎ᠪᠠᠷ ᠬᠦᠳᠡᠯᠭᠡᠭᠡᠨ ᠦᠷᠨᠢᠬᠦᠯᠵᠦ᠂ ᠠᠯᠪᠠᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠬᠤᠰᠢᠭᠤᠴᠢᠯᠠᠭᠰᠠᠨ ᠦᠯᠢᠭᠡᠷ ᠳᠠᠭᠤᠷᠢᠶᠠᠯ᠎ᠢ ᠭᠦᠢ᠍ᠴᠡᠳ ᠪᠠᠳᠠᠷᠠᠭᠤᠯᠵᠤ᠂ ᠥᠷᠲᠡᠭᠡᠨ᠎ᠳᠠᠬᠢ ᠺᠠᠳ᠋ᠷ ᠤᠯᠠᠨ ᠲᠦᠮᠡᠨ᠎ᠤ ᠢᠳᠡᠪᠬᠢᠲᠡᠶ᠎ᠪᠠᠷ ᠰᠠᠨᠠᠭ᠋ᠠᠴᠢᠯᠠᠭ᠎ᠠ᠎ᠠᠴᠠ᠎ᠪᠠᠨ ᠤᠯᠠᠨ ᠲᠦᠮᠡᠨᠴᠢ ᠴᠢᠨᠠᠷᠲᠠᠶ ᠰᠣᠶᠣᠯ ᠲᠠᠮᠢᠷ᠎ᠤᠨ ᠠᠵᠢᠯᠯᠠᠭ᠎ᠠ᠎ᠳᠤ ᠤᠷᠤᠯᠴᠠᠬᠤ ᠵᠢ ᠵᠣᠬᠢᠶᠠᠨ ᠪᠠᠶ᠋ᠢᠭᠤᠯᠤᠨ ᠲᠠᠢ᠌ᠴᠢᠯᠠᠵᠦ᠂ ᠪᠠᠶ᠋ᠢᠭᠤᠯᠭ᠎ᠠ ᠵᠢᠨ ᠺᠠᠳ᠋ᠷ ᠤᠯᠠᠨ ᠲᠦᠮᠡᠨ᠎ᠤ ᠰᠢᠨ᠎ᠡ ᠵᠢ ᠡᠬᠦᠳᠬᠦ᠂ ᠮᠡᠷᠡᠢ᠌ᠨ ᠴᠢᠷᠮᠠᠢ᠌ᠬᠤ᠂ ᠬᠠᠷᠢᠯᠴᠠᠨ ᠬᠠᠷᠠᠭ᠋ᠠᠯᠵᠠᠬᠤ᠂ ᠪᠦᠯᠬᠦᠮᠳᠡᠨ ᠲᠡᠮᠡᠴᠡᠬᠦ ᠰᠠᠶ᠋ᠢᠨ ᠰᠠᠶ᠋ᠢᠬᠠᠨ ᠦᠵᠡᠯ ᠰᠠᠨᠠᠭ᠋ᠠᠨ᠎ᠤ ᠲᠦᠷᠰᠦ ᠪᠠᠢ᠌ᠳᠠᠯ᠎ᠢ ᠬᠦᠢ᠍ᠴᠡᠳ ᠢᠯᠡᠷᠡᠬᠦᠯᠵᠦ᠂ ᠥᠷᠲᠡᠭᠡᠨ᠎ᠳᠤ 《ᠰᠢᠨ᠎ᠡ ᠴᠠᠭ ᠦᠶ᠎ᠡ᠂ ᠰᠢᠨ᠎ᠡ ᠪᠠᠶ᠋ᠢᠳᠠᠯ᠂ ᠰᠢᠨ᠎ᠡ ᠠᠵᠢᠯᠯᠠᠭ᠎ᠠ》᠎ᠪᠠᠷ ᠭᠣᠣᠯ ᠰᠡᠳᠦᠪ ᠪᠤᠯᠭ᠋ᠠᠭᠰᠠᠨ ᠠᠵᠢᠯᠯᠠᠭ᠎ᠠ ᠦᠷᠨᠢᠬᠦᠯᠦᠨ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠵᠦ᠂ ᠤᠯᠠᠨ ᠲᠦᠮᠡᠨ ᠵᠶ᠋ᠠᠷ ᠭᠣᠣᠯ ᠴᠣᠭᠴᠠ ᠪᠤᠯᠭ᠋ᠠᠬᠤ ᠵᠢ ᠪᠠᠷᠢᠮᠳᠠᠯᠠᠵᠦ᠂ ᠤᠢ ᠰᠢᠭᠤᠶ ᠵᠢᠨ ᠠᠵᠢᠯ᠎ᠤᠨ ᠪᠣᠳᠠᠲᠤ ᠪᠠᠶ᠋ᠢᠳᠠᠯ ᠪᠤᠯᠤᠨ ᠦᠢ᠍ᠯᠡᠳᠪᠦᠷᠢᠯᠡᠯ ᠠᠮᠢᠳᠤᠷᠠᠯ᠎ᠤᠨ ᠪᠣᠳᠠᠲᠤ ᠪᠠᠶ᠋ᠢᠳᠠᠯ᠎ᠲᠠᠢ ᠤᠢ᠌ᠷᠠᠳᠤᠪᠠ᠃ ᠤᠯᠠᠨ ᠲᠦᠮᠡᠨ᠎ᠤ ᠣᠨᠴᠠᠯᠢᠭ᠎ᠢ ᠢᠯᠡᠷᠡᠭᠦᠯᠵᠦ᠂ ᠪᠣᠳᠠᠲᠤ ᠪᠠᠢ᠌ᠳᠠᠯ᠎ᠲᠠᠢ ᠤᠶᠠᠯᠳᠤᠭᠤᠯᠵᠦ᠂ ᠴᠢᠩ ᠴᠦᠨ ᠬᠤ᠌ ᠨᠠᠭᠤᠷ᠎ᠲᠠᠬᠢ 4.2 ᠺᠢᠯᠣᠮᠧᠲᠷ᠎ᠤᠨ ᠠᠯᠬᠤᠭ᠎ᠠ ᠤᠷᠤᠯᠳᠤᠭ᠋ᠠᠨ᠎ᠤ ᠠᠵᠢᠯᠯᠠᠭ᠎ᠠ ᠶᠠᠪᠤᠭᠳᠠᠭᠤᠯᠪᠠ᠃ ᠪᠦᠬᠦ ᠠᠵᠢᠯᠳᠠᠳ ᠣᠷᠣᠯᠴᠠᠵᠤ᠂ ᠨᠢᠭᠡᠳᠦᠭᠡᠷ᠂ ᠬᠤᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ 3 ᠨᠡᠷᠡᠰ ᠲᠤᠬᠢᠷᠠᠭᠤᠯᠵᠦ᠂ 20 ᠨᠥᠬᠥᠷ ᠪᠦᠬᠦ ᠵᠡᠮ᠎ᠢ ᠠᠶᠠᠯᠠᠵᠤ ᠲᠠᠭᠤᠰᠪᠠ᠃ ᠴᠢᠩ ᠴᠦᠨ ᠬᠤ᠌ ᠨᠠᠭᠤᠷ᠎ᠤᠨ ᠴᠡᠴᠡᠷᠯᠢᠭ᠎ᠤᠨ ᠦᠵᠡᠮᠵᠢ ᠵᠢᠨ ᠮᠣᠳᠣᠨ᠎ᠤ ᠳᠦᠷᠦᠯ᠎ᠤᠨ ᠪᠦᠲᠤᠴᠠ ᠵᠢ ᠤᠢ᠌ᠯᠠᠭ᠋ᠠᠵᠦ᠂ ᠰᠢᠯᠵᠢᠮᠠᠯ ᠡᠯᠡᠰᠦ᠎ᠶᠢ ᠪᠢᠳᠡᠬᠦᠮᠵᠢᠯᠡᠬᠦ ᠥᠷᠲᠡᠭᠡ ᠵᠢᠨ ᠠᠵᠢᠯᠲᠠ᠎ᠳᠤ ᠡᠷᠡᠭᠦᠯ ᠥᠭᠡᠳᠡᠷᠬᠡᠭ᠂ ᠠᠮᠤᠷ ᠵᠢᠷᠭ᠋ᠠᠯᠳᠤ ᠰᠢᠨ᠎ᠡ ᠠᠮᠢᠳᠤᠷᠠᠯ᠂ ᠰᠢᠨ᠎ᠡ ᠬᠡᠪ ᠨᠠᠮᠪᠠᠭ᠎ᠠ ᠵᠢ ᠪᠦᠬᠦ ᠲᠠᠯ᠎ᠠ᠎ᠪᠠᠷ ᠳᠡᠯᠭᠡᠨ ᠦᠵᠡᠬᠦᠯᠵᠠᠢ᠃ (ᠬᠤᠤ ᠶᠣᠸᠠᠢ ᠴᠧᠩ)