ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠷᠤᠨ ᠰᠠᠭᠤᠴᠠ ᠪᠠ ᠬᠤᠳᠠ ᠬᠥᠳᠡᠭᠡ ᠵᠢᠨ ᠪᠦᠳᠤᠭᠡᠨ ᠪᠠᠢ᠌ᠭᠤᠯᠤᠯᠳᠡ ᠵᠢᠨ ᠶᠠᠮᠤᠨ᠄ 8 ᠮᠤᠵᠢ᠎ᠳᠤ ᠵᠠᠰᠠᠭ᠎ᠤᠨ ᠤᠷᠳᠤᠨ᠎ᠠᠴᠠ ᠤᠯᠠᠨ ᠨᠡᠢ᠌ᠳᠡ ᠵᠢᠨ ᠲᠦᠷᠢᠶᠡᠰᠤᠨ ᠤᠷᠤᠨ ᠰᠠᠭᠤᠴᠠ ᠬᠤᠳᠠᠯᠳᠤᠨ ᠠᠪᠴᠤ ᠡᠵᠡᠩᠨᠡᠨ ᠬᠠᠮᠢᠶᠠᠷᠬᠤ ᠪᠠ ᠦᠢ᠍ᠯᠡᠴᠢᠯᠡᠬᠥ ᠲᠤᠷᠰᠢᠯᠳᠠ ᠵᠢᠨ ᠠᠵᠢᠯ ᠦᠷᠨᠢᠬᠥᠯᠬᠥ᠎ᠪᠠᠷ ᠲᠤᠬᠳᠠᠪᠠ
ᠨᠡᠶ᠋ᠢᠲᠡᠯᠡᠭᠰᠡᠨ ᠴᠠᠭ᠄ 2018-10-17

      ᠠᠷᠠᠳ᠎ᠤᠨ ᠰᠦᠯᠵᠢᠶ᠎ᠡ ᠵᠢᠨ ᠪᠡᠭᠡᠵᠢᠩ᠎ᠤᠨ 10 ᠰᠠᠷ᠎ᠠ ᠵᠢᠨ 16᠎ᠤ ᠡᠳᠤᠷ᠎ᠤᠨ ᠮᠡᠳᠡᠭᠡ  (ᠰᠢᠤᠢ   ᠸᠸᠢ   ᠨᠠ)
      ᠤᠯᠠᠨ ᠨᠡᠢ᠌ᠳᠡ ᠵᠢᠨ ᠲᠦᠷᠢᠶᠡᠰᠤᠨ ᠤᠷᠤᠨ ᠰᠠᠭᠤᠴᠠ ᠵᠢᠨ ᠡᠵᠡᠩᠨᠡᠯᠳᠡ ᠬᠠᠮᠢᠶᠠᠷᠤᠯᠳᠠ ᠵᠢᠨ ᠲᠤᠬᠳᠠᠴᠠ   ᠵᠢ   ᠤᠯᠠᠮ   ᠨᠢᠭᠡ ᠠᠯᠬᠤᠮ   ᠲᠡᠬᠥᠯᠳᠡᠷᠵᠢᠬᠥᠯᠵᠤ᠂ ᠬᠠᠮᠢᠶᠠᠷᠤᠯᠳᠠ ᠪᠠ   ᠦᠢ᠍ᠯᠡᠴᠢᠯᠡᠭᠡᠨ᠎ᠤ ᠴᠢᠳᠠᠪᠤᠷᠢ ᠵᠢ ᠲᠡᠭᠡᠭᠰᠢᠯᠡᠬᠥᠯᠬᠥ   ᠵᠢᠨ   ᠲᠦᠯᠤᠭᠡ᠂ ᠲᠦᠷᠤᠬᠥᠭᠡᠨ᠂ ᠤᠷᠤᠨ ᠰᠠᠭᠤᠴᠠ ᠪᠠ ᠬᠤᠳᠠ ᠬᠥᠳᠡᠭᠡ ᠵᠢᠨ ᠪᠦᠳᠤᠭᠡᠨ ᠪᠠᠢ᠌ᠭᠤᠯᠤᠯᠳᠡ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠠᠴᠠ ᠤᠷᠤᠨ ᠨᠤᠳᠤᠭ ᠰᠠᠢ᠌ᠨ ᠲᠤᠷ᠎ᠠ ᠵᠢᠨ ᠪᠠᠢ᠌ᠬᠤ ᠵᠠᠷᠴᠢᠮ ᠵᠢᠴᠢ   ᠤᠯᠠᠨ   ᠨᠡᠢ᠌ᠳᠡ   ᠵᠢᠨ   ᠲᠦᠷᠢᠶᠡᠰᠤᠨ   ᠤᠷᠤᠨ ᠰᠠᠭᠤᠴᠠ ᠵᠢᠨ ᠬᠥᠭᠵᠢᠯᠳᠡ ᠵᠢᠨ ᠪᠠᠢ᠌ᠳᠠᠯ᠎ᠢ   ᠦᠨᠳᠤᠰᠤᠯᠡᠨ᠂ 《ᠵᠠᠰᠠᠭ  ᠎ᠤᠨ   ᠤᠷᠳᠤᠨ  ᠎ᠠᠴᠠ   ᠤᠯᠠᠨ   ᠨᠡᠢ᠌ᠳᠡ   ᠵᠢᠨ ᠲ᠋ᠦᠷᠢᠶᠡᠰᠤᠨ ᠤᠷᠤᠨ ᠰᠠᠭᠤᠴᠠ ᠬᠤᠳᠠᠯᠳᠤᠨ ᠠᠪᠴᠤ ᠡᠵᠡᠩᠨᠡᠨ ᠬᠠᠮᠢᠶᠠᠷᠬᠤ ᠪᠠ ᠦᠢ᠍ᠯᠡᠴᠢᠯᠡᠬᠥ ᠵᠢ ᠬᠡᠷᠡᠭᠵᠢᠬᠥᠯᠬᠥ ᠲᠤᠷᠰᠢᠯᠳᠠ ᠵᠢᠨ ᠲᠦᠰᠤᠯ》 (ᠪᠠᠢ᠌ᠭᠤᠯᠤᠯᠳᠡ ᠪᠠᠳᠤᠯᠠᠭ᠎ᠠ[2018]92 ᠳ᠋ᠤᠭ᠋ᠠᠷ   ᠲᠤᠭ᠋ᠠᠳᠤ) (ᠲᠤᠷᠤᠬᠰᠢ 《ᠮᠡᠳᠡᠭᠳᠡᠯ》 ᠭᠡᠵᠤ ᠲᠤᠪᠴᠢᠯᠠᠨ᠎ᠠ)᠎ᠢ ᠬᠠᠮᠳᠤᠷᠠᠨ ᠪᠠᠭᠤᠯᠭ᠋ᠠᠵᠤ᠂ ᠵᠸᠵᠢᠶᠠᠩ᠂ ᠠᠨᠾᠦᠢ᠍ᠢ᠂ ᠱᠠᠨᠳᠦᠢ᠍ᠩ᠂ ᠬᠤᠪᠸᠢ᠂ ᠭᠤᠸᠠᠩᠰᠢ᠂ ᠰᠸᠴᠤᠸᠠᠨ᠂ ᠶᠦᠨᠨᠠᠨ᠂ ᠱᠨᠨᠰᠢ ᠵᠡᠷᠭᠡ 8 ᠮᠤᠵᠢ (ᠤᠷᠤᠨ)᠎ᠳᠤ ᠵᠠᠰᠠᠭ᠎ᠤᠨ ᠤᠷᠳᠤᠨ᠎ᠠᠴᠠ ᠤᠯᠠᠨ ᠨᠡᠢ᠌ᠳᠡ ᠵᠢᠨ   ᠲᠦᠷᠢᠶᠡᠰᠤᠨ   ᠤᠷᠤᠨ ᠰᠠᠭᠤᠴᠠ ᠬᠤᠳᠠᠯᠳᠤᠨ ᠠᠪᠴᠤ ᠡᠵᠡᠩᠨᠡᠨ   ᠬᠠᠮᠢᠶᠠᠷᠬᠤ ᠪᠠ ᠦᠢ᠍ᠯᠡᠴᠢᠯᠡᠬᠥ   ᠲᠤᠷᠰᠢᠯᠳᠠ ᠵᠢᠨ ᠠᠵᠢᠯ ᠦᠷᠨᠢᠬᠥᠯᠬᠥ᠎ᠪᠠᠷ ᠲᠤᠬᠳᠠᠪᠠ᠃        
     《ᠮᠡᠳᠡᠭᠳᠡᠯ》᠎ᠳᠤ ᠵᠢᠯᠤᠭᠤᠳᠬᠤ ᠦᠵᠡᠯ ᠰᠠᠨᠠᠭ᠎ᠠ ᠪᠠ ᠵᠠᠰᠠᠭ᠎ᠤᠨ ᠤᠷᠳᠤᠨ ᠵᠶ᠋ᠡᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠬᠤ᠂ ᠢᠯᠡ᠎ᠪᠠᠷ ᠰᠢᠯᠢᠳᠡᠭ᠎ᠢ ᠰᠤᠩᠭᠤᠬᠤ ᠪᠠ ᠪᠤᠳᠠᠳᠤ ᠦᠷ᠎ᠡ ᠪᠦᠳᠤᠮᠵᠢ ᠵᠢ ᠴᠢᠬᠤᠯᠠᠴᠢᠯᠠᠬᠤ ᠦᠨᠳᠤᠰᠤᠨ ᠵᠠᠷᠴᠢᠮ᠎ᠢ ᠲᠤᠳᠤᠷᠬᠠᠢ ᠲᠤᠬᠳᠠᠭ᠋ᠠᠪᠠ᠃ ᠵᠸᠵᠢᠶᠠᠩ᠂ ᠠᠨᠾᠦᠢ᠍ᠢ᠂ ᠱᠠᠨᠳᠦᠢ᠍ᠩ᠂ ᠬᠤᠪᠸᠢ᠂ ᠭᠤᠸᠠᠩᠰᠢ᠂ ᠰᠸᠴᠤᠸᠠᠨ᠂ ᠶᠦᠨᠨᠠᠨ᠂ ᠱᠨᠨᠰᠢ ᠵᠡᠷᠭᠡ 8 ᠮᠤᠵᠢ (ᠤᠷᠤᠨ)᠎ᠳᠤ ᠲᠤᠷᠰᠢᠯᠳᠠ ᠵᠢᠨ ᠠᠵᠢᠯ ᠦᠷᠨᠢᠬᠥᠯᠬᠥ᠎ᠪᠠᠷ ᠲᠡᠮᠵᠢᠭᠤᠯᠤᠨ᠂ ᠤᠯᠠᠨ   ᠨᠡᠢ᠌ᠳᠡ   ᠵᠢᠨ ᠲᠦᠷᠢᠶᠡᠰᠤᠨ ᠤᠷᠤᠨ ᠰᠠᠭᠤᠴᠠ ᠵᠢᠨ ᠡᠵᠡᠩᠨᠡᠯᠳᠡ ᠬᠠᠮᠢᠶᠠᠷᠤᠯᠳᠠ ᠵᠢᠨ ᠲᠤᠬᠳᠠᠴᠠ ᠵᠢ ᠪᠠᠢ᠌ᠭᠤᠯᠤᠨ ᠪᠦᠷᠢᠨᠰᠢᠬᠥᠯᠵᠤ᠂ ᠵᠠᠰᠠᠭ᠎ᠤᠨ ᠤᠷᠳᠤᠨ᠎ᠠᠴᠠ ᠤᠯᠠᠨ ᠨᠡᠢ᠌ᠳᠡ ᠵᠢᠨ ᠲᠦᠷᠢᠶᠡᠰᠤᠨ ᠤᠷᠤᠨ ᠰᠠᠭᠤᠴᠠ ᠬᠤᠳᠠᠯᠳᠤᠨ ᠠᠪᠴᠤ ᠡᠵᠡᠩᠨᠡᠨ ᠬᠠᠮᠢᠶᠠᠷᠬᠤ ᠪᠠ ᠦᠢ᠍ᠯᠡᠴᠢᠯᠡᠬᠥ ᠵᠢᠨ ᠬᠠᠮᠢᠶᠠᠷᠤᠯᠳᠠ ᠵᠢᠨ ᠲᠦᠷᠢᠮ ᠬᠢᠭᠡᠳ ᠠᠵᠢᠯ᠎ᠤᠨ ᠵᠢᠷᠤᠮ᠎ᠢ   ᠲᠡᠬᠥᠯᠳᠡᠷᠵᠢᠬᠥᠯᠤᠨ᠂ ᠬᠠᠭᠤᠯᠪᠤᠷᠢᠯᠠᠵᠤ ᠪᠤᠯᠬᠤ᠂ ᠲᠡᠯᠭᠡᠷᠡᠬᠥᠯᠵᠤ ᠪᠤᠯᠬᠤ ᠨᠢᠭᠡ ᠪᠦᠯᠦᠭ ᠲᠤᠷᠰᠢᠯᠳᠠ ᠵᠢᠨ ᠦᠷ᠎ᠡ ᠪᠦᠳᠤᠭᠡᠯ᠎ᠢ ᠪᠤᠢ ᠪᠤᠯᠭ᠋ᠠᠵᠤ᠂ ᠤᠯᠠᠨ   ᠨᠡᠢ᠌ᠳᠡ   ᠵᠢᠨ ᠲᠦᠷᠢᠶᠡᠰᠤᠨ ᠤᠷᠤᠨ ᠰᠠᠭᠤᠴᠠ ᠵᠢᠨ ᠡᠵᠡᠩᠨᠡᠯᠳᠡ ᠬᠠᠮᠢᠶᠠᠷᠤᠯᠳᠠ ᠵᠢᠨ ᠴᠢᠳᠠᠪᠤᠷᠢ ᠵᠢ ᠲᠡᠭᠡᠭᠰᠢᠯᠡᠬᠥᠯᠬᠥ᠎ᠳᠤ ᠲᠦᠰᠢᠭ ᠲᠤᠯᠭ᠋ᠠᠭᠤᠷᠢ ᠬᠠᠩᠭ᠋ᠠᠨ᠎ᠠ᠃
      ᠠᠷᠠᠳ᠎ᠤᠨ ᠰᠦᠯᠵᠢᠶ᠎ᠡ᠎ᠠᠴᠠ ᠬᠠᠭᠤᠯᠪᠤᠷᠢᠯᠠᠪᠠ᠃


ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠯᠤᠭᠤᠨ ᠬᠥᠬᠡ ᠬᠤᠰᠢᠭᠤᠨ᠎ᠤ ᠠᠮᠢ ᠠᠬᠤᠢ ᠵᠢᠨ ᠪᠦᠳᠦᠭᠡᠨ ᠪᠠᠶ᠋ᠢᠭᠤᠯᠤᠯᠳᠠ ᠢᠯᠡᠷᠭᠡᠢ ᠠᠮᠵᠢᠯᠳᠠ ᠤᠯᠵᠦ ᠪᠠᠶ᠋ᠢᠨ᠎ᠠ
ᠬᠦᠳᠡᠭᠡ ᠲᠤᠰᠬᠤᠨ᠎ᠤ ᠵᠢᠭᠤᠯᠴᠢᠯᠠᠯ᠎ᠤᠨ ᠶᠠᠰᠤ ᠴᠢᠨᠠᠷ᠎ᠢ ᠲᠡᠭᠡᠭᠰᠢᠯᠡᠬᠦᠯᠬᠦ ᠲᠤᠬᠠᠢ ᠠᠷᠪᠠᠨ ᠭᠤᠷᠪᠠᠨ ᠰᠠᠯᠠᠭ᠎ᠠ ᠮᠦᠴᠢᠷ ᠠᠵᠢᠯᠯᠠᠭ᠋ᠠᠨ᠎ᠤ ᠲᠦᠰᠤᠯ ᠨᠡᠢ᠌ᠳᠡᠯᠡᠪᠡ
ᠲᠦᠷᠦ ᠵᠢᠨ ᠶᠠᠪᠤᠳᠠᠯ᠎ᠤᠨ ᠬᠤᠷᠢᠶ᠎ᠠ ᠯᠢᠶᠤᠤᠨᠢᠩ᠎ᠳᠤ ᠱᠧᠨᠶᠠᠩ ᠹᠦᠱ᠌ᠦ᠋ᠨ᠎ᠤ ᠦᠭᠡᠷᠡᠴᠢᠯᠡᠯᠲᠡ ᠬᠢᠵᠤ ᠰᠢᠨ᠎ᠡ ᠵᠢ ᠡᠬᠦᠳᠬᠦ ᠵᠢᠱ᠌ᠢᠶ᠎ᠡ ᠦᠵᠡᠬᠦᠯᠬᠦ ᠤᠷᠤᠨ᠎ᠢ ᠪᠠᠢ᠌ᠭᠤᠯᠬᠤ ᠲᠤᠬᠠᠢ ᠴᠤᠬᠤᠯᠠᠪᠤᠷᠢ ᠭᠠᠷᠭ᠋ᠠᠪᠠ
ᠲᠦᠪ᠎ᠤᠨ ᠤᠷᠴᠢᠨ ᠠᠬᠤᠢ ᠵᠢᠨ ᠬᠠᠮᠠᠭ᠋ᠠᠯᠠᠯᠳᠠ ᠵᠢᠨ ᠰᠢᠪᠠᠳᠠᠨ ᠪᠠᠢ᠌ᠴᠠᠭ᠋ᠠᠯᠳᠠ ᠵᠢᠨ ᠡᠷᠬᠢᠵᠤ ᠪᠠᠢ᠌ᠴᠠᠭ᠋ᠠᠭᠰᠠᠨ᠎ᠤ ᠬᠠᠷᠢᠭᠤ ᠲᠤᠰᠬᠠᠯ᠄ ᠦᠪᠤᠷ ᠮᠤᠩᠭᠤᠯ ᠬᠥᠭᠵᠢᠬᠦᠯᠬᠦ ᠪᠠ ᠬᠠᠮᠠᠭ᠋ᠠᠯᠠᠬᠤ ᠵᠢᠨ ᠬᠠᠷᠢᠴᠠᠭ᠎ᠠ ᠵᠢ ᠰᠢᠢ᠍ᠳᠪᠤᠷᠢᠯᠡᠬᠦ᠎ᠳᠡᠭᠡᠨ ᠡᠷᠡᠰ ᠴᠢᠩᠭ᠎ᠠ ᠤᠪᠤᠷ ᠵᠶ᠋ᠠᠷ ᠬᠠᠨᠳᠤᠵᠤ ᠪᠠᠢ᠌ᠬᠤ ᠦᠭᠡᠢ
2020 ᠤᠨ ᠪᠤᠯᠬᠤ᠎ᠳᠤ ᠶᠠᠳᠠᠭᠤ ᠬᠦᠴᠢᠷᠲᠡᠯ᠎ᠲᠠᠢ ᠬᠦᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠦᠬᠦ ᠲᠠᠯ᠎ᠠ᠎ᠪᠠᠷ ᠰᠢᠢ᠍ᠳᠪᠤᠷᠢᠯᠡᠨ᠎ᠡ
 
             蒙ICP备05000248号