ᠭᠡᠷᠡᠯ ᠵᠢᠷᠤᠭ᠎ᠤᠨ ᠰᠡᠳᠦᠪ᠄ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠠᠴᠠ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ
ᠵᠣᠬᠢᠶᠠᠭᠴᠢ ᠵᠢᠨ ᠨᠡᠷ᠎ᠡ᠄ ᠨᠠᠴᠢᠨ
ᠵᠣᠬᠢᠶᠠᠭᠴᠢ ᠵᠢᠨ ᠬᠠᠶᠢᠭ᠄ ᠥᠪᠥᠷ ᠮᠣᠩᠭᠣᠯ᠎ᠤᠨ ᠣᠶ ᠰᠢᠭᠤᠶ ᠵᠢᠨ ᠲᠢᠩᠬᠢᠮ
ᠰᠡᠭᠦᠳᠡᠷᠯᠡᠭᠰᠡᠨ ᠭᠠᠵᠠᠷ᠄ ᠥᠪᠥᠷ ᠮᠣᠩᠭᠣᠯ᠎ᠤᠨ ᠣᠶ ᠰᠢᠭᠤᠶ ᠵᠢᠨ ᠲᠢᠩᠬᠢᠮ
ᠰᠡᠭᠦᠳᠡᠷᠯᠡᠭᠰᠡᠨ ᠴᠠᠭ᠄ 2018-9
ᠭᠡᠷᠡᠯ ᠵᠢᠷᠤᠭ᠎ᠤᠨ ᠲᠣᠪᠴᠢ ᠲᠠᠨᠢᠯᠴᠠᠭᠤᠯᠭ᠎ᠠ᠄ 9 ᠰᠠᠷ᠎ᠠ ᠵᠢᠨ 7᠎ᠤ ᠡᠳᠦᠷ᠎ᠤᠨ ᠦᠳᠡ ᠵᠢᠨ ᠡᠮᠦᠨ᠎ᠡ᠂ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠮᠡᠳᠡᠭᠡ ᠵᠠᠩᠭᠢ ᠵᠢᠨ ᠠᠯᠪᠠᠨ ᠭᠡᠷ᠎ᠤᠨ ᠡᠷᠬᠢᠯᠡᠭᠴᠢ ᠯᠢ ᠱ᠌ᠢ ᠳ᠋ᠦᠩ ᠵᠡᠷᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠲᠢᠩᠬᠢᠮ᠎ᠳᠤ ᠰᠠᠭ᠋ᠠᠳᠠᠨ᠂ ᠪᠦᠬᠦ ᠤᠯᠤᠰ᠎ᠤᠨ ᠤᠢ ᠰᠢᠭᠤᠢ ᠵᠢᠨ ᠮᠡᠳᠡᠭᠡ ᠵᠠᠩᠭᠢᠵᠢᠯᠲᠠ ᠵᠢᠨ ᠵᠢᠱ᠌ᠢᠶ᠎ᠡ ᠦᠵᠡᠭᠦᠯᠬᠦ ᠮᠤᠵᠢ ᠵᠢᠨ ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠰᠢᠮᠳᠠᠭᠤᠯᠤᠨ ᠵᠢᠯᠣᠭᠣᠳᠬᠤ ᠠᠵᠢᠯ᠎ᠢ ᠶᠠᠪᠤᠭᠳᠠᠭᠣᠯᠵᠣ᠂ ᠣᠶ ᠰᠢᠭᠤᠶ ᠵᠢᠨ ᠲᠢᠩᠬᠢᠮ᠎ᠤᠨ ᠭᠠᠯ᠎ᠢ ᠰᠡᠷᠭᠡᠶ᠋ᠢᠯᠡᠬᠦ ᠠᠵᠢᠯ᠎ᠤᠨ ᠳᠡᠳ᠋ ᠶᠡᠷᠦᠩᠬᠡᠢ ᠵᠢᠯᠤᠭᠤᠳᠤᠭᠴᠢ ᠸᠠᠩ ᠼᠠᠢ ᠸᠠᠩ᠂ ᠮᠡᠳᠡᠭᠡ ᠵᠠᠩᠭᠢ ᠵᠢᠨ ᠲᠥᠪ᠎ᠤᠨ ᠡᠷᠬᠢᠯᠡᠭᠴᠢ ᠳ᠋ᠣᠸᠠᠨ ᠴᠢᠩ ᠵᠡᠷᠭᠡ ᠬᠤᠷᠠᠯ᠎ᠳᠤ ᠣᠷᠣᠯᠴᠠᠪᠠ᠃ ᠬᠤᠷᠠᠯ᠎ᠤᠨ ᠲᠠᠷᠠᠭ᠎ᠠ᠂ ᠯᠢ ᠱ᠌ᠢ ᠳ᠋ᠦᠩ ᠡᠷᠬᠢᠯᠡᠭᠴᠢ ᠵᠠᠷᠭᠡ ᠤᠢ ᠰᠢᠭᠤᠢ ᠵᠢᠨ ᠲᠢᠩᠬᠢᠮ᠎ᠤᠨ ᠳᠠᠷᠤᠭ᠎ᠠ ᠮᠥ᠍ ᠶᠤᠸᠠᠨ᠂ ᠭᠠᠯ᠎ᠢ ᠰᠡᠷᠭᠡᠶ᠋ᠢᠯᠡᠬᠦ ᠠᠵᠢᠯ᠎ᠤᠨ ᠳᠡᠳ᠋ ᠶᠡᠷᠦᠩᠬᠡᠢ ᠵᠢᠯᠤᠭᠤᠳᠤᠭᠴᠢ ᠸᠠᠩ ᠼᠠᠢ ᠸᠠᠩ ᠵᠡᠷᠭᠡ ᠬᠥᠮᠦᠰ ᠬᠠᠮᠲᠤ᠎ᠪᠠᠷ ᠣᠶ ᠰᠢᠭᠤᠶ ᠵᠢᠨ ᠲᠢᠩᠬᠢᠮ ᠬᠠᠷᠠᠭ᠋ᠠᠨ ᠳᠠᠪᠲᠠᠮᠵᠢ ᠵᠢᠨ ᠬᠤᠷᠠᠯ᠎ᠤᠨ ᠭᠡᠷ᠂ ᠳᠣᠲᠣᠷ᠎ᠠ ᠭᠠᠳᠠᠷ ᠰᠦᠯᠵᠢᠶ᠎ᠡ ᠵᠢᠨ ᠮᠠᠰᠢᠨ᠎ᠤ ᠥᠷᠥᠭᠡ ᠵᠢ ᠲᠣᠭᠣᠷᠢᠨ ᠦᠵᠡᠭᠰᠡᠨ ᠪᠥᠭᠡᠳ ᠤᠢ ᠰᠢᠭᠤᠶ ᠵᠢᠨ ᠲᠢᠩᠬᠢᠮ᠎ᠤᠨ ᠮᠣᠩᠭᠣᠯ ᠬᠡᠯᠡᠨ᠎ᠤ ᠰᠦᠯᠵᠢᠶ᠎ᠡ ᠵᠢ ᠦᠵᠡᠪᠡ᠃
