ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ 6 ᠰᠠᠷ᠎ᠠ ᠵᠢᠨ 1᠎ᠤ ᠡᠳᠦᠷ᠎ᠤᠨ ᠮᠡᠳᠡᠭᠡ
ᠣᠳᠣ ᠰᠢᠪᠠᠭᠤᠨ᠎ᠤ ᠲᠥᠷᠥᠯ᠎ᠤᠨ ᠦᠷᠡᠵᠢᠯ᠎ᠤᠨ ᠬᠠᠮᠤᠭ ᠰᠠᠢ᠌ᠨ ᠤᠯᠠᠷᠢᠯ ᠶᠤᠮ᠃ ᠬᠠᠨ ᠠᠭᠤᠯᠠ ᠵᠢᠨ ᠬᠠᠮᠠᠭ᠋ᠠᠯᠠᠯᠲᠠ ᠵᠢᠨ ᠣᠷᠣᠨ᠎ᠳᠤ ᠨᠡᠯᠢᠶᠡᠳ ᠲᠣᠭ᠋ᠠᠨ᠎ᠤ ᠰᠢᠪᠠᠭᠤᠨ᠎ᠤ ᠲᠥᠷᠥᠯ ᠠᠭ᠋ᠠᠷ᠎ᠲᠤ ᠬᠠᠯᠢᠨ ᠪᠥᠵᠢᠭᠯᠡᠵᠤ᠂ ᠬᠡᠭᠡᠷ᠎ᠡ ᠵᠢᠨ ᠨᠤᠭᠤᠰᠤ ᠵᠡᠷᠭᠡ ᠣᠰᠣᠨ ᠰᠢᠪᠠᠭᠤ ᠡᠷᠬᠡ ᠴᠢᠯᠥᠭᠡ᠎ᠲᠠᠢ᠎ᠪᠠᠷ ᠨᠠᠭ᠋ᠠᠳᠴᠤ ᠪᠠᠢ᠌ᠭ᠎ᠠ ᠵᠢ ᠣᠯᠵᠤ ᠦᠵᠡᠬᠦ ᠪᠣᠯᠤᠨ᠎ᠠ᠃ ᠬᠠᠮᠠᠭ᠋ᠠᠯᠠᠯᠲᠠ ᠵᠢᠨ ᠣᠷᠣᠨ᠎ᠤ ᠬᠢᠨᠠᠨ ᠬᠡᠮᠵᠢᠬᠦ ᠠᠵᠢᠯᠳᠠᠨ᠎ᠠᠴᠠ ᠬᠠᠷ᠎ᠠ ᠥᠷᠪᠢ᠂ ᠲᠣᠭᠣᠳᠠᠭ ᠵᠡᠷᠭᠡ ᠤᠯᠠᠨ ᠵᠦᠢ᠍ᠯ᠎ᠤᠨ ᠤᠯᠤᠰ᠎ᠤᠨ ᠲᠠᠰ᠎ᠤᠨ ᠬᠡᠭᠡᠷ᠎ᠡ ᠵᠢᠨ ᠰᠢᠪᠠᠭᠤᠳ ᠬᠠᠮᠠᠭ᠋ᠠᠯᠠᠯᠲᠠ ᠵᠢᠨ ᠣᠷᠣᠨ᠎ᠳᠤ ᠡᠭᠦᠷ ᠪᠠᠷᠢᠵᠤ᠂ ᠰᠢᠨ᠎ᠡ ᠠᠮᠢ ᠠᠮᠢᠵᠢᠷᠠᠯ ᠪᠣᠶ᠋ᠢᠵᠢᠭᠤᠯᠤᠭᠰᠠᠨ ᠪᠠᠢ᠌ᠳᠠᠯ᠎ᠢ ᠳᠠᠬᠢᠨᠲᠠ ᠣᠯᠵᠤ ᠬᠠᠷᠠᠪᠠ᠃
ᠦᠢ᠍ᠷ᠎ᠡ ᠵᠢᠨ ᠵᠢᠯ᠎ᠠᠴᠠ ᠨᠠᠰᠢ᠂ ᠠᠵᠤ ᠬᠠᠮᠠᠭ᠋ᠠᠯᠠᠯᠲᠠ ᠵᠢᠨ ᠣᠷᠣᠨ᠎ᠤ ᠡᠯ᠎ᠡ ᠵᠦᠢ᠍ᠯ᠎ᠤᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠲᠠᠰᠤᠷᠠᠯᠳᠡ ᠦᠬᠡᠢ ᠴᠢᠩᠭ᠋ᠠᠳᠬᠠᠬᠣ ᠵᠢ ᠳᠠᠭ᠋ᠠᠯᠳᠣᠨ᠂ ᠠᠮᠢ ᠠᠬᠤᠶ ᠵᠢᠨ ᠣᠷᠴᠢᠨ ᠨᠥᠬᠥᠴᠡᠯ ᠲᠦᠷᠭᠡᠨ ᠰᠡᠷᠭᠦᠭᠡᠪᠡ᠃ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠲᠤᠩᠭ᠋ᠠᠯᠠᠭ ᠭᠤᠤᠯ ᠭᠤᠷᠤᠬ᠎ᠠ᠂ ᠣᠯᠠᠨ ᠲᠠᠷᠬᠠᠬᠰᠠᠨ ᠨᠤᠭᠤ ᠭᠠᠵᠠᠷ᠂ ᠢᠭᠴᠤ ᠰᠠᠬᠤᠯᠢᠭ ᠪᠣᠲᠠ ᠰᠥᠭᠡᠭ᠂ ᠠᠭᠤᠯᠠᠷᠬᠠᠭ ᠭᠠᠵᠠᠷ᠎ᠤᠨ ᠨᠤᠭᠤ ᠭᠠᠵᠠᠷ ᠪᠠ ᠡᠭᠴᠡ ᠴᠢᠯᠠᠭᠤᠯᠢᠭ᠎ᠤᠨ ᠬᠠᠨ᠎ᠠ᠂ ᠢᠯᠠᠩᠭᠤᠶ᠎ᠠ ᠦᠷᠭᠦᠯᠵᠢᠯᠡᠭᠰᠡᠨ ᠥᠷᠭᠡᠨ ᠠᠭᠤᠳᠠᠮ ᠪᠠᠶ᠋ᠢᠭ᠋ᠠᠯᠢ ᠵᠢᠨ ᠬᠣᠶ᠋ᠢᠨ᠎ᠠ ᠪᠣᠯᠤᠭᠰᠠᠨ ᠤᠢ᠎ᠨᠢ ᠡᠯ᠎ᠡ ᠵᠦᠢ᠍ᠯ᠎ᠤᠨ ᠰᠢᠪᠠᠭᠤᠳ᠎ᠤᠨ ᠣᠷᠣᠰᠢᠨ ᠠᠮᠢᠳᠤᠷᠠᠬᠤ᠎ᠳᠤ ᠲᠡᠭᠦᠯᠳᠡᠷ ᠰᠠᠢ᠌ᠨ ᠣᠷᠴᠢᠨ ᠲᠣᠭᠣᠷᠢᠨ ᠬᠠᠩᠭ᠋ᠠᠵᠣ ᠦᠭᠴᠡᠢ᠃ ᠠᠮᠢ ᠠᠬᠤᠶ ᠤᠯᠠᠮ ᠰᠠᠶ᠋ᠢᠵᠢᠷᠠᠭᠰᠠᠨ᠎ᠠᠴᠠ ᠮᠠᠰᠢ ᠣᠯᠠᠨ ᠬᠣᠪᠣᠷ ᠴᠤᠬᠠᠭ ᠰᠢᠪᠠᠭᠤᠨ᠎ᠤ ᠲᠥᠷᠥᠯ᠎ᠢ ᠲᠠᠲᠠᠵᠣ᠂ ᠬᠠᠨ ᠠᠭᠤᠯᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠨᠢ ᠨᠢᠭᠡᠨᠲᠡ ᠨᠡᠭᠦᠳᠡᠯ᠎ᠤᠨ ᠰᠢᠪᠠᠭᠤᠨ᠎ᠤ ᠣᠷᠣᠰᠢᠨ ᠠᠮᠢᠳᠤᠷᠠᠬᠤ ᠴᠢᠬᠤᠯᠠ ᠦᠷᠲᠡᠭᠡ ᠪᠣᠯᠤᠭᠰᠠᠨ ᠪᠠᠶ᠋ᠢᠨ᠎ᠠ᠃ ᠨᠡᠶ᠋ᠢᠳᠡᠮ ᠪᠠᠶ᠋ᠢᠴᠠᠭ᠋ᠠᠯᠲᠠ ᠵᠢᠨ ᠪᠦᠷᠢᠳᠬᠡᠯ᠎ᠢ ᠦᠨᠳᠦᠰᠦᠯᠡᠪᠡᠯ᠂ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠨᠢᠭᠡᠨᠲᠡ 120 ᠭᠠᠷᠤᠶ ᠰᠢᠪᠠᠭᠤᠨ᠎ᠤ ᠲᠦᠷᠦᠯ ᠲᠡᠮᠲᠡᠭᠯᠡᠭᠳᠡᠭᠡᠳ᠂ ᠰᠢᠪᠠᠭᠤᠨ᠎ᠤ ᠲᠥᠷᠥᠯ᠎ᠤᠨ ᠣᠯᠠᠨ ᠶᠠᠩᠵᠤᠲᠤ ᠴᠢᠨᠠᠷ ᠨᠡᠯᠢᠶᠡᠳ ᠥᠨᠳᠥᠷ ᠪᠠᠢ᠌ᠬᠣ ᠵᠢ ᠢᠯᠡᠷᠡᠭᠦᠯᠦᠭᠰᠡᠨ ᠪᠠᠶ᠋ᠢᠨ᠎ᠠ᠃ ᠡᠨᠡ ᠪᠣᠯ ᠮᠠᠨ᠎ᠤ ᠬᠣᠰᠢᠭᠤᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠴᠢᠬᠤᠯᠠ ᠦᠷ᠎ᠡ ᠪᠦᠲᠦᠭᠡᠯ᠎ᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠭᠰᠠᠨ ᠦᠷ᠎ᠡ ᠪᠦᠲᠦᠭᠡᠯ ᠮᠦᠨ᠃
![]()
![]()
![]()