ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠦᠳᠡᠭᠡ ᠲᠤᠰᠬᠤᠨ᠎ᠤ ᠵᠢᠭᠤᠯᠴᠢᠯᠠᠯ᠎ᠤᠨ ᠶᠠᠰᠤ ᠴᠢᠨᠠᠷ᠎ᠢ ᠲᠡᠭᠡᠭᠰᠢᠯᠡᠬᠦᠯᠬᠦ ᠲᠤᠬᠠᠢ ᠠᠷᠪᠠᠨ ᠭᠤᠷᠪᠠᠨ ᠰᠠᠯᠠᠭ᠎ᠠ ᠮᠦᠴᠢᠷ ᠠᠵᠢᠯᠯᠠᠭ᠋ᠠᠨ᠎ᠤ ᠲᠦᠰᠤᠯ ᠨᠡᠢ᠌ᠳᠡᠯᠡᠪᠡ
ᠨᠡᠶ᠋ᠢᠲᠡᠯᠡᠭᠰᠡᠨ ᠴᠠᠭ᠄ 2018-10-16

      ᠠᠷᠠᠳ᠎ᠤᠨ ᠰᠦᠯᠵᠢᠶ᠎ᠡ ᠵᠢᠨ ᠪᠡᠭᠡᠵᠢᠩ᠎ᠤᠨ 10 ᠰᠠᠷ᠎ᠠ ᠵᠢᠨ 15᠎ᠤ ᠡᠳᠤᠷ᠎ᠤᠨ ᠮᠡᠳᠡᠭᠡ  (ᠵᠧᠩ ᠬᠠᠢ ᠡᠸᠤ)
      ᠦᠢ᠍ᠷ᠎ᠠ᠎ᠳᠤ᠂ ᠰᠤᠶᠤᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠬᠥᠭᠵᠢᠬᠦᠯᠤᠯᠳᠡ ᠪᠠ ᠦᠭᠡᠷᠡᠴᠢᠯᠠᠯᠳᠠ ᠵᠢᠨ ᠵᠦᠪᠯᠡᠯ ᠵᠡᠷᠭᠡ 13 ᠰᠠᠯᠠᠭ᠎ᠠ ᠮᠦᠴᠢᠷ ᠬᠠᠮᠳᠤᠷᠠᠨ 《ᠬᠥᠳᠡᠭᠡ ᠲᠤᠰᠬᠤᠨ᠎ᠤ ᠵᠢᠭᠤᠯᠴᠢᠯᠠᠯ᠎ᠤᠨ ᠬᠥᠭᠵᠢᠯᠳᠡ ᠵᠢᠨ ᠶᠠᠰᠤ ᠴᠢᠨᠠᠷ᠎ᠢ ᠲᠡᠭᠡᠭᠰᠢᠯᠡᠬᠦᠯᠬᠦ ᠠᠵᠢᠯᠯᠠᠭ᠋ᠠᠨ᠎ᠤ ᠲᠦᠰᠤᠯ (2018 — 2020 ᠤᠨ)》᠎ᠢ ᠨᠡᠢ᠌ᠳᠡᠯᠡᠪᠡ᠃ ᠬᠡᠰᠡᠭ ᠭᠠᠵᠠᠷ ᠤᠷᠤᠨ᠎ᠤ ᠬᠥᠳᠡᠭᠡ ᠲᠤᠰᠬᠤᠨ᠎ᠤ ᠵᠢᠭᠤᠯᠴᠢᠯᠠᠯ᠎ᠤᠨ ᠦᠵᠡᠮᠵᠢ ᠵᠢᠨ ᠤᠷᠤᠨ᠎ᠳᠤ ᠤᠷᠤᠬᠤ ᠵᠠᠮ ᠬᠠᠷᠢᠯᠴᠠᠭ᠎ᠠ ᠲᠦᠬᠦᠮ ᠦᠭᠡᠢ᠂ ᠲᠡᠷᠭᠡᠨ ᠵᠤᠬᠰᠤᠭ᠋ᠠᠯ ᠵᠡᠷᠭᠡ ᠰᠠᠭᠤᠷᠢ ᠲᠦᠬᠦᠭᠡᠷᠤᠮᠵᠢ ᠵᠢᠨ ᠪᠠᠢ᠌ᠭᠤᠯᠤᠯᠳᠡ ᠠᠨᠠᠢ ᠪᠠᠢ᠌ᠬᠤ᠂ ᠬᠤᠭ ᠨᠤᠪᠰᠢ ᠪᠠ ᠪᠤᠬᠢᠷ ᠤᠰᠤ ᠵᠡᠷᠭᠡ ᠬᠥᠳᠡᠭᠡ ᠲᠤᠰᠬᠤᠨ᠎ᠤ ᠤᠷᠤᠰᠢᠨ ᠰᠠᠭᠤᠬᠤ ᠤᠷᠴᠢᠨ ᠨᠦᠬᠦᠴᠡᠯ ᠵᠠᠰᠠᠭᠳᠠᠭᠰᠠᠨ ᠦᠭᠡᠢ ᠤᠷᠳᠤ ᠬᠤᠭᠤᠴᠠᠭ᠎ᠠ᠎ᠪᠠᠷ ᠬᠠᠶᠠᠭᠳᠠᠵᠤ ᠪᠠᠢ᠌ᠬᠤ᠂ ᠬᠥᠳᠡᠭᠡ ᠲᠤᠰᠬᠤᠨ᠎ᠤ ᠬᠤᠨᠤᠭ ᠪᠠᠭᠤᠳᠠᠯ᠂ ᠬᠥᠳᠡᠭᠡ ᠲᠤᠰᠬᠤᠨ᠎ᠤ ᠤᠨᠴᠠᠯᠢᠭᠳᠤ ᠢᠳᠡᠭᠡᠨ ᠤᠮᠳᠠᠭ᠋ᠠᠨ ᠵᠡᠷᠭᠡ ᠵᠢᠨ ᠴᠢᠨᠠᠷ ᠴᠢᠨᠰᠠᠭ᠎ᠠ ᠪᠠ ᠦᠢ᠍ᠯᠡᠴᠢᠯᠡᠭᠡᠨ᠎ᠤ ᠪᠠᠷᠢᠮᠵᠢᠶ᠎ᠠ ᠲᠡᠬᠦᠯᠳᠡᠷ ᠪᠤᠰᠤ᠂ ᠨᠡᠢ᠌ᠭᠡᠮ᠎ᠤᠨ ᠬᠥᠷᠤᠩᠭᠡ ᠵᠢᠨ ᠬᠥᠳᠡᠭᠡ ᠲᠤᠰᠬᠤᠨ᠎ᠤ ᠵᠢᠭᠤᠯᠴᠢᠯᠠᠯ᠎ᠤᠨ ᠪᠠᠢ᠌ᠭᠤᠯᠤᠯᠳᠡ᠎ᠳᠤ ᠤᠷᠤᠭᠤᠯᠤᠯᠳᠡ ᠬᠢᠬᠦ ᠢᠳᠡᠪᠬᠢᠵᠢᠯ ᠲᠤᠤᠷ᠎ᠠ ᠪᠠᠢ᠌ᠬᠤ᠂ ᠪᠡᠯᠡ ᠲᠤᠬᠢᠷᠠᠭᠤᠯᠬᠤ᠎ᠳᠤ ᠨᠡᠯᠢᠶᠡᠳ ᠬᠥᠴᠢᠷᠳᠠᠢ ᠪᠠᠢ᠌ᠬᠤ ᠵᠡᠷᠭᠡ ᠠᠰᠠᠭᠤᠳᠠᠯ᠎ᠳᠤ ᠴᠢᠭᠯᠡᠬᠦᠯᠤᠨ᠂ 《ᠠᠵᠢᠯᠯᠠᠭ᠋ᠠᠨ᠎ᠤ ᠲᠦᠰᠤᠯ》᠎ᠳᠤ ᠰᠢᠰᠲ᠋ᠧᠮ᠎ᠲᠠᠢ ᠪᠠᠢ᠌ᠷᠢᠯᠠᠭᠤᠯᠤᠯᠳᠡ ᠬᠢᠵᠠᠢ᠃
     《ᠤᠯᠠᠨ ᠰᠠᠯᠠᠭ᠎ᠠ ᠮᠦᠴᠢᠷ ᠬᠠᠮᠳᠤᠷᠠᠨ ᠬᠥᠴᠤᠯᠡᠬᠦ᠎ᠨᠢ ᠬᠥᠳᠡᠭᠡ ᠲᠤᠰᠬᠤᠨ᠎ᠤ ᠵᠢᠭᠤᠯᠴᠢᠯᠠᠯ᠎ᠤᠨ ᠶᠠᠰᠤ ᠴᠢᠨᠠᠷ᠎ᠢ ᠲᠡᠭᠡᠭᠰᠢᠯᠡᠬᠦᠯᠬᠦ᠎ᠳᠤ ᠴᠢᠬᠤᠯᠠ ᠠᠴᠢ ᠬᠤᠯᠪᠤᠬᠳᠠᠯ᠎ᠲᠠᠢ ᠶᠤᠮ᠃》 ᠵᠧᠵᠢᠶᠠᠩ ᠶᠡᠭᠡ ᠰᠤᠷᠭ᠋ᠠᠭᠤᠯᠢ ᠵᠢᠨ ᠬᠠᠮᠢᠶᠠᠷᠤᠯᠳᠠ ᠵᠢᠨ ᠲᠡᠭᠡᠳᠤ ᠰᠤᠷᠭ᠋ᠠᠭᠤᠯᠢ ᠵᠢᠨ ᠫᠷᠤᠹᠧᠰᠰᠤᠷ ᠵᠸᠤ ᠯᠢᠩ ᠴᠢᠶᠠᠩ ᠬᠡᠯᠡᠬᠦ᠎ᠳᠡᠭᠡᠨ᠂ ᠵᠧᠵᠢᠶᠠᠩ᠎ᠤᠨ ᠬᠤᠵᠸᠤ ᠵᠢᠨ ᠳ᠋ᠧ ᠴᠢᠩ ᠰᠢᠶᠠᠨ ᠵᠶ᠋ᠠᠷ ᠵᠢᠱ᠌ᠢᠶᠡᠯᠡᠪᠡᠯ᠂ ᠲᠤᠬᠠᠢ ᠵᠢᠨ ᠭᠠᠵᠠᠷ᠎ᠤᠨ 《ᠶᠠᠩ ᠵᠢᠶᠠ ᠯᠧ》 ᠡᠵᠡᠩᠨᠡᠯᠳᠡ ᠵᠢᠨ ᠬᠡᠯᠪᠡᠷᠢ ᠵᠢᠨ ᠬᠥᠭᠵᠢᠯᠳᠡ᠎ᠲᠠᠢ ᠪᠤᠯᠵᠤ ᠴᠢᠳᠠᠭᠰᠠᠨ᠎ᠨᠢ ᠬᠤᠯᠪᠤᠬᠳᠠᠯ ᠪᠦᠬᠦᠢ ᠰᠠᠯᠠᠭ᠎ᠠ ᠮᠦᠴᠢᠷ᠎ᠤᠨ ᠬᠠᠮᠠᠭ᠋ᠠᠯᠠᠵᠤ ᠲᠤᠰᠠᠯᠠᠭᠰᠠᠨ᠎ᠠᠴᠠ ᠰᠠᠯᠵᠤ ᠴᠢᠳᠠᠬᠤ ᠦᠭᠡᠢ ᠶᠤᠮ᠃ ᠵᠢᠱ᠌ᠢᠶᠡᠯᠡᠪᠡᠯ ᠬᠥᠳᠡᠭᠡ ᠲᠤᠰᠬᠤᠨ᠎ᠤ ᠵᠠᠷᠢᠮ ᠨᠡᠷᠡᠳᠡᠢ ᠬᠤᠨᠤᠭ᠎ᠤᠨ ᠭᠠᠵᠠᠷ᠎ᠢ ᠡᠬᠢᠯᠡᠵᠤ ᠪᠠᠢ᠌ᠭᠤᠯᠬᠤ ᠦᠶ᠎ᠠ᠎ᠳᠤ ᠪᠡᠯᠡ ᠮᠦᠩᠬᠦ᠂ ᠭᠠᠵᠠᠷ ᠰᠢᠷᠤᠢ ᠵᠡᠷᠭᠡ ᠲᠠᠯ᠎ᠠ ᠵᠢᠨ ᠬᠥᠴᠢᠷᠳᠠᠯ᠎ᠳᠤ ᠲᠤᠯᠭ᠋ᠠᠷᠠᠵᠤ ᠪᠠᠢ᠌ᠬᠰᠠᠨ ᠶᠤᠮ᠂ ᠲᠤᠬᠠᠢ ᠵᠢᠨ ᠭᠠᠵᠠᠷ᠎ᠤᠨ ᠵᠠᠰᠠᠭ᠎ᠤᠨ ᠤᠷᠳᠤᠨ᠎ᠨᠢ ᠵᠧᠵᠢᠶᠠᠩ ᠮᠤᠵᠢ ᠵᠢᠨ 《ᠪᠡᠯ ᠭᠠᠵᠠᠷ᠎ᠤᠨ ᠲᠤᠰᠬᠤᠨ ᠪᠠᠯᠭ᠋ᠠᠰᠤ》 ᠵᠢᠨ ᠬᠤᠯᠪᠤᠬᠳᠠᠯ ᠪᠦᠢ᠍ᠬᠦᠢ ᠲᠦᠷᠤ ᠵᠢᠨ ᠪᠤᠳᠤᠯᠭ᠎ᠠ ᠵᠢ ᠠᠰᠢᠭᠯᠠᠨ ᠲᠡᠳᠬᠦᠨ ᠲᠡᠮᠵᠢᠵᠤ᠂ ᠪᠦᠳᠤᠭᠡᠨ ᠪᠠᠢ᠌ᠭᠤᠯᠤᠯᠳᠡ᠎ᠳᠤ ᠬᠡᠷᠡᠭᠯᠡᠬᠦ ᠭᠠᠵᠠᠷ᠎ᠤᠨ ᠬᠥᠢ᠍ᠴᠡᠳᠭᠡᠯ ᠲᠤᠭ᠎ᠠ ᠬᠢᠵᠠᠭ᠋ᠠᠷᠳᠠᠢ ᠪᠠᠢ᠌ᠭ᠎ᠠ ᠪᠠᠢ᠌ᠳᠠᠯ ᠲᠤᠤᠷ᠎ᠠ᠂ ᠴᠡᠭ᠎ᠤᠨ ᠮᠠᠶᠢᠭ ᠵᠶ᠋ᠠᠷ ᠭᠠᠵᠠᠷ ᠬᠠᠩᠭ᠋ᠠᠬᠤ ᠪᠠ ᠪᠠᠷᠢᠯᠭ᠎ᠠ ᠵᠢᠨ ᠲᠠᠯ᠎ᠠ᠎ᠪᠠᠷ ᠰᠢᠨ᠎ᠠ ᠵᠢ ᠡᠬᠦᠳᠬᠦ ᠠᠷᠭ᠎ᠠ ᠮᠠᠶᠢᠭ᠎ᠢ ᠠᠪᠴᠤ᠂ ᠵᠦᠢ᠍ᠯᠡᠰ᠎ᠢ ᠨᠠᠢ᠌ᠳᠠᠪᠤᠷᠢᠵᠢᠭᠤᠯᠬᠤ ᠪᠠ ᠦᠷᠬᠦᠯᠵᠢᠯᠡᠨ ᠡᠷᠡᠬᠦᠯ ᠵᠶ᠋ᠠᠷ ᠡᠵᠡᠩᠨᠡᠬᠦ ᠵᠢ᠎ᠨᠢ ᠦᠨᠡᠨ ᠬᠦ᠌ ᠪᠠᠳᠤᠯᠠᠭᠰᠠᠨ ᠪᠠᠢ᠌ᠨ᠎ᠠ᠃
      ᠠᠷᠠᠳ᠎ᠤᠨ ᠰᠦᠯᠵᠢᠶ᠎ᠡ᠎ᠠᠴᠠ ᠬᠠᠭᠤᠯᠪᠤᠷᠢᠯᠠᠪᠠ᠃  

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠷᠦ ᠵᠢᠨ ᠶᠠᠪᠤᠳᠠᠯ᠎ᠤᠨ ᠬᠤᠷᠢᠶ᠎ᠠ ᠯᠢᠶᠤᠤᠨᠢᠩ᠎ᠳᠤ ᠱᠧᠨᠶᠠᠩ ᠹᠦᠱ᠌ᠦ᠋ᠨ᠎ᠤ ᠦᠭᠡᠷᠡᠴᠢᠯᠡᠯᠲᠡ ᠬᠢᠵᠤ ᠰᠢᠨ᠎ᠡ ᠵᠢ ᠡᠬᠦᠳᠬᠦ ᠵᠢᠱ᠌ᠢᠶ᠎ᠡ ᠦᠵᠡᠬᠦᠯᠬᠦ ᠤᠷᠤᠨ᠎ᠢ ᠪᠠᠢ᠌ᠭᠤᠯᠬᠤ ᠲᠤᠬᠠᠢ ᠴᠤᠬᠤᠯᠠᠪᠤᠷᠢ ᠭᠠᠷᠭ᠋ᠠᠪᠠ
ᠲᠦᠪ᠎ᠤᠨ ᠤᠷᠴᠢᠨ ᠠᠬᠤᠢ ᠵᠢᠨ ᠬᠠᠮᠠᠭ᠋ᠠᠯᠠᠯᠳᠠ ᠵᠢᠨ ᠰᠢᠪᠠᠳᠠᠨ ᠪᠠᠢ᠌ᠴᠠᠭ᠋ᠠᠯᠳᠠ ᠵᠢᠨ ᠡᠷᠬᠢᠵᠤ ᠪᠠᠢ᠌ᠴᠠᠭ᠋ᠠᠭᠰᠠᠨ᠎ᠤ ᠬᠠᠷᠢᠭᠤ ᠲᠤᠰᠬᠠᠯ᠄ ᠦᠪᠤᠷ ᠮᠤᠩᠭᠤᠯ ᠬᠥᠭᠵᠢᠬᠦᠯᠬᠦ ᠪᠠ ᠬᠠᠮᠠᠭ᠋ᠠᠯᠠᠬᠤ ᠵᠢᠨ ᠬᠠᠷᠢᠴᠠᠭ᠎ᠠ ᠵᠢ ᠰᠢᠢ᠍ᠳᠪᠤᠷᠢᠯᠡᠬᠦ᠎ᠳᠡᠭᠡᠨ ᠡᠷᠡᠰ ᠴᠢᠩᠭ᠎ᠠ ᠤᠪᠤᠷ ᠵᠶ᠋ᠠᠷ ᠬᠠᠨᠳᠤᠵᠤ ᠪᠠᠢ᠌ᠬᠤ ᠦᠭᠡᠢ
2020 ᠤᠨ ᠪᠤᠯᠬᠤ᠎ᠳᠤ ᠶᠠᠳᠠᠭᠤ ᠬᠦᠴᠢᠷᠲᠡᠯ᠎ᠲᠠᠢ ᠬᠦᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠦᠬᠦ ᠲᠠᠯ᠎ᠠ᠎ᠪᠠᠷ ᠰᠢᠢ᠍ᠳᠪᠤᠷᠢᠯᠡᠨ᠎ᠡ
ᠪᠠᠶᠠᠨᠨᠠᠭᠤᠷ ᠬᠤᠲᠠ ᠪᠦᠬᠦ ᠤᠯᠤᠰ᠎ᠤᠨ ᠡᠯᠡᠰᠦᠷᠬᠡᠭᠵᠢᠯ᠎ᠢ ᠰᠡᠷᠭᠡᠢ᠌ᠯᠡᠨ ᠵᠠᠰᠠᠬᠤ ᠶᠡᠷᠦᠩᠬᠡᠢ᠌ᠯᠡᠭᠰᠡᠨ ᠵᠢᠱ᠌ᠢᠶ᠎ᠡ ᠦᠵᠡᠭᠦᠯᠬᠦ ᠤᠷᠤᠨ ᠵᠶ᠋ᠠᠷ ᠰᠤᠩᠭᠤᠭᠳᠠᠪᠠ
ᠠᠩᠬᠠᠳᠠᠭᠴᠢ ᠲᠤᠮᠤ ᠬᠡᠯᠪᠡᠷᠢ ᠵᠢᠨ ᠭᠡᠷᠡᠯ ᠢᠯᠴᠢ ᠵᠢᠨ ᠵᠢᠱ᠌ᠢᠶ᠎ᠡ ᠦᠵᠡᠬᠦᠯᠬᠦ ᠴᠠᠬᠢᠯᠭ᠋ᠠᠨ ᠦᠷᠳᠡᠭᠡ ᠠᠰᠢᠭᠯᠠᠯᠳᠠ᠎ᠳᠤ ᠤᠷᠤᠪᠠ
 
             蒙ICP备05000248号