ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ 8 ᠰᠠᠷ᠎ᠠ ᠵᠢᠨ 28᠎ᠤ ᠡᠳᠦᠷ᠎ᠤᠨ ᠮᠡᠳᠡᠭᠡ
ᠣᠶ᠋ᠢᠷ᠎ᠠ᠎ᠳᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ 《ᠥᠪᠥᠷ ᠮᠣᠩᠭᠣᠯ᠎ᠤᠨ ᠵᠡᠭᠦᠨ ᠬᠣᠰᠢᠭᠤᠨ᠎ᠤ ᠤᠯᠤᠰ᠎ᠤᠨ ᠣᠶ ᠰᠢᠭᠤᠶ ᠵᠢᠨ ᠴᠡᠴᠡᠷᠯᠢᠭ᠎ᠢ ᠪᠠᠶ᠋ᠢᠭᠤᠯᠬᠤ ᠵᠠᠰᠠᠭ ᠵᠠᠬᠢᠷᠭ᠋ᠠᠨ᠎ᠤ ᠵᠥᠪᠰᠢᠶᠡᠷᠡᠯ》᠎ᠢ ᠲᠠᠷᠬᠠᠭ᠋ᠠᠪᠠ᠃ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠵᠤ᠂ ᠪᠣᠳᠠᠲᠠᠶ ᠭᠠᠵᠠᠷ᠎ᠲᠤᠨᠢ ᠬᠦᠷᠴᠦ ᠰᠢᠨᠵᠢᠯᠡᠨ ᠪᠠᠶ᠋ᠢᠴᠠᠭ᠋ᠠᠬᠤ ᠪᠠ ᠲᠤᠰᠬᠠᠶ ᠮᠡᠷᠭᠡᠵᠢᠯᠲᠡᠨ᠎ᠤ ᠦᠨᠡᠯᠡᠨ ᠬᠢᠨᠠᠬᠤ᠎ᠪᠠᠷ ᠳᠠᠮᠵᠢᠨ᠂ ᠤᠯᠤᠰ᠎ᠤᠨ ᠤᠢ ᠰᠢᠭᠤᠢ ᠪᠠ ᠲᠠᠯ᠎ᠠ ᠨᠤᠲᠤᠭ᠎ᠤᠨ ᠲᠣᠪᠴᠢᠶᠠᠨ᠎ᠠᠴᠠ ᠮᠠᠨ᠎ᠤ ᠣᠷᠣᠨ᠎ᠤ ᠲᠦᠩᠯᠢᠶᠣᠤ ᠬᠣᠲᠠ ᠵᠢᠨ ᠬᠦᠷᠢᠶ᠎ᠡ ᠬᠣᠰᠢᠭᠤᠨ᠎ᠤ ᠤᠯᠤᠨ ᠡᠵᠡᠩᠨᠡᠨ ᠬᠠᠮᠢᠶᠠᠷᠬᠤ ᠤᠢ ᠵᠢᠨ ᠲᠠᠯᠠᠪᠠᠢ᠎ᠳᠤ ᠤᠯᠤᠨ ᠬᠣᠰᠢᠭᠤᠨ᠎ᠤ ᠤᠯᠤᠰ᠎ᠤᠨ ᠣᠶ ᠰᠢᠭᠤᠶ ᠵᠢᠨ ᠴᠡᠴᠡᠷᠯᠢᠭ ᠪᠠᠶ᠋ᠢᠭᠤᠯᠬᠤ ᠵᠢ ᠵᠦᠪᠰᠢᠶᠡᠷᠡᠵᠦ᠂ ᠡᠵᠡᠩᠨᠡᠯᠲᠡ ᠵᠢᠨ ᠶᠡᠷᠦᠩᠬᠡᠶ ᠲᠠᠯᠠᠪᠠᠶ᠎ᠨᠢ 7393 ᠾᠧᠺᠲ᠋ᠠᠷ ᠪᠤᠯᠤᠨ᠎ᠠ ᠃ ᠤᠯᠤᠨ ᠤᠯᠤᠰ᠎ᠤᠨ ᠣᠶ ᠰᠢᠭᠤᠶ ᠵᠢᠨ ᠴᠡᠴᠡᠷᠯᠢᠭ᠎ᠨᠢ ᠪᠠᠰᠠ ᠴᠤ᠌ ᠮᠠᠨ᠎ᠤ ᠣᠷᠣᠨ᠎ᠤ ᠲᠦᠩᠯᠢᠶᠣᠤ ᠬᠣᠲᠠ ᠵᠢᠨ ᠠᠩᠬ᠎ᠠ ᠣᠳᠠᠭ᠎ᠠ ᠵᠥᠪᠰᠢᠶᠡᠷᠡᠭᠳᠡᠭᠰᠡᠨ ᠤᠯᠤᠰ᠎ᠤᠨ ᠲᠠᠰ᠎ᠤᠨ ᠣᠶ ᠰᠢᠭᠤᠶ ᠵᠢᠨ ᠴᠡᠴᠡᠷᠯᠢᠭ ᠪᠣᠯᠤᠨ᠎ᠠ᠃ ᠡᠨᠳᠡ ᠬᠦᠷᠲᠡᠯ᠎ᠡ᠂ ᠮᠠᠨ᠎ᠤ ᠣᠷᠣᠨ᠎ᠤ ᠤᠯᠤᠰ᠎ᠤᠨ ᠲᠠᠰ᠎ᠤᠨ ᠣᠶ ᠰᠢᠭᠤᠶ ᠵᠢᠨ ᠴᠡᠴᠡᠷᠯᠢᠭ᠎ᠢ 28 ᠭᠠᠵᠠᠷ ᠨᠡᠮᠡᠭᠳᠡᠭᠦᠯᠵᠦ᠂ ᠡᠵᠡᠩᠨᠡᠯᠲᠡ ᠵᠢᠨ ᠶᠡᠷᠦᠩᠬᠡᠶ ᠲᠠᠯᠠᠪᠠᠶ᠎ᠨᠢ 66.78 ᠲᠦᠮᠡᠨ ᠾᠧᠺᠲ᠋ᠠᠷ ᠬᠦᠷᠴᠡᠢ᠃