ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠲᠠᠷᠢᠶᠠᠯᠠᠩ ᠬᠥᠳᠡᠭᠡ ᠲᠤᠰᠬᠤᠨ᠎ᠤ ᠶᠠᠮᠤᠨ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠭᠰᠡᠨ ᠠᠷᠪᠠᠨ ᠶᠡᠭᠡ ᠲᠤᠬᠳᠠᠴᠠ ᠵᠢᠨ ᠰᠢᠨ᠎ᠠ ᠡᠬᠦᠳᠤᠯᠳᠡ ᠵᠢᠨ ᠨᠡᠢ᠌ᠳᠡᠯᠢᠭ ᠵᠢᠱ᠌ᠢᠶ᠎ᠡ ᠵᠢ ᠨᠡᠢ᠌ᠳᠡᠯᠡᠪᠡ
ᠨᠡᠶ᠋ᠢᠲᠡᠯᠡᠭᠰᠡᠨ ᠴᠠᠭ᠄ 2018-10-18

      ᠠᠷᠠᠳ᠎ᠤᠨ ᠡᠳᠤᠷ᠎ᠤᠨ ᠰᠤᠨᠢᠨ᠎ᠤ ᠪᠡᠭᠡᠵᠢᠩ᠎ᠤᠨ 10 ᠰᠠᠷ᠎ᠠ ᠵᠢᠨ 17᠎ᠤ ᠡᠳᠤᠷ᠎ᠤᠨ ᠮᠡᠳᠡᠭᠡ (ᠰᠤᠷᠪᠤᠯᠵᠢᠯᠠᠭᠴᠢ ᠴᠠᠩ ᠴᠢᠨ)
     17᠎ᠤ ᠡᠳᠤᠷ᠂ ᠰᠤᠷᠪᠤᠯᠵᠢᠯᠠᠭᠴᠢ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠶᠠᠷᠢᠯᠴᠠᠭ᠋ᠠᠨ᠎ᠤ ᠲᠡᠪᠴᠡᠩ᠎ᠠᠴᠠ ᠦᠢ᠍ᠯᠠᠭ᠋ᠠᠭᠰᠠᠨ᠎ᠨᠢ᠄ ᠡᠨᠡ ᠵᠢᠯ᠎ᠤᠨ ᠲᠦᠷᠤᠬᠦᠤ ᠬᠠᠭ᠋ᠠᠰ ᠵᠢᠯ᠎ᠳᠤ᠂ ᠲᠠᠷᠢᠶᠠᠯᠠᠩ ᠬᠥᠳᠡᠭᠡ ᠲᠤᠰᠬᠤᠨ᠎ᠤ ᠶᠠᠮᠤᠨ ᠡᠯ᠎ᠠ ᠭᠠᠵᠠᠷ᠎ᠲᠤ ᠢᠯᠡᠷᠡᠨ ᠭᠠᠷᠤᠭᠰᠠᠨ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠭᠰᠡᠨ ᠰᠢᠨ᠎ᠠ ᠵᠢ ᠡᠬᠦᠳᠦᠭᠰᠡᠨ ᠨᠡᠢ᠌ᠳᠡᠯᠢᠭ ᠵᠢᠱ᠌ᠢᠶ᠎ᠡ ᠵᠢ ᠴᠤᠭᠯᠠᠭᠤᠯᠤᠨ ᠡᠮᠬᠢᠯᠡᠵᠤ᠂ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠭᠰᠡᠨ ᠠᠷᠪᠠᠨ ᠶᠡᠭᠡ ᠲᠤᠬᠳᠠᠴᠠ ᠵᠢᠨ ᠰᠢᠨ᠎ᠠ ᠡᠬᠦᠳᠤᠯᠳᠡ ᠵᠢᠨ ᠨᠡᠢ᠌ᠳᠡᠯᠢᠭ ᠵᠢᠱ᠌ᠢᠶ᠎ᠡ ᠵᠢ ᠨᠡᠢ᠌ᠳᠡᠯᠡᠪᠡ᠃ ᠲᠠᠷᠢᠶᠠᠯᠠᠩ ᠬᠥᠳᠡᠭᠡ ᠲᠤᠰᠬᠤᠨ᠎ᠤ ᠶᠠᠮᠤᠨ᠎ᠤ ᠲᠡᠳ᠋ ᠰᠠᠢ᠌ᠳ ᠢᠤᠢ ᠰᠢᠨ ᠷᠦᠩ ᠵᠢᠭ᠋ᠠᠵᠤ ᠭᠠᠷᠭ᠋ᠠᠬᠤ᠎ᠳᠠᠭᠠᠨ᠂ ᠰᠢᠨ᠎ᠠ ᠱᠠᠳᠤᠨ᠎ᠳᠠᠬᠢ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠵᠢ ᠠᠬᠢᠭᠤᠯᠬᠤ᠎ᠳᠤ ᠠᠷᠭ᠎ᠠ ᠬᠡᠮᠵᠢᠶ᠎ᠠ ᠵᠢ ᠶᠡᠷᠤᠩᠭᠡᠢ᠌ᠯᠡᠨ ᠬᠡᠷᠡᠭᠯᠡᠬᠦ ᠪᠠ ᠲᠤᠬᠳᠠᠴᠠ ᠵᠢᠨ ᠰᠢᠨ᠎ᠠ ᠡᠬᠦᠳᠤᠯᠳᠡ ᠵᠢ ᠨᠡᠩ ᠢᠯᠡᠬᠦᠤ ᠴᠢᠬᠤᠯᠠᠴᠢᠯᠠᠬᠤ᠎ᠪᠠᠷ ᠪᠠᠷᠠᠬᠤ ᠦᠭᠡᠢ᠂ ᠨᠡᠩ ᠴᠦ᠍ ᠠᠵᠤ ᠦᠢ᠍ᠯᠡᠰ᠎ᠤᠨ ᠬᠥᠭᠵᠢᠯᠳᠡ ᠵᠢᠨ ᠲᠦᠪᠰᠢᠨ᠎ᠢ ᠲᠡᠭᠡᠭᠰᠢᠯᠡᠬᠦᠯᠬᠦ᠂ ᠶᠠᠳᠠᠭᠤ ᠵᠢ ᠲᠡᠳᠬᠦᠬᠦ ᠶᠠᠰᠤ ᠴᠢᠨᠠᠷ᠎ᠢ ᠴᠢᠩᠭ᠋ᠠᠷᠠᠭᠤᠯᠬᠤ ᠲᠡᠭᠡᠷ᠎ᠡ ᠬᠥᠴᠤ ᠤᠷᠤᠭᠤᠯᠵᠤ᠂ ᠶᠠᠳᠠᠭᠤ ᠬᠥᠴᠢᠷᠳᠠᠯ᠎ᠲᠠᠢ ᠤᠯᠠᠨ ᠲᠦᠮᠡᠨ᠎ᠤ ᠶᠠᠳᠠᠭᠤ᠎ᠠᠴᠠ ᠲᠤᠬᠳᠠᠪᠤᠷᠢᠳᠠᠢ ᠠᠩᠬᠢᠵᠢᠷᠠᠬᠤ᠎ᠳᠤ ᠪᠠᠳᠤ ᠪᠠᠬᠢ ᠰᠠᠭᠤᠷᠢ ᠵᠢ ᠲᠠᠯᠪᠢᠵᠤ ᠦᠭᠬᠦ ᠬᠡᠷᠡᠭᠳᠠᠢ ᠭᠡᠵᠠᠢ᠃ ᠠᠷᠪᠠᠨ ᠶᠡᠭᠡ ᠲᠤᠬᠳᠠᠴᠠ ᠵᠢᠨ ᠰᠢᠨ᠎ᠠ ᠡᠬᠦᠳᠤᠯᠳᠡ ᠵᠢᠨ ᠨᠡᠢ᠌ᠳᠡᠯᠢᠭ ᠵᠢᠱ᠌ᠢᠶ᠎ᠡ᠎ᠳᠤ ᠲᠤᠤᠷᠠᠬᠢ ᠵᠦᠢ᠍ᠯᠡᠰ ᠪᠠᠭᠳᠠᠨ᠎ᠠ᠄ ᠭᠤᠸᠠᠩᠰᠢ ᠵᠢᠨ ᠨᠠᠢ᠌ᠷᠠᠭᠤᠯᠤᠨ ᠵᠤᠬᠢᠶᠠᠭᠰᠠᠨ ᠰᠢᠶᠠᠨ᠎ᠤ ᠱᠠᠳᠤᠨ᠎ᠤ 《5+2》᠂ ᠲᠤᠰᠬᠤᠨ᠎ᠤ ᠱᠠᠳᠤᠨ᠎ᠤ 《3+1》 ᠠᠵᠤ ᠦᠢ᠍ᠯᠡᠰ ᠵᠶ᠋ᠠᠷ ᠶᠠᠳᠠᠭᠤ ᠵᠢ ᠨᠠᠷᠢᠯᠢᠭ ᠤᠨᠤᠴᠠᠳᠠᠢ ᠲᠡᠳᠬᠦᠬᠦ ᠲᠦᠯᠤᠪᠵᠢᠬᠦᠯᠭᠡ; ᠬᠤᠪᠸᠢ ᠮᠤᠵᠢ ᠵᠢᠨ ᠰᠦᠪᠡᠭᠴᠢᠯᠡᠭᠰᠡᠨ 《ᠰᠢᠨ᠎ᠠ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠳᠡ ᠵᠢᠨ ᠪᠡᠶᠡᠴᠢ ᠴᠤᠭᠴᠠ + ᠡᠪᠭᠡᠮᠡᠯ ᠪᠠᠢ᠌ᠭᠤᠯᠵᠤ ᠲᠠᠩᠰᠠᠯᠠᠨ ᠺᠠᠷᠳ᠋ᠯᠠᠬᠰᠠᠨ ᠶᠠᠳᠠᠭᠤ ᠬᠥᠴᠢᠷᠳᠠᠯ᠎ᠲᠠᠢ ᠡᠷᠤᠭᠡ》 ᠭᠡᠬᠦ ᠢᠳᠡᠭᠡᠮᠵᠢᠳᠤ ᠵᠢᠭᠡᠯᠡᠯᠭᠡ᠎ᠪᠠᠷ ᠶᠠᠳᠠᠭᠤ ᠵᠢ ᠲᠡᠳᠬᠦᠬᠦ ᠵᠢ ᠲᠠᠢ᠌ᠴᠢᠯᠠᠬᠤ ᠬᠡᠪ ᠵᠠᠬ᠍ᠪᠤᠷ; ᠭᠠᠨᠰᠤ ᠵᠢᠨ ᠯᠦᠩ ᠨᠠᠨ᠎ᠤ ᠡᠯᠧᠺᠳ᠋ᠷᠤᠨ ᠬᠤᠳᠠᠯᠳᠤᠭ᠎ᠠ ᠵᠢᠨ ᠰᠡᠳᠬᠢᠬᠦᠢ᠎ᠪᠠᠷ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠵᠢ ᠠᠬᠢᠭᠤᠯᠤᠭᠰᠠᠨ; ᠾᠧᠨᠠᠨ ᠮᠤᠵᠢ ᠵᠢᠨ ᠰᠢᠶᠠ ᠢ ᠵᠢᠨ ᠪᠠᠢ᠌ᠭᠤᠯᠤᠭᠰᠠᠨ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠲᠠᠭ᠋ᠠᠭᠤᠯᠤᠭᠴᠢ ᠵᠢ ᠬᠥᠮᠤᠵᠢᠬᠦᠯᠬᠦ ᠬᠡᠪ ᠵᠠᠬ᠍ᠪᠤᠷ ᠵᠡᠷᠭᠡ ᠪᠤᠯᠤᠨ᠎ᠠ᠃

      ᠲᠠᠷᠠᠭ᠋ᠠᠴᠢ ᠵᠢᠨ ᠠᠯᠬᠤᠮ᠎ᠳᠤ᠂ ᠲᠠᠷᠢᠶᠠᠯᠠᠩ ᠬᠥᠳᠡᠭᠡ ᠲᠤᠰᠬᠤᠨ᠎ᠤ ᠶᠠᠮᠤᠨ ᠶᠠᠳᠠᠭᠤ ᠬᠥᠴᠢᠷᠳᠠᠯ᠎ᠲᠠᠢ ᠭᠠᠵᠠᠷ ᠤᠷᠤᠨ᠎ᠤ ᠲᠡᠷᠢᠮᠠᠯ᠎ᠤᠨ ᠦᠢ᠍ᠯᠡᠰ᠎ᠤᠨ ᠤᠨᠠᠯᠳᠠ ᠰᠠᠢ᠌ᠳᠠᠢ ᠪᠦᠳᠤᠮᠵᠢ ᠰᠠᠢ᠌ᠳᠠᠢ ᠨᠤᠭᠤᠭ᠋ᠠᠨ ᠰᠠᠭᠤᠷᠢᠨ ᠭᠠᠵᠠᠷ᠂ ᠪᠠᠷᠢᠮᠵᠢᠶᠠᠵᠢᠭᠤᠯᠤᠭᠰᠠᠨ ᠮᠠᠯ ᠵᠢᠬᠦᠷᠳᠡᠨ ᠲᠡᠵᠢᠭᠡᠨ ᠦᠷᠡᠵᠢᠬᠦᠯᠬᠦ ᠲᠠᠯᠠᠪᠠᠢ᠂ ᠤᠰᠤᠨ ᠭᠠᠷᠤᠯᠳᠠ ᠵᠢᠨ ᠡᠷᠡᠬᠦᠯ ᠵᠶ᠋ᠠᠷ ᠲᠡᠵᠢᠭᠡᠨ ᠦᠷᠡᠵᠢᠬᠦᠯᠬᠦ ᠲᠠᠯᠠᠪᠠᠢ᠂ ᠤᠢ ᠰᠢᠭᠤᠢ ᠵᠢᠨ ᠤᠨᠴᠠᠯᠢᠬᠳᠤ ᠦᠢ᠍ᠯᠡᠳᠬᠦᠨ᠎ᠤ ᠵᠢᠱ᠌ᠢᠶ᠎ᠡ ᠦᠵᠡᠬᠦᠯᠬᠦ ᠰᠠᠭᠤᠷᠢᠨ ᠭᠠᠵᠠᠷ ᠪᠤᠯᠤᠨ ᠰᠠᠢ᠌ᠨ ᠡᠬᠦᠯᠳᠡᠷ ᠦᠷᠡᠵᠢᠬᠦᠯᠤᠨ ᠪᠤᠢ᠌ᠵᠢᠭᠤᠯᠬᠤ ᠰᠠᠭᠤᠷᠢᠨ ᠭᠠᠵᠠᠷ ᠪᠠᠢ᠌ᠭᠤᠯᠬᠤ ᠵᠢ ᠲᠡᠮᠵᠢᠵᠤ᠂ ᠶᠠᠳᠠᠭᠤ ᠬᠥᠴᠢᠷᠳᠠᠯ᠎ᠲᠠᠢ ᠭᠠᠵᠠᠷ ᠤᠷᠤᠨ᠎ᠤ ᠪᠠᠷᠢᠮᠵᠢᠶᠠᠵᠢᠭᠤᠯᠤᠭᠰᠠᠨ ᠦᠢ᠍ᠯᠡᠳᠪᠤᠷᠢᠯᠠᠯ᠎ᠤᠨ ᠲᠦᠪᠰᠢᠨ᠎ᠢ ᠲᠡᠭᠡᠭᠰᠢᠯᠡᠬᠦᠯᠤᠨ᠎ᠠ᠃ ᠡᠬᠦᠨ᠎ᠤ ᠵᠡᠷᠭᠡ᠎ᠳᠤ ᠦᠢ᠍ᠯᠡᠳᠪᠤᠷᠢᠯᠡᠯ ᠪᠠ ᠪᠤᠷᠤᠯᠠᠭᠤᠯᠭ᠎ᠠ ᠵᠢᠨ ᠵᠤᠯᠭ᠋ᠠᠯᠳᠤᠯ᠎ᠢ ᠴᠢᠩᠭ᠋ᠠᠳᠬᠠᠬᠤ ᠵᠢ ᠴᠢᠬᠤᠯᠠᠴᠢᠯᠠᠵᠤ᠂ ᠦᠢ᠍ᠯᠡᠳᠪᠤᠷᠢᠯᠡᠯ ᠪᠠ ᠪᠤᠷᠤᠯᠠᠭᠤᠯᠭ᠎ᠠ ᠲᠠᠰᠤᠯᠳᠠᠵᠤ ᠪᠠᠢ᠌ᠬᠤ ᠪᠠ ᠬᠤᠳᠠᠯᠳᠤᠬᠤ᠎ᠳᠤ ᠬᠥᠴᠢᠷᠳᠠᠢ ᠪᠠᠢ᠌ᠬᠤ ᠠᠰᠠᠭᠤᠳᠠᠯ᠎ᠢ ᠬᠥᠴᠤᠯᠡᠨ ᠰᠢᠢ᠍ᠳᠪᠤᠷᠢᠯᠡᠨ᠎ᠠ᠃ ᠶᠠᠳᠠᠭᠤ ᠬᠥᠴᠢᠷᠳᠠᠯ᠎ᠲᠠᠢ ᠭᠠᠵᠠᠷ ᠤᠷᠤᠨ᠎ᠤ ᠲᠠᠷᠢᠶᠠᠨ ᠦᠵᠤᠬᠦᠷ᠎ᠤᠨ ᠵᠠᠬ᠎ᠠ ᠲᠡᠯᠭᠡᠬᠦᠷ ᠪᠠ ᠲᠠᠷᠢᠶᠠᠯᠠᠩ᠎ᠤᠨ ᠪᠦᠳᠤᠭᠡᠭᠳᠡᠬᠦᠨ᠎ᠢ ᠪᠦᠭᠡᠮ ᠵᠶ᠋ᠠᠷ ᠬᠤᠳᠠᠯᠳᠤᠬᠤ ᠵᠠᠬ᠎ᠠ ᠲᠡᠯᠭᠡᠬᠦᠷ᠎ᠢ ᠲᠦᠷᠭᠡᠳᠭᠡᠨ ᠪᠠᠢ᠌ᠭᠤᠯᠬᠤ ᠵᠢ ᠲᠡᠮᠵᠢᠵᠤ᠂ ᠬᠥᠢ᠍ᠳᠡᠨ ᠬᠡᠯᠬᠢᠶᠡᠳᠤ ᠡᠳ᠋ ᠪᠠᠷᠠᠭ᠋ᠠᠨ᠎ᠤ ᠬᠥᠢ᠍ᠯᠭᠡᠭᠡᠨ᠎ᠤ ᠲᠤᠬᠢᠷᠠᠭᠤᠯᠤᠨ ᠬᠥᠷᠭᠡᠬᠦ ᠰᠢᠰᠲ᠋ᠧᠮ᠎ᠤᠨ ᠪᠠᠢ᠌ᠭᠤᠯᠤᠯᠳᠡ ᠵᠢ ᠴᠢᠩᠭ᠋ᠠᠳᠬᠠᠨ᠂ ᠶᠠᠳᠠᠭᠤ ᠬᠥᠴᠢᠷᠳᠠᠯ᠎ᠲᠠᠢ ᠭᠠᠵᠠᠷ ᠤᠷᠤᠨ᠎ᠤ ᠤᠨᠴᠠᠯᠢᠬᠳᠤ ᠲᠠᠷᠢᠶᠠᠯᠠᠩ᠎ᠤᠨ ᠪᠦᠳᠤᠭᠡᠭᠳᠡᠬᠦᠨ᠎ᠤ ᠦᠢ᠍ᠯᠡᠳᠪᠤᠷᠢᠯᠡᠯ ᠪᠠ ᠪᠤᠷᠤᠯᠠᠭᠤᠯᠭ᠎ᠠ ᠵᠢ ᠵᠤᠯᠭ᠋ᠠᠯᠳᠤᠭᠤᠯᠬᠤ ᠠᠵᠢᠯᠯᠠᠭ᠎ᠠ ᠵᠢ ᠦᠷᠨᠢᠬᠦᠯᠵᠤ᠂ ᠶᠠᠳᠠᠭᠤ ᠬᠥᠴᠢᠷᠳᠠᠯ᠎ᠲᠠᠢ ᠭᠠᠵᠠᠷ ᠤᠷᠤᠨ᠎ᠤ ᠨᠠᠷᠠᠳᠠᠢ ᠤᠨᠴᠠᠯᠢᠭ᠎ᠲᠠᠢ ᠰᠢᠯᠢᠳᠡᠭ ᠲᠠᠷᠢᠶᠠᠯᠠᠩ᠎ᠤᠨ ᠪᠦᠳᠤᠭᠡᠭᠳᠡᠬᠦᠨ᠎ᠤ ᠨᠡᠷᠡᠳᠤ ᠲᠡᠮᠳᠡᠭᠳᠤ ᠵᠢᠨ ᠭᠠᠷᠴᠠᠭ᠎ᠢ ᠪᠠᠢ᠌ᠭᠤᠯᠤᠨ᠎ᠠ᠃
      ᠠᠷᠠᠳ᠎ᠤᠨ ᠰᠦᠯᠵᠢᠶ᠎ᠡ᠎ᠠᠴᠠ ᠬᠠᠭᠤᠯᠪᠤᠷᠢᠯᠠᠪᠠ᠃

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠷᠤᠨ ᠰᠠᠭᠤᠴᠠ ᠪᠠ ᠬᠤᠳᠠ ᠬᠥᠳᠡᠭᠡ ᠵᠢᠨ ᠪᠦᠳᠤᠭᠡᠨ ᠪᠠᠢ᠌ᠭᠤᠯᠤᠯᠳᠡ ᠵᠢᠨ ᠶᠠᠮᠤᠨ᠄ 8 ᠮᠤᠵᠢ᠎ᠳᠤ ᠵᠠᠰᠠᠭ᠎ᠤᠨ ᠤᠷᠳᠤᠨ᠎ᠠᠴᠠ ᠤᠯᠠᠨ ᠨᠡᠢ᠌ᠳᠡ ᠵᠢᠨ ᠲᠦᠷᠢᠶᠡᠰᠤᠨ ᠤᠷᠤᠨ ᠰᠠᠭᠤᠴᠠ ᠬᠤᠳᠠᠯᠳᠤᠨ ᠠᠪᠴᠤ ᠡᠵᠡᠩᠨᠡᠨ ᠬᠠᠮᠢᠶᠠᠷᠬᠤ ᠪᠠ ᠦᠢ᠍ᠯᠡᠴᠢᠯᠡᠬᠥ ᠲᠤᠷᠰᠢᠯᠳᠠ ᠵᠢᠨ ᠠᠵᠢᠯ ᠦᠷᠨᠢᠬᠥᠯᠬᠥ᠎ᠪᠠᠷ ᠲᠤᠬᠳᠠᠪᠠ
ᠰᠢᠯᠤᠭᠤᠨ ᠬᠥᠬᠡ ᠬᠤᠰᠢᠭᠤᠨ᠎ᠤ ᠠᠮᠢ ᠠᠬᠤᠢ ᠵᠢᠨ ᠪᠦᠳᠦᠭᠡᠨ ᠪᠠᠶ᠋ᠢᠭᠤᠯᠤᠯᠳᠠ ᠢᠯᠡᠷᠭᠡᠢ ᠠᠮᠵᠢᠯᠳᠠ ᠤᠯᠵᠦ ᠪᠠᠶ᠋ᠢᠨ᠎ᠠ
ᠬᠦᠳᠡᠭᠡ ᠲᠤᠰᠬᠤᠨ᠎ᠤ ᠵᠢᠭᠤᠯᠴᠢᠯᠠᠯ᠎ᠤᠨ ᠶᠠᠰᠤ ᠴᠢᠨᠠᠷ᠎ᠢ ᠲᠡᠭᠡᠭᠰᠢᠯᠡᠬᠦᠯᠬᠦ ᠲᠤᠬᠠᠢ ᠠᠷᠪᠠᠨ ᠭᠤᠷᠪᠠᠨ ᠰᠠᠯᠠᠭ᠎ᠠ ᠮᠦᠴᠢᠷ ᠠᠵᠢᠯᠯᠠᠭ᠋ᠠᠨ᠎ᠤ ᠲᠦᠰᠤᠯ ᠨᠡᠢ᠌ᠳᠡᠯᠡᠪᠡ
ᠲᠦᠷᠦ ᠵᠢᠨ ᠶᠠᠪᠤᠳᠠᠯ᠎ᠤᠨ ᠬᠤᠷᠢᠶ᠎ᠠ ᠯᠢᠶᠤᠤᠨᠢᠩ᠎ᠳᠤ ᠱᠧᠨᠶᠠᠩ ᠹᠦᠱ᠌ᠦ᠋ᠨ᠎ᠤ ᠦᠭᠡᠷᠡᠴᠢᠯᠡᠯᠲᠡ ᠬᠢᠵᠤ ᠰᠢᠨ᠎ᠡ ᠵᠢ ᠡᠬᠦᠳᠬᠦ ᠵᠢᠱ᠌ᠢᠶ᠎ᠡ ᠦᠵᠡᠬᠦᠯᠬᠦ ᠤᠷᠤᠨ᠎ᠢ ᠪᠠᠢ᠌ᠭᠤᠯᠬᠤ ᠲᠤᠬᠠᠢ ᠴᠤᠬᠤᠯᠠᠪᠤᠷᠢ ᠭᠠᠷᠭ᠋ᠠᠪᠠ
ᠲᠦᠪ᠎ᠤᠨ ᠤᠷᠴᠢᠨ ᠠᠬᠤᠢ ᠵᠢᠨ ᠬᠠᠮᠠᠭ᠋ᠠᠯᠠᠯᠳᠠ ᠵᠢᠨ ᠰᠢᠪᠠᠳᠠᠨ ᠪᠠᠢ᠌ᠴᠠᠭ᠋ᠠᠯᠳᠠ ᠵᠢᠨ ᠡᠷᠬᠢᠵᠤ ᠪᠠᠢ᠌ᠴᠠᠭ᠋ᠠᠭᠰᠠᠨ᠎ᠤ ᠬᠠᠷᠢᠭᠤ ᠲᠤᠰᠬᠠᠯ᠄ ᠦᠪᠤᠷ ᠮᠤᠩᠭᠤᠯ ᠬᠥᠭᠵᠢᠬᠦᠯᠬᠦ ᠪᠠ ᠬᠠᠮᠠᠭ᠋ᠠᠯᠠᠬᠤ ᠵᠢᠨ ᠬᠠᠷᠢᠴᠠᠭ᠎ᠠ ᠵᠢ ᠰᠢᠢ᠍ᠳᠪᠤᠷᠢᠯᠡᠬᠦ᠎ᠳᠡᠭᠡᠨ ᠡᠷᠡᠰ ᠴᠢᠩᠭ᠎ᠠ ᠤᠪᠤᠷ ᠵᠶ᠋ᠠᠷ ᠬᠠᠨᠳᠤᠵᠤ ᠪᠠᠢ᠌ᠬᠤ ᠦᠭᠡᠢ
 
             蒙ICP备05000248号