ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠠᠶᠠᠨᠨᠠᠭᠤᠷ ᠬᠣᠲᠠ ᠵᠢᠨ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠬᠠᠮᠢᠶᠠᠷᠤᠨ ᠬᠠᠮᠠᠭ᠋ᠠᠯᠠᠬᠤ ᠬᠡᠷᠡᠭᠯᠡᠭᠡᠨ᠎ᠤ ᠪᠠᠶ᠋ᠢᠰᠢᠩ᠎ᠤᠨ ᠪᠦᠲᠦᠭᠡᠨ ᠪᠠᠢ᠌ᠭᠤᠯᠤᠯᠳᠠ ᠤᠷᠤᠭᠰᠢᠲᠠᠶ ᠶᠠᠪᠤᠭᠳᠠᠪᠠ
ᠨᠡᠶ᠋ᠢᠲᠡᠯᠡᠭᠰᠡᠨ ᠴᠠᠭ᠄ 2018-10-18

            ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                                      ᠰᠦᠯᠵᠢᠶ᠎ᠡ ᠵᠢᠨ 9 ᠰᠠᠷ᠎ᠠ ᠵᠢᠨ 5᠎ᠤ ᠡᠳᠦᠷ᠎ᠤᠨ ᠮᠡᠳᠡᠭᠡ
   

      ᠪᠠᠶᠠᠨᠨᠠᠭᠤᠷ ᠬᠤᠳᠠ᠎ᠠᠴᠠ ᠤᠯᠤᠰ᠎ᠤᠨ ᠣᠶ ᠰᠢᠭᠤᠶ ᠵᠢᠨ ᠲᠣᠪᠴᠢᠶ᠎ᠠ ᠵᠢᠨ 《ᠤᠯᠤᠰ᠎ᠤᠨ ᠦᠮᠴᠢᠯᠡᠯᠳᠤ ᠰᠢᠭᠤᠶ᠋ᠢᠲᠤ ᠣᠷᠣᠨ (ᠤᠢ ᠰᠢᠭᠤᠢ ᠵᠢᠨ ᠲᠠᠯᠠᠪᠠᠢ)᠎ᠤ ᠬᠠᠮᠢᠶᠠᠷᠤᠨ   ᠬᠠᠮᠠᠭ᠋ᠠᠯᠠᠬᠤ ᠬᠡᠷᠡᠭᠯᠡᠭᠡᠨ᠎ᠤ ᠪᠠᠶ᠋ᠢᠰᠢᠩ᠎ᠢ ᠪᠦᠲᠦᠭᠡᠨ ᠪᠠᠶ᠋ᠢᠭᠤᠯᠬᠤ ᠲᠤᠷᠰᠢᠯᠲᠠ ᠵᠢᠨ ᠴᠡᠭ᠎ᠢ ᠦᠨᠳᠦᠰᠦᠨ᠎ᠳᠡᠭᠡᠨ ᠲᠣᠬᠢᠷᠠᠭᠤᠯᠬᠤ ᠪᠠᠷᠢᠮᠵᠢᠶ᠎ᠠ》 ᠪᠣᠯᠤᠨ 《ᠥᠪᠥᠷ ᠮᠣᠩᠭᠣᠯ᠎ᠤᠨ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠬᠠᠮᠢᠶᠠᠷᠤᠨ ᠬᠠᠮᠠᠭ᠋ᠠᠯᠠᠬᠤ ᠪᠠᠶ᠋ᠢᠰᠢᠩ᠎ᠢ ᠪᠦᠲᠦᠭᠡᠨ ᠪᠠᠶ᠋ᠢᠭᠤᠯᠬᠤ ᠲᠤᠷᠰᠢᠯᠲᠠ ᠵᠢᠨ ᠲᠥᠰᠦᠯ 2017-2019》᠎ᠤᠨ ᠱᠠᠭ᠋ᠠᠷᠳᠠᠯᠭ᠎ᠠ ᠶᠣᠰᠣᠭ᠋ᠠᠷ᠂ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ 《ᠪᠠᠶᠠᠨᠨᠠᠭᠤᠷ ᠬᠣᠲᠠ ᠵᠢᠨ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠬᠠᠮᠢᠶᠠᠷᠤᠨ ᠬᠠᠮᠠᠭ᠋ᠠᠯᠠᠬᠤ ᠬᠡᠷᠡᠭᠯᠡᠭᠡᠨ᠎ᠤ ᠭᠡᠷ ᠪᠠᠶ᠋ᠢᠰᠢᠩ᠎ᠢ ᠪᠦᠲᠦᠭᠡᠨ ᠪᠠᠶ᠋ᠢᠭᠤᠯᠬᠤ ᠲᠤᠷᠰᠢᠯᠲᠠ ᠵᠢᠨ ᠲᠥᠰᠦᠯ》᠎ᠢ ᠨᠠᠢ᠌ᠷᠠᠭᠤᠯᠪᠠ᠃ ᠬᠣᠶᠠᠷ ᠵᠢᠯ᠎ᠤᠨ ᠴᠢᠷᠮᠠᠶ᠋ᠢᠯᠭ᠎ᠠ᠎ᠪᠠᠷ ᠳᠠᠮᠵᠢᠨ᠂ ᠬᠠᠲᠤᠨ ᠭᠣᠣᠯ᠎ᠤᠨ ᠡᠷᠭᠢ ᠳᠠᠭ᠋ᠠᠤ ᠭᠠᠵᠠᠷ ᠪᠠ ᠠᠭᠤᠯᠠᠷᠬᠠᠭ ᠭᠠᠩ ᠬᠠᠭᠤᠷᠠᠶ ᠣᠷᠣᠨ ᠵᠡᠷᠭᠡ ᠭᠣᠣᠯᠳᠠᠯᠭ᠎ᠠ᠎ᠲᠠᠢ ᠣᠷᠣᠨ ᠪᠦᠰᠡ ᠵᠢᠨ ᠤᠯᠤᠰ᠎ᠤᠨ ᠦᠮᠴᠢᠯᠡᠯᠲᠤ ᠤᠢ ᠰᠢᠭᠤᠶ ᠵᠢᠨ ᠲᠠᠯᠠᠪᠠᠢ᠎ᠠᠴᠠ ᠨᠢᠭᠡ ᠪᠦᠯᠦᠭ ᠬᠠᠮᠢᠶᠠᠷᠤᠨ ᠬᠠᠮᠠᠭ᠋ᠠᠯᠠᠬᠤ ᠬᠡᠷᠡᠭᠯᠡᠭᠡᠨ᠎ᠤ ᠪᠠᠢ᠌ᠰᠢᠩ᠎ᠢ ᠪᠡᠬᠢᠯᠡᠨ ᠵᠠᠰᠠᠭᠰᠠᠨ ᠪᠠ ᠴᠢᠳᠠᠮᠵᠢ ᠵᠢ᠎ᠨᠢ ᠪᠦᠷᠢᠨ ᠲᠡᠭᠦᠯᠳᠡᠷᠵᠢᠬᠦᠯᠵᠦ᠂ ᠮᠠᠨ᠎ᠤ ᠬᠣᠲᠠ ᠵᠢᠨ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢ ᠪᠠᠶ᠋ᠢᠷᠢᠰᠢᠭᠤᠯᠤᠯ᠎ᠨᠢ ᠵᠦᠢ ᠵᠣᠬᠢᠰᠲᠠᠶ᠂ ᠴᠢᠳᠠᠪᠬᠢ᠎ᠪᠠᠷ ᠪᠦᠷᠢᠨ ᠲᠦᠬᠦᠷ᠂ ᠣᠷᠣᠰᠢᠨ ᠰᠠᠭᠤᠬᠤ᠎ᠳᠤ ᠲᠣᠬᠢᠷᠠᠮᠵᠢᠲᠠᠶ ᠠᠮᠤᠷ ᠲᠦᠪᠰᠢᠨ ᠪᠦᠬᠦᠢ ᠤᠢ ᠰᠢᠭᠤᠶ ᠵᠢ ᠬᠠᠮᠢᠶᠠᠷᠤᠨ ᠬᠠᠮᠠᠭ᠋ᠠᠯᠠᠬᠤ ᠲᠣᠣᠷ ᠰᠦᠯᠵᠢᠶ᠎ᠡ ᠵᠢ ᠠᠩᠬ᠎ᠠ ᠠᠯᠬᠤᠮ ᠪᠠᠶ᠋ᠢᠭᠤᠯᠵᠤ᠂ ᠤᠢ ᠰᠢᠭᠤᠢ ᠵᠢ ᠬᠠᠮᠢᠶᠠᠷᠤᠨ ᠬᠠᠮᠠᠭ᠋ᠠᠯᠠᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠢ ᠰᠢᠭᠤᠶ ᠵᠢᠨ ᠡᠬᠢ ᠪᠠᠶᠠᠯᠢᠭ᠎ᠢ ᠪᠦᠲᠦᠮᠵᠢᠲᠡᠶ᠎ᠪᠠᠷ ᠬᠠᠮᠠᠭ᠋ᠠᠯᠠᠵᠠᠶ᠃ ᠮᠠᠨ᠎ᠤ ᠬᠤᠳᠠ ᠵᠢᠨ ᠤᠯᠤᠰ᠎ᠤᠨ ᠦᠮᠴᠢᠯᠡᠯᠳᠤ ᠤᠢ ᠰᠢᠭᠤᠶ ᠵᠢᠨ ᠲᠠᠯᠠᠪᠠᠢ ᠵᠢᠨ ᠨᠤᠷᠠᠬᠤ ᠠᠶᠤᠯᠲᠠᠶ ᠬᠠᠭᠤᠴᠢᠨ ᠬᠠᠮᠢᠶᠠᠷᠤᠨ ᠬᠠᠮᠠᠭ᠋ᠠᠯᠠᠬᠤ ᠬᠡᠷᠡᠭᠯᠡᠭᠡᠨ᠎ᠤ ᠪᠠᠶ᠋ᠢᠰᠢᠩ᠎ᠢ ᠪᠦᠲᠦᠭᠡᠨ ᠪᠠᠶ᠋ᠢᠭᠤᠯᠬᠤ ᠲᠤᠷᠰᠢᠯᠲᠠ ᠵᠢᠨ ᠴᠢᠭ᠎ᠤᠨ ᠲᠦᠷᠦᠯ ᠵᠦᠢ᠍ᠯ᠂ 2017 ᠣᠨ᠎ᠳᠤ᠂ ᠤᠯᠤᠰ᠎ᠤᠨ ᠦᠮᠴᠢᠯᠡᠯᠳᠤ ᠤᠢ ᠰᠢᠭᠤᠶ ᠵᠢᠨ ᠲᠠᠯᠠᠪᠠᠢ ᠵᠢᠨ ᠬᠠᠮᠢᠶᠠᠷᠤᠨ ᠬᠠᠮᠠᠭ᠋ᠠᠯᠠᠬᠤ ᠬᠡᠷᠡᠭᠯᠡᠭᠡᠨ᠎ᠤ ᠪᠠᠶ᠋ᠢᠰᠢᠩ᠎ᠢ ᠪᠦᠲᠦᠭᠡᠨ ᠪᠠᠶ᠋ᠢᠭᠤᠯᠬᠤ ᠲᠥᠷᠥᠯ ᠵᠦᠢ᠍ᠯ᠎ᠳᠤ 7 ᠬᠤᠪᠢ ᠪᠠᠶ᠋ᠢᠵᠤ᠂ ᠡᠭᠦᠨ᠎ᠳᠤ᠄ 5 ᠬᠤᠪᠢ ᠪᠡᠬᠢᠵᠢᠭᠦᠯᠵᠦ ᠥᠭᠡᠷᠡᠴᠢᠯᠡᠬᠦ ᠲᠥᠷᠥᠯ ᠵᠦᠢᠯ ᠪᠠᠶ᠋ᠢᠵᠤ᠂ 2 ᠬᠤᠪᠢ ᠦᠢ᠍ᠯᠡᠳᠦᠯ ᠴᠢᠳᠠᠮᠵᠢ ᠵᠢ᠎ᠨᠢ ᠲᠡᠭᠦᠯᠳᠡᠷᠵᠢᠬᠦᠯᠬᠦ ᠲᠥᠷᠥᠯ ᠵᠦᠢ᠍ᠯ ᠪᠣᠶ᠃ ᠤᠳᠤᠬᠠᠨ᠎ᠳᠤ᠂  2 ᠬᠤᠪᠢ ᠪᠡᠬᠢᠵᠢᠭᠦᠯᠵᠦ ᠥᠭᠡᠷᠡᠴᠢᠯᠡᠬᠦ ᠲᠦᠷᠦᠯ ᠵᠦᠢ᠍ᠯ᠎ᠢ ᠨᠢᠭᠡᠨᠳᠠ ᠪᠡᠶᠡᠯᠡᠬᠦᠯᠵᠦ᠂ ᠪᠤᠰᠤᠳ 5 ᠬᠤᠪᠢ ᠲᠥᠷᠥᠯ ᠵᠦᠢᠯ᠎ᠢ 9 ᠰᠠᠷ᠎ᠠ ᠵᠢᠨ ᠰᠡᠬᠦᠯᠴᠢ᠎ᠠᠴᠠ ᠡᠮᠦᠨ᠎ᠡ ᠪᠦᠬᠦᠨ᠎ᠢ ᠳᠠᠭᠤᠰᠬᠠᠨ᠎ᠠ;      

     2018 ᠣᠨ᠎ᠳᠤ 3 ᠬᠤᠪᠢ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠬᠠᠮᠢᠶᠠᠷᠤᠨ ᠬᠠᠮᠠᠭ᠋ᠠᠯᠠᠬᠤ ᠬᠡᠷᠡᠭᠯᠡᠭᠡᠨ᠎ᠤ ᠪᠠᠶ᠋ᠢᠰᠢᠩ᠎ᠢ ᠪᠦᠲᠦᠭᠡᠨ ᠪᠠᠶ᠋ᠢᠭᠤᠯᠬᠤ ᠲᠤᠷᠰᠢᠯᠲᠠ ᠵᠢᠨ ᠴᠢᠭ᠎ᠤᠨ ᠲᠥᠷᠥᠯ ᠵᠦᠢᠯ ᠪᠠᠢ᠌ᠵᠦ᠂ 1 ᠬᠤᠪᠢ ᠵᠢᠨ ᠲᠦᠷᠦᠯ ᠵᠦᠢ᠍ᠯ᠎ᠤᠨ ᠠᠵᠢᠯ᠎ᠢ ᠨᠢᠭᠡᠨᠳᠡ ᠡᠬᠢᠯᠡᠬᠦᠯᠵᠦ᠂ ᠨᠦᠬᠦᠬᠡ 2 ᠬᠤᠪᠢ᠎ᠨᠢ ᠵᠠᠰᠠᠭ᠎ᠤᠨ ᠣᠷᠳᠣᠨ᠎ᠤ ᠬᠤᠳᠠᠯᠳᠤᠭ᠋ᠠᠨ᠎ᠤ ᠭᠠᠷ ᠭᠦᠢ᠍ᠴᠡᠳᠬᠡᠯ᠎ᠢ ᠬᠢᠵᠦ ᠪᠤᠢ᠂ 9 ᠰᠠᠷ᠎ᠠ ᠵᠢᠨ ᠰᠡᠬᠦᠯᠴᠢ᠎ᠠᠴᠠ ᠡᠮᠦᠨ᠎ᠡ ᠪᠦᠬᠦ ᠲᠠᠯ᠎ᠠ᠎ᠪᠠᠷ ᠪᠠᠶ᠋ᠢᠭᠤᠯᠵᠤ ᠳᠠᠭᠤᠰᠬᠠᠬᠤ᠎ᠪᠠᠷ ᠲᠥᠯᠥᠪᠯᠡᠵᠦ ᠪᠠᠶ᠋ᠢᠨ᠎ᠠ᠃ 2017 ᠤᠨ -2018 ᠤᠨ᠎ᠤ ᠲᠦᠷᠦᠯ ᠵᠦᠢ᠍ᠯ᠎ᠤᠨ ᠶᠡᠷᠦᠩᠬᠡᠢ ᠪᠡᠯᠡ ᠣᠷᠣᠭᠤᠯᠤᠯᠲᠠ᠎ᠨᠢ 353.34 ᠲᠦᠮᠡᠨ ᠲᠥᠭᠥᠷᠢᠭ᠂ ᠡᠭᠦᠨ᠎ᠳᠤ᠄ ᠲᠥᠪ᠎ᠤᠨ ᠲᠥᠰᠦᠪ᠎ᠲᠠᠬᠢ ᠪᠡᠯᠡ ᠣᠷᠣᠭᠤᠯᠤᠯᠲᠠ᠎ᠨᠢ 220 ᠲᠦᠮᠡᠨ ᠲᠥᠭᠥᠷᠢᠭ ᠪᠠᠢ᠌ᠵᠦ᠂ ᠤᠢ ᠰᠢᠭᠤᠶ ᠵᠢᠨ ᠲᠡᠯᠡᠪᠡᠢ ᠵᠢᠨ ᠦᠪᠡᠷ᠎ᠤᠨ ᠴᠤᠭᠯᠠᠭᠤᠯᠤᠭᠰᠠᠨ ᠪᠡᠯᠡ ᠮᠥᠩᠭᠥ 133.34 ᠲᠥᠭᠥᠷᠢᠭ ᠪᠣᠯᠤᠨ᠎ᠠ᠃ (ᠨᠢᠩ ᠬᠦᠢ)

ᠢᠷᠡᠯᠲᠡ᠄ ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠲᠠᠷᠢᠶᠠᠯᠠᠩ ᠬᠥᠳᠡᠭᠡ ᠲᠤᠰᠬᠤᠨ᠎ᠤ ᠶᠠᠮᠤᠨ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠭᠰᠡᠨ ᠠᠷᠪᠠᠨ ᠶᠡᠭᠡ ᠲᠤᠬᠳᠠᠴᠠ ᠵᠢᠨ ᠰᠢᠨ᠎ᠠ ᠡᠬᠦᠳᠤᠯᠳᠡ ᠵᠢᠨ ᠨᠡᠢ᠌ᠳᠡᠯᠢᠭ ᠵᠢᠱ᠌ᠢᠶ᠎ᠡ ᠵᠢ ᠨᠡᠢ᠌ᠳᠡᠯᠡᠪᠡ
ᠤᠷᠤᠨ ᠰᠠᠭᠤᠴᠠ ᠪᠠ ᠬᠤᠳᠠ ᠬᠥᠳᠡᠭᠡ ᠵᠢᠨ ᠪᠦᠳᠤᠭᠡᠨ ᠪᠠᠢ᠌ᠭᠤᠯᠤᠯᠳᠡ ᠵᠢᠨ ᠶᠠᠮᠤᠨ᠄ 8 ᠮᠤᠵᠢ᠎ᠳᠤ ᠵᠠᠰᠠᠭ᠎ᠤᠨ ᠤᠷᠳᠤᠨ᠎ᠠᠴᠠ ᠤᠯᠠᠨ ᠨᠡᠢ᠌ᠳᠡ ᠵᠢᠨ ᠲᠦᠷᠢᠶᠡᠰᠤᠨ ᠤᠷᠤᠨ ᠰᠠᠭᠤᠴᠠ ᠬᠤᠳᠠᠯᠳᠤᠨ ᠠᠪᠴᠤ ᠡᠵᠡᠩᠨᠡᠨ ᠬᠠᠮᠢᠶᠠᠷᠬᠤ ᠪᠠ ᠦᠢ᠍ᠯᠡᠴᠢᠯᠡᠬᠥ ᠲᠤᠷᠰᠢᠯᠳᠠ ᠵᠢᠨ ᠠᠵᠢᠯ ᠦᠷᠨᠢᠬᠥᠯᠬᠥ᠎ᠪᠠᠷ ᠲᠤᠬᠳᠠᠪᠠ
ᠰᠢᠯᠤᠭᠤᠨ ᠬᠥᠬᠡ ᠬᠤᠰᠢᠭᠤᠨ᠎ᠤ ᠠᠮᠢ ᠠᠬᠤᠢ ᠵᠢᠨ ᠪᠦᠳᠦᠭᠡᠨ ᠪᠠᠶ᠋ᠢᠭᠤᠯᠤᠯᠳᠠ ᠢᠯᠡᠷᠭᠡᠢ ᠠᠮᠵᠢᠯᠳᠠ ᠤᠯᠵᠦ ᠪᠠᠶ᠋ᠢᠨ᠎ᠠ
ᠬᠦᠳᠡᠭᠡ ᠲᠤᠰᠬᠤᠨ᠎ᠤ ᠵᠢᠭᠤᠯᠴᠢᠯᠠᠯ᠎ᠤᠨ ᠶᠠᠰᠤ ᠴᠢᠨᠠᠷ᠎ᠢ ᠲᠡᠭᠡᠭᠰᠢᠯᠡᠬᠦᠯᠬᠦ ᠲᠤᠬᠠᠢ ᠠᠷᠪᠠᠨ ᠭᠤᠷᠪᠠᠨ ᠰᠠᠯᠠᠭ᠎ᠠ ᠮᠦᠴᠢᠷ ᠠᠵᠢᠯᠯᠠᠭ᠋ᠠᠨ᠎ᠤ ᠲᠦᠰᠤᠯ ᠨᠡᠢ᠌ᠳᠡᠯᠡᠪᠡ
ᠲᠦᠷᠦ ᠵᠢᠨ ᠶᠠᠪᠤᠳᠠᠯ᠎ᠤᠨ ᠬᠤᠷᠢᠶ᠎ᠠ ᠯᠢᠶᠤᠤᠨᠢᠩ᠎ᠳᠤ ᠱᠧᠨᠶᠠᠩ ᠹᠦᠱ᠌ᠦ᠋ᠨ᠎ᠤ ᠦᠭᠡᠷᠡᠴᠢᠯᠡᠯᠲᠡ ᠬᠢᠵᠤ ᠰᠢᠨ᠎ᠡ ᠵᠢ ᠡᠬᠦᠳᠬᠦ ᠵᠢᠱ᠌ᠢᠶ᠎ᠡ ᠦᠵᠡᠬᠦᠯᠬᠦ ᠤᠷᠤᠨ᠎ᠢ ᠪᠠᠢ᠌ᠭᠤᠯᠬᠤ ᠲᠤᠬᠠᠢ ᠴᠤᠬᠤᠯᠠᠪᠤᠷᠢ ᠭᠠᠷᠭ᠋ᠠᠪᠠ
 
             蒙ICP备05000248号