ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠠᠴᠠ ᠳᠠᠯᠠᠨ ᠬᠠᠷ᠎ᠠ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠬᠤᠷᠢᠶ᠎ᠠ ᠵᠢᠨ ᠲᠣᠭᠣᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ
ᠨᠡᠶ᠋ᠢᠲᠡᠯᠡᠭᠰᠡᠨ ᠴᠠᠭ᠄ 2018-10-19

     8 ᠰᠠᠷ᠎ᠠ ᠵᠢᠨ 22᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠲᠤᠰᠬᠠᠶ ᠰᠡᠳᠦᠪᠲᠦ ᠬᠤᠷᠠᠯ᠎ᠢ ᠬᠤᠷᠠᠯᠳᠤᠭᠤᠯᠵᠤ᠂ ᠥᠪᠥᠷ ᠮᠣᠩᠭᠣᠯ᠎ᠤᠨ ᠲᠠᠯᠠᠨ ᠬᠠᠷ᠎ᠠ ᠠᠭᠤᠯᠠᠨ᠎ᠤ ᠤᠯᠤᠰ᠎ᠤᠨ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠣᠯᠲᠠ ᠵᠢᠨ ᠲᠣᠪᠴᠢ᠊ ᠊ᠶ᠎ᠠ ᠵᠢᠨ ᠨᠠᠮ᠎ᠤᠨ ᠬᠣᠷᠢᠶᠠᠨ᠎ᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠳᠤᠭ᠋ᠠᠷ ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ 《ᠬᠥᠳᠡᠯᠦᠩᠭᠦᠢ ᠮᠠᠶᠢᠭ》 ᠵᠶ᠋ᠠᠷ ᠲᠣᠭᠣᠷᠢᠨ ᠪᠠᠶ᠋ᠢᠴᠠᠭ᠋ᠠᠭᠰᠠᠨ ᠬᠠᠷᠢᠭᠤ ᠲᠤᠰᠬᠠᠯ᠎ᠤᠨ ᠰᠠᠨᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠠᠢ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠮᠤ᠌ ᠶᠤᠸᠠᠨ᠎ᠠᠴᠠ ᠬᠤᠷᠠᠯ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠵᠢ ᠪᠠᠶ᠋ᠢᠴᠠᠭ᠋ᠠᠬᠤ ᠬᠤᠷᠢᠶ᠎ᠠ ᠵᠢᠨ ᠬᠢᠨᠠᠨ ᠪᠠᠶ᠋ᠢᠴᠠᠭ᠋ᠠᠬᠤ ᠵᠥᠪᠯᠡᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠤᠭᠤᠶ᠋ᠢᠯᠠᠩ᠎ᠤᠨ ᠳᠠᠷᠤᠭ᠎ᠠ ᠳ᠋ᠦᠩ ᠬᠣ᠌ ᠱᠧᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
      ᠬᠤᠷᠠᠯ ᠳᠡᠭᠡᠷ᠎ᠡ᠂ ᠥᠪᠥᠷ ᠮᠣᠩᠭᠣᠯ᠎ᠤᠨ ᠲᠠᠯᠠᠨ ᠬᠠᠷ᠎ᠠ ᠠᠭᠤᠯᠠᠨ᠎ᠤ ᠤᠯᠤᠰ᠎ᠤᠨ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶᠠᠨ᠎ᠤ ᠨᠠᠮ᠎ᠤᠨ ᠡᠭᠦᠷ᠎ᠤᠨ ᠱᠦᠵᠢ ᠪᠠᠶ ᠵᠢᠨ ᠰᠢᠶᠠᠨ᠎ᠠᠴᠠ ᠨᠠᠮ᠎ᠤᠨ ᠬᠣᠷᠢᠶ᠎ᠠ ᠵᠢ ᠲᠦᠯᠦᠭᠡᠯᠡᠨ᠂ ᠲᠣᠭᠣᠷᠢᠨ ᠪᠠᠶ᠋ᠢᠴᠠᠭ᠋ᠠᠵᠤ᠂ ᠬᠠᠷᠢᠭᠤ ᠲᠤᠰᠬᠠᠯ᠎ᠤᠨ ᠰᠠᠨᠠᠯ᠎ᠢ ᠴᠡᠭᠴᠡᠯᠡᠨ ᠵᠠᠰᠠᠬᠤ ᠲᠥᠰᠦᠯ ᠲᠣᠭᠲᠠᠭ᠋ᠠᠬᠤ ᠪᠠ ᠪᠣᠳᠠᠲᠠᠶ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠠᠬᠢᠴᠠ ᠵᠢᠨ ᠪᠠᠶ᠋ᠢᠳᠠᠯ ᠵᠡᠷᠭᠡ ᠵᠢᠨ ᠲᠤᠬᠠᠶ ᠲᠤᠰᠬᠠᠶ ᠬᠠᠷᠢᠭᠤ ᠮᠡᠳᠡᠭᠦᠯᠦᠯᠲᠡ ᠬᠢᠪᠡ᠃


ᠢᠷᠡᠯᠲᠡ᠄ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ
          
ᠬᠠᠮᠢᠶ᠎ᠡ ᠪᠦᠬᠦᠢ ᠰᠣᠨᠢᠨ
ᠣᠯᠣᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠮᠡᠳᠡᠭᠡ ᠵᠠᠩᠭᠢ ᠵᠢᠨ ᠠᠯᠪᠠᠨ ᠭᠡᠷ᠎ᠤᠨ ᠡᠷᠬᠢᠯᠡᠭᠴᠢ ᠯᠢ ᠱ᠌ᠢ ᠳ᠋ᠦᠩ ᠵᠡᠷᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠲᠢᠩᠬᠢᠮ᠎ᠳᠤ ᠬᠦᠷᠴᠦ᠂ ᠮᠤᠵᠢ ᠵᠢᠨ ᠪᠦᠳᠤᠭᠡᠨ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠲᠦᠰᠦᠪ᠎ᠤᠨ ᠰᠢᠮᠳᠠᠭᠤᠯᠤᠨ ᠵᠢᠯᠣᠭᠣᠳᠬᠤ ᠠᠵᠢᠯ᠎ᠢ ᠶᠠᠪᠤᠭᠳᠠᠭᠤᠯᠪᠠ
ᠶᠠᠳᠠᠭᠤ᠎ᠠᠴᠠ ᠠᠩᠭᠢᠵᠢᠷᠠᠨ ᠴᠢᠨᠡᠭᠡᠯᠢᠭᠵᠢᠬᠦ ᠵᠠᠮ ᠳᠡᠭᠡᠷᠡᠬᠢ ᠪᠠᠶᠠᠨ ᠤᠰᠤ ᠭᠠᠴᠠᠭ᠎ᠠ
ᠥᠪᠥᠷ ᠮᠣᠩᠭᠤᠯ᠎ᠤᠨ ᠠᠵᠢᠯ ᠣᠯᠭᠤᠯᠲᠠ᠎ᠪᠠᠷ ᠶᠠᠳᠠᠭᠤ ᠵᠢ ᠲᠡᠳᠬᠦᠬᠦ ᠲᠤᠰᠬᠠᠶ ᠠᠵᠢᠯᠲᠠᠨ ᠡᠯᠰᠡᠬᠦ ᠬᠤᠷᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠠᠵᠢᠯ᠎ᠤᠨ ᠶᠡᠷᠦᠩᠬᠡᠶ ᠦᠷᠳᠡᠭᠡᠨ᠎ᠤ ᠤᠳᠤᠷᠢᠳᠤᠯᠭ᠎ᠠ ᠵᠡᠭᠦᠨ ᠦᠵᠦᠮᠦᠴᠢᠨ ᠬᠣᠰᠢᠭᠤᠨ᠎ᠤ ᠣᠶ ᠰᠢᠭᠤᠶ ᠵᠢᠨ ᠠᠵᠢᠯ᠎ᠤᠨ ᠦᠷᠳᠡᠭᠡᠨ᠎ᠤ ᠤᠢ ᠰᠢᠭᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠳᠡᠯᠭᠡᠷᠡᠭᠦᠯᠬᠦ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠲᠤᠭᠤᠷᠢᠨ ᠦᠵᠡᠪᠡ
ᠨᠤᠲᠤᠭ ᠪᠡᠯᠴᠢᠭᠡᠷ᠎ᠢ ᠬᠠᠮᠠᠭ᠋ᠠᠯᠠᠬᠤ᠎ᠪᠠᠷ ᠳᠦᠯᠦᠪᠯᠡᠭᠰᠡᠨ ᠵᠠᠷᠢᠮ ᠵᠦᠢ᠍ᠯᠡᠰ᠎ᠨᠢ ᠭᠡᠲᠡᠷᠬᠦ᠎ᠪᠠᠨ ᠲᠠᠯ᠎ᠠ ᠨᠤᠲᠤᠭ᠎ᠤᠨ ᠠᠮᠢ ᠠᠬᠤᠢ ᠵᠢ ᠦᠭᠡᠢ᠌ᠬᠢᠵᠦ ᠪᠠᠢ᠌ᠨ᠎ᠠ
 
             蒙ICP备05000248号