ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠪᠠᠭ᠎ᠠ ᠬᠣᠰᠢᠭᠤᠨ᠎ᠤ ᠣᠢ ᠰᠢᠭᠣᠢ ᠣᠰᠣᠨ ᠠᠰᠢᠭᠯᠠᠯᠲᠠ ᠵᠢᠨ ᠲᠣᠪᠴᠢᠶ᠎ᠠ ᠬᠦᠴᠦᠨ ᠵᠶ᠋ᠠᠨ ᠲᠥᠪᠯᠡᠷᠡᠭᠦᠯᠦᠨ ᠵᠦᠢ᠍ᠯᠡᠰ᠎ᠢ ᠡᠮᠬᠢᠯᠡᠨ ᠨᠡᠶ᠋ᠢᠯᠡᠭᠦᠯᠵᠦ᠂ ᠡᠯᠡᠰᠦᠨ᠎ᠤ ᠡᠬᠢ ᠵᠢ ᠵᠠᠰᠠᠬᠤ᠎ᠳᠤ ᠭᠣᠣᠯᠳᠠᠯᠭ᠎ᠠ᠎ᠲᠠᠢ ᠰᠢᠪᠲᠤᠯᠤᠯᠲᠠ ᠬᠢᠵᠡᠢ
ᠨᠡᠶ᠋ᠢᠲᠡᠯᠡᠭᠰᠡᠨ ᠴᠠᠭ᠄ 2018-06-01

      ᠤᠢ ᠰᠢᠭᠤᠶ ᠵᠢᠨ ᠲᠢᠩᠬᠢᠮ᠂ ᠵᠠᠰᠠᠭ᠎ᠤᠨ ᠣᠷᠳᠣᠨ᠎ᠤ ᠰᠦᠯᠵᠢᠶᠡᠨ᠎ᠤ 6 ᠰᠠᠷ᠎ᠠ ᠵᠢᠨ 1᠎ᠤ ᠡᠳᠦᠷ᠎ᠤᠨ ᠮᠡᠳᠡᠭᠡ

      ᠣᠶ᠋ᠢᠷ᠎ᠠ ᠵᠢᠨ ᠵᠢᠯ᠎ᠠᠴᠠ ᠠᠮᠢ ᠠᠬᠤᠶ ᠵᠢᠨ ᠪᠦᠳᠦᠭᠡᠨ ᠪᠠᠶ᠋ᠢᠭᠤᠯᠤᠯᠲᠠ ᠵᠢ ᠠᠯᠬᠤᠮ ᠠᠯᠬᠤᠮ ᠵᠶ᠋ᠠᠷ ᠤᠷᠤᠭᠰᠢᠯᠠᠬᠤ ᠵᠢ ᠳᠠᠭ᠋ᠠᠯᠳᠤᠨ᠂ ᠵᠠᠷᠢᠮ᠎ᠨᠢ ᠬᠡᠰᠡᠭ ᠬᠡᠰᠡᠭ ᠵᠶ᠋ᠠᠷ ᠲᠥᠪᠯᠡᠷᠡᠵᠦ᠂ ᠠᠮᠠᠷᠬᠠᠨ ᠨᠠᠶ᠋ᠢᠳᠠᠪᠤᠷᠢᠵᠢᠭᠤᠯᠳᠠᠭ᠂ ᠢᠨᠵᠧᠨᠧᠷᠢᠩ᠎ᠢ ᠬᠡᠷᠡᠭᠵᠢᠭᠦᠯᠬᠦ᠎ᠳᠤ ᠳᠥᠭᠥᠮ ᠭᠠᠵᠠᠷ᠎ᠢ ᠨᠢᠭᠡᠨᠲᠡ ᠶᠡᠬᠡᠩᠭᠢ ᠵᠢ᠎ᠨᠢ ᠵᠠᠰᠠᠵᠤ᠂ ᠨᠢᠳᠦᠨ ᠡᠮᠦᠨ᠎ᠡ ᠲᠤᠯᠭ᠋ᠠᠷᠠᠭᠰᠠᠨ ᠠᠰᠠᠭᠤᠳᠠᠯ᠎ᠨᠢ ᠵᠠᠮ ᠬᠠᠷᠢᠯᠴᠠᠭ᠎ᠠ ᠳᠥᠭᠥᠮ ᠦᠭᠡᠢ᠂ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠪᠡᠷᠬᠡᠲᠡᠶ ᠬᠤᠯᠠ ᠠᠭᠤᠯᠠᠨ᠎ᠤ ᠡᠯᠡᠰᠦᠷᠬᠡᠭ ᠭᠠᠵᠠᠷ᠂ ᠡᠭᠦᠨ᠎ᠤ ᠲᠤᠯᠠᠳᠠ ᠠᠪᠠᠭ᠎ᠠ ᠬᠣᠰᠢᠭᠤᠨ᠎ᠤ ᠣᠢ ᠰᠢᠭᠣᠢ ᠵᠢᠨ ᠣᠰᠣᠨ ᠠᠰᠢᠬᠯᠠᠯᠲᠠ ᠵᠢᠨ ᠲᠣᠪᠴᠢᠶ᠎ᠠ᠎ᠨᠢ ᠬᠦᠴᠦᠨ ᠵᠶ᠋ᠠᠨ ᠲᠥᠪᠯᠡᠷᠡᠭᠦᠯᠦᠨ ᠵᠦᠢ᠍ᠯᠡᠰ᠎ᠢ ᠡᠮᠬᠢᠯᠡᠨ ᠨᠡᠶ᠋ᠢᠯᠡᠭᠦᠯᠵᠦ᠂ ᠬᠠᠲᠠᠭᠤ ᠪᠡᠷᠬᠡᠰᠢᠶᠡᠯ᠎ᠢ ᠲᠤᠭᠤᠯᠤᠨ ᠳᠠᠪᠠᠵᠤ᠂ ᠪᠡᠭᠡᠵᠢᠩ ᠲᠢᠶᠠᠨᠵᠢᠨ᠎ᠤ ᠰᠠᠯᠬᠢ ᠲᠣᠭᠣᠰᠣᠨ᠎ᠤ ᠡᠬᠢ ᠰᠤᠷᠪᠤᠯᠵᠢ ᠵᠢ ᠵᠠᠰᠠᠬᠤ ᠵᠦᠢ᠍ᠯᠡᠰ᠎ᠤᠨ ᠳᠣᠲᠣᠷᠠᠬᠢ ᠨᠢᠰᠬᠡᠯ ᠵᠶ᠋ᠠᠷ ᠳᠠᠷᠢᠵᠤ ᠣᠶ᠋ᠢᠵᠢᠭᠤᠯᠬᠤ᠂ ᠡᠯᠡᠰᠦ ᠵᠢ ᠲᠣᠭᠲᠠᠪᠤᠷᠢᠵᠢᠭᠤᠯᠬᠤ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠵᠠᠰᠠᠭᠰᠠᠨ ᠦᠷ᠎ᠡ ᠪᠦᠲᠦᠮᠵᠢ᠎ᠪᠠᠨ ᠴᠢᠷᠮᠠᠶ᠋ᠢᠨ ᠳᠡᠭᠡᠭᠰᠢᠯᠡᠭᠦᠯᠦᠨ᠎ᠡ᠃ ᠡᠩ ᠲᠡᠷᠢᠭᠦᠨ᠎ᠳᠤ᠂ ᠨᠢᠰᠬᠡᠯ ᠵᠶ᠋ᠠᠷ ᠳᠠᠷᠢᠵᠤ ᠣᠶ᠋ᠢᠵᠢᠭᠤᠯᠬᠤ ᠵᠦᠢ᠍ᠯᠡᠰ᠎ᠤᠨ ᠣᠷᠣᠨ᠎ᠤ ᠡᠯᠡᠰᠦᠷᠬᠡᠭ ᠭᠠᠵᠠᠷ᠂ ᠡᠯᠡᠰᠦᠨ ᠳᠣᠪᠣ ᠳᠡᠭᠡᠷ᠎ᠡ ᠲᠡᠩᠴᠡᠭᠦᠦ ᠥᠨᠳᠥᠷ᠎ᠤᠨ ᠱᠤᠭᠤᠮ ᠪᠠ ᠡᠭᠴᠡ ᠲᠡᠩᠴᠡᠭᠦᠦ ᠥᠨᠳᠥᠷ᠎ᠤᠨ ᠱᠤᠭᠤᠮ ᠳᠠᠭ᠋ᠠᠤ 2 × 2 ᠮᠧᠲᠷ ᠡᠪᠡᠰᠦᠲᠦ ᠳᠥᠷᠪᠡᠯᠵᠢᠨ ᠡᠯᠡᠰᠦᠨ᠎ᠤ ᠬᠠᠯᠬᠠᠪᠴᠢ ᠳᠡᠪᠢᠰᠴᠦ᠂ ᠡᠯᠡᠰᠦᠷᠬᠡᠭ ᠭᠠᠵᠠᠷ᠎ᠢ ᠲᠤᠭᠲᠠᠪᠤᠷᠢᠵᠢᠭᠤᠯᠵᠤ᠂ ᠦᠷ᠎ᠡ ᠵᠢᠨ ᠣᠷᠣᠨ ᠰᠢᠯᠵᠢᠴᠡ ᠵᠢ ᠪᠠᠭ᠋ᠠᠰᠬᠠᠵᠤ᠂ ᠪᠣᠷᠣᠭ᠋ᠠᠨ᠎ᠤ ᠤᠯᠠᠷᠢᠯ᠎ᠤᠨ ᠦᠶ᠎ᠡ᠎ᠳᠤ᠂ ᠲᠤᠬᠢᠷᠠᠮᠵᠢᠲᠠᠢ᠎ᠪᠠᠷ ᠲᠠᠷᠢᠵᠤ ᠣᠶ᠋ᠢᠵᠢᠭᠤᠯᠪᠠᠯ ᠵᠠᠰᠠᠭᠰᠠᠨ ᠦᠷ᠎ᠡ ᠪᠦᠲᠦᠮᠵᠢ᠎ᠪᠠᠨ ᠪᠦᠲᠦᠮᠵᠢᠲᠡᠶ᠎ᠪᠠᠷ ᠳᠡᠭᠡᠭᠰᠢᠯᠡᠭᠦᠯᠵᠦ ᠳᠡᠢ᠌ᠯᠦᠨ᠎ᠡ᠃

ᠢᠷᠡᠯᠲᠡ᠄ ᠰᠢᠯᠢ ᠵᠢᠨ ᠭᠣᠣᠯ ᠠᠢ᠌ᠮᠠᠭ᠎ᠤᠨ ᠣᠢ ᠰᠢᠭᠤᠢ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠰᠢᠯᠢᠨᠬᠤᠲᠠ ᠵᠢᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠬᠠᠢ᠌ᠷᠠᠭᠤᠴᠠᠢ ᠰᠢᠪᠠᠭᠤ ᠵᠢ ᠬᠠᠮᠠᠭ᠋ᠠᠯᠠᠬᠤ ᠠᠵᠢᠯᠯᠠᠭ᠎ᠠ ᠬᠢᠵᠦ ᠪᠤᠢ
ᠰᠢᠯᠢ ᠵᠢᠨ ᠭᠣᠣᠯ ᠠᠶ᠋ᠢᠮᠠᠭ᠎ᠤᠨ ᠨᠣᠭᠣᠭ᠋ᠠᠷᠠᠭᠤᠯᠣᠯᠲᠠ ᠵᠢᠨ ᠠᠵᠢᠯ᠎ᠤᠨ ᠰᠠᠭᠤᠳᠠᠯ᠎ᠤᠨ ᠬᠤᠷᠠᠯ ᠰᠢᠯᠢᠨᠬᠤᠲᠠ᠎ᠳᠤ ᠬᠤᠷᠠᠯᠳᠤᠪᠠ
ᠰᠢ ᠵᠢᠨ ᠫᠢᠩ 《ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠳᠠᠭᠤᠨ》 ᠵᠶ᠋ᠠᠷ ᠠᠷᠠᠳ᠎ᠤᠨ ᠰᠡᠳᠬᠢᠯ᠎ᠢ ᠨᠡᠪᠲᠡᠷᠡᠭᠦᠯᠬᠦ 《ᠬᠥᠭᠥᠷᠭᠡ ᠲᠠᠯᠪᠢᠨ᠎ᠠ》
ᠬᠢᠩᠭ᠋ᠠᠨ ᠠᠶ᠋ᠢᠮᠠᠭ᠎ᠤᠨ ᠤᠯᠠᠭ᠋ᠠᠨᠬᠣᠲᠠ (ᠡᠦ ᠴᠠ ᠭᠧᠤ) ᠠᠭ᠋ᠠᠷ ᠠᠶᠠᠯᠠᠯ᠎ᠤᠨ ᠤᠢ ᠰᠢᠭᠤᠶ ᠬᠠᠮᠠᠭ᠋ᠠᠯᠠᠬᠤ ᠦᠷᠲᠡᠭᠡ ᠶᠡᠬᠡ ᠬᠢᠩᠭ᠋ᠠᠨ ᠳᠠᠪᠠᠭ᠎ᠠ ᠵᠢᠨ ᠲᠦᠢ᠍ᠮᠡᠷ᠎ᠢ ᠣᠨᠲᠠᠷᠭ᠋ᠠᠬᠣ᠎ᠳᠤ ᠲᠤᠰᠠᠯᠠᠪᠠ
ᠬᠦᠯᠦᠨ ᠪᠣᠶ᠋ᠢᠷ᠎ᠤᠨ ᠶᠠᠭᠰᠢ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ᠎ᠨᠢ ᠤᠨᠤᠪᠴᠢᠲᠠᠢ᠎ᠪᠠᠷ ᠶᠠᠳᠠᠭᠤ ᠵᠢ ᠲᠡᠳᠬᠦᠬᠦ᠎ᠳᠤ ᠳᠡᠮᠵᠢᠯᠭᠡ ᠦᠵᠡᠭᠦᠯᠪᠡ
 
             蒙ICP备05000248号