ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠰᠢᠯᠢᠨᠬᠤᠲᠠ ᠵᠢᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠬᠠᠢ᠌ᠷᠠᠭᠤᠴᠠᠢ ᠰᠢᠪᠠᠭᠤ ᠵᠢ ᠬᠠᠮᠠᠭ᠋ᠠᠯᠠᠬᠤ ᠠᠵᠢᠯᠯᠠᠭ᠎ᠠ ᠬᠢᠵᠦ ᠪᠤᠢ
ᠨᠡᠶ᠋ᠢᠲᠡᠯᠡᠭᠰᠡᠨ ᠴᠠᠭ᠄ 2018-06-01

      ᠤᠢ ᠰᠢᠭᠤᠶ ᠵᠢᠨ ᠲᠢᠩᠬᠢᠮ᠂ ᠵᠠᠰᠠᠭ᠎ᠤᠨ ᠣᠷᠳᠣᠨ᠎ᠤ ᠰᠦᠯᠵᠢᠶᠡᠨ᠎ᠤ 6 ᠰᠠᠷ᠎ᠠ ᠵᠢᠨ 1᠎ᠤ ᠡᠳᠦᠷ᠎ᠤᠨ ᠮᠡᠳᠡᠭᠡ

      ᠬᠠᠢ᠌ᠷᠠᠭᠤᠴᠠᠢ ᠰᠢᠪᠠᠭᠤ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ᠎ᠤ ᠰᠢᠪᠠᠭᠤ ᠮᠦᠨ᠂ ᠥᠪᠡᠷᠮᠢᠴᠡ ᠭᠤᠢ᠌ᠳᠠ ᠰᠠᠶ᠋ᠢᠬᠠᠨ ᠳᠠᠭᠣᠨ᠎ᠲᠠᠢ ᠶᠤᠮ᠃ ᠬᠠᠢ᠌ᠷᠠᠭᠤᠴᠠᠢ ᠰᠢᠪᠠᠭᠤ ᠤᠳᠤ ᠶᠠᠭ ᠦᠷᠡᠵᠢᠯ᠎ᠤᠨ ᠬᠤᠭᠤᠴᠠᠭ᠋ᠠᠨ᠎ᠳᠠᠭᠠᠨ ᠪᠠᠢ᠌ᠵᠣ᠂ ᠮᠦᠨ ᠴᠤ᠌ ᠵᠠᠷᠢᠮ ᠬᠠᠤᠯᠢ ᠪᠤᠰᠤ ᠡᠲᠡᠭᠡᠳ᠎ᠠᠴᠠ ᠳᠡᠭᠳᠡᠭᠡᠬᠡᠶ ᠵᠢ ᠣᠯᠠᠨ ᠬᠤᠯᠠᠭ᠋ᠠᠶ᠋ᠢᠯᠠᠨ ᠠᠩᠨᠠᠬᠣ ᠴᠠᠭ ᠬᠤᠭᠤᠴᠠᠭ᠎ᠠ ᠵᠢᠨ ᠤᠷᠭᠢᠯ ᠮᠦᠨ᠃ ᠳᠡᠭᠡᠷ᠎ᠡ ᠱᠠᠲᠤᠨ᠎ᠤ ᠲᠣᠬᠢᠷᠠᠭᠤᠯᠤᠨ ᠪᠠᠶ᠋ᠢᠷᠢᠯᠠᠭᠤᠯᠲᠠ ᠵᠢ ᠦᠨᠳᠦᠰᠦᠯᠡᠵᠦ᠂ ᠰᠢᠯᠢᠨᠬᠤᠲᠠ ᠵᠢᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠰᠢᠯᠢᠨᠬᠤᠲᠠ ᠵᠢᠨ ᠬᠠᠢ᠌ᠷᠠᠭᠤᠴᠠᠢ ᠰᠢᠪᠠᠭᠤ ᠵᠢᠨ ᠣᠷᠣᠰᠢᠨ ᠠᠮᠢᠳᠤᠷᠠᠳᠠᠭ ᠦᠷᠡᠵᠢᠯ᠎ᠤᠨ ᠭᠠᠵᠠᠷ᠎ᠲᠤ ᠭᠣᠣᠯᠳᠠᠯᠭ᠎ᠠ᠎ᠲᠠᠢ ᠣᠷᠣᠨ ᠪᠦᠰᠡ ᠵᠢᠨ ᠬᠠᠮᠠᠭ᠋ᠠᠯᠠᠯᠲᠠ ᠵᠢᠨ ᠠᠵᠢᠯ᠎ᠢ ᠥᠷᠨᠢᠭᠦᠯᠪᠡ᠃ ᠡᠯ᠎ᠡ ᠲᠣᠮᠢᠯᠠᠭᠰᠠᠨ ᠰᠠᠯᠪᠤᠷᠢ᠎ᠠᠴᠠ ᠬᠠᠷᠢᠶ᠎ᠠ ᠣᠷᠣᠨ᠎ᠤ᠎ᠪᠠᠨ ᠪᠣᠳᠠᠲᠤ ᠪᠠᠶ᠋ᠢᠳᠠᠯ᠎ᠳᠤ ᠴᠢᠭᠯᠡᠭᠦᠯᠦᠨ᠂ 24 ᠴᠠᠭ᠎ᠲᠤ ᠲᠠᠰᠤᠯᠳᠠᠭᠤᠯᠤᠯ ᠦᠭᠡᠶ ᠲᠣᠭᠣᠷᠢᠨ ᠬᠠᠮᠠᠭ᠋ᠠᠯᠠᠵᠤ᠂ ᠰᠡᠵᠢᠭᠯᠡᠯᠲᠡᠶ ᠬᠥᠮᠦᠰ ᠪᠠ ᠲᠡᠷᠭᠡ ᠤᠨᠤᠭ᠎ᠠ ᠵᠢ ᠴᠢᠩᠭ᠎ᠠ ᠪᠠᠢ᠌ᠴᠠᠭ᠋ᠠᠵᠣ᠂ ᠬᠣᠭᠣᠯᠠ ᠤᠮᠳᠠᠭ᠋ᠠᠨ᠎ᠤ ᠠᠵᠢᠯ ᠲᠦᠷᠦᠯ᠎ᠤᠨ ᠡᠵᠡᠩᠨᠡᠯᠲᠡ ᠵᠢᠨ ᠲᠠᠯᠠᠪᠤᠷ ᠭᠠᠵᠠᠷ᠎ᠢ ᠭᠡᠨᠡᠳᠡᠭᠦᠯᠦᠨ ᠪᠠᠶ᠋ᠢᠴᠠᠭ᠋ᠠᠵᠤ᠂ ᠬᠠᠷᠢᠶ᠎ᠠ ᠣᠷᠣᠨ᠎ᠤ ᠮᠠᠯᠴᠢᠨ ᠲᠦᠮᠡᠨ᠎ᠳᠤ ᠬᠣᠯᠪᠣᠭ᠎ᠠ ᠪᠠᠶ᠋ᠢᠭᠤᠯᠵᠤ᠂ ᠨᠢᠭᠤᠴᠠ᠎ᠪᠠᠷ ᠴᠢᠮᠡᠭᠡ ᠰᠣᠷᠠᠭ ᠲᠣᠬᠢᠷᠠᠭᠤᠯᠣᠭᠰᠠᠨ ᠵᠡᠷᠭᠡ ᠠᠷᠭ᠎ᠠ ᠮᠠᠶᠢᠭ ᠵᠶ᠋ᠠᠷ ᠲᠤᠰᠬᠠᠶ ᠠᠵᠢᠯᠯᠠᠭ᠎ᠠ ᠥᠷᠨᠢᠭᠦᠯᠪᠡ᠃
      ᠣᠳᠣᠬᠠᠨ᠎ᠳᠤ 60 ᠭᠠᠷᠤᠶ ᠮᠠᠯᠴᠢᠨ ᠠᠶ᠋ᠢᠯ ᠵᠶ᠋ᠠᠷ ᠶᠠᠪᠤᠵᠤ᠂ 280 ᠭᠠᠷᠣᠢ ᠬᠤᠪᠢ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ ᠲᠣᠭᠲᠠᠭ᠋ᠠᠯ᠎ᠤᠨ ᠲᠤᠬᠠᠢ ᠭᠠᠷ ᠠᠪᠤᠯᠭ᠎ᠠ ᠲᠠᠷᠬᠠᠭ᠋ᠠᠪᠠ᠃ ᠲᠠᠷᠠᠭ᠋ᠠᠴᠢ ᠵᠢᠨ ᠠᠯᠬᠤᠮ᠎ᠳᠤ᠂ ᠰᠢᠯᠢᠨᠬᠤᠲᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠠᠵᠢᠯ᠎ᠤᠨ ᠠᠷᠭ᠎ᠠ ᠬᠡᠮᠵᠢᠶ᠎ᠡ᠎ᠪᠠᠨ ᠦᠷᠭᠦᠯᠵᠢᠯᠡᠨ ᠴᠢᠩᠭ᠋ᠠᠳᠬᠠᠵᠤ᠂ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠬᠠᠷᠢᠶ᠎ᠠ ᠣᠷᠣᠨ᠎ᠳᠤ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠦᠨᠡᠨᠬᠦ   ᠰᠠᠶ᠋ᠢᠲᠤᠷ ᠬᠠᠮᠠᠭ᠋ᠠᠯᠠᠬᠤ᠎ᠪᠠᠷ ᠪᠠᠢ᠌ᠨ᠎ᠠ᠃


ᠢᠷᠡᠯᠲᠡ᠄ ᠰᠢᠯᠢ ᠵᠢᠨ ᠭᠣᠣᠯ ᠠᠢ᠌ᠮᠠᠭ᠎ᠤᠨ ᠣᠢ ᠰᠢᠭᠤᠢ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠣᠯ ᠠᠶ᠋ᠢᠮᠠᠭ᠎ᠤᠨ ᠨᠣᠭᠣᠭ᠋ᠠᠷᠠᠭᠤᠯᠣᠯᠲᠠ ᠵᠢᠨ ᠠᠵᠢᠯ᠎ᠤᠨ ᠰᠠᠭᠤᠳᠠᠯ᠎ᠤᠨ ᠬᠤᠷᠠᠯ ᠰᠢᠯᠢᠨᠬᠤᠲᠠ᠎ᠳᠤ ᠬᠤᠷᠠᠯᠳᠤᠪᠠ
ᠰᠢ ᠵᠢᠨ ᠫᠢᠩ 《ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠳᠠᠭᠤᠨ》 ᠵᠶ᠋ᠠᠷ ᠠᠷᠠᠳ᠎ᠤᠨ ᠰᠡᠳᠬᠢᠯ᠎ᠢ ᠨᠡᠪᠲᠡᠷᠡᠭᠦᠯᠬᠦ 《ᠬᠥᠭᠥᠷᠭᠡ ᠲᠠᠯᠪᠢᠨ᠎ᠠ》
ᠬᠢᠩᠭ᠋ᠠᠨ ᠠᠶ᠋ᠢᠮᠠᠭ᠎ᠤᠨ ᠤᠯᠠᠭ᠋ᠠᠨᠬᠣᠲᠠ (ᠡᠦ ᠴᠠ ᠭᠧᠤ) ᠠᠭ᠋ᠠᠷ ᠠᠶᠠᠯᠠᠯ᠎ᠤᠨ ᠤᠢ ᠰᠢᠭᠤᠶ ᠬᠠᠮᠠᠭ᠋ᠠᠯᠠᠬᠤ ᠦᠷᠲᠡᠭᠡ ᠶᠡᠬᠡ ᠬᠢᠩᠭ᠋ᠠᠨ ᠳᠠᠪᠠᠭ᠎ᠠ ᠵᠢᠨ ᠲᠦᠢ᠍ᠮᠡᠷ᠎ᠢ ᠣᠨᠲᠠᠷᠭ᠋ᠠᠬᠣ᠎ᠳᠤ ᠲᠤᠰᠠᠯᠠᠪᠠ
ᠬᠦᠯᠦᠨ ᠪᠣᠶ᠋ᠢᠷ᠎ᠤᠨ ᠶᠠᠭᠰᠢ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ᠎ᠨᠢ ᠤᠨᠤᠪᠴᠢᠲᠠᠢ᠎ᠪᠠᠷ ᠶᠠᠳᠠᠭᠤ ᠵᠢ ᠲᠡᠳᠬᠦᠬᠦ᠎ᠳᠤ ᠳᠡᠮᠵᠢᠯᠭᠡ ᠦᠵᠡᠭᠦᠯᠪᠡ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠎ᠳᠤ ᠬᠦᠷᠴᠦ ᠤᠢ ᠰᠢᠭᠤᠶ ᠵᠢᠨ ᠠᠮᠢ ᠠᠬᠤᠶ ᠵᠢᠨ ᠶᠠᠳᠠᠭᠤ ᠵᠢ ᠲᠡᠳᠬᠦᠬᠦ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠪᠡ
 
             蒙ICP备05000248号