ᠠᠷᠠᠳ᠎ᠤᠨ ᠡᠳᠤᠷ᠎ᠤᠨ ᠰᠤᠨᠢᠨ᠎ᠤ ᠱᠧᠨᠵᠧᠨ᠎ᠤ 10 ᠰᠠᠷ᠎ᠠ ᠵᠢᠨ 10᠎ᠤ ᠡᠳᠤᠷ᠎ᠤᠨ ᠮᠡᠳᠡᠭᠡ (ᠰᠤᠷᠪᠤᠯᠵᠢᠯᠠᠭᠴᠢ ᠵᠢᠶᠠᠩ ᠵᠢᠶᠠᠨ ᠺᠧ᠂ ᠯᠢ ᠭᠠᠩ) ᠰᠤᠷᠪᠤᠯᠵᠢᠯᠠᠭᠴᠢ ᠦᠨᠤᠳᠤᠷ ᠲᠤᠮᠳᠠᠳᠤ ᠤᠯᠤᠰ᠎ᠤᠨ ᠭᠤᠸᠠᠩᠳᠦ᠋ᠩ᠎ᠤᠨ ᠴᠦᠮ᠎ᠠ ᠵᠢᠨ ᠴᠠᠬᠢᠯᠭ᠋ᠠᠨ᠎ᠤ ᠪᠦᠯᠦᠭᠯᠡᠯ ᠺᠤᠮᠫᠠᠨᠢ᠎ᠠᠴᠠ ᠦᠢ᠍ᠯᠠᠭ᠋ᠠᠭᠰᠠᠨ᠎ᠨᠢ᠄ ᠮᠠᠨ᠎ᠤ ᠤᠯᠤᠰ᠎ᠤᠨ ᠠᠩᠬᠠᠳᠠᠭᠴᠢ ᠲᠤᠮᠤ ᠬᠡᠯᠪᠡᠷᠢ ᠵᠢᠨ ᠬᠤᠳᠠᠯᠳᠤᠭ᠋ᠠᠨ᠎ᠤ ᠭᠡᠷᠡᠯ ᠢᠯᠴᠢ ᠵᠢᠨ ᠵᠢᠱ᠌ᠢᠶ᠎ᠡ ᠦᠵᠡᠬᠦᠯᠬᠦ ᠴᠠᠬᠢᠯᠭ᠋ᠠᠨ ᠦᠷᠳᠡᠭᠡ — — ᠲᠤᠮᠳᠠᠳᠤ ᠤᠯᠤᠰ᠎ᠤᠨ ᠭᠤᠸᠠᠩᠳᠦ᠋ᠩ᠎ᠤᠨ ᠴᠦᠮ᠎ᠠ ᠵᠢᠨ ᠴᠠᠬᠢᠯᠭ᠋ᠠᠨ᠎ᠤ ᠪᠦᠯᠦᠭᠯᠡᠯ ᠺᠤᠮᠫᠠᠨᠢ ᠵᠢᠨ ᠲᠡᠯᠡᠭᠡᠢ ᠬᠤᠳᠠ ᠵᠢᠨ 50MW᠎ᠤᠨ ᠭᠡᠷᠡᠯ ᠢᠯᠴᠢ ᠵᠢᠨ ᠵᠢᠱ᠌ᠢᠶ᠎ᠡ ᠦᠵᠡᠬᠦᠯᠬᠦ ᠵᠦᠢ᠍ᠯᠡᠰ᠎ᠢ ᠵᠢᠩᠬᠢᠨᠢ᠎ᠪᠠᠷ ᠠᠰᠢᠭᠯᠠᠯᠳᠠ᠎ᠳᠤ ᠤᠷᠤᠭᠤᠯᠪᠠ᠃ ᠲᠤᠮᠳᠠᠳᠤ ᠤᠯᠤᠰ᠎ᠤᠨ ᠭᠤᠸᠠᠩᠳᠦ᠋ᠩ᠎ᠤᠨ ᠴᠦᠮ᠎ᠠ ᠵᠢᠨ ᠴᠠᠬᠢᠯᠭ᠋ᠠᠨ᠎ᠤ ᠪᠦᠯᠦᠭᠯᠡᠯ ᠺᠤᠮᠫᠠᠨᠢ ᠵᠢᠨ ᠲᠡᠯᠡᠭᠡᠢ ᠬᠤᠳᠠ ᠵᠢᠨ ᠭᠡᠷᠡᠯ ᠢᠯᠴᠢ ᠵᠢᠨ ᠵᠢᠱ᠌ᠢᠶ᠎ᠡ ᠦᠵᠡᠬᠦᠯᠬᠦ ᠵᠦᠢ᠍ᠯᠡᠰ᠎ᠨᠢ ᠬᠥᠭᠡᠨᠠᠭᠤᠷ ᠮᠤᠵᠢ ᠵᠢᠨ ᠬᠠᠢ᠌ᠰᠢ ᠵᠢᠨ ᠮᠤᠩᠭᠤᠯ ᠦᠨᠳᠤᠰᠤᠳᠡᠨ ᠲᠦᠪᠡᠳ ᠦᠨᠳᠤᠰᠤᠳᠡᠨ᠎ᠤ ᠦᠪᠡᠷᠳᠡᠭᠡᠨ ᠵᠠᠰᠠᠬᠤ ᠵᠸᠤ ᠵᠢᠨ ᠲᠡᠯᠡᠭᠡᠢ ᠬᠤᠳᠠ ᠵᠢᠨ ᠭᠤᠪᠢ ᠭᠠᠵᠠᠷ᠎ᠲᠤ ᠤᠷᠤᠰᠢᠨ᠂ ᠲᠠᠯᠠᠪᠠᠢ᠎ᠨᠢ 2.46 ᠲᠡᠭᠰᠢ ᠲᠦᠷᠪᠡᠯᠵᠢᠨ ᠺᠢᠯᠤᠮᠧᠳ᠋ᠷ ᠪᠠᠢ᠌ᠵᠤ᠂ ᠵᠦᠢ᠍ᠯᠡᠰ᠎ᠨᠢ 62 ᠲᠦᠮᠡᠨ ᠲᠡᠭᠰᠢ ᠲᠦᠷᠪᠡᠯᠵᠢᠨ ᠮᠧᠳ᠋ᠷ ᠲᠠᠯᠠᠪᠠᠢ ᠪᠦᠬᠦᠢ 25 ᠲᠦᠮᠡᠨ ᠬᠡᠰᠡᠭ ᠦᠢ᠍ᠯᠭ᠋ᠠᠭᠴᠢ ᠲᠤᠯᠢ᠂ 11 ᠲᠦᠮᠡᠨ ᠮᠧᠳ᠋ᠷ ᠤᠷᠳᠤ ᠢᠯᠴᠢ ᠬᠤᠷᠢᠶᠠᠬᠤ ᠬᠤᠭᠤᠰᠤᠨ ᠬᠤᠭᠤᠯᠠᠢ᠂ ᠮᠦᠷᠳᠡᠨ ᠬᠥᠳᠡᠯᠭᠡᠬᠦ ᠲᠦᠬᠦᠭᠡᠷᠤᠮᠵᠢ ᠵᠡᠷᠭᠡ᠎ᠪᠠᠷ ᠪᠦᠷᠢᠯᠳᠤᠵᠠᠢ᠃ ᠡᠳᠡᠭᠡᠷ ᠲᠤᠮᠤ ᠭᠡᠯᠪᠡᠷᠢ ᠵᠢᠨ ᠦᠢ᠍ᠯᠭ᠋ᠠᠭᠴᠢ ᠲᠤᠯᠢ᠎ᠨᠢ ᠨᠠᠷᠠᠨ ᠬᠤᠸᠠᠷ ᠰᠢᠭ᠋ ᠵᠶ᠋ᠠᠷ ᠨᠠᠷᠠ᠎ᠶᠢ ᠲᠠᠭ᠋ᠠᠵᠤ ᠡᠷᠬᠢᠯᠳᠤᠨ᠂ ᠨᠠᠷᠠᠨ᠎ᠤ ᠢᠯᠴᠢ ᠵᠢ ᠲᠠᠰᠤᠷᠠᠯᠳᠠ ᠦᠭᠡᠢ ᠴᠤᠭᠯᠠᠭᠤᠯᠤᠨ ᠬᠠᠳᠠᠭ᠋ᠠᠯᠠᠵᠤ᠂ 24 ᠴᠠᠭ ᠵᠠᠯᠭ᠋ᠠᠭ᠎ᠠ᠎ᠪᠠᠷ ᠲᠤᠬᠳᠠᠪᠤᠷᠢᠳᠠᠢ ᠴᠠᠬᠢᠯᠭ᠋ᠠᠨ ᠭᠠᠷᠭ᠋ᠠᠵᠤ ᠲᠡᠢ᠌ᠯᠳᠡᠭ᠃ ᠲᠤᠮᠳᠠᠳᠤ ᠤᠯᠤᠰ᠎ᠤᠨ ᠭᠤᠸᠠᠩᠳᠦ᠋ᠩ᠎ᠤᠨ ᠴᠦᠮ᠎ᠠ ᠵᠢᠨ ᠴᠠᠬᠢᠯᠭ᠋ᠠᠨ᠎ᠤ ᠡᠨᠧᠷᠬᠢ ᠵᠢᠨ ᠰᠤᠷᠪᠤᠯᠵᠢ ᠵᠢᠨ ᠲᠡᠯᠡᠭᠡᠢ ᠬᠤᠳᠠ ᠵᠢᠨ ᠺᠤᠮᠫᠠᠨᠢ ᠵᠢᠨ ᠶᠡᠷᠤᠩᠭᠡᠢ ᠲᠠᠭ᠋ᠠᠭ᠋ᠠᠮᠠᠯ ᠸᠠᠩ ᡁᠢ ᠭᠠᠩ ᠲᠠᠨᠢᠯᠴᠠᠭᠤᠯᠬᠤ᠎ᠳᠠᠭᠠᠨ᠂ ᠲᠡᠯᠡᠭᠡᠢ ᠬᠤᠳᠠ ᠵᠢᠨ ᠵᠦᠢ᠍ᠯᠡᠰ᠎ᠤᠨ ᠵᠢᠯ᠎ᠤᠨ ᠴᠠᠬᠢᠯᠭ᠋ᠠᠨ ᠭᠠᠷᠭ᠋ᠠᠬᠤ ᠭᠡᠮᠵᠢᠶ᠎ᠠ᠎ᠨᠢ 2 ᠳ᠋ᠦᠩᠰᠢᠭᠤᠷ ᠭ᠋ᠷᠠᠳᠦ᠋ᠰ ᠬᠥᠷᠴᠤ ᠴᠢᠳᠠᠬᠤ ᠪᠦᠭᠡᠳ ᠠᠳᠠᠯᠢ ᠬᠡᠪᠴᠢᠶᠡᠨ᠎ᠤ ᠢᠯᠴᠢ ᠵᠢᠨ ᠴᠠᠬᠢᠯᠭ᠋ᠠᠨ᠎ᠤ ᠦᠢ᠍ᠯᠡᠳᠪᠤᠷᠢ᠎ᠲᠠᠢ ᠬᠠᠷᠢᠴᠠᠭᠤᠯᠪᠠᠯ᠂ ᠵᠢᠯ ᠪᠦᠷᠢ ᠪᠠᠷᠢᠮᠵᠢᠶ᠎ᠠ᠎ᠳᠤ ᠨᠡᠬᠦᠷᠡᠰᠤ ᠵᠢ 6 ᠲᠦᠮᠡᠨ ᠲᠤᠨ ᠠᠷᠪᠢᠯᠠᠵᠤ᠂ ᠨᠡᠬᠦᠷᠡᠰᠤᠳᠦ᠋ᠷᠦᠭᠴᠢ ᠵᠢᠨ ᠲᠠᠪᠬᠤᠷ ᠢᠰᠤᠯ ᠵᠡᠷᠭᠡ ᠬᠡᠢ ᠪᠡᠶ᠎ᠡ᠎ᠳᠤ ᠵᠢ 10 ᠲᠦᠮᠡᠨ ᠲᠤᠨ ᠲᠤᠳᠠᠭᠤ ᠭᠠᠳᠠᠭᠰᠢᠯᠠᠭᠤᠯᠵᠤ ᠪᠤᠯᠤᠨ᠎ᠠ᠂ ᠡᠨᠡ᠎ᠨᠢ 4200 ᠮᠤ᠌ ᠤᠢ ᠰᠢᠭᠤᠢ ᠪᠤᠢ᠌ᠵᠢᠭᠤᠯᠤᠭᠰᠠᠨ᠎ᠲᠠᠢ ᠲᠡᠩᠴᠠᠨᠠ ᠭᠡᠵᠠᠢ᠃ (ᠠᠷᠠᠳ᠎ᠤᠨ ᠰᠦᠯᠵᠢᠶ᠎ᠠ᠎ᠠᠴᠠ ᠬᠠᠭᠤᠯᠪᠤᠷᠢᠯᠠᠪᠠ)