ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠲᠦᠪ᠎ᠤᠨ ᠤᠷᠴᠢᠨ ᠠᠬᠤᠢ ᠵᠢᠨ ᠬᠠᠮᠠᠭ᠋ᠠᠯᠠᠯᠳᠠ ᠵᠢᠨ ᠰᠢᠪᠠᠳᠠᠨ ᠪᠠᠢ᠌ᠴᠠᠭ᠋ᠠᠯᠳᠠ ᠵᠢᠨ ᠡᠷᠬᠢᠵᠤ ᠪᠠᠢ᠌ᠴᠠᠭ᠋ᠠᠭᠰᠠᠨ᠎ᠤ ᠬᠠᠷᠢᠭᠤ ᠲᠤᠰᠬᠠᠯ᠄ ᠦᠪᠤᠷ ᠮᠤᠩᠭᠤᠯ ᠬᠥᠭᠵᠢᠬᠦᠯᠬᠦ ᠪᠠ ᠬᠠᠮᠠᠭ᠋ᠠᠯᠠᠬᠤ ᠵᠢᠨ ᠬᠠᠷᠢᠴᠠᠭ᠎ᠠ ᠵᠢ ᠰᠢᠢ᠍ᠳᠪᠤᠷᠢᠯᠡᠬᠦ᠎ᠳᠡᠭᠡᠨ ᠡᠷᠡᠰ ᠴᠢᠩᠭ᠎ᠠ ᠤᠪᠤᠷ ᠵᠶ᠋ᠠᠷ ᠬᠠᠨᠳᠤᠵᠤ ᠪᠠᠢ᠌ᠬᠤ ᠦᠭᠡᠢ
ᠨᠡᠶ᠋ᠢᠲᠡᠯᠡᠭᠰᠡᠨ ᠴᠠᠭ᠄ 2018-10-18


      ᠰᠢᠨᠬᠤᠸᠠ ᠬᠤᠷᠢᠶᠠᠨ᠎ᠤ ᠬᠥᠬᠡᠬᠤᠳᠠ ᠵᠢᠨ 10 ᠰᠠᠷ᠎ᠠ ᠵᠢᠨ 17᠎ᠤ ᠡᠳᠤᠷ᠎ᠤᠨ ᠮᠡᠳᠡᠭᠡ (ᠰᠤᠷᠪᠤᠯᠵᠢᠯᠠᠭᠴᠢ ᠸᠠᠩ ᠵᠢᠩ᠂ ᠠᠨ ᠯᠤ᠌ ᠮᠧᠩ) 17᠎ᠤ ᠡᠳᠤᠷ᠂ ᠲᠦᠪ᠎ᠤᠨ ᠤᠷᠴᠢᠨ ᠠᠬᠤᠢ ᠵᠢᠨ ᠬᠠᠮᠠᠭ᠋ᠠᠯᠠᠯᠳᠠ ᠵᠢᠨ ᠰᠢᠪᠠᠳᠠᠨ ᠪᠠᠢ᠌ᠴᠠᠭ᠋ᠠᠯᠳᠠ ᠵᠢᠨ ᠬᠤᠶᠠᠳᠤᠭ᠋ᠠᠷ ᠲᠤᠭᠤᠢ᠌ᠯᠠᠩ᠎ᠠᠴᠠ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠳᠤ ᠡᠷᠬᠢᠵᠤ ᠪᠠᠢ᠌ᠴᠠᠭ᠋ᠠᠭᠰᠠᠨ ᠵᠢᠴᠢ ᠲᠤᠰᠬᠠᠢ ᠰᠢᠪᠠᠳᠠᠨ ᠪᠠᠢ᠌ᠴᠠᠭ᠋ᠠᠯᠳᠠ ᠵᠢᠨ ᠪᠠᠢ᠌ᠳᠠᠯ᠎ᠤᠨ ᠲᠤᠬᠠᠢ ᠬᠠᠷᠢᠭᠤ ᠲᠤᠰᠬᠠᠪᠠ᠃ ᠰᠢᠪᠠᠳᠠᠨ ᠪᠠᠢ᠌ᠴᠠᠭ᠋ᠠᠯᠳᠠ᠎ᠳᠤ ᠵᠢᠭ᠋ᠠᠵᠤ ᠭᠠᠷᠭ᠋ᠠᠭᠰᠠᠨ᠎ᠨᠢ᠂ ᠦᠪᠤᠷ ᠮᠤᠩᠭᠤᠯ ᠨᠢᠭᠡᠳᠤᠭᠡᠷ ᠡᠭᠡᠯᠵᠢ ᠵᠢᠨ ᠲᠦᠪ᠎ᠤᠨ ᠤᠷᠴᠢᠨ ᠠᠬᠤᠢ ᠵᠢᠨ ᠬᠠᠮᠠᠭ᠋ᠠᠯᠠᠯᠳᠠ ᠵᠢᠨ ᠰᠢᠪᠠᠳᠠᠨ ᠪᠠᠢ᠌ᠴᠠᠭ᠋ᠠᠯᠳᠠ᠎ᠳᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠦᠭᠡᠷᠡᠴᠢᠯᠠᠭᠡᠳ ᠴᠢᠬᠤᠯᠠ ᠶᠡᠭᠡ ᠠᠬᠢᠯᠳᠠ᠎ᠲᠠᠢ ᠪᠤᠯᠤᠭᠰᠠᠨ ᠪᠤᠯᠪᠠᠴᠤ ᠬᠥᠭᠵᠢᠬᠦᠯᠬᠦ ᠪᠠ ᠬᠠᠮᠠᠭ᠋ᠠᠯᠠᠬᠤ ᠵᠢᠨ ᠬᠠᠷᠢᠴᠠᠭ᠎ᠠ ᠵᠢ ᠰᠢᠢ᠍ᠳᠪᠤᠷᠢᠯᠡᠬᠦ᠎ᠳᠡᠭᠡᠨ ᠡᠷᠡᠰ ᠴᠢᠩᠭ᠎ᠠ ᠤᠪᠤᠷ ᠵᠶ᠋ᠠᠷ ᠬᠠᠨᠳᠤᠬᠤ ᠦᠭᠡᠢ ᠪᠠᠢ᠌ᠵᠤ᠂ ᠵᠠᠷᠢᠮ ᠴᠢᠬᠤᠯᠠ ᠡᠬᠦᠷᠭᠡ ᠵᠢ ᠲᠦᠢ᠍ᠯᠪᠤᠷᠢᠳᠠᠢ ᠴᠡᠭᠴᠡᠯᠡᠨ ᠦᠭᠡᠷᠡᠴᠢᠯᠡᠭᠰᠡᠨ ᠦᠭᠡᠢ᠂ ᠵᠠᠷᠢᠮ ᠭᠠᠵᠠᠷ ᠤᠷᠤᠨ ᠪᠠ ᠰᠠᠯᠠᠭ᠎ᠠ ᠮᠦᠴᠢᠷ᠎ᠲᠤ ᠴᠢᠨᠠᠭᠰᠢᠯᠠᠪᠠᠯ ᠬᠠᠰᠢ ᠶᠠᠰᠢ᠎ᠪᠠᠷ ᠴᠡᠭᠴᠡᠯᠡᠨ ᠦᠭᠡᠷᠡᠴᠢᠯᠡᠬᠦ᠂ ᠦᠩᠭᠡᠨ ᠲᠡᠳᠤᠢ ᠴᠡᠭᠴᠡᠯᠡᠨ ᠦᠭᠡᠷᠡᠴᠢᠯᠡᠬᠦ᠂ ᠬᠤᠳᠠᠯ ᠬᠠᠭᠤᠷᠮᠠᠭ ᠵᠶ᠋ᠠᠷ ᠴᠡᠭᠴᠡᠯᠡᠨ ᠦᠭᠡᠷᠡᠴᠢᠯᠡᠬᠦ ᠠᠰᠠᠭᠤᠳᠠᠯ ᠤᠷᠤᠰᠢᠵᠤ ᠪᠠᠢ᠌ᠨ᠎ᠠ᠃ 6 ᠰᠠᠷ᠎ᠠ ᠵᠢᠨ 6᠎ᠤ ᠡᠳᠤᠷ᠎ᠠᠴᠠ 7 ᠰᠠᠷ᠎ᠠ ᠵᠢᠨ 6᠎ᠤ ᠡᠳᠤᠷ ᠪᠤᠯᠳᠠᠯ᠎ᠠ᠂ ᠲᠦᠪ᠎ᠤᠨ ᠤᠷᠴᠢᠨ ᠠᠬᠤᠢ ᠵᠢᠨ ᠬᠠᠮᠠᠭ᠋ᠠᠯᠠᠯᠳᠠ ᠵᠢᠨ ᠰᠢᠪᠠᠳᠠᠨ ᠪᠠᠢ᠌ᠴᠠᠭ᠋ᠠᠯᠳᠠ ᠵᠢᠨ ᠬᠤᠶᠠᠳᠤᠭ᠋ᠠᠷ ᠲᠤᠭᠤᠢ᠌ᠯᠠᠩ᠎ᠠᠴᠠ ᠦᠪᠤᠷ ᠮᠤᠩᠭᠤᠯ᠎ᠤᠨ ᠨᠢᠭᠡᠳᠤᠭᠡᠷ ᠡᠭᠡᠯᠵᠢ ᠵᠢᠨ ᠲᠦᠪ᠎ᠤᠨ ᠤᠷᠴᠢᠨ ᠠᠬᠤᠢ ᠵᠢᠨ ᠬᠠᠮᠠᠭ᠋ᠠᠯᠠᠯᠳᠠ ᠵᠢᠨ ᠰᠢᠪᠠᠳᠠᠨ ᠪᠠᠢ᠌ᠴᠠᠭ᠋ᠠᠯᠳᠠ᠎ᠳᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠦᠭᠡᠷᠡᠴᠢᠯᠡᠭᠰᠡᠨ ᠪᠠᠢ᠌ᠳᠠᠯ᠎ᠢ ᠡᠷᠬᠢᠵᠤ ᠪᠠᠢ᠌ᠴᠠᠭ᠋ᠠᠨ᠂ ᠨᠤᠳᠤᠭ ᠪᠡᠯᠴᠢᠭᠡᠷ᠎ᠤᠨ ᠠᠮᠢ ᠠᠬᠤᠢ ᠵᠢᠨ ᠤᠷᠴᠢᠨ ᠨᠦᠬᠦᠴᠡᠯ᠎ᠤᠨ ᠠᠰᠠᠭᠤᠳᠠᠯ᠎ᠳᠤ ᠴᠢᠭᠯᠡᠬᠦᠯᠤᠨ ᠲᠤᠰᠬᠠᠢ ᠰᠢᠪᠠᠳᠠᠨ ᠪᠠᠢ᠌ᠴᠠᠭ᠋ᠠᠯᠳᠠ ᠵᠢ ᠨᠢᠭᠡᠳᠤᠯᠳᠠᠢ ᠲᠦᠯᠤᠪᠯᠡᠨ ᠲᠤᠬᠢᠷᠠᠭᠤᠯᠪᠠ᠃ ᠰᠢᠪᠠᠳᠠᠨ ᠪᠠᠢ᠌ᠴᠠᠭ᠋ᠠᠯᠳᠠ ᠵᠢᠨ ᠦᠵᠡᠬᠦ᠎ᠪᠠᠷ᠂ ᠦᠪᠤᠷ ᠮᠤᠩᠭᠤᠯ᠎ᠤᠨ ᠴᠡᠭᠴᠡᠯᠡᠨ ᠦᠭᠡᠷᠡᠴᠢᠯᠡᠬᠦ ᠠᠵᠢᠯ ᠴᠢᠬᠤᠯᠠ ᠠᠬᠢᠯᠳᠠ ᠪᠠ ᠦᠷ᠎ᠡ ᠪᠦᠳᠤᠮᠵᠢ ᠤᠯᠵᠤ᠂ ᠬᠥᠯᠤᠨ ᠨᠠᠭᠤᠷ᠂ ᠤᠯᠠᠭ᠋ᠠᠨᠰᠦᠬᠠᠢ᠂ ᠳ᠋ᠠᠢ ᠬᠠᠢ ᠨᠠᠭᠤᠷ᠎ᠤᠨ ᠵᠠᠰᠠᠯᠳᠠ ᠵᠢ ᠶᠡᠭᠡ᠎ᠪᠠᠷ ᠠᠬᠢᠭᠤᠯᠤᠨ᠂ ᠬᠥᠯᠤᠨ ᠨᠠᠭᠤᠷ᠎ᠤᠨ ᠵᠢᠯ᠎ᠤᠨ ᠤᠰᠤᠨ᠎ᠤᠨ ᠨᠡᠮᠡᠭᠳᠡᠯ ᠬᠡᠮᠵᠢᠶ᠎ᠠ 11 ᠳ᠋ᠦᠩᠰᠢᠭᠤᠷ ᠺᠦᠪ ᠮᠧᠳ᠋ᠷ ᠬᠥᠷᠴᠤ᠂ ᠤᠯᠠᠭ᠋ᠠᠨᠰᠦᠬᠠᠢ ᠵᠢᠨ ᠤᠰᠤᠨ᠎ᠤ ᠴᠢᠨᠠᠷ᠎ᠨᠢ 2015 ᠤᠨ᠎ᠳᠤ ᠮᠠᠭᠤ V ᠲᠦᠷᠤᠯ ᠪᠠᠢ᠌ᠬᠰᠠᠨ᠎ᠠᠴᠠ᠎ᠪᠠᠨ V ᠲᠦᠷᠤᠯ᠎ᠤᠨ ᠪᠤᠯᠵᠤ ᠰᠠᠢ᠌ᠵᠢᠷᠠᠨ᠂ ᠳ᠋ᠠᠢ ᠬᠠᠢ ᠨᠠᠭᠤᠷ 2016 ᠤᠨ — 2017 ᠤᠨ᠎ᠳᠤ ᠲᠠᠷᠢᠶᠠᠯᠠᠩ᠎ᠤᠨ ᠤᠰᠤᠯᠠᠯᠳᠠ ᠵᠢᠨ ᠤᠷᠤᠨ᠎ᠢ ᠵᠤᠬᠰᠤᠭ᠋ᠠᠭ᠋ᠠᠳ ᠨᠠᠭᠤᠷ᠎ᠤᠨ ᠭᠠᠳᠠᠷᠭᠤ ᠵᠢ 12 ᠲᠦᠮᠡᠨ ᠮᠤ᠌ ᠨᠡᠮᠡᠭᠳᠡᠬᠦᠯᠵᠤ᠂ 3 ᠲᠦᠮᠡᠨ ᠮᠤ᠌ ᠭᠠᠵᠠᠷ᠎ᠲᠤ ᠤᠰᠤ ᠠᠷᠪᠢᠯᠠᠬᠤ ᠦᠭᠡᠷᠡᠴᠢᠯᠠᠯᠳᠠ ᠬᠢᠵᠠᠢ; ᠮᠠᠨ᠎ᠤ ᠤᠯᠤᠰ᠎ᠤᠨ ᠤᠮᠠᠷᠠᠳᠤ ᠬᠢᠯᠢ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠤᠰᠬᠠᠬᠤ ᠵᠢ ᠲᠡᠭᠡᠳᠤ ᠭᠡᠮᠵᠢᠶ᠎ᠠ᠎ᠪᠠᠷ ᠴᠢᠬᠤᠯᠠᠴᠢᠯᠠᠵᠤ᠂ 7% ᠵᠢᠨ ᠤᠯᠤᠰ᠎ᠤᠨ ᠨᠤᠳᠤᠭ ᠲᠡᠪᠢᠰᠭᠡᠷ᠎ᠢ ᠪᠦᠳᠤᠭᠡᠨ ᠪᠠᠢ᠌ᠭᠤᠯᠤᠯᠳᠡ ᠵᠢᠨ ᠬᠤᠷᠢᠭ᠋ᠠᠳᠤ ᠤᠷᠤᠨ ᠵᠶ᠋ᠠᠷ ᠲᠤᠳᠤᠷᠬᠠᠢ ᠵᠠᠭ᠋ᠠᠭᠯᠠᠨ ᠲᠤᠬᠳᠠᠭ᠋ᠠᠭᠰᠠᠨ ᠪᠦᠭᠡᠳ ᠤᠯᠠᠭ᠋ᠠᠨ ᠱᠤᠭᠤᠮ᠎ᠤᠨ ᠬᠠᠮᠠᠭ᠋ᠠᠯᠠᠯᠳᠠ᠎ᠳᠤ ᠤᠷᠤᠭᠤᠯᠬᠤ ᠴᠢᠬᠤᠯᠠᠳᠠᠢ ᠲᠠᠯᠠᠪᠠᠢ ᠵᠢ ᠶᠡᠭᠡ ᠬᠡᠪᠴᠢᠶ᠎ᠠ᠎ᠪᠠᠷ ᠨᠡᠮᠡᠭᠳᠡᠬᠦᠯᠵᠤ᠂ ᠵᠠᠭ᠋ᠠᠭᠯᠠᠨ ᠲᠤᠬᠳᠠᠭ᠋ᠠᠵᠤ ᠪᠤᠯᠬᠤ ᠵᠢ᠎ᠨᠢ ᠴᠦᠮ ᠵᠠᠭ᠋ᠠᠭᠯᠠᠨ ᠲᠤᠬᠳᠠᠭ᠋ᠠᠬᠤ ᠪᠠ ᠬᠠᠮᠠᠭ᠋ᠠᠯᠠᠯᠳᠠ᠎ᠳᠤ ᠤᠷᠤᠭᠤᠯᠬᠤ ᠴᠢᠬᠤᠯᠠᠳᠠᠢ ᠵᠢ᠎ᠨᠢ ᠴᠦᠮ ᠬᠠᠮᠠᠭ᠋ᠠᠯᠠᠯᠳᠠ᠎ᠳᠤ ᠤᠷᠤᠭᠤᠯᠬᠤ ᠵᠢ ᠪᠡᠶᠡᠯᠡᠬᠦᠯᠦᠭᠰᠡᠨ ᠪᠠᠢ᠌ᠨ᠎ᠠ᠃ ᠡᠨᠡ ᠵᠢᠯ᠎ᠤᠨ 8 ᠰᠠᠷ᠎ᠠ ᠵᠢᠨ 31᠎ᠤ ᠡᠳᠤᠷ ᠪᠤᠯᠳᠠᠯ᠎ᠠ᠂ ᠰᠢᠪᠠᠳᠠᠨ ᠪᠠᠢ᠌ᠴᠠᠭ᠋ᠠᠬᠤ ᠲᠤᠭᠤᠢ᠌ᠯᠠᠩ᠎ᠤᠨ ᠰᠢᠢ᠍ᠳᠪᠤᠷᠢᠯᠡᠬᠦᠯᠬᠦ᠎ᠪᠠᠷ ᠲᠤᠰᠢᠶᠠᠭᠰᠠᠨ 2574 ᠠᠮᠢ ᠠᠬᠤᠢ ᠵᠢᠨ ᠤᠷᠴᠢᠨ ᠨᠦᠬᠦᠴᠡᠯ᠎ᠤᠨ ᠠᠰᠠᠭᠤᠳᠠᠯ᠎ᠢ ᠨᠢᠭᠡᠨᠳᠡ ᠦᠨᠳᠤᠰᠤᠨ᠎ᠳᠡᠭᠡᠨ ᠰᠢᠢ᠍ᠳᠪᠤᠷᠢᠯᠡᠵᠤ ᠲᠠᠭᠤᠰᠬᠠᠭᠰᠠᠨ ᠪᠠᠢ᠌ᠨ᠎ᠠ᠃ 1672 ᠨᠢᠭᠡᠴᠠ ᠵᠢ ᠵᠠᠷᠯᠢᠬᠳᠠᠵᠤ ᠪᠠᠢ᠌ᠭ᠋ᠠᠳ ᠴᠡᠭᠴᠡᠯᠡᠨ ᠦᠭᠡᠷᠡᠴᠢᠯᠡᠬᠦᠯᠪᠠ; 336 ᠨᠢᠭᠡᠴᠠ ᠵᠢ ᠬᠡᠷᠡᠭ ᠪᠤᠯᠭ᠋ᠠᠨ ᠲᠠᠩᠰᠠᠯᠠᠵᠤ᠂ 3791 ᠲᠦᠮᠡᠨ ᠲᠦᠬᠦᠷᠢᠭ ᠵᠶ᠋ᠠᠷ ᠲᠤᠷᠭ᠋ᠠᠪᠠ; 99 ᠬᠡᠷᠡᠭ᠎ᠢ ᠬᠡᠷᠡᠭ ᠪᠤᠯᠭ᠋ᠠᠨ ᠲᠠᠩᠰᠠᠯᠠᠵᠤ ᠲᠤᠷᠰᠢᠨ ᠪᠠᠢ᠌ᠴᠠᠭ᠋ᠠᠵᠤ᠂ 22 ᠬᠥᠮᠤᠨ᠎ᠢ ᠲᠦᠷ ᠬᠤᠷᠢᠪᠠ; 223 ᠬᠥᠮᠤᠨ᠎ᠲᠠᠢ ᠪᠤᠯᠵᠤᠨ ᠶᠠᠷᠢᠯᠴᠠᠵᠤ᠂ 583 ᠬᠥᠮᠤᠨ᠎ᠠᠴᠠ ᠬᠠᠷᠢᠭᠤᠴᠠᠯᠭ᠎ᠠ ᠨᠡᠭᠡᠮᠵᠢᠯᠡᠪᠡ᠃  (ᠠᠷᠠᠳ᠎ᠤᠨ ᠰᠦᠯᠵᠢᠶ᠎ᠠ᠎ᠠᠴᠠ ᠬᠠᠭᠤᠯᠪᠤᠷᠢᠯᠠᠪᠠ)


ᠢᠷᠡᠯᠲᠡ᠄
          
ᠬᠠᠮᠢᠶ᠎ᠡ ᠪᠦᠬᠦᠢ ᠰᠣᠨᠢᠨ
2020 ᠤᠨ ᠪᠤᠯᠬᠤ᠎ᠳᠤ ᠶᠠᠳᠠᠭᠤ ᠬᠦᠴᠢᠷᠲᠡᠯ᠎ᠲᠠᠢ ᠬᠦᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠦᠬᠦ ᠲᠠᠯ᠎ᠠ᠎ᠪᠠᠷ ᠰᠢᠢ᠍ᠳᠪᠤᠷᠢᠯᠡᠨ᠎ᠡ
ᠪᠠᠶᠠᠨᠨᠠᠭᠤᠷ ᠬᠤᠲᠠ ᠪᠦᠬᠦ ᠤᠯᠤᠰ᠎ᠤᠨ ᠡᠯᠡᠰᠦᠷᠬᠡᠭᠵᠢᠯ᠎ᠢ ᠰᠡᠷᠭᠡᠢ᠌ᠯᠡᠨ ᠵᠠᠰᠠᠬᠤ ᠶᠡᠷᠦᠩᠬᠡᠢ᠌ᠯᠡᠭᠰᠡᠨ ᠵᠢᠱ᠌ᠢᠶ᠎ᠡ ᠦᠵᠡᠭᠦᠯᠬᠦ ᠤᠷᠤᠨ ᠵᠶ᠋ᠠᠷ ᠰᠤᠩᠭᠤᠭᠳᠠᠪᠠ
ᠠᠩᠬᠠᠳᠠᠭᠴᠢ ᠲᠤᠮᠤ ᠬᠡᠯᠪᠡᠷᠢ ᠵᠢᠨ ᠭᠡᠷᠡᠯ ᠢᠯᠴᠢ ᠵᠢᠨ ᠵᠢᠱ᠌ᠢᠶ᠎ᠡ ᠦᠵᠡᠬᠦᠯᠬᠦ ᠴᠠᠬᠢᠯᠭ᠋ᠠᠨ ᠦᠷᠳᠡᠭᠡ ᠠᠰᠢᠭᠯᠠᠯᠳᠠ᠎ᠳᠤ ᠤᠷᠤᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠠᠴᠠ ᠳᠠᠯᠠᠨ ᠬᠠᠷ᠎ᠠ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠬᠤᠷᠢᠶ᠎ᠠ ᠵᠢᠨ ᠲᠣᠭᠣᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ
ᠣᠯᠣᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠮᠡᠳᠡᠭᠡ ᠵᠠᠩᠭᠢ ᠵᠢᠨ ᠠᠯᠪᠠᠨ ᠭᠡᠷ᠎ᠤᠨ ᠡᠷᠬᠢᠯᠡᠭᠴᠢ ᠯᠢ ᠱ᠌ᠢ ᠳ᠋ᠦᠩ ᠵᠡᠷᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠲᠢᠩᠬᠢᠮ᠎ᠳᠤ ᠬᠦᠷᠴᠦ᠂ ᠮᠤᠵᠢ ᠵᠢᠨ ᠪᠦᠳᠤᠭᠡᠨ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠲᠦᠰᠦᠪ᠎ᠤᠨ ᠰᠢᠮᠳᠠᠭᠤᠯᠤᠨ ᠵᠢᠯᠣᠭᠣᠳᠬᠤ ᠠᠵᠢᠯ᠎ᠢ ᠶᠠᠪᠤᠭᠳᠠᠭᠤᠯᠪᠠ
 
             蒙ICP备05000248号