ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠲᠦᠷᠦ ᠵᠢᠨ ᠶᠠᠪᠤᠳᠠᠯ᠎ᠤᠨ ᠬᠤᠷᠢᠶ᠎ᠠ ᠯᠢᠶᠤᠤᠨᠢᠩ᠎ᠳᠤ ᠱᠧᠨᠶᠠᠩ ᠹᠦᠱ᠌ᠦ᠋ᠨ᠎ᠤ ᠦᠭᠡᠷᠡᠴᠢᠯᠡᠯᠲᠡ ᠬᠢᠵᠤ ᠰᠢᠨ᠎ᠡ ᠵᠢ ᠡᠬᠦᠳᠬᠦ ᠵᠢᠱ᠌ᠢᠶ᠎ᠡ ᠦᠵᠡᠬᠦᠯᠬᠦ ᠤᠷᠤᠨ᠎ᠢ ᠪᠠᠢ᠌ᠭᠤᠯᠬᠤ ᠲᠤᠬᠠᠢ ᠴᠤᠬᠤᠯᠠᠪᠤᠷᠢ ᠭᠠᠷᠭ᠋ᠠᠪᠠ
ᠨᠡᠶ᠋ᠢᠲᠡᠯᠡᠭᠰᠡᠨ ᠴᠠᠭ᠄ 2018-10-15

      ᠠᠷᠠᠳ᠎ᠤᠨ ᠡᠳᠤᠷ᠎ᠤᠨ ᠰᠤᠨᠢᠨ᠎ᠤ ᠱᠧᠨᠶᠠᠩ᠎ᠤᠨ 10 ᠰᠠᠷ᠎ᠠ ᠵᠢᠨ 14᠎ᠤ ᠡᠳᠤᠷ᠎ᠤᠨ ᠮᠡᠳᠡᠭᠡ (ᠰᠤᠷᠪᠤᠯᠵᠢᠯᠠᠭᠴᠢ ᠾᠧ ᠶᠦᠩ)
      ᠰᠤᠷᠪᠤᠯᠵᠢᠯᠠᠭᠴᠢ ᠯᠢᠶᠤᠤᠨᠢᠩ ᠮᠤᠵᠢ ᠵᠢᠨ ᠦᠭᠡᠷᠡᠴᠢᠯᠡᠯᠲᠡ ᠬᠦᠭᠵᠢᠬᠦᠯᠦᠯᠲᠡ ᠵᠢᠨ ᠵᠦᠪᠯᠡᠯ᠎ᠠᠴᠠ ᠤᠢ᠌ᠯᠠᠭ᠋ᠠᠭᠰᠠᠨ᠎ᠨᠢ᠄ ᠤᠯᠤᠰ᠎ᠤᠨ ᠦᠭᠡᠷᠡᠴᠢᠯᠡᠯᠲᠡ ᠬᠦᠭᠵᠢᠬᠦᠯᠦᠯᠲᠡ ᠵᠢᠨ ᠵᠦᠪᠯᠡᠯ ᠤᠢ᠌ᠷ᠎ᠠ᠎ᠳᠤ ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠴᠤᠬᠤᠯᠠᠪᠤᠷᠢ ᠭᠠᠷᠭ᠋ᠠᠭᠰᠠᠨ 《ᠱᠧᠨᠶᠠᠩ ᠹᠦᠱ᠌ᠦ᠋ᠨ᠎ᠤ ᠦᠭᠡᠷᠡᠴᠢᠯᠡᠯᠲᠡ ᠬᠢᠵᠤ ᠰᠢᠨ᠎ᠡ ᠵᠢ ᠡᠬᠦᠳᠬᠦ ᠵᠢᠱ᠌ᠢᠶ᠎ᠡ ᠦᠵᠡᠬᠦᠯᠬᠦ ᠤᠷᠤᠨ᠎ᠤ ᠪᠦᠲᠦᠭᠡᠨ ᠪᠠᠢ᠌ᠭᠤᠯᠤᠯᠲᠠ ᠵᠢᠨ ᠲᠦᠰᠦᠯ》᠎ᠢ ᠠᠯᠪᠠᠨ ᠶᠤᠰᠤ᠎ᠪᠠᠷ ᠲᠠᠷᠤᠮᠠᠯᠯᠠᠨ ᠲᠠᠷᠬᠠᠭ᠋ᠠᠪᠠ᠃ ᠱᠧᠨᠶᠠᠩ ᠹᠦᠱ᠌ᠦ᠋ᠨ᠎ᠤ ᠦᠭᠡᠷᠡᠴᠢᠯᠡᠯᠲᠡ ᠬᠢᠵᠤ ᠰᠢᠨ᠎ᠡ ᠵᠢ ᠡᠬᠦᠳᠬᠦ ᠵᠢᠱ᠌ᠢᠶ᠎ᠡ ᠦᠵᠡᠬᠦᠯᠬᠦ ᠤᠷᠤᠨ᠎ᠨᠢ ᠯᠢᠶᠤᠤᠨᠢᠩ᠎ᠤᠨ ᠱᠧᠨᠶᠠᠩ ᠪᠤᠯᠤᠨ ᠹᠦᠱ᠌ᠦ᠋ᠨ ᠬᠤᠶᠠᠷ ᠲᠤᠮᠤ ᠬᠤᠲᠠ ᠵᠢᠨ ᠠᠭᠤᠯᠵᠠᠷ᠎ᠲᠤ ᠪᠠᠢ᠌ᠷᠢᠯᠠᠵᠤ᠂ ᠲᠠᠯᠠᠪᠠᠢ᠎ᠨᠢ 171 ᠲᠡᠭᠰᠢ ᠲᠦᠷᠪᠡᠯᠵᠢᠨ ᠺᠢᠯᠤᠮᠧᠳ᠋ᠷ ᠪᠠᠢ᠌ᠵᠤ᠂ ᠱᠧᠨᠶᠠᠩ᠎ᠤᠨ ᠭᠤᠷᠪᠠᠳᠤᠭ᠋ᠠᠷ ᠲᠤᠭᠤᠷᠢᠯ ᠵᠠᠮ᠎ᠠᠴᠠ ᠵᠡᠬᠦᠨᠰᠢ᠂ ᠾᠦᠨᠾᠧ ᠭᠤᠤᠯ᠎ᠠᠴᠠ ᠡᠮᠦᠨᠡᠰᠢ 69 ᠲᠡᠭᠰᠢ ᠲᠦᠷᠪᠡᠯᠵᠢᠨ ᠺᠢᠯᠤᠮᠧᠳ᠋ᠷ᠂ ᠹᠦᠱ᠌ᠦ᠋ᠨ᠎ᠤ 102 ᠲᠡᠭᠰᠢ ᠲᠦᠷᠪᠡᠯᠵᠢᠨ ᠺᠢᠯᠤᠮᠧᠳ᠋ᠷ ᠭᠠᠵᠠᠷ᠎ᠢ ᠪᠠᠭᠲᠠᠭ᠋ᠠᠨ᠎ᠠ᠃ ᠲᠦᠰᠦᠯ᠎ᠢ ᠦᠨᠳᠦᠰᠦᠯᠡᠪᠡᠯ᠂ ᠱᠧᠨᠶᠠᠩ ᠹᠦᠱ᠌ᠦ᠋ᠨ᠎ᠤ ᠦᠭᠡᠷᠡᠴᠢᠯᠡᠯᠲᠡ ᠬᠢᠵᠤ ᠰᠢᠨ᠎ᠡ ᠵᠢ ᠡᠬᠦᠳᠬᠦ ᠵᠢᠱ᠌ᠢᠶ᠎ᠡ ᠦᠵᠡᠬᠦᠯᠬᠦ ᠤᠷᠤᠨ᠎ᠤ ᠬᠠᠷᠠᠯᠲᠠ ᠪᠤᠯ ᠵᠡᠬᠦᠨ ᠬᠤᠢ᠌ᠳᠤ ᠵᠢᠨ ᠭᠠᠵᠠᠷ ᠤᠷᠤᠨ᠎ᠤ ᠦᠭᠡᠷᠡᠴᠢᠯᠡᠯᠲᠡ ᠨᠡᠭᠡᠭᠡᠯᠲᠡ ᠵᠢᠨ ᠲᠦᠷᠦᠬᠦᠴᠢ ᠤᠷᠤᠨ᠂ ᠪᠡᠯᠡ ᠤᠷᠤᠭᠤᠯᠵᠤ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ᠎ᠢ ᠰᠢᠯᠢᠳᠡᠭᠵᠢᠬᠦᠯᠬᠦ ᠵᠢᠱ᠌ᠢᠶᠡᠴᠢ ᠤᠷᠤᠨ᠂ ᠰᠢᠨ᠎ᠡ ᠵᠢ ᠡᠬᠦᠳᠬᠦ᠎ᠪᠠᠷ ᠬᠦᠭᠵᠢᠯᠲᠡ ᠵᠢᠨ ᠬᠦᠳᠡᠯᠭᠡᠭᠦᠷ ᠪᠤᠯᠭ᠋ᠠᠬᠤ ᠲᠠᠭ᠋ᠠᠭᠤᠯᠤᠭᠴᠢ ᠤᠷᠤᠨ ᠪᠠ ᠯᠢᠶᠤᠤᠨᠢᠩ᠎ᠤᠨ ᠬᠦᠭᠵᠢᠯ ᠪᠠᠳᠠᠷᠠᠯ᠎ᠤᠨ ᠰᠢᠨ᠎ᠡ ᠬᠦᠳᠡᠯᠭᠡᠬᠦᠷ᠎ᠢ ᠪᠠᠢ᠌ᠭᠤᠯᠬᠤ ᠵᠢᠨ ᠲᠦᠯᠦᠭᠡ ᠶᠤᠮ᠃
      ᠠᠷᠠᠳ᠎ᠤᠨ ᠰᠦᠯᠵᠢᠶ᠎ᠡ᠎ᠠᠴᠠ ᠬᠠᠭᠤᠯᠪᠤᠷᠢᠯᠠᠪᠠ᠃

ᠢᠷᠡᠯᠲᠡ᠄ ᠠᠷᠠᠳ᠎ᠤᠨ ᠰᠦᠯᠵᠢᠶ᠎ᠡ᠎ᠠᠴᠠ ᠬᠠᠭᠤᠯᠪᠤᠷᠢᠯᠠᠪᠠ᠃
          
ᠬᠠᠮᠢᠶ᠎ᠡ ᠪᠦᠬᠦᠢ ᠰᠣᠨᠢᠨ
ᠲᠦᠪ᠎ᠤᠨ ᠤᠷᠴᠢᠨ ᠠᠬᠤᠢ ᠵᠢᠨ ᠬᠠᠮᠠᠭ᠋ᠠᠯᠠᠯᠳᠠ ᠵᠢᠨ ᠰᠢᠪᠠᠳᠠᠨ ᠪᠠᠢ᠌ᠴᠠᠭ᠋ᠠᠯᠳᠠ ᠵᠢᠨ ᠡᠷᠬᠢᠵᠤ ᠪᠠᠢ᠌ᠴᠠᠭ᠋ᠠᠭᠰᠠᠨ᠎ᠤ ᠬᠠᠷᠢᠭᠤ ᠲᠤᠰᠬᠠᠯ᠄ ᠦᠪᠤᠷ ᠮᠤᠩᠭᠤᠯ ᠬᠥᠭᠵᠢᠬᠦᠯᠬᠦ ᠪᠠ ᠬᠠᠮᠠᠭ᠋ᠠᠯᠠᠬᠤ ᠵᠢᠨ ᠬᠠᠷᠢᠴᠠᠭ᠎ᠠ ᠵᠢ ᠰᠢᠢ᠍ᠳᠪᠤᠷᠢᠯᠡᠬᠦ᠎ᠳᠡᠭᠡᠨ ᠡᠷᠡᠰ ᠴᠢᠩᠭ᠎ᠠ ᠤᠪᠤᠷ ᠵᠶ᠋ᠠᠷ ᠬᠠᠨᠳᠤᠵᠤ ᠪᠠᠢ᠌ᠬᠤ ᠦᠭᠡᠢ
2020 ᠤᠨ ᠪᠤᠯᠬᠤ᠎ᠳᠤ ᠶᠠᠳᠠᠭᠤ ᠬᠦᠴᠢᠷᠲᠡᠯ᠎ᠲᠠᠢ ᠬᠦᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠦᠬᠦ ᠲᠠᠯ᠎ᠠ᠎ᠪᠠᠷ ᠰᠢᠢ᠍ᠳᠪᠤᠷᠢᠯᠡᠨ᠎ᠡ
ᠪᠠᠶᠠᠨᠨᠠᠭᠤᠷ ᠬᠤᠲᠠ ᠪᠦᠬᠦ ᠤᠯᠤᠰ᠎ᠤᠨ ᠡᠯᠡᠰᠦᠷᠬᠡᠭᠵᠢᠯ᠎ᠢ ᠰᠡᠷᠭᠡᠢ᠌ᠯᠡᠨ ᠵᠠᠰᠠᠬᠤ ᠶᠡᠷᠦᠩᠬᠡᠢ᠌ᠯᠡᠭᠰᠡᠨ ᠵᠢᠱ᠌ᠢᠶ᠎ᠡ ᠦᠵᠡᠭᠦᠯᠬᠦ ᠤᠷᠤᠨ ᠵᠶ᠋ᠠᠷ ᠰᠤᠩᠭᠤᠭᠳᠠᠪᠠ
ᠠᠩᠬᠠᠳᠠᠭᠴᠢ ᠲᠤᠮᠤ ᠬᠡᠯᠪᠡᠷᠢ ᠵᠢᠨ ᠭᠡᠷᠡᠯ ᠢᠯᠴᠢ ᠵᠢᠨ ᠵᠢᠱ᠌ᠢᠶ᠎ᠡ ᠦᠵᠡᠬᠦᠯᠬᠦ ᠴᠠᠬᠢᠯᠭ᠋ᠠᠨ ᠦᠷᠳᠡᠭᠡ ᠠᠰᠢᠭᠯᠠᠯᠳᠠ᠎ᠳᠤ ᠤᠷᠤᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠠᠴᠠ ᠳᠠᠯᠠᠨ ᠬᠠᠷ᠎ᠠ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠬᠤᠷᠢᠶ᠎ᠠ ᠵᠢᠨ ᠲᠣᠭᠣᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ
 
             蒙ICP备05000248号